ᠭᠠᠵᠠᠷ ᠤᠨ ᠵᠢᠷᠤᠭ ᠢ ᠵᠢᠷᠤᠮᠵᠢᠭᠤᠯᠤᠨ ᠬᠡᠷᠡᠭᠯᠡᠵᠦ ᠣᠭᠲᠣᠬᠠᠨ ᠴᠤ ᠪᠤᠷᠤᠭᠤ ᠭᠠᠷᠭᠠᠵᠤ ᠪᠤᠯᠬᠤ ᠦᠭᠡᠢ
ᠨᠡᠶᠢᠲᠡᠯᠡᠭᠰᠡᠨ ᠴᠠᠭ᠄
2023/8/31
     ᠡᠨᠡ ᠵᠢᠯ ᠤᠨ 8 ᠰᠠᠷ᠎ᠠ ᠶᠢᠨ 29᠎ ᠤ ᠡᠳᠦᠷ ᠪᠣᠯ ᠬᠤᠷᠢᠳᠠᠭᠢ ᠬᠡᠮᠵᠢᠨ ᠵᠢᠷᠤᠭᠯᠠᠬᠤ ᠬᠠᠤᠯᠢ ᠶᠢᠨ ᠤᠬᠠᠭᠤᠯᠭ᠎ᠠ ᠶᠢᠨ ᠡᠳᠦᠷ ᠪᠣᠯᠣᠨ᠎ᠠ᠂ ᠭᠤᠣᠯ ᠰᠡᠳᠦᠪ ᠨᠢ ︽ᠭᠠᠵᠠᠷ ᠤᠨ ᠵᠢᠷᠤᠭ ᠢ ᠵᠢᠷᠤᠮᠵᠢᠭᠤᠯᠤᠨ ᠬᠡᠷᠡᠭᠯᠡᠵᠦ ᠣᠭᠲᠣᠬᠠᠨ ᠴᠤ ᠪᠤᠷᠤᠭᠤ ᠭᠠᠷᠭᠠᠵᠤ ᠪᠤᠯᠬᠤ ᠦᠭᠡᠢ︾ ᠪᠣᠯᠣᠨ᠎ᠠ᠃ ᠤᠯᠤᠰ ᠤᠨ ᠨᠤᠲᠤᠭ ᠳᠡᠪᠢᠰᠬᠡᠷ ᠪᠣᠯ ᠡᠷᠬᠡ ᠮᠡᠳᠡᠯ ᠪᠠ ᠨᠤᠲᠤᠭ ᠳᠡᠪᠢᠰᠬᠡᠷ ᠤᠨ ᠪᠦᠷᠢᠨ ᠪᠦᠲᠦᠨ ᠤ ᠪᠡᠯᠭᠡ ᠲᠡᠮᠳᠡᠭ ᠮᠥᠨ᠂ ᠡᠬᠡ ᠤᠯᠤᠰ ᠤᠨ ᠢᠶᠠᠨ ᠨᠤᠲᠤᠭ ᠳᠡᠪᠢᠰᠬᠡᠷ ᠢ ᠬᠠᠶᠢᠷᠠᠯᠠᠬᠤ ᠳᠤ ᠭᠠᠵᠠᠷ ᠤᠨ ᠵᠢᠷᠤᠭ ᠢ ᠵᠥᠪ ᠬᠡᠷᠡᠭᠯᠡᠬᠦ ᠠᠴᠠ ᠡᠬᠢᠯᠡᠳᠡᠭ᠃      ᠤᠯᠤᠰ ᠤᠨ ᠨᠤᠲᠤᠭ ᠳᠡᠪᠢᠰᠬᠡᠷ ᠡᠳᠦᠷ ᠲᠤᠲᠤᠮ ᠤᠨ ᠠᠮᠢᠳᠤᠷᠠᠯ ᠳᠤᠮᠳᠠ ᠭᠠᠵᠠᠷ ᠪᠣᠯᠭᠠᠨ ᠳᠤ ᠬᠠᠷᠠᠭᠳᠠᠵᠤ ᠂ ᠡᠭᠦᠨ ᠳᠤ ᠭᠠᠵᠠᠷ ᠤᠨ ᠵᠢᠷᠤᠭ ᠪᠣᠯ ᠬᠠᠮᠤᠭ ᠤᠨ ᠪᠠᠶᠢᠩᠭᠤ ᠬᠡᠷᠡᠭᠯᠡᠭᠳᠡᠬᠦ᠂ ᠬᠠᠮᠤᠭ ᠤᠨ ᠭᠤᠣᠯ ᠢᠯᠡᠷᠡᠬᠦ ᠭᠡᠯᠪᠡᠷᠢ ᠪᠣᠯᠣᠨ᠎ᠠ᠃ ᠳᠤᠮᠳᠠᠳᠤ ᠪᠠᠭ᠎ᠠ ᠰᠤᠷᠭᠠᠭᠤᠯᠢ ᠶᠢᠨ ᠵᠢᠭᠠᠨ ᠰᠤᠷᠭᠠᠯᠲᠠ ᠶᠢᠨ ᠡᠯᠭᠦᠮᠡᠯ ᠵᠢᠷᠤᠭ᠂ ᠠᠵᠤ ᠠᠬᠤᠶᠢᠯᠠᠯ ᠠᠵᠢᠯ ᠦᠢᠯᠡᠰ ᠤᠨ ᠨᠢᠭᠡᠴᠢ ᠶᠢᠨ ᠡᠯᠭᠦᠮᠡᠯ ᠵᠢᠷᠤᠭ ᠠᠴᠠ ᠠᠪᠤᠭᠠᠳ ᠴᠠᠭ ᠠᠭᠤᠷ ᠤᠨ ᠤᠷᠢᠳᠴᠢᠯᠠᠭᠰᠠᠨ ᠮᠡᠳᠡᠭᠡ᠂ ᠵᠠᠮ ᠲᠡᠭᠡᠭᠡᠪᠦᠷᠢ ᠶᠢᠨ ᠠᠬᠤᠢ ᠪᠠᠶᠢᠳᠠᠯ ᠤᠨ ᠵᠢᠷᠤᠭ ᠵᠢᠴᠢ ᠡᠯ᠎ᠡ ᠲᠥᠷᠥᠯ ᠤᠨ ᠫᠠᠶᠢᠰᠠ ᠲᠡᠮᠳᠡᠭ᠂ ᠵᠠᠷ ᠮᠡᠳᠡᠭᠡ᠂ ᠲᠠᠸᠠᠷ ᠤᠨ ᠲᠡᠮᠳᠡᠭ᠂ ᠰᠣᠨᠢᠨ ᠰᠡᠳᠬᠦᠯ᠂ ᠺᠢᠨᠣ᠋ ᠲᠧᠯᠸᠢᠰ ᠤᠨ ᠪᠦᠲᠦᠭᠡᠯ ᠵᠡᠷᠭᠡ ᠭᠦᠷᠲᠡᠯ᠎ᠡ᠂ ᠤᠯᠤᠰ ᠤᠨ ᠨᠤᠲᠤᠭ ᠳᠡᠪᠢᠰᠬᠡᠷ ᠶᠠᠭᠤ ᠪᠦᠭᠦᠨ ᠳᠤ ᠬᠤᠯᠪᠣᠭᠳᠠᠳᠠᠭ᠂ ᠭᠡᠪᠡᠴᠦ ᠪᠤᠷᠤᠭᠤ ᠵᠡᠭᠦᠯᠲᠡ ᠬᠠᠲᠠᠭᠰᠠᠨ᠂ ᠪᠤᠷᠤᠭᠤ ᠬᠡᠷᠡᠭᠯᠡᠭᠰᠡᠨ ᠪᠠᠶᠢᠳᠠᠯ ᠬᠠᠷᠢᠨ ᠪᠠᠶᠢᠨ ᠳᠠᠭᠢᠨ ᠭᠠᠷᠴᠤ ᠪᠠᠶᠢᠨ᠎ᠠ᠃ ᠳᠤᠮᠳᠠᠳᠤ ᠤᠯᠤᠰ ᠤᠨ ᠭᠠᠵᠠᠷ ᠤᠨ ᠵᠢᠷᠤᠭ ᠳᠡᠭᠡᠷᠡᠬᠢ ᠨᠢᠭᠡ ᠴᠡᠭ ᠨᠢᠭᠡ ᠬᠡᠷᠴᠢᠮ ᠨᠢ ᠮᠠᠨ ᠤ ᠰᠦᠷᠯᠢᠭ ᠰᠠᠶᠢᠬᠠᠨ ᠠᠭᠤᠯᠠ ᠤᠰᠤ ᠶᠢ ᠲᠥᠯᠥᠭᠡᠯᠡᠵᠦ ᠪᠠᠶᠢᠳᠠᠭ᠂ ᠣᠭᠲᠣᠬᠠᠨ ᠴᠤ ᠪᠤᠷᠤᠭᠤ ᠭᠠᠷᠭᠠᠵᠤ ᠪᠤᠯᠬᠤ ᠦᠭᠡᠢ᠂ ᠬᠥᠮᠥᠨ ᠪᠦᠭᠦᠨ ᠤᠯᠤᠰ ᠤᠨ ᠨᠤᠲᠤᠭ ᠳᠡᠪᠢᠰᠬᠡᠷ ᠢ ᠬᠠᠮᠠᠭᠠᠯᠠᠵᠤ᠂ ᠭᠠᠵᠠᠷ ᠤᠨ ᠵᠢᠷᠤᠭ ᠢ ᠵᠥᠪ ᠬᠡᠷᠡᠭᠯᠡᠵᠦ᠂ ᠲᠡᠭᠦᠨ ᠤ ᠨᠡᠷ᠎ᠡ ᠬᠦᠨᠳᠦ ᠪᠠ ᠪᠦᠷᠢᠨ ᠪᠦᠲᠦᠨ ᠢ ᠤᠬᠠᠮᠰᠠᠷ ᠠᠴᠠ ᠪᠠᠨ ᠬᠠᠮᠠᠭᠠᠯᠠᠬᠤ ᠬᠡᠷᠡᠭᠲᠡᠢ᠃      ᠰᠢᠯᠵᠢᠮᠡᠯ ᠢᠨᠲ᠋ᠧᠷ ᠰᠦᠯᠵᠢᠶᠡᠨ ᠤ ᠴᠠᠭ ᠦᠶ᠎ᠡ ᠳᠤ ᠲᠣᠭᠠᠴᠢᠯᠠᠭᠰᠠᠨ ᠭᠠᠵᠠᠷ ᠤᠨ ᠵᠢᠷᠤᠭ ᠤᠨ ᠬᠡᠷᠡᠭᠯᠡᠯᠲᠡ ᠥᠷᠭᠡᠨ ᠳᠡᠯᠭᠡᠷ ᠪᠠᠶᠢᠳᠠᠭ᠃ ᠮᠠᠰᠢᠨ ᠲᠡᠷᠭᠡᠨ ᠤ ᠠᠶᠠᠯᠠᠯ ᠵᠠᠮᠴᠢᠯᠠᠭᠤᠷ᠂ ᠵᠢᠭᠤᠯᠴᠢᠯᠠᠯ ᠤᠨ ᠲᠣᠬᠢᠷᠠᠭᠤᠯᠤᠯᠲᠠ᠂ ᠭᠠᠳᠠᠨ᠎ᠠ ᠠᠴᠠ ᠬᠤᠭᠤᠯᠠ ᠵᠠᠬᠢᠶᠠᠯᠠᠬᠤ᠂ ᠭᠠᠵᠠᠷ ᠤᠨ ᠵᠢᠷᠤᠭ ᠤᠨ ᠠᠭᠤᠯᠭ᠎ᠠ ᠶᠠᠪᠤᠬᠤ ᠲᠤᠲᠤᠮ ᠪᠠᠶᠠᠯᠢᠭᠵᠢᠵᠤ᠂ ᠰᠢᠨᠡᠴᠢᠯᠡᠯᠲᠡ ᠨᠢ ᠶᠠᠪᠤᠬᠤ ᠲᠤᠲᠤᠮ ᠲᠦᠷᠭᠡᠳᠴᠦ᠂ ᠬᠡᠷᠡᠭᠯᠡᠭᠡᠨ ᠤ ᠬᠦᠷᠢᠶ᠎ᠡ ᠨᠢ ᠶᠠᠪᠤᠬᠤ ᠲᠤᠲᠤᠮ ᠥᠷᠭᠡᠵᠢᠵᠦ᠂ ᠤᠯᠤᠰ ᠤᠨ ᠳᠣᠲᠣᠭᠠᠳᠤ ᠶᠢᠨ ᠭᠤᠣᠯ ᠪᠤᠯᠬᠤ ᠢᠨᠲ᠋ᠧᠷ ᠰᠦᠯᠵᠢᠶᠡᠨ ᠤ ᠭᠠᠵᠠᠷ ᠤᠨ ᠵᠢᠷᠤᠭ ᠤᠨ ᠦᠢᠯᠡᠴᠢᠯᠡᠭᠡᠨ ᠤ ᠡᠳᠦᠷ ᠳᠤᠮᠳᠠᠴᠢ ᠶᠢᠨ ᠣᠷᠣᠨ ᠪᠠᠶᠢᠷᠢ ᠶᠢᠨ ᠦᠢᠯᠡᠴᠢᠯᠡᠭᠡᠨ ᠤ ᠭᠤᠶᠤᠴᠢᠯᠠᠯ ᠨᠢ ᠮᠢᠩᠭᠠᠨ ᠳ᠋ᠦᠩᠰᠢᠭᠤᠷ ᠤᠳᠠᠭ᠎ᠠ ᠶᠢ ᠳᠠᠪᠠᠵᠤ᠂ ᠤᠯᠤᠰ ᠤᠨ ᠨᠤᠲᠤᠭ ᠳᠡᠪᠢᠰᠬᠡᠷ ᠢ ᠪᠤᠷᠤᠭᠤ ᠪᠠᠷ ᠢᠯᠡᠳᠬᠡᠪᠡᠯ ᠮᠠᠭᠤ ᠨᠥᠯᠥᠭᠡ ᠭᠠᠷᠭᠠᠬᠤ ᠪᠣᠯᠣᠨ᠎ᠠ᠃      ᠢᠨᠲ᠋ᠧᠷ ᠰᠦᠯᠵᠢᠶᠡᠨ ᠤ ᠭᠠᠵᠠᠷ ᠤᠨ ᠵᠢᠷᠤᠭ ᠢ ᠬᠡᠷᠡᠭᠯᠡᠬᠦ ᠳᠡᠭᠡᠨ ᠡᠷᠬᠡᠪᠰᠢ ᠤᠯᠤᠰ ᠤᠨ ᠨᠤᠲᠤᠭ ᠳᠡᠪᠢᠰᠬᠡᠷ ᠤᠨ ᠨᠡᠷ᠎ᠡ ᠬᠦᠨᠳᠦ ᠶᠢ ᠴᠢᠩᠭ᠎ᠠ ᠬᠠᠮᠠᠭᠠᠯᠠᠬᠤ ᠬᠡᠷᠡᠭᠲᠡᠢ᠃      ᠡᠨᠡ ᠵᠢᠯ ᠤᠨ ᠬᠡᠮᠵᠢᠨ ᠵᠢᠷᠤᠭᠯᠠᠬᠤ ᠬᠠᠤᠯᠢ ᠶᠢᠨ ᠤᠬᠠᠭᠤᠯᠭ᠎ᠠ ᠶᠢᠨ ᠡᠳᠦᠷ ᠵᠢᠴᠢ ᠤᠯᠤᠰ ᠤᠨ ᠨᠤᠲᠤᠭ ᠳᠡᠪᠢᠰᠬᠡᠷ ᠤᠨ ᠦᠵᠡᠯ ᠤᠬᠠᠮᠰᠠᠷ ᠤᠨ ᠤᠬᠠᠭᠤᠯᠭ᠎ᠠ ᠶᠢᠨ ᠠᠵᠢᠯᠯᠠᠭ᠎ᠠ ᠶᠢᠨ ᠭᠠᠷᠠᠭ ᠤᠨ ᠭᠤᠣᠯ ᠲᠠᠯᠠᠪᠤᠷ ᠤᠨ ᠠᠵᠢᠯᠯᠠᠭ᠎ᠠ ᠳᠤ ᠪᠠᠰᠠ ᠪᠦᠭᠦ ᠤᠯᠤᠰ ᠤᠨ ᠤᠯᠤᠰ ᠤᠨ ᠨᠤᠲᠤᠭ ᠳᠡᠪᠢᠰᠬᠡᠷ ᠤᠨ ᠮᠡᠳᠡᠯᠭᠡ ᠶᠢᠨ ᠤᠷᠤᠯᠳᠤᠭᠠᠨ ︵ᠳᠤᠮᠳᠠᠳᠤ ᠪᠠᠭ᠎ᠠ ᠰᠤᠷᠭᠠᠭᠤᠯᠢ ᠶᠢᠨ ᠳᠤᠭᠤᠶᠢᠯᠠᠩ︶᠎ ᠢ ᠡᠬᠢᠯᠡᠭᠦᠯᠪᠡ᠃ ᠤᠯᠤᠰ ᠢᠶᠠᠨ ᠬᠠᠶᠢᠷᠠᠯᠠᠬᠤ ᠦᠵᠡᠯ ᠤᠨ ᠬᠥᠮᠦᠵᠢᠯ ᠤᠨ ᠴᠢᠬᠤᠯᠠ ᠠᠭᠤᠯᠭ᠎ᠠ ᠪᠣᠯᠤᠭᠰᠠᠨ ᠤ ᠬᠤᠪᠢ ᠳᠤ᠂ ᠵᠠᠯᠠᠭᠤᠴᠤᠳ ᠪᠠᠭᠠᠴᠤᠳ ᠲᠤ ᠬᠠᠨᠳᠤᠭᠤᠯᠤᠨ ᠪᠠᠶᠢᠩᠭᠤ ᠶᠢᠨ ᠴᠢᠨᠠᠷᠲᠠᠢ ᠤᠯᠤᠰ ᠤᠨ ᠨᠤᠲᠤᠭ ᠳᠡᠪᠢᠰᠬᠡᠷ ᠤᠨ ᠦᠵᠡᠯ ᠤᠬᠠᠮᠰᠠᠷ ᠤᠨ ᠤᠬᠠᠭᠤᠯᠭ᠎ᠠ ᠬᠥᠮᠦᠵᠢᠯ ᠥᠷᠨᠢᠭᠦᠯᠬᠦ ᠨᠢ ᠬᠡᠦᠬᠡᠳ ᠤᠳ ᠢ ᠬᠠᠪᠰᠤᠷᠤᠨ ᠬᠤᠯᠪᠣᠭᠳᠠᠯ ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ ᠪᠠ ᠲᠡᠦᠬᠡ ᠶᠢᠨ ᠤᠷᠳᠤ ᠤᠷᠤᠰᠬᠠᠯ ᠠᠴᠠ ᠤᠯᠤᠰ ᠤᠨ ᠨᠤᠲᠤᠭ ᠳᠡᠪᠢᠰᠬᠡᠷ ᠢ ᠣᠶᠢᠯᠠᠭᠠᠭᠤᠯᠵᠤ᠂ ᠤᠯᠤᠰ ᠤᠨ ᠨᠤᠲᠤᠭ ᠳᠡᠪᠢᠰᠬᠡᠷ ᠢ ᠲᠠᠨᠢᠭᠤᠯᠵᠤ᠂ ᠤᠯᠤᠰ ᠤᠨ ᠨᠤᠲᠤᠭ ᠳᠡᠪᠢᠰᠬᠡᠷ ᠤᠨ ᠦᠵᠡᠯ ᠤᠬᠠᠮᠰᠠᠷ ᠢ ᠪᠤᠢ ᠪᠤᠯᠭᠠᠵᠤ᠂ ᠤᠯᠤᠰ ᠤᠨ ᠡᠷᠬᠡ ᠮᠡᠳᠡᠯ ᠪᠠ ᠨᠤᠲᠤᠭ ᠳᠡᠪᠢᠰᠬᠡᠷ ᠤᠨ ᠪᠦᠷᠢᠨ ᠪᠦᠲᠦᠨ ᠪᠠᠶᠢᠬᠤ ᠶᠢ ᠬᠠᠮᠠᠭᠠᠯᠠᠬᠤ ᠤᠬᠠᠮᠰᠠᠷᠲᠤ ᠴᠢᠨᠠᠷ ᠢ ᠨᠢ ᠴᠢᠩᠭᠠᠳᠬᠠᠵᠤ ᠴᠢᠳᠠᠨ᠎ᠠ᠃          ︵ᠰᠢᠨᠬᠤᠸᠠ ᠬᠤᠷᠢᠶ᠎ᠠ ᠶᠢᠨ ᠪᠡᠭᠡᠵᠢᠩ ᠤᠨ 8 ᠰᠠᠷ᠎ᠠ ᠶᠢᠨ 29᠎ ᠤ ᠴᠠᠭᠢᠯᠭᠠᠨ ᠮᠡᠳᠡᠭᠡ︶
 
ᠢᠷᠡᠯᠲᠡ᠄ ᠬᠡᠰᠢᠭᠳᠡᠨ ᠬᠤᠰᠢᠭᠤᠨ ᠤ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备09001939号