ᠭᠡᠷᠡᠴᠢᠯᠡᠯ ᠤᠨ ᠬᠤᠭᠤᠴᠠᠭ᠎ᠠ ᠠᠴᠠ ᠬᠡᠲᠦᠷᠡᠭᠰᠡᠳ ᠤᠨ ᠨᠠᠰᠤᠵᠢᠯ ᠤᠨ ᠳᠠᠭᠠᠳᠬᠠᠯ ᠤᠨ ᠣᠯᠭᠤᠮᠵᠢ ᠶᠢ ᠵᠣᠭᠰᠤᠭᠠᠬᠤ ᠲᠤᠬᠠᠢ ᠪᠠᠴᠢᠮ ᠮᠡᠳᠡᠭᠳᠡᠯ
ᠨᠡᠶᠢᠲᠡᠯᠡᠭᠰᠡᠨ ᠴᠠᠭ᠄
2023/9/6
ᠬᠡᠰᠢᠭᠲᠡᠨ ᠬᠤᠰᠢᠭᠤᠨ ᠤ ᠨᠡᠶᠢᠭᠡᠮ ᠤᠨ ᠳᠠᠭᠠᠳᠬᠠᠯ ᠤᠨ ᠣᠯᠭᠤᠮᠵᠢ ᠬᠦᠷᠲᠡᠭᠰᠡᠳ ᠲᠤ᠄      ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠨᠡᠶᠢᠭᠡᠮ ᠤᠨ ᠳᠠᠭᠠᠳᠬᠠᠯ ᠤᠨ ᠬᠠᠤᠯᠢ︾ ᠪᠠ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠶᠠᠮᠤᠨ ᠤ ︽ᠨᠡᠶᠢᠭᠡᠮ ᠤᠨ ᠳᠠᠭᠠᠳᠬᠠᠯ ᠤᠨ ᠣᠯᠭᠤᠮᠵᠢ ᠶᠢᠨ ᠬᠢᠷᠢ ᠬᠡᠮ ᠢ ᠨᠤᠲᠠᠯᠠᠬᠤ ᠶᠢ ᠭᠠᠷᠲᠠᠨ ᠭᠦᠢᠴᠡᠳᠬᠡᠬᠦ ᠳᠦᠷᠢᠮ ︵ᠲᠦᠷ ᠬᠡᠷᠡᠭᠵᠢᠭᠦᠯᠬᠦ︶︾ ︵ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠢᠩᠬᠢᠮ ᠲᠠᠷᠬᠠᠭᠠᠭᠰᠠᠨ ﹇2018﹈ 107 ᠳ᠋ᠤᠭᠠᠷ ᠲᠣᠭᠠᠲᠤ︶᠎ ᠶᠢᠨ ᠱᠠᠭᠠᠷᠳᠠᠯᠭ᠎ᠠ ᠶᠢ ᠦᠨᠳᠦᠰᠦᠯᠡᠨ᠂ ᠨᠡᠶᠢᠭᠡᠮ ᠤᠨ ᠳᠠᠭᠠᠳᠬᠠᠯ ᠤᠨ ᠣᠯᠭᠤᠮᠵᠢ ᠶᠢ ᠮᠡᠬᠡᠯᠡᠬᠦ᠂ ᠬᠠᠭᠤᠷᠮᠠᠭᠯᠠᠨ ᠠᠪᠬᠤ ᠦᠶᠯᠡ ᠠᠵᠢᠯᠯᠠᠭ᠎ᠠ ᠶᠢ ᠪᠦᠲᠦᠮᠵᠢᠲᠡᠶ ᠰᠡᠷᠭᠡᠶᠢᠯᠡᠵᠦ᠂ ᠨᠡᠶᠢᠭᠡᠮ ᠤᠨ ᠳᠠᠭᠠᠳᠬᠠᠯ ᠤᠨ ᠰᠠᠭᠤᠷᠢ ᠮᠥᠩᠭᠦ ᠶᠢᠨ ᠠᠮᠤᠷ ᠲᠦᠪᠰᠢᠨ ᠢ ᠪᠠᠲᠤᠯᠠᠬᠤ ᠶᠢᠨ ᠲᠤᠰᠠᠳᠠ ᠂ ᠡᠳᠦᠭᠡ ᠣᠯᠭᠤᠮᠵᠢ ᠶᠢᠨ ᠬᠢᠷᠢ ᠬᠡᠮ ᠢ ᠭᠡᠷᠡᠴᠢᠯᠡᠬᠦ ᠬᠤᠯᠪᠣᠭᠳᠠᠯ ᠪᠦᠬᠦᠢ ᠵᠦᠢᠯᠡᠰ ᠢ ᠳᠣᠣᠷᠠᠬᠢ ᠮᠡᠲᠦ ᠮᠡᠳᠡᠭᠳᠡᠪᠡ᠄      ᠠᠵᠤ ᠠᠬᠤᠶᠢᠯᠠᠯ ᠤᠨ ᠠᠵᠢᠯᠲᠠᠨ ᠠᠵᠢᠯᠴᠢᠨ ᠤ ᠨᠠᠰᠤᠵᠢᠯ ᠤᠨ ᠠᠰᠠᠷᠠᠮᠵᠢ ᠶᠢᠨ ᠳᠠᠭᠠᠳᠬᠠᠯ᠂ ᠠᠯᠪᠠᠨ ᠪᠠᠶᠢᠭᠤᠯᠤᠯᠭ᠎ᠠ ᠠᠵᠢᠯ ᠦᠢᠯᠡᠰ ᠤᠨ ᠨᠢᠭᠡᠴᠡ ᠶᠢᠨ ᠨᠠᠰᠤᠵᠢᠯ ᠤᠨ ᠠᠰᠠᠷᠠᠮᠵᠢ ᠶᠢᠨ ᠳᠠᠭᠠᠳᠬᠠᠯ᠂ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠤᠨ ᠣᠯᠭᠤᠮᠵᠢ ᠬᠦᠷᠲᠡᠵᠦ ᠪᠠᠶᠢᠭ᠎ᠠ ᠬᠥᠮᠥᠰ ᠤᠨ ᠭᠡᠷᠡᠴᠢᠯᠡᠯ ᠤᠨ ᠨᠢᠭᠡ ᠦᠶᠡᠯᠡᠯ ᠤᠨ ᠬᠤᠭᠤᠴᠠᠭ᠎ᠠ ᠨᠢ 12 ᠰᠠᠷ᠎ᠠ ᠪᠣᠯᠣᠨ᠎ᠠ ︵ᠵᠢᠱᠢᠶᠡᠯᠡᠪᠡᠯ᠄ ᠵᠠᠩ ᠣᠪᠣᠭᠲᠤ 2022 ᠣᠨ ᠤ 5 ᠰᠠᠷ᠎ᠠ ᠶᠢᠨ 1᠎ ᠤ ᠡᠳᠦᠷ ᠬᠢᠷᠢ ᠬᠡᠮ ᠤᠨ ᠭᠡᠷᠡᠴᠢᠯᠡᠯ ᠢ ᠪᠡᠶᠡᠯᠡᠭᠦᠯᠦᠭᠰᠡᠨ ᠪᠣᠯ᠂ ᠡᠷᠬᠡᠪᠰᠢ 2023 ᠣᠨ ᠤ 5 ᠰᠠᠷ᠎ᠠ ᠶᠢᠨ 1᠎ ᠤ ᠡᠳᠦᠷ ᠠᠴᠠ ᠡᠮᠦᠨ᠎ᠡ ᠬᠢᠷᠢ ᠬᠡᠮ ᠤᠨ ᠭᠡᠷᠡᠴᠢᠯᠡᠯ ᠢ ᠨᠢᠭᠡ ᠤᠳᠠᠭ᠎ᠠ ᠬᠢᠬᠦ ᠬᠡᠷᠡᠭᠲᠡᠢ᠂ ᠡᠭᠦᠨᠴᠢᠯᠡᠨ ᠦᠶᠡᠯᠡᠭᠦᠯᠦᠨ᠎ᠡ︶᠃ ᠭᠡᠷᠡᠴᠢᠯᠡᠯ ᠤᠨ ᠬᠤᠭᠤᠴᠠᠭ᠎ᠠ ᠠᠴᠠ ᠬᠡᠲᠦᠷᠡᠭᠰᠡᠳ 2023 ᠣᠨ ᠤ 9 ᠰᠠᠷ᠎ᠠ ᠶᠢᠨ 8᠎ ᠤ ᠡᠳᠦᠷ ᠠᠴᠠ ᠡᠮᠦᠨ᠎ᠡ ᠬᠢᠷᠢ ᠬᠡᠮ ᠤᠨ ᠭᠡᠷᠡᠴᠢᠯᠡᠯ ᠢ ᠪᠡᠶᠡᠯᠡᠭᠦᠯᠬᠦ ᠬᠡᠷᠡᠭᠲᠡᠢ᠂ ᠬᠤᠭᠤᠴᠠᠭ᠎ᠠ ᠬᠡᠲᠦᠷᠡᠲᠡᠯ᠎ᠡ ᠭᠡᠷᠡᠴᠢᠯᠡᠯ ᠢ ᠪᠡᠶᠡᠯᠡᠭᠦᠯᠦᠭᠰᠡᠨ ᠦᠭᠡᠢ ᠪᠠᠶᠢᠪᠠᠯ᠂ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠤᠨ ᠣᠯᠭᠤᠮᠵᠢ ᠶᠢ ᠲᠦᠷ ᠵᠣᠭᠰᠣᠭᠠᠵᠤ᠂ ᠭᠡᠷᠡᠴᠢᠯᠡᠯ ᠢ ᠪᠡᠶᠡᠯᠡᠭᠦᠯᠦᠭᠰᠡᠨ ᠤ ᠳᠠᠷᠠᠭ᠎ᠠ ᠦᠷᠭᠦᠯᠵᠢᠯᠡᠨ ᠣᠯᠭᠤᠨ᠎ᠠ᠃      ᠭᠡᠷᠡᠴᠢᠯᠡᠯ ᠤᠨ ᠬᠡᠯᠪᠡᠷᠢ᠄      1. ᠥᠪᠥᠷ ᠮᠣᠩᠭᠤᠯ ᠤᠨ ᠭᠡᠷᠡᠴᠢᠯᠡᠯ ᠤᠨ ᠲᠠᠪᠴᠠᠩ᠄ ᠭᠠᠷ ᠤᠲᠠᠰᠤᠨ ᠳᠤ ᠪᠠᠨ ︽ᠥᠪᠥᠷ ᠮᠣᠩᠭᠤᠯ ᠤᠨ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ︾ APP᠎ ᠢ ᠤᠭᠰᠠᠷᠠᠵᠤ → ︽ᠬᠠᠯᠠᠮᠵᠢᠯᠠᠯ ᠤᠨ ᠵᠠᠭᠪᠤᠷ︾ ᠪᠤᠶᠤ ︽ᠲᠣᠮᠣ ᠥᠰᠥᠭ ᠤᠨ ᠵᠠᠭᠪᠤᠷ︾᠎ ᠲᠤ ᠣᠷᠣᠵᠤ → ︽ᠨᠡᠶᠢᠭᠡᠮ ᠤᠨ ᠳᠠᠭᠠᠳᠬᠠᠯ ᠤᠨ ᠣᠯᠭᠤᠮᠵᠢ ᠶᠢᠨ ᠬᠢᠷᠢ ᠬᠡᠮ ᠤᠨ ᠭᠡᠷᠡᠴᠢᠯᠡᠯ︾᠎ ᠢ ᠰᠠᠨᠠᠭᠤᠯᠤᠮᠵᠢ ᠶᠣᠰᠣᠭᠠᠷ ᠭᠦᠢᠴᠡᠳᠬᠡᠨ᠎ᠡ᠃
     2. ᠤᠯᠤᠰ ᠤᠨ ᠭᠡᠷᠡᠴᠢᠯᠡᠯ ᠤᠨ ᠲᠠᠪᠴᠠᠩ᠄ ᠭᠠᠷ ᠤᠲᠠᠰᠤᠨ ᠳᠤ ᠪᠠᠨ ︽ᠡᠯᠧᠺᠲᠷᠣᠨ ᠨᠡᠶᠢᠭᠡᠮ ᠤᠨ ᠳᠠᠭᠠᠳᠬᠠᠯ ᠤᠨ ᠺᠠᠷᠲ︾ APP᠎ ᠢ ᠤᠭᠰᠠᠷᠠᠵᠤ᠂ ᠳᠠᠩᠰᠠᠯᠠᠭᠤᠯᠤᠭᠰᠠᠨ ᠤ ᠳᠠᠷᠠᠭ᠎ᠠ ︽ᠨᠡᠶᠢᠭᠡᠮ ᠤᠨ ᠳᠠᠭᠠᠳᠬᠠᠯ ᠤᠨ ᠣᠯᠭᠤᠮᠵᠢ ᠶᠢᠨ ᠬᠢᠷᠢ ᠬᠡᠮ ᠤᠨ ᠭᠡᠷᠡᠴᠢᠯᠡᠯ︾᠎ ᠢ ᠲᠣᠪᠴᠢᠳᠠᠨ ᠰᠠᠨᠠᠭᠤᠯᠤᠮᠵᠢ ᠶᠣᠰᠣᠭᠠᠷ ᠭᠦᠢᠴᠡᠳᠬᠡᠨ᠎ᠡ᠃
     3. ︽ᠭᠡᠷᠡᠴᠢᠯᠡᠯ ᠤᠨ ᠲᠡᠮᠳᠡᠭᠯᠡᠯ ᠢ ᠪᠠᠶᠢᠴᠠᠭᠠᠨ ᠯᠠᠪᠯᠠᠬᠤ︾᠎ ᠪᠠᠷ ᠳᠠᠮᠵᠢᠭᠤᠯᠤᠨ ᠰᠠᠨᠠᠭᠤᠯᠤᠮᠵᠢ ᠶᠢᠨ ᠱᠠᠭᠠᠷᠳᠠᠯᠭ᠎ᠠ ᠶᠣᠰᠣᠭᠠᠷ ᠥᠪᠡᠷ ᠤᠨ ᠲᠤᠰ ᠵᠢᠯ ᠤᠨ ᠭᠡᠷᠡᠴᠢᠯᠡᠯ ᠢᠶᠠᠨ ᠠᠮᠵᠢᠯᠲᠠ ᠲᠠᠢ ᠪᠡᠶᠡᠯᠡᠭᠦᠯᠦᠭᠰᠡᠨ ᠡᠰᠡᠬᠦ ᠶᠢ ᠦᠵᠡᠵᠦ ᠪᠣᠯᠣᠨ᠎ᠠ᠃      ᠯᠠᠪᠯᠠᠬᠤ ᠤᠲᠠᠰᠤ᠄ 0476 ︱ 5231723          ᠬᠡᠰᠢᠭᠲᠡᠨ ᠬᠤᠰᠢᠭᠤᠨ ᠤ ᠨᠡᠶᠢᠭᠡᠮ ᠤᠨ ᠳᠠᠭᠠᠳᠬᠠᠯ ᠤᠨ ᠦᠢᠯᠡᠰ ᠤᠨ ᠦᠢᠯᠡᠴᠢᠯᠡᠭᠡᠨ ᠤ ᠲᠥᠪ      2023 ᠣᠨ ᠤ 9 ᠰᠠᠷ᠎ᠠ ᠶᠢᠨ 4᠎ ᠤ ᠡᠳᠦᠷ
 
ᠢᠷᠡᠯᠲᠡ᠄ ᠬᠡᠰᠢᠭᠳᠡᠨ ᠬᠤᠰᠢᠭᠤᠨ ᠤ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备09001939号