ᠵᠢᠰᠦ ᠪᠠᠷ ᠢᠯᠭᠠᠨ ᠲᠠᠨᠢᠬᠤ ᠮᠡᠷᠭᠡᠵᠢᠯ ᠢ ᠳᠤᠷ᠎ᠠ ᠪᠠᠷ ᠢᠶᠠᠨ ᠬᠡᠷᠡᠭᠯᠡᠵᠦ ᠪᠤᠯᠬᠤ ᠦᠬᠡᠢ
ᠨᠡᠶᠢᠲᠡᠯᠡᠭᠰᠡᠨ ᠴᠠᠭ᠄
2023/9/5
     ᠰᠠᠭᠤᠭᠠᠯᠢ ᠠᠷᠠᠳ ᠤᠨ ᠲᠣᠭᠤᠷᠢᠭ ᠲᠤ ᠤᠷᠤᠬᠤ ᠠᠴᠠ ᠪᠠᠭᠤᠳᠠᠯ ᠳᠤ ᠬᠤᠨᠤᠬᠯᠠᠬᠤ ᠬᠦᠷᠳᠡᠯ᠎ᠡ᠂ ᠠᠦ᠋ᠲ᠋ᠤᠴᠢᠯᠠᠬᠰᠠᠨ ᠪᠠᠷᠠᠭ᠎ᠠ ᠬᠤᠳᠠᠯᠳᠤᠬᠤ ᠮᠠᠰᠢᠨ ᠠᠴᠠ ᠰᠦᠯᠵᠢᠶ᠎ᠡ ᠪᠠᠷ ᠲᠠᠸᠠᠷ ᠬᠤᠳᠠᠯᠳᠤᠨ ᠠᠪᠬᠤ ᠬᠦᠷᠲᠡᠯ᠎ᠡ᠂ ᠬᠥᠮᠦᠨ ᠤ ᠵᠢᠰᠦ ᠪᠠᠷ ᠢᠯᠭᠠᠨ ᠲᠠᠨᠢᠬᠤ ᠮᠡᠷᠭᠡᠵᠢᠯ ᠲᠦᠷᠭᠡᠨ ᠲᠦᠭᠡᠮᠡᠯᠵᠢᠬᠦ ᠶᠢ ᠲᠠᠭᠠᠯᠳᠤᠨ᠂ ᠬᠡᠷᠡᠭᠯᠡᠭᠡᠨ ᠤ ᠪᠠᠶᠢᠳᠠᠯ ᠨᠢ ᠲᠠᠰᠤᠷᠠᠯᠳᠠ ᠦᠭᠡᠢ ᠥᠷᠭᠡᠵᠢᠪᠡ᠃ ᠭᠡᠪᠡᠴᠦ ᠬᠥᠮᠦᠨ ᠤ ᠵᠢᠰᠦ ᠪᠠᠷ ᠢᠯᠭᠠᠨ ᠲᠠᠨᠢᠬᠤ ᠮᠡᠷᠭᠡᠵᠢᠯ ᠢ ᠬᠡᠷᠡᠭᠯᠡᠬᠦ ᠶᠠᠪᠤᠴᠠ ᠳᠤ ᠪᠠᠰᠠ ᠴᠥᠭᠡᠨ ᠪᠤᠰᠤ ᠠᠰᠠᠭᠤᠳᠠᠯ ᠭᠠᠷᠴᠤ᠂ ᠬᠦᠮᠦᠰ ᠲᠡᠭᠦᠨ ᠤ ᠠᠮᠤᠷ ᠲᠦᠪᠰᠢᠨ ᠤ ᠲᠤᠬᠠᠶ ᠰᠡᠵᠢᠭ ᠳᠦᠷᠦᠵᠦ ᠪᠠᠶᠢᠨ᠎ᠠ᠃      ᠬᠦᠮᠦᠨ ᠤ ᠵᠢᠰᠦ ᠪᠠᠷ ᠢᠯᠭᠠᠨ ᠲᠠᠨᠢᠬᠤ ᠮᠡᠷᠬᠡᠵᠢᠯ ᠤᠨ ᠬᠡᠷᠡᠭᠯᠡᠬᠡᠨ ᠢ ᠵᠢᠷᠤᠮᠵᠢᠭᠤᠯᠤᠨ᠂ ᠬᠤᠪᠢ ᠬᠦᠮᠦᠨ ᠤ ᠮᠡᠳᠡᠭᠡ ᠵᠠᠩᠬᠢ ᠶᠢᠨ ᠡᠷᠬᠡ ᠠᠰᠢᠬ ᠪᠤᠯᠤᠨ ᠪᠤᠰᠤᠳ ᠤᠨ ᠪᠡᠶ᠎ᠡ ᠮᠠᠬᠠᠪᠤᠳ ᠤᠨ ᠠᠮᠤᠷ ᠲᠦᠪᠰᠢᠨ ᠪᠤᠯᠤᠨ ᠡᠳ᠋ ᠬᠦᠷᠦᠩᠬᠡ ᠶᠢᠨ ᠡᠷᠬᠡ ᠠᠰᠢᠬ ᠢ ᠬᠠᠮᠠᠭᠠᠯᠠᠬᠤ ᠶᠢᠨ ᠲᠤᠯᠠᠳᠠ᠂ ᠣᠶᠢᠷ᠎ᠠ ᠳᠤ ᠤᠯᠤᠰ ᠤᠨ ᠢᠨᠲ᠋ᠧᠷ ᠰᠦᠯᠵᠢᠶᠡᠨ ᠤ ᠮᠡᠳᠡᠭᠡ ᠵᠠᠩᠭᠢ ᠶᠢᠨ ᠠᠯᠪᠠᠨ ᠬᠡᠷ ︽ᠬᠥᠮᠦᠨ ᠤ ᠵᠢᠰᠦ ᠪᠠᠷ ᠢᠯᠭᠠᠨ ᠲᠠᠨᠢᠬᠤ ᠮᠡᠷᠭᠡᠵᠢᠯ ᠤᠨ ᠬᠡᠷᠡᠭᠯᠡᠭᠡᠨ ᠤ ᠠᠮᠤᠷ ᠲᠦᠪᠰᠢᠨ ᠤ ᠬᠠᠮᠢᠶᠠᠷᠤᠯᠲᠠ ᠶᠢᠨ ᠲᠣᠭᠲᠠᠭᠠᠯ ︵ᠲᠤᠷᠰᠢᠨ ᠬᠡᠷᠡᠭᠵᠢᠭᠦᠯᠬᠦ︶ ︵ᠰᠠᠨᠠᠯ ᠬᠤᠷᠢᠶᠠᠬᠤ ᠨᠤᠤᠷᠠᠭ︶︾᠎ ᠢ ᠨᠡᠶᠢᠳᠡᠯᠡᠵᠦ᠂ ᠪᠠᠭᠤᠳᠠᠯ᠂ ᠪᠠᠩᠬᠢ᠂ ᠲᠡᠷᠭᠡᠨ ᠥᠷᠲᠡᠭᠡ᠂ ᠨᠢᠰᠭᠡᠯ ᠤᠨ ᠪᠠᠭᠤᠳᠠᠯ᠂ ᠲᠠᠮᠢᠷ ᠤᠨ ᠣᠷᠳᠣᠨ᠂ ᠦᠵᠡᠰᠭᠦᠯᠡᠩ ᠤᠨ ᠣᠷᠳᠣᠨ᠂ ᠮᠦᠽᠧᠶ᠂ ᠤᠷᠠᠨ ᠵᠢᠷᠤᠭ ᠤᠨ ᠣᠷᠳᠣᠨ᠂ ᠨᠣᠮ ᠤᠨ ᠰᠠᠩ ᠵᠡᠷᠭᠡ ᠡᠵᠡᠩᠨᠡᠯᠲᠡ ᠶᠢᠨ ᠲᠠᠯᠠᠪᠤᠷ ᠭᠠᠵᠠᠷ᠂ ᠬᠠᠤᠯᠢ ᠴᠠᠭᠠᠵᠠ᠂ ᠵᠠᠰᠠᠭ ᠵᠠᠬᠢᠷᠭᠠᠨ ᠤ ᠬᠠᠤᠯᠢ ᠲᠣᠭᠲᠠᠭᠠᠯ ᠳᠤ ᠬᠥᠮᠦᠨ ᠤ ᠵᠢᠰᠦ ᠪᠠᠷ ᠢᠯᠭᠠᠨ ᠲᠠᠨᠢᠬᠤ ᠮᠡᠷᠭᠡᠵᠢᠯ ᠢᠶᠠᠷ ᠬᠤᠪᠢ ᠬᠥᠮᠦᠨ ᠤ ᠪᠡᠶ᠎ᠡ ᠬᠡᠮ ᠢ ᠰᠢᠯᠭᠠᠨ ᠭᠡᠷᠡᠴᠢᠯᠡᠵᠦ ᠪᠤᠯᠬᠤ ᠠᠴᠠ ᠭᠠᠳᠠᠨ᠎ᠠ᠂ ᠲᠤᠬᠠᠶᠢᠯᠠᠭᠰᠠᠨ ᠠᠵᠢᠯ ᠬᠦᠢᠴᠡᠳᠬᠡᠬᠦ᠂ ᠦᠢᠯᠡᠴᠢᠯᠡᠭᠡᠨ ᠤ ᠶᠠᠰᠤ ᠴᠢᠨᠠᠷ ᠢ ᠳᠡᠭᠡᠭᠰᠢᠯᠡᠭᠦᠯᠬᠦ ᠵᠡᠷᠭᠡ ᠪᠠᠷ ᠰᠢᠯᠲᠠᠭ ᠪᠣᠯᠭᠠᠵᠤ ᠬᠤᠪᠢ ᠬᠥᠮᠦᠨ ᠢ ᠠᠯᠪᠠᠳᠠᠬᠤ ᠪᠤᠯᠤᠨ ᠮᠡᠬᠡᠯᠡᠨ ᠦᠳᠦᠬᠡᠵᠦ ᠰᠦᠷᠳᠡᠭᠦᠯᠵᠦ ᠪᠠᠶᠢᠭᠠᠳ ᠬᠦᠮᠦᠨ ᠤ ᠵᠢᠰᠦ ᠪᠠᠷ ᠢᠯᠭᠠᠨ ᠲᠠᠨᠢᠬᠤ ᠮᠡᠷᠬᠡᠵᠢᠯ ᠢ ᠬᠡᠷᠡᠭᠯᠡᠵᠦ ᠪᠤᠯᠬᠤ ᠦᠬᠡᠢ ᠬᠡᠵᠦ ᠲᠤᠷᠠᠳᠤᠨ ᠭᠠᠷᠭᠠᠪᠠ᠃      ︽ᠰᠠᠨᠠᠯ ᠬᠤᠷᠢᠶᠠᠬᠤ ᠨᠤᠤᠷᠠᠭ︾᠎ ᠢ ᠨᠡᠶᠢᠲᠡᠯᠡᠭᠰᠡᠨ ᠶᠠᠪᠤᠳᠠᠯ ᠨᠢ ᠣᠯᠠᠨ ᠨᠡᠶᠢᠲᠡ ᠶᠢᠨ ᠬᠦᠰᠡᠯ ᠱᠠᠭᠠᠷᠳᠠᠯᠭ᠎ᠠ ᠳᠤ ᠪᠦᠲᠦᠮᠵᠢᠲᠡᠶ ᠬᠠᠷᠢᠭᠤ ᠥᠭᠴᠦ᠂ ᠬᠦᠮᠦᠰ ᠤᠨ ᠬᠤᠪᠢ ᠬᠥᠮᠦᠨ ᠤ ᠮᠡᠳᠡᠭᠡ ᠵᠠᠩᠭᠢ ᠶᠢᠨ ᠠᠮᠤᠷ ᠲᠦᠪᠰᠢᠨ ᠤ ᠪᠠᠲᠤᠯᠠᠭ᠎ᠠ ᠶᠢᠨ ᠲᠤᠬᠠᠶ ᠢᠲᠡᠭᠡᠯ ᠪᠠ ᠬᠠᠨᠤᠮᠵᠢ ᠶᠢᠨ ᠬᠡᠮᠵᠢᠶ᠎ᠡ ᠶᠢ ᠨᠡᠮᠡᠭᠳᠡᠬᠦᠯᠬᠦ ᠳᠤ ᠠᠰᠢᠬᠳᠠᠢ ᠪᠠᠶᠢᠵᠤ᠂ ᠬᠥᠮᠦᠨ ᠤ ᠵᠢᠰᠦ ᠪᠠᠷ ᠢᠯᠭᠠᠨ ᠲᠠᠨᠢᠬᠤ ᠮᠡᠷᠭᠡᠵᠢᠯ ᠤᠨ ᠬᠡᠷᠡᠭᠯᠡᠯᠲᠡ ᠶᠢᠨ ᠳᠤᠮᠳᠠ ᠪᠣᠳᠠᠲᠠᠶ ᠵᠢᠷᠤᠮᠵᠢᠯ ᠤᠨ ᠴᠢᠨᠠᠷᠲᠠᠶ ᠬᠠᠤᠯᠢ ᠴᠠᠭᠠᠵᠠ ᠶᠢᠨ ᠦᠨᠳᠦᠰᠦᠯᠡᠯ ᠳᠤᠲᠠᠭᠳᠠᠵᠤ ᠪᠠᠶᠢᠭ᠎ᠠ ᠬᠤᠭᠤᠰᠣᠨ ᠢ ᠨᠦᠬᠦᠪᠦᠷᠢᠯᠡᠬᠦ ᠪᠤᠯᠤᠨ᠎ᠠ᠃ ᠭᠠᠭᠴᠠ ᠬᠦ ᠮᠡᠷᠭᠡᠵᠢᠯ ᠤᠨ ᠬᠡᠷᠡᠭᠯᠡᠭᠡᠨ ᠤ ᠪᠠᠶᠢᠳᠠᠯ ᠢ ᠵᠢᠷᠤᠮᠵᠢᠭᠤᠯᠪᠠᠯ ᠬᠠᠮᠢᠶ᠎ᠠ ᠪᠦᠬᠦᠢ ᠠᠵᠤ ᠦᠢᠯᠡᠰ ᠤᠨ ᠠᠮᠢᠵᠢᠷᠠᠯ ᠤᠨ ᠬᠦᠴᠦᠨ ᠪᠠ ᠳᠠᠯᠳᠠ ᠬᠦᠴᠦᠨ ᠢ ᠤᠯᠠᠮ ᠴᠢᠨᠠᠬᠰᠢᠳᠠ ᠬᠥᠭᠵᠢᠭᠡᠵᠦ ᠴᠢᠳᠠᠨ᠎ᠠ᠃      ᠬᠥᠮᠦᠨ ᠤ ᠵᠢᠰᠦ ᠪᠠᠷ ᠢᠯᠭᠠᠨ ᠲᠠᠨᠢᠬᠤ ᠮᠡᠷᠭᠡᠵᠢᠯ ᠢ ᠵᠢᠷᠤᠮᠵᠢᠭᠤᠨ ᠰᠠᠶᠢᠨ ᠠᠰᠢᠬᠯᠠᠬᠤ ᠳᠤ ᠤᠷᠳᠤ ᠬᠤᠭᠤᠴᠠᠭᠠᠨ ᠤ ᠪᠦᠳᠦᠮᠵᠢᠳᠡᠢ ᠳᠤᠬᠳᠠᠴᠠ ᠶᠢ ᠪᠠᠶᠢᠭᠤᠯᠤᠨ ᠳᠡᠭᠦᠯᠳᠡᠷᠵᠢᠬᠦᠯᠵᠦ᠂ ᠦᠢᠯᠡᠳᠦᠯᠭᠡ ᠶᠢᠨ ᠳᠤᠮᠳᠠ ᠬᠠᠤᠯᠢ ᠴᠠᠭᠠᠵᠠ ᠲᠦᠷᠢᠮ ᠲᠣᠭᠲᠠᠭᠠᠯ ᠢ ᠲᠠᠰᠤᠷᠠᠯᠳᠠ ᠦᠭᠡᠢ ᠪᠦᠷᠢᠨᠰᠢᠬᠦᠯᠵᠦ᠂ ᠠᠮᠤᠷ ᠲᠦᠪᠰᠢᠨ ᠢ ᠪᠠᠲᠤᠯᠠᠭᠰᠠᠨ ᠤᠷᠢᠲᠠᠯ ᠳᠣᠣᠷ᠎ᠠ ᠠᠵᠤ ᠠᠬᠤᠢ ᠨᠡᠶᠢᠭᠡᠮ ᠤᠨ ᠬᠥᠭᠵᠢᠯᠲᠡ ᠳᠤ ᠬᠠᠮᠤᠭ ᠤᠨ ᠶᠡᠭᠡ ᠬᠡᠮᠵᠢᠶ᠎ᠡ ᠪᠠᠷ ᠦᠢᠯᠡᠴᠢᠯᠡᠬᠦᠯᠪᠡᠯ ᠵᠤᠬᠢᠨ᠎ᠠ᠃
 
ᠢᠷᠡᠯᠲᠡ᠄ ᠳᠤᠮᠳᠠᠳᠤ ᠤᠯᠤᠰ ᠤᠨ ᠮᠣᠩᠭᠣᠯ ᠬᠡᠯᠡᠨ ᠦ ᠰᠣᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备09001939号