ᠷᠠᠰᠢᠶᠠᠨ ᠠᠴᠠ ᠠᠰᠬᠠᠲᠤ ᠬᠦᠷᠬᠦ ᠵᠠᠰᠠᠮᠠᠯ ᠵᠠᠮ ᠤᠨ ᠵᠠᠮ ᠬᠠᠷᠢᠯᠴᠠᠭ᠎ᠠ ᠶᠢ ᠪᠢᠲᠡᠭᠦᠮᠵᠢᠯᠡᠬᠦ ᠲᠤᠬᠠᠢ ᠠᠯᠪᠠᠨ ᠵᠠᠷ
ᠨᠡᠶᠢᠲᠡᠯᠡᠭᠰᠡᠨ ᠴᠠᠭ᠄
2023/9/14
     ᠷᠠᠰᠢᠶᠠᠨ ᠠᠴᠠ ᠠᠰᠬᠠᠲᠤ ᠬᠦᠷᠬᠦ ᠵᠠᠰᠠᠮᠠᠯ ᠵᠠᠮ ᠪᠣᠯ ᠬᠡᠰᠢᠭᠲᠡᠨ ᠬᠤᠰᠢᠭᠤᠨ ᠤ ᠴᠢᠬᠤᠯᠠ ᠵᠢᠭᠤᠯᠴᠢᠯᠠᠯ ᠤᠨ ᠵᠠᠮ ᠮᠥᠨ᠂ ᠡᠳᠦᠭᠡ ᠲᠣᠰ ᠵᠠᠮ ᠬᠡᠰᠡᠭ ᠤᠨ ᠵᠠᠮ ᠤᠨ ᠨᠢᠭᠤᠷ ᠨᠢ ᠡᠪᠳᠡᠭᠳᠡᠵᠦ᠂ ᠵᠠᠮ ᠬᠠᠷᠢᠯᠴᠠᠭᠠᠨ ᠤ ᠠᠮᠤᠷ ᠲᠦᠪᠰᠢᠨ ᠢ ᠬᠦᠨᠳᠦ ᠨᠣᠴᠢᠲᠠᠢ ᠨᠥᠯᠥᠭᠡᠯᠡᠵᠦ ᠪᠠᠶᠢᠭ᠎ᠠ ᠪᠣᠯᠬᠤᠷ ᠵᠠᠮ ᠤᠨ ᠨᠢᠭᠤᠷ ᠤᠨ ᠠᠷᠠᠴᠢᠯᠠᠯᠲᠠ ᠶᠢᠨ ᠠᠵᠢᠯ ᠬᠢᠬᠦ ᠴᠢᠬᠤᠯᠠᠲᠠᠢ ᠪᠣᠢ᠃ ︽ᠪᠥᠬᠦ ᠬᠤᠰᠢᠭᠤᠨ ᠤ ᠬᠥᠳᠡᠭᠡ ᠲᠣᠰᠬᠤᠨ ᠤ ᠵᠠᠰᠠᠮᠠᠯ ᠵᠠᠮ ᠤᠨ ᠰᠡᠯᠪᠢᠨ ᠵᠠᠰᠠᠬᠤ ᠴᠢᠨᠠᠷᠲᠠᠢ ᠠᠷᠠᠴᠢᠯᠠᠨ ᠬᠠᠮᠠᠭᠠᠯᠠᠬᠤ ᠢᠨᠵᠧᠨᠧᠷᠢᠩ ᠤᠨ ᠨᠢᠭᠡᠳᠦᠭᠡᠷ ᠱᠠᠲᠤᠨ ᠤ ᠪᠠᠷᠢᠯᠭ᠎ᠠ ᠶᠢᠨ ᠵᠢᠷᠤᠭ ᠤᠨ ᠵᠢᠷᠤᠭ ᠲᠥᠯᠥᠪᠯᠡᠭᠡ ᠶᠢᠨ ᠲᠤᠬᠠᠢ ᠴᠣᠬᠤᠯᠠᠪᠤᠷᠢ︾ ︵ᠬᠡᠰᠢᠭᠲᠡᠨ ᠵᠠᠮ ᠬᠠᠷᠢᠯᠴᠠᠭ᠎ᠠ ᠲᠠᠷᠬᠠᠭᠠᠭᠰᠠᠨ ﹇2022﹈ 204 ᠳ᠋ᠦ᠋ᠭᠡᠷ ᠲᠣᠭᠠᠲᠤ︶ ᠶᠢᠨ ᠵᠣᠷᠢᠭ ᠰᠠᠨᠠᠭ᠎ᠠ ᠶᠢ ᠦᠨᠳᠦᠰᠦᠯᠡᠨ᠂ ᠪᠠᠷᠢᠯᠭ᠎ᠠ ᠶᠢᠨ ᠬᠤᠭᠤᠴᠠᠭᠠᠨ ᠳᠠᠬᠢ ᠵᠠᠮ ᠬᠠᠷᠢᠯᠴᠠᠭᠠᠨ ᠤ ᠠᠮᠤᠷ ᠲᠦᠪᠰᠢᠨ ᠢ ᠪᠠᠲᠤᠯᠠᠬᠤ ᠶᠢᠨ ᠲᠤᠰᠠᠳᠠ᠂ 2023 ᠣᠨ ᠤ 9 ᠰᠠᠷ᠎ᠠ ᠶᠢᠨ 14 ᠤ ᠡᠳᠦᠷ ᠷᠠᠰᠢᠶᠠᠨ ᠠᠴᠠ ᠠᠰᠬᠠᠲᠤ ᠬᠦᠷᠬᠦ ᠵᠠᠰᠠᠮᠠᠯ ᠵᠠᠮ ︵Y205 ᠱᠤᠭᠤᠮ ᠤᠨ K47+987—K52+114 ᠬᠡᠰᠡᠭ᠂ Z001 ᠱᠤᠭᠤᠮ ᠤᠨ K0+000—K36+132 ᠬᠡᠰᠡᠭ︶ ᠤᠨ ᠵᠠᠮ ᠬᠠᠷᠢᠯᠴᠠᠭ᠎ᠠ ᠶᠢ ᠪᠢᠲᠡᠭᠦᠮᠵᠢᠯᠡᠬᠦ ᠪᠠᠷ ᠲᠣᠭᠲᠠᠪᠠ᠃      ᠨᠢᠭᠡ᠂ ᠪᠢᠲᠡᠭᠦᠮᠵᠢᠯᠡᠬᠦ ᠬᠤᠭᠤᠴᠠᠭ᠎ᠠ᠄      2023 ᠣᠨ ᠤ 9 ᠰᠠᠷ᠎ᠠ ᠶᠢᠨ 17 ᠤ ᠡᠳᠦᠷ ᠠᠴᠠ 2023 ᠣᠨ ᠤ 10 ᠰᠠᠷ᠎ᠠ ᠶᠢᠨ 31 ᠤ ᠡᠳᠦᠷ ᠪᠣᠯᠲᠠᠯ᠎ᠠ᠃      ᠬᠤᠶᠠᠷ᠂ ᠲᠣᠭᠤᠷᠢᠨ ᠶᠠᠪᠤᠬᠤ ᠱᠤᠭᠤᠮ᠄      1. ᠪᠢᠷᠠᠭᠤ ᠠᠴᠠ ᠠᠰᠬᠠᠲᠤ ᠶᠢᠨ ᠴᠢᠯᠠᠭᠤᠨ ᠤᠢ ᠬᠦᠷᠬᠦ᠂ ᠬᠤᠩᠭᠤ ᠶᠢᠨ ᠲᠡᠮᠦᠷ ᠤᠨ ᠠᠭᠤᠷᠬᠠᠢ ᠶᠢᠨ ᠴᠢᠭᠯᠡᠯ ᠤᠨ ᠲᠡᠷᠭᠡ ᠬᠥᠰᠬᠡ᠂ G303 ᠱᠤᠭᠤᠮ ᠢᠶᠠᠷ ᠠᠶᠠᠯᠠᠭᠠᠳ K1074+239 ᠭᠠᠵᠠᠷ ᠲᠤ ᠬᠦᠷᠴᠦ᠂ Y203 ᠱᠤᠭᠤᠮ ᠤᠨ K110+781 ︵G303 ᠪᠣᠯᠣᠨ Y203 ᠶᠢᠨ ᠬᠠᠪᠲᠠᠭᠠᠢ ᠶᠢᠨ ᠰᠣᠯᠪᠢᠴᠠᠯ︶ ᠳᠤ ᠰᠢᠯᠵᠢᠨ ᠦᠷᠭᠦᠯᠵᠢᠯᠡᠨ ᠠᠶᠠᠯᠠᠭᠠᠳ ᠠᠰᠬᠠᠲᠤ ᠶᠢᠨ ᠴᠢᠯᠠᠭᠤᠨ ᠤᠢ᠂ ᠬᠤᠩᠭᠤ ᠶᠢᠨ ᠲᠡᠮᠦᠷ ᠤᠨ ᠠᠭᠤᠷᠬᠠᠢ ᠳᠤ ᠬᠦᠷᠦᠨ᠎ᠡ᠃      2. ᠠᠰᠬᠠᠲᠤ ᠶᠢᠨ ᠴᠢᠯᠠᠭᠤᠨ ᠣᠢ᠂ ᠬᠤᠩᠭᠤ ᠶᠢᠨ ᠲᠡᠮᠦᠷ ᠤᠨ ᠠᠭᠤᠷᠬᠠᠢ ᠠᠴᠠ ᠪᠢᠷᠠᠭᠤ ᠵᠦᠭ ᠶᠠᠪᠤᠬᠤ ᠲᠡᠷᠭᠡ ᠬᠥᠰᠬᠡ᠂ Z001 ᠱᠤᠭᠤᠮ ᠠᠴᠠ Y203 ᠱᠤᠭᠤᠮ ᠤᠨ K51 + 592 ᠭᠠᠵᠠᠷ ᠲᠤ ᠬᠦᠷᠴᠦ᠂ Y203 ᠱᠤᠭᠤᠮ᠂ G303 ᠱᠤᠭᠤᠮ ᠢ ᠳᠠᠭᠠᠵᠤ ᠪᠢᠷᠠᠭᠤ ᠪᠠᠯᠭᠠᠰᠤᠨ ᠳᠤ ᠬᠦᠷᠦᠨ᠎ᠡ᠃          ᠣᠨᠴᠠᠭᠠᠶᠢᠯᠠᠨ ᠵᠠᠷᠯᠠᠪᠠ᠃                ᠬᠡᠰᠢᠭᠲᠡᠨ ᠬᠤᠰᠢᠭᠤᠨ ᠤ ᠵᠠᠮ ᠲᠡᠭᠡᠭᠡᠪᠦᠷᠢ ᠶᠢᠨ ᠲᠣᠪᠴᠢᠶ᠎ᠠ            ᠬᠡᠰᠢᠭᠲᠡᠨ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠶᠡᠭᠡ ᠠᠩᠭᠢ                2023 ᠣᠨ ᠤ 9 ᠰᠠᠷ᠎ᠠ ᠶᠢᠨ 12 ᠤᠨ ᠡᠳᠦᠷ
 
ᠢᠷᠡᠯᠲᠡ᠄ ᠬᠡᠰᠢᠭᠳᠡᠨ ᠬᠤᠰᠢᠭᠤᠨ ᠤ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备09001939号