ᠷᠠᠰᠢᠶᠠᠨ ᠠᠴᠠ ᠠᠰᠬᠠᠲᠤ ᠬᠦᠷᠬᠦ ᠵᠠᠰᠠᠮᠠᠯ ᠵᠠᠮ ᠪᠣᠯ ᠬᠡᠰᠢᠭᠲᠡᠨ ᠬᠤᠰᠢᠭᠤᠨ ᠤ ᠴᠢᠬᠤᠯᠠ ᠵᠢᠭᠤᠯᠴᠢᠯᠠᠯ ᠤᠨ | ᠵᠠᠮ ᠮᠥᠨ᠂ ᠡᠳᠦᠭᠡ ᠲᠣᠰ ᠵᠠᠮ ᠬᠡᠰᠡᠭ ᠤᠨ ᠵᠠᠮ ᠤᠨ ᠨᠢᠭᠤᠷ ᠨᠢ ᠡᠪᠳᠡᠭᠳᠡᠵᠦ᠂ ᠵᠠᠮ ᠬᠠᠷᠢᠯᠴᠠᠭᠠᠨ ᠤ ᠠᠮᠤᠷ | ᠲᠦᠪᠰᠢᠨ ᠢ ᠬᠦᠨᠳᠦ ᠨᠣᠴᠢᠲᠠᠢ ᠨᠥᠯᠥᠭᠡᠯᠡᠵᠦ ᠪᠠᠶᠢᠭ᠎ᠠ ᠪᠣᠯᠬᠤᠷ ᠵᠠᠮ ᠤᠨ ᠨᠢᠭᠤᠷ ᠤᠨ ᠠᠷᠠᠴᠢᠯᠠᠯᠲᠠ ᠶᠢᠨ ᠠᠵᠢᠯ | ᠬᠢᠬᠦ ᠴᠢᠬᠤᠯᠠᠲᠠᠢ ᠪᠣᠢ᠃ ︽ᠪᠥᠬᠦ ᠬᠤᠰᠢᠭᠤᠨ ᠤ ᠬᠥᠳᠡᠭᠡ ᠲᠣᠰᠬᠤᠨ ᠤ ᠵᠠᠰᠠᠮᠠᠯ ᠵᠠᠮ ᠤᠨ ᠰᠡᠯᠪᠢᠨ ᠵᠠᠰᠠᠬᠤ | ᠴᠢᠨᠠᠷᠲᠠᠢ ᠠᠷᠠᠴᠢᠯᠠᠨ ᠬᠠᠮᠠᠭᠠᠯᠠᠬᠤ ᠢᠨᠵᠧᠨᠧᠷᠢᠩ ᠤᠨ ᠨᠢᠭᠡᠳᠦᠭᠡᠷ ᠱᠠᠲᠤᠨ ᠤ ᠪᠠᠷᠢᠯᠭ᠎ᠠ ᠶᠢᠨ ᠵᠢᠷᠤᠭ ᠤᠨ ᠵᠢᠷᠤᠭ | ᠲᠥᠯᠥᠪᠯᠡᠭᠡ ᠶᠢᠨ ᠲᠤᠬᠠᠢ ᠴᠣᠬᠤᠯᠠᠪᠤᠷᠢ︾ ︵ᠬᠡᠰᠢᠭᠲᠡᠨ ᠵᠠᠮ ᠬᠠᠷᠢᠯᠴᠠᠭ᠎ᠠ ᠲᠠᠷᠬᠠᠭᠠᠭᠰᠠᠨ ﹇2022﹈ 204 | ᠳ᠋ᠦ᠋ᠭᠡᠷ ᠲᠣᠭᠠᠲᠤ︶ ᠶᠢᠨ ᠵᠣᠷᠢᠭ ᠰᠠᠨᠠᠭ᠎ᠠ ᠶᠢ ᠦᠨᠳᠦᠰᠦᠯᠡᠨ᠂ ᠪᠠᠷᠢᠯᠭ᠎ᠠ ᠶᠢᠨ ᠬᠤᠭᠤᠴᠠᠭᠠᠨ ᠳᠠᠬᠢ ᠵᠠᠮ | ᠬᠠᠷᠢᠯᠴᠠᠭᠠᠨ ᠤ ᠠᠮᠤᠷ ᠲᠦᠪᠰᠢᠨ ᠢ ᠪᠠᠲᠤᠯᠠᠬᠤ ᠶᠢᠨ ᠲᠤᠰᠠᠳᠠ᠂ 2023 ᠣᠨ ᠤ 9 ᠰᠠᠷ᠎ᠠ ᠶᠢᠨ 14 ᠤ ᠡᠳᠦᠷ | ᠷᠠᠰᠢᠶᠠᠨ ᠠᠴᠠ ᠠᠰᠬᠠᠲᠤ ᠬᠦᠷᠬᠦ ᠵᠠᠰᠠᠮᠠᠯ ᠵᠠᠮ ︵Y205 ᠱᠤᠭᠤᠮ ᠤᠨ K47+987—K52+114 | ᠬᠡᠰᠡᠭ᠂ Z001 ᠱᠤᠭᠤᠮ ᠤᠨ K0+000—K36+132 ᠬᠡᠰᠡᠭ︶ ᠤᠨ ᠵᠠᠮ ᠬᠠᠷᠢᠯᠴᠠᠭ᠎ᠠ ᠶᠢ | ᠪᠢᠲᠡᠭᠦᠮᠵᠢᠯᠡᠬᠦ ᠪᠠᠷ ᠲᠣᠭᠲᠠᠪᠠ᠃ | ᠨᠢᠭᠡ᠂ ᠪᠢᠲᠡᠭᠦᠮᠵᠢᠯᠡᠬᠦ ᠬᠤᠭᠤᠴᠠᠭ᠎ᠠ᠄ | 2023 ᠣᠨ ᠤ 9 ᠰᠠᠷ᠎ᠠ ᠶᠢᠨ 17 ᠤ ᠡᠳᠦᠷ ᠠᠴᠠ 2023 ᠣᠨ ᠤ 10 ᠰᠠᠷ᠎ᠠ ᠶᠢᠨ 31 ᠤ ᠡᠳᠦᠷ | ᠪᠣᠯᠲᠠᠯ᠎ᠠ᠃ | ᠬᠤᠶᠠᠷ᠂ ᠲᠣᠭᠤᠷᠢᠨ ᠶᠠᠪᠤᠬᠤ ᠱᠤᠭᠤᠮ᠄ | 1. ᠪᠢᠷᠠᠭᠤ ᠠᠴᠠ ᠠᠰᠬᠠᠲᠤ ᠶᠢᠨ ᠴᠢᠯᠠᠭᠤᠨ ᠤᠢ ᠬᠦᠷᠬᠦ᠂ ᠬᠤᠩᠭᠤ ᠶᠢᠨ ᠲᠡᠮᠦᠷ ᠤᠨ ᠠᠭᠤᠷᠬᠠᠢ ᠶᠢᠨ | ᠴᠢᠭᠯᠡᠯ ᠤᠨ ᠲᠡᠷᠭᠡ ᠬᠥᠰᠬᠡ᠂ G303 ᠱᠤᠭᠤᠮ ᠢᠶᠠᠷ ᠠᠶᠠᠯᠠᠭᠠᠳ K1074+239 ᠭᠠᠵᠠᠷ ᠲᠤ ᠬᠦᠷᠴᠦ᠂ | Y203 ᠱᠤᠭᠤᠮ ᠤᠨ K110+781 ︵G303 ᠪᠣᠯᠣᠨ Y203 ᠶᠢᠨ ᠬᠠᠪᠲᠠᠭᠠᠢ ᠶᠢᠨ ᠰᠣᠯᠪᠢᠴᠠᠯ︶ ᠳᠤ | ᠰᠢᠯᠵᠢᠨ ᠦᠷᠭᠦᠯᠵᠢᠯᠡᠨ ᠠᠶᠠᠯᠠᠭᠠᠳ ᠠᠰᠬᠠᠲᠤ ᠶᠢᠨ ᠴᠢᠯᠠᠭᠤᠨ ᠤᠢ᠂ ᠬᠤᠩᠭᠤ ᠶᠢᠨ ᠲᠡᠮᠦᠷ ᠤᠨ ᠠᠭᠤᠷᠬᠠᠢ ᠳᠤ | ᠬᠦᠷᠦᠨ᠎ᠡ᠃ | 2. ᠠᠰᠬᠠᠲᠤ ᠶᠢᠨ ᠴᠢᠯᠠᠭᠤᠨ ᠣᠢ᠂ ᠬᠤᠩᠭᠤ ᠶᠢᠨ ᠲᠡᠮᠦᠷ ᠤᠨ ᠠᠭᠤᠷᠬᠠᠢ ᠠᠴᠠ ᠪᠢᠷᠠᠭᠤ ᠵᠦᠭ ᠶᠠᠪᠤᠬᠤ | ᠲᠡᠷᠭᠡ ᠬᠥᠰᠬᠡ᠂ Z001 ᠱᠤᠭᠤᠮ ᠠᠴᠠ Y203 ᠱᠤᠭᠤᠮ ᠤᠨ K51 + 592 ᠭᠠᠵᠠᠷ ᠲᠤ ᠬᠦᠷᠴᠦ᠂ | Y203 ᠱᠤᠭᠤᠮ᠂ G303 ᠱᠤᠭᠤᠮ ᠢ ᠳᠠᠭᠠᠵᠤ ᠪᠢᠷᠠᠭᠤ ᠪᠠᠯᠭᠠᠰᠤᠨ ᠳᠤ ᠬᠦᠷᠦᠨ᠎ᠡ᠃ | | ᠣᠨᠴᠠᠭᠠᠶᠢᠯᠠᠨ ᠵᠠᠷᠯᠠᠪᠠ᠃ | | ᠬᠡᠰᠢᠭᠲᠡᠨ ᠬᠤᠰᠢᠭᠤᠨ ᠤ ᠵᠠᠮ ᠲᠡᠭᠡᠭᠡᠪᠦᠷᠢ ᠶᠢᠨ ᠲᠣᠪᠴᠢᠶ᠎ᠠ | ᠬᠡᠰᠢᠭᠲᠡᠨ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠵᠠᠮ ᠬᠠᠷᠢᠯᠴᠠᠭᠠᠨ ᠤ | ᠬᠠᠮᠢᠶᠠᠷᠤᠯᠲᠠ ᠶᠢᠨ ᠶᠡᠭᠡ ᠠᠩᠭᠢ | | 2023 ᠣᠨ ᠤ 9 ᠰᠠᠷ᠎ᠠ ᠶᠢᠨ 12 ᠤᠨ ᠡᠳᠦᠷ | | |