2024 ᠣᠨ ᠤ 1 ᠰᠠᠷ᠎ᠠ ᠶᠢᠨ 24 ᠤ ᠡᠳᠦᠷ ᠤᠯᠤᠰ ᠲᠥᠷᠥ ᠶᠢᠨ ᠵᠥᠪᠯᠡᠯᠭᠡᠨ ᠤ ᠬᠡᠰᠢᠭᠳᠡᠨ ᠬᠤᠰᠢᠭᠤᠨ ᠤ ᠠᠷᠪᠠᠨ | ᠨᠢᠭᠡᠳᠦᠭᠡᠷ ᠬᠤᠭᠤᠴᠠᠭᠠᠨ ᠤ ᠬᠤᠷᠢᠶ᠎ᠠ ᠶᠢᠨ ᠭᠤᠷᠪᠠᠳᠤᠭᠠᠷ ᠣᠳᠠᠭᠠᠨ ᠤ ᠬᠤᠷᠠᠯᠳᠤᠭᠠᠨ ᠳᠡᠭᠡᠷ᠎ᠡ | | | ᠸᠠᠩ ᠶᠢ ᠵᠢᠶᠦ᠋ᠨ | | | ᠭᠡᠰᠢᠭᠦᠳ ᠠ᠋᠂ ᠨᠥᠬᠦᠳ ᠠ᠋᠄ | ᠤᠳᠤ ᠪᠢ ᠤᠯᠤᠰ ᠲᠦᠷᠦ ᠶᠢᠨ ᠵᠥᠪᠯᠡᠯᠭᠡᠨ ᠤ ᠬᠡᠰᠢᠭᠲᠡᠨ ᠬᠤᠰᠢᠭᠤᠨ ᠤ ᠠᠷᠪᠠᠨ ᠨᠢᠭᠡᠳᠦᠭᠡᠷ ᠬᠤᠭᠤᠴᠠᠭᠠᠨ ᠤ | ᠬᠤᠷᠢᠶ᠎ᠠ ᠶᠢᠨ ᠪᠠᠶᠢᠩᠭᠤ ᠶᠢᠨ ᠬᠤᠷᠢᠶ᠎ᠠ ᠶᠢ ᠳᠦᠯᠦᠬᠡᠯᠡᠨ ᠶᠡᠭᠡ ᠬᠤᠷᠠᠯ ᠳᠤ ᠠᠵᠢᠯ ᠢᠶᠠᠨ ᠮᠡᠳᠡᠭᠦᠯᠦᠶ᠎ᠡ᠂ ᠬᠢᠨᠠᠨ ᠵᠦᠪᠯᠡᠬᠦ | ᠪᠣᠯᠪᠠᠤ᠃ ᠡᠭᠦᠨ ᠤ ᠬᠠᠮᠲᠤ ᠬᠤᠷᠠᠯ ᠳᠤ ᠰᠤᠯᠠ ᠣᠷᠣᠯᠴᠠᠭᠰᠠᠨ ᠨᠥᠬᠦᠳ ᠡᠷᠬᠢᠮ ᠨᠠᠨᠳᠢᠨ ᠰᠠᠨᠠᠯ ᠢᠶᠠᠨ ᠳᠤᠷᠠᠳᠬᠤ | ᠪᠣᠯᠪᠠᠤ᠃ | | ᠨᠢᠭᠡ᠂ 2023 ᠣᠨ ᠤ ᠠᠵᠢᠯ ᠤᠨ ᠡᠷᠭᠢᠴᠡᠭᠦᠯᠦᠯ | | | 2023 ᠣᠨ ᠪᠣᠯ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ | ᠲᠤᠤᠱᠯᠠᠭᠤᠯᠤᠨ ᠨᠠᠶᠢᠳᠠᠪᠤᠷᠢᠵᠢᠭᠤᠯᠬᠤ ᠡᠬᠢᠯᠡᠯᠲᠡ ᠶᠢᠨ ᠵᠢᠯ ᠮᠥᠨ᠂ ᠮᠦᠨᠴᠣ ᠨᠡᠶᠢᠭᠡᠮ ᠵᠢᠷᠦᠮᠳᠦ ᠣᠳᠣᠬᠢᠴᠢᠯᠠᠭᠰᠠᠨ | ᠤᠯᠤᠰ ᠢ ᠪᠦᠬᠦ ᠲᠠᠯ᠎ᠠ ᠪᠠᠷ ᠪᠦᠲᠦᠭᠡᠨ ᠪᠠᠶᠢᠭᠤᠯᠬᠤ ᠡᠬᠢᠯᠡᠯᠲᠡ ᠶᠢᠨ ᠴᠢᠬᠤᠯᠠ ᠨᠢᠭᠡ ᠵᠢᠯ ᠮᠥᠨ᠃ ᠨᠢᠭᠡ ᠵᠢᠯ ᠤᠨ ᠲᠤᠷᠰᠢ | ᠂ ᠬᠤᠰᠢᠭᠤᠨ ᠤ ᠨᠠᠮ ᠤᠨ ᠬᠤᠷᠢᠶᠠᠨ ᠤ ᠪᠠᠲᠤ ᠴᠢᠩᠭ᠎ᠠ ᠤᠳᠤᠷᠢᠳᠤᠯᠭ᠎ᠠ ᠪᠣᠯᠣᠨ ᠬᠤᠰᠢᠭᠤᠨ ᠤ ᠠᠷᠠᠳ ᠤᠨ ᠵᠠᠰᠠᠭ ᠤᠨ | ᠣᠷᠳᠣᠨ ᠤ ᠬᠦᠴᠦᠲᠡᠢ ᠳᠡᠮᠵᠢᠯᠭᠡ ᠳᠣᠣᠷ᠎ᠠ᠂ ᠪᠠᠶᠢᠩᠭᠤ ᠶᠢᠨ ᠬᠤᠷᠢᠶ᠎ᠠ ᠨᠢ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ | ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠬᠤ ᠶᠢ | ᠪᠠᠷᠢᠮᠳᠠᠯᠠᠵᠣ᠂ ᠨᠠᠮ ᠤᠨ ᠬᠤᠷᠢᠳᠤᠭᠠᠷ ᠶᠡᠭᠡ ᠬᠤᠷᠠᠯ᠂ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠬᠤᠶᠠᠳᠤᠭᠠᠷ | ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠤᠱᠯᠠᠭᠤᠯᠵᠤ᠂ ᠳᠤᠮᠳᠠᠳᠤ ᠶᠢᠨ ᠦᠨᠳᠦᠰᠦᠲᠡᠨ ᠤ | ᠬᠠᠮᠲᠤ ᠶᠢᠨ ᠴᠣᠭᠴᠠ ᠶᠢᠨ ᠤᠬᠠᠮᠰᠠᠷ ᠢ ᠪᠠᠳᠣ ᠴᠣᠭᠴᠠᠯᠠᠬᠤ ᠪᠠᠷ ᠭᠤᠣᠯ ᠱᠤᠭᠤᠮ ᠪᠣᠯᠭᠠᠨ᠂ ᠠᠩᠬᠠᠷᠤᠯ ᠢᠶᠠᠨ | ᠲᠥᠪᠯᠡᠷᠡᠭᠦᠯᠦᠨ ᠬᠦᠴᠦᠨ ᠢᠶᠠᠨ ᠲᠥᠪᠯᠡᠷᠡᠭᠦᠯᠵᠦ ᠬᠤᠶᠠᠷ ᠶᠡᠭᠡ ᠶᠠᠪᠤᠳᠠᠯ ᠢ ᠰᠠᠶᠢᠲᠤᠷ ᠬᠢᠬᠦ ᠪᠠᠷ ᠡᠭᠦᠷᠭᠡ ᠲᠤᠰᠢᠶᠠᠯ ᠢᠶᠠᠨ | ᠭᠦᠢᠴᠡᠳᠬᠡᠬᠦ ᠶᠢᠨ ᠭᠠᠷᠳᠠᠴᠠ ᠪᠠ ᠵᠣᠭᠰᠣᠴᠠ ᠪᠠᠨ ᠪᠣᠯᠭᠠᠵᠤ᠂ ᠠᠷᠠᠳᠴᠢᠯᠠᠯ ᠢ ᠪᠠᠳᠠᠷᠠᠭᠤᠯᠬᠤ ᠪᠠ ᠪᠦᠯᠬᠦᠮᠳᠡᠯ ᠢ | ᠴᠢᠩᠭᠠᠳᠬᠠᠬᠤ ᠶᠢ ᠬᠠᠷᠢᠯᠴᠠᠨ ᠨᠡᠪᠲᠡᠷᠡᠯᠴᠡᠭᠦᠯᠬᠦ᠂ ᠰᠠᠨᠠᠯ ᠵᠥᠪᠯᠡᠯᠭᠡ ᠳᠣᠷᠠᠳᠣᠨ ᠵᠠᠰᠠᠭ ᠲᠤ ᠲᠤᠰᠠᠯᠠᠬᠤ ᠪᠠ ᠬᠠᠮᠲᠤ ᠶᠢᠨ | ᠲᠠᠨᠢᠯᠲᠠ ᠶᠢ ᠨᠢᠭᠲᠠᠷᠠᠭᠤᠯᠬᠤ ᠳᠤ ᠬᠤᠣᠰ ᠴᠢᠭᠯᠡᠯ ᠢᠶᠠᠷ ᠬᠦᠴᠦᠯᠡᠬᠦ ᠶᠢ ᠪᠠᠷᠢᠮᠳᠠᠯᠠᠨ᠂ ᠥᠷᠭᠡᠨ ᠤᠯᠠᠨ ᠤᠯᠤᠰ ᠲᠦᠷᠦ ᠶᠢᠨ | ᠵᠥᠪᠯᠡᠯᠭᠡᠨ ᠤ ᠭᠡᠰᠢᠭᠦᠳ ᠢ ᠪᠦᠯᠬᠦᠮᠳᠡᠭᠦᠯᠦᠨ ᠲᠠᠶᠢᠴᠢᠯᠠᠵᠤ ᠨᠡᠩ ᠥᠨᠳᠥᠷ ᠵᠣᠭᠰᠣᠴᠠ᠂ ᠨᠡᠩ ᠶᠡᠭᠡ ᠪᠠᠶᠢᠷᠢᠰᠢᠯ᠂ ᠨᠡᠩ | ᠥᠷᠭᠡᠨ ᠬᠠᠷᠠᠭᠠᠰᠤ ᠪᠠᠷ᠂ ᠪᠦᠬᠦ ᠬᠤᠰᠢᠭᠤᠨ ᠤ ᠭᠤᠣᠯ ᠠᠵᠢᠯ ᠤᠨ ᠲᠣᠭᠤᠷᠢᠨ ᠳᠤ ᠬᠥᠭᠵᠢᠯᠲᠡ ᠶᠢᠨ ᠶᠡᠭᠡ ᠪᠣᠳᠣᠯᠭ᠎ᠠ ᠶᠢ | ᠬᠠᠮᠲᠤᠪᠠᠷ ᠵᠥᠪᠯᠡᠵᠦ᠂ ᠬᠥᠭᠵᠢᠯᠲᠡ ᠶᠢᠨ ᠰᠠᠶᠢᠨ ᠪᠣᠳᠣᠯᠭ᠎ᠠ ᠶᠢ ᠬᠠᠮᠲᠤᠪᠠᠷ ᠰᠦᠪᠡᠭᠴᠢᠯᠡᠨ᠂ ᠪᠦᠯᠬᠦᠮᠳᠡᠯ ᠤᠨ ᠠᠤᠭ᠎ᠠ | ᠬᠦᠴᠦᠨ ᠢ ᠬᠠᠮᠲᠤᠪᠠᠷ ᠨᠢᠭᠲᠠᠷᠠᠭᠤᠯᠵᠤ᠂ ᠪᠦᠬᠦ ᠶᠠᠪᠤᠴᠠ ᠶᠢᠨ ᠠᠷᠠᠳ ᠤᠨ ᠠᠷᠠᠳᠴᠢᠯᠠᠭᠰᠠᠨ ᠤᠯᠤᠰ ᠲᠦᠷᠦ ᠶᠢᠨ | ᠵᠥᠪᠯᠡᠯᠭᠡᠨ ᠤ ᠦᠢᠯᠡᠳᠦᠯᠭᠡ ᠳᠤᠮᠳᠠ ᠰᠦᠪᠡᠭᠴᠢᠯᠡᠨ ᠤᠷᠤᠭᠰᠢᠯᠠᠵᠤ᠂ ᠳᠤᠮᠳᠠᠳᠤ ᠤᠯᠤᠰ ᠤᠨ ᠮᠠᠶ᠋ᠢᠭ ᠤᠨ | ᠣᠳᠣᠬᠢᠴᠢᠯᠠᠭᠰᠠᠨ ᠬᠡᠰᠢᠭᠳᠡᠨ ᠬᠤᠰᠢᠭᠤ ᠶᠢ ᠪᠦᠳᠦᠬᠡᠨ ᠪᠠᠶᠢᠭᠤᠯᠬᠤ ᠰᠢᠨ᠎ᠡ ᠬᠠᠭᠤᠳᠠᠰᠤ ᠶᠢ ᠪᠢᠴᠢᠭᠯᠡᠬᠦ ᠳᠤ ᠤᠯᠤᠰ | ᠲᠦᠷᠦ ᠶᠢᠨ ᠵᠥᠪᠯᠡᠯᠭᠡᠨ ᠤ ᠤᠶᠤᠨ ᠤᠬᠠᠭᠠᠨ ᠪᠠ ᠬᠦᠴᠦᠨ ᠴᠢᠳᠠᠯ ᠢᠶᠠᠨ ᠡᠷᠬᠦᠪᠡ᠃ | ︵ᠨᠢᠭᠡ︶ ᠦᠵᠡᠯ ᠰᠠᠨᠠᠭ᠎ᠠ ᠤᠯᠤᠰ ᠲᠦᠷᠦ ᠶᠢᠨ ᠵᠢᠯᠣᠭᠤᠳᠤᠯᠭ᠎ᠠ ᠶᠢᠨ ᠭᠤᠣᠯ ᠲᠡᠩᠭᠡᠯᠢᠭ ᠭᠤᠣᠯᠳᠠᠯᠭ᠎ᠠ ᠶᠢ | ᠲᠤᠪᠤᠶᠢᠯᠭᠠᠵᠤ᠂ ᠢᠮᠠᠭᠲᠠ ᠭᠤᠣᠯᠯᠠᠭᠴᠢ ᠶᠢ ᠬᠠᠮᠠᠭᠠᠯᠠᠵᠤ᠂ ᠵᠣᠭᠰᠣᠯᠲᠠ ᠪᠠᠨ ᠪᠠᠳᠣᠳᠬᠠᠨ᠂ ᠡᠷᠡᠰ ᠭᠤᠶᠢᠪᠢᠰᠢ | ᠦᠭᠡᠢ ᠪᠠᠷ ᠨᠠᠮ ᠤᠨ ᠤᠳᠤᠷᠢᠳᠤᠯᠭ᠎ᠠ ᠶᠢ ᠪᠠᠷᠢᠮᠲᠠᠯᠠᠬᠤ ᠬᠦᠷᠢᠶᠡᠯᠡᠭᠴᠢ ᠪᠣᠯᠪᠠ᠃ ᠴᠢᠭᠯᠡᠯ ᠨᠢ ᠵᠠᠮ ᠢ ᠲᠣᠭᠲᠠᠭᠠᠵᠤ᠂ ᠵᠠᠮ | ᠨᠢ ᠬᠤᠪᠢ ᠵᠠᠶᠠᠭ᠎ᠠ ᠶᠢ ᠲᠣᠭᠲᠠᠭᠠᠳᠠᠭ᠃ ᠪᠠᠶᠢᠩᠭᠤ ᠶᠢᠨ ᠬᠤᠷᠢᠶ᠎ᠠ ᠨᠢ ᠤᠯᠤᠰ ᠲᠦᠷᠦ ᠶᠢᠨ ᠵᠥᠪᠯᠡᠯᠭᠡᠨ ᠤ ᠤᠯᠤᠰ | ᠲᠦᠷᠦ ᠶᠢᠨ ᠰᠢᠨᠵᠢ ᠴᠢᠨᠠᠷ᠂ ᠭᠡᠰᠢᠭᠦᠨ ᠤ ᠤᠯᠤᠰ ᠲᠦᠷᠦ ᠶᠢᠨ ᠬᠢᠷᠢ ᠬᠡᠮ᠂ ᠵᠦᠪᠯᠡᠯᠬᠡ ᠬᠢᠬᠦ ᠤᠯᠤᠰ ᠲᠦᠷᠦ ᠶᠢᠨ | ᠬᠠᠷᠢᠭᠤᠴᠠᠯᠭ᠎ᠠ ᠶᠢ ᠴᠠᠭ ᠢᠮᠠᠭᠲᠠ ᠪᠠᠲᠤ ᠴᠡᠭᠡᠵᠢᠯᠡᠵᠦ᠂ ᠳᠤᠮᠳᠠᠳᠤ ᠤᠯᠤᠰ ᠤᠨ ᠡᠪ ᠬᠠᠮᠲᠤ ᠨᠠᠮ ᠪᠠ ᠳᠤᠮᠳᠠᠳᠤ | ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠤᠯᠤᠰ ᠲᠦᠷᠦ ᠶᠢᠨ ᠮᠡᠳᠡᠷᠡᠬᠦᠢ᠂ ᠦᠵᠡᠯ ᠰᠠᠨᠠᠭᠠᠨ ᠤ ᠮᠡᠳᠡᠷᠡᠬᠦᠢ᠂ | ᠤᠨᠤᠯ ᠤᠨ ᠮᠡᠳᠡᠷᠡᠬᠦᠢ᠂ ᠬᠠᠶᠢᠷ᠎ᠠ ᠰᠡᠳᠬᠢᠯᠭᠡ ᠶᠢᠨ ᠮᠡᠳᠡᠷᠡᠬᠦᠢ ᠶᠢ ᠲᠠᠰᠤᠷᠠᠯᠲᠠ ᠦᠭᠡᠢ ᠨᠡᠮᠡᠭᠳᠡᠭᠦᠯᠪᠡ᠃ | ᠨᠠᠮ ᠤᠨ ᠤᠳᠤᠷᠢᠳᠤᠯᠭ᠎ᠠ ᠶᠢ ᠪᠠᠷᠢᠮᠲᠠᠯᠠᠵᠤ᠂ ᠵᠥᠪ ᠤᠯᠤᠰ ᠲᠦᠷᠦ ᠶᠢᠨ ᠴᠢᠭᠯᠡᠯ ᠢ ᠪᠠᠲᠤ ᠡᠵᠡᠮᠳᠡᠪᠡ᠃ ᠢᠮᠠᠭᠲᠠ | ᠨᠠᠮ ᠤᠨ ᠤᠳᠤᠷᠢᠳᠤᠯᠭ᠎ᠠ ᠶᠢ ᠪᠠᠷᠢᠮᠲᠠᠯᠠᠬᠤ ᠶᠢ ᠬᠠᠮᠤᠭ ᠤᠨ ᠳᠡᠭᠡᠳᠦ ᠤᠯᠤᠰ ᠲᠦᠷᠦ ᠶᠢᠨ ᠵᠠᠷᠴᠢᠮ ᠪᠣᠯᠭᠠᠵᠤ᠂ ᠰᠢ ᠶᠢᠨ | ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ | ᠰᠡᠳᠬᠢᠯ ᠢᠶᠠᠨ ᠨᠢᠭᠳᠠᠷᠠᠭᠤᠯᠣᠨ ᠰᠦᠭ ᠰᠦᠨᠡᠰᠦ ᠶᠢ ᠱᠣᠭᠤᠬᠤ ᠶᠢ ᠪᠠᠷᠢᠮᠲᠠᠯᠠᠵᠤ᠂ ︽ᠬᠤᠶᠠᠷ ᠢ ᠲᠣᠭᠲᠠᠭᠠᠬᠤ︾ ᠶᠢ | ᠡᠷᠡᠰ ᠬᠦᠷᠢᠶᠡᠯᠡᠵᠦ᠂ ︽ᠬᠤᠶᠠᠷ ᠢ ᠬᠠᠮᠠᠭᠠᠯᠠᠬᠤ︾ ᠶᠢ ᠡᠷᠡᠰ ᠪᠡᠶᠡᠯᠡᠬᠦᠯᠪᠡ᠃ ᠤᠬᠠᠮᠰᠠᠷ ᠠᠴᠠ ᠪᠠᠨ ᠤᠯᠤᠰ ᠲᠥᠷᠥ ᠶᠢᠨ | ᠵᠥᠪᠯᠡᠯᠭᠡᠨ ᠤ ᠠᠵᠢᠯ ᠢ ᠪᠦᠬᠦ ᠲᠠᠯ᠎ᠠ ᠳᠤ ᠳᠠᠯᠪᠢᠬᠤ ᠪᠠᠶᠢᠷᠢ ᠲᠣᠭᠲᠠᠭᠠᠯᠲᠠ ᠪᠠᠨ ᠰᠦᠪᠡᠭᠴᠢᠯᠡᠵᠣ᠂ ᠴᠢᠬᠤᠯᠠ ᠶᠡᠭᠡ ᠤᠴᠢᠷ | ᠶᠠᠪᠤᠳᠠᠯ ᠢ ᠮᠡᠳᠡᠬᠦᠯᠦᠨ ᠵᠢᠭᠠᠪᠣᠷᠢ ᠠᠪᠬᠤ ᠳᠦᠷᠢᠮ ᠢ ᠴᠢᠩᠭ᠎ᠠ ᠨᠠᠶᠢᠳᠠᠪᠣᠷᠢᠵᠢᠭᠤᠯᠣᠨ᠂ ᠴᠢᠬᠤᠯᠠ ᠶᠡᠭᠡ ᠤᠴᠢᠷ ᠶᠠᠪᠤᠳᠠᠯ ᠢ | ᠰᠠᠨᠠᠭᠠᠴᠢᠯᠠᠭ᠎ᠠ ᠠᠴᠠ ᠪᠠᠨ ᠬᠤᠰᠢᠭᠤᠨ ᠤ ᠨᠠᠮ ᠤᠨ ᠬᠤᠷᠢᠶ᠎ᠠ ᠳᠤ ᠵᠢᠭᠠᠪᠣᠷᠢ ᠠᠪᠴᠣ ᠬᠠᠷᠢᠭᠤ ᠮᠡᠳᠡᠬᠦᠯᠦᠨ᠂ ᠴᠢᠬᠤᠯᠠ | ᠵᠥᠪᠯᠡᠬᠦ ᠠᠵᠢᠯᠯᠠᠭ᠎ᠠ ᠳᠤ ᠨᠠᠮ ᠵᠠᠰᠠᠭ ᠤᠨ ᠤᠳᠤᠷᠢᠳᠤᠯᠭ᠎ᠠ ᠶᠢ ᠤᠷᠢᠨ ᠣᠷᠣᠯᠴᠠᠭᠤᠯᠵᠤ᠂ ᠴᠢᠬᠤᠯᠠ ᠵᠦᠪᠯᠡᠭᠰᠡᠨ ᠦᠷ᠎ᠡ | ᠪᠦᠲᠦᠭᠡᠯ ᠢ ᠬᠤᠰᠢᠭᠤᠨ ᠤ ᠨᠠᠮ ᠤᠨ ᠬᠤᠷᠢᠶ᠎ᠠ ᠳᠤ ᠮᠡᠳᠡᠭᠦᠯᠦᠨ ᠴᠣᠬᠤᠯᠠᠪᠤᠷᠢᠯᠠᠭᠤᠯᠵᠤ᠂ ᠨᠠᠮ ᠤᠨ ᠪᠥᠬᠦ ᠲᠠᠯ᠎ᠠ ᠶᠢᠨ | ᠤᠳᠤᠷᠢᠳᠤᠯᠭ᠎ᠠ ᠶᠢ ᠤᠯᠤᠰ ᠲᠥᠷᠥ ᠶᠢᠨ ᠵᠥᠪᠯᠡᠯᠭᠡᠨ ᠤ ᠠᠵᠢᠯ ᠤᠨ ᠪᠥᠬᠦ ᠶᠠᠪᠤᠴᠠ ᠶᠢᠨ ᠡᠯ᠎ᠡ ᠲᠠᠯ᠎ᠠ ᠳᠤ ᠢᠯᠡᠷᠡᠭᠦᠯᠵᠦ᠂ | ᠬᠤᠰᠢᠭᠤᠨ ᠤ ᠨᠠᠮ ᠤᠨ ᠬᠤᠷᠢᠶ᠎ᠠ ᠲᠠᠢ ᠴᠢᠭᠯᠡᠯ ᠨᠢᠭᠡᠳᠦᠯᠲᠡᠢ᠂ ᠬᠠᠷᠠᠯᠲᠠ ᠨᠢᠭᠡᠳᠦᠯᠲᠡᠢ᠂ ᠠᠵᠢᠯᠯᠠᠭ᠎ᠠ ᠨᠢᠭᠡᠳᠦᠯᠲᠡᠢ | ᠪᠠᠶᠢᠬᠤ ᠶᠢ ᠦᠨᠡᠨᠬᠦ ᠪᠡᠶᠡᠯᠡᠬᠦᠯᠪᠡ᠃ | ᠤᠨᠤᠯ ᠢᠶᠠᠷ ᠵᠡᠪᠰᠡᠭᠯᠡᠬᠦ ᠶᠢ ᠭᠦᠨᠵᠡᠭᠡᠶᠢᠷᠡᠭᠦᠯᠵᠦ᠂ ᠬᠠᠮᠲᠤ ᠶᠢᠨ ᠦᠵᠡᠯ ᠰᠠᠨᠠᠭ᠎ᠠ ᠤᠯᠤᠰ ᠲᠦᠷᠦ ᠶᠢᠨ ᠰᠠᠭᠤᠷᠢ ᠶᠢ | ᠪᠠᠬᠢᠵᠢᠬᠦᠯᠪᠡ᠃ ᠣᠨᠣᠯ ᠢᠶᠠᠷ ᠵᠡᠪᠰᠡᠭᠯᠡᠬᠦ ᠶᠢ ᠲᠡᠷᠢᠭᠦᠨ ᠴᠢᠬᠤᠯᠠ ᠡᠭᠦᠷᠭᠡ ᠪᠣᠯᠭᠠᠬᠤ ᠶᠢ ᠪᠠᠷᠢᠮᠲᠠᠯᠠᠵᠤ᠂ ᠨᠠᠮ ᠤᠨ | ᠤᠳᠤᠷᠢᠳᠬᠤ ᠳᠤᠭᠤᠶᠢᠯᠠᠩ ᠤᠨ ᠬᠤᠷᠠᠯ ᠪᠠ ᠲᠡᠷᠢᠭᠦᠯᠡᠭᠴᠢᠳ ᠤᠨ ᠬᠤᠷᠠᠯ ᠢᠶᠠᠷ ᠳᠠᠭᠠᠭᠤᠯᠣᠨ ᠰᠤᠷᠤᠯᠴᠠᠬᠤ᠂ | ᠪᠠᠶᠢᠩᠭᠤ ᠶᠢᠨ ᠬᠤᠷᠢᠶ᠎ᠠ ᠶᠢᠨ ᠬᠤᠷᠠᠯ ᠤᠨ ᠲᠤᠰᠬᠠᠢ ᠰᠡᠳᠦᠪ ᠢᠶᠠᠷ ᠰᠤᠷᠤᠯᠴᠠᠬᠤ᠂ ᠤᠯᠤᠰ ᠲᠥᠷᠥ ᠶᠢᠨ ᠵᠥᠪᠯᠡᠯᠭᠡᠨ ᠤ | ᠪᠠᠶᠢᠭᠤᠯᠣᠯᠭ᠎ᠠ ᠶᠢᠨ ᠬᠠᠮᠲᠤ ᠶᠢᠨ ᠰᠣᠷᠣᠯᠴᠠᠯᠭ᠎ᠠ᠂ ᠭᠡᠰᠢᠭᠦᠳ ᠤᠨ ᠪᠠᠶᠢᠴᠠᠭᠠᠨ ᠰᠤᠳᠤᠯᠤᠯᠲᠠ ᠬᠢᠵᠦ ᠲᠤᠰᠢᠶᠠᠯ | ᠬᠠᠷᠢᠭᠤᠴᠠᠯᠭ᠎ᠠ ᠪᠠᠨ ᠭᠦᠢᠴᠡᠳᠬᠡᠬᠦ ᠦᠢᠯᠡᠳᠦᠯᠭᠡ ᠶᠢᠨ ᠰᠣᠷᠣᠯᠴᠠᠯᠭ᠎ᠠ ᠵᠡᠷᠭᠡ ᠬᠡᠯᠪᠡᠷᠢ ᠪᠠᠷ ᠳᠠᠮᠵᠢᠭᠤᠯᠤᠨ᠂ ᠰᠢ ᠶᠢᠨ ᠫᠢᠩ | ᠶᠡᠷᠦᠩᠬᠡᠢ ᠱᠦᠵᠢ ᠶᠢᠨ ᠴᠢᠬᠤᠯᠠ ᠶᠠᠷᠢᠶ᠎ᠠ᠂ ᠴᠢᠬᠤᠯᠠ ᠵᠣᠬᠢᠶᠠᠯ ᠪᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠴᠠᠭ | ᠲᠤᠬᠠᠢ ᠳᠤᠨᠢ ᠭᠦᠨᠵᠡᠭᠡᠢ ᠰᠤᠷᠤᠯᠴᠠᠵᠤ᠂ ᠤᠯᠤᠰ ᠲᠥᠷᠥ ᠶᠢᠨ ᠵᠥᠪᠯᠡᠯᠭᠡᠨ ᠤ ᠪᠥᠬᠦ ᠭᠡᠰᠢᠭᠦᠨ ᠪᠠ ᠤᠯᠤᠰ ᠲᠥᠷᠥ ᠶᠢᠨ | ᠵᠥᠪᠯᠡᠯᠭᠡᠨ ᠳᠤ ᠣᠷᠣᠯᠴᠠᠭᠰᠠᠨ ᠡᠯ᠎ᠡ ᠨᠢᠭᠡᠴᠡ ᠶᠢ ᠬᠥᠲᠥᠯᠥᠨ ᠵᠢᠯᠤᠭᠤᠳᠴᠤ᠂ ᠦᠵᠡᠯ ᠰᠠᠨᠠᠭ᠎ᠠ ᠪᠠ ᠦᠶᠯᠡ | ᠠᠵᠢᠯᠯᠠᠭ᠎ᠠ ᠪᠠᠨ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠬᠤᠲᠠ ᠶᠢᠨ ᠨᠠᠮ ᠤᠨ ᠬᠤᠷᠢᠶ᠎ᠠ | ᠂ ᠬᠤᠰᠢᠭᠤᠨ ᠤ ᠨᠠᠮ ᠤᠨ ᠬᠤᠷᠢᠶ᠎ᠠ ᠶᠢᠨ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠳᠡᠭᠡᠷ᠎ᠡ ᠦᠨᠡᠨᠬᠦ ᠨᠢᠭᠡᠳᠬᠡᠵᠦ᠂ | ᠨᠠᠮ ᠤᠨ ᠱᠤᠭᠤᠮ ᠴᠢᠭᠯᠡᠯᠲᠡ ᠲᠥᠷᠥ ᠶᠢᠨ ᠪᠣᠳᠣᠯᠭ᠎ᠠ ᠶᠢ ᠰᠠᠶᠢᠲᠤᠷ ᠰᠤᠷᠤᠯᠴᠠᠵᠤ᠂ ᠰᠠᠶᠢᠲᠤᠷ ᠤᠬᠠᠭᠤᠯᠵᠤ᠂ ᠰᠠᠶᠢᠲᠤᠷ | ᠲᠤᠤᠱᠯᠠᠭᠤᠯᠵᠤ᠂ ᠰᠠᠶᠢᠲᠤᠷ ᠨᠠᠶᠢᠳᠠᠪᠣᠷᠢᠵᠢᠭᠤᠯᠪᠠ᠃ | ᠨᠠᠮ ᠤᠨ ᠪᠠᠶᠢᠭᠤᠯᠤᠯᠲᠠ ᠶᠢ ᠴᠢᠩᠭᠠᠳᠬᠠᠵᠤ᠂ ᠤᠯᠤᠰ ᠲᠦᠷᠦ ᠶᠢᠨ ᠵᠥᠪᠯᠡᠯᠭᠡᠨ ᠤ ᠲᠤᠰᠢᠶᠠᠯ ᠬᠠᠷᠢᠭᠤᠴᠠᠯᠭ᠎ᠠ ᠪᠠᠨ | ᠭᠦᠢᠴᠡᠳᠬᠡᠬᠦ ᠦᠢᠯᠡᠳᠦᠯᠭᠡ ᠶᠢ ᠲᠠᠰᠤᠷᠠᠯᠲᠠ ᠦᠭᠡᠢ ᠠᠬᠢᠭᠤᠯᠪᠠ᠃ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ | ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠲᠤᠤᠱᠯᠠᠭᠤᠯᠬᠤ ᠭᠤᠣᠯ | ᠰᠡᠳᠦᠪᠲᠦ ᠬᠥᠮᠦᠵᠢᠯ ᠢ ᠭᠦᠨᠵᠡᠭᠡᠢ ᠥᠷᠨᠢᠭᠦᠯᠵᠦ᠂ ᠤᠨᠤᠯ ᠤᠨ ᠰᠤᠷᠤᠯᠴᠠᠯᠭ᠎ᠠ ᠪᠠ ᠦᠢᠯᠡᠳᠦᠯᠭᠡ ᠶᠢ ᠵᠢᠯᠤᠭᠤᠳᠬᠤ ᠶᠢ | ᠤᠶᠠᠯᠳᠤᠭᠤᠯᠬᠤ᠂ ᠠᠰᠠᠭᠤᠳᠠᠯ ᠢ ᠡᠷᠢᠬᠦ ᠪᠠ ᠴᠡᠭᠴᠡᠯᠡᠨ ᠥᠭᠡᠷᠡᠴᠢᠯᠡᠵᠦ ᠨᠠᠶᠢᠳᠠᠪᠤᠷᠢᠵᠢᠭᠤᠯᠬᠤ ᠶᠢ ᠬᠠᠷᠢᠯᠴᠠᠨ | ᠨᠡᠪᠲᠡᠷᠡᠯᠴᠡᠭᠦᠯᠬᠦ ᠶᠢ ᠪᠠᠷᠢᠮᠲᠠᠯᠠᠵᠤ᠂ ᠨᠠᠮ ᠤᠨ ᠤᠳᠤᠷᠢᠳᠬᠤ ᠳᠤᠭᠤᠶᠢᠯᠠᠩ ᠤᠨ ᠰᠤᠷᠤᠯᠴᠠᠯᠭ᠎ᠠ ᠶᠢᠨ ︽ᠨᠢᠭᠡᠳᠦᠭᠡᠷ | ᠵᠥᠪᠯᠡᠬᠦ ᠰᠡᠳᠦᠪ︾ ᠤᠨ ᠳᠦᠷᠢᠮ ᠢ ᠴᠢᠩᠭ᠎ᠠ ᠬᠡᠷᠡᠭᠵᠢᠭᠦᠯᠵᠦ᠂ ᠬᠠᠮᠲᠤ ᠶᠢᠨ ᠰᠤᠷᠤᠯᠴᠠᠯᠭ᠎ᠠ ᠶᠢᠨ ᠬᠤᠷᠠᠯ᠂ ᠰᠠᠨᠠᠯ ᠢᠶᠠᠨ | ᠰᠣᠯᠢᠯᠴᠠᠵᠣ ᠰᠤᠳᠤᠯᠤᠨ ᠶᠠᠷᠢᠯᠴᠠᠬᠤ ᠬᠤᠷᠠᠯ ᠢ 12 ᠤᠳᠠᠭ᠎ᠠ ᠡᠷᠬᠢᠯᠡᠵᠦ᠂ ᠲᠤᠰᠬᠠᠢ ᠰᠡᠳᠦᠪᠲᠦ ᠪᠠᠶᠢᠴᠠᠭᠠᠨ | ᠰᠤᠳᠤᠯᠤᠯᠲᠠ ᠶᠢ 8 ᠤᠳᠠᠭ᠎ᠠ ᠥᠷᠨᠢᠭᠦᠯᠵᠦ᠂ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠢ 27 ᠶᠢ ᠰᠢᠢᠳᠪᠦᠷᠢᠯᠡᠵᠦ᠂ | ᠰᠤᠷᠤᠯᠴᠠᠯᠭ᠎ᠠ ᠪᠠᠷ ᠰᠦᠭ ᠰᠦᠨᠡᠰᠦ ᠶᠢ ᠱᠤᠭᠤᠬᠤ᠂ ᠰᠤᠷᠤᠯᠴᠠᠯᠭ᠎ᠠ ᠪᠠᠷ ᠤᠶᠤᠨ ᠤᠬᠠᠭᠠᠨ ᠢ ᠨᠡᠮᠡᠭᠳᠡᠭᠦᠯᠬᠦ᠂ | ᠰᠤᠷᠤᠯᠴᠠᠯᠭ᠎ᠠ ᠪᠠᠷ ᠰᠤᠷᠲᠠᠯ ᠢ ᠲᠥᠪ ᠪᠣᠯᠭᠠᠬᠤ᠂ ᠰᠤᠷᠤᠯᠴᠠᠯᠭ᠎ᠠ ᠪᠠᠷ ᠠᠵᠢᠯ ᠢᠶᠠᠨ ᠠᠬᠢᠭᠤᠯᠬᠤ ᠶᠢ ᠦᠨᠡᠨᠬᠦ ᠪᠡᠶᠡᠯᠡᠭᠦᠯᠪᠡ᠃ | ᠤᠯᠤᠰ ᠲᠦᠷᠦ ᠶᠢᠨ ᠵᠥᠪᠯᠡᠯᠭᠡᠨ ᠤ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠭᠦᠨ ᠬᠤᠯᠪᠣᠭᠳᠠᠯ ᠪᠦᠬᠦᠢ | ᠳᠦᠷᠦᠯ ᠢᠯᠭᠠᠯ ᠤᠨ ᠨᠠᠮ ᠤᠨ ᠭᠡᠰᠢᠭᠦᠨ ᠪᠣᠯᠣᠨ ᠬᠡᠰᠢᠬᠦᠨ ᠲᠠᠢ ᠬᠠᠷᠢᠯᠴᠠᠬᠤ ᠪᠠ ᠨᠠᠮ ᠤᠨ ᠭᠡᠰᠢᠭᠦᠨ ᠪᠣᠯᠣᠨ ᠭᠡᠰᠢᠭᠦᠨ | ᠨᠠᠮ ᠤᠨ ᠭᠠᠳᠠᠨᠠᠬᠢ ᠭᠡᠰᠢᠭᠦᠨ ᠲᠠᠢ ᠬᠠᠷᠢᠯᠴᠠᠬᠤ ᠳᠦᠷᠢᠮ ᠢ ᠨᠠᠶᠢᠳᠠᠪᠤᠷᠢᠵᠢᠭᠤᠯᠵᠤ᠂ ᠤᠯᠤᠰ ᠲᠦᠷᠦ ᠶᠢᠨ ᠵᠥᠪᠯᠡᠯᠭᠡᠨ ᠤ | ᠨᠠᠮ ᠤᠨ ᠵᠣᠬᠢᠶᠠᠨ ᠪᠠᠶᠢᠭᠤᠯᠤᠯᠲᠠ ᠪᠠ ᠨᠠᠮ ᠤᠨ ᠠᠵᠢᠯ ᠤᠨ ︽ᠬᠤᠶᠠᠷ ᠢ ᠪᠦᠬᠦᠨ ᠢ ᠬᠠᠮᠤᠷᠬᠤ︾ ᠶᠢ ᠪᠡᠶᠡᠯᠡᠭᠦᠯᠬᠦ ᠶᠢ | ᠲᠦᠯᠬᠢᠨ ᠠᠬᠢᠭᠤᠯᠪᠠ᠃ | ︵ᠬᠤᠶᠠᠷ︶ ᠨᠠᠮ ᠵᠠᠰᠠᠭ ᠤᠨ ᠭᠤᠣᠯᠯᠠᠬᠤ ᠡᠭᠦᠷᠭᠡ ᠶᠢᠨ ᠭᠤᠣᠯ ᠰᠠᠭᠤᠷᠢ ᠭᠤᠣᠯ ᠲᠣᠬᠢᠷᠠᠭᠤᠯᠤᠯᠲᠠ ᠶᠢ ᠡᠵᠡᠮᠳᠡᠵᠦ | ᠂ ᠡᠭᠦᠷᠭᠡ ᠬᠠᠷᠢᠭᠤᠴᠠᠯᠭ᠎ᠠ ᠪᠠᠨ ᠨᠠᠷᠢᠨ ᠬᠢᠨᠠᠮᠠᠭᠠᠢ ᠬᠦᠢᠴᠡᠳᠬᠡᠨ᠂ ᠤᠶᠤᠨ ᠤᠬᠠᠭᠠᠨ ᠬᠦᠴᠦᠨ ᠴᠢᠳᠠᠯ ᠢᠶᠠᠨ ᠰᠢᠪᠬᠠᠵᠤ᠂ | ᠡᠷᠡᠰ ᠭᠤᠶᠢᠪᠢᠰᠢ ᠦᠭᠡᠢ ᠪᠠᠷ ᠥᠭᠡᠷᠡᠴᠢᠯᠡᠯᠲᠡ ᠬᠥᠭᠵᠢᠯᠲᠡ ᠳᠤ ᠦᠢᠯᠡᠴᠢᠯᠡᠬᠦ ᠢᠳᠡᠪᠬᠢᠲᠡᠢ ᠠᠬᠢᠭᠤᠯᠤᠭᠴᠢ ᠪᠣᠯᠪᠠ᠃ | ᠳᠣᠰᠢᠶᠠᠯ ᠬᠠᠷᠢᠭᠤᠴᠠᠯᠭ᠎ᠠ ᠪᠣᠯ ᠳᠠᠷᠤᠢ ᠡᠭᠦᠷᠭᠡ᠂ ᠠᠵᠢᠯ ᠤᠨ ᠪᠠᠶᠢᠷᠢ ᠪᠣᠯ ᠳᠠᠷᠤᠢ ᠬᠠᠷᠢᠭᠤᠴᠠᠯᠭ᠎ᠠ ᠮᠥᠨ᠃ | ᠪᠠᠶᠢᠩᠭᠤ ᠶᠢᠨ ᠬᠤᠷᠢᠶ᠎ᠠ ᠨᠢ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠲᠤᠰᠢᠶᠠᠭᠰᠠᠨ ︽ᠲᠠᠪᠤᠨ ᠶᠡᠭᠡ | ᠡᠭᠦᠷᠭᠡ︾ ᠶᠢᠨ ᠲᠣᠭᠤᠷᠢᠨ ᠳᠤ ᠵᠥᠪᠳᠡᠯᠴᠡᠬᠦ ᠳᠤ ᠠᠷᠭ᠎ᠠ ᠲᠠᠢ᠂ ᠰᠠᠨᠠᠯ ᠵᠦᠪᠯᠡᠭᠡ ᠳᠤᠷᠠᠳᠬᠤ ᠳᠤ ᠬᠦᠴᠦᠨ ᠲᠠᠢ ᠪᠣᠳᠠᠲᠤ | ᠠᠵᠢᠯᠯᠠᠭ᠎ᠠ ᠪᠠᠷ ᠢᠶᠠᠨ ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠪᠣᠯᠣᠨ ᠶᠡᠷᠦᠩᠬᠡᠢ | ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠲᠣᠭᠲᠠᠭᠠᠵᠤ ᠥᠭᠭᠦᠭᠰᠡᠨ ᠠᠵᠢᠯᠯᠠᠭᠠᠨ ᠤ ᠬᠥᠲᠥᠯᠪᠦᠷᠢ ᠶᠢ ᠬᠡᠰᠢᠭᠳᠡᠨ | ᠬᠤᠰᠢᠭᠤᠨ ᠳᠤ ᠨᠠᠷᠢᠯᠢᠭ ᠨᠠᠶᠢᠳᠠᠪᠤᠷᠢᠵᠢᠭᠤᠯᠬᠤ ᠶᠢ ᠠᠬᠢᠭᠤᠯᠪᠠ᠃ | ᠪᠣᠳᠠᠲᠠᠢ ᠶᠠᠪᠤᠳᠠᠯ ᠢ ᠪᠣᠳᠣᠯᠬᠢᠯᠠᠵᠤ᠂ ᠪᠦᠭᠦ ᠬᠤᠰᠢᠭᠤᠨ ᠤ ᠭᠤᠣᠯ ᠡᠭᠦᠷᠭᠡ ᠶᠢ ᠴᠢᠩᠭ᠎ᠠ ᠠᠳᠬᠤᠨ ᠠᠷᠭ᠎ᠠ | ᠤᠬᠠᠭᠠᠨ ᠭᠠᠷᠭᠠᠪᠠ᠃ ᠭᠤᠣᠯᠳᠠᠯᠭ᠎ᠠ ᠲᠠᠢ ᠤᠶᠠᠯᠳᠤᠭᠤᠯᠤᠨ᠂ ᠶᠡᠭᠡ ᠲᠠᠯ᠎ᠠ ᠳᠤ ᠦᠢᠯᠡᠴᠢᠯᠡᠵᠦ᠂ ᠬᠥᠭᠵᠢᠯᠲᠡ ᠶᠢ | ᠠᠬᠢᠭᠤᠯᠬᠤ ᠪᠣᠯ ᠤᠯᠤᠰ ᠲᠦᠷᠦ ᠶᠢᠨ ᠵᠥᠪᠯᠡᠯᠭᠡᠨ ᠤ ᠠᠵᠢᠯ ᠤᠨ ᠭᠤᠣᠯ ᠬᠦᠭ ᠠᠶᠠᠰ ᠮᠥᠨ᠃ ᠠᠷᠪᠠᠨ ᠨᠢᠭᠡᠳᠦᠭᠡᠷ | ᠬᠤᠭᠤᠴᠠᠭᠠᠨ ᠤ ᠬᠤᠶᠠᠳᠤᠭᠠᠷ ᠪᠥᠬᠦᠳᠡ ᠬᠤᠷᠠᠯ ᠤᠨ ᠬᠤᠭᠤᠴᠠᠭᠠᠨ ᠳᠤ ᠠᠵᠤ ᠦᠢᠯᠡᠰ ᠤᠨ ᠪᠦᠲᠦᠴᠡ ᠶᠢ | ᠰᠢᠯᠢᠳᠡᠭᠵᠢᠭᠦᠯᠬᠦ᠂ ᠠᠮᠢ ᠠᠬᠤᠢ ᠶᠢᠨ ᠦᠷ᠎ᠡ ᠠᠰᠢᠭ ᠢ ᠳᠡᠭᠡᠭᠰᠢᠯᠡᠭᠦᠯᠬᠦ᠂ ᠬᠤᠳᠠ ᠬᠥᠳᠡᠭᠡ ᠶᠢᠨ ᠬᠥᠭᠵᠢᠯᠲᠡ ᠶᠢ | ᠨᠢᠭᠡᠳᠦᠯᠲᠡᠢ ᠲᠥᠯᠥᠪᠯᠡᠬᠦ᠂ ᠥᠭᠡᠷᠡᠴᠢᠯᠡᠯᠲᠡ ᠨᠡᠭᠡᠭᠡᠯᠲᠡ ᠶᠢ ᠭᠦᠨᠵᠡᠭᠡᠶᠢᠷᠡᠭᠦᠯᠬᠦ ᠵᠡᠷᠭᠡ ᠲᠠᠯ᠎ᠠ ᠳᠤ ᠠᠩᠬᠠᠷᠤᠯ ᠢᠶᠠᠨ | ᠲᠥᠪᠯᠡᠷᠡᠭᠦᠯᠦᠨ ᠢᠳᠡᠪᠬᠢᠲᠡᠢ ᠪᠠᠷ ᠰᠠᠨᠠᠯ ᠵᠥᠪᠯᠡᠯᠭᠡ ᠳᠤᠷᠠᠳᠤᠨ ᠠᠷᠭ᠎ᠠ ᠤᠬᠠᠭᠠᠨ ᠭᠠᠷᠭᠠᠪᠠ᠃ ᠭᠡᠰᠢᠭᠦᠳ ᠢ ᠵᠣᠬᠢᠶᠠᠨ | ᠪᠠᠶᠢᠭᠤᠯᠵᠤ ᠶᠡᠭᠡ ᠬᠤᠷᠠᠯ ᠤᠨ ᠶᠠᠷᠢᠶ᠎ᠠ ᠶᠢ 8 ᠬᠤᠪᠢ ᠪᠢᠴᠢᠬᠦᠯᠵᠣ᠂ ᠡᠭᠦᠨ ᠤ ᠳᠣᠲᠣᠷ᠎ᠠ ︽ᠬᠥᠳᠡᠭᠡ ᠲᠣᠰᠬᠤᠨ ᠤ | ᠰᠤᠯᠠ ᠪᠠᠶᠢᠭ᠎ᠠ ᠡᠬᠢ ᠪᠠᠶᠠᠯᠢᠭ ᠢ ᠠᠮᠢᠯᠠᠭᠤᠯᠵᠤ ᠬᠤᠭᠤᠰᠤᠨ ᠲᠣᠰᠬᠤᠨ ᠤ ᠬᠥᠭᠵᠢᠯᠲᠡ ᠶᠢᠨ ᠣᠷᠣᠨ ᠵᠠᠢ ᠶᠢ ᠴᠢᠯᠦᠭᠡᠯᠡᠶᠡ︾ | ᠵᠡᠷᠭᠡ 4 ᠬᠤᠪᠢ ᠶᠢ ᠨᠢ ᠡᠬᠢᠯᠡᠯᠲᠡ ᠶᠢᠨ ᠬᠤᠷᠠᠯ ᠳᠡᠬᠡᠷ᠎ᠡ ᠲᠤᠰᠬᠠᠢ ᠰᠡᠳᠦᠪ ᠢᠶᠠᠷ ᠶᠠᠷᠢᠶ᠎ᠠ ᠲᠠᠯᠪᠢᠪᠠ᠃ ᠬᠤᠰᠢᠭᠤᠨ ᠤ | ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠭᠤᠣᠯ ᠤᠳᠤᠷᠢᠳᠤᠯᠭ᠎ᠠ ᠶᠢ ᠤᠷᠢᠵᠤ ᠳᠦᠷᠦᠯ ᠢᠯᠭᠠᠯ ᠤᠨ ᠳᠤᠭᠤᠶᠢᠯᠠᠩ ᠤᠨ | ᠶᠠᠷᠢᠯᠴᠠᠭ᠎ᠠ ᠳᠤ ᠣᠷᠣᠯᠴᠠᠭᠤᠯᠵᠤ᠂ ᠭᠡᠰᠢᠭᠦᠳ ᠲᠠᠢ ᠨᠢᠭᠤᠷᠲᠠᠨ ᠰᠠᠨᠠᠯ ᠢᠶᠠᠨ ᠰᠣᠯᠢᠯᠴᠠᠵᠤ᠂ ᠣᠶᠢᠯᠠᠭᠠᠯᠴᠠᠨ ᠨᠡᠪᠲᠡᠷᠡᠯᠴᠡᠵᠦ | ᠂ ᠰᠢᠢᠳᠪᠦᠷᠢᠲᠦ ᠪᠣᠳᠣᠯᠭ᠎ᠠ ᠶᠢᠨ ᠳᠣᠭᠳᠠᠭᠠᠭᠴᠢ ᠪᠠ ᠨᠡᠶᠢᠭᠡᠮ ᠤᠨ ᠡᠯ᠎ᠡ ᠡᠲᠡᠭᠡᠳ ᠤᠨ ᠰᠣᠯᠢᠯᠴᠠᠭᠠᠨ ᠤ ᠲᠠᠪᠴᠠᠩ ᠢ | ᠥᠷᠭᠡᠳᠬᠡᠭᠰᠡᠨ ᠢᠶᠠᠷ ᠪᠠᠷᠠᠬᠤ ᠦᠭᠡᠢ᠂ ᠭᠡᠰᠢᠭᠦᠳ ᠤᠨ ᠪᠠᠶᠢᠳᠠᠯ ᠢ ᠮᠡᠳᠡᠬᠦ ᠡᠷᠬᠡ᠂ ᠢᠯᠡᠳᠬᠡᠬᠦ ᠡᠷᠬᠡ᠂ ᠣᠷᠣᠯᠴᠠᠬᠤ ᠡᠷᠬᠡ | ᠪᠠ ᠬᠢᠨᠠᠯᠲᠠ ᠲᠠᠯᠪᠢᠬᠤ ᠡᠷᠬᠡ ᠶᠢ ᠴᠦ ᠭᠦᠢᠴᠡᠳ ᠢᠯᠡᠷᠡᠭᠦᠯᠦᠭᠰᠡᠨ ᠪᠠᠶᠢᠨ᠎ᠠ᠃ | ᠪᠣᠳᠠᠲᠠᠢ ᠠᠷᠭ᠎ᠠ ᠬᠡᠮᠵᠢᠶ᠎ᠡ ᠠᠪᠴᠤ᠂ ᠠᠵᠤ ᠦᠢᠯᠡᠰ ᠤᠨ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ | ᠨᠡᠮᠡᠭᠳᠡᠭᠦᠯᠬᠦ ᠶᠢᠨ ᠲᠣᠭᠤᠷᠢᠨ ᠳᠤ ᠰᠠᠨᠠᠯ ᠵᠥᠪᠯᠡᠯᠭᠡ ᠳᠤᠷᠠᠳᠤᠨ ᠠᠷᠭ᠎ᠠ ᠣᠬᠠᠭᠠᠨ ᠭᠠᠷᠭᠠᠪᠠ᠃ ᠭᠦᠨᠵᠡᠭᠡᠢ ᠪᠠᠶᠢᠴᠠᠭᠠᠨ | ᠰᠤᠳᠤᠯᠤᠯᠲᠠ ᠬᠢᠬᠦ ᠶᠢ ᠪᠣᠳᠠᠲᠤ ᠪᠠᠶᠢᠳᠠᠯ ᠢ ᠣᠶᠢᠯᠠᠭᠠᠬᠤ᠂ ᠪᠣᠳᠠᠲᠠᠢ ᠠᠷᠭ᠎ᠠ ᠤᠬᠠᠭᠠᠨ ᠭᠠᠷᠭᠠᠬᠤ ᠶᠢᠨ ︽ᠠᠯᠳᠠᠨ | ᠲᠦᠯᠬᠢᠭᠦᠷ︾᠂ ᠰᠠᠶᠢᠨ ᠵᠦᠪᠯᠡᠯᠬᠡ ᠳᠣᠷᠠᠳᠣᠨ᠂ ᠵᠠᠰᠠᠭ ᠤᠨ ᠶᠠᠪᠤᠳᠠᠯ ᠳᠤ ᠲᠤᠰᠠᠯᠠᠬᠤ ᠶᠢᠨ ︽ᠦᠨᠳᠦᠰᠦᠨ ᠴᠢᠳᠠᠪᠤᠷᠢ︾ | ᠪᠣᠯᠭᠠᠵᠠᠢ᠃ ᠲᠠᠪᠤᠨ ᠶᠡᠭᠡ ᠡᠭᠦᠷᠭᠡ ᠲᠠᠢ ᠨᠢᠭᠲᠠ ᠤᠶᠠᠯᠳᠤᠭᠤᠯᠤᠨ ᠨᠠᠷᠢᠯᠢᠭ ᠣᠨᠣᠪᠴᠢᠳᠠᠢ ᠪᠠᠷ ᠰᠡᠳᠦᠪ ᠰᠣᠩᠭᠤᠵᠤ᠂ | ᠭᠦᠨᠵᠡᠭᠡᠢ ᠵᠥᠪᠳᠡᠯᠴᠡᠵᠦ᠂ ᠣᠳᠣ ᠦᠶ᠎ᠡ ᠶᠢᠨ ᠠᠵᠤ ᠦᠢᠯᠡᠳᠪᠦᠷᠢ ᠶᠢᠨ ᠬᠡᠯᠪᠡᠷᠢ ᠪᠠᠨ ᠬᠤᠪᠢᠷᠠᠭᠤᠯᠤᠨ ᠳᠡᠰ ᠳᠡᠪᠰᠢᠬᠦ᠂ | ᠮᠠᠯᠴᠢᠨ ᠲᠠᠷᠢᠶᠠᠴᠢᠨ ᠤ ᠵᠣᠬᠢᠶᠠᠨ ᠪᠠᠶᠢᠭᠤᠯᠣᠯᠳᠠᠵᠢᠭᠰᠠᠨ ᠬᠡᠮᠵᠢᠶ᠎ᠡ ᠶᠢ ᠳᠡᠭᠡᠭᠰᠢᠯᠡᠭᠦᠯᠬᠦ ᠵᠡᠷᠭᠡ ᠶᠢᠨ ᠲᠣᠭᠤᠷᠢᠨ ᠳᠤ ᠲᠤᠰᠬᠠᠢ | ᠰᠡᠳᠦᠪᠲᠦ ᠪᠠᠶᠢᠴᠠᠭᠠᠨ ᠰᠤᠳᠤᠯᠤᠯᠲᠠ ᠥᠷᠨᠢᠭᠦᠯᠵᠦ᠂ ᠠᠰᠠᠭᠤᠳᠠᠯ ᠢ ᠰᠢᠢᠳᠪᠦᠷᠢᠯᠡᠬᠦ ᠰᠡᠳᠬᠢᠬᠦᠢ ᠲᠠᠢ ᠪᠠᠶᠢᠬᠤ᠂ ᠳᠠᠩᠰᠠ | ᠮᠡᠳᠡᠭᠦᠯᠬᠦ ᠤᠬᠠᠮᠰᠠᠷ ᠲᠠᠢ ᠪᠠᠶᠢᠬᠤ ᠶᠢ ᠪᠠᠷᠢᠮᠲᠠᠯᠠᠵᠤ᠂ ᠠᠰᠠᠭᠤᠳᠠᠯ ᠢ ᠰᠢᠢᠳᠪᠦᠷᠢᠯᠡᠬᠦ᠂ ᠠᠵᠢᠯ ᠢ ᠠᠬᠢᠭᠤᠯᠬᠤ ᠶᠠᠪᠤᠳᠠᠯ ᠢ | ᠡᠭᠦᠷᠭᠡ ᠲᠤᠰᠢᠶᠠᠯ ᠢᠶᠠᠨ ᠭᠦᠢᠴᠡᠳᠬᠡᠭᠰᠡᠨ ᠦᠷ᠎ᠡ ᠪᠦᠲᠦᠮᠵᠢ ᠶᠢ ᠰᠢᠯᠭᠠᠬᠤ ᠬᠡᠮᠵᠢᠭᠦᠷ ᠪᠣᠯᠭᠠᠵᠤ᠂ ᠲᠤᠰᠬᠠᠢ ᠰᠡᠳᠦᠪᠲᠦ | ᠵᠥᠪᠯᠡᠯᠭᠡᠨ ᠤ ᠬᠤᠷᠠᠯ ᠢ 6 ᠤᠳᠠᠭ᠎ᠠ ᠬᠤᠷᠠᠯᠳᠤᠭᠤᠯᠵᠤ᠂ ᠪᠠᠶᠢᠴᠠᠭᠠᠨ ᠰᠤᠳᠤᠯᠤᠯᠲᠠ ᠶᠢᠨ ᠮᠡᠳᠡᠭᠦᠯᠦᠯᠲᠡ ᠶᠢ 6 ᠬᠤᠪᠢ | ᠪᠢᠴᠢᠵᠦ᠂ ᠡᠭᠦᠨ ᠳᠤ ︽ᠯᠢᠲ᠋ᠢ ᠶᠢᠨ ᠡᠬᠢ ᠪᠠᠶᠠᠯᠢᠭ ᠤᠨ ᠠᠵᠤ ᠦᠢᠯᠡᠰ ᠤᠨ ᠬᠡᠯᠬᠢᠶ᠎ᠡ ᠶᠢᠨ ᠬᠥᠭᠵᠢᠯᠲᠡ ᠶᠢᠨ ᠲᠤᠬᠠᠢ | ᠪᠠᠶᠢᠴᠠᠭᠠᠨ ᠰᠤᠳᠤᠯᠤᠯᠲᠠ ᠶᠢᠨ ᠮᠡᠳᠡᠭᠦᠯᠦᠯᠲᠡ︾ ᠶᠢ ᠬᠤᠰᠢᠭᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠳᠡᠭᠡᠳᠦ | ᠬᠡᠮᠵᠢᠶ᠎ᠡ ᠪᠠᠷ ᠴᠢᠬᠤᠯᠠᠴᠢᠯᠠᠨ ᠦᠵᠡᠵᠦ᠂ ᠮᠠᠨ ᠤ ᠬᠤᠰᠢᠭᠤᠨ ᠤ ᠯᠢᠲ᠋ᠢ ᠶᠢᠨ ᠴᠠᠬᠢᠯᠭᠠᠨ ᠤ ᠰᠢᠨ᠎ᠡ ᠡᠨᠧᠷᠭᠢ ᠶᠢᠨ ᠠᠵᠤ | ᠦᠢᠯᠡᠰ ᠢ ᠪᠥᠬᠦ ᠬᠤᠲᠠ ᠶᠢᠨ ᠭᠤᠣᠯᠳᠠᠯᠭ᠎ᠠ ᠲᠠᠢ ᠲᠥᠷᠥᠯ ᠵᠦᠢᠯ ᠳᠤ ᠣᠷᠣᠭᠤᠯᠬᠤ ᠶᠢ ᠠᠬᠢᠭᠤᠯᠬᠤ ᠳᠤ ᠤᠯᠤᠰ | ᠲᠥᠷᠥ ᠶᠢᠨ ᠵᠥᠪᠯᠡᠯᠭᠡᠨ ᠤ ᠬᠤᠪᠢ ᠨᠡᠮᠡᠷᠢ ᠪᠠᠨ ᠦᠵᠡᠭᠦᠯᠵᠦ᠂ ᠨᠠᠷᠢᠨ ᠪᠣᠳᠠᠲᠠᠢ ᠦᠨᠳᠦᠰᠦ ᠪᠠᠷᠢᠮᠲᠠ ᠲᠠᠢ | ᠮᠡᠳᠡᠭᠦᠯᠦᠯᠲᠡ ᠨᠦᠭᠦᠳ᠂ ᠨᠠᠷᠢᠯᠢᠭ ᠣᠨᠣᠪᠴᠢᠲᠠᠶ ᠪᠠᠷ ᠳᠤᠷᠠᠳᠤᠭᠰᠠᠨ ᠵᠦᠪᠯᠡᠯᠬᠡ ᠨᠦᠭᠦᠳ ᠨᠢ ᠤᠯᠤᠰ ᠲᠥᠷᠥ ᠶᠢᠨ | ᠵᠥᠪᠯᠡᠯᠭᠡᠨ ᠤ ᠬᠥᠭᠵᠢᠯᠲᠡ ᠳᠤ ᠣᠶᠤᠨ ᠤᠬᠠᠭᠠᠨ ᠢᠶᠠᠨ ᠡᠷᠭᠦᠭᠰᠡᠨ᠂ ᠠᠷᠠᠳ ᠤᠨ ᠠᠮᠢᠳᠤᠷᠠᠯ ᠳᠤ ᠬᠦᠴᠦᠨ ᠴᠢᠳᠠᠯ ᠢᠶᠠᠨ | ᠡᠷᠭᠦᠭᠰᠡᠨ ᠤ ᠠᠮᠢᠳᠤᠯᠢᠭ ᠲᠠᠶᠢᠯᠪᠤᠷᠢ ᠪᠣᠯᠬᠤ ᠮᠥᠷᠲᠡᠭᠡᠨ ᠪᠠᠰᠠ ᠬᠤᠰᠢᠭᠤᠨ ᠤ ᠨᠠᠮ ᠤᠨ ᠬᠤᠷᠢᠶ᠎ᠠ᠂ ᠵᠠᠰᠠᠭ ᠤᠨ | ᠣᠷᠳᠣᠨ ᠳᠤ ᠠᠰᠢᠭᠲᠠᠢ ᠪᠥᠭᠡᠳ ᠪᠦᠲᠦᠮᠵᠢᠲᠡᠶ ᠰᠢᠢᠳᠪᠦᠷᠢᠲᠦ ᠪᠣᠳᠣᠯᠭ᠎ᠠ ᠶᠢᠨ ᠯᠠᠪᠯᠠᠯᠲᠠ ᠬᠠᠩᠭᠠᠭᠰᠠᠨ ᠪᠠᠶᠢᠨ᠎ᠠ᠃ | ᠪᠣᠳᠠᠲᠤ ᠦᠷ᠎ᠡ ᠪᠦᠲᠦᠮᠵᠢ ᠣᠯᠵᠤ᠂ ᠠᠷᠠᠳ ᠤᠨ ᠠᠮᠢᠳᠤᠷᠠᠯ ᠤᠨ ᠬᠦᠷᠳᠡᠮᠵᠢ ᠶᠢ ᠳᠡᠬᠡᠭᠰᠢᠯᠡᠬᠦᠯᠬᠦ ᠲᠠᠢ ᠨᠢᠭᠲᠠ | ᠤᠶᠠᠯᠳᠤᠭᠤᠯᠤᠨ ᠬᠦᠴᠦᠯᠡᠨ ᠴᠢᠷᠮᠡᠶᠢᠪᠠ᠃ ᠨᠡᠶᠢᠭᠡᠮ ᠤᠨ ᠪᠠᠶᠢᠳᠠᠯ ᠠᠷᠠᠳ ᠤᠨ ᠰᠠᠨᠠᠭ᠎ᠠ ᠶᠢ ᠲᠤᠰᠬᠠᠭᠰᠠᠨ ᠮᠡᠳᠡᠭᠡ | ᠵᠠᠩᠭᠢ ᠶᠢ ᠲᠤᠰᠢᠶᠠᠯ ᠬᠠᠷᠢᠭᠤᠴᠠᠯᠭ᠎ᠠ ᠪᠠᠨ ᠴᠢᠨᠠᠷ ᠰᠠᠶᠢᠲᠠᠢ ᠭᠦᠢᠴᠡᠳᠬᠡᠬᠦ ᠶᠢᠨ ᠭᠤᠣᠯᠳᠠᠯᠭ᠎ᠠ ᠪᠣᠯᠭᠠᠪᠠ᠃ ᠪᠣᠯᠪᠠᠰᠣᠷᠠᠯ | ᠢᠶᠠᠷ ᠬᠥᠲᠥᠯᠥᠨ ᠵᠢᠯᠤᠭᠤᠳᠬᠤ ᠶᠢ ᠴᠢᠩᠭᠠᠳᠬᠠᠵᠤ᠂ ᠨᠡᠶᠢᠭᠡᠮ ᠤᠨ ᠪᠠᠶᠢᠳᠠᠯ ᠠᠷᠠᠳ ᠤᠨ ᠰᠠᠨᠠᠭ᠎ᠠ ᠶᠢᠨ ᠮᠡᠳᠡᠭᠡ ᠵᠠᠩᠭᠢ ᠶᠢ | ᠠᠬᠢᠭᠤᠯᠬᠤ ᠬᠤᠷᠠᠯ᠂ ᠰᠤᠳᠤᠯᠤᠨ ᠶᠠᠷᠢᠯᠴᠠᠬᠤ ᠬᠤᠷᠠᠯ ᠪᠠ ᠪᠣᠯᠪᠠᠰᠣᠷᠠᠯ ᠤᠨ ᠬᠤᠷᠠᠯ ᠢ 5 ᠤᠳᠠᠭ᠎ᠠ ᠬᠤᠷᠠᠯᠳᠤᠭᠤᠯᠪᠠ᠃ | ᠨᠡᠶᠢᠭᠡᠮ ᠤᠨ ᠪᠠᠶᠢᠳᠠᠯ ᠠᠷᠠᠳ ᠤᠨ ᠰᠠᠨᠠᠭ᠎ᠠ ᠶᠢᠨ ᠮᠡᠳᠡᠭᠡ ᠵᠠᠩᠭᠢ ᠶᠢᠨ ︽ᠰᠢᠭᠤᠳ ᠨᠡᠪᠲᠡᠷᠡᠬᠦ︾ ᠳᠠᠪᠠᠭᠤᠯᠢᠭ ᠢ ᠭᠦᠢᠴᠡᠳ | ᠪᠠᠳᠠᠷᠠᠭᠤᠯᠵᠤ᠂ ᠨᠡᠶᠢᠭᠡᠮ ᠤᠨ ᠪᠠᠶᠢᠳᠠᠯ ᠠᠷᠠᠳ ᠤᠨ ᠰᠠᠨᠠᠭᠠᠨ ᠤ ᠮᠡᠳᠡᠭᠡ ᠵᠠᠩᠭᠢ ᠶᠢ 135 ᠬᠤᠪᠢ ᠳᠡᠭᠡᠭᠰᠢ ᠮᠡᠳᠡᠭᠦᠯᠵᠦ᠂ | ᠳᠡᠭᠡᠳᠦ ᠱᠠᠲᠤᠨ ᠤ ᠤᠯᠤᠰ ᠲᠥᠷᠥ ᠶᠢᠨ ᠵᠥᠪᠯᠡᠯᠭᠡᠨ 61 ᠬᠤᠪᠢ ᠶᠢ ᠬᠡᠷᠡᠭᠯᠡᠵᠦ᠂ ᠡᠭᠦᠨ ᠳᠤ ︽︿ᠣᠶᠤᠨᠲᠤ ᠲᠠᠮᠠᠭ᠎ᠠ﹀ | ᠨᠢ ᠦᠨᠳᠦᠰᠦᠨ ᠱᠠᠲᠤᠨ ᠤ ᠡᠷᠬᠡ ᠶᠢᠨ ᠬᠡᠷᠡᠭᠯᠡᠯᠳᠡ ᠶᠢ ᠨᠠᠩ ᠢᠯᠡ ᠲᠣᠳᠣ ᠪᠣᠯᠭᠠᠪᠠ︾ ︽ᠤᠯᠤᠰ ᠤᠨ ᠨᠤᠲᠤᠭ | ᠳᠡᠪᠢᠰᠬᠡᠷ ᠤᠨ ︿ᠭᠤᠷᠪᠠ ᠶᠢ ᠲᠣᠬᠢᠷᠠᠭᠤᠯᠬᠤ﹀ ᠦᠷ᠎ᠡ ᠪᠦᠲᠦᠭᠡᠯ ᠢ ᠰᠢᠨᠵᠢᠯᠡᠬᠦ ᠤᠬᠠᠭᠠᠨᠴᠢ ᠪᠠᠷ ᠠᠰᠢᠭᠯᠠᠨ ᠭᠠᠵᠠᠷ | ᠰᠢᠷᠣᠢ ᠶᠢᠨ ᠡᠷᠭᠢᠯᠲᠡ ᠶᠢ ᠲᠦᠷᠭᠡᠳᠬᠡᠵᠦ ᠲᠠᠷᠢᠶᠠᠴᠢᠳ ᠤᠨ ᠣᠷᠣᠯᠭ᠎ᠠ ᠶᠢᠨ ᠨᠡᠮᠡᠭᠳᠡᠯ ᠢ ᠠᠬᠢᠭᠤᠯᠣᠶ᠎ᠠ︾ ︽ᠰᠤᠷᠭᠠᠨ | ᠬᠥᠮᠦᠵᠢᠯ ᠤᠨ ᠬᠦᠷᠢᠶᠡᠨ ᠳᠠᠬᠢ ᠰᠤᠷᠲᠠᠯ ᠢ ᠲᠥᠪ ᠪᠣᠯᠭᠠᠨ ᠰᠠᠬᠢᠯᠭ᠎ᠠ ᠪᠠᠲᠤ ᠶᠢ ᠴᠢᠩᠳᠠᠯᠠᠵᠤ ᠢᠯᠵᠠᠷᠠᠯ ᠢ ᠡᠰᠡᠷᠭᠦᠴᠡᠬᠦ ᠶᠢ | ᠴᠢᠩᠭᠠᠳᠬᠠᠵᠤ ᠠᠷᠢᠭᠤᠨ ᠴᠢᠬᠡᠴᠢ ᠶᠢᠨ ᠬᠥᠮᠦᠵᠢᠯ ᠤᠨ ᠡᠩᠨᠡᠭᠡ ᠶᠢ ᠴᠢᠷᠮᠠᠶᠢᠨ ᠪᠠᠶᠢᠭᠤᠯᠣᠶ᠎ᠠ︾ ᠭᠡᠬᠦ 3 ᠬᠤᠪᠢ ᠨᠢ | ᠥᠪᠡᠷᠲᠡᠭᠡᠨ ᠵᠠᠰᠠᠬᠤ ᠣᠷᠣᠨ ᠤ ᠤᠯᠤᠰ ᠲᠥᠷᠥ ᠶᠢᠨ ᠵᠥᠪᠯᠡᠯᠭᠡᠨ ᠳᠤ ᠬᠡᠷᠡᠭᠯᠡᠭᠳᠡᠵᠦ᠂ ᠥᠪᠡᠷᠲᠡᠭᠡᠨ ᠵᠠᠰᠠᠬᠤ ᠣᠷᠣᠨ ᠤ | ᠵᠣᠬᠢᠶᠠᠨ ᠪᠠᠶᠢᠭᠤᠯᠬᠤ ᠬᠡᠯᠲᠡᠰ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ ᠵᠡᠷᠭᠡ ᠰᠠᠯᠠᠭ᠎ᠠ ᠮᠥᠴᠢᠷ ᠤᠨ | ᠬᠠᠷᠢᠭᠤᠯᠲᠠ ᠶᠢ ᠣᠯᠪᠠ︔ ︽ᠰᠡᠭᠦᠯᠴᠢ ᠶᠢᠨ ᠬᠢᠵᠢᠭ ᠤᠨ ᠪᠠᠶᠢᠳᠠᠯ ᠤᠨ ᠴᠠᠭ ᠦᠶ᠎ᠡ ᠳᠤ ᠵᠢᠭᠤᠯᠴᠢᠯᠠᠯ ᠤᠨ ᠦᠢᠯᠡᠰ ᠤᠨ | ᠬᠥᠭᠵᠢᠯᠲᠡ ᠶᠢᠨ ᠰᠢᠨ᠎ᠡ ᠠᠵᠠ ᠲᠣᠬᠢᠶᠠᠯ ᠢ ᠬᠡᠷᠬᠢᠨ ᠠᠳᠬᠤᠬᠤ ᠪᠤᠢ︾ ᠵᠡᠷᠭᠡ 58 ᠬᠤᠪᠢ ᠶᠢ ᠤᠯᠠᠭᠠᠨᠬᠠᠳᠠ | ᠬᠤᠳᠠ ᠶᠢᠨ ᠤᠯᠤᠰ ᠲᠦᠷᠦ ᠶᠢᠨ ᠵᠥᠪᠯᠡᠯᠭᠡᠨ ᠬᠡᠷᠡᠭᠯᠡᠵᠡᠢ᠃ ᠡᠳᠡᠭᠡᠷ ᠮᠡᠳᠡᠭᠡ ᠵᠠᠩᠭᠢ ᠨᠢ ᠠᠷᠠᠳ ᠤᠯᠠᠨ ᠤ ᠬᠦᠰᠡᠯ | ᠱᠠᠭᠠᠷᠳᠠᠯᠭ᠎ᠠ ᠶᠢ ᠦᠨᠡᠨ ᠪᠣᠳᠠᠲᠠᠢ ᠪᠠᠷ ᠢᠯᠡᠳᠬᠡᠵᠦ᠂ ᠠᠷᠠᠳ ᠤᠯᠠᠨ ᠤ ᠬᠦᠰᠡᠯ ᠡᠷᠡᠮᠡᠯᠵᠡᠯ ᠢ ᠦᠨᠡᠨᠬᠦ ᠲᠤᠰᠬᠠᠵᠤ᠂ ︽ | ᠰᠢᠭᠤᠳ ᠨᠡᠪᠲᠡᠷᠡᠬᠦ ᠲᠡᠷᠭᠡ︾ ᠶᠢᠨ ︽ᠬᠤᠷᠳᠣᠴᠠ︾ ᠶᠢ ᠢᠯᠡᠷᠡᠬᠦᠯᠵᠣ᠂ ︽ᠵᠢᠵᠢᠭ ᠮᠡᠳᠡᠭᠡ ᠵᠠᠩᠭᠢ︾ ᠨᠢ ︽ᠳᠣᠮᠣ | ᠡᠨᠧᠷᠭᠢ︾ ᠶᠢ ᠭᠠᠷᠭᠠᠭᠰᠠᠨ ᠪᠠᠶᠢᠨ᠎ᠠ᠃ | ︵ᠭᠤᠷᠪᠠ︶ ᠲᠤᠰᠬᠠᠢ ᠵᠥᠪᠯᠡᠬᠦ ᠪᠠᠶᠢᠭᠤᠯᠤᠮᠵᠢ ᠶᠢᠨ ᠭᠤᠣᠯ ᠬᠠᠷᠢᠭᠤᠴᠠᠯᠭ᠎ᠠ ᠭᠤᠣᠯ ᠠᠵᠢᠯ ᠳᠤ ᠠᠩᠬᠠᠷᠤᠯ ᠢᠶᠠᠨ | ᠲᠥᠪᠯᠡᠷᠡᠭᠦᠯᠵᠦ᠂ ᠠᠷᠠᠳ ᠤᠨ ᠲᠥᠯᠥᠭᠡ ᠵᠢᠳᠬᠦᠬᠦ ᠵᠣᠷᠢᠯᠲᠠ ᠶᠢ ᠦᠢᠯᠡᠳᠦᠯᠭᠡᠵᠢᠭᠦᠯᠦᠨ᠂ ᠡᠷᠡᠰ ᠰᠢᠭᠤᠷᠬᠠᠢ ᠪᠠᠷ | ᠤᠷᠤᠭᠰᠢᠯᠠᠵᠤ᠂ ᠡᠷᠡᠰ ᠭᠤᠶᠢᠪᠢᠰᠢ ᠦᠭᠡᠢ ᠪᠠᠷ ᠵᠥᠪᠯᠡᠬᠦ ᠠᠷᠠᠳᠴᠢᠯᠠᠯ ᠢ ᠴᠢᠩᠭᠠᠳᠬᠠᠬᠤ ᠬᠦᠴᠦᠲᠡᠢ ᠬᠡᠷᠡᠭᠵᠢᠭᠦᠯᠦᠭᠴᠢ | ᠪᠣᠯᠪᠠ᠃ ᠠᠷᠠᠳ ᠤᠨ ᠠᠮᠢᠳᠤᠷᠠᠯ ᠳᠤ ᠦᠴᠦᠬᠡᠨ ᠶᠠᠪᠤᠳᠠᠯ ᠭᠡᠵᠦ ᠦᠭᠡᠢ᠃ ᠪᠠᠶᠢᠩᠭᠤ ᠶᠢᠨ ᠬᠤᠷᠢᠶ᠎ᠠ ᠨᠢ ᠥᠷᠭᠡᠨ ᠤᠯᠠᠨ | ᠤᠯᠤᠰ ᠲᠦᠷᠦ ᠶᠢᠨ ᠵᠥᠪᠯᠡᠯᠭᠡᠨ ᠤ ᠭᠡᠰᠢᠭᠦᠳ ᠢ ᠪᠦᠯᠬᠦᠮᠳᠡᠭᠦᠯᠦᠨ ᠳᠠᠭᠠᠭᠤᠯᠵᠤ ᠠᠷᠠᠳ ᠲᠦᠮᠡᠨ ᠢᠶᠠᠷ ᠭᠤᠣᠯ ᠪᠣᠯᠭᠠᠬᠤ | ᠬᠥᠭᠵᠢᠯᠲᠡ ᠶᠢᠨ ᠣᠶᠢᠯᠠᠭᠠᠭᠳᠠᠬᠤᠨ ᠢ ᠤᠬᠠᠮᠰᠠᠷ ᠠᠴᠠ ᠪᠠᠨ ᠦᠢᠯᠡᠳᠦᠯᠭᠡᠵᠢᠭᠦᠯᠵᠦ᠂ ᠠᠷᠠᠳ ᠤᠨ ᠠᠮᠢᠳᠤᠷᠠᠯ ᠢ ᠠᠩᠬᠠᠷᠬᠤ | ᠂ ᠠᠷᠠᠳ ᠤᠨ ᠪᠠᠶᠢᠳᠠᠯ ᠢ ᠣᠶᠢᠯᠠᠭᠠᠬᠤ᠂ ᠠᠷᠠᠳ ᠤᠨ ᠬᠦᠴᠢᠷᠳᠡᠯ ᠢ ᠰᠢᠢᠳᠪᠦᠷᠢᠯᠡᠬᠦ ᠶᠢ ᠲᠤᠰᠢᠶᠠᠯ ᠬᠠᠷᠢᠭᠤᠴᠠᠯᠭ᠎ᠠ ᠪᠠᠨ | ᠭᠦᠢᠴᠡᠳᠬᠡᠬᠦ ᠡᠯ᠎ᠡ ᠲᠠᠯ᠎ᠠ ᠳᠤ ᠲᠤᠤᠱᠯᠠᠭᠤᠯᠵᠤ᠂ ᠠᠷᠭ᠎ᠠ ᠤᠬᠠᠭᠠᠨ ᠭᠠᠷᠭᠠᠵᠤ ᠬᠦᠴᠦᠨ ᠴᠢᠳᠠᠯ ᠢᠶᠠᠨ ᠡᠷᠬᠦᠨ ᠠᠷᠠᠳ ᠤᠨ | ᠵᠣᠪᠠᠨᠢᠯ ᠢ ᠰᠢᠢᠳᠪᠦᠷᠢᠯᠡᠵᠦ᠂ ᠬᠠᠶᠢᠷ᠎ᠠ ᠬᠠᠯᠠᠮᠵᠢ ᠪᠠᠷ ᠠᠷᠠᠳ ᠤᠨ ᠰᠡᠳᠬᠢᠯ ᠢ ᠨᠢᠭᠲᠠᠷᠠᠭᠤᠯᠪᠠ᠃ | ᠰᠠᠨᠠᠯ ᠵᠥᠪᠯᠡᠯᠭᠡ ᠶᠢ ᠰᠢᠢᠳᠪᠦᠷᠢᠯᠡᠬᠦ ᠠᠵᠢᠯ ᠢ ᠴᠢᠩᠭᠠᠳᠬᠠᠵᠤ᠂ ᠨᠡᠶᠢᠭᠡᠮ ᠤᠨ ᠠᠩᠬᠠᠷᠤᠯ ᠲᠠᠯᠪᠢᠵᠤ ᠪᠠᠶᠢᠭ᠎ᠠ | ᠠᠰᠠᠭᠤᠳᠠᠯ ᠳᠤ ᠬᠠᠷᠢᠭᠤᠯᠲᠠ ᠦᠭᠪᠡ᠃ ᠰᠠᠨᠠᠯ ᠵᠥᠪᠯᠡᠯᠭᠡ ᠶᠢ ᠰᠢᠢᠳᠪᠦᠷᠢᠯᠡᠬᠦ ᠶᠠᠪᠤᠳᠠᠯ ᠢ ᠤᠯᠠᠨ ᠲᠦᠮᠡᠨ ᠲᠠᠢ ᠨᠢᠭᠲᠠ | ᠬᠠᠷᠢᠯᠴᠠᠬᠤ᠂ ᠬᠥᠭᠵᠢᠯᠲᠡ ᠶᠢᠨ ᠪᠡᠷᠬᠡ ᠰᠡᠳᠦᠪ ᠢ ᠰᠢᠢᠳᠪᠦᠷᠢᠯᠡᠬᠦ᠂ ᠬᠥᠭᠵᠢᠯᠲᠡ ᠶᠢᠨ ᠬᠠᠮᠳᠣᠷᠠᠯ ᠤᠨ ᠬᠦᠴᠦᠨ ᠢ | ᠨᠢᠭᠲᠠᠷᠠᠭᠤᠯᠬᠤ ᠴᠢᠬᠤᠯᠠ ᠬᠥᠭᠦᠷᠭᠡ ᠬᠤᠯᠪᠣᠭᠠᠰᠤ ᠪᠣᠯᠭᠠᠬᠤ ᠶᠢ ᠪᠠᠷᠢᠮᠲᠠᠯᠠᠪᠠ᠃ ᠭᠤᠣᠯᠳᠠᠯᠭ᠎ᠠ ᠲᠠᠢ ᠰᠠᠨᠠᠯ ᠵᠦᠪᠯᠡᠯᠬᠡ ᠶᠢ | ᠨᠠᠮ ᠵᠠᠰᠠᠭ ᠤᠨ ᠤᠳᠤᠷᠢᠳᠤᠯᠭ᠎ᠠ ᠶᠢ ᠤᠷᠢᠵᠤ ᠲᠤᠬᠠᠢ ᠶᠢᠨ ᠲᠠᠯᠠᠪᠤᠷ ᠲᠤᠨᠢ ᠱᠠᠭᠠᠷᠳᠠᠨ ᠰᠢᠢᠳᠪᠦᠷᠢᠯᠡᠭᠦᠯᠬᠦ᠂ ᠴᠢᠬᠤᠯᠠ | ᠰᠠᠨᠠᠯ ᠵᠦᠪᠯᠡᠯᠬᠡ ᠶᠢ ᠲᠡᠷᠢᠭᠦᠯᠡᠭᠴᠢᠳ ᠤᠨ ᠬᠤᠷᠠᠯ ᠤᠨ ᠪᠦᠷᠢᠯᠳᠦᠭᠦᠨ ᠳᠦᠷᠦᠬᠦᠯᠡᠨ ᠱᠠᠭᠠᠷᠳᠠᠨ ᠰᠢᠢᠳᠪᠦᠷᠢᠯᠡᠭᠦᠯᠬᠦ᠂ | ᠲᠤᠰᠬᠠᠢ ᠵᠥᠪᠯᠡᠯ ᠲᠠᠭᠠᠨ ᠱᠠᠭᠠᠷᠳᠠᠨ ᠰᠢᠢᠳᠪᠦᠷᠢᠯᠡᠬᠦᠯᠬᠦ᠂ ᠬᠤᠰᠢᠭᠤᠨ ᠤ ᠨᠠᠮ ᠤᠨ ᠬᠤᠷᠢᠶ᠎ᠠ ᠪᠠ ᠬᠤᠰᠢᠭᠤᠨ ᠤ | ᠵᠠᠰᠠᠭ ᠤᠨ ᠣᠷᠳᠣᠨ ᠤ ᠱᠠᠭᠠᠷᠳᠠᠨ ᠪᠠᠶᠢᠴᠠᠭᠠᠬᠤ ᠲᠠᠰᠤᠭ ᠬᠢᠨᠠᠨ ᠰᠢᠯᠭᠠᠵᠤ ᠱᠠᠭᠠᠷᠳᠠᠨ ᠰᠢᠢᠳᠪᠦᠷᠢᠯᠡᠭᠦᠯᠬᠦ ︽ᠳᠥᠷᠪᠡᠨ | ᠱᠠᠭᠠᠷᠳᠠᠨ ᠰᠢᠢᠳᠪᠦᠷᠢᠯᠡᠭᠦᠯᠬᠦ︾ ᠲᠣᠭᠲᠠᠴᠠ ᠶᠢ ᠬᠡᠷᠡᠭᠯᠡᠨ᠂ 4 ᠭᠤᠣᠯᠳᠠᠯᠭ᠎ᠠ ᠲᠠᠢ ᠰᠠᠨᠠᠯ ᠵᠦᠪᠯᠡᠯᠬᠡ᠂ 62 ᠬᠡᠷᠡᠭ | ᠪᠣᠯᠭᠠᠨ ᠳᠠᠩᠰᠠᠯᠠᠭᠰᠠᠨ ᠰᠠᠨᠠᠯ ᠵᠦᠪᠯᠡᠯᠬᠡ ᠶᠢ ᠲᠣᠭᠲᠠᠭᠰᠠᠨ ᠴᠠᠭ ᠬᠤᠭᠤᠴᠠᠭᠠᠨ ᠳᠤ ᠪᠦᠬᠦᠨ ᠢ ᠰᠢᠢᠳᠪᠦᠷᠢᠯᠡᠵᠦ | ᠳᠠᠭᠤᠰᠬᠠᠬᠤ ᠶᠢ ᠢᠳᠡᠪᠬᠢᠲᠡᠢ ᠲᠦᠯᠬᠢᠨ ᠠᠬᠢᠭᠤᠯᠪᠠ᠃ ᠭᠠᠵᠠᠷ ᠣᠷᠣᠨ ᠤ ᠨᠡᠷᠡᠳᠤ ᠳᠡᠮᠳᠡᠭᠳᠦ ᠶᠢᠨ ᠪᠠᠶᠢᠭᠤᠯᠤᠯᠲᠠ ᠶᠢ | ᠴᠢᠩᠭᠠᠳᠬᠠᠨ᠂ ᠣᠷᠣᠰᠢᠨ ᠰᠠᠭᠤᠬᠤ ᠳᠤ ᠲᠣᠬᠢᠷᠠᠮᠵᠢᠲᠠᠢ ᠣᠶᠤᠨᠲᠤ ᠬᠤᠲᠠ ᠪᠠᠯᠭᠠᠰᠤ ᠶᠢ ᠪᠠᠶᠢᠭᠤᠯᠵᠤ᠂ ᠡᠮᠴᠢᠯᠡᠭᠡ | ᠡᠷᠡᠭᠦᠯᠵᠢᠯ ᠰᠤᠪᠢᠯᠠᠯᠲᠠ ᠶᠢᠨ ᠦᠢᠯᠡᠴᠢᠯᠡᠭᠡᠨ ᠤ ᠳᠣᠭᠳᠠᠯᠴᠠᠭ᠎ᠠ ᠶᠢᠨ ᠪᠠᠶᠢᠭᠤᠯᠤᠯᠲᠠ ᠶᠢ ᠲᠦᠯᠬᠢᠨ ᠠᠬᠢᠭᠤᠯᠵᠤ᠂ ᠨᠠᠮ ᠤᠨ | ᠪᠠᠶᠢᠭᠤᠯᠤᠯᠲᠠ ᠪᠠᠷ ᠦᠨᠳᠦᠰᠦᠨ ᠱᠠᠲᠤᠨ ᠤ ᠵᠠᠰᠠᠯᠲᠠ ᠶᠢ ᠬᠥᠲᠥᠯᠥᠨ ᠳᠠᠭᠠᠭᠤᠯᠬᠤ ᠵᠡᠷᠭᠡ ᠬᠥᠭᠵᠢᠯᠲᠡ ᠳᠤ ᠬᠤᠯᠪᠣᠭᠳᠠᠬᠤ | ᠂ ᠠᠷᠠᠳ ᠤᠨ ᠠᠮᠢᠳᠤᠷᠠᠯ ᠳᠤ ᠬᠤᠯᠪᠣᠭᠳᠠᠬᠤ ᠦᠯᠡᠮᠵᠢ ᠤᠯᠠᠨ ᠰᠠᠨᠠᠯ ᠵᠥᠪᠯᠡᠯᠭᠡ ᠶᠢ ᠪᠦᠲᠦᠮᠵᠢᠲᠡᠶ ᠪᠠᠷ | ᠨᠠᠶᠢᠳᠠᠪᠤᠷᠢᠵᠢᠭᠤᠯᠵᠤ᠂ ᠰᠠᠨᠠᠯ ᠵᠥᠪᠯᠡᠯᠭᠡ ᠶᠢ ᠰᠢᠢᠳᠪᠦᠷᠢᠯᠡᠬᠦ ᠶᠠᠰᠤ ᠴᠢᠨᠠᠷ ᠪᠠ ᠦᠷ᠎ᠡ ᠪᠦᠲᠦᠮᠵᠢ ᠶᠢ ᠴᠢᠩᠭᠠᠳᠬᠠᠪᠠ᠃ | ᠠᠷᠠᠳᠴᠢᠯᠠᠯ ᠢᠶᠠᠷ ᠬᠢᠨᠠᠯᠲᠠ ᠲᠠᠯᠪᠢᠬᠤ ᠶᠢ ᠴᠢᠩᠭᠠᠳᠬᠠᠵᠤ᠂ ᠠᠵᠢᠯ ᠤᠨ ᠨᠠᠶᠢᠳᠠᠪᠤᠷᠢᠵᠢᠭᠤᠯᠤᠯᠲᠠ ᠶᠢ ᠠᠬᠢᠭᠤᠯᠪᠠ᠃ | ᠠᠷᠠᠳᠴᠢᠯᠠᠯ ᠢᠶᠠᠷ ᠬᠢᠨᠠᠯᠲᠠ ᠲᠠᠯᠪᠢᠬᠤ ᠶᠢ ᠤᠯᠤᠰ ᠲᠦᠷᠦ ᠶᠢᠨ ᠵᠥᠪᠯᠡᠯᠭᠡᠨ ᠤ ᠠᠵᠢᠯ ᠤᠨ ᠲᠤᠰᠢᠶᠠᠯ ᠬᠠᠷᠢᠭᠤᠴᠠᠯᠭ᠎ᠠ ᠪᠠᠨ | ᠭᠦᠢᠴᠡᠳᠬᠡᠬᠦ ᠪᠦᠬᠦ ᠶᠠᠪᠤᠴᠠ ᠳᠤ ᠠᠭᠤᠰᠤᠯᠴᠠᠭᠤᠯᠬᠤ ᠶᠢ ᠪᠠᠷᠢᠮᠲᠠᠯᠠᠵᠤ᠂ ᠵᠥᠪᠯᠡᠯᠭᠡ ᠬᠢᠬᠦ ᠪᠠ ᠬᠢᠨᠠᠯᠲᠠ ᠲᠠᠯᠪᠢᠬᠤ ᠶᠢᠨ | ᠤᠯᠠᠨ ᠡᠰᠢᠴᠢᠯᠡᠭᠰᠡᠨ ᠬᠤᠣᠰ ᠴᠢᠭᠯᠡᠯ ᠢᠶᠠᠷ ᠬᠠᠷᠢᠯᠴᠠᠨ ᠨᠡᠪᠲᠡᠷᠡᠯᠴᠡᠬᠦ ᠶᠢ ᠪᠡᠶᠡᠯᠡᠭᠦᠯᠪᠡ᠃ ᠭᠡᠰᠢᠭᠦᠳ ᠢ ᠵᠣᠬᠢᠶᠠᠨ | ᠪᠠᠶᠢᠭᠤᠯᠤᠨ ᠬᠡᠰᠡᠭ ᠭᠠᠵᠠᠷ ᠤᠨ ᠦᠨ᠎ᠡ ᠶᠢ ᠰᠢᠨᠡᠳᠬᠡᠬᠦ᠂ ᠦᠵᠡᠮᠵᠢ ᠶᠢᠨ ᠣᠷᠣᠨ ᠤ ᠪᠢᠯᠧᠲ ᠤᠨ ᠦᠨ᠎ᠡ ᠶᠢ | ᠲᠣᠬᠢᠷᠠᠭᠤᠯᠬᠤ ᠵᠡᠷᠭᠡ 10 ᠭᠠᠷᠤᠢ ᠲᠠᠯᠠᠪᠤᠷ ᠬᠡᠷᠡᠴᠢᠯᠡᠭᠡ ᠶᠢ ᠰᠣᠨᠣᠰᠬᠤ ᠬᠤᠷᠠᠯ ᠳᠤ ᠣᠷᠣᠯᠴᠠᠭᠤᠯᠪᠠ᠃ ︽ᠤᠯᠤᠰ | ᠲᠦᠷᠦ ᠶᠢᠨ ᠵᠥᠪᠯᠡᠯᠭᠡᠨ + ᠰᠢᠭᠦᠬᠦ ᠬᠤᠷᠢᠶ᠎ᠠ︾ ᠶᠢᠨ ᠵᠢᠭᠤᠷᠠᠯᠳᠤᠭᠠᠨ ᠢ ᠤᠯᠠᠨ ᠡᠰᠢᠵᠢᠭᠦᠯᠦᠨ ᠰᠢᠢᠳᠪᠦᠷᠢᠯᠡᠬᠦ ᠰᠢᠨ᠎ᠡ | ᠵᠠᠭᠪᠤᠷ ᠢ ᠬᠠᠶᠢᠨ ᠰᠦᠪᠡᠭᠴᠢᠯᠡᠵᠦ᠂ ᠤᠯᠤᠰ ᠲᠦᠷᠦ ᠶᠢᠨ ᠵᠥᠪᠯᠡᠯᠭᠡᠨ ᠤ 10 ᠭᠡᠰᠢᠭᠦᠨ ᠢ ᠢᠷᠭᠡᠨ ᠤ ᠪᠠ | ᠬᠤᠳᠠᠯᠳᠤᠭᠠᠨ ᠤ ᠶᠠᠪᠤᠳᠠᠯ ᠤᠨ ᠵᠢᠭᠤᠷᠠᠯᠳᠤᠭᠠᠨ ᠢ ᠤᠯᠠᠨ ᠡᠰᠢᠵᠢᠭᠦᠯᠦᠨ ᠰᠢᠢᠳᠪᠦᠷᠢᠯᠡᠬᠦ ᠲᠣᠭᠲᠠᠴᠠ ᠶᠢᠨ | ᠡᠶᠡᠳᠡᠭᠦᠯᠦᠭᠴᠢ ᠪᠠᠷ ᠲᠠᠨᠢᠯᠴᠠᠭᠤᠯᠵᠤ᠂ ᠥᠮᠴᠢᠲᠡᠨ ᠤ ᠭᠡᠷ᠎ᠡ ᠶᠢᠨ ᠭᠠᠶᠢᠯᠢ ᠶᠢ ᠨᠡᠬᠡᠮᠵᠢᠯᠡᠨ ᠳᠦᠯᠦᠬᠦᠯᠦᠭᠰᠡᠨ᠂ ᠬᠥᠯᠥᠰᠦᠨ | ᠠᠵᠢᠯᠴᠢᠨ ᠤ ᠴᠠᠯᠢᠩ ᠢ ᠦᠷᠢᠳᠦᠭᠰᠡᠨ᠂ ᠰᠠᠭᠤᠭᠠᠯᠢ ᠲᠣᠭᠤᠷᠢᠭ ᠤᠨ ᠬᠡᠷ ᠤᠨ ᠳᠡᠵᠢᠬᠡᠪᠦᠷᠢ ᠬᠥᠮᠥᠨ ᠢ | ᠰᠢᠷᠠᠭᠳᠣᠭᠤᠯᠣᠭᠰᠠᠨ᠂ ᠬᠥᠳᠡᠯᠮᠦᠷᠢ ᠦᠢᠯᠡᠴᠢᠯᠡᠭᠡᠨ ᠤ ᠭᠡᠷ᠎ᠡ ᠶᠢᠨ ᠮᠠᠷᠭᠤᠯᠳᠤᠭᠠᠨ ᠵᠡᠷᠭᠡ 20 ᠭᠠᠷᠤᠢ ᠵᠢᠭᠤᠷᠠᠯᠳᠤᠭᠠᠨ ᠢ | ᠠᠮᠵᠢᠯᠲᠠ ᠲᠠᠢ ᠪᠠᠷ ᠡᠶᠡᠳᠡᠭᠦᠯᠵᠦ᠂ ᠨᠡᠶᠢᠭᠡᠮ ᠤᠨ ᠵᠠᠰᠠᠯᠲᠠ ᠶᠢᠨ ᠬᠥᠲᠥᠯᠥᠨ ᠵᠢᠯᠤᠭᠤᠳᠬᠤ ᠲᠠᠯ᠎ᠠ ᠳᠡᠰᠢ ᠬᠦᠴᠦᠯᠡᠬᠦ ᠶᠢ | ᠠᠬᠢᠭᠤᠯᠵᠤ᠂ ᠵᠥᠷᠢᠴᠡᠯ ᠵᠢᠭᠤᠷᠠᠯᠳᠤᠭᠠᠨ ᠢ ᠰᠢᠢᠳᠪᠦᠷᠢᠯᠡᠬᠦ ︽ᠤᠯᠠᠨ ᠠᠷᠭ᠎ᠠ ᠵᠠᠮ︾ ᠢ ᠪᠤᠢ ᠪᠣᠯᠭᠠᠪᠠ᠃ ︽ᠠᠷᠠᠳ ᠤᠨ | ᠡᠵᠡᠩᠨᠡᠯᠲᠡ ᠶᠢᠨ ᠠᠵᠤ ᠠᠬᠤᠶᠢᠯᠠᠯ ᠤᠨ ᠥᠮᠴᠢᠯᠡᠯ ᠤᠨ ᠡᠷᠬᠡ ᠪᠠ ᠠᠵᠤ ᠠᠬᠤᠶᠢᠯᠠᠯᠲᠠᠨ ᠤ ᠡᠷᠬᠡ ᠠᠰᠢᠭ ᠢ ᠬᠠᠮᠠᠭᠠᠯᠠᠵᠤ᠂ | ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠤᠨ ᠬᠥᠭᠵᠢᠯᠲᠡ ᠶᠢᠨ ᠣᠷᠴᠢᠨ ᠲᠣᠭᠤᠷᠢᠨ ᠢ ᠰᠢᠯᠢᠳᠡᠭᠵᠢᠭᠦᠯᠬᠦ︾ | ᠬᠢᠨᠠᠯᠲᠠ ᠲᠠᠯᠪᠢᠬᠤ ᠬᠡᠯᠪᠡᠷᠢ ᠶᠢᠨ ᠵᠥᠪᠳᠡᠯᠴᠡᠭᠡ ᠶᠢ ᠥᠷᠨᠢᠭᠦᠯᠵᠦ᠂ ᠠᠵᠤ ᠠᠬᠤᠶᠢᠯᠠᠯ ᠢ ᠬᠠᠪᠰᠤᠷᠤᠨ ᠬᠥᠭᠵᠢᠯᠲᠡ ᠶᠢᠨ | ᠲᠠᠯ᠎ᠠ ᠪᠠᠷ ᠬᠢ ᠬᠦᠴᠢᠷ ᠵᠣᠪᠠᠭᠤᠷᠢ ᠶᠢ ᠨᠢ ᠠᠷᠢᠯᠭᠠᠵᠤ᠂ ᠣᠷᠴᠢᠨ ᠲᠣᠭᠤᠷᠢᠨ ᠤ ᠲᠠᠯ᠎ᠠ ᠪᠠᠷ ᠬᠢ ᠳᠠᠷᠤᠯᠲᠠ ᠶᠢ ᠨᠢ | ᠪᠠᠭᠤᠷᠠᠭᠤᠯᠵᠣ᠂ ᠲᠥᠷᠥ ᠶᠢᠨ ᠪᠣᠳᠣᠯᠭ᠎ᠠ ᠶᠢᠨ ᠲᠠᠯ᠎ᠠ ᠪᠠᠷ ᠬᠢ ᠲᠥᠭᠡᠷᠢᠭᠳᠡᠯ ᠢ ᠨᠢ ᠳᠠᠶᠢᠯᠣᠨ᠂ ᠬᠠᠪᠰᠤᠷᠤᠨ ᠲᠡᠳᠬᠦᠬᠦ | ᠲᠠᠯ᠎ᠠ ᠪᠠᠷ ᠬᠢ ᠵᠣᠪᠠᠨᠢᠯ ᠢ ᠨᠢ ᠠᠷᠢᠯᠭᠠᠵᠤ᠂ ᠮᠠᠨ ᠤ ᠬᠤᠰᠢᠭᠤᠨ ᠤ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ | ᠬᠥᠭᠵᠢᠯᠲᠡ ᠳᠤ ︽ᠲᠣᠭᠲᠠᠭᠤᠨ︾ ᠤ ᠰᠠᠭᠤᠷᠢ ᠶᠢ ᠪᠠᠲᠤ ᠪᠠᠬᠢ ᠲᠠᠯᠪᠢᠵᠤ᠂ ︽ᠤᠷᠤᠭᠰᠢᠯᠠᠬᠤ︾ ᠶᠢᠨ ᠲᠤᠯᠭᠠᠭᠤᠷᠢᠯᠠᠯ ᠢ | ᠬᠠᠩᠭᠠᠪᠠ᠃ | ᠤᠯᠤᠰ ᠲᠦᠷᠦ ᠶᠢᠨ ᠵᠥᠪᠯᠡᠯᠭᠡᠨ ᠤ ᠳᠠᠪᠠᠭᠤᠯᠢᠭ ᠢ ᠪᠠᠳᠠᠷᠠᠭᠤᠯᠵᠤ᠂ ᠠᠷᠠᠳ ᠤᠨ ᠠᠮᠢᠳᠤᠷᠠᠯ ᠢ ᠴᠢᠷᠮᠡᠶᠢᠨ | ᠰᠠᠶᠢᠵᠢᠷᠠᠭᠤᠯᠪᠠ᠃ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠠᠩᠬᠠᠷᠤᠯ ᠢᠶᠠᠨ ᠲᠥᠪᠯᠡᠷᠡᠭᠦᠯᠵᠦ᠂ | ᠲᠡᠷᠢᠭᠦᠯᠡᠭᠴᠢᠳ ᠤᠨ ᠬᠤᠷᠠᠯ ᠤᠨ ᠪᠦᠷᠢᠯᠳᠦᠭᠦᠨ ᠦᠨᠳᠦᠰᠦᠨ ᠱᠠᠲᠤᠨ ᠤ ᠬᠠᠷᠢᠯᠴᠠᠬᠤ ᠴᠡᠭ ᠢ 20 ᠭᠠᠷᠤᠢ ᠤᠳᠠᠭ᠎ᠠ | ᠰᠤᠷᠪᠤᠯᠵᠢᠯᠠᠵᠤ᠂ ᠳᠠᠭᠠᠭᠠᠴᠢᠯᠠᠨ ᠬᠤᠯᠪᠣᠭᠠᠯᠠᠵᠤ ᠬᠠᠪᠰᠤᠷᠤᠨ ᠲᠡᠳᠬᠦᠬᠦ ᠭᠠᠵᠠᠷ ᠣᠷᠣᠨ ᠳᠤ 4 ᠲᠦᠷᠦᠯ ᠵᠦᠢᠯ ᠢ | ᠵᠣᠬᠢᠴᠠᠭᠤᠯᠵᠤ᠂ 40 ᠭᠠᠷᠤᠢ ᠲᠦᠮᠡᠨ ᠲᠥᠭᠦᠷᠢᠭ ᠤᠨ ᠬᠠᠪᠰᠤᠷᠤᠨ ᠲᠡᠳᠬᠦᠬᠦ ᠪᠡᠯᠡ ᠮᠥᠩᠭᠦ ᠶᠢ ᠵᠣᠬᠢᠴᠠᠭᠤᠯᠵᠤ᠂ | ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠳᠦᠯᠦᠯᠳᠡ ᠪᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ | ᠪᠦᠲᠦᠮᠵᠢᠲᠡᠢ ᠵᠣᠯᠭᠠᠭᠤᠯᠬᠤ ᠶᠢ ᠠᠬᠢᠭᠤᠯᠪᠠ᠃ ᠥᠷᠭᠡᠨ ᠤᠯᠠᠨ ᠭᠡᠰᠢᠭᠦᠳ ᠢ ᠬᠥᠲᠥᠯᠥᠨ ᠵᠢᠯᠤᠭᠤᠳᠴᠤ ᠪᠠᠶᠢᠭᠠᠳ | ᠨᠡᠶᠢᠭᠡᠮ ᠤᠨ ᠬᠠᠷᠢᠭᠤᠴᠠᠯᠭ᠎ᠠ ᠶᠢ ᠲᠦᠷᠦᠭᠦᠯᠡᠨ ᠭᠦᠢᠴᠡᠳᠬᠡᠭᠦᠯᠵᠦ᠂ ᠶᠠᠳᠠᠭᠤ ᠶᠢ ᠲᠡᠳᠬᠦᠵᠦ ᠵᠦᠳᠡᠭᠦᠦ ᠶᠢ ᠲᠤᠰᠠᠯᠠᠬᠤ᠂ | ᠵᠣᠭᠤᠰ ᠮᠥᠩᠭᠦ ᠪᠠᠷ ᠰᠤᠷᠤᠯᠭ᠎ᠠ ᠶᠢ ᠲᠡᠳᠬᠦᠬᠦ ᠵᠡᠷᠭᠡ ᠨᠡᠶᠢᠲᠡ ᠶᠢᠨ ᠠᠰᠠᠷᠠᠮᠵᠢ ᠶᠢᠨ ᠠᠵᠢᠯᠯᠠᠭ᠎ᠠ ᠳᠤ ᠢᠳᠡᠪᠬᠢᠲᠡᠢ | ᠣᠷᠣᠯᠴᠠᠭᠤᠯᠵᠠᠢ᠃ ᠨᠢᠭᠡ ᠵᠢᠯ ᠤᠨ ᠲᠤᠷᠰᠢ᠂ 40 ᠭᠠᠷᠤᠢ ᠶᠠᠳᠠᠭᠤ ᠬᠦᠴᠢᠷᠳᠡᠯᠲᠡᠢ ᠰᠤᠷᠤᠭᠴᠢ ᠶᠢ ᠲᠡᠳᠬᠦᠵᠦ᠂ ᠡᠯ᠎ᠡ | ᠲᠦᠷᠦᠯ ᠤᠨ ᠪᠡᠯᠡ ᠮᠥᠩᠭᠦ ᠶᠢ 10 ᠭᠠᠷᠤᠢ ᠳᠦᠮᠡᠨ ᠲᠥᠭᠦᠷᠢᠭ ᠬᠠᠨᠳᠢᠪᠯᠡᠪᠠ᠃ | ︵ᠳᠥᠷᠪᠡ︶ ᠶᠡᠭᠡ ᠪᠦᠯᠬᠦᠮᠳᠡᠯ ᠶᠡᠭᠡ ᠬᠤᠯᠪᠣᠭᠠᠯᠠᠯ ᠤᠨ ᠭᠤᠣᠯ ᠰᠡᠳᠦᠪ ᠭᠤᠣᠯ ᠰᠢᠵᠢᠮ ᠤᠨ ᠲᠣᠭᠤᠷᠢᠨ ᠳᠤ᠂ | ᠬᠠᠮᠲᠤ ᠶᠢᠨ ᠲᠠᠨᠢᠯᠲᠠ ᠶᠢ ᠥᠷᠭᠡᠨ ᠢᠶᠠᠷ ᠨᠢᠭᠳᠠᠷᠠᠭᠤᠯᠣᠨ᠂ ᠬᠦᠴᠦᠨ ᠴᠢᠳᠠᠯ ᠢ ᠨᠢᠭᠲᠠᠷᠠᠭᠤᠯᠵᠤ᠂ ᠡᠷᠡᠰ ᠭᠤᠶᠢᠪᠢᠰᠢ | ᠦᠭᠡᠢ ᠪᠠᠷ ᠨᠢᠭᠡᠳᠦᠮᠡᠯ ᠹᠷᠣᠨᠲ ᠤᠨ ᠵᠣᠬᠢᠶᠠᠨ ᠪᠠᠶᠢᠭᠤᠯᠤᠯᠲᠠ ᠶᠢᠨ ᠰᠢᠳᠤᠷᠭᠤ ᠬᠠᠮᠠᠭᠠᠯᠠᠭᠴᠢ ᠪᠣᠯᠪᠠ᠃ ᠪᠦᠯᠬᠦᠮᠳᠡᠯ ᠪᠣᠯ | ᠳᠠᠷᠤᠢ ᠬᠦᠴᠦᠨ ᠮᠥᠨ᠂ ᠪᠦᠯᠬᠦᠮᠳᠡᠪᠡᠯ ᠰᠠᠶ᠋ᠢ ᠢᠯᠠᠯᠲᠠ ᠣᠯᠵᠤ ᠴᠢᠳᠠᠨ᠎ᠠ᠃ ᠪᠠᠶᠢᠩᠭᠤ ᠶᠢᠨ ᠬᠤᠷᠢᠶ᠎ᠠ ᠨᠢ ᠶᠡᠭᠡ | ᠨᠢᠭᠡᠳᠦᠮᠡᠯ ᠹᠷᠣᠨᠲ ᠤᠨ ᠴᠢᠳᠠᠮᠵᠢ ᠶᠢ ᠭᠦᠢᠴᠡᠳ ᠪᠠᠳᠠᠷᠠᠭᠤᠯᠵᠤ᠂ ᠭᠤᠣᠯᠳᠠᠯᠭ᠎ᠠ ᠶᠢ ᠲᠣᠭᠲᠠᠭᠠᠵᠤ᠂ ᠬᠡᠪᠴᠢᠶ᠎ᠡ ᠶᠢ | ᠥᠷᠭᠡᠳᠬᠡᠨ᠂ ᠵᠥᠪᠳᠡᠯᠴᠡᠭᠡ ᠪᠠᠷ ᠬᠠᠮᠲᠤ ᠶᠢᠨ ᠲᠠᠨᠢᠯᠲᠠ ᠶᠢ ᠨᠢᠭᠲᠠᠷᠠᠭᠤᠯᠵᠤ᠂ ᠬᠠᠮᠲᠤ ᠶᠢᠨ ᠲᠠᠨᠢᠯᠲᠠ ᠪᠠᠷ ᠪᠦᠯᠬᠦᠮᠳᠡᠯ ᠢ | ᠪᠠᠳᠣᠳᠬᠠᠨ᠂ ᠪᠦᠯᠬᠦᠮᠳᠡᠯ ᠢᠶᠠᠷ ᠨᠡᠶᠢᠯᠡᠮᠡᠯ ᠬᠦᠴᠦᠨ ᠢ ᠪᠤᠢ ᠪᠣᠯᠭᠠᠵᠤ᠂ ᠨᠠᠮ ᠤᠨ ᠬᠥᠮᠥᠰ ᠤᠨ ᠰᠡᠳᠬᠢᠯ ᠢ ᠣᠯᠬᠤ᠂ | ᠬᠦᠴᠦᠨ ᠴᠢᠳᠠᠯ ᠢ ᠨᠢᠭᠲᠠᠷᠠᠭᠤᠯᠬᠤ ᠡᠨᠡᠬᠦ ᠶᠡᠭᠡ ᠤᠯᠤᠰ ᠲᠦᠷᠦ ᠶᠢᠨ ᠶᠠᠪᠣᠳᠠᠯ ᠳᠡᠭᠡᠷ᠎ᠡ ᠠᠵᠢᠯ ᠢᠶᠠᠨ ᠲᠥᠪᠯᠡᠷᠡᠭᠦᠯᠪᠡ᠃ | ᠡᠷᠬᠡ ᠲᠡᠭᠰᠢ ᠪᠠᠷ ᠨᠡᠪᠲᠡᠷᠡᠯᠴᠡᠬᠦ ᠳᠤᠮᠳᠠ ᠨᠢᠭᠲᠠᠷᠠᠯ ᠤᠨ ᠬᠦᠴᠦᠨ ᠢ ᠳᠦᠪᠯᠡᠷᠡᠬᠦᠯᠪᠠ᠃ ᠳᠤᠮᠳᠠᠳᠤ ᠶᠢᠨ | ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠪᠠ ᠵᠢᠱᠢᠶᠡᠴᠢ ᠥᠪᠡᠷᠲᠡᠭᠡᠨ ᠵᠠᠰᠠᠬᠤ | ᠣᠷᠣᠨ ᠢ ᠪᠦᠬᠦ ᠲᠠᠯ᠎ᠠ ᠪᠠᠷ ᠪᠦᠲᠦᠭᠡᠨ ᠪᠠᠶᠢᠭᠤᠯᠬᠤ ᠡᠨᠡᠬᠦ ᠭᠤᠣᠯ ᠰᠢᠵᠢᠮ ᠤᠨ ᠲᠣᠭᠤᠷᠢᠨ ᠳᠤ᠂ ᠦᠨᠳᠦᠰᠦᠲᠡᠨ ᠤ | ᠪᠦᠯᠬᠦᠮᠳᠡᠯ ᠢ ᠠᠬᠢᠭᠤᠯᠬᠤ᠂ ᠬᠥᠮᠥᠨ ᠤ ᠰᠡᠳᠬᠢᠯ ᠬᠦᠴᠦᠨ ᠴᠢᠳᠠᠯ ᠢ ᠨᠢᠭᠲᠠᠷᠠᠭᠤᠯᠬᠤ ᠠᠵᠢᠯ ᠢ ᠦᠷᠭᠦᠯᠵᠢᠯᠡᠨ ᠰᠠᠶᠢᠲᠤᠷ | ᠬᠢᠪᠡ᠃ ᠠᠵᠣ ᠦᠢᠯᠡᠳᠪᠦᠷᠢ ᠬᠤᠳᠠᠯᠳᠣᠭᠠᠨ ᠤ ᠬᠤᠯᠪᠣᠭᠠᠳᠣ ᠬᠤᠷᠠᠯ᠂ ᠨᠠᠮ ᠪᠦᠯᠦᠭ ᠤᠨ ᠪᠤᠰᠤ ᠬᠥᠮᠥᠰ ᠤᠨ ᠤᠯᠤᠰ | ᠲᠦᠷᠦ ᠶᠢᠨ ᠵᠥᠪᠯᠡᠯᠭᠡᠨ ᠳᠤ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠳᠤ ᠢᠳᠡᠪᠬᠢᠲᠡᠢ ᠪᠠᠷ ᠨᠥᠬᠦᠴᠡᠯ | ᠪᠦᠷᠢᠯᠳᠦᠭᠦᠯᠦᠨ ᠥᠭᠴᠦ᠂ ᠨᠢᠭᠡ ᠵᠢᠯ ᠤᠨ ᠲᠤᠷᠰᠢ᠂ ᠡᠯ᠎ᠡ ᠦᠨᠳᠦᠰᠦᠲᠡᠨ ᠡᠯ᠎ᠡ ᠡᠲᠡᠭᠡᠳ ᠤᠨ ᠬᠥᠮᠥᠰ ᠢ ᠵᠣᠬᠢᠶᠠᠨ | ᠪᠠᠶᠢᠭᠤᠯᠤᠨ ᠤᠷᠢᠵᠤ ᠠᠷᠠᠳ ᠠᠴᠠ ᠡᠵᠡᠩᠨᠡᠭᠰᠡᠨ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ᠂ ᠰᠣᠶᠣᠯ ᠤᠨ | ᠵᠥᠭᠡᠯᠡᠨ ᠪᠣᠳᠠᠲᠤ ᠬᠦᠴᠦᠨ ᠢ ᠳᠡᠭᠡᠭᠰᠢᠯᠡᠭᠦᠯᠬᠦ᠂ ᠵᠢᠱᠢᠶᠡᠴᠢ ᠥᠪᠡᠷᠲᠡᠭᠡᠨ ᠵᠠᠰᠠᠬᠤ ᠣᠷᠣᠨ ᠤ ᠪᠠᠶᠢᠭᠤᠯᠤᠯᠲᠠ ᠵᠡᠷᠭᠡ | ᠲᠤᠰᠬᠠᠢ ᠰᠡᠳᠦᠪ ᠤᠨ ᠲᠣᠭᠤᠷᠢᠨ ᠳᠤ ᠪᠠᠶᠢᠴᠠᠭᠠᠨ ᠰᠤᠳᠤᠯᠵᠤ ᠳᠣᠭᠤᠷᠢᠨ ᠪᠠᠶᠢᠴᠠᠭᠠᠬᠤ᠂ ᠶᠠᠷᠢᠯᠴᠠᠨ ᠵᠥᠪᠳᠡᠯᠴᠡᠬᠦ᠂ | ᠰᠠᠨᠠᠯ ᠵᠦᠪᠯᠡᠯᠬᠡ ᠶᠢ ᠱᠠᠭᠠᠷᠳᠠᠨ ᠰᠢᠢᠳᠪᠦᠷᠢᠯᠡᠭᠦᠯᠬᠦ ᠵᠡᠷᠭᠡ ᠠᠵᠢᠯᠯᠠᠭ᠎ᠠ ᠶᠢ 20 ᠭᠠᠷᠤᠢ ᠤᠳᠠᠭ᠎ᠠ ᠥᠷᠨᠢᠭᠦᠯᠪᠡ᠃ ᠨᠠᠮ | ᠵᠠᠰᠠᠭ ᠤᠨ ᠪᠠᠶᠢᠭᠤᠯᠣᠯᠭ᠎ᠠ ᠪᠣᠯᠣᠨ ᠨᠠᠮ ᠪᠦᠯᠦᠭ ᠤᠨ ᠪᠤᠰᠤ ᠬᠥᠮᠥᠰ᠂ ᠨᠡᠶᠢᠭᠡᠮ ᠤᠨ ᠡᠯ᠎ᠡ ᠡᠲᠡᠭᠡᠳ ᠤᠨ ᠬᠥᠮᠥᠰ ᠤᠨ | ᠤᠯᠤᠰ ᠲᠦᠷᠦ ᠶᠢᠨ ᠵᠥᠪᠯᠡᠯᠭᠡᠨ ᠳᠤ ᠰᠠᠨᠠᠯ ᠢᠶᠠᠨ ᠰᠣᠯᠢᠯᠴᠠᠬᠤ᠂ ᠵᠥᠪᠯᠡᠯᠭᠡ ᠬᠢᠵᠦ ᠵᠠᠰᠠᠭ ᠤᠨ ᠶᠠᠪᠤᠳᠠᠯ ᠢ ᠵᠥᠪᠯᠡᠬᠦ ᠪᠠ | ᠠᠷᠠᠳᠴᠢᠯᠠᠯ ᠢᠶᠠᠷ ᠬᠢᠨᠠᠯᠲᠠ ᠲᠠᠯᠪᠢᠬᠤ ᠬᠦᠴᠦᠲᠡᠢ ᠲᠠᠪᠴᠠᠩ ᠢ ᠪᠠᠶᠢᠭᠤᠯᠵᠤ᠂ ᠨᠡᠶᠢᠭᠡᠮ ᠤᠨ ᠡᠯ᠎ᠡ ᠡᠲᠡᠭᠡᠳ ᠤᠨ | ᠬᠥᠮᠥᠰ ᠤᠨ ᠪᠠᠶᠢᠳᠠᠯ ᠢ ᠣᠶᠢᠯᠠᠭᠠᠵᠤ ᠵᠠᠰᠠᠭ ᠤᠨ ᠶᠠᠪᠤᠳᠠᠯ ᠢ ᠣᠶᠢᠯᠠᠭᠠᠬᠤ᠂ ᠵᠠᠰᠠᠭ ᠤᠨ ᠶᠠᠪᠤᠳᠠᠯ ᠳᠤ ᠣᠷᠣᠯᠴᠠᠨ ᠵᠠᠰᠠᠭ | ᠤᠨ ᠶᠠᠪᠤᠳᠠᠯ ᠢ ᠵᠥᠪᠯᠡᠬᠦ ᠠᠷᠭ᠎ᠠ ᠵᠠᠮ ᠢ ᠥᠷᠭᠡᠳᠬᠡᠪᠡ᠃ | ᠥᠷᠭᠡᠨ ᠢᠶᠠᠷ ᠬᠠᠷᠢᠯᠴᠠᠬᠤ ᠳᠤᠮᠳᠠ ᠰᠣᠯᠢᠯᠴᠠᠭᠠᠨ ᠤ ᠬᠡᠪᠴᠢᠶ᠎ᠡ ᠶᠢ ᠳᠦᠪᠯᠡᠷᠡᠬᠦᠯᠪᠡ᠃ ᠲᠤᠰ ᠪᠡᠶ᠎ᠡ ᠶᠢᠨ | ᠳᠠᠪᠠᠭᠤᠯᠢᠭ ᠢᠶᠠᠨ ᠪᠠᠳᠠᠷᠠᠭᠤᠯᠵᠤ᠂ ᠤᠯᠤᠰ ᠲᠦᠷᠦ ᠶᠢᠨ ᠵᠥᠪᠯᠡᠯᠭᠡᠨ ᠤ ᠬᠠᠷᠢᠯᠴᠠᠬᠤ ᠬᠡᠪᠴᠢᠶ᠎ᠡ ᠶᠢ ᠲᠠᠰᠤᠷᠠᠯᠲᠠ ᠦᠭᠡᠢ | ᠥᠷᠭᠡᠳᠬᠡᠪᠡ᠃ ᠥᠪᠡᠷᠲᠡᠭᠡᠨ ᠵᠠᠰᠠᠬᠤ ᠣᠷᠣᠨ ᠤ ᠤᠯᠤᠰ ᠲᠥᠷᠥ ᠶᠢᠨ ᠵᠥᠪᠯᠡᠯᠭᠡᠨ᠂ ᠬᠤᠲᠠ ᠶᠢᠨ ᠤᠯᠤᠰ ᠲᠥᠷᠥ ᠶᠢᠨ | ᠵᠥᠪᠯᠡᠯᠭᠡᠨ ᠢ ᠬᠠᠮᠵᠢᠨ ︽ᠳᠠᠷᠢᠮᠠᠯ ᠤᠨ ᠦᠢᠯᠡᠰ ᠤᠨ ᠬᠥᠭᠵᠢᠯᠲᠡ︾ ︽ᠰᠣᠶᠣᠯ ᠤᠨ ᠥᠪ ᠢ ᠬᠠᠮᠠᠭᠠᠯᠠᠬᠤ ᠪᠠ | ᠠᠰᠢᠭᠯᠠᠬᠤ︾ ︽ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ︾ ︽ᠨᠢᠭᠡᠳᠦᠮᠡᠯ ᠹᠷᠣᠨᠲ ᠤᠨ ᠨᠥᠬᠦᠷᠯᠡᠯ︾ ᠵᠡᠷᠭᠡ | 7 ᠲᠤᠰᠬᠠᠢ ᠰᠡᠳᠦᠪᠲᠦ ᠪᠠᠶᠢᠴᠠᠭᠠᠨ ᠰᠤᠳᠤᠯᠤᠯᠲᠠ ᠶᠢ ᠥᠷᠨᠢᠭᠦᠯᠪᠡ᠃ ᠳᠦᠷᠦᠯ ᠢᠯᠭᠠᠯ ᠤᠨ ᠭᠡᠰᠢᠭᠦᠨ ᠪᠠ ᠬᠠᠮᠢᠶ᠎ᠠ | ᠪᠦᠬᠦᠢ ᠡᠷᠬᠡ ᠳᠣᠰᠢᠶᠠᠯᠳᠦ ᠰᠠᠯᠠᠭ᠎ᠠ ᠮᠥᠴᠢᠷ ᠢ ᠵᠣᠬᠢᠶᠠᠨ ᠪᠠᠶᠢᠭᠤᠯᠤᠨ ᠬᠤᠨᠠᠨ᠂ ᠵᠢᠶᠠᠩᠰᠢ᠂ ᠠᠨᠾᠦ᠋ᠢ ᠵᠡᠷᠭᠡ ᠭᠠᠵᠠᠷ ᠲᠤ | ᠳᠣᠭᠤᠷᠢᠨ ᠪᠠᠶᠢᠴᠠᠭᠠᠵᠤ ᠰᠤᠷᠤᠯᠴᠠᠭᠤᠯᠤᠨ᠂ ᠮᠠᠨ ᠤ ᠬᠤᠰᠢᠭᠤᠨ ᠤ ᠣᠲᠣ ᠦᠶ᠎ᠡ ᠶᠢᠨ ᠠᠵᠤ ᠦᠢᠯᠡᠳᠪᠦᠷᠢ ᠶᠢᠨ | ᠬᠡᠯᠪᠡᠷᠢ ᠶᠢ ᠬᠤᠪᠢᠷᠠᠭᠤᠯᠤᠨ ᠲᠠᠰ ᠳᠡᠪᠰᠢᠭᠦᠯᠬᠦ᠂ ᠭᠤᠷᠪᠠ ᠶᠢ ᠬᠤᠪᠢᠷᠠᠭᠤᠯᠬᠤ ᠥᠭᠡᠷᠡᠴᠢᠯᠡᠯᠲᠡ᠂ ᠠᠮᠢ ᠠᠬᠤᠢ ᠶᠢᠨ | ᠰᠣᠶᠣᠯ ᠵᠢᠭᠤᠯᠴᠢᠯᠠᠯ ᠤᠨ ᠬᠤᠣᠰ ᠴᠢᠭᠯᠡᠯ ᠢᠶᠠᠷ ᠬᠦᠴᠦᠯᠡᠵᠦ ᠠᠰᠢᠭᠲᠠᠢ ᠲᠤᠷᠰᠢᠯᠭ᠎ᠠ ᠪᠠᠷ ᠲᠣᠯᠢ ᠪᠣᠯᠭᠠᠬᠤ ᠶᠢ | ᠠᠬᠢᠭᠤᠯᠵᠠᠢ᠃ ᠮᠦᠭᠳᠡᠨ᠂ ᠴᠢᠩ ᠶᠠᠩ᠂ ᠰᠢᠯᠢᠩᠭᠤᠣᠯ᠂ ᠠᠯᠠᠱᠠ ᠵᠡᠷᠭᠡ ᠡᠯ᠎ᠡ ᠭᠠᠵᠠᠷ ᠡᠯ᠎ᠡ ᠱᠠᠲᠤᠨ ᠤ ᠤᠯᠤᠰ | ᠲᠦᠷᠦ ᠶᠢᠨ ᠵᠥᠪᠯᠡᠯᠭᠡᠨ ᠤ ᠳᠣᠭᠤᠷᠢᠨ ᠪᠠᠶᠢᠴᠠᠭᠠᠬᠤ ᠪᠦᠯᠬᠦᠮ ᠤᠨ 11 ᠪᠦᠯᠦᠭ ᠤᠳᠠᠭ᠎ᠠ᠂ 100 ᠭᠠᠷᠤᠢ ᠬᠥᠮᠥᠨ ᠢ | ᠤᠭᠲᠤᠵᠤ᠂ ᠬᠡᠰᠢᠭᠳᠡᠨ ᠬᠤᠰᠢᠭᠤ ᠶᠢ ᠤᠬᠠᠭᠤᠯᠤᠨ ᠲᠠᠨᠢᠯᠴᠠᠭᠤᠯᠬᠤ᠂ ᠣᠶᠢᠯᠠᠭᠠᠯᠴᠠᠭ᠎ᠠ ᠪᠠᠨ ᠨᠡᠮᠡᠭᠳᠡᠭᠦᠯᠬᠦ᠂ ᠰᠣᠯᠢᠯᠴᠠᠭ᠎ᠠ | ᠬᠠᠮᠲᠤᠷᠠᠯᠴᠠᠭ᠎ᠠ ᠶᠢ ᠠᠬᠢᠭᠤᠯᠬᠤ ᠳᠤ ᠢᠳᠡᠪᠬᠢᠲᠡᠢ ᠦᠢᠯᠡᠳᠦᠯ ᠦᠵᠡᠭᠦᠯᠪᠡ᠃ | ᠲᠡᠦᠬᠡ ᠶᠢ ᠬᠠᠳᠠᠭᠠᠯᠠᠵᠤ ᠡᠷᠴᠢ ᠵᠣᠷᠢᠭ ᠢ ᠬᠥᠪᠴᠢᠯᠡᠬᠦ ᠳᠤᠮᠳᠠ ᠰᠢᠨ᠎ᠡ ᠠᠶᠠᠨ ᠵᠠᠮ ᠢᠶᠠᠷ ᠡᠷᠡᠯᠬᠡᠭᠯᠡᠨ | ᠣᠷᠣᠭᠰᠢᠯᠠᠪᠠ᠃ ᠵᠣᠬᠢᠶᠠᠯ ᠪᠢᠴᠢᠵᠦ ᠲᠡᠦᠬᠡ ᠶᠢ ᠬᠠᠳᠠᠭᠠᠯᠠᠬᠤ ᠡᠭᠦᠷᠭᠡ ᠴᠢᠳᠠᠪᠤᠷᠢ ᠪᠠᠨ ᠬᠢᠨᠠᠮᠠᠭᠠᠢ ᠭᠦᠢᠴᠡᠳᠬᠡᠵᠦ᠂ | ᠰᠣᠶᠣᠯ ᠲᠡᠦᠬᠡ ᠶᠢᠨ ᠮᠠᠲ᠋ᠧᠷᠢᠶᠠᠯ ᠢ ᠴᠤᠭᠯᠠᠭᠤᠯᠵᠤ ᠬᠡᠪᠯᠡᠭᠦᠯᠬᠦ ᠠᠵᠢᠯ ᠢ ᠰᠠᠶᠢᠲᠤᠷ ᠬᠢᠪᠡ᠃ ︽ᠢᠯᠳᠡᠷᠬᠡᠢ ᠣᠶ | ᠰᠢᠭᠤᠢ ᠶᠢᠨ ᠲᠠᠯᠠᠪᠠᠶ ᠶᠢᠨ ᠣᠶᠢᠯᠠᠯᠭ᠎ᠠ︾ ᠶᠢ ᠬᠡᠪᠯᠡᠭᠦᠯᠵᠦ᠂ ᠵᠢᠷᠤᠭ ᠪᠢᠴᠢᠭ ᠢ ᠬᠤᠣᠰᠯᠠᠭᠤᠯᠤᠭᠰᠠᠨ ᠬᠡᠯᠪᠡᠷᠢ ᠪᠠᠷ ᠮᠠᠨ ᠤ | ᠬᠤᠰᠢᠭᠤᠨ ᠤ ᠣᠶ ᠰᠢᠭᠤᠢ ᠶᠢᠨ ᠠᠵᠢᠯ ᠤᠨ ᠡᠭᠦᠰᠦᠯ᠂ ᠤᠯᠠᠮᠵᠢᠯᠠᠯ᠂ ᠣᠳᠣᠬᠢ ᠪᠠᠶᠢᠳᠠᠯ ᠵᠢᠴᠢ ᠴᠠᠭ ᠦᠶ᠎ᠡ ᠶᠢᠨ ᠦᠨ᠎ᠡ | ᠥᠷᠲᠡᠭ ᠢ ᠣᠨᠣᠪᠴᠢᠲᠠᠶ᠂ ᠨᠠᠷᠢᠨ ᠨᠢᠮᠪᠠᠢ᠂ ᠲᠣᠪᠴᠢ ᠣᠶᠢᠯᠠᠭᠠᠮᠵᠢᠲᠠᠢ ᠢᠯᠡᠷᠡᠬᠦᠯᠪᠡ᠃ ︽ᠬᠡᠰᠢᠭᠲᠡᠨ ᠬᠤᠰᠢᠭᠤᠨ ᠤ | ᠤᠯᠤᠰ ᠲᠥᠷᠥ ᠶᠢᠨ ᠵᠥᠪᠯᠡᠯᠭᠡᠨ ᠤ ᠣᠶᠢᠯᠠᠯᠭ᠎ᠠ︾ ᠶᠢ ᠨᠠᠶᠢᠷᠠᠭᠤᠯᠤᠨ ᠬᠡᠪᠯᠡᠭᠦᠯᠵᠦ᠂ ᠲᠣᠰ ᠣᠷᠣᠨ ᠨᠤᠲᠤᠭ ᠤᠨ | ᠣᠶᠢᠯᠠᠯᠭ᠎ᠠ ᠨᠢ ᠬᠡᠰᠢᠭᠲᠡᠨ ᠬᠤᠰᠢᠭᠤᠨ ᠤ ᠠᠷᠠᠳ ᠤᠨ ᠤᠯᠤᠰ ᠲᠥᠷᠥ ᠶᠢᠨ ᠵᠥᠪᠯᠡᠯᠭᠡᠨ ᠤ ᠦᠢᠯᠡᠰ ᠤᠨ 40 ᠭᠠᠷᠤᠢ | ᠵᠢᠯ ᠤᠨ ᠲᠤᠷᠰᠢᠬᠢ ᠬᠥᠭᠵᠢᠯᠲᠡ ᠪᠠ ᠡᠭᠦᠷᠭᠡ ᠲᠤᠰᠢᠶᠠᠯ ᠢᠶᠠᠨ ᠭᠦᠢᠴᠡᠳᠬᠡᠭᠰᠡᠨ ᠥᠩᠭᠡᠷᠡᠯᠲᠡ ᠶᠢ ᠪᠥᠬᠦ ᠲᠠᠯ᠎ᠠ ᠪᠠᠷ | ᠳ᠋ᠦᠩᠨᠡᠵᠦ᠂ ᠬᠡᠰᠢᠭᠲᠡᠨ ᠬᠤᠰᠢᠭᠤᠨ ᠤ ᠬᠤᠪᠢᠰᠬᠠᠯ ᠤᠨ ᠲᠡᠦᠬᠡ ᠪᠠ ᠪᠦᠲᠦᠭᠡᠨ ᠪᠠᠶᠢᠭᠤᠯᠤᠯᠲᠠ ᠶᠢᠨ ᠲᠡᠦᠬᠡ ᠶᠢᠨ | ᠣᠷᠭᠠᠨᠢᠭ ᠪᠦᠷᠢᠯᠳᠦᠭᠦᠨ ᠬᠡᠰᠡᠭ ᠪᠣᠯᠤᠭᠰᠠᠨ ᠪᠠᠶᠢᠨ᠎ᠠ᠃ ᠲᠡᠭᠦᠨ ᠤ ᠬᠡᠪᠯᠡᠭᠳᠡᠭᠰᠡᠨ ᠶᠠᠪᠤᠳᠠᠯ ᠨᠢ ᠯᠠᠪᠳᠠᠶ᠎ᠠ ᠠᠤᠭ᠎ᠠ ᠶᠡᠭᠡ | ᠤᠶᠤᠨ ᠰᠠᠨᠠᠭᠠᠨ ᠤ ᠬᠦᠴᠦᠨ ᠢ ᠪᠤᠢ ᠪᠣᠯᠭᠠᠵᠤ᠂ ᠤᠯᠤᠰ ᠲᠦᠷᠦ ᠶᠢᠨ ᠵᠥᠪᠯᠡᠯᠭᠡᠨ ᠤ ᠵᠣᠬᠢᠶᠠᠨ ᠪᠠᠶᠢᠭᠤᠯᠤᠯᠲᠠ᠂ ᠤᠯᠤᠰ | ᠲᠦᠷᠦ ᠶᠢᠨ ᠵᠥᠪᠯᠡᠯᠭᠡᠨ ᠤ ᠠᠵᠢᠯᠲᠠᠳ ᠪᠠ ᠥᠷᠭᠡᠨ ᠤᠯᠠᠨ ᠤᠯᠤᠰ ᠲᠦᠷᠦ ᠶᠢᠨ ᠵᠥᠪᠯᠡᠯᠭᠡᠨ ᠤ ᠭᠡᠰᠢᠭᠦᠳ ᠢ | ᠵᠣᠷᠢᠭᠵᠢᠭᠤᠯᠵᠤ᠂ ᠬᠠᠮᠤᠭ ᠤᠨ ᠥᠷᠭᠡᠨ ᠳᠡᠯᠭᠡᠷ ᠡᠬᠡ ᠣᠷᠣᠨᠴᠢ ᠨᠢᠭᠡᠳᠦᠮᠡᠯ ᠹᠷᠣᠨᠲ ᠢ ᠪᠠᠬᠢᠵᠢᠭᠦᠯᠦᠨ ᠬᠥᠭᠵᠢᠭᠦᠯᠵᠦ᠂ | ᠰᠠᠶᠢᠨ ᠰᠠᠶᠢᠬᠠᠨ ᠬᠡᠰᠢᠭᠳᠡᠨ ᠬᠤᠰᠢᠭᠤ ᠶᠢ ᠪᠦᠳᠦᠬᠡᠨ ᠪᠠᠶᠢᠭᠤᠯᠬᠤ ᠶᠢᠨ ᠲᠥᠯᠥᠭᠡ ᠴᠢᠷᠮᠠᠶᠢᠨ ᠲᠡᠮᠡᠴᠡᠬᠦ ᠪᠣᠯᠣᠨ᠎ᠠ᠃ | ︵ᠲᠠᠪᠤ︶ ᠬᠤᠶᠠᠷ ᠡᠩᠨᠡᠭᠡᠨ ᠤ ᠪᠠᠶᠢᠭᠤᠯᠤᠯᠲᠠ ᠶᠢᠨ ᠪᠡᠶᠡᠴᠢ ᠴᠣᠭᠴᠠ ᠭᠤᠣᠯ ᠬᠦᠴᠦᠨ ᠢ ᠠᠳᠬᠤᠵᠤ᠂ | ᠰᠠᠭᠤᠷᠢ ᠶᠢ ᠪᠠᠲᠤᠳᠬᠠᠨ ᠦᠨᠳᠦᠰᠦ ᠶᠢ ᠪᠠᠬᠢᠵᠢᠭᠦᠯᠬᠦ᠂ ᠲᠥᠪ ᠶᠣᠰᠣ ᠶᠢ ᠰᠠᠬᠢᠵᠤ ᠰᠢᠨ᠎ᠡ ᠶᠢ ᠡᠭᠦᠳᠬᠦ ᠶᠢ ᠪᠠᠷᠢᠮᠲᠠᠯᠠᠵᠤ᠂ | ᠡᠷᠡᠰ ᠭᠤᠶᠢᠪᠢᠰᠢ ᠦᠭᠡᠢ ᠪᠠᠷ ᠤᠯᠤᠰ ᠲᠦᠷᠦ ᠶᠢᠨ ᠵᠥᠪᠯᠡᠯᠭᠡᠨ ᠤ ᠦᠢᠯᠡᠰ ᠢ ᠲᠦᠯᠬᠢᠨ ᠠᠬᠢᠭᠤᠯᠬᠤ ᠵᠢᠱᠢᠶᠡᠴᠢ | ᠦᠢᠯᠡᠳᠦᠯᠭᠡᠵᠢᠭᠦᠯᠦᠭᠴᠢ ᠪᠣᠯᠪᠠ᠃ ᠦᠨᠳᠦᠰᠦ ᠭᠦᠨ ᠪᠣᠯ ᠨᠠᠪᠴᠢ ᠨᠢ ᠰᠠᠬᠤᠯᠠᠭ ᠪᠠᠶᠢᠵᠤ᠂ ᠦᠨᠳᠦᠰᠦ ᠪᠠᠲᠤ ᠪᠣᠯ | ᠰᠠᠯᠠᠭ᠎ᠠ ᠨᠠᠮᠠᠭ᠎ᠠ ᠨᠢ ᠦᠬᠡᠳᠡᠷᠡᠭ᠃ ᠪᠠᠶᠢᠩᠭᠤ ᠶᠢᠨ ᠬᠤᠷᠢᠶ᠎ᠠ ᠨᠢ ᠤᠯᠤᠰ ᠲᠦᠷᠦ ᠶᠢᠨ ᠵᠥᠪᠯᠡᠯᠭᠡᠨ ᠤ ᠭᠡᠰᠢᠭᠦᠨ ᠪᠠ | ᠪᠠᠶᠢᠭᠤᠯᠣᠯᠭ᠎ᠠ ᠶᠢᠨ ᠺᠠᠳ᠋ᠷᠴᠤᠳ ᠤᠨ ᠡᠩᠨᠡᠭᠡᠨ ᠤ ᠪᠠᠶᠢᠭᠤᠯᠤᠯᠲᠠ ᠶᠢ ᠴᠢᠩᠭᠠᠳᠬᠠᠬᠤ ᠶᠢ ᠲᠤᠰᠢᠶᠠᠯ ᠬᠠᠷᠢᠭᠤᠴᠠᠯᠭ᠎ᠠ ᠪᠠᠨ | ᠭᠦᠢᠴᠡᠳᠬᠡᠬᠦ ᠴᠢᠳᠠᠪᠤᠷᠢ ᠪᠠᠨ ᠳᠡᠭᠡᠭᠰᠢᠯᠡᠭᠦᠯᠬᠦ ᠶᠢᠨ ᠴᠢᠬᠤᠯᠠ ᠰᠠᠭᠤᠷᠢᠯᠠᠬᠤ ᠴᠢᠨᠠᠷᠲᠠᠢ ᠭᠤᠭᠴᠤᠭ᠎ᠠ ᠪᠣᠯᠭᠠᠵᠤ᠂ ᠤᠷᠳᠤ | ᠬᠤᠭᠤᠴᠠᠭ᠎ᠠ ᠪᠠᠷ ᠤᠯᠠᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠨ ᠲᠦᠯᠬᠢᠨ ᠠᠬᠢᠭᠤᠯᠵᠤ᠂ ᠨᠡᠩ ᠥᠨᠳᠥᠷ | ᠪᠠᠷᠢᠮᠵᠢᠶ᠎ᠠ ᠪᠠᠷ ᠤᠯᠤᠰ ᠲᠦᠷᠦ ᠶᠢᠨ ᠵᠥᠪᠯᠡᠯᠭᠡᠨ ᠤ ᠲᠤᠰ ᠪᠡᠶ᠎ᠡ ᠶᠢᠨ ᠪᠠᠶᠢᠭᠤᠯᠤᠯᠲᠠ ᠶᠢ ᠴᠢᠩᠭᠠᠳᠬᠠᠪᠠ᠃ | ᠭᠡᠰᠢᠭᠦᠳ ᠤᠨ ᠪᠡᠶᠡᠴᠢ ᠴᠣᠭᠴᠠ ᠶᠢᠨ ᠦᠢᠯᠡᠳᠦᠯ ᠢ ᠪᠠᠳᠠᠷᠠᠭᠤᠯᠬᠤ ᠲᠠᠯ᠎ᠠ ᠪᠠᠷ ᠨᠡᠩ ᠬᠦᠴᠦᠲᠡᠢ ᠪᠣᠯᠪᠠ᠃ ︽ | ᠤᠯᠤᠰ ᠲᠦᠷᠦ ᠶᠢᠨ ᠵᠥᠪᠯᠡᠯᠭᠡᠨ ᠢ ᠮᠡᠳᠡᠬᠦ᠂ ᠵᠥᠪᠯᠡᠯᠭᠡ ᠬᠢᠵᠦ ᠴᠢᠳᠠᠬᠤ᠂ ᠵᠠᠰᠠᠭ ᠤᠨ ᠶᠠᠪᠤᠳᠠᠯ ᠢ ᠵᠥᠪᠯᠡᠬᠦ ᠳᠡᠭᠡᠨ | ᠴᠢᠳᠠᠮᠠᠭᠠᠢ᠂ ᠰᠠᠬᠢᠯᠭ᠎ᠠ ᠪᠠᠲᠤ ᠶᠢ ᠰᠠᠬᠢᠬᠤ᠂ ᠶᠣᠰᠣ ᠳᠦᠷᠢᠮ ᠢ ᠡᠷᠬᠢᠮᠯᠡᠬᠦ᠂ ᠵᠠᠩ ᠰᠤᠷᠲᠠᠯ ᠢ ᠴᠢᠬᠤᠯᠠᠴᠢᠯᠠᠬᠤ︾ | ᠱᠠᠭᠠᠷᠳᠠᠯᠭ᠎ᠠ ᠶᠣᠰᠣᠭᠠᠷ᠂ ᠭᠡᠰᠢᠭᠦᠳ ᠲᠤ ᠲᠤᠰᠬᠠᠢ ᠰᠡᠳᠦᠪᠲᠦ ᠪᠣᠯᠪᠠᠰᠣᠷᠠᠯ ᠢ 2 ᠬᠤᠭᠤᠴᠠᠭ᠎ᠠ᠂ ᠭᠡᠰᠢᠭᠦᠳ ᠤᠨ ᠶᠡᠭᠡ | ᠬᠢᠴᠢᠶᠡᠯ ᠤᠨ ᠲᠠᠩᠬᠢᠮ ᠢ 5 ᠬᠤᠭᠤᠴᠠᠭ᠎ᠠ ᠥᠷᠨᠢᠭᠦᠯᠵᠦ᠂ ᠭᠡᠰᠢᠭᠦᠳ ᠲᠤ ᠤᠶᠤᠨ ᠰᠠᠨᠠᠭᠠᠨ ᠤ ᠲᠠᠯ᠎ᠠ ᠪᠠᠷ ︽ᠺᠠᠯᠼ | ᠨᠦᠬᠦᠪᠦᠷᠢᠯᠡᠵᠣ︾᠂ ᠮᠡᠳᠡᠯᠭᠡ ᠶᠢᠨ ᠲᠠᠯ᠎ᠠ ᠪᠠᠷ ︽ᠴᠠᠬᠢᠯᠭᠠᠨ ᠴᠡᠨᠡᠭᠯᠡᠨ︾᠂ ᠴᠢᠳᠠᠪᠤᠷᠢ ᠶᠢᠨ ᠲᠠᠯ᠎ᠠ ᠪᠠᠷ ︽ᠬᠦᠴᠦ | ᠨᠡᠮᠡᠵᠠᠢ︾᠃ ᠤᠯᠤᠰ ᠲᠦᠷᠦ ᠶᠢᠨ ᠵᠥᠪᠯᠡᠯᠭᠡᠨ ᠤ ᠭᠡᠰᠢᠭᠦᠨ ᠤ ᠲᠤᠰᠢᠶᠠᠯ ᠠᠴᠠ ᠪᠠᠭᠤᠯᠭᠠᠬᠤ ᠨᠦᠬᠦᠵᠣ ᠡᠯᠰᠡᠬᠦ | ᠲᠣᠭᠲᠠᠴᠠ ᠶᠢ ᠲᠡᠭᠦᠯᠳᠡᠷᠵᠢᠭᠦᠯᠵᠦ᠂ 10 ᠭᠡᠰᠢᠭᠦᠨ ᠢ ᠰᠢᠨ᠎ᠡ ᠪᠠᠷ ᠰᠣᠩᠭᠤᠨ ᠲᠠᠨᠢᠯᠴᠠᠭᠤᠯᠵᠤ᠂ 9 ᠭᠡᠰᠢᠭᠦᠨ ᠤ | ᠲᠤᠰᠢᠶᠠᠯ ᠠᠴᠠ ᠪᠠᠨ ᠪᠠᠭᠤᠬᠤ ᠶᠢ ᠬᠦᠯᠢᠶᠡᠨ ᠠᠪᠤᠪᠠ᠃ ᠵᠥᠪ ᠴᠢᠭᠯᠡᠯ ᠢᠶᠠᠷ ᠤᠷᠮᠠᠰᠢᠭᠤᠯᠤᠨ ᠵᠣᠷᠢᠭᠵᠢᠭᠤᠯᠬᠤ | ᠦᠢᠯᠡᠳᠦᠯ ᠢ ᠪᠠᠳᠠᠷᠠᠭᠤᠯᠵᠤ᠂ 10 ᠰᠢᠯᠢᠳᠡᠭ ᠤᠯᠤᠰ ᠲᠦᠷᠦ ᠶᠢᠨ ᠵᠥᠪᠯᠡᠯᠭᠡᠨ ᠤ ᠭᠡᠰᠢᠭᠦᠨ᠂ 10 ᠰᠢᠯᠢᠳᠡᠭ ᠰᠠᠨᠠᠯ | ᠵᠥᠪᠯᠡᠯᠭᠡ᠂ 6 ᠰᠢᠯᠢᠳᠡᠭ ᠨᠡᠶᠢᠭᠡᠮ ᠤᠨ ᠪᠠᠶᠢᠳᠠᠯ ᠠᠷᠠᠳ ᠤᠨ ᠰᠠᠨᠠᠭ᠎ᠠ ᠶᠢᠨ ᠴᠢᠮᠡᠯᠡᠭᠴᠢ᠂ ᠰᠠᠨᠠᠯ ᠵᠥᠪᠯᠡᠯᠭᠡ ᠶᠢ ᠳᠠᠭᠠᠭᠠᠨ | ᠠᠪᠴᠤ ᠰᠢᠢᠳᠪᠦᠷᠢᠯᠡᠭᠰᠡᠨ 3 ᠲᠡᠷᠢᠭᠦᠨ ᠤ ᠨᠢᠬᠡᠴᠡ᠂ 1 ᠨᠡᠶᠢᠭᠡᠮ ᠤᠨ ᠪᠠᠶᠢᠳᠠᠯ ᠠᠷᠠᠳ ᠤᠨ ᠰᠠᠨᠠᠭ᠎ᠠ ᠶᠢᠨ ᠮᠡᠳᠡᠭᠡ | ᠵᠠᠩᠭᠢ ᠶᠢ ᠰᠢᠭᠤᠳ ᠮᠡᠳᠡᠭᠦᠯᠬᠦ ᠴᠡᠭ ᠢ ᠬᠥᠬᠢᠭᠦᠯᠦᠨ ᠰᠠᠶᠢᠰᠢᠶᠠᠵᠤ᠂ ᠥᠷᠭᠡᠨ ᠤᠯᠠᠨ ᠤᠯᠤᠰ ᠲᠦᠷᠦ ᠶᠢᠨ ᠵᠥᠪᠯᠡᠯᠭᠡᠨ ᠤ | ᠭᠡᠰᠢᠭᠦᠨ ᠤ ᠡᠭᠦᠷᠭᠡᠲᠦ ᠰᠡᠳᠬᠢᠯᠭᠡ ᠪᠠ ᠬᠠᠷᠢᠭᠤᠴᠠᠯᠭᠠᠲᠤ ᠰᠡᠳᠬᠢᠯᠭᠡ ᠶᠢ ᠤᠯᠠᠮ ᠨᠢᠭᠡ ᠠᠯᠬᠤᠮ ᠴᠢᠩᠭᠠᠷᠠᠭᠤᠯᠵᠤ᠂ | ᠤᠯᠤᠰ ᠲᠦᠷᠦ ᠶᠢᠨ ᠵᠥᠪᠯᠡᠯᠭᠡᠨ ᠤ ᠭᠡᠰᠢᠭᠦᠨ ᠤ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ᠂ ᠲᠡᠷᠢᠭᠦᠨ ᠤ ᠬᠢ ᠶᠢ | ᠲᠡᠮᠡᠴᠡᠨ ᠰᠢᠯᠢᠳᠡᠭ ᠢ ᠡᠭᠦᠳᠬᠦ ᠢᠳᠡᠪᠬᠢᠵᠢᠯ᠂ ᠰᠠᠨᠠᠭᠠᠴᠢᠯᠠᠭᠠᠲᠤ ᠴᠢᠨᠠᠷ ᠪᠠ ᠪᠦᠲᠦᠭᠡᠯᠴᠢ ᠴᠢᠨᠠᠷ ᠢ ᠬᠥᠭᠵᠢᠭᠡᠪᠡ᠃ | ᠵᠥᠪᠯᠡᠬᠦ ᠲᠠᠪᠴᠠᠩ ᠤᠨ ᠪᠠᠶᠢᠭᠤᠯᠤᠯᠲᠠ ᠶᠢ ᠴᠢᠩᠭᠠᠳᠬᠠᠬᠤ ᠲᠠᠯ᠎ᠠ ᠪᠠᠷ ᠨᠡᠩ ᠬᠦᠴᠦᠲᠡᠢ ᠪᠣᠯᠪᠠ᠃ ᠬᠤᠰᠢᠭᠤ | ᠰᠣᠮᠣ ᠭᠠᠴᠠᠭ᠎ᠠ ᠭᠤᠷᠪᠠᠨ ᠱᠠᠲᠤᠨ ᠤ ᠬᠤᠯᠪᠤᠭᠠᠯᠠᠨ ᠬᠥᠳᠡᠯᠦᠯᠴᠡᠵᠦ ᠵᠥᠪᠳᠡᠯᠴᠡᠬᠦ ᠪᠠᠶᠢᠷᠢᠰᠢᠯ ᠢ ᠪᠠᠶᠢᠭᠤᠯᠵᠤ᠂ ︽ᠴᠢᠩ | ᠦᠨᠡᠨᠴᠢ ᠪᠠᠷ ᠵᠥᠪᠳᠡᠯᠴᠡᠬᠦ︾ ᠲᠠᠪᠴᠠᠩ ᠢ ᠰᠠᠶᠢᠲᠤᠷ ᠪᠠᠶᠢᠭᠤᠯᠪᠠ᠃ ᠰᠤᠮᠤ ᠰᠢᠶᠠᠩ ᠪᠠᠯᠭᠠᠰᠤ ᠵᠡᠭᠡᠯᠢ ᠭᠤᠳᠤᠮᠵᠢ ᠶᠢᠨ ︽ | ᠤᠴᠢᠷ ᠪᠠᠶᠢᠪᠠᠯ ᠰᠠᠶᠢᠬᠠᠨ ᠵᠥᠪᠳᠡᠯᠴᠡᠬᠦ · ᠭᠡᠰᠢᠭᠦᠳ ᠤᠨ ᠠᠵᠢᠯᠯᠠᠬᠤ ᠲᠠᠰᠤᠭ︾ ᠢ 10 ᠶᠢ ᠰᠢᠨ᠎ᠠ ᠪᠠᠷ ᠪᠠᠶᠢᠭᠤᠯᠵᠣ᠂ | ᠭᠠᠴᠠᠭ᠎ᠠ ᠲᠣᠰᠬᠤᠨ ᠤ ᠱᠠᠲᠤᠨ ᠤ ︽ᠵᠥᠪᠳᠡᠯᠴᠡᠨ ᠬᠡᠷᠡᠭ ᠵᠥᠪᠯᠡᠬᠦ ᠲᠢᠩᠬᠢᠮ︾ ᠢ 4᠂ ᠭᠤᠣᠯᠳᠠᠯᠭ᠎ᠠ ᠲᠠᠢ ᠠᠵᠤ | ᠠᠬᠤᠶᠢᠯᠠᠯ ᠤᠨ ︽ᠵᠥᠪᠳᠡᠯᠴᠡᠬᠦ ᠥᠷᠲᠡᠭᠡ︾ ᠶᠢ 1 ᠶᠢ ᠰᠢᠨ᠎ᠡ ᠪᠠᠷ ᠪᠠᠶᠢᠭᠤᠯᠵᠤ᠂ ᠪᠦᠬᠦᠨ ᠢ ᠬᠠᠮᠤᠷᠬᠤ ᠶᠢ ᠪᠡᠶᠡᠯᠡᠭᠦᠯᠪᠡ᠃ | ᠪᠥᠬᠦ ᠵᠢᠯ ᠳᠤ ᠪᠡᠶ᠎ᠡ ᠴᠢᠭᠢᠷᠠᠭᠵᠢᠭᠤᠯᠬᠤ ᠲᠥᠬᠦᠭᠡᠷᠦᠮᠵᠢ ᠶᠢ ᠬᠠᠮᠠᠭᠠᠯᠠᠬᠤ᠂ ᠵᠠᠮ ᠬᠠᠷᠢᠯᠴᠠᠭᠠᠨ ᠤ ᠳᠣᠬᠢᠶᠠᠨ ᠳ᠋ᠧᠩ ᠢ | ᠰᠢᠯᠢᠳᠡᠭᠵᠢᠭᠦᠯᠬᠦ᠂ ᠠᠳᠠᠯ ᠠᠬᠤᠢ ᠶᠢᠨ ᠦᠢᠯᠡᠴᠢᠯᠡᠭᠡᠨ ᠤ ᠵᠢᠭᠤᠷᠠᠯᠳᠤᠭᠠᠨ ᠵᠡᠷᠭᠡ ᠣᠯᠠᠨ ᠲᠦᠮᠡᠨ ᠤ ᠲᠣᠰ ᠪᠡᠶ᠎ᠡ ᠶᠢᠨ | ᠠᠰᠢᠭ ᠲᠤᠰᠠ ᠳᠤ ᠬᠤᠯᠪᠣᠭᠳᠠᠬᠤ ᠵᠦᠢᠯᠡᠰ ᠤᠨ ᠲᠣᠭᠤᠷᠢᠨ ᠳᠤ ᠨᠢᠭᠤᠷᠲᠠᠨ ᠵᠥᠪᠳᠡᠯᠴᠡᠬᠦ᠂ ᠴᠡᠭ ᠠᠴᠠ ᠴᠡᠭ ᠲᠤ ᠬᠦᠷᠬᠦ | 32 ᠲᠠᠯᠠᠪᠤᠷ ᠬᠦᠴᠢᠷᠳᠡᠯ ᠢ ᠰᠢᠢᠳᠪᠦᠷᠢᠯᠡᠬᠦ ᠠᠵᠢᠯᠯᠠᠭ᠎ᠠ ᠥᠷᠨᠢᠭᠦᠯᠵᠦ᠂ ᠵᠥᠪᠯᠡᠭᠰᠡᠨ ᠵᠦᠢᠯ ᠨᠢ ᠬᠤᠯᠪᠣᠭᠳᠠᠯ ᠪᠦᠬᠦᠢ | ᠰᠠᠯᠠᠭ᠎ᠠ ᠮᠥᠴᠢᠷ ᠤᠨ ᠴᠢᠬᠤᠯᠠᠴᠢᠯᠠᠭ᠎ᠠ ᠳᠡᠮᠵᠢᠯᠭᠡ ᠪᠠ ᠤᠯᠤᠰ ᠲᠦᠷᠦ ᠶᠢᠨ ᠵᠥᠪᠯᠡᠯᠭᠡᠨ ᠤ ᠭᠡᠰᠢᠭᠦᠳ ᠤᠨ ᠢᠳᠡᠪᠬᠢᠲᠡᠢ | ᠠᠬᠢᠭᠤᠯᠣᠯᠳᠠ ᠪᠠᠷ ᠨᠠᠶᠢᠳᠠᠪᠣᠷᠢᠵᠢᠭᠤᠯᠣᠭᠳᠠᠨ ᠰᠢᠢᠳᠪᠦᠷᠢᠯᠡᠭᠳᠡᠵᠦ᠂ ᠨᠡᠶᠢᠭᠡᠮ ᠳᠤ ᠰᠠᠶᠢᠨ ᠰᠠᠶᠢᠬᠠᠨ ᠲᠤᠰᠬᠠᠯ ᠭᠠᠷᠴᠤ᠂ | ︽4+6︾ ᠶᠢᠨ ᠦᠨᠳᠦᠰᠦᠨ ᠱᠠᠲᠤᠨ ᠤ ᠵᠥᠪᠯᠡᠬᠦ ᠲᠣᠭᠲᠠᠴᠠ ᠨᠢ ︽ᠴᠢᠩ ᠦᠨᠡᠨᠴᠢ ᠪᠠᠷ ᠵᠦᠪᠳᠡᠯᠴᠡᠬᠦ︾ ᠨᠡᠶᠢᠲᠡᠯᠢᠭ | ᠬᠡᠷᠡᠭ ᠤᠨ ᠵᠢᠱᠢᠶ᠎ᠡ ᠳᠤ ᠣᠷᠣᠪᠠ᠃ ︽ᠴᠢᠩ ᠦᠨᠡᠨᠴᠢ ᠪᠠᠷ ᠵᠥᠪᠳᠡᠯᠴᠡᠬᠦ︾ ᠲᠠᠪᠴᠠᠩ ᠨᠢ ᠨᠢᠭᠡᠨᠲᠡ ︽ᠤᠯᠤᠰ | ᠲᠦᠷᠦ ᠶᠢᠨ ᠵᠥᠪᠯᠡᠯᠭᠡᠨ ᠢ ᠤᠯᠠᠨ ᠲᠦᠮᠡᠨ ᠤ ᠳᠤᠮᠳᠠ ᠭᠦᠨᠵᠡᠭᠡᠶᠢᠷᠡᠭᠦᠯᠵᠦ᠂ ᠤᠯᠠᠨ ᠲᠦᠮᠡᠨ ᠢ ᠤᠯᠤᠰ ᠲᠦᠷᠦ ᠶᠢᠨ | ᠵᠥᠪᠯᠡᠯᠭᠡᠨ ᠤ ᠳᠤᠮᠳᠠ ᠭᠦᠨᠵᠡᠭᠡᠶᠢᠷᠡᠭᠦᠯᠬᠦ︾ ᠪᠦᠲᠦᠮᠵᠢᠲᠡᠶ ᠠᠴᠢᠶᠠᠯᠠᠪᠤᠷᠢ ᠪᠣᠯᠵᠤ᠂ ᠠᠷᠠᠳ ᠤᠯᠠᠨ ᠳᠤ ᠤᠯᠤᠰ | ᠲᠦᠷᠦ ᠶᠢᠨ ᠵᠥᠪᠯᠡᠯᠭᠡᠨ ᠤ ᠵᠣᠬᠢᠶᠠᠨ ᠪᠠᠶᠢᠭᠤᠯᠤᠯᠲᠠ ᠪᠠ ᠤᠯᠤᠰ ᠲᠦᠷᠦ ᠶᠢᠨ ᠵᠥᠪᠯᠡᠯᠭᠡᠨ ᠤ ᠭᠡᠰᠢᠭᠦᠳ ᠤᠨ ᠳᠡᠷᠭᠡᠳᠡ ᠨᠢ | ᠪᠠᠶᠢᠬᠤ ᠶᠢ ᠦᠨᠡᠨᠬᠦ ᠮᠡᠳᠡᠷᠡᠭᠦᠯᠪᠡ᠃ | ᠪᠠᠶᠢᠭᠤᠯᠤᠯᠭ᠎ᠠ ᠶᠢᠨ ᠦᠢᠯᠡᠴᠢᠯᠡᠭᠡᠨ ᠤ ᠦᠢᠯᠡᠳᠦᠯ ᠴᠢᠳᠠᠪᠤᠷᠢ ᠶᠢ ᠳᠡᠭᠡᠭᠰᠢᠯᠡᠭᠦᠯᠬᠦ ᠲᠠᠯ᠎ᠠ ᠪᠠᠷ ᠨᠠᠩ ᠬᠦᠴᠦᠲᠡᠢ | ᠪᠣᠯᠪᠠ᠃ ᠰᠤᠷᠤᠯᠴᠠᠯᠭ᠎ᠠ ᠬᠥᠮᠦᠵᠢᠯ ᠢ ᠪᠣᠳᠠᠲᠠᠢ ᠠᠳᠬᠤᠵᠤ᠂ ᠨᠢᠭᠡᠳᠦᠯᠲᠡᠢ ᠲᠥᠯᠥᠪᠵᠢᠭᠦᠯᠦᠨ ᠵᠣᠬᠢᠴᠠᠭᠤᠯᠬᠤ ᠶᠢ | ᠰᠠᠶᠢᠲᠤᠷ ᠠᠳᠬᠤᠵᠤ᠂ ᠬᠠᠮᠢᠶᠠᠷᠤᠯᠲᠠ ᠶᠢᠨ ᠬᠢᠨᠠᠨ ᠰᠢᠯᠭᠠᠯᠲᠠ ᠶᠢ ᠴᠢᠩᠭ᠎ᠠ ᠠᠳᠬᠤᠵᠤ᠂ ᠪᠠᠶᠢᠭᠤᠯᠤᠯᠭ᠎ᠠ ᠶᠢᠨ ᠠᠵᠢᠯ ᠤᠨ | ᠦᠷ᠎ᠡ ᠪᠦᠲᠦᠮᠵᠢ ᠶᠢ ᠳᠠᠰᠤᠷᠠᠯᠳᠠ ᠦᠭᠡᠢ ᠳᠡᠬᠡᠭᠰᠢᠯᠡᠬᠦᠯᠪᠡ᠃ ᠤᠨᠤᠯ ᠤᠨ ᠰᠤᠷᠤᠯᠴᠠᠯᠭ᠎ᠠ᠂ ᠠᠵᠢᠯ ᠤᠨ ᠠᠮᠵᠢᠯᠲᠠ | ᠪᠦᠲᠦᠮᠵᠢ ᠶᠢ ᠬᠢᠨᠠᠨ ᠰᠢᠯᠭᠠᠬᠤ ᠵᠡᠷᠭᠡ ᠳᠦᠷᠢᠮ ᠲᠣᠭᠲᠠᠭᠠᠯ ᠳᠤ ᠵᠠᠰᠠᠪᠤᠷᠢ ᠣᠷᠣᠭᠤᠯᠤᠨ ᠲᠡᠭᠦᠯᠳᠡᠷᠵᠢᠭᠦᠯᠵᠦ᠂ | ᠳᠦᠷᠢᠮ ᠢᠶᠠᠷ ᠬᠥᠮᠥᠨ ᠢ ᠬᠠᠮᠢᠶᠠᠷᠬᠤ᠂ ᠶᠠᠪᠤᠴᠠ ᠪᠠᠷ ᠬᠡᠷᠡᠭ ᠶᠠᠪᠤᠳᠠᠯ ᠢ ᠬᠠᠮᠢᠶᠠᠷᠬᠤ ᠶᠢ ᠪᠠᠷᠢᠮᠲᠠᠯᠠᠵᠤ᠂ ᠰᠤᠷᠤᠯᠴᠠᠬᠤ | ᠮᠠᠶ᠋ᠢᠭ ᠤᠨ᠂ ᠦᠢᠯᠡᠴᠢᠯᠡᠬᠦ ᠮᠠᠶ᠋ᠢᠭ ᠤᠨ᠂ ᠰᠢᠨ᠎ᠡ ᠶᠢ ᠡᠭᠦᠳᠬᠦ ᠮᠠᠶ᠋ᠢᠭ ᠤᠨ᠂ ᠦᠷ᠎ᠡ ᠪᠦᠲᠦᠮᠵᠢ ᠶᠢᠨ ᠮᠠᠶ᠋ᠢᠭ ᠤᠨ | ᠪᠠᠶᠢᠭᠤᠯᠣᠯᠭ᠎ᠠ ᠶᠢ ᠬᠦᠴᠦᠯᠡᠨ ᠪᠠᠶᠢᠭᠤᠯᠵᠤ᠂ ᠪᠠᠶᠢᠭᠤᠯᠣᠯᠭ᠎ᠠ ᠶᠢᠨ ᠺᠠᠳ᠋ᠷᠴᠤᠳ ᠤᠨ ᠠᠵᠢᠯ ᠬᠢᠵᠦ ᠦᠢᠯᠡᠰ ᠪᠣᠰᠬᠠᠬᠤ | ᠣᠷᠭᠢᠯᠤᠮ᠎ᠠ ᠰᠡᠳᠬᠢᠯᠭᠡ ᠶᠢ ᠭᠦᠢᠴᠡᠳ ᠲᠠᠶᠢᠴᠢᠯᠠᠨ᠂ ᠤᠯᠤᠰ ᠲᠦᠷᠦ ᠶᠢᠨ ᠵᠥᠪᠯᠡᠯᠭᠡᠨ ᠤ ᠲᠤᠰᠢᠶᠠᠯ ᠬᠠᠷᠢᠭᠤᠴᠠᠯᠭ᠎ᠠ ᠪᠠᠨ | ᠭᠦᠢᠴᠡᠳᠬᠡᠬᠦ ᠶᠠᠰᠤ ᠴᠢᠨᠠᠷ ᠤᠨ ᠳᠡᠭᠡᠭᠰᠢᠯᠡᠯᠲᠡ ᠶᠢ ᠬᠦᠴᠦᠲᠡᠢ ᠪᠠᠲᠤᠯᠠᠪᠠ᠃ ᠤᠯᠤᠰ ᠲᠦᠷᠦ ᠶᠢᠨ ᠰᠠᠬᠢᠯᠭ᠎ᠠ ᠪᠠᠲᠤ ᠪᠠ | ᠤᠯᠤᠰ ᠲᠦᠷᠦ ᠶᠢᠨ ᠶᠣᠰᠣ ᠳᠦᠷᠢᠮ ᠢ ᠨᠠᠷᠢᠨ ᠬᠢᠨᠠᠮᠠᠭᠠᠢ ᠰᠤᠷᠤᠯᠴᠠᠵᠤ᠂ ᠲᠤᠰᠢᠶᠠᠯ ᠬᠠᠷᠢᠭᠤᠴᠠᠯᠭ᠎ᠠ ᠪᠠᠨ | ᠭᠦᠢᠴᠡᠳᠬᠡᠬᠦ ᠶᠢᠨ ︽ᠨᠢᠭᠡᠳᠦᠭᠡᠷ ᠲᠣᠪᠴᠢ︾ ᠶᠢ ᠰᠠᠶᠢᠲᠤᠷ ᠲᠣᠪᠴᠢᠯᠠᠪᠠ᠃ ᠦᠵᠡᠯ ᠤᠬᠠᠮᠰᠠᠷ ᠤᠨ ᠬᠡᠯᠪᠡᠷᠢ ᠶᠢᠨ | ᠠᠵᠢᠯ ᠤᠨ ᠬᠠᠷᠢᠭᠤᠴᠠᠯᠭ᠎ᠠ ᠶᠢᠨ ᠳᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠤᠯᠤᠰ ᠲᠦᠷᠦ ᠶᠢᠨ ᠵᠥᠪᠯᠡᠯᠭᠡᠨ ᠤ ᠦᠵᠡᠯ | ᠤᠬᠠᠮᠰᠠᠷ ᠤᠨ ᠬᠡᠯᠪᠡᠷᠢ ᠶᠢᠨ ᠵᠢᠭᠰᠠᠭᠠᠯ ᠤᠨ ᠭᠠᠵᠠᠷ ᠤᠨ ᠪᠠᠶᠢᠭᠤᠯᠤᠯᠲᠠ ᠪᠠ ᠬᠠᠮᠢᠶᠠᠷᠤᠯᠲᠠ ᠶᠢ ᠴᠢᠩᠭᠠᠳᠬᠠᠨ᠂ | ᠸᠢᠴᠠᠲ ᠤᠨ ᠤᠯᠠᠨ ᠨᠡᠶᠢᠲᠡ ᠶᠢᠨ ᠳ᠋ᠤᠭᠠᠷ ᠢ ᠰᠠᠶᠢᠲᠤᠷ ᠬᠡᠷᠡᠭᠯᠡᠵᠦ᠂ ᠭᠤᠣᠯ ᠬᠦᠭ ᠠᠶᠠᠰ ᠢ ᠢᠳᠡᠪᠬᠢᠲᠡᠢ ᠪᠠᠷ | ᠴᠤᠤᠷᠢᠶᠠᠲᠤᠭᠤᠯᠵᠤ᠂ ᠢᠳᠡᠪᠬᠢ ᠬᠦᠴᠦᠨ ᠢ ᠣᠯᠠᠮᠵᠢᠯᠠᠪᠠ᠃ | ᠭᠡᠰᠢᠭᠦᠳ ᠠ᠋᠂ ᠨᠥᠬᠦᠳ ᠠ᠋᠂ ᠥᠩᠭᠡᠷᠡᠭᠰᠡᠨ ᠤ ᠵᠠᠮ ᠢᠶᠠᠨ ᠡᠷᠬᠢᠨ ᠬᠠᠷᠠᠬᠤᠶ᠎ᠠ᠂ ᠬᠤᠰᠢᠭᠤᠨ ᠤ ᠤᠯᠤᠰ | ᠲᠥᠷᠥ ᠶᠢᠨ ᠵᠥᠪᠯᠡᠯᠭᠡᠨ ᠤ ᠠᠯᠬᠤᠭᠰᠠᠨ ᠠᠯᠬᠤᠮ ᠯᠠᠪᠳᠠᠭᠤᠨ ᠪᠠᠳᠣᠳᠠᠢ᠂ ᠢᠲᠡᠭᠡᠯ ᠪᠢᠰᠢᠷᠡᠯ ᠭᠠᠯ ᠮᠡᠲᠦ ᠳᠦᠷᠡᠯᠵᠡᠵᠣ᠂ | ᠡᠭᠦᠷᠭᠡ ᠬᠠᠷᠢᠭᠤᠴᠠᠯᠭ᠎ᠠ ᠪᠠᠲᠤ ᠴᠢᠩᠭ᠎ᠠ᠃ ᠠᠮᠵᠢᠯᠲᠠ ᠪᠦᠷᠢ ᠶᠢᠨ ᠬᠤᠷᠠᠮᠳᠤᠯ ᠨᠢ ᠴᠥᠮ ᠬᠤᠰᠢᠭᠤᠨ ᠤ ᠨᠠᠮ ᠤᠨ | ᠬᠤᠷᠢᠶᠠᠨ ᠤ ᠪᠠᠲᠤ ᠴᠢᠩᠭ᠎ᠠ ᠤᠳᠤᠷᠢᠳᠤᠯᠭ᠎ᠠ ᠶᠢ ᠢᠯᠡᠷᠡᠬᠦᠯᠵᠣ ᠪᠣᠢ︔ ᠠᠵᠢᠯ ᠨᠢᠭᠡᠪᠦᠷᠢ ᠶᠢ ᠥᠷᠨᠢᠭᠦᠯᠬᠦ ᠳᠤ | ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ᠂ ᠬᠤᠰᠢᠭᠤᠨ ᠤ ᠠᠷᠠᠳ ᠤᠨ | ᠵᠠᠰᠠᠭ ᠤᠨ ᠣᠷᠳᠣᠨ ᠤ ᠬᠦᠴᠦᠲᠡᠢ ᠳᠡᠮᠵᠢᠯᠭᠡ ᠶᠢ ᠣᠯᠪᠠ︔ ᠴᠢᠷᠮᠠᠶᠢᠯᠭ᠎ᠠ ᠨᠢᠬᠡᠪᠦᠷᠢ ᠶᠢᠨ ᠣᠯᠣᠯᠲᠠ ᠨᠢ ᠴᠥᠮ ᠤᠯᠤᠰ | ᠲᠦᠷᠦ ᠶᠢᠨ ᠵᠥᠪᠯᠡᠯᠭᠡᠨ ᠤ ᠪᠦᠬᠦ ᠭᠡᠰᠢᠭᠦᠨ᠂ ᠡᠯ᠎ᠡ ᠣᠷᠣᠯᠴᠠᠭᠰᠠᠨ ᠨᠢᠭᠡᠴᠡ᠂ ᠡᠯ᠎ᠡ ᠭᠠᠵᠠᠷ ᠣᠷᠣᠨ ᠡᠯ᠎ᠡ ᠰᠠᠯᠠᠭ᠎ᠠ | ᠮᠥᠴᠢᠷ ᠪᠣᠯᠣᠨ ᠨᠡᠶᠢᠭᠡᠮ ᠤᠨ ᠡᠯ᠎ᠡ ᠡᠲᠡᠭᠡᠳ ᠤᠨ ᠬᠥᠮᠥᠰ ᠤᠨ ᠤᠶᠤᠨ ᠤᠬᠠᠭᠠᠨ ᠬᠦᠴᠦᠨ ᠴᠢᠳᠠᠯ ᠢ ᠨᠢᠭᠳᠠᠷᠠᠭᠤᠯᠣᠭᠰᠠᠨ | ᠠᠴᠠ ᠣᠯᠣᠭᠰᠠᠨ ᠬᠡᠳᠡᠭ ᠢ ᠪᠢᠳᠡ ᠬᠦᠨᠵᠡᠬᠡᠢ ᠦᠢᠯᠡᠭᠠᠭᠰᠠᠨ ᠪᠠᠶᠢᠨ᠎ᠠ᠃ ᠠᠳᠡ ᠪᠢ ᠬᠤᠰᠢᠭᠤᠨ ᠤ ᠤᠯᠤᠰ ᠳᠦᠷᠦ ᠶᠢᠨ | ᠵᠦᠪᠯᠡᠯᠬᠡᠨ ᠤ ᠪᠠᠶᠢᠩᠭᠤ ᠶᠢᠨ ᠬᠤᠷᠢᠶ᠎ᠠ ᠶᠢ ᠳᠦᠯᠦᠬᠡᠯᠡᠨ ᠬᠤᠰᠢᠭᠤᠨ ᠤ ᠤᠯᠤᠰ ᠳᠦᠷᠦ ᠶᠢᠨ ᠵᠦᠪᠯᠡᠯᠬᠡᠨ ᠤ ᠦᠢᠯᠡᠰ ᠤᠨ | ᠬᠦᠭᠵᠢᠯᠳᠡ ᠶᠢ ᠬᠠᠯᠠᠮᠵᠢᠯᠠᠨ ᠲᠠᠮᠵᠢᠵᠤ ᠬᠠᠪᠰᠤᠷᠴᠤ ᠪᠠᠶᠢᠭ᠎ᠠ ᠡᠯ᠎ᠡ ᠱᠠᠲᠤᠨ ᠤ ᠤᠳᠤᠷᠢᠳᠤᠯᠭ᠎ᠠ ᠪᠠ ᠡᠯ᠎ᠡ ᠡᠳᠡᠬᠡᠳ ᠤᠨ | ᠬᠦᠮᠦᠰ ᠲᠤ ᠴᠢᠩ ᠰᠡᠳᠬᠢᠯ ᠤᠨ ᠳᠠᠯᠠᠷᠬᠠᠯ ᠢᠶᠠᠨ ᠳᠡᠪᠰᠢᠬᠦᠯᠦᠶ᠎ᠡ︕ ᠲᠤᠰᠢᠶᠠᠯ ᠬᠠᠷᠢᠭᠤᠴᠠᠯᠭ᠎ᠠ ᠪᠠᠨ ᠬᠢᠨᠠᠮᠠᠭᠠᠢ | ᠭᠦᠢᠴᠡᠳᠬᠡᠵᠦ᠂ ᠦᠨᠡᠨ ᠰᠡᠳᠬᠢᠯ ᠠᠴᠠ ᠪᠠᠨ ᠬᠤᠪᠢ ᠨᠡᠮᠡᠷᠢ ᠦᠵᠡᠭᠦᠯᠦᠭᠰᠡᠨ ᠤᠯᠤᠰ ᠲᠦᠷᠦ ᠶᠢᠨ ᠵᠥᠪᠯᠡᠯᠭᠡᠨ ᠤ ᠪᠦᠬᠦ | ᠭᠡᠰᠢᠭᠦᠳ ᠲᠤ ᠡᠷᠬᠢᠮ ᠳᠡᠭᠡᠳᠦ ᠬᠦᠨᠳᠦᠳᠬᠡᠯ ᠢᠶᠠᠨ ᠳᠡᠪᠰᠢᠭᠦᠯᠦᠶ᠎ᠡ︕ | ᠠᠶᠠᠨ ᠤ ᠵᠠᠮ ᠳᠤ ᠠᠭᠠᠳᠠᠷ ᠪᠣᠷᠤᠭ᠎ᠠ ᠰᠢᠷᠦᠬᠦᠨ ᠰᠠᠯᠬᠢᠨ ᠳᠣᠬᠢᠶᠠᠯᠳᠣᠬᠤ ᠨᠢ ᠬᠡᠪ ᠤᠨ ᠪᠠᠶᠢᠳᠠᠯ᠂ ᠰᠠᠯᠬᠢᠨ | ᠪᠣᠷᠣᠭᠠᠨ ᠢ ᠠᠵᠢᠷᠠᠯ ᠦᠭᠡᠢ ᠰᠠᠭᠠᠳ ᠦᠭᠡᠢ ᠣᠷᠣᠭᠰᠢᠯᠠᠬᠤ ᠨᠢ ᠰᠡᠳᠬᠢᠴᠡ ᠶᠢᠨ ᠪᠠᠶᠢᠳᠠᠯ᠂ ᠬᠦᠴᠢᠷ ᠪᠡᠷᠬᠡᠰᠢᠶᠡᠯ ᠠᠴᠠ | ᠡᠮᠢᠶᠡᠯ ᠦᠭᠡᠢ ᠴᠣᠴᠠᠯᠳᠠ ᠦᠭᠡᠢ ᠳᠡᠮᠡᠣᠯᠡᠬᠦ ᠨᠢ ᠣᠪᠣᠷ ᠪᠠᠶᠢᠳᠠᠯ ᠮᠥᠨ᠃ ᠣᠳᠣᠬᠠᠨ ᠳᠤ ᠤᠯᠤᠰ ᠲᠦᠷᠦ ᠶᠢᠨ | ᠵᠥᠪᠯᠡᠯᠭᠡᠨ ᠤ ᠠᠵᠢᠯ ᠳᠤ ᠪᠠᠰᠠ ᠡᠳᠦᠢ ᠲᠡᠳᠦᠢ ᠠᠰᠠᠭᠤᠳᠠᠯ ᠪᠠ ᠥᠷᠢᠰᠦᠯᠳᠦᠭᠡᠨ ᠣᠷᠣᠰᠢᠵᠤ ᠪᠠᠶᠢᠬᠤ ᠶᠢ ᠪᠢᠳᠡ | ᠰᠡᠷᠭᠡᠭ ᠢᠶᠠᠷ ᠲᠠᠨᠢᠵᠤ ᠣᠯᠪᠠ᠂ ᠵᠢᠱᠢᠶᠡᠯᠡᠪᠡᠯ᠄ ᠤᠯᠤᠰ ᠲᠦᠷᠦ ᠶᠢᠨ ᠵᠥᠪᠯᠡᠯᠭᠡᠨ ᠨᠢ ᠲᠤᠰᠬᠠᠢ ᠵᠥᠪᠯᠡᠬᠦ ᠪᠠᠶᠢᠭᠤᠯᠤᠮᠵᠢ | ᠪᠣᠯᠤᠭᠰᠠᠨ ᠤ ᠬᠤᠪᠢ ᠳᠤ᠂ ᠰᠢᠨ᠎ᠡ ᠶᠢ ᠡᠭᠦᠳᠬᠦ ᠰᠡᠳᠬᠢᠬᠦᠢ᠂ ᠰᠢᠨ᠎ᠡ ᠶᠢ ᠡᠭᠦᠳᠬᠦ ᠲᠠᠪᠴᠠᠩ᠂ ᠰᠢᠨ᠎ᠡ ᠶᠢ ᠡᠭᠦᠳᠬᠦ | ᠠᠷᠭ᠎ᠠ ᠶᠢ ᠬᠡᠷᠬᠢᠨ ᠬᠡᠷᠡᠭᠯᠡᠨ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠶᠢ ᠤᠯᠠᠮ ᠨᠢᠭᠡ ᠠᠯᠬᠤᠮ ᠬᠠᠶᠢᠨ | ᠰᠦᠪᠡᠭᠴᠢᠯᠡᠬᠦ ᠴᠢᠬᠤᠯᠠᠳᠠᠢ︔ ᠴᠢᠨᠠᠷ ᠰᠠᠶᠢᠲᠠᠢ ᠬᠥᠭᠵᠢᠯᠲᠡ᠂ ᠴᠢᠨᠠᠷ ᠰᠠᠶᠢᠲᠠᠢ ᠠᠮᠢᠳᠤᠷᠠᠯ ᠳᠤ ᠬᠡᠷᠬᠢᠨ ᠠᠩᠬᠠᠷᠤᠯ ᠢᠶᠠᠨ | ᠲᠥᠪᠯᠡᠷᠡᠭᠦᠯᠦᠨ ᠰᠠᠨᠠᠯ ᠵᠥᠪᠯᠡᠯᠭᠡ ᠳᠤᠷᠠᠳᠤᠨ ᠠᠷᠭ᠎ᠠ ᠤᠬᠠᠭᠠᠨ ᠭᠠᠷᠭᠠᠵᠤ᠂ ᠬᠥᠭᠵᠢᠯᠲᠡ ᠶᠢ ᠠᠬᠢᠭᠤᠯᠬᠤ ᠳᠤ ᠨᠡᠩ ᠶᠡᠭᠡ | ᠠᠮᠵᠢᠯᠲᠠ ᠪᠦᠲᠦᠮᠵᠢ ᠭᠠᠷᠭᠠᠬᠤ ᠬᠡᠷᠡᠭᠳᠡᠢ︔ ᠬᠡᠷᠬᠢᠨ ᠬᠤᠪᠢᠰᠤᠩᠭᠤᠢ ᠰᠡᠳᠬᠢᠬᠦᠢ ᠶᠢ ᠬᠡᠷᠡᠭᠯᠡᠨ᠂ ᠵᠠᠷᠢᠮ ᠣᠯᠠᠨ | ᠲᠦᠮᠡᠨ ᠤ ᠬᠦᠰᠡᠵᠦ ᠪᠠᠶᠢᠭ᠎ᠠ ᠵᠠᠩᠭᠢᠯᠠᠭ᠎ᠠ ᠶᠢᠨ ᠪᠠᠭ᠎ᠠ ᠶᠠᠪᠤᠳᠠᠯ ᠳᠡᠭᠡᠷ᠎ᠡ ︽ᠠᠷᠠᠳ ᠲᠦᠮᠡᠨ ᠢᠶᠠᠷ ᠭᠤᠣᠯ ᠪᠣᠯᠭᠠᠬᠤ︾ | ᠣᠶᠢᠯᠠᠭᠠᠭᠳᠠᠬᠤᠨ ᠢ ᠢᠯᠡᠷᠡᠭᠦᠯᠵᠦ᠂ ᠦᠷᠭᠦᠯᠵᠢᠯᠡᠨ ᠬᠦᠴᠦ ᠣᠷᠣᠭᠤᠯᠵᠤ᠂ ᠥᠨᠢ ᠤᠳᠠᠭᠠᠨ ᠴᠢᠷᠮᠠᠶᠢᠯᠭ᠎ᠠ ᠭᠠᠷᠭᠠᠬᠤ ᠶᠢ | ᠪᠠᠶᠡᠯᠡᠬᠦᠯᠬᠦ ᠳᠤ ᠨᠠᠩ ᠬᠦᠴᠦᠲᠡᠢ ᠠᠷᠭ᠎ᠠ ᠬᠡᠮᠵᠢᠶ᠎ᠡ ᠱᠠᠭᠠᠷᠳᠠᠭᠳᠠᠨ᠎ᠠ᠃ ᠡᠳᠡᠭᠡᠷ ᠠᠰᠠᠭᠤᠳᠠᠯ ᠤᠳ ᠢ ᠴᠥᠮ ᠨᠠᠷᠢᠨ | ᠬᠢᠨᠠᠮᠠᠭᠠᠢ ᠰᠤᠳᠤᠯᠵᠤ᠂ ᠭᠦᠨᠵᠡᠭᠡᠢ ᠪᠣᠳᠣᠯᠬᠢᠯᠠᠵᠤ᠂ ᠴᠢᠷᠮᠠᠶᠢᠨ ᠰᠢᠢᠳᠪᠦᠷᠢᠯᠡᠬᠦ ᠴᠢᠬᠤᠯᠠ ᠲᠠᠢ ᠪᠠᠶᠢᠨ᠎ᠠ᠃ | | |