2023 ᠣᠨ ᠤ ᠬᠡᠪᠯᠡᠯ ᠤᠨ ᠪᠠᠷᠢᠮᠵᠢᠶᠠᠲᠤ ᠭᠠᠵᠠᠷ ᠤᠨ ᠵᠢᠷᠤᠭ ᠢ ᠵᠢᠩᠬᠢᠨᠢ ᠪᠠᠷ ᠨᠡᠶᠢᠲᠡᠯᠡᠪᠡ
ᠨᠡᠶᠢᠲᠡᠯᠡᠭᠰᠡᠨ ᠴᠠᠭ᠄
2023/8/31
     ᠵᠢᠯ ᠳᠤ ᠨᠢᠭᠡ ᠤᠳᠠᠭ᠎ᠠ ᠶᠠᠪᠤᠭᠳᠠᠬᠤ ᠪᠥᠬᠦ ᠤᠯᠤᠰ ᠤᠨ ᠬᠡᠮᠵᠢᠨ ᠵᠢᠷᠤᠬᠯᠠᠬᠤ ᠬᠠᠤᠯᠢ ᠶᠢᠨ ᠤᠬᠠᠭᠤᠯᠭ᠎ᠠ ᠶᠢᠨ ᠡᠳᠦᠷ ᠬᠦᠷᠴᠦ ᠢᠷᠡᠬᠦ ᠲᠠᠰᠢᠷᠠᠮ ᠢᠶᠠᠷ᠂ 2023 ᠣᠨ ᠤ ᠬᠡᠪᠯᠡᠯ ᠤᠨ ᠪᠠᠷᠢᠮᠵᠢᠶᠠᠲᠤ ᠭᠠᠵᠠᠷ ᠤᠨ ᠵᠢᠷᠤᠭ ᠢ ᠵᠢᠩᠬᠢᠨᠢ ᠪᠠᠷ ᠨᠡᠶᠢᠲᠡᠯᠡᠪᠡ᠃      8 ᠰᠠᠷ᠎ᠠ ᠶᠢᠨ 28᠎ ᠤ ᠡᠳᠦᠷ᠂ ︽ᠭᠠᠵᠠᠷ ᠤᠨ ᠵᠢᠷᠤᠭ ᠢ ᠵᠢᠷᠤᠮᠵᠢᠭᠤᠯᠤᠨ ᠬᠡᠷᠡᠭᠯᠡᠵᠤ ᠤᠬᠳᠤᠬᠠᠨ ᠴᠤ ᠪᠤᠷᠤᠭᠤ ᠭᠠᠷᠭᠠᠵᠤ ᠪᠣᠯᠬᠤ ᠥᠬᠡᠶ︾ ᠭᠡᠳᠡᠭ ᠢᠶᠠᠷ ᠭᠤᠤᠯ ᠰᠡᠳᠦᠪ ᠪᠣᠯᠭᠠᠬᠰᠠᠨ 2023 ᠣᠨ ᠤ ᠬᠡᠪᠯᠡᠯ ᠤᠨ ᠪᠥᠬᠦ ᠤᠯᠤᠰ ᠤᠨ ᠬᠡᠮᠵᠢᠨ ᠵᠢᠷᠤᠬᠯᠠᠬᠤ ᠬᠠᠤᠯᠢ ᠶᠢᠨ ᠤᠬᠠᠭᠤᠯᠭ᠎ᠠ ᠶᠢᠨ ᠡᠳᠦᠷ ᠵᠢᠴᠢ ᠤᠯᠤᠰ ᠤᠨ ᠨᠤᠲᠤᠭ ᠳᠡᠪᠢᠰᠭᠡᠷ ᠤᠨ ᠤᠬᠠᠮᠰᠠᠷ ᠢ ᠤᠬᠠᠭᠤᠯᠬᠤ ᠭᠠᠷᠠᠭ ᠤᠨ ᠭᠤᠤᠯ ᠲᠠᠯᠠᠪᠤᠷ ᠤᠨ ᠠᠵᠢᠯᠯᠠᠭ᠎ᠠ ᠵᠧᠵᠢᠶᠠᠩ ᠤᠨ ᠳ᠋ᠤᠴᠢᠩ ᠳᠤ ᠶᠠᠪᠤᠭᠳᠠᠪᠠ᠃ ᠠᠵᠢᠯᠯᠠᠭ᠎ᠠ ᠶᠢᠨ ᠲᠤᠬᠠᠶ ᠶᠢᠨ ᠲᠠᠯᠠᠪᠠᠶ ᠳᠤ 2023 ᠣᠨ ᠤ ᠪᠠᠷᠢᠮᠵᠢᠶᠠᠲᠤ ᠭᠠᠵᠠᠷ ᠤᠨ ᠵᠢᠷᠤᠭ ᠪᠣᠯᠤᠨ ᠯᠠᠪᠯᠠᠯᠲᠠ ᠶᠢᠨ ᠭᠠᠵᠠᠷ ᠤᠨ ᠵᠢᠷᠤᠭ ᠢ 879 ᠬᠤᠪᠢ ᠨᠡᠶᠢᠲᠡᠯᠡᠪᠡ᠂ ᠡᠭᠦᠨ ᠳᠤ ᠪᠠᠷᠢᠮᠵᠢᠶᠠᠲᠤ ᠭᠠᠵᠠᠷ ᠤᠨ ᠵᠢᠷᠤᠭ 20 ᠪᠠᠶᠢᠵᠤ᠂ ᠳᠤᠮᠳᠠᠳᠤ ᠤᠯᠤᠰ ᠤᠨ ᠭᠠᠵᠠᠷ ᠤᠨ ᠵᠢᠷᠤᠭ 6᠂ ᠶᠡᠭᠡ ᠲᠢᠪ ᠤᠨ ᠭᠠᠵᠠᠷ ᠤᠨ ᠵᠢᠷᠤᠭ 14 ᠪᠠᠭᠲᠠᠨ᠎ᠠ︔ ᠯᠠᠪᠯᠠᠯᠲᠠ ᠶᠢᠨ ᠭᠠᠵᠠᠷ ᠤᠨ ᠵᠢᠷᠤᠭ 859 ᠪᠠᠶᠢᠵᠤ᠂ ᠪᠡᠭᠡᠵᠢᠩ᠂ ᠾᠧᠪᠧᠢ ᠂ ᠬᠠᠷᠠᠮᠥ᠋ᠷᠡᠨ ᠵᠡᠷᠭᠡ 13 ᠮᠤᠵᠢ ᠵᠢᠴᠢ ᠰᠢᠨᠵᠢᠶᠠᠩ ᠤᠨ ᠦᠶ᠋ᠯᠡᠳᠪᠦᠷᠢᠯᠡᠯ ᠪᠥᠲᠥᠭᠡᠨ ᠪᠠᠶᠢᠭᠤᠯᠤᠯᠲᠠ ᠶᠢᠨ ᠪᠢᠩᠲ᠋ᠤᠸᠠᠨ ᠠᠴᠠ ᠰᠣᠩᠭᠤᠨ ᠬᠦᠷᠭᠡᠪᠡ᠃      ᠪᠠᠶᠢᠭᠠᠯᠢ ᠶᠢᠨ ᠡᠬᠢ ᠪᠠᠶᠠᠯᠢᠭ ᠤᠨ ᠶᠠᠮᠤᠨ ᠤ ᠶᠡᠷᠦᠩᠬᠡᠢ ᠲᠥᠯᠥ᠋ᠪᠵᠢᠭᠦᠯᠦ᠋ᠭᠴᠢ ᠦ᠋ ᠸᠤᠨ ᠵᠦᠩ᠂ 5 ᠵᠢᠯ ᠳᠠᠷᠠᠭᠠᠯᠠᠨ ᠪᠦᠬᠦ ᠤᠯᠤᠰ ᠤᠨ ᠬᠡᠮᠵᠢᠨ ᠵᠢᠷᠤᠭᠯᠠᠬᠤ ᠬᠠᠤᠯᠢ ᠶᠢᠨ ᠤᠬᠠᠭᠤᠯᠭ᠎ᠠ ᠶᠢᠨ ᠡᠳᠦᠷ ᠵᠢᠴᠢ ᠤᠯᠤᠰ ᠤᠨ ᠨᠤᠲᠤᠭ ᠳᠡᠪᠢᠰᠭᠡᠷ ᠤᠨ ᠤᠬᠠᠮᠰᠠᠷ ᠤᠨ ᠤᠬᠠᠭᠤᠯᠭ᠎ᠠ ᠶᠢᠨ ᠭᠠᠷᠠᠭ ᠤᠨ ᠠᠵᠢᠯᠯᠠᠭ᠎ᠠ ᠥᠷᠨᠢᠭᠦᠯᠬᠦ ᠪᠠᠷ ᠳᠠᠮᠵᠢᠨ᠂ ᠪᠦᠬᠦ ᠠᠷᠠᠳ ᠤᠨ ᠬᠡᠮᠵᠢᠨ ᠵᠢᠷᠤᠭᠯᠠᠬᠤ ᠬᠠᠤᠯᠢᠵᠢᠯ ᠤᠨ ᠤᠬᠠᠮᠰᠠᠷ᠂ ᠤᠯᠤᠰ ᠤᠨ ᠨᠤᠲᠤᠭ ᠳᠡᠪᠢᠰᠭᠡᠷ ᠤᠨ ᠤᠬᠠᠮᠰᠠᠷ ᠢᠯᠡᠳᠲᠡ ᠳᠡᠭᠡᠭᠰᠢᠯᠡᠪᠡ᠃ ᠪᠠᠶᠢᠭᠠᠯᠢ ᠶᠢᠨ ᠡᠬᠢ ᠪᠠᠶᠠᠯᠢᠭ ᠤᠨ ᠶᠠᠮᠤᠨ ᠬᠥᠭᠵᠢᠯᠲᠡ ᠪᠠ ᠠᠮᠤᠷ ᠲᠦᠪᠰᠢᠨ ᠢ ᠨᠠᠩ ᠰᠠᠶᠢᠲᠤᠷ ᠨᠢᠭᠡᠳᠦᠯᠲᠡᠶ ᠲᠥᠯᠥ᠋ᠪᠵᠢᠭᠦᠯᠵᠦ᠂ ᠪᠣᠳᠠᠲᠤ ᠦᠵᠡᠮᠵᠢ ᠶᠢᠨ ᠭᠤᠷᠪᠠᠨ ᠬᠡᠮᠵᠢᠯᠲᠦ ᠳᠤᠮᠳᠠᠳᠤ ᠤᠯᠤᠰ ᠤᠨ ᠪᠥᠲᠥᠭᠡᠨ ᠪᠠᠶᠢᠭᠤᠯᠤᠯᠲᠠ ᠶᠢ ᠲᠦᠷᠭᠡᠳᠭᠡᠨ ᠠᠬᠢᠭᠤᠯᠵᠤ᠂ ᠲᠣᠭᠠᠴᠢᠯᠠᠭᠰᠠᠨ ᠳᠤᠮᠳᠠᠳᠤ ᠤᠯᠤᠰ ᠤᠨ ᠪᠥᠲᠥᠭᠡᠨ ᠪᠠᠶᠢᠭᠤᠯᠤᠯᠲᠠ ᠳᠤ ᠨᠢᠭᠡᠳᠦᠯᠲᠡᠶ ᠴᠠᠭ ᠤᠷᠤᠨ ᠵᠠᠶ ᠶᠢᠨ ᠰᠠᠭᠤᠷᠢ ᠶᠢ ᠬᠦᠴᠦᠯᠡᠨ ᠴᠣᠭᠴᠠᠯᠠᠵᠤ᠂ ᠴᠢᠨᠠᠷ ᠰᠠᠶᠢᠲᠠᠶ ᠬᠥᠭᠵᠢᠯᠲᠡ ᠳᠤ ᠡᠯᠪᠡᠭ ᠪᠠᠶᠠᠯᠢᠭ ᠳ᠋ᠠᠶᠢᠲ᠋ᠠ ᠶᠢᠨ ᠡᠯᠧᠮᠧᠨ᠋ᠲ ᠤᠨ ᠪᠠᠲᠤᠯᠠᠭ᠎ᠠ ᠬᠠᠩᠭᠠᠵᠤ᠂ ᠭᠠᠵᠠᠷ ᠵᠦᠶ ᠶᠢᠨ ᠮᠡᠳᠡᠭᠡ ᠵᠠᠩᠭᠢ ᠶᠢᠨ ᠠᠵᠤ ᠦᠶ᠋ᠯᠡᠰ ᠤᠨ ᠬᠥᠭᠵᠢᠯᠲᠡ ᠳᠤ ᠰᠠᠶᠢᠨ ᠰᠠᠶᠢᠬᠠᠨ ᠣᠷᠴᠢᠨ ᠨᠥᠬᠦᠴᠡᠯ ᠢ ᠪᠣᠶ ᠪᠣᠯᠭᠠᠵᠤ᠂ ᠰᠢᠨ᠎ᠡ ᠠᠮᠤᠷ ᠲᠦᠪᠰᠢᠨ ᠤ ᠪᠠᠶᠢᠷᠢᠰᠢᠯ ᠢ ᠪᠠᠶᠢᠭᠤᠯᠬᠤ ᠳᠤ ᠬᠠᠮᠢᠶᠠᠷᠤᠯᠲᠠ ᠶᠢᠨ ᠬᠤᠷᠢᠭ᠎ᠠ ᠱᠤᠭᠤᠮ ᠢ ᠴᠢᠩᠭ᠎ᠠ ᠰᠠᠬᠢᠨ᠎ᠠ ᠭᠡᠵᠦ ᠢᠯᠡᠳᠭᠡᠪᠡ᠃      ᠵᠠᠰᠠᠭ ᠤᠨ ᠣᠷᠳᠣᠨ ᠤ ᠡᠭᠦᠷᠭᠡ ᠴᠢᠳᠠᠪᠬᠢ ᠶᠢᠨ ᠬᠤᠪᠢᠷᠠᠭᠤᠯᠤᠯᠲᠠ ᠶᠢ ᠠᠬᠢᠭᠤᠯᠵᠤ᠂ ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠢ ᠰᠢᠯᠢᠳᠡᠭᠵᠢᠭᠦᠯᠦ᠋ᠨ᠂ ᠨᠡᠶᠢᠭᠡᠮ ᠤᠨ ᠣᠯᠠᠨ ᠨᠡᠶᠢᠲᠡ ᠶᠢᠨ ᠬᠡᠷᠡᠭᠴᠡᠭᠡ ᠶᠢ ᠬᠠᠩᠭᠠᠬᠤ ᠶᠢᠨ ᠲᠥᠯᠥ᠋ᠭᠡ᠂ ᠪᠠᠶᠢᠭᠠᠯᠢ ᠶᠢᠨ ᠡᠬᠢ ᠪᠠᠶᠠᠯᠢᠭ ᠤᠨ ᠶᠠᠮᠤᠨ ᠪᠠᠷᠢᠮᠵᠢᠶᠠᠲᠤ ᠭᠠᠵᠠᠷ ᠤᠨ ᠵᠢᠷᠤᠭ ᠤᠨ ᠦᠶ᠋ᠯᠡᠴᠢᠯᠡᠭᠡᠨ ᠤ ᠰᠢᠰᠲ᠋ᠧᠮ ᠢ ᠵᠣᠬᠢᠶᠠᠨ ᠪᠠᠶᠢᠭᠤᠯᠵᠤ ᠰᠤᠳᠤᠯᠤᠨ ᠨᠡᠭᠡᠭᠡᠵᠦ᠂ ᠪᠠᠶᠢᠭᠠᠯᠢ ᠶᠢᠨ ᠡᠬᠢ ᠪᠠᠶᠠᠯᠢᠭ ᠤᠨ ᠶᠠᠮᠤᠨ ᠤ ᠠᠯᠪᠠᠨ ᠰᠦᠯᠵᠢᠶ᠎ᠡ ᠳᠤ ᠠᠵᠢᠯᠯᠠᠭᠤᠯᠵᠤ᠂ ᠨᠡᠶᠢᠭᠡᠮ ᠳᠤ ᠬᠠᠨᠳᠤᠭᠤᠯᠤᠨ ᠲᠥᠷᠥᠯ ᠵᠦᠶ᠋ᠯ ᠢᠶᠠᠷ ᠪᠠᠶᠠᠯᠢᠭ ᠰᠢᠷᠢᠰ ᠬᠠᠷᠢᠴᠠᠯ ᠲᠤᠬᠤᠢ ᠶᠢᠨ ᠪᠠᠷᠢᠮᠵᠢᠶᠠᠲᠤ ᠭᠠᠵᠠᠷ ᠤᠨ ᠵᠢᠷᠤᠭ᠂ ᠤᠶᠤᠨᠲᠤ ᠰᠣᠯᠪᠢᠴᠠᠭᠰᠠᠨ ᠬᠡᠯᠪᠡᠷᠢ ᠶᠢᠨ ᠰᠦᠯᠵᠢᠶᠡᠨ ᠳᠡᠭᠡᠷ᠎ᠡ ᠥᠪᠡᠰᠦᠪᠡᠨ ᠵᠢᠷᠤᠭ ᠵᠢᠷᠤᠬᠤ ᠦᠶ᠋ᠯᠡᠴᠢᠯᠡᠭᠡ ᠶᠢ ᠬᠠᠩᠭᠠᠪᠠ᠃ ᠰᠢᠰᠲ᠋ᠧᠮ ᠰᠦᠯᠵᠢᠶᠡᠨ ᠳᠤ ᠭᠠᠷᠤᠭᠰᠠᠨ ᠠᠴᠠ ᠨᠠᠭᠠᠰᠢ᠂ ᠶᠡᠷᠦᠩᠬᠡᠶ ᠳᠠᠷᠤᠮ ᠤᠨ ᠬᠡᠮᠵᠢᠶ᠎ᠡ 1258 ᠲᠦᠮᠡᠨ ᠤᠳᠠᠭ᠎ᠠ ᠶᠢ ᠳᠠᠪᠠᠵᠤ᠂ ᠪᠠᠭᠤᠯᠭᠠᠨ ᠠᠪᠤᠭᠰᠠᠨ ᠶᠡᠷᠦᠩᠬᠡᠶ ᠬᠡᠮᠵᠢᠶ᠎ᠡ 547 ᠲᠦᠮᠡᠨ ᠤᠳᠠᠭ᠎ᠠ ᠶᠢ ᠳᠠᠪᠠᠵᠤ᠂ ᠳᠠᠩᠰᠠᠯᠠᠭᠤᠯᠤᠭᠰᠠᠨ ᠶᠡᠷᠦᠩᠬᠡᠶ ᠬᠡᠷᠡᠭᠯᠡᠭᠴᠢ ᠶᠢᠨ ᠲᠤᠭ᠎ᠠ 19 ᠲᠦᠮᠡ ᠶᠢ ᠳᠠᠪᠠᠵᠤ᠂ ᠣᠯᠠᠨ ᠨᠡᠶᠢᠲᠡ ᠶᠢᠨ ᠤᠯᠤᠰ ᠤᠨ ᠨᠤᠲᠤᠭ ᠳᠡᠪᠢᠰᠭᠡᠷ ᠤᠨ ᠦᠵᠡᠯ ᠤᠬᠠᠮᠰᠠᠷ ᠢ ᠪᠦᠲᠦᠮᠵᠢᠲᠡᠶ ᠳᠡᠭᠡᠭᠰᠢᠯᠡᠭᠦᠯᠵᠦ᠂ ᠭᠠᠵᠠᠷ ᠤᠨ ᠵᠢᠷᠤᠭ ᠤᠨ ᠣᠯᠠᠨ ᠨᠡᠶᠢᠲᠡ ᠶᠢᠨ ᠦᠶ᠋ᠯᠡᠴᠢᠯᠡᠭᠡ ᠶᠢ ᠴᠢᠩᠭᠠᠳᠬᠠᠵᠤ᠂ ᠡᠬᠢ ᠡᠭᠦᠰᠦᠯ ᠠᠴᠠ ᠨᠢ ︽ᠠᠰᠠᠭᠤᠳᠠᠯ ᠲᠠᠢ ᠭᠠᠵᠠᠷ ᠤᠨ ᠵᠢᠷᠤᠭ︾᠎ ᠢ ᠬᠤᠷᠢᠭᠯᠠᠬᠤ ᠳᠤ ᠰᠠᠭᠤᠷᠢ ᠲᠠᠯᠪᠢᠵᠤ ᠥᠭᠴᠡᠶ᠃      ᠠᠵᠢᠯᠯᠠᠭ᠎ᠠ ᠶᠢᠨ ᠲᠤᠬᠠᠶ ᠶᠢᠨ ᠲᠠᠯᠠᠪᠠᠶ ᠳᠤ᠂ ᠠ ᠯᠢ ᠪᠠ ᠪᠠ ᠪᠦᠯᠦ᠋ᠭᠯᠡᠯ᠂ ᠪᠠᠶ ᠳ᠋ᠦ᠋ ᠪᠦᠯᠦ᠋ᠭᠯᠡᠯ᠂ ᠲᠤᠩ ᠰᠢᠶᠦ᠋ᠨ ᠰᠢᠨᠵᠢᠯᠡᠬᠦ ᠤᠬᠠᠭᠠᠨ ᠲᠦ᠋ᠭᠨᠢᠭ ᠮᠡᠷᠭᠡᠵᠢᠯ ᠤᠨ ᠬᠢᠵᠠᠭᠠᠷᠲᠤ ᠺᠣᠮᠫᠠᠨᠢ᠂ ᠭᠤᠤ ᠳᠤ ᠭᠠᠵᠠᠷ ᠤᠨ ᠵᠢᠷᠤᠭ ᠵᠡᠷᠭᠡ 11 ᠢᠨᠲ᠋ᠤᠷ ᠰᠦᠯᠵᠢᠶᠡᠨ ᠤ ᠠᠵᠤ ᠠᠬᠤᠶᠢᠯᠠᠯ ᠬᠠᠮᠲᠤ ᠪᠠᠷ ︽ᠢᠨᠲ᠋ᠤᠷ ᠰᠦᠯᠵᠢᠶᠡᠨ ᠤ ᠭᠠᠵᠠᠷ ᠤᠨ ᠵᠢᠷᠤᠭ ᠢ ᠵᠢᠷᠤᠮᠵᠢᠭᠤᠨ ᠬᠡᠷᠡᠭᠯᠡᠬᠦ ᠰᠠᠨᠠᠭᠠᠴᠢᠯᠠᠭ᠎ᠠ ᠶᠢᠨ ᠪᠢᠴᠢᠭ︾᠎ ᠢ ᠨᠡᠶᠢᠲᠡᠯᠡᠵᠦ᠂ ᠪᠣᠯᠪᠠᠰᠤᠨ᠂ ᠦᠨᠡᠨᠴᠢ ᠢᠲᠡᠭᠡᠮᠵᠢᠲᠡᠶ᠂ ᠠᠮᠤᠷ ᠲᠦᠪᠰᠢᠨ ᠰᠦᠯᠵᠢᠶᠡᠨ ᠤ ᠭᠠᠵᠠᠷ ᠤᠨ ᠵᠢᠷᠤᠭ ᠤᠨ ᠣᠷᠣᠨ ᠵᠠᠶ ᠶᠢ ᠭᠠᠷ ᠬᠤᠯᠪᠣᠯᠴᠠᠨ ᠬᠠᠮᠲᠤ ᠪᠠᠷ ᠪᠠᠶᠢᠭᠤᠯᠪᠠ᠃      ᠲᠣᠰ ᠠᠵᠢᠯᠯᠠᠭ᠎ᠠ ᠨᠢ ᠪᠠᠰᠠ ᠪᠠᠪᠠᠯᠠ · ᠫᠤᠱᠨᠢᠺ ᠬᠡᠦᠬᠡᠳ ᠤᠨ ᠳᠡᠯᠡᠬᠡᠶ ᠶᠢᠨ ᠭᠠᠵᠠᠷ ᠤᠨ ᠵᠢᠷᠤᠭ ᠤᠨ ᠤᠷᠤᠯᠳᠤᠭᠠᠨ ᠳᠤ ᠱᠠᠩᠨᠠᠯ ᠭᠥᠷᠳᠡᠭᠰᠡᠳ ᠲᠤ ᠱᠠᠩᠨᠠᠯ ᠣᠯᠭᠤᠵᠤ᠂ ᠪᠥᠬᠦ ᠤᠯᠤᠰ ᠤᠨ ᠤᠯᠤᠰ ᠤᠨ ᠨᠤᠲᠤᠭ ᠳᠡᠪᠢᠰᠭᠡᠷ ᠤᠨ ᠮᠡᠳᠡᠯᠭᠡ ᠶᠢᠨ ᠤᠷᠤᠯᠳᠤᠭᠠᠨ ︵ᠳᠤᠮᠳᠠᠳᠤ ᠪᠠᠭ᠎ᠠ ᠰᠤᠷᠭᠠᠭᠤᠯᠢ ᠶᠢᠨ ᠳᠤᠭᠤᠶᠢᠯᠠᠩ︶᠎ ᠤ ᠡᠬᠢᠯᠡᠯᠲᠡ ᠶᠢᠨ ᠶᠣᠰᠣᠯᠠᠯ ᠶᠠᠪᠤᠭᠤᠯᠤᠭᠰᠠᠨ ᠪᠥᠭᠡᠳ ᠰᠤᠷᠭᠠᠭᠤᠯᠢ᠂ ᠵᠠᠭᠤᠴᠢᠯᠠᠭᠤᠷ ᠵᠢᠴᠢ ᠢᠨᠲ᠋ᠤᠷ ᠰᠦᠯᠵᠢᠶᠡᠨ ᠤ ᠠᠵᠤ ᠠᠬᠤᠶᠢᠯᠠᠯ ᠤᠨ ᠲᠥᠯᠥ᠋ᠭᠡᠯᠡᠭᠴᠢᠳ ᠲᠤ ︽ᠤᠯᠤᠰ ᠤᠨ ᠨᠤᠲᠤᠭ ᠳᠡᠪᠢᠰᠭᠡᠷ ᠤᠨ ᠮᠡᠳᠡᠯᠭᠡ ᠶᠢᠨ ᠤᠩᠰᠢᠬᠤ ᠪᠢᠴᠢᠭ︾ ᠪᠡᠯᠡᠭᠯᠡᠭᠰᠡᠨ ᠪᠠᠶᠢᠨ᠎ᠠ᠃      ︵ᠰᠢᠨᠬᠤᠸᠠ ᠬᠤᠷᠢᠶ᠎ᠠ ᠶᠢ ᠬᠠᠩᠵᠧᠦ ᠶᠢᠨ 8 ᠰᠠᠷ᠎ᠠ ᠶᠢᠨ 28᠎ ᠤ ᠴᠠᠬᠢᠯᠭᠠᠨ ᠮᠡᠳᠡᠭᠡ︶
 
ᠢᠷᠡᠯᠲᠡ᠄ ᠳᠤᠮᠳᠠᠳᠤ ᠤᠯᠤᠰ ᠤᠨ ᠮᠣᠩᠭᠣᠯ ᠬᠡᠯᠡᠨ ᠦ ᠰᠣᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备09001939号