ᠤᠯᠤᠰ ᠤᠨ ᠬᠡᠪᠯᠡᠯ ᠤᠨ ᠡᠷᠬᠡ ᠶᠢᠨ ᠲᠣᠪᠴᠢᠶ᠎ᠠ ᠵᠡᠷᠭᠡ ᠳᠥᠷᠪᠡᠨ ᠰᠠᠯᠠᠭ᠎ᠠ ᠮᠥᠴᠢᠷ ︽ᠰᠡᠯᠡᠮ᠎ᠡ ᠰᠦᠯᠵᠢᠶ᠎ᠡ 2023︾ ᠲᠤᠰᠬᠠᠶ ᠠᠵᠢᠯᠯᠠᠭ᠎ᠠ ᠶᠢ ᠡᠬᠢᠯᠡᠭᠦᠯᠪᠡ
ᠨᠡᠶᠢᠲᠡᠯᠡᠭᠰᠡᠨ ᠴᠠᠭ᠄
2023/8/31
     ᠤᠯᠤᠰ ᠤᠨ ᠬᠡᠪᠯᠡᠯ ᠤᠨ ᠡᠷᠬᠡ ᠶᠢᠨ ᠲᠣᠪᠴᠢᠶ᠎ᠠ᠂ ᠠᠵᠤ ᠦᠶ᠋ᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠶᠠᠮᠤᠨ᠂ ᠳᠣᠲᠣᠭᠠᠳᠤ ᠶᠢ ᠬᠠᠮᠠᠭᠠᠯᠠᠬᠤ ᠶᠠᠮᠤᠨ᠂ ᠤᠯᠤᠰ ᠤᠨ ᠢᠨᠲ᠋ᠤᠷ ᠰᠦᠯᠵᠢᠶᠡᠨ ᠤ ᠮᠡᠳᠡᠭᠡ ᠵᠠᠩᠭᠢ ᠶᠢᠨ ᠠᠯᠪᠠᠨ ᠬᠡᠷ ᠣᠶᠢᠷ᠎ᠠ ᠳᠤ ᠬᠠᠮᠲᠤᠷᠠᠨ ᠰᠦᠯᠵᠢᠶᠡᠨ ᠤ ᠡᠷᠬᠡ ᠳᠤ ᠬᠠᠯᠳᠠᠵᠤ ᠬᠡᠪᠯᠡᠯ ᠬᠤᠯᠠᠭᠠᠶᠢᠯᠠᠭᠰᠠᠨ ᠠᠵᠢᠯᠯᠠᠭ᠎ᠠ ᠳᠤ ᠴᠣᠬᠢᠯᠲᠠ ᠥᠭᠬᠦ ︽ᠰᠡᠯᠡᠮ᠎ᠡ ᠰᠦᠯᠵᠢᠶ᠎ᠡ 2023︾ ᠲᠤᠰᠬᠠᠶ ᠠᠵᠢᠯᠯᠠᠭ᠎ᠠ ᠶᠢ ᠡᠬᠢᠯᠡᠭᠦᠯᠪᠡ᠂ ᠡᠨᠡ ᠪᠣᠯ ᠪᠥᠬᠦ ᠤᠯᠤᠰ ᠲᠤ ᠦᠷᠭᠦᠯᠵᠢᠯᠡᠨ ᠥᠷᠨᠢᠭᠦᠯᠵᠦ ᠪᠠᠶᠢᠭ᠎ᠠ ᠰᠦᠯᠵᠢᠶᠡᠨ ᠤ ᠡᠷᠬᠡ ᠳᠤ ᠬᠠᠯᠳᠠᠵᠤ ᠬᠡᠪᠯᠡᠯ ᠬᠤᠯᠠᠭᠠᠶᠢᠯᠠᠭᠰᠠᠨ ᠠᠵᠢᠯᠯᠠᠭ᠎ᠠ ᠳᠤ ᠴᠣᠬᠢᠯᠲᠠ ᠥᠭᠬᠦ 19 ᠳ᠋ᠤᠭᠡᠷ ᠤᠳᠠᠭ᠎ᠠ ᠶᠢ ᠲᠤᠰᠬᠠᠶ ᠠᠵᠢᠯᠯᠠᠭ᠎ᠠ ᠪᠣᠯᠤᠨ᠎ᠠ᠃      ᠲᠠᠨᠢᠯᠴᠠᠭᠤᠯᠤᠭᠰᠠᠨ ᠢᠶᠠᠷ᠂ ᠲᠣᠰ ᠤᠳᠠᠭ᠎ᠠ ᠶᠢᠨ ᠲᠤᠰᠬᠠᠶ ᠠᠵᠢᠯᠯᠠᠭ᠎ᠠ ᠨᠢ 8᠎ ᠠᠴᠠ 11 ᠰᠠᠷ᠎ᠠ ᠪᠣᠯᠲᠠᠯ᠎ᠠ ᠶᠠᠪᠤᠭᠳᠠᠵᠤ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠭᠤᠤᠯ ᠰᠡᠳᠦᠪᠲᠦ ᠬᠥᠮᠦᠵᠢᠯ ᠥᠷᠨᠢᠭᠦᠯᠬᠦ ᠪᠠᠷ ᠠᠵᠠ ᠲᠣᠬᠢᠶᠠᠯ ᠪᠣᠯᠭᠠᠵᠤ᠂ ᠬᠡᠪᠯᠡᠯ ᠤᠨ ᠡᠷᠬᠡ ᠶᠢᠨ ᠬᠦᠷᠢᠶᠡᠨ ᠳᠠᠬᠢ ᠠᠷᠠᠳ ᠣᠯᠠᠨ ᠤ ᠬᠠᠮᠤᠭ ᠠᠴᠠ ᠠᠩᠬᠠᠷᠴᠤ ᠪᠠᠶᠢᠭ᠎ᠠ ᠬᠠᠮᠤᠭ ᠤᠨ ᠰᠢᠭᠤᠳ ᠬᠠᠮᠤᠭ ᠤᠨ ᠪᠣᠳᠠᠲᠠᠶ ᠠᠰᠢᠭ ᠲᠤᠰᠠ ᠶᠢᠨ ᠠᠰᠠᠭᠤᠳᠠᠯ ᠪᠣᠯᠤᠨ ᠪᠠᠴᠢᠮᠳᠠᠵᠤ ᠲᠦᠪᠡᠭᠳᠡᠵᠦ ᠵᠣᠪᠠᠨᠢᠵᠤ ᠬᠦᠰᠡᠵᠦ ᠪᠠᠶᠢᠭ᠎ᠠ ᠪᠣᠳᠠᠲᠠᠶ ᠠᠰᠠᠭᠤᠳᠠᠯ ᠳᠤ ᠠᠩᠬᠠᠷᠤᠯ ᠢᠶᠠᠨ ᠲᠥᠪᠯᠡᠷᠡᠭᠦᠯᠵᠦ᠂ ᠭᠤᠤᠯᠳᠠᠯᠭ᠎ᠠ ᠲᠠᠢ ᠬᠦᠷᠢᠶᠡᠨ ᠳᠠᠬᠢ ᠰᠦᠯᠵᠢᠶᠡᠨ ᠤ ᠬᠡᠪᠯᠡᠯ ᠤᠨ ᠡᠷᠬᠡ ᠶᠢᠨ ᠲᠤᠰᠬᠠᠶ ᠴᠡᠭᠴᠡᠯᠡᠨ ᠵᠠᠰᠠᠯᠲᠠ ᠶᠢ ᠲᠠᠰᠤᠷᠠᠯᠲᠠ ᠥᠬᠡᠶ ᠭᠦᠨᠵᠡᠭᠡᠶᠢᠷᠡᠭᠦᠯᠵᠦ᠂ ᠬᠡᠪᠯᠡᠯ ᠤᠨ ᠡᠷᠬᠡ ᠶᠢᠨ ᠬᠠᠮᠠᠭᠠᠯᠠᠯᠲᠠ ᠶᠢᠨ ᠰᠢᠨ᠎ᠡ ᠬᠥᠭᠵᠢᠯᠲᠡ ᠶᠢᠨ ᠪᠠᠶᠢᠷᠢᠰᠢᠯ ᠢ ᠪᠠᠶᠢᠭᠤᠯᠬᠤ᠂ ᠰᠣᠶᠣᠯ ᠤᠨ ᠰᠢᠨ᠎ᠡ ᠡᠭᠦᠳᠦᠯᠲᠡ ᠰᠢᠨ᠎ᠡ ᠪᠦᠲᠦᠭᠡᠯᠲᠡ ᠶᠢ ᠠᠬᠢᠭᠤᠯᠬᠤ᠂ ᠠᠷᠠᠳ ᠲᠦᠮᠡᠨ ᠤ ᠰᠣᠶᠣᠯ ᠤᠨ ᠬᠡᠷᠡᠭᠴᠡᠭᠡ ᠶᠢ ᠬᠠᠩᠭᠠᠬᠤ᠂ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠴᠢᠬᠤᠯᠠ ᠦᠶ᠋ᠯᠡᠳᠦᠯ ᠢ ᠭᠦᠶ᠋ᠴᠡᠳ ᠪᠠᠳᠠᠷᠠᠭᠤᠯᠬᠤ ᠪᠣᠯᠤᠨ᠎ᠠ᠃      ᠲᠤᠰᠬᠠᠶ ᠠᠵᠢᠯᠯᠠᠭ᠎ᠠ ᠨᠢ 3 ᠭᠤᠤᠯ ᠲᠠᠯ᠎ᠠ ᠳᠤ ᠠᠩᠬᠠᠷᠤᠯ ᠢᠶᠠᠨ ᠲᠥᠪᠯᠡᠷᠡᠭᠦᠯᠦ᠋ᠨ ᠭᠤᠤᠯᠳᠠᠯᠭ᠎ᠠ ᠲᠠᠢ ᠴᠡᠭᠴᠡᠯᠡᠨ ᠵᠠᠰᠠᠬᠤ ᠠᠵᠢᠯ ᠥᠷᠨᠢᠭᠦᠯᠦ᠋ᠨ᠎ᠡ᠄ ᠨᠢᠭᠡ ᠳᠤ᠂ ᠪᠡᠶ᠎ᠡ ᠶᠢᠨ ᠲᠠᠮᠢᠷ ᠤᠨ ᠤᠷᠤᠯᠳᠤᠭᠠᠨ᠂ ᠵᠠᠬᠢᠶᠠᠯᠠᠨ ᠨᠡᠪᠲᠡᠷᠡᠭᠦᠯᠬᠦ ᠺᠢᠨᠣ ᠶᠢᠨ ᠤᠷᠳᠤᠨ᠂ ᠲᠡᠤᠬᠡᠨ ᠲᠤᠷᠠᠰᠬᠠᠯᠲᠤ ᠵᠦᠢᠯᠡᠰ ᠪᠠ ᠮᠦᠽᠸᠢ ᠰᠤᠶᠤᠯ ᠤᠨ ᠰᠢᠨ᠎ᠡ ᠡᠭᠦᠳᠦᠯᠳᠡ ᠪᠠᠷ ᠭᠤᠤᠯᠳᠠᠯᠭ᠎ᠠ ᠪᠣᠯᠭᠠᠵᠤ᠂ ᠲᠤᠰᠬᠠᠶ ᠮᠡᠷᠭᠡᠵᠢᠯ ᠤᠨ ᠬᠦᠷᠢᠶᠡᠨ ᠳᠠᠬᠢ ᠬᠡᠪᠯᠡᠯ ᠤᠨ ᠡᠷᠬᠡ ᠶᠢᠨ ᠲᠤᠰᠬᠠᠶ ᠴᠡᠭᠴᠡᠯᠡᠨ ᠵᠠᠰᠠᠯᠲᠠ ᠶᠢ ᠴᠢᠩᠭᠠᠳᠬᠠᠨ᠂ ᠰᠦᠯᠵᠢᠶᠡᠨ ᠲᠠᠮᠵᠢᠭᠤᠯᠭ᠎ᠠ ᠶᠢᠨ ᠬᠡᠪᠯᠡᠯ ᠤᠨ ᠡᠷᠬᠡ ᠶᠢᠨ ᠡᠮᠬᠢ ᠵᠢᠷᠤᠮ ᠢ ᠵᠢᠷᠤᠮᠵᠢᠭᠤᠯᠤᠨ᠎ᠠ᠃ ᠭᠤᠤᠯᠳᠠᠯᠭ᠎ᠠ ᠲᠠᠢ ᠪᠡᠶ᠎ᠡ ᠶᠢᠨ ᠲᠠᠮᠢᠷ ᠤᠨ ᠤᠷᠤᠯᠳᠤᠭᠠᠨ ᠤ ᠫᠷᠤᠭ᠍ᠷᠠᠮ ᠤᠨ ᠬᠡᠪᠯᠡᠯ ᠤᠨ ᠡᠷᠬᠡ ᠶᠢᠨ ᠬᠠᠮᠠᠭᠠᠯᠠᠯᠲᠠ ᠶᠢ ᠴᠢᠩᠭᠠᠳᠬᠠᠵᠤ᠂ ᠡᠷᠬᠡ ᠤᠯᠭᠤᠭᠰᠠᠨ ᠥᠬᠡᠶ ᠪᠠᠷ ᠬᠠᠩᠵᠧᠦ ᠶᠢᠨ ᠠᠽᠢᠶ᠎ᠠ ᠲᠢᠪ ᠤᠨ ᠪᠡᠶ᠎ᠡ ᠶᠢᠨ ᠲᠠᠮᠢᠷ ᠤᠨ ᠴᠤᠭᠯᠠᠭᠠᠨ ᠪᠠ ᠠᠽᠢᠶ᠎ᠠ ᠲᠢᠪ ᠤᠨ ᠵᠡᠮᠳᠡᠭᠴᠦᠳ ᠤᠨ ᠪᠡᠶ᠎ᠡ ᠶᠢᠨ ᠲᠠᠮᠢᠷ ᠤᠨ ᠴᠤᠭᠯᠠᠭᠠᠨ ᠵᠡᠷᠭᠡ ᠪᠡᠶ᠎ᠡ ᠶᠢᠨ ᠲᠠᠮᠢᠷ ᠤᠨ ᠤᠷᠤᠯᠳᠤᠭᠠᠨ ᠤ ᠵᠦᠶ᠋ᠯᠡᠰ ᠤᠨ ᠫᠷᠤᠭ᠍ᠷᠠᠮ ᠢ ᠬᠠᠤᠯᠢ ᠪᠤᠰᠤ ᠪᠠᠷ ᠲᠠᠮᠵᠢᠭᠤᠯᠬᠤ ᠦᠶ᠋ᠯᠡ ᠠᠵᠢᠯᠯᠠᠭ᠎ᠠ ᠶᠢ ᠬᠦᠴᠦᠯᠡᠨ ᠴᠡᠭᠴᠡᠯᠡᠨ ᠵᠠᠰᠠᠨ᠎ᠠ᠃ ᠺᠢᠨᠣ ᠶᠢᠨ ᠤᠷᠳᠤᠨ᠂ ᠬᠤᠪᠢ ᠬᠥᠮᠦᠨ ᠤ ᠭᠡᠷᠡᠯ ᠵᠢᠷᠤᠭ ᠤᠨ ᠪᠠᠭᠠᠷ ᠤᠨ ᠵᠠᠬᠢᠶᠠᠯᠠᠨ ᠨᠡᠪᠲᠡᠷᠡᠭᠦᠯᠬᠦ ᠬᠡᠪᠯᠡᠯ ᠤᠨ ᠡᠷᠬᠡ ᠶᠢᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠨ᠎ᠠ᠃ ᠮᠦᠽᠧᠶ᠂ ᠤᠷᠠᠨ ᠵᠢᠷᠤᠭ ᠤᠨ ᠣᠷᠳᠣᠨ᠂ ᠨᠣᠮ ᠤᠨ ᠰᠠᠩ ᠵᠡᠷᠭᠡ ᠰᠣᠶᠣᠯ ᠤᠨ ᠪᠦᠲᠦᠭᠡᠯᠴᠢ ᠲᠥᠰᠦᠪᠯᠡᠯ ᠤᠨ ᠪᠦᠲᠦᠭᠡᠭᠳᠡᠬᠦᠨ ᠤ ᠬᠡᠪᠯᠡᠯ ᠤᠨ ᠡᠷᠬᠡ ᠶᠢ ᠬᠠᠮᠠᠭᠠᠯᠠᠬᠤ ᠡᠷᠴᠢᠮ ᠢ ᠴᠢᠩᠭᠠᠷᠠᠭᠤᠯᠤᠨ᠎ᠠ᠃ ᠬᠤᠶᠠᠷ ᠲᠤ᠂ ᠰᠦᠯᠵᠢᠶᠡᠨ ᠤ ᠸᠢᠳᠢᠣ᠋᠂ ᠰᠦᠯᠵᠢᠶᠡᠨ ᠤ ᠰᠣᠨᠢᠨ ᠮᠡᠳᠡᠭᠡ᠂ ᠳᠠᠭᠤᠲᠤ ᠤᠩᠰᠢᠬᠤ ᠪᠢᠴᠢᠭ ᠢᠶᠠᠷ ᠭᠤᠣᠯᠳᠠᠯᠭ᠎ᠠ ᠪᠣᠯᠭᠠᠵᠤ᠂ ᠪᠦᠲᠦᠭᠡᠯ ᠤᠨ ᠪᠦᠬᠦ ᠬᠡᠯᠬᠢᠶᠡᠨ ᠤ ᠬᠡᠪᠯᠡᠯ ᠤᠨ ᠡᠷᠬᠡ ᠶᠢᠨ ᠬᠠᠮᠠᠭᠠᠯᠠᠯᠲᠠ ᠶᠢ ᠴᠢᠩᠭᠠᠳᠬᠠᠵᠤ᠂ ᠰᠠᠢᠨ ᠰᠠᠶᠢᠬᠠᠨ ᠰᠦᠯᠵᠢᠶᠡᠨ ᠤ ᠠᠮᠢ ᠠᠬᠤᠢ ᠶᠢ ᠪᠠᠶᠢᠭᠤᠯᠬᠤ ᠶᠢ ᠠᠬᠢᠭᠤᠯᠤᠨ᠎ᠠ᠃ ᠭᠤᠣᠯᠳᠠᠯᠭ᠎ᠠ ᠲᠠᠢ ᠸᠢᠳᠢᠤ᠋ ᠰᠦᠯᠵᠢᠶᠡᠨ ᠥᠷᠲᠡᠭᠡ ︵App︶᠎ ᠶᠢᠨ ᠬᠡᠪᠯᠡᠯ ᠤᠨ ᠡᠷᠬᠡ ᠶᠢᠨ ᠬᠢᠨᠠᠯᠲᠠ ᠬᠠᠮᠢᠶᠠᠷᠤᠯᠲᠠ ᠶᠢᠨ ᠠᠵᠢᠯ ᠢ ᠭᠦᠨᠵᠡᠭᠡᠶ ᠥᠷᠨᠢᠭᠦᠯᠵᠦ᠂ ᠣᠬᠤᠷ ᠸᠢᠳᠢᠤ᠋ ᠶᠢᠨ ᠡᠷᠬᠡ ᠳᠤ ᠬᠠᠯᠳᠠᠭᠰᠠᠨ ᠦᠢᠯᠡ ᠠᠵᠢᠯᠯᠠᠭ᠎ᠠ ᠶᠢ ᠭᠤᠣᠯᠳᠠᠯᠭ᠎ᠠ ᠲᠠᠢ ᠴᠡᠭᠴᠡᠯᠡᠨ ᠵᠠᠰᠠᠨ᠎ᠠ᠃ ᠰᠣᠨᠢᠨ ᠮᠡᠳᠡᠭᠡᠨ ᠤ ᠪᠦᠲᠦᠭᠡᠯ ᠤᠨ ᠬᠡᠪᠯᠡᠯ ᠤᠨ ᠡᠷᠬᠡ ᠶᠢ ᠬᠠᠮᠠᠭᠠᠯᠠᠬᠤ ᠠᠵᠢᠯ ᠢ ᠭᠦᠨᠵᠡᠭᠡᠶ ᠥᠷᠨᠢᠭᠦᠯᠵᠦ᠂ ᠡᠷᠬᠡ ᠣᠯᠭᠤᠭᠰᠠᠨ ᠥᠬᠡᠶ ᠪᠠᠷ ᠰᠣᠨᠢᠨ ᠮᠡᠳᠡᠭᠡᠨ ᠤ ᠪᠦᠲᠦᠭᠡᠯ ᠢ ᠰᠢᠯᠵᠢᠭᠦᠯᠦ᠋ᠨ ᠨᠡᠶᠢᠲᠡᠯᠡᠬᠦ ᠲᠣᠭᠲᠠᠭᠠᠯ ᠠᠴᠠ ᠵᠥᠷᠢᠴᠡᠨ ᠰᠢᠯᠵᠢᠭᠦᠯᠵᠦ ᠨᠡᠶᠢᠳᠡᠯᠡᠬᠦ ᠦᠶ᠋ᠯᠡ ᠠᠵᠢᠯᠯᠠᠭ᠎ᠠ ᠶᠢ ᠬᠦᠴᠦᠯᠡᠨ ᠴᠡᠭᠴᠡᠯᠡᠨ ᠵᠠᠰᠠᠨ᠎ᠠ᠃ ᠮᠡᠳᠡᠯᠭᠡ ᠶᠢ ᠬᠠᠮᠲᠤ ᠪᠠᠷ ᠡᠳ᠋ᠯᠡᠬᠦ᠂ ᠲᠠᠭᠤᠲᠤ ᠤᠩᠰᠢᠬᠤ ᠪᠢᠴᠢᠭ ᠤᠨ ᠲᠠᠪᠴᠠᠩ ᠵᠢᠴᠢ ᠡᠯ᠎ᠡ ᠲᠥᠷᠥᠯ ᠤᠨ ᠣᠶᠤᠨᠴᠢ ᠦᠵᠦᠭᠦᠷᠯᠢᠭ ᠤᠨ ᠬᠡᠪᠯᠡᠯ ᠤᠨ ᠡᠷᠬᠡ ᠶᠢᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠡᠷᠬᠡ ᠣᠯᠭᠤᠭᠰᠠᠨ ᠥᠬᠡᠶ ᠪᠠᠷ ᠰᠦᠯᠵᠢᠶ᠎ᠡ ᠪᠠᠷ ᠪᠤᠰᠤᠳ ᠤᠨ ᠥᠰᠥᠭ ᠪᠢᠴᠢᠭ᠂ ᠠᠮᠠᠨ ᠶᠠᠷᠢᠶ᠎ᠠ ᠵᠡᠷᠭᠡ ᠪᠦᠲᠦᠭᠡᠯ ᠢ ᠲᠠᠮᠵᠢᠭᠤᠯᠬᠤ ᠦᠶ᠋ᠯᠡ ᠠᠵᠢᠯᠯᠠᠭ᠎ᠠ ᠶᠢ ᠬᠦᠴᠦᠯᠡᠨ ᠴᠡᠭᠴᠡᠯᠡᠨ ᠵᠠᠰᠠᠨ᠎ᠠ᠃ ᠭᠤᠷᠪᠠ ᠳᠤ᠂ ᠡᠯᠧᠺᠲᠷᠣᠨ ᠬᠤᠳᠠᠯᠳᠤᠭᠠᠨ ᠤ ᠲᠠᠪᠴᠠᠩ᠂ ᠬᠠᠶᠢᠭᠤᠷ᠂ ᠬᠠᠶᠢᠬᠤ ᠬᠥᠳᠡᠯᠭᠡᠭᠦᠷ ᠢᠶᠠᠷ ᠭᠤᠤᠯᠳᠠᠯᠭ᠎ᠠ ᠪᠣᠯᠭᠠᠵᠤ᠂ ᠰᠦᠯᠵᠢᠶᠡᠨ ᠥᠷᠲᠡᠭᠡ ᠶᠢᠨ ᠲᠠᠪᠴᠠᠩ ᠤᠨ ᠬᠡᠪᠯᠡᠯ ᠤᠨ ᠡᠷᠬᠡ ᠶᠢᠨ ᠬᠢᠨᠠᠯᠲᠠ ᠬᠠᠮᠢᠶᠠᠷᠤᠯᠲᠠ ᠶᠢ ᠴᠢᠩᠭᠠᠷᠠᠭᠤᠯᠤᠨ᠂ ᠰᠦᠯᠵᠢᠶᠡᠨ ᠥᠷᠲᠡᠭᠡ ᠶᠢᠨ ᠲᠠᠪᠴᠠᠩ ᠤᠨ ᠭᠤᠤᠯ ᠴᠣᠭᠴᠠ ᠶᠢᠨ ᠬᠠᠷᠢᠭᠤᠴᠠᠯᠭ᠎ᠠ ᠶᠢ ᠪᠣᠳᠠᠲᠠᠶᠢᠵᠢᠭᠤᠯᠤᠨ᠎ᠠ᠃ ᠡᠯᠧᠺᠲᠷᠣᠨ ᠬᠤᠳᠠᠯᠳᠤᠭᠠᠨ ᠤ ᠲᠠᠪᠴᠠᠩ ᠤᠨ ᠬᠡᠪᠯᠡᠯ ᠤᠨ ᠡᠷᠬᠡ ᠶᠢᠨ ᠲᠤᠰᠬᠠᠶ ᠴᠡᠭᠴᠡᠯᠡᠨ ᠵᠠᠰᠠᠯᠲᠠ ᠶᠢ ᠭᠦᠨᠵᠡᠭᠡᠶ ᠥᠷᠨᠢᠭᠦᠯᠵᠦ᠂ ᠬᠠᠶᠢᠭᠤᠷ᠂ ᠬᠠᠶᠢᠬᠤ ᠬᠥᠳᠡᠯᠭᠡᠭᠦᠷ ᠡᠷᠬᠡ ᠤᠯᠭᠤᠭᠰᠠᠨ ᠥᠬᠡᠶ ᠪᠠᠷ ᠰᠦᠯᠵᠢᠶᠡᠨ ᠤ ᠤᠳᠭ᠎ᠠ ᠵᠣᠬᠢᠶᠠᠯ᠂ ᠰᠦᠯᠵᠢᠶᠡᠨ ᠤ ᠸᠢᠳᠢᠤ᠋ ᠶᠢ ᠲᠠᠮᠵᠢᠭᠤᠯᠬᠤ ᠵᠡᠷᠭᠡ ᠦᠶ᠋ᠯᠡ ᠠᠵᠢᠯᠯᠠᠭ᠎ᠠ ᠶᠢ ᠭᠤᠤᠯᠳᠠᠯᠭ᠎ᠠ ᠲᠠᠢ ᠵᠢᠷᠤᠮᠵᠢᠭᠤᠯᠤᠨ᠂ ᠭᠤᠤᠯᠳᠠᠯᠭ᠎ᠠ ᠲᠠᠢ ᠰᠦᠯᠵᠢᠶᠡᠨ ᠤ ᠲᠠᠪᠴᠠᠩ ᠤᠨ ᠠᠵᠤ ᠠᠬᠤᠶᠢᠯᠠᠯ ᠤᠨ ᠬᠡᠪᠯᠡᠯ ᠤᠨ ᠡᠷᠬᠡ ᠶᠢᠨ ᠠᠰᠠᠭᠤᠳᠠᠯ ᠢ ᠥᠪᠡᠰᠦᠪᠡᠨ ᠪᠠᠶᠢᠴᠠᠭᠠᠵᠤ ᠥᠪᠡᠰᠦᠪᠡᠨ ᠵᠠᠯᠠᠷᠠᠭᠤᠯᠬᠤ ᠶᠢ ᠠᠬᠢᠭᠤᠯᠤᠨ᠎ᠠ᠃      ᠤᠯᠤᠰ ᠤᠨ ᠬᠡᠪᠯᠡᠯ ᠤᠨ ᠡᠷᠬᠡ ᠶᠢᠨ ᠲᠣᠪᠴᠢᠶ᠎ᠠ ᠶᠢᠨ ᠬᠤᠯᠪᠣᠭᠳᠠᠯ ᠪᠥᠬᠦᠶ ᠬᠠᠷᠢᠭᠤᠴᠠᠯᠭᠠᠲᠠᠨ᠂ ᠲᠣᠰ ᠤᠳᠠᠭ᠎ᠠ ᠶᠢ ᠲᠤᠰᠬᠠᠶ ᠠᠵᠢᠯᠯᠠᠭ᠎ᠠ ᠨᠢ ᠬᠡᠷᠡᠭ ᠢ ᠪᠠᠶᠢᠴᠠᠭᠠᠨ ᠰᠢᠶ᠋ᠳᠪᠦᠷᠢᠯᠡᠬᠦ ᠶᠢ ᠲᠤᠪᠤᠶᠢᠯᠭᠠᠵᠤ᠂ ᠰᠦᠯᠵᠢᠶᠡᠨ ᠤ ᠡᠷᠬᠡ ᠳᠤ ᠬᠠᠯᠳᠠᠵᠤ ᠬᠡᠪᠯᠡᠯ ᠬᠤᠯᠠᠭᠠᠶᠢᠯᠠᠭᠰᠠᠨ ᠬᠡᠷᠡᠭ ᠢ ᠰᠢᠢᠳᠭᠡᠬᠦ ᠡᠷᠴᠢᠮ ᠢ ᠤᠯᠠᠮ ᠴᠢᠨᠠᠭᠰᠢᠳᠠ ᠴᠢᠩᠭᠠᠷᠠᠭᠤᠯᠵᠤ᠂ ᠤᠯᠤᠰ ᠤᠨ ᠬᠡᠪᠯᠡᠯ ᠤᠨ ᠡᠷᠬᠡ ᠶᠢᠨ ᠲᠣᠪᠴᠢᠶ᠎ᠠ ᠵᠡᠷᠭᠡ ᠳᠥᠷᠪᠡᠨ ᠰᠠᠯᠠᠭ᠎ᠠ ᠮᠥᠴᠢᠷ ᠰᠦᠯᠵᠢᠶᠡᠨ ᠤ ᠠᠵᠤ ᠠᠬᠤᠶᠢᠯᠠᠯ ᠤᠨ ᠪᠡᠶᠡᠴᠢ ᠴᠣᠭᠴᠠ ᠶᠢᠨ ᠬᠠᠷᠢᠭᠤᠴᠠᠯᠭ᠎ᠠ ᠪᠠᠨ ᠢᠳᠡᠪᠬᠢᠲᠡᠶ ᠭᠦᠶ᠋ᠴᠡᠳᠭᠡᠬᠦ ᠶᠢ ᠠᠬᠢᠭᠤᠯᠵᠤ᠂ ᠰᠦᠯᠵᠢᠶᠡᠨ ᠤ ᠡᠷᠬᠡ ᠳᠤ ᠬᠠᠯᠳᠠᠵᠤ ᠬᠡᠪᠯᠡᠯ ᠬᠤᠯᠠᠭᠠᠶᠢᠯᠠᠭᠰᠠᠨ ᠬᠡᠷᠡᠭ ᠲᠤ ᠴᠣᠬᠢᠯᠲᠠ ᠥᠭᠬᠦ ᠨᠡᠶᠢᠭᠡᠮ ᠤᠨ ᠬᠠᠮᠲᠤ ᠪᠠᠷ ᠵᠠᠰᠠᠬᠤ ᠪᠠᠶᠢᠷᠢᠰᠢᠯ ᠢ ᠬᠠᠮᠲᠤ ᠪᠠᠷ ᠪᠠᠶᠢᠭᠤᠯᠤᠨ᠎ᠠ ᠭᠡᠵᠤ ᠢᠯᠡᠳᠭᠡᠪᠡ᠃      ︵ᠰᠢᠨᠬᠤᠸᠠ ᠬᠤᠷᠢᠶ᠎ᠠ ᠶᠢᠨ ᠪᠡᠭᠡᠵᠢᠩ ᠤᠨ 8 ᠰᠠᠷ᠎ᠠ ᠶᠢᠨ 29᠎ ᠤ ᠴᠠᠬᠢᠯᠭᠠᠨ ᠮᠡᠳᠡᠭᠡ︶
 
ᠢᠷᠡᠯᠲᠡ᠄ ᠳᠤᠮᠳᠠᠳᠤ ᠤᠯᠤᠰ ᠤᠨ ᠮᠣᠩᠭᠣᠯ ᠬᠡᠯᠡᠨ ᠦ ᠰᠣᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备09001939号