﹇ᠪᠠᠶᠠᠨᠴᠠᠭᠠᠨ ᠰᠤᠮᠤ﹈ ᠬᠤᠶᠠᠷ ᠲᠦᠮᠡ ᠭᠠᠷᠤᠢ ᠮᠠᠯ ᠤᠨ ᠡᠪᠡᠰᠦ ᠪᠣᠷᠳᠤᠭ᠎ᠠ ᠶᠢ ᠭᠦᠢᠴᠡᠳ ᠨᠥᠭᠡᠴᠡᠯᠡᠨ ᠰᠠᠨᠠᠭ᠎ᠠ ᠠᠮᠤᠷ ᠡᠪᠦᠯᠵᠢᠬᠦ ᠶᠢ ᠪᠠᠲᠤᠯᠠᠵᠤ ᠪᠣᠢ
ᠨᠡᠶᠢᠲᠡᠯᠡᠭᠰᠡᠨ ᠴᠠᠭ᠄
2024/1/18
     ᠮᠠᠯ ᠰᠦᠷᠦᠭ ᠢ ᠠᠮᠤᠷ ᠲᠦᠪᠰᠢᠨ ᠢᠶᠠᠷ ᠡᠪᠦᠯ ᠬᠠᠪᠤᠷ ᠢ ᠥᠩᠭᠡᠷᠡᠭᠦᠯᠬᠦ ᠶᠢ ᠪᠠᠲᠤᠯᠠᠬᠤ ᠶᠢᠨ ᠲᠥᠯᠥᠭᠡ᠂ ᠪᠠᠶᠠᠨᠴᠠᠭᠠᠨ ᠰᠤᠮᠤ ᠤᠯᠠᠨ ᠠᠷᠭ᠎ᠠ ᠶᠢ ᠵᠡᠷᠭᠡᠪᠡᠷ ᠬᠡᠷᠡᠭᠯᠡᠵᠦ᠂ ᠮᠠᠯ ᠰᠦᠷᠦᠭ ᠢ ᠠᠮᠤᠷ ᠲᠦᠪᠰᠢᠨ ᠢᠶᠠᠷ ᠡᠪᠦᠯᠵᠢᠭᠦᠯᠬᠦ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠵᠦ᠂ ᠦᠢᠯᠡᠳᠪᠦᠷᠢᠯᠡᠯ ᠠᠮᠢᠳᠤᠷᠠᠯ ᠤᠨ ᠲᠣᠭᠲᠠᠭᠤᠨ ᠡᠮᠬᠢ ᠳᠢᠭᠯᠢᠮ ᠲᠠᠢ ᠠᠮᠤᠷ ᠲᠦᠪᠰᠢᠨ ᠬᠥᠭᠵᠢᠯᠲᠡ ᠶᠢ ᠪᠠᠲᠤᠯᠠᠵᠤ ᠪᠣᠢ᠃      ᠪᠠᠶᠠᠨᠴᠠᠭᠠᠨ ᠰᠤᠮᠤ ᠰᠠᠨᠠᠭᠠᠴᠢᠯᠠᠭ᠎ᠠ ᠠᠴᠠ ᠪᠠᠨ ᠡᠪᠡᠰᠦ ᠪᠣᠷᠳᠤᠭ᠎ᠠ ᠶᠢᠨ ᠵᠠᠬ᠎ᠠ ᠳᠡᠯᠭᠡᠭᠦᠷ ᠲᠠᠢ ᠵᠣᠯᠭᠠᠭᠤᠯᠵᠤ ᠂ ᠪᠡᠯᠡ ᠮᠥᠩᠭᠦ ᠴᠤᠭᠯᠠᠭᠤᠯᠵᠤ᠂ ᠡᠪᠡᠰᠦ ᠪᠣᠷᠳᠤᠭ᠎ᠠ ᠶᠢ ᠴᠠᠭ ᠲᠤᠬᠠᠢ ᠳᠤᠨᠢ ᠤᠷᠢᠳᠴᠢᠯᠠᠨ ᠵᠠᠬᠢᠶᠠᠯᠠᠵᠤ᠂ ᠡᠪᠡᠰᠦ ᠪᠣᠷᠳᠤᠭ᠎ᠠ ᠶᠢᠨ ᠬᠠᠩᠭᠠᠯᠭ᠎ᠠ ᠶᠢ ᠪᠠᠲᠤᠯᠠᠬᠤ ᠥᠷᠲᠡᠭᠡ ᠪᠠ ᠬᠠᠮᠲᠤ ᠪᠠᠷ ᠡᠳ᠋ᠯᠡᠬᠦ ᠲᠡᠵᠢᠭᠡᠯ ᠪᠣᠷᠳᠤᠭ᠎ᠠ ᠶᠢᠨ ᠥᠷᠲᠡᠭᠡ ᠵᠡᠷᠭᠡ ᠰᠠᠭᠤᠷᠢ ᠲᠥᠬᠦᠭᠡᠷᠦᠮᠵᠢ ᠶᠢᠨ ᠦᠢᠯᠡᠳᠦᠯ ᠢ ᠪᠥᠬᠦ ᠲᠠᠯ᠎ᠠ ᠪᠠᠷ ᠪᠠᠳᠠᠷᠠᠭᠤᠯᠵᠤ᠂ ᠡᠪᠡᠰᠦ ᠪᠣᠷᠳᠤᠭ᠎ᠠ ᠶᠢ ᠨᠥᠭᠡᠴᠡᠯᠡᠨ ᠲᠡᠭᠡᠭᠡᠪᠦᠷᠢᠯᠡᠬᠦ ᠠᠵᠢᠯ ᠢ ᠦᠨᠡᠨᠬᠦ ᠰᠠᠶᠢᠲᠤᠷ ᠬᠢᠵᠦ᠂ ᠮᠠᠯᠴᠢᠳ ᠤᠨ ᠦᠬᠡᠷ ᠢᠶᠠᠨ ᠡᠪᠡᠰᠦ ᠪᠣᠷᠳᠤᠭ᠎ᠠ ᠭᠦᠢᠴᠡᠳ ᠭᠠᠵᠠᠷ ᠲᠤ ᠰᠢᠯᠵᠢᠭᠦᠯᠦᠨ ᠲᠡᠵᠢᠭᠡᠬᠦ ᠶᠢ ᠵᠣᠷᠢᠭᠵᠢᠭᠤᠯᠬᠤ ᠶᠢᠨ ᠬᠠᠮᠲᠤ᠂ 1 ᠲᠣᠯᠣᠭᠠᠢ ᠳᠤ 100 ᠲᠥᠭᠦᠷᠢᠭ ᠤᠨ ᠲᠡᠭᠡᠭᠡᠪᠦᠷᠢ ᠶᠢᠨ ᠬᠦᠴᠦᠨ ᠤ ᠨᠥᠬᠦᠪᠦᠷᠢ ᠥᠭᠭᠦᠭᠰᠡᠨ ᠪᠠᠶᠢᠨ᠎ᠠ᠃
     ᠮᠠᠯ ᠰᠦᠷᠦᠭ ᠤᠨ ᠬᠦᠢᠲᠡᠨ ᠠᠴᠠ ᠬᠠᠮᠠᠭᠠᠯᠠᠨ ᠳᠤᠯᠠᠭᠠᠯᠠᠭ᠎ᠠ ᠶᠢ ᠪᠠᠲᠤᠯᠠᠬᠤ ᠠᠵᠢᠯ ᠢ ᠰᠠᠶᠢᠲᠤᠷ ᠬᠢᠬᠦ ᠶᠢᠨ ᠬᠠᠮᠲᠤ᠂ ᠪᠠᠶᠠᠨᠴᠠᠭᠠᠨ ᠰᠤᠮᠤᠨ ᠤ ᠮᠠᠯ ᠡᠮᠨᠡᠯᠭᠡ ᠶᠢᠨ ᠠᠵᠢᠯᠲᠠᠳ ᠪᠠᠰᠠ ᠲᠡᠵᠢᠭᠡᠨ ᠦᠷᠡᠵᠢᠭᠦᠯᠬᠦ ᠡᠷᠦᠬᠡ ᠳᠤ ᠪᠦᠬᠦ ᠲᠠᠯ᠎ᠠ ᠶᠢᠨ ᠮᠡᠷᠭᠡᠵᠢᠯ ᠤᠨ ᠦᠢᠯᠡᠴᠢᠯᠡᠭᠡ ᠬᠠᠩᠭᠠᠵᠤ᠂ ᠰᠢᠨᠵᠢᠯᠡᠬᠦ ᠤᠬᠠᠭᠠᠨᠴᠢ ᠪᠠᠷ ᠠᠷᠠᠴᠢᠯᠠᠨ ᠲᠡᠵᠢᠭᠡᠬᠦ ᠶᠢ ᠣᠶᠢᠯᠠᠭᠠᠭᠳᠠᠬᠤᠨ ᠢ ᠳᠡᠭᠡᠭᠰᠢᠯᠡᠭᠦᠯᠵᠦ᠂ ᠡᠪᠦᠯ ᠤᠨ ᠤᠯᠠᠷᠢᠯ ᠤᠨ ᠮᠠᠯ ᠤᠨ ᠬᠢᠵᠢᠭ ᠡᠪᠡᠳᠴᠢᠨ ᠢ ᠰᠡᠷᠭᠡᠶᠢᠯᠡᠨ ᠡᠵᠡᠮᠳᠡᠬᠦ ᠠᠵᠢᠯ ᠢ ᠰᠠᠶᠢᠲᠤᠷ ᠬᠢᠵᠦ᠂ ᠴᠠᠭ ᠠᠭᠤᠷ ᠤᠨ ᠮᠡᠳᠡᠭᠡ ᠵᠠᠩᠭᠢ ᠨᠡᠶᠢᠲᠡᠯᠡᠵᠦ᠂ ᠭᠠᠮᠰᠢᠭ ᠤᠨ ᠰᠡᠷᠡᠮᠵᠢ ᠶᠢᠨ ᠳᠣᠬᠢᠶ᠎ᠠ ᠪᠠᠭᠤᠯᠭᠠᠵᠤ᠂ ᠬᠦᠢᠲᠡᠨ ᠢ ᠡᠰᠡᠷᠭᠦᠴᠡᠨ ᠮᠠᠯ ᠢᠶᠠᠨ ᠬᠠᠮᠠᠭᠠᠯᠠᠬᠤ᠂ ᠭᠠᠮᠰᠢᠭ ᠢ ᠰᠡᠷᠭᠡᠶᠢᠯᠡᠨ ᠭᠠᠮᠰᠢᠭ ᠢ ᠪᠠᠭᠠᠰᠬᠠᠬᠤ ᠪᠠ ᠠᠮᠢᠳᠠᠨ ᠤ ᠬᠢᠵᠢᠭ ᠡᠪᠡᠳᠴᠢᠨ ᠢ ᠰᠡᠷᠭᠡᠶᠢᠯᠡᠨ ᠡᠵᠡᠮᠳᠡᠬᠦ᠂ ᠬᠠᠰᠢᠶ᠎ᠠ ᠰᠠᠷᠠᠪᠴᠢ ᠶᠢ ᠰᠡᠯᠪᠢᠨ ᠪᠠᠬᠢᠵᠢᠭᠦᠯᠬᠦ ᠵᠡᠷᠭᠡ ᠠᠵᠢᠯ ᠢ ᠢᠳᠡᠪᠬᠢᠲᠡᠢ ᠤᠬᠠᠭᠤᠯᠵᠤ᠂ ᠮᠠᠯᠴᠢᠳ ᠤᠨ ᠰᠢᠨᠵᠢᠯᠡᠬᠦ ᠤᠬᠠᠭᠠᠨᠴᠢ ᠪᠠᠷ ᠠᠷᠠᠴᠢᠯᠠᠨ ᠲᠡᠵᠢᠭᠡᠬᠦ ᠬᠠᠮᠢᠶᠠᠷᠤᠯᠲᠠ ᠶᠢᠨ ᠴᠢᠳᠠᠪᠤᠷᠢ ᠶᠢ ᠳᠡᠭᠡᠭᠰᠢᠯᠡᠭᠦᠯᠦᠭᠰᠡᠨ ᠪᠠᠶᠢᠨ᠎ᠠ᠃
     ᠣᠳᠣᠬᠠᠨ ᠳᠤ᠂ ᠪᠠᠶᠠᠨᠴᠠᠭᠠᠨ ᠰᠤᠮᠤ ᠶᠢᠨ 14 ᠭᠠᠴᠠᠭ᠎ᠠ ᠶᠢᠨ 327 ᠡᠷᠦᠬᠡ ᠶᠢᠨ 20037 ᠲᠣᠯᠣᠭᠠᠢ ᠦᠬᠡᠷ ᠢ ᠡᠪᠡᠰᠦ ᠪᠣᠷᠳᠤᠭ᠎ᠠ ᠭᠦᠢᠴᠡᠳ ᠭᠠᠵᠠᠷ ᠣᠷᠣᠨ ᠳᠤ ᠰᠢᠯᠵᠢᠭᠦᠯᠦᠨ ᠡᠪᠦᠯᠵᠢᠭᠦᠯᠬᠦ ᠶᠢᠨ ᠬᠠᠮᠲᠤ᠂ ᠲᠡᠭᠡᠭᠡᠪᠦᠷᠢ ᠶᠢᠨ ᠬᠦᠴᠦᠨ ᠤ ᠨᠥᠬᠦᠪᠦᠷᠢ 200 ᠭᠠᠷᠤᠢ ᠲᠦᠮᠡᠨ ᠲᠥᠭᠦᠷᠢᠭ ᠥᠭᠴᠦ᠂ ᠬᠦᠢᠲᠡᠨ ᠤᠷᠤᠰᠬᠠᠯ᠂ ᠴᠠᠰᠤ ᠣᠷᠣᠵᠤ ᠳᠤᠯᠠᠭᠠᠨ ᠤ ᠬᠡᠮᠵᠢᠶ᠎ᠡ ᠳᠣᠷᠣᠭᠰᠢᠯᠠᠬᠤ ᠶᠢᠨ ᠮᠠᠯ ᠲᠡᠵᠢᠭᠡᠪᠦᠷᠢ ᠶᠢᠨ ᠦᠢᠯᠡᠰ ᠲᠤ ᠦᠵᠡᠭᠦᠯᠬᠦ ᠨᠥᠯᠥᠭᠡ ᠶᠢ ᠤᠯᠠᠮ ᠨᠢᠭᠡ ᠠᠯᠬᠤᠮ ᠪᠠᠭᠠᠰᠬᠠᠵᠤ᠂ ᠮᠠᠯ ᠰᠦᠷᠦᠭ ᠤᠨ ᠠᠮᠤᠷ ᠲᠦᠪᠰᠢᠨ ᠢᠶᠠᠷ ᠡᠪᠦᠯᠵᠢᠬᠦ ᠶᠢ ᠦᠨᠡᠨ ᠬᠦ ᠪᠠᠲᠤᠯᠠᠭᠰᠠᠨ ᠪᠠᠶᠢᠨ᠎ᠠ᠃
 
ᠢᠷᠡᠯᠲᠡ᠄ ᠬᠡᠰᠢᠭᠲᠡᠨ ᠬᠣᠰᠢᠭᠤᠨ ᠤ ᠠᠷᠠᠳ ᠤᠨ ᠵᠠᠰᠠᠭ ᠤᠨ ᠣᠷᠳᠣᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备09001939号