| ᠬᠤᠶᠠᠷ᠂ 2024 ᠣᠨ ᠤ ᠭᠤᠣᠯ ᠡᠭᠦᠷᠭᠡ | | | 2024 ᠣᠨ ᠪᠣᠯ ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠪᠠᠶᠢᠭᠤᠯᠤᠭᠳᠠᠭᠰᠠᠨ 75 ᠵᠢᠯ ᠤᠨ ᠤᠢ | ᠮᠥᠨ᠂ ᠠᠷᠠᠳ ᠤᠨ ᠤᠯᠤᠰ ᠲᠦᠷᠦ ᠶᠢᠨ ᠵᠥᠪᠯᠡᠯᠭᠡᠨ ᠪᠠᠶᠢᠭᠤᠯᠤᠭᠳᠠᠭᠰᠠᠨ 75 ᠵᠢᠯ ᠤᠨ ᠤᠢ ᠮᠥᠨ᠂ ᠪᠠᠰᠠ ᠴᠤ | ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠦᠪᠵᠢᠭᠦᠯᠭᠡ ᠶᠢᠨ ᠬᠠᠷᠠᠯᠲᠠ ᠡᠭᠦᠷᠭᠡ ᠶᠢ ᠪᠡᠶᠡᠯᠡᠭᠦᠯᠬᠦ ᠵᠠᠩᠭᠢᠯᠠᠭ᠎ᠠ ᠶᠢᠨ ᠨᠢᠭᠡ | ᠵᠢᠯ ᠮᠥᠨ᠂ ᠪᠦᠬᠦ ᠵᠢᠯ ᠤᠨ ᠠᠵᠢᠯ ᠢᠶᠠᠨ ᠰᠠᠶᠢᠲᠤᠷ ᠬᠢᠬᠦ ᠨᠢ ᠴᠢᠬᠤᠯᠠ ᠶᠡᠭᠡ ᠠᠴᠢ ᠬᠤᠯᠪᠣᠭᠳᠠᠯ ᠲᠠᠢ ᠶᠤᠮ᠃ | ᠬᠤᠰᠢᠭᠤᠨ ᠤ ᠤᠯᠤᠰ ᠲᠥᠷᠥ ᠶᠢᠨ ᠵᠥᠪᠯᠡᠯᠭᠡᠨ ᠤ ᠠᠵᠢᠯ ᠤᠨ ᠶᠡᠷᠦᠩᠬᠡᠢ ᠱᠠᠭᠠᠷᠳᠠᠯᠭ᠎ᠠ ᠪᠣᠯ᠄ ᠰᠢ ᠶᠢᠨ ᠫᠢᠩ ᠤᠨ ᠰᠢᠨ᠎ᠡ | ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ | ᠪᠣᠯᠭᠠᠬᠤ ᠶᠢ ᠪᠠᠷᠢᠮᠳᠠᠯᠠᠵᠣ᠂ ᠨᠠᠮ ᠤᠨ ᠬᠤᠷᠢᠳᠤᠭᠠᠷ ᠶᠡᠭᠡ ᠬᠤᠷᠠᠯ᠂ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ | ᠬᠤᠶᠠᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠤᠱᠯᠠᠭᠤᠯᠵᠤ᠂ ᠰᠢ ᠶᠢᠨ ᠫᠢᠩ | ᠶᠡᠷᠦᠩᠬᠡᠢ ᠱᠦᠵᠢ ᠶᠢᠨ ᠥᠪᠥᠷ ᠮᠣᠩᠭᠤᠯ ᠳᠤ ᠲᠤᠰᠢᠶᠠᠭᠰᠠᠨ ᠲᠠᠪᠤᠨ ᠶᠡᠭᠡ ᠡᠭᠦᠷᠭᠡ ᠪᠣᠯᠣᠨ ︽ᠵᠢᠱᠢᠶᠡᠴᠢ ᠥᠪᠡᠷᠲᠡᠭᠡᠨ | ᠵᠠᠰᠠᠬᠤ ᠣᠷᠣᠨ︾ ᠢ ᠪᠦᠬᠦ ᠲᠠᠯ᠎ᠠ ᠪᠠᠷ ᠪᠦᠲᠦᠭᠡᠨ ᠪᠠᠶᠢᠭᠤᠯᠬᠤ ᠬᠤᠶᠠᠷ ᠶᠡᠭᠡ ᠶᠠᠪᠤᠳᠠᠯ ᠳᠤ ᠦᠷᠭᠦᠯᠵᠢᠯᠡᠨ ᠠᠩᠬᠠᠷᠤᠯ ᠢᠶᠠᠨ | ᠲᠥᠪᠯᠡᠷᠡᠭᠦᠯᠵᠦ᠂ ᠨᠠᠮ ᠤᠨ ᠤᠳᠤᠷᠢᠳᠤᠯᠭ᠎ᠠ᠂ ᠨᠢᠭᠡᠳᠦᠮᠡᠯ ᠹᠷᠣᠨᠲ᠂ ᠵᠥᠪᠯᠡᠬᠦ ᠠᠷᠠᠳᠴᠢᠯᠠᠯ ᠢ ᠣᠷᠭᠠᠨᠢᠭ ᠢᠶᠠᠷ | ᠤᠶᠠᠯᠳᠣᠭᠤᠯᠬᠤ ᠶᠢ ᠪᠠᠷᠢᠮᠲᠠᠯᠠᠵᠤ᠂ ᠦᠵᠡᠯ ᠰᠠᠨᠠᠭ᠎ᠠ ᠤᠯᠤᠰ ᠲᠥᠷᠥ ᠶᠢᠨ ᠵᠢᠯᠣᠭᠤᠳᠤᠯᠭ᠎ᠠ ᠶᠢ ᠦᠨᠡᠨᠬᠦ ᠴᠢᠩᠭᠠᠳᠬᠠᠨ᠂ | ᠲᠤᠰᠬᠠᠢ ᠵᠥᠪᠯᠡᠯᠭᠡᠨ ᠤ ᠪᠠᠶᠢᠭᠤᠯᠤᠮᠵᠢ ᠶᠢᠨ ᠡᠭᠦᠷᠭᠡ ᠴᠢᠳᠠᠪᠤᠷᠢ ᠶᠢ ᠭᠦᠢᠴᠡᠳ ᠪᠠᠳᠠᠷᠠᠭᠤᠯᠵᠤ᠂ ᠬᠤᠣᠰ ᠴᠢᠭᠯᠡᠯ ᠢᠶᠠᠷ | ᠬᠦᠴᠦᠯᠡᠬᠦ ᠶᠠᠰᠣ ᠴᠢᠨᠠᠷ ᠦᠷ᠎ᠡ ᠪᠦᠳᠦᠮᠵᠢ ᠶᠢ ᠪᠦᠬᠦ ᠲᠠᠯ᠎ᠠ ᠪᠠᠷ ᠳᠡᠭᠡᠭᠰᠢᠯᠡᠭᠦᠯᠵᠦ᠂ ᠦᠵᠡᠯ ᠰᠠᠨᠠᠭᠠᠨ ᠤ | ᠵᠢᠯᠣᠭᠤᠳᠤᠯᠭ᠎ᠠ ᠶᠢ ᠨᠡᠩ ᠡᠷᠴᠢᠮ ᠲᠠᠢ ᠪᠣᠯᠭᠠᠨ᠂ ᠤᠯᠤᠰ ᠲᠦᠷᠦ ᠶᠢᠨ ᠵᠥᠪᠯᠡᠯᠭᠡ ᠶᠢ ᠨᠡᠩ ᠥᠨᠳᠥᠷᠴᠡ ᠲᠠᠢ ᠪᠣᠯᠭᠠᠵᠤ᠂ | ᠵᠠᠰᠠᠭ ᠤᠨ ᠶᠠᠪᠤᠳᠠᠯ ᠳᠤ ᠣᠷᠣᠯᠴᠠᠨ ᠵᠠᠰᠠᠭ ᠤᠨ ᠶᠠᠪᠤᠳᠠᠯ ᠢ ᠵᠥᠪᠯᠡᠬᠦ ᠶᠢ ᠨᠡᠩ ᠭᠦᠨᠴᠡ ᠲᠠᠢ ᠪᠣᠯᠭᠠᠨ᠂ ᠬᠠᠮᠲᠤ ᠶᠢᠨ | ᠲᠠᠨᠢᠯᠲᠠ ᠶᠢ ᠨᠢᠭᠲᠠᠷᠠᠭᠤᠯᠬᠤ ᠶᠢ ᠨᠡᠩ ᠥᠷᠭᠡᠴᠡ ᠲᠠᠢ ᠪᠣᠯᠭᠠᠵᠤ᠂ ᠬᠡᠰᠢᠭᠳᠡᠨ ᠬᠤᠰᠢᠭᠤᠨ ᠤ ᠬᠤᠪᠢᠷᠠᠯᠳᠠ᠂ ᠳᠠᠪᠠᠯᠳᠠᠳᠣ | ᠬᠦᠭᠵᠢᠯᠳᠡ ᠶᠢ ᠳᠦᠯᠬᠢᠨ ᠠᠬᠢᠭᠤᠯᠵᠣ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠰᠢᠨ᠎ᠡ | ᠦᠢᠯᠡᠳᠦᠯᠭᠡ ᠶᠢ ᠪᠦᠬᠦ ᠲᠠᠯ᠎ᠠ ᠪᠠᠷ ᠠᠬᠢᠭᠤᠯᠬᠤ ᠳᠤ ᠲᠠᠰᠤᠷᠠᠯᠳᠡ ᠦᠭᠡᠢ ᠤᠶᠤᠨ ᠰᠠᠨᠠᠭᠠᠨ ᠤ ᠬᠥᠳᠡᠯᠭᠡᠬᠦ ᠬᠦᠴᠦᠨ ᠪᠠ | ᠤᠶᠤᠨ ᠮᠡᠳᠡᠯᠭᠡ ᠶᠢᠨ ᠳᠡᠮᠵᠢᠯᠭᠡ ᠬᠠᠩᠭᠠᠨ᠎ᠠ᠃ | ︵ᠨᠢᠭᠡ︶ ᠨᠠᠮ ᠤᠨ ᠤᠳᠤᠷᠢᠳᠤᠯᠭ᠎ᠠ ᠶᠢ ᠢᠮᠠᠭᠲᠠ ᠪᠠᠷᠢᠮᠲᠠᠯᠠᠵᠤ᠂ ᠤᠯᠤᠰ ᠲᠦᠷᠦ ᠶᠢᠨ ᠵᠢᠯᠣᠭᠤᠳᠤᠯᠭ᠎ᠠ ᠶᠢ | ᠴᠢᠩᠭᠠᠳᠬᠠᠬᠤ ᠲᠠᠯ᠎ᠠ ᠪᠠᠷ ᠰᠢᠨ᠎ᠡ ᠦᠷ᠎ᠡ ᠪᠦᠲᠦᠮᠵᠢ ᠣᠯᠣᠨ᠎ᠠ᠃ᠨᠠᠮ ᠤᠨ ᠤᠳᠤᠷᠢᠳᠤᠯᠭ᠎ᠠ ᠶᠢ ᠪᠠᠷᠢᠮᠲᠠᠯᠠᠬᠤ ᠪᠣᠯ | ᠠᠷᠠᠳ ᠤᠨ ᠤᠯᠤᠰ ᠲᠦᠷᠦ ᠶᠢᠨ ᠵᠥᠪᠯᠡᠯᠭᠡᠨ ᠤ ᠦᠢᠯᠡᠰ ᠤᠨ ᠬᠥᠭᠵᠢᠯᠲᠡ ᠲᠠᠪᠰᠢᠯᠳᠠ ᠶᠢᠨ ᠦᠨᠳᠦᠰᠦᠨ ᠪᠠᠲᠤᠯᠠᠭ᠎ᠠ | ᠮᠥᠨ᠃ ᠪᠢᠳᠡ ᠨᠠᠮ ᠤᠨ ᠤᠳᠤᠷᠢᠳᠤᠯᠭ᠎ᠠ ᠶᠢ ᠪᠠᠷᠢᠮᠲᠠᠯᠠᠬᠤ ᠶᠠᠪᠤᠳᠠᠯ ᠢ ᠤᠯᠤᠰ ᠲᠦᠷᠦ ᠶᠢᠨ ᠵᠥᠪᠯᠡᠯᠭᠡᠨ ᠤ ᠪᠦᠬᠦ | ᠠᠵᠢᠯ ᠳᠤ ᠲᠤᠤᠱᠯᠠᠭᠤᠯᠵᠤ᠂ ᠠᠷᠠᠳ ᠤᠨ ᠤᠯᠤᠰ ᠲᠦᠷᠦ ᠶᠢᠨ ᠵᠥᠪᠯᠡᠯᠭᠡᠨ ᠤ ᠠᠵᠢᠯ ᠳᠠᠬᠢ ᠨᠠᠮ ᠤᠨ ᠡᠯ᠎ᠡ ᠵᠦᠢᠯ ᠤᠨ | ᠱᠠᠭᠠᠷᠳᠠᠯᠭ᠎ᠠ ᠶᠢ ᠪᠦᠬᠦ ᠲᠠᠯ᠎ᠠ ᠪᠠᠷ ᠨᠠᠶᠢᠳᠠᠪᠣᠷᠢᠵᠢᠭᠤᠯᠣᠨ᠎ᠠ᠃ | ᠦᠵᠡᠯ ᠰᠠᠨᠠᠭ᠎ᠠ ᠤᠯᠤᠰ ᠲᠦᠷᠦ ᠶᠢᠨ ᠪᠠᠶᠢᠭᠤᠯᠤᠯᠲᠠ ᠶᠢᠨ ᠬᠥᠲᠥᠯᠥᠨ ᠳᠠᠭᠠᠭᠤᠯᠬᠤ ᠬᠦᠴᠦᠨ ᠢ ᠴᠢᠩᠭᠠᠷᠠᠭᠤᠯᠤᠨ᠎ᠠ | ᠃ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ | ᠰᠠᠨᠠᠭ᠎ᠠ ᠪᠠᠷ ᠵᠢᠯᠣᠭᠤᠳᠤᠯᠭ᠎ᠠ ᠪᠣᠯᠭᠠᠬᠤ ᠶᠢ ᠪᠠᠷᠢᠮᠳᠠᠯᠠᠵᠣ᠂ ᠰᠤᠷᠤᠯᠴᠠᠬᠤ ᠳᠣᠭᠳᠠᠯᠴᠠᠭ᠎ᠠ ᠶᠢ ᠣᠯᠠᠮ ᠨᠢᠬᠡ ᠠᠯᠬᠤᠮ | ᠪᠦᠷᠢᠨᠰᠢᠭᠦᠯᠵᠦ᠂ ᠰᠤᠷᠤᠯᠴᠠᠬᠤ ᠠᠭᠤᠯᠭ᠎ᠠ ᠶᠢ ᠪᠠᠶᠠᠯᠢᠭᠵᠢᠭᠤᠯᠵᠤ᠂ ᠰᠤᠷᠤᠯᠴᠠᠬᠤ ᠬᠡᠯᠪᠡᠷᠢ ᠶᠢᠨ ᠰᠢᠨ᠎ᠡ ᠶᠢ ᠡᠭᠦᠳᠴᠦ᠂ | ᠨᠠᠮ ᠤᠨ ᠬᠤᠷᠢᠳᠤᠭᠠᠷ ᠶᠡᠭᠡ ᠬᠤᠷᠠᠯ᠂ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠬᠤᠶᠠᠳᠤᠭᠠᠷ ᠪᠦᠬᠦᠳᠡ | ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠤᠱᠯᠠᠭᠤᠯᠵᠤ᠂ ᠤᠶᠤᠨ ᠰᠠᠨᠠᠭᠠᠨ ᠤ ᠺᠠᠯᠼ ᠢ ᠭᠦᠢᠴᠡᠳ | ᠨᠥᠬᠦᠪᠦᠷᠢᠯᠡᠵᠦ᠂ ᠦᠵᠡᠯ ᠰᠠᠨᠠᠭᠠᠨ ᠤ ᠵᠠᠯᠠᠭᠤᠷ ᠢ ᠯᠠᠪᠳᠠᠭᠤᠨ ᠡᠵᠡᠮᠳᠡᠵᠦ᠂ ᠢᠲᠡᠭᠡᠯ ᠪᠢᠰᠢᠷᠡᠯ ᠤᠨ ᠰᠠᠭᠤᠷᠢ ᠶᠢ ᠪᠠᠲᠤ | ᠴᠣᠭᠴᠠᠯᠠᠨ᠂ ᠶᠠᠮᠠᠷᠪᠠ ᠬᠡᠯᠪᠡᠷᠢ ᠶᠢᠨ ︽ᠳᠣᠣᠷ᠎ᠠ ᠳᠡᠰ ᠤᠨ ᠤᠯᠠᠭᠠᠨ︾ ︽ᠳᠡᠭᠡᠳᠦ ᠳᠡᠰ ᠤᠨ ᠬᠠᠷ᠎ᠠ︾ ᠶᠢ ᠲᠡᠪᠴᠢᠵᠦ᠂ | ᠦᠵᠡᠰᠬᠦᠯᠡᠩᠲᠦ ᠰᠠᠶᠢᠬᠠᠨ ᠥᠪᠥᠷ ᠮᠣᠩᠭᠤᠯ ᠢ ᠪᠦᠲᠦᠭᠡᠨ ᠪᠠᠶᠢᠭᠤᠯᠵᠤ᠂ ᠰᠢᠨ᠎ᠡ ᠠᠶᠠᠨ ᠳᠤ ᠡᠷᠡᠯᠬᠡᠭᠯᠡᠨ | ᠤᠷᠤᠭᠰᠢᠯᠠᠬᠤ ᠶᠢᠨ ᠲᠥᠯᠥᠭᠡ᠂ ᠨᠡᠩ ᠤᠯᠠᠨ ᠰᠡᠳᠬᠢᠯ ᠢᠶᠠᠨ ᠨᠢᠭᠡᠳᠬᠡᠭᠴᠢ᠂ ᠬᠦᠴᠦᠨ ᠢᠶᠠᠨ ᠨᠢᠭᠡᠳᠬᠡᠭᠴᠢ᠂ ᠬᠠᠮᠲᠤ | ᠠᠵᠢᠯᠯᠠᠭᠰᠠᠳ ᠢ ᠨᠢᠭᠳᠠᠷᠠᠭᠤᠯᠣᠨ᠎ᠠ᠃ | ᠤᠯᠤᠰ ᠲᠦᠷᠦ ᠶᠢᠨ ᠵᠥᠪᠯᠡᠯᠭᠡᠨ ᠤ ᠠᠵᠢᠯ ᠳᠠᠬᠢ ᠨᠠᠮ ᠤᠨ ᠤᠳᠤᠷᠢᠳᠬᠤ ᠬᠦᠴᠦᠨ ᠢ ᠴᠢᠩᠭᠠᠳᠬᠠᠨ᠎ᠠ᠃ ︽ | ᠭᠤᠷᠪᠠᠨ ᠡᠷᠬᠡᠪᠰᠢ︾ ᠶᠢ ᠢᠮᠠᠭᠲᠠ ᠪᠠᠲᠤ ᠴᠡᠭᠡᠵᠢᠯᠡᠵᠦ᠂ ᠲᠤᠭ ᠲᠡᠮᠳᠡᠭ ᠲᠣᠳᠣᠷᠬᠠᠢ ᠪᠠᠷ ᠤᠯᠤᠰ ᠲᠥᠷᠥ ᠶᠢ ᠡᠷᠬᠢᠮᠯᠡᠵᠦ᠂ | ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠪᠣᠯᠣᠨ ᠥᠪᠡᠷᠲᠡᠭᠡᠨ ᠵᠠᠰᠠᠬᠤ ᠣᠷᠣᠨ ᠤ ᠨᠠᠮ ᠤᠨ | ᠬᠤᠷᠢᠶ᠎ᠠ᠂ ᠬᠤᠲᠠ ᠶᠢᠨ ᠨᠠᠮ ᠤᠨ ᠬᠤᠷᠢᠶ᠎ᠠ᠂ ᠬᠤᠰᠢᠭᠤᠨ ᠤ ᠨᠠᠮ ᠤᠨ ᠬᠤᠷᠢᠶ᠎ᠠ ᠶᠢᠨ ᠰᠢᠢᠳᠪᠦᠷᠢᠲᠦ ᠪᠣᠳᠣᠯᠭ᠎ᠠ ᠶᠢᠨ | ᠪᠠᠶᠢᠷᠢᠯᠠᠭᠤᠯᠣᠯᠳᠠ ᠶᠢ ᠡᠷᠡᠰ ᠳᠣᠣᠱᠯᠠᠭᠤᠯᠣᠨ ᠬᠡᠷᠡᠭᠵᠢᠬᠦᠯᠵᠣ᠂ ᠴᠢᠬᠤᠯᠠ ᠶᠡᠭᠡ ᠤᠴᠢᠷ ᠶᠠᠪᠤᠳᠠᠯ ᠳᠤ ᠵᠢᠭᠠᠪᠤᠷᠢ ᠠᠪᠬᠤ | ᠪᠠ ᠮᠡᠳᠡᠭᠦᠯᠦᠯᠲᠡ ᠬᠢᠬᠦ ᠳᠦᠷᠢᠮ ᠢ ᠴᠢᠩᠭ᠎ᠠ ᠬᠡᠷᠡᠭᠵᠢᠭᠦᠯᠵᠦ᠂ ᠤᠬᠠᠮᠰᠠᠷ ᠠᠴᠠ ᠪᠠᠨ ᠤᠯᠤᠰ ᠲᠥᠷᠥ ᠶᠢᠨ ᠵᠥᠪᠯᠡᠯᠭᠡᠨ ᠤ | ᠠᠵᠢᠯ ᠢ ᠪᠥᠬᠦ ᠬᠤᠰᠢᠭᠤᠨ ᠤ ᠠᠵᠢᠯ ᠤᠨ ᠶᠡᠭᠡ ᠲᠠᠯ᠎ᠠ ᠳᠤ ᠳᠠᠯᠪᠢᠨ ᠠᠷᠭ᠎ᠠ ᠰᠦᠪᠡᠭᠴᠢᠯᠡᠨ ᠠᠬᠢᠭᠤᠯᠵᠤ᠂ ᠨᠠᠷᠢᠨ ᠨᠢᠮᠪᠠᠢ | ᠰᠡᠳᠦᠪ ᠰᠣᠩᠭᠤᠨ᠂ ᠨᠠᠷᠢᠯᠢᠭ ᠣᠨᠣᠪᠴᠢᠳᠠᠢ ᠪᠠᠷ ᠬᠦᠴᠦᠯᠡᠵᠦ᠂ ᠬᠤᠰᠢᠭᠤᠨ ᠤ ᠨᠠᠮ ᠤᠨ ᠬᠤᠷᠢᠶ᠎ᠠ ᠤᠷᠢᠶᠠᠯᠠᠭ᠎ᠠ ᠲᠠᠢ᠂ | ᠤᠯᠤᠰ ᠲᠥᠷᠥ ᠶᠢᠨ ᠵᠥᠪᠯᠡᠯᠭᠡᠨ ᠠᠵᠢᠯᠯᠠᠭ᠎ᠠ ᠲᠠᠢ᠂ ᠬᠤᠰᠢᠭᠤᠨ ᠤ ᠨᠠᠮ ᠤᠨ ᠬᠤᠷᠢᠶ᠎ᠠ ᠪᠠᠶᠢᠷᠢᠯᠠᠭᠤᠯᠤᠯᠲᠠ ᠲᠠᠢ᠂ ᠤᠯᠤᠰ | ᠲᠥᠷᠥ ᠶᠢᠨ ᠵᠥᠪᠯᠡᠯᠭᠡᠨ ᠨᠠᠶᠢᠳᠠᠪᠤᠷᠢᠵᠢᠭᠤᠯᠤᠯᠲᠠ ᠲᠠᠢ ᠪᠠᠶᠢᠬᠤ ᠶᠢ ᠦᠨᠡᠨᠬᠦ ᠪᠡᠶᠡᠯᠡᠭᠦᠯᠵᠦ᠂ ᠢᠮᠠᠭᠲᠠ ᠬᠤᠰᠢᠭᠤᠨ ᠤ | ᠨᠠᠮ ᠤᠨ ᠬᠤᠷᠢᠶ᠎ᠠ ᠲᠠᠢ ᠬᠠᠮᠲᠤ ᠪᠣᠳᠣᠯᠬᠢᠯᠠᠵᠤ᠂ ᠬᠠᠮᠲᠤ ᠰᠡᠳᠬᠢᠵᠦ᠂ ᠬᠠᠮᠲᠤ ᠠᠵᠢᠯᠯᠠᠨ᠎ᠠ᠃ | ᠨᠠᠮ ᠤᠨ ᠪᠠᠶᠢᠭᠤᠯᠤᠯᠲᠠ ᠶᠢᠨ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠶᠢ ᠠᠭᠤᠰᠤᠯᠴᠠᠭᠤᠯᠬᠤ ᠭᠦᠢᠴᠡᠳᠬᠡᠬᠦ | ᠬᠦᠴᠦᠨ ᠢ ᠳᠡᠭᠡᠭᠰᠢᠯᠡᠭᠦᠯᠦᠨ᠎ᠡ᠃ ᠤᠯᠤᠰ ᠲᠥᠷᠥ ᠶᠢᠨ ᠵᠥᠪᠯᠡᠯᠭᠡᠨ ᠤ ᠨᠠᠮ ᠤᠨ ᠤᠳᠤᠷᠢᠳᠬᠤ ᠳᠤᠭᠤᠶᠢᠯᠠᠩ ᠤᠨ ᠴᠢᠭᠯᠡᠯ ᠢ | ᠡᠵᠡᠮᠳᠡᠬᠦ᠂ ᠶᠡᠭᠡ ᠲᠠᠯ᠎ᠠ ᠶᠢ ᠬᠠᠮᠢᠶᠠᠷᠬᠤ᠂ ᠨᠠᠶᠢᠳᠠᠪᠤᠷᠢᠵᠢᠭᠤᠯᠤᠯᠲᠠ ᠶᠢ ᠪᠠᠲᠤᠯᠠᠬᠤ ᠦᠢᠯᠡᠳᠦᠯ ᠢ ᠪᠠᠳᠠᠷᠠᠭᠤᠯᠵᠤ᠂ ᠤᠯᠤᠰ | ᠲᠦᠷᠦ ᠶᠢᠨ ᠵᠥᠪᠯᠡᠯᠭᠡᠨ ᠤ ᠨᠠᠮ ᠤᠨ ᠤᠳᠤᠷᠢᠳᠬᠤ ᠳᠤᠭᠤᠶᠢᠯᠠᠩ᠂ ᠪᠠᠶᠢᠭᠤᠯᠣᠯᠭ᠎ᠠ ᠶᠢᠨ ᠨᠠᠮ ᠤᠨ ᠤᠳᠤᠷᠢᠳᠬᠤ | ᠳᠤᠭᠤᠶᠢᠯᠠᠩ᠂ ᠪᠠᠶᠢᠭᠤᠯᠣᠯᠭ᠎ᠠ ᠶᠢᠨ ᠨᠠᠮ ᠤᠨ ᠡᠭᠦᠷ ᠢ ᠬᠠᠮᠤᠷᠤᠭᠰᠠᠨ ᠵᠣᠬᠢᠶᠠᠨ ᠪᠠᠶᠢᠭᠤᠯᠤᠯᠲᠠ ᠶᠢᠨ ᠳᠣᠭᠳᠠᠯᠴᠠᠭ᠎ᠠ ᠪᠠ | ᠬᠠᠷᠢᠭᠤᠴᠠᠯᠭ᠎ᠠ ᠶᠢᠨ ᠳᠣᠭᠳᠠᠯᠴᠠᠭ᠎ᠠ ᠶᠢ ᠲᠡᠭᠦᠯᠳᠡᠷᠵᠢᠭᠦᠯᠵᠦ᠂ ᠨᠠᠮ ᠤᠨ ᠪᠠᠶᠢᠭᠤᠯᠤᠯᠲᠠ ᠶᠢᠨ ᠡᠭᠦᠷᠭᠡ ᠶᠢᠨ ᠲᠣᠳᠣᠷᠬᠠᠢ | ᠬᠠᠭᠤᠳᠠᠰᠤ ᠪᠠ ᠭᠤᠣᠯᠳᠠᠯᠭ᠎ᠠ ᠲᠠᠢ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠠᠵᠢᠯ ᠢ ᠪᠦᠬᠦ ᠲᠠᠯ᠎ᠠ ᠪᠠᠷ ᠲᠥᠯᠥᠪᠯᠡᠬᠦ᠂ | ᠪᠠᠶᠢᠷᠢᠯᠠᠭᠤᠯᠬᠤ ᠪᠠ ᠲᠦᠯᠬᠢᠨ ᠠᠬᠢᠭᠤᠯᠬᠤ ᠶᠢ ᠴᠢᠬᠤᠯᠠᠴᠢᠯᠠᠵᠤ᠂ ᠰᠤᠷᠤᠯᠴᠠᠬᠤ ᠠᠵᠢᠯᠯᠠᠭ᠎ᠠ ᠪᠠ ᠲᠤᠰᠢᠶᠠᠯ | ᠬᠠᠷᠢᠭᠤᠴᠠᠯᠭ᠎ᠠ ᠪᠠᠨ ᠭᠦᠢᠴᠡᠳᠬᠡᠬᠦ ᠠᠵᠢᠯ ᠢ ᠨᠢᠭᠡᠳᠦᠯᠲᠡᠢ ᠲᠥᠯᠥᠪᠯᠡᠨ ᠲᠣᠬᠢᠷᠠᠭᠤᠯᠵᠤ᠂ ᠨᠠᠮ ᠤᠨ ᠭᠡᠰᠢᠭᠦᠨ ᠪᠠ | ᠭᠡᠰᠢᠭᠦᠳ ᠢ ᠬᠥᠲᠥᠯᠥᠨ ᠳᠠᠭᠠᠭᠤᠯᠵᠤ ᠵᠢᠱᠢᠶ᠎ᠡ ᠦᠵᠡᠭᠦᠯᠬᠦ ᠠᠵᠢᠯ ᠤᠨ ᠲᠣᠭᠲᠠᠴᠠ ᠶᠢ ᠰᠦᠪᠡᠭᠴᠢᠯᠡᠨ ᠲᠡᠭᠦᠯᠳᠡᠷᠵᠢᠭᠦᠯᠵᠦ᠂ | ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠵᠦ ᠨᠠᠮ ᠤᠨ ᠪᠠᠶᠢᠭᠤᠯᠤᠯᠲᠠ ᠶᠢ ᠠᠳᠬᠤᠬᠤ ᠳᠤ ᠨᠡᠩ ᠰᠠᠶᠢᠲᠤᠷ | ᠠᠭᠤᠰᠤᠯᠴᠠᠭᠤᠯᠵᠤ᠂ ᠨᠠᠮ ᠤᠨ ᠪᠠᠶᠢᠭᠤᠯᠤᠯᠲᠠ ᠶᠢ ᠰᠠᠶᠢᠲᠤᠷ ᠠᠳᠬᠤᠵᠤ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠶᠢ | ᠠᠬᠢᠭᠤᠯᠣᠨ᠎ᠠ᠃ | ︵ᠬᠤᠶᠠᠷ︶ ᠢᠮᠠᠭᠲᠠ ᠶᠡᠭᠡ ᠲᠠᠯ᠎ᠠ ᠳᠤ ᠦᠢᠯᠡᠴᠢᠯᠡᠵᠦ᠂ ᠴᠢᠨᠠᠷ ᠰᠠᠶᠢᠲᠠᠢ ᠬᠥᠭᠵᠢᠯᠲᠡ ᠳᠤ ᠦᠢᠯᠡᠴᠢᠯᠡᠬᠦ | ᠲᠠᠯ᠎ᠠ ᠪᠠᠷ ᠰᠢᠨ᠎ᠡ ᠬᠤᠪᠢ ᠨᠡᠮᠡᠷᠢ ᠦᠵᠡᠭᠦᠯᠦᠨ᠎ᠡ᠃ ᠭᠤᠣᠯᠳᠠᠯᠭ᠎ᠠ ᠲᠠᠢ ᠤᠶᠠᠯᠳᠤᠭᠤᠯᠤᠨ᠂ ᠶᠡᠭᠡ ᠲᠠᠯ᠎ᠠ ᠳᠤ ᠦᠢᠯᠡᠴᠢᠯᠡᠬᠦ | ᠪᠣᠯ ᠤᠯᠤᠰ ᠲᠦᠷᠦ ᠶᠢᠨ ᠵᠥᠪᠯᠡᠯᠭᠡᠨ ᠤ ᠪᠠᠶᠢᠪᠠᠰᠤ ᠵᠣᠬᠢᠬᠤ ᠬᠠᠷᠢᠭᠤᠴᠠᠯᠭ᠎ᠠ ᠡᠭᠦᠷᠭᠡᠯᠡᠯ ᠮᠥᠨ᠃ ᠪᠢᠳᠡ ᠬᠤᠰᠢᠭᠤᠨ ᠤ | ᠨᠠᠮ ᠤᠨ ᠬᠤᠷᠢᠶᠠᠨ ᠤ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ᠂ ᠠᠷᠠᠳ ᠣᠯᠠᠨ ᠤ ᠬᠦᠰᠡᠯ ᠱᠠᠭᠠᠷᠳᠠᠯᠭ᠎ᠠ ᠪᠠ | ᠬᠡᠰᠢᠭᠳᠡᠨ ᠬᠤᠰᠢᠭᠤᠨ ᠤ ᠬᠥᠭᠵᠢᠯᠲᠡ ᠶᠢᠨ ᠭᠤᠣᠯᠳᠠᠯᠭ᠎ᠠ ᠲᠠᠢ ᠳᠦᠪᠡᠭ ᠲᠠᠢ ᠠᠰᠠᠭᠤᠳᠠᠯ ᠤᠨ ᠲᠣᠭᠤᠷᠢᠨ ᠳᠤ ᠦᠨᠡᠨ | ᠦᠭᠡ ᠬᠡᠯᠡᠵᠦ᠂ ᠰᠠᠶᠢᠨ ᠠᠷᠭ᠎ᠠ ᠪᠣᠳᠣᠯᠭ᠎ᠠ ᠶᠢ ᠰᠦᠪᠡᠭᠴᠢᠯᠡᠨ᠂ ᠪᠣᠳᠠᠲᠠᠢ ᠠᠷᠭ᠎ᠠ ᠤᠬᠠᠭᠠᠨ ᠭᠠᠷᠭᠠᠨ᠎ᠠ᠃ | ᠶᠡᠭᠡ ᠶᠠᠪᠤᠳᠠᠯ ᠴᠢᠬᠤᠯᠠ ᠶᠠᠪᠤᠳᠠᠯ ᠲᠠᠢ ᠤᠶᠠᠯᠳᠤᠭᠤᠯᠤᠨ ᠵᠥᠪᠯᠡᠯᠭᠡ ᠬᠢᠵᠦ ᠵᠠᠰᠠᠭ ᠤᠨ ᠶᠠᠪᠤᠳᠠᠯ ᠢ ᠵᠥᠪᠯᠡᠬᠦ | ᠠᠵᠢᠯ ᠢ ᠦᠷᠨᠢᠬᠦᠯᠦᠨ᠎ᠡ᠃ ᠪᠦᠬᠦ ᠭᠡᠰᠢᠭᠦᠳ ᠤᠨ ᠬᠤᠷᠠᠯ ᠢᠶᠠᠷ ᠥᠷᠭᠡᠨ ᠢᠶᠠᠷ ᠵᠥᠪᠯᠡᠬᠦ᠂ ᠪᠠᠶᠢᠩᠭᠤ ᠶᠢᠨ ᠭᠡᠰᠢᠭᠦᠳ ᠤᠨ | ᠬᠤᠷᠠᠯ ᠢᠶᠠᠷ ᠲᠤᠰᠬᠠᠢ ᠰᠡᠳᠦᠪ ᠢᠶᠠᠷ ᠵᠥᠪᠯᠡᠬᠦ᠂ ᠲᠡᠷᠢᠭᠦᠯᠡᠭᠴᠢᠳ ᠤᠨ ᠬᠤᠷᠠᠯ ᠢᠶᠠᠷ ᠭᠤᠣᠯᠳᠠᠯᠭ᠎ᠠ ᠲᠠᠢ ᠵᠥᠪᠯᠡᠬᠦ᠂ ᠲᠤᠰᠬᠠᠢ | ᠵᠦᠪᠯᠡᠯ ᠤᠨ ᠬᠤᠷᠠᠯ ᠢᠶᠠᠷ ᠠᠵᠢᠯ ᠲᠦᠷᠦᠯ ᠤᠨ ᠳᠣᠭᠳᠠᠯᠴᠠᠭ᠎ᠠ ᠪᠠᠷ ᠵᠥᠪᠯᠡᠬᠦ ᠡᠭᠦᠷᠭᠡ ᠴᠢᠳᠠᠪᠬᠢ ᠶᠢ ᠦᠨᠡᠨᠬᠦ | ᠭᠦᠢᠴᠡᠳᠬᠡᠵᠦ᠂ ᠬᠤᠶᠠᠷ ᠶᠡᠭᠡ ᠶᠠᠪᠤᠳᠠᠯ᠂ ᠬᠤᠶᠠᠷ ᠶᠡᠭᠡ ᠡᠯᠡᠰᠦᠷᠬᠡᠭ ᠭᠠᠵᠠᠷ ᠢ ᠵᠠᠰᠠᠨ ᠨᠣᠭᠤᠭᠠᠷᠠᠭᠤᠯᠬᠤ ᠶᠢ ᠠᠬᠢᠭᠤᠯᠬᠤ | ᠵᠡᠷᠭᠡ ᠴᠢᠬᠤᠯᠠ ᠶᠡᠭᠡ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠬᠡᠰᠢᠭᠳᠡᠨ ᠬᠤᠰᠢᠭᠤᠨ ᠳᠤ | ᠨᠠᠶᠢᠳᠠᠪᠤᠷᠢᠵᠢᠭᠤᠯᠤᠨ ᠪᠣᠳᠠᠲᠠᠶᠢᠵᠢᠭᠤᠯᠵᠤ᠂ ︽ᠤᠮᠠᠷᠠᠲᠤ ᠬᠢᠯᠢ ᠶᠢᠨ ᠨᠣᠮᠢᠨ ᠨᠣᠭᠤᠭᠠᠨ︾ ᠢ ᠨᠡᠩ ᠦᠳᠬᠡᠷᠡᠬᠦᠯᠦᠨ᠂ | ︽ᠳᠤᠮᠳᠠᠳᠤ ᠤᠯᠤᠰ ᠤᠨ ᠴᠡᠩᠬᠡᠷ ᠬᠥᠬᠡ︾ ᠳᠤ ᠥᠩᠭᠡ ᠨᠡᠮᠡᠷᠢᠯᠡᠵᠦ᠂ ︽ᠰᠢᠨ᠎ᠡ ᠬᠠᠭᠤᠳᠠᠰᠤ︾ ᠶᠢ ᠪᠢᠴᠢᠭᠯᠡᠨ ︽ | ᠳᠤᠮᠳᠠᠳᠤ ᠶᠢᠨ ᠬᠦᠰᠡᠯᠡᠩ︾ ᠢ ᠪᠡᠶᠡᠯᠡᠬᠦᠯᠬᠦ ᠳᠤ ᠰᠡᠳᠬᠢᠯ ᠢᠶᠠᠨ ᠨᠢᠬᠡᠳᠬᠡᠨ᠂ ᠤᠶᠤᠨ ᠤᠬᠠᠭᠠᠨ ᠢᠶᠠᠨ ᠬᠤᠷᠠᠮᠳᠤᠭᠤᠯᠵᠤ᠂ | ᠬᠦᠴᠦᠨ ᠴᠢᠳᠠᠯ ᠢᠶᠠᠨ ᠨᠢᠭᠲᠠᠷᠠᠭᠤᠯᠤᠨ᠎ᠠ᠃ | ᠰᠢᠢᠳᠪᠦᠷᠢᠲᠦ ᠪᠣᠳᠣᠯᠭ᠎ᠠ ᠶᠢ ᠬᠡᠷᠡᠭᠵᠢᠭᠦᠯᠬᠦ ᠳᠤ ᠠᠩᠬᠠᠷᠤᠯ ᠢᠶᠠᠨ ᠲᠥᠪᠯᠡᠷᠡᠭᠦᠯᠵᠦ ᠠᠷᠠᠳᠴᠢᠯᠠᠯ ᠢᠶᠠᠷ ᠬᠢᠨᠠᠯᠳᠠ | ᠳᠠᠯᠪᠢᠬᠤ ᠶᠢ ᠴᠢᠩᠭᠠᠳᠬᠠᠨ᠎ᠠ᠃ ᠠᠷᠠᠳ ᠤᠨ ᠤᠯᠤᠰ ᠲᠦᠷᠦ ᠶᠢᠨ ᠵᠥᠪᠯᠡᠯᠭᠡᠨ ᠤ ᠠᠷᠠᠳᠴᠢᠯᠠᠯ ᠢᠶᠠᠷ ᠬᠢᠨᠠᠯᠲᠠ ᠲᠠᠯᠪᠢᠬᠤ | ᠳᠦᠷᠢᠮ ᠤᠨ ᠲᠣᠭᠲᠠᠴᠠ ᠶᠢ ᠲᠡᠭᠦᠯᠳᠡᠷᠵᠢᠭᠦᠯᠵᠦ᠂ ᠬᠢᠨᠠᠯᠲᠠ ᠲᠠᠯᠪᠢᠬᠤ ᠴᠢᠭᠯᠡᠯ ᠪᠠ ᠵᠠᠷᠴᠢᠮ᠂ ᠠᠶᠢᠵᠠᠮ ᠪᠠ ᠡᠷᠴᠢᠮ ᠢ | ᠣᠨᠣᠪᠴᠢᠲᠠᠢ ᠡᠵᠡᠮᠳᠡᠵᠦ᠂ ᠵᠥᠪᠯᠡᠬᠦ ᠮᠠᠶ᠋ᠢᠭ ᠤᠨ ᠬᠢᠨᠠᠯᠲᠠ ᠶᠢᠨ ᠳᠠᠪᠠᠭᠤᠯᠢᠭ ᠦᠢᠯᠡᠳᠦᠯ ᠢ ᠨᠡᠩ ᠰᠠᠶᠢᠲᠤᠷ ᠪᠠᠳᠠᠷᠠᠭᠤᠯᠵᠤ᠂ | ᠭᠤᠣᠯᠳᠠᠯᠭ᠎ᠠ ᠲᠠᠢ ᠥᠭᠡᠷᠡᠴᠢᠯᠡᠯᠲᠡ ᠶᠢ ᠨᠠᠶᠢᠳᠠᠪᠤᠷᠢᠵᠢᠭᠤᠯᠬᠤ᠂ ᠴᠢᠬᠤᠯᠠ ᠶᠡᠭᠡ ᠳᠦᠷᠦᠯ ᠵᠦᠢᠯ ᠢ ᠠᠬᠢᠭᠤᠯᠬᠤ᠂ | ᠴᠢᠬᠤᠯᠠ ᠲᠦᠷᠦ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠬᠤ ᠵᠡᠷᠭᠡ ᠳᠤ ᠴᠢᠭᠯᠡᠭᠦᠯᠦᠨ ᠲᠤᠰᠬᠠᠢ ᠵᠦᠢᠯ ᠤᠨ ᠬᠢᠨᠠᠯᠲᠠ | ᠲᠠᠯᠪᠢᠬᠤ ᠶᠢ ᠭᠤᠣᠯᠳᠠᠯᠭ᠎ᠠ ᠲᠠᠢ ᠪᠠᠷ ᠥᠷᠨᠢᠭᠦᠯᠦᠨ᠎ᠡ︔ ᠳᠣᠭᠤᠷᠢᠨ ᠪᠠᠶᠢᠴᠠᠭᠠᠵᠣ ᠪᠠᠶᠢᠴᠠᠭᠠᠨ ᠰᠤᠳᠤᠯᠤᠯᠲᠠ ᠬᠢᠬᠦ᠂ | ᠬᠤᠷᠠᠯ ᠢᠶᠠᠷ ᠬᠢᠨᠠᠯᠲᠠ ᠲᠠᠯᠪᠢᠬᠤ᠂ ᠰᠠᠨᠠᠯ ᠵᠥᠪᠯᠡᠯᠭᠡ ᠳᠤ ᠬᠢᠨᠠᠯᠲᠠ ᠲᠠᠯᠪᠢᠬᠤ ᠵᠡᠷᠭᠡ ᠤᠯᠠᠨ ᠵᠦᠢᠯ ᠤᠨ ᠬᠡᠯᠪᠡᠷᠢ ᠶᠢ | ᠠᠮᠢᠳᠤᠯᠢᠭ ᠢᠶᠠᠷ ᠬᠡᠷᠡᠭᠯᠡᠨ ᠠᠷᠠᠳᠴᠢᠯᠠᠯ ᠢᠶᠠᠷ ᠬᠢᠨᠠᠯᠲᠠ ᠲᠠᠯᠪᠢᠬᠤ ᠠᠵᠢᠯ ᠢ ᠦᠷᠨᠢᠬᠦᠯᠦᠨ᠎ᠡ᠃ ︽ᠤᠯᠤᠰ ᠲᠦᠷᠦ ᠶᠢᠨ | ᠵᠥᠪᠯᠡᠯᠭᠡᠨ +ᠰᠢᠭᠦᠬᠦ ᠬᠤᠷᠢᠶ᠎ᠠ︾ ᠶᠢᠨ ᠵᠢᠭᠤᠷᠠᠯᠳᠤᠭᠠᠨ ᠢ ᠰᠢᠢᠳᠪᠦᠷᠢᠯᠡᠬᠦ ᠤᠯᠠᠨ ᠡᠰᠢᠴᠢᠯᠡᠭᠰᠡᠨ ᠰᠢᠨ᠎ᠡ ᠬᠡᠪ ᠵᠠᠭᠪᠤᠷ ᠢ | ᠦᠷᠭᠦᠯᠵᠢᠯᠡᠨ ᠬᠡᠷᠡᠭᠵᠢᠭᠦᠯᠵᠦ᠂ ︽ᠤᠯᠤᠰ ᠲᠦᠷᠦ ᠶᠢᠨ ᠵᠥᠪᠯᠡᠯᠭᠡᠨ ᠤ ᠭᠡᠰᠢᠭᠦᠨ +ᠡᠷᠬᠡ ᠳᠣᠰᠢᠶᠠᠯᠳᠦ ᠰᠠᠯᠠᠭ᠎ᠠ | ᠮᠥᠴᠢᠷ︾ ᠤᠨ ᠳᠠᠪᠬᠤᠴᠠᠯ ᠦᠢᠯᠡᠳᠦᠯ ᠢ ᠪᠠᠳᠠᠷᠠᠭᠤᠯᠬᠤ ᠶᠢ ᠴᠢᠬᠤᠯᠠᠴᠢᠯᠠᠵᠤ᠂ ᠬᠠᠲᠠᠭᠤ ᠵᠥᠭᠡᠯᠡᠨ ᠢ ᠬᠠᠮᠳᠣᠳᠬᠠᠨ᠂ | ᠠᠳᠠᠯᠢ ᠴᠢᠭᠯᠡᠯ ᠢᠶᠠᠷ ᠬᠦᠴᠦᠯᠡᠵᠦ᠂ ︽1+1 > 2︾ ᠤᠨ ᠦᠷ᠎ᠡ ᠳ᠋ᠦᠩ ᠳᠤ ᠬᠦᠷᠭᠡᠨ᠎ᠡ᠃ | ᠠᠷᠠᠳ ᠤᠨ ᠠᠮᠢᠳᠤᠷᠠᠯ ᠢ ᠰᠠᠶᠢᠵᠢᠷᠠᠭᠤᠯᠬᠤ ᠲᠠᠢ ᠨᠢᠭᠲᠠ ᠤᠶᠠᠯᠳᠤᠭᠤᠯᠤᠨ ᠢᠳᠡᠪᠬᠢᠳᠡᠢ ᠪᠠᠷ ᠵᠠᠰᠠᠭ ᠤᠨ | ᠶᠠᠪᠤᠳᠠᠯ ᠳᠤ ᠣᠷᠣᠯᠴᠠᠨ ᠵᠠᠰᠠᠭ ᠤᠨ ᠶᠠᠪᠣᠳᠠᠯ ᠢ ᠵᠦᠪᠯᠡᠨ᠎ᠡ᠃ ᠨᠡᠶᠢᠭᠡᠮ ᠤᠨ ᠪᠠᠶᠢᠳᠠᠯ ᠠᠷᠠᠳ ᠤᠨ ᠰᠠᠨᠠᠭ᠎ᠠ ᠶᠢ ᠲᠤᠰᠬᠠᠬᠤ | ᠮᠡᠳᠡᠭᠡ ᠵᠠᠩᠭᠢ ᠶᠢᠨ ᠳᠦᠷᠢᠮ ᠤᠨ ᠲᠣᠭᠲᠠᠴᠠ ᠶᠢ ᠲᠡᠭᠦᠯᠳᠡᠷᠵᠢᠭᠦᠯᠵᠦ᠂ ᠢᠯᠡᠳᠬᠡᠬᠦ ᠠᠷᠭ᠎ᠠ ᠵᠠᠮ ᠢ ᠦᠷᠬᠡᠳᠬᠡᠨ᠂ | ᠨᠡᠶᠢᠭᠡᠮ ᠤᠨ ᠡᠯ᠎ᠡ ᠦᠨᠳᠦᠰᠦᠲᠡᠨ ᠡᠯ᠎ᠡ ᠡᠲᠡᠭᠡᠳ ᠤᠨ ᠬᠦᠰᠡᠯ ᠱᠠᠭᠠᠷᠳᠠᠯᠭ᠎ᠠ ᠶᠢ ᠴᠠᠭ ᠲᠤᠬᠠᠢ ᠳᠤᠨᠢ ᠣᠨᠣᠪᠴᠢᠲᠠᠶ᠂ | ᠪᠦᠬᠦ ᠲᠠᠯ᠎ᠠ ᠪᠠᠷ ᠪᠤᠰᠤᠳᠴᠢ ᠪᠠᠷ ᠳᠣᠰᠬᠠᠨ᠎ᠠ᠃ ︽ᠶᠡᠭᠡ ᠶᠠᠪᠤᠳᠠᠯ ᠢ ᠵᠥᠪᠯᠡᠬᠦ᠂ ᠤᠯᠠᠨ ᠲᠦᠮᠡᠨ ᠲᠠᠢ ᠣᠶᠢᠷᠠᠲᠤᠬᠤ᠂ | ᠶᠠᠰᠤ ᠴᠢᠨᠠᠷ ᠢ ᠴᠢᠬᠤᠯᠠᠴᠢᠯᠠᠬᠤ᠂ ᠰᠣᠳᠣᠨ ᠪᠦᠲᠦᠭᠡᠯ ᠭᠠᠷᠭᠠᠬᠤ︾ ᠵᠠᠷᠴᠢᠮ ᠶᠣᠰᠣᠭᠠᠷ᠂ ᠰᠠᠨᠠᠯ ᠵᠥᠪᠯᠡᠯᠭᠡ ᠶᠢᠨ ᠰᠡᠳᠦᠪ | ᠰᠣᠩᠭᠤᠵᠤ ᠪᠠᠶᠢᠴᠠᠭᠠᠨ ᠰᠤᠳᠤᠯᠬᠤ᠂ ᠬᠢᠨᠠᠨ ᠪᠠᠶᠢᠴᠠᠭᠠᠵᠤ ᠲᠤᠰᠢᠶᠠᠨ ᠰᠢᠢᠳᠪᠦᠷᠢᠯᠡᠭᠦᠯᠬᠦ᠂ ᠳᠠᠭᠠᠭᠤᠯᠤᠨ ᠰᠢᠢᠳᠪᠦᠷᠢᠯᠡᠵᠦ | ᠱᠠᠭᠠᠷᠳᠠᠨ ᠰᠢᠢᠳᠪᠦᠷᠢᠯᠡᠭᠦᠯᠬᠦ ᠵᠡᠷᠭᠡ ᠭᠤᠣᠯᠳᠠᠯᠭ᠎ᠠ ᠲᠠᠢ ᠵᠠᠩᠭᠢᠯᠠᠭ᠎ᠠ ᠶᠢᠨ ᠠᠵᠢᠯ ᠢ ᠰᠠᠶᠢᠲᠤᠷ ᠬᠢᠵᠦ᠂ ᠬᠡᠷᠡᠭ ᠪᠣᠯᠭᠠᠨ | ᠳᠠᠩᠰᠠᠯᠠᠭᠰᠠᠨ ᠪᠦᠬᠦᠨ ᠢ ᠴᠢᠷᠮᠠᠶᠢᠨ ᠪᠡᠶᠡᠯᠡᠭᠦᠯᠵᠦ᠂ ᠥᠪᠡᠷᠮᠢᠴᠡ ᠴᠢᠨᠠᠷ ᠤᠨ ᠳᠣᠲᠣᠷ᠎ᠠ ᠠᠴᠠ ᠨᠡᠶᠢᠲᠡᠯᠢᠭ ᠴᠢᠨᠠᠷ ᠢ | ᠡᠷᠢᠬᠦ ᠪᠠᠷ ᠴᠢᠷᠮᠡᠶᠢᠨ᠂ ︽ᠨᠢᠭᠡ ᠵᠦᠢᠯ ᠤᠨ ᠶᠠᠪᠤᠳᠠᠯ︾ ᠢ ᠰᠠᠶᠢᠲᠤᠷ ᠰᠢᠢᠳᠪᠦᠷᠢᠯᠡᠬᠦ ᠠᠴᠠ ︽ᠨᠢᠭᠡ ᠳᠦᠷᠦᠯ ᠤᠨ | ᠶᠠᠪᠤᠳᠠᠯ︾ ᠢ ᠰᠠᠶᠢᠲᠤᠷ ᠰᠢᠢᠳᠪᠦᠷᠢᠯᠡᠬᠦ ᠬᠦᠷᠲᠡᠯ᠎ᠡ ᠲᠦᠯᠬᠢᠨ ᠠᠬᠢᠭᠤᠯᠵᠤ᠂ ︽ᠵᠠᠩᠬᠢᠯᠠᠭ᠎ᠠ ᠶᠢᠨ ᠵᠠᠢ︾ ᠶᠢ | ᠨᠡᠪᠲᠡᠷᠡᠭᠦᠯᠬᠦ ᠳᠤ ᠬᠦᠴᠦ ᠨᠡᠮᠡᠷᠢᠯᠡᠵᠦ᠂ ︽ᠬᠠᠮᠤᠭ ᠡᠴᠦᠰ ᠤᠨ ᠨᠢᠭᠡ ᠡᠭᠦᠳᠡ︾ ᠶᠢ ᠨᠡᠭᠡᠭᠡᠨ᠎ᠡ᠃ | ︵ᠭᠤᠷᠪᠠ︶ ᠪᠦᠯᠬᠦᠮᠳᠡᠯ ᠠᠷᠠᠳᠴᠢᠯᠠᠯ ᠢ ᠢᠮᠠᠭᠲᠠ ᠪᠠᠳᠠᠷᠠᠭᠤᠯᠵᠤ᠂ ᠬᠠᠮᠲᠤ ᠶᠢᠨ ᠲᠠᠨᠢᠯᠲᠠ ᠶᠢ ᠥᠷᠭᠡᠨ ᠢᠶᠠᠷ | ᠨᠢᠭᠲᠠᠷᠠᠭᠤᠯᠬᠤ ᠲᠠᠯ᠎ᠠ ᠪᠠᠷ ᠰᠢᠨ᠎ᠡ ᠬᠠᠭᠤᠳᠠᠰᠤ ᠶᠢ ᠪᠢᠴᠢᠭᠯᠡᠨ᠎ᠡ᠃ᠬᠠᠮᠲᠤ ᠶᠢᠨ ᠲᠠᠨᠢᠯᠲᠠ ᠶᠢ ᠥᠷᠭᠡᠨ ᠢᠶᠠᠷ | ᠨᠢᠭᠲᠠᠷᠠᠭᠤᠯᠬᠤ ᠪᠣᠯ ᠰᠢᠨ᠎ᠡ ᠴᠠᠭ ᠦᠶ᠎ᠡ ᠶᠢᠨ ᠤᠯᠤᠰ ᠲᠥᠷᠥ ᠶᠢᠨ ᠵᠥᠪᠯᠡᠯᠭᠡᠨ ᠤ ᠠᠵᠢᠯ ᠤᠨ ᠢᠯᠡ ᠲᠣᠳᠣ | ᠤᠳᠤᠷᠢᠳᠤᠮᠵᠢ ᠪᠠ ᠲᠣᠪᠣᠶᠢᠮ᠎ᠠ ᠣᠨᠴᠠᠯᠢᠭ ᠮᠥᠨ᠃ ᠪᠢᠳᠡ ᠨᠢᠭᠡᠳᠦᠮᠡᠯ ᠹᠷᠣᠨᠲ ᠤᠨ ᠵᠣᠬᠢᠶᠠᠨ ᠪᠠᠶᠢᠭᠤᠯᠤᠯᠲᠠ ᠶᠢᠨ | ᠴᠢᠳᠠᠮᠵᠢ ᠶᠢ ᠬᠦᠴᠦᠯᠡᠨ ᠪᠠᠳᠠᠷᠠᠭᠤᠯᠵᠤ᠂ ᠨᠠᠮ ᠤᠨ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ | ᠨᠠᠶᠢᠳᠠᠪᠤᠷᠢᠵᠢᠭᠤᠯᠬᠤ᠂ ᠡᠯ᠎ᠡ ᠲᠠᠯ᠎ᠠ ᠶᠢᠨ ᠤᠶᠤᠨ ᠤᠬᠠᠭᠠᠨ ᠬᠦᠴᠦᠨ ᠴᠢᠳᠠᠯ ᠢ ᠨᠢᠭᠲᠠᠷᠠᠭᠤᠯᠬᠤ ᠤᠯᠤᠰ ᠲᠦᠷᠦ ᠶᠢᠨ | ᠬᠠᠷᠢᠭᠤᠴᠠᠯᠭ᠎ᠠ ᠶᠢ ᠡᠷᠡᠰ ᠡᠬᠦᠷᠬᠡᠯᠡᠨ᠎ᠡ᠃ | ︽ᠪᠦᠯᠬᠦᠮᠳᠡᠯ︾ ᠢᠶᠠᠷ ᠬᠠᠮᠲᠤ ᠶᠢᠨ ᠲᠠᠨᠢᠯᠲᠠ ᠶᠢ ᠥᠷᠭᠡᠨ ᠢᠶᠠᠷ ᠨᠢᠭᠲᠠᠷᠠᠭᠤᠯᠤᠨ᠎ᠠ᠃ ᠳᠤᠮᠳᠠᠳᠤ ᠶᠢᠨ | ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠪᠠᠷ ᠭᠤᠣᠯ ᠰᠢᠵᠢᠮ ᠪᠣᠯᠭᠠᠵᠤ᠂ | ᠨᠢᠭᠡᠳᠦᠮᠡᠯ ᠹᠷᠣᠨᠲ ᠤᠨ ᠴᠢᠳᠠᠮᠵᠢ ᠶᠢ ᠨᠡᠩ ᠰᠠᠶᠢᠲᠤᠷ ᠪᠠᠳᠠᠷᠠᠭᠤᠯᠤᠨ᠎ᠠ᠃ ᠠᠵᠣ ᠦᠢᠯᠡᠳᠪᠦᠷᠢ ᠬᠤᠳᠠᠯᠳᠤᠭᠠᠨ ᠤ | ᠬᠤᠯᠪᠣᠭᠠᠳᠣ ᠬᠤᠷᠠᠯ ᠪᠠ ᠨᠠᠮ ᠪᠦᠯᠦᠭ ᠤᠨ ᠪᠤᠰᠤ ᠲᠥᠯᠥᠭᠡᠯᠡᠭᠴᠢ ᠬᠥᠮᠥᠰ ᠤᠨ ᠤᠯᠤᠰ ᠲᠦᠷᠦ ᠶᠢᠨ ᠵᠥᠪᠯᠡᠯᠭᠡᠨ ᠤ | ᠲᠠᠪᠴᠠᠩ ᠳᠡᠭᠡᠷ᠎ᠡ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠠᠵᠢᠯᠯᠠᠭ᠎ᠠ ᠥᠷᠨᠢᠭᠦᠯᠬᠦ ᠶᠢ ᠲᠡᠮᠵᠢᠨ ᠪᠠᠲᠤᠯᠠᠵᠤ᠂ | ᠨᠡᠶᠢᠲᠡ ᠶᠢᠨ ᠥᠮᠴᠢᠯᠡᠯ ᠤᠨ ᠪᠤᠰᠤ ᠠᠵᠤ ᠠᠬᠤᠢ ᠶᠢᠨ ᠬᠥᠮᠥᠰ᠂ ᠨᠡᠶᠢᠭᠡᠮ ᠤᠨ ᠰᠢᠨ᠎ᠡ ᠳᠠᠪᠬᠤᠷᠭ᠎ᠠ ᠶᠢᠨ ᠬᠥᠮᠥᠰ ᠤᠨ | ᠭᠤᠮᠣᠳᠠᠯ ᠱᠠᠭᠠᠷᠳᠠᠯᠭ᠎ᠠ ᠪᠠᠨ ᠢᠯᠡᠳᠬᠡᠬᠦ ᠠᠷᠭ᠎ᠠ ᠵᠠᠮ ᠢ ᠰᠠᠭᠠᠳ ᠦᠭᠡᠢ ᠨᠡᠪᠲᠡᠷᠡᠭᠦᠯᠦᠨ᠎ᠡ᠃ ᠦᠨᠳᠦᠰᠦᠲᠡᠨ ᠱᠠᠰᠢᠨ | ᠰᠤᠷᠲᠠᠬᠤᠨ ᠤ ᠡᠲᠡᠭᠡᠳ ᠤᠨ ᠭᠡᠰᠢᠭᠦᠳ ᠤᠨ ᠲᠣᠰ ᠪᠡᠶ᠎ᠡ ᠶᠢᠨ ᠳᠠᠪᠠᠭᠤᠯᠢᠭ ᠢᠶᠠᠨ ᠪᠠᠳᠠᠷᠠᠭᠤᠯᠬᠤ ᠶᠢ ᠬᠥᠲᠥᠯᠥᠨ | ᠵᠢᠯᠤᠭᠤᠳᠴᠤ᠂ ᠵᠥᠪᠯᠡᠯᠭᠡᠨ ᠤ ᠵᠠᠰᠠᠭ ᠤᠨ ᠶᠠᠪᠤᠳᠠᠯ ᠢ ᠵᠥᠪᠯᠡᠬᠦ ᠠᠵᠢᠯᠯᠠᠭ᠎ᠠ ᠶᠢ ᠥᠷᠨᠢᠭᠦᠯᠵᠦ᠂ ᠬᠤᠰᠢᠭᠤᠨ ᠤ ᠨᠠᠮ ᠤᠨ | ᠬᠤᠷᠢᠶ᠎ᠠ᠂ ᠵᠠᠰᠠᠭ ᠤᠨ ᠣᠷᠳᠣᠨ ᠢ ᠬᠠᠮᠵᠢᠨ ᠦᠨᠳᠦᠰᠦᠲᠡᠨ ᠱᠠᠰᠢᠨ ᠰᠣᠷᠳᠠᠬᠤᠨ ᠤ ᠠᠵᠢᠯ ᠢ ᠰᠠᠶᠢᠳᠦᠷ ᠬᠢᠨ᠎ᠡ᠃ | ︽ᠨᠣᠮ ᠤᠨ ᠣᠶᠠᠩᠭ᠎ᠠ︾ ᠪᠠᠷ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠣᠷ᠎ᠠ ᠣᠬᠠᠭᠠᠨ ᠢ ᠬᠤᠷᠴᠠᠯᠠᠨ᠎ᠠ᠃ | ᠤᠯᠤᠰ ᠲᠦᠷᠦ ᠶᠢᠨ ᠵᠥᠪᠯᠡᠯᠭᠡᠨ ᠤ ᠰᠤᠷᠤᠯᠴᠠᠬᠤ ᠳᠠᠭᠠᠨ ᠴᠢᠳᠠᠮᠠᠭᠠᠢ᠂ ᠲᠠᠪᠰᠢᠬᠤ ᠳᠤᠷᠠᠲᠠᠢ ᠪᠠᠶᠢᠳᠠᠭ ᠰᠢᠯᠢᠳᠡᠭ | ᠤᠯᠠᠮᠵᠢᠯᠠᠯ ᠢ ᠪᠠᠳᠠᠷᠠᠭᠤᠯᠤᠨ᠂ ︽ᠨᠣᠮ ᠤᠨ ᠣᠶᠠᠩᠭᠠᠳᠣ ᠤᠯᠤᠰ ᠲᠦᠷᠦ ᠶᠢᠨ ᠵᠥᠪᠯᠡᠯᠭᠡᠨ︾ ᠰᠡᠳᠦᠪᠳᠦ ᠭᠡᠰᠢᠭᠦᠳ ᠤᠨ | ᠨᠣᠮ ᠤᠩᠰᠢᠬᠤ ᠠᠵᠢᠯᠯᠠᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠵᠦ᠂ ︽ᠨᠣᠮ ᠤᠩᠰᠢᠬᠤ + ᠲᠤᠰᠢᠶᠠᠯ | ᠬᠠᠷᠢᠭᠤᠴᠠᠯᠭ᠎ᠠ ᠪᠠᠨ ᠭᠦᠢᠴᠡᠳᠬᠡᠬᠦ︾ ᠶᠢ ᠭᠦᠨᠵᠡᠭᠡᠢ ᠠᠭᠤᠰᠤᠯᠴᠠᠭᠤᠯᠬᠤ᠂ ᠬᠠᠷᠢᠯᠴᠠᠨ ᠴᠢᠳᠠᠪᠤᠷᠢ ᠣᠯᠭᠤᠬᠤ ᠶᠢ ᠲᠦᠯᠬᠢᠨ | ᠠᠬᠢᠭᠤᠯᠵᠤ᠂ ᠨᠣᠮ ᠤᠩᠰᠢᠭᠠᠳ ᠣᠯᠣᠭᠰᠠᠨ ᠦᠷ᠎ᠡ ᠠᠰᠢᠭ ᠢ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠴᠢᠳᠠᠪᠤᠷᠢ | ᠪᠠ ᠠᠵᠢᠯ ᠤᠨ ᠦᠷ᠎ᠡ ᠪᠦᠲᠦᠭᠡᠯ ᠪᠣᠯᠭᠠᠨ ᠬᠤᠪᠢᠷᠠᠭᠤᠯᠤᠨ᠎ᠠ᠃ ︽ᠬᠡᠰᠢᠬᠦᠳ ᠤᠨ ᠣᠩᠰᠢᠭᠰᠠᠨ ᠨᠣᠮ ᠢᠶᠠᠨ ᠬᠠᠮᠲᠤ ᠪᠠᠷ | ᠡᠳ᠋ᠯᠡᠬᠦ ᠬᠤᠷᠠᠯ︾ ᠢ ᠬᠤᠷᠠᠯᠳᠤᠭᠤᠯᠵᠤ᠂ ᠤᠩᠰᠢᠯᠭ᠎ᠠ ᠶᠢᠨ ᠴᠤᠭᠯᠠᠭᠠᠨ ᠤ ᠠᠷᠭ᠎ᠠ ᠮᠠᠶ᠋ᠢᠭ ᠢᠶᠠᠷ ᠳᠦᠷᠦᠯ ᠢᠯᠭᠠᠯ᠂ | ᠰᠢᠨᠵᠢᠯᠡᠭᠡᠨ ᠤ ᠰᠠᠯᠠᠭ᠎ᠠ᠂ ᠬᠦᠷᠢᠶ᠎ᠡ ᠬᠡᠪᠴᠢᠶ᠎ᠡ ᠠᠯᠤᠰᠯᠠᠨ ᠭᠦᠨᠵᠡᠭᠡᠢ ᠰᠤᠳᠤᠯᠤᠨ ᠶᠠᠷᠢᠯᠴᠠᠵᠤ᠂ ᠬᠠᠷᠢᠯᠴᠠᠨ ᠮᠠᠷᠭᠤᠵᠣ | ᠬᠠᠷᠢᠯᠴᠠᠨ ᠠᠭᠤᠰᠤᠯᠴᠠᠬᠤ ᠳᠤᠮᠳᠠ ᠨᠣᠮ ᠤᠩᠰᠢᠭᠰᠠᠨ ᠲᠥᠷᠥᠭᠳᠡᠯ ᠢᠶᠠᠨ ᠬᠤᠪᠢᠶᠠᠯᠴᠠᠵᠤ᠂ ᠲᠤᠰᠢᠶᠠᠯ | ᠬᠠᠷᠢᠭᠤᠴᠠᠯᠭ᠎ᠠ ᠪᠠᠨ ᠭᠦᠢᠴᠡᠳᠬᠡᠭᠰᠡᠨ ᠣᠯᠣᠯᠲᠠ ᠲᠥᠷᠥᠭᠳᠡᠯ ᠢᠶᠠᠨ ᠰᠣᠯᠢᠯᠴᠠᠨ᠂ ᠲᠤᠰᠢᠶᠠᠯ ᠬᠠᠷᠢᠭᠤᠴᠠᠯᠭ᠎ᠠ ᠪᠠᠨ | ᠭᠦᠢᠴᠡᠳᠬᠡᠬᠦ ᠬᠠᠯᠠᠭᠤᠨ ᠰᠡᠳᠬᠢᠯᠭᠡ ᠶᠢ ᠬᠦᠭᠵᠢᠬᠡᠨ᠎ᠡ᠃ | ᠬᠡᠰᠢᠭᠳᠡᠨ ᠬᠤᠰᠢᠭᠤᠨ ᠤ ᠦᠯᠢᠭᠡᠷ ᠢ ︽ᠦᠰᠦᠭ ᠪᠢᠴᠢᠭ︾ ᠢᠶᠠᠷ ᠳᠡᠮᠳᠡᠭᠯᠡᠨ ᠦᠯᠡᠳᠡᠬᠡᠨ᠎ᠡ᠃ ᠰᠣᠶᠣᠯ | ᠲᠡᠦᠬᠡ ᠶᠢᠨ ᠮᠠᠲ᠋ᠧᠷᠢᠶᠠᠯ ᠤᠨ ︽ᠲᠡᠦᠬᠡ ᠶᠢ ᠬᠠᠳᠠᠭᠠᠯᠠᠬᠤ᠂ ᠵᠠᠰᠠᠭ ᠲᠤ ᠲᠤᠰᠠᠯᠠᠬᠤ᠂ ᠪᠦᠯᠬᠦᠮᠳᠡᠬᠦ᠂ ᠬᠥᠮᠥᠨ ᠢ | ᠬᠥᠮᠥᠵᠢᠭᠦᠯᠬᠦ︾ ᠨᠡᠶᠢᠭᠡᠮ ᠤᠨ ᠴᠢᠳᠠᠮᠵᠢ ᠶᠢ ᠬᠦᠴᠦᠯᠡᠨ ᠪᠠᠳᠠᠷᠠᠭᠤᠯᠤᠨ᠎ᠠ᠃ ᠬᠠᠮᠢᠶ᠎ᠠ ᠪᠦᠬᠦᠢ ᠰᠠᠯᠠᠭ᠎ᠠ ᠮᠥᠴᠢᠷ ᠯᠦᠭᠡ | ᠵᠣᠬᠢᠴᠠᠯᠳᠤᠨ ᠬᠤᠯᠪᠤᠭᠠᠯᠠᠨ ᠬᠥᠳᠡᠯᠦᠯᠴᠡᠬᠦ ᠶᠢ ᠴᠢᠩᠭᠠᠳᠬᠠᠵᠤ᠂ ᠲᠡᠦᠬᠡ ᠶᠢᠨ ᠮᠠᠲ᠋ᠧᠷᠢᠶᠠᠯ ᠢ ᠴᠤᠭᠯᠠᠭᠤᠯᠬᠤ᠂ ᠡᠮᠬᠢᠳᠬᠡᠬᠦ᠂ | ᠨᠠᠶᠢᠷᠠᠭᠤᠯᠤᠨ ᠪᠢᠴᠢᠬᠦ ᠠᠵᠢᠯ ᠢ ᠬᠦᠴᠦ ᠪᠠᠨ ᠬᠠᠮᠲᠤᠳᠬᠠᠨ ᠠᠬᠢᠭᠤᠯᠤᠨ᠎ᠠ᠃ ᠰᠣᠶᠣᠯ ᠲᠡᠦᠬᠡ ᠶᠢᠨ ᠣᠷᠳᠣᠨ ᠤ | ᠬᠠᠮᠢᠶᠠᠷᠤᠯᠲᠠ᠂ ᠲᠣᠭᠤᠷᠢᠨ ᠦᠵᠡᠬᠦ ᠵᠡᠷᠭᠡ ᠡᠯ᠎ᠡ ᠵᠦᠢᠯ ᠤᠨ ᠠᠵᠢᠯ ᠤᠨ ᠳᠦᠷᠢᠮ ᠢ ᠪᠠᠶᠢᠭᠤᠯᠤᠨ ᠲᠡᠭᠦᠯᠳᠡᠷᠵᠢᠭᠦᠯᠵᠦ᠂ | ᠳᠡᠯᠭᠡᠨ ᠦᠵᠡᠭᠦᠯᠬᠦ ᠦᠷ᠎ᠡ ᠪᠦᠲᠦᠮᠵᠢ ᠶᠢ ᠦᠷᠭᠦᠯᠵᠢᠯᠡᠨ ᠰᠠᠶᠢᠵᠢᠷᠠᠭᠤᠯᠤᠨ᠎ᠠ᠃ ᠬᠡᠰᠢᠭᠲᠡᠨ ᠬᠤᠰᠢᠭᠤᠨ ᠤ ᠤᠷᠠᠨ | ᠪᠢᠴᠢᠯᠭᠡ ᠤᠷᠠᠨ ᠵᠢᠷᠤᠭ ᠤᠨ ᠬᠦᠷᠢᠶᠡᠯᠡᠩ ᠤᠨ ᠰᠠᠭᠤᠷᠢ ᠲᠥᠬᠦᠭᠡᠷᠦᠮᠵᠢ ᠶᠢᠨ ᠪᠠᠶᠢᠭᠤᠯᠤᠯᠲᠠ ᠶᠢ ᠴᠢᠩᠭᠠᠳᠬᠠᠵᠣ᠂ | ᠬᠤᠰᠢᠭᠤᠨ ᠤ ᠳᠣᠲᠣᠨ᠎ᠠ ᠭᠠᠳᠠᠨᠠᠬᠢ ᠨᠡᠷᠡᠲᠤ ᠬᠥᠮᠥᠰ ᠢ ᠤᠷᠢᠵᠤ ︽ᠮᠣᠩᠭᠤᠯ ᠮᠣᠷᠢᠨ ᠤ ᠵᠣᠷᠢᠭ ᠰᠠᠨᠠᠭ᠎ᠠ︾᠂ ︽ | ᠤᠮᠠᠷᠠᠲᠤ ᠶᠢᠨ ᠭᠤᠷᠪᠠᠨ ᠣᠷᠣᠨ ᠤ ᠵᠣᠷᠢᠭ ᠰᠠᠨᠠᠭ᠎ᠠ︾᠂ ᠦᠨᠳᠦᠰᠦᠲᠡᠨ ᠨᠦᠭᠦᠳ ᠪᠦᠯᠬᠦᠮᠳᠡᠨ ᠨᠢᠬᠡ ᠬᠡᠷ ᠮᠡᠳᠦ ᠳᠣᠳᠣᠨᠣ | ᠂ ᠦᠵᠡᠰᠬᠦᠯᠡᠩᠳᠦ ᠬᠡᠰᠢᠭᠳᠡᠨ ᠬᠤᠰᠢᠭᠤ ᠵᠡᠷᠭᠡ ᠭᠤᠣᠯ ᠰᠡᠳᠦᠪ ᠤᠨ ᠲᠣᠭᠤᠷᠢᠨ ᠳᠤ ᠤᠷᠠᠨ ᠪᠢᠴᠢᠯᠭᠡ ᠤᠷᠠᠨ ᠵᠢᠷᠤᠭ ᠤᠨ | ᠦᠵᠡᠰᠬᠦᠯᠡᠩ᠂ ᠰᠣᠯᠢᠯᠴᠠᠭᠠᠨ ᠤ ᠬᠤᠷᠠᠯ ᠡᠷᠭᠢᠯᠡᠵᠦ᠂ ᠮᠠᠨ ᠤ ᠬᠤᠰᠢᠭᠤᠨ ᠤ ᠰᠣᠶᠣᠯ ᠤᠨ ᠵᠥᠭᠡᠯᠡᠨ ᠪᠣᠳᠠᠲᠤ ᠬᠦᠴᠦᠨ ᠢ | ᠳᠡᠯᠭᠡᠨ ᠦᠵᠡᠭᠦᠯᠬᠦ ᠳᠤ ᠤᠷᠠᠯᠢᠭ ᠤᠨ ᠠᠭᠤᠰᠤᠯᠴᠠᠯ ᠤᠨ ᠦᠢᠯᠡᠳᠦᠯ ᠢ ᠪᠠᠳᠠᠷᠠᠭᠤᠯᠤᠨ᠎ᠠ᠃ | ︵ᠳᠥᠷᠪᠡ︶ ᠵᠠᠮ ᠨᠡᠭᠡᠭᠡᠨ ᠰᠢᠨ᠎ᠡ ᠶᠢ ᠡᠭᠦᠳᠬᠦ ᠶᠢ ᠢᠮᠠᠭᠲᠠ ᠪᠠᠷᠢᠮᠲᠠᠯᠠᠵᠤ᠂ ᠲᠤᠰ ᠪᠡᠶ᠎ᠡ ᠶᠢᠨ ᠪᠠᠶᠢᠭᠤᠯᠤᠯᠲᠠ ᠪᠠᠨ | ᠴᠢᠩᠭᠠᠳᠬᠠᠬᠤ ᠲᠠᠯ᠎ᠠ ᠪᠠᠷ ᠰᠢᠨ᠎ᠡ ᠨᠢᠬᠡᠨ ᠳᠡᠭᠲᠡᠷ ᠲᠤ ᠭᠠᠷᠣᠨ᠎ᠠ᠃ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ | ᠴᠢᠳᠠᠪᠤᠷᠢ ᠶᠢᠨ ᠪᠠᠶᠢᠭᠤᠯᠤᠯᠲᠠ ᠪᠣᠯ ᠤᠯᠤᠰ ᠲᠦᠷᠦ ᠶᠢᠨ ᠵᠥᠪᠯᠡᠯᠭᠡᠨ ᠤ ᠠᠵᠢᠯ ᠤᠨ ᠶᠠᠰᠤ ᠴᠢᠨᠠᠷ ᠢ ᠳᠡᠭᠡᠭᠰᠢᠯᠡᠭᠦᠯᠵᠦ | ᠦᠷ᠎ᠡ ᠠᠰᠢᠭ ᠢ ᠨᠡᠮᠡᠭᠳᠡᠭᠦᠯᠬᠦ ᠶᠢᠨ ᠦᠨᠳᠦᠰᠦ ᠮᠥᠨ᠃ ᠪᠢᠳᠡ ᠤᠯᠤᠰ ᠲᠦᠷᠦ ᠶᠢᠨ ᠵᠥᠪᠯᠡᠯᠭᠡᠨ ᠤ ᠠᠵᠢᠯ ᠳᠤ ᠬᠥᠳᠡᠯᠭᠡᠬᠦ | ᠬᠦᠴᠦᠨ ᠨᠡᠮᠡᠷᠢᠯᠡᠬᠦ᠂ ᠠᠮᠢᠵᠢᠷᠠᠯ ᠤᠨ ᠬᠦᠴᠦᠨ ᠢ ᠨᠡᠮᠡᠭᠳᠡᠭᠦᠯᠬᠦ ᠶᠢ ᠪᠣᠳᠣᠯᠬᠢᠯᠠᠵᠤ᠂ ᠤᠷᠳᠤ ᠬᠤᠭᠤᠴᠠᠭ᠎ᠠ ᠪᠠᠷ ᠪᠠᠷᠢᠮᠲᠠᠯᠠᠨ᠂ | ᠤᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠨ ᠡᠩᠨᠡᠭᠡ ᠶᠢ ᠠᠳᠬᠤᠵᠤ᠂ ᠬᠡᠪ ᠴᠢᠨᠠᠷ ᠢ ᠴᠢᠩᠭᠠᠳᠬᠠᠨ᠂ | ᠳᠦᠷᠢ ᠲᠥᠷᠬᠦ ᠶᠢ ᠪᠤᠢ ᠪᠣᠯᠭᠠᠵᠤ᠂ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠰᠠᠭᠤᠷᠢ ᠶᠢ ᠦᠨᠡᠨᠬᠦ ᠪᠠᠳᠣᠳᠬᠠᠨ᠎ᠠ᠃ | ᠭᠡᠰᠢᠭᠦᠳ ᠤᠨ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠲᠠᠪᠴᠠᠩ ᠢ ᠳᠡᠬᠦᠯᠳᠡᠷᠵᠢᠬᠦᠯᠦᠨ᠎ᠡ᠃ ︽ | ᠦᠨᠡᠨᠴᠢ ᠪᠠᠷ ᠵᠥᠪᠳᠡᠯᠴᠡᠬᠦ · ᠤᠴᠢᠷ ᠪᠠᠶᠢᠪᠠᠯ ᠰᠠᠶᠢᠬᠠᠨ ᠵᠥᠪᠳᠡᠯᠴᠡᠬᠦ︾ ᠭᠡᠰᠢᠭᠦᠨ ᠤ ᠠᠵᠢᠯᠯᠠᠬᠤ ᠲᠠᠰᠤᠭ ᠤᠨ | ᠴᠢᠳᠠᠮᠵᠢ ᠶᠢ ᠦᠷᠭᠦᠯᠵᠢᠯᠡᠨ ᠲᠡᠭᠦᠯᠳᠡᠷᠵᠢᠭᠦᠯᠵᠦ᠂ ᠡᠯ᠎ᠡ ᠲᠦᠷᠦᠯ ᠤᠨ ᠡᠬᠢ ᠪᠠᠶᠠᠯᠢᠭ ᠢ ᠪᠦᠲᠦᠮᠵᠢᠲᠡᠶ ᠪᠠᠷ ᠡᠮᠬᠢᠳᠬᠡᠨ | ᠨᠡᠶᠢᠯᠡᠭᠦᠯᠵᠦ᠂ ᠠᠵᠢᠯ ᠤᠨ ᠳᠦᠷᠢᠮ ᠢ ᠨᠡᠶᠢᠲᠡᠯᠡᠨ ᠬᠡᠷᠡᠭᠵᠢᠭᠦᠯᠵᠦ᠂ ᠠᠵᠢᠯ ᠤᠨ ᠪᠠᠷᠢᠮᠵᠢᠶ᠎ᠠ ᠪᠠ ᠱᠠᠭᠠᠷᠳᠠᠯᠭ᠎ᠠ ᠶᠢ | ᠲᠣᠳᠣᠷᠬᠠᠢ ᠪᠣᠯᠭᠠᠵᠤ᠂ ᠭᠤᠷᠪᠠᠨ ᠱᠠᠲᠤᠨ ᠤ ᠬᠠᠮᠲᠤᠷᠠᠨ ᠬᠥᠳᠡᠯᠦᠯᠴᠡᠬᠦ ᠵᠥᠪᠯᠡᠬᠦ ᠠᠵᠢᠯ ᠤᠨ ᠪᠠᠶᠢᠷᠢᠰᠢᠯ ᠢ ᠠᠯᠬᠤᠮ | ᠠᠯᠬᠤᠮ ᠢᠶᠠᠷ ᠲᠡᠭᠦᠯᠳᠡᠷᠵᠢᠭᠦᠯᠦᠭᠰᠡᠨ ᠰᠠᠭᠤᠷᠢᠨ ᠳᠡᠭᠡᠷ᠎ᠡ᠂ ᠰᠦᠯᠵᠢᠶ᠎ᠡ ᠪᠠᠷ ᠠᠯᠤᠰ ᠠᠴᠠ ᠵᠥᠪᠯᠡᠬᠦ ᠶᠢ ᠬᠠᠶᠢᠨ | ᠰᠦᠪᠡᠭᠴᠢᠯᠡᠵᠦ᠂ ᠵᠥᠪᠯᠡᠬᠦ ᠲᠠᠪᠴᠠᠩ ᠤᠨ ᠤᠯᠤᠰ ᠲᠦᠷᠦ ᠶᠢᠨ ᠵᠥᠪᠯᠡᠯᠭᠡᠨ ᠤ ᠠᠵᠢᠯ ᠢ ᠦᠨᠳᠦᠰᠦᠨ ᠱᠠᠲᠤ ᠳᠡᠰᠢ | ᠥᠷᠭᠡᠳᠬᠡᠬᠦ ᠶᠢ ᠭᠦᠨᠵᠡᠭᠡᠶᠢᠷᠡᠭᠦᠯᠬᠦ᠂ ᠤᠯᠤᠰ ᠲᠦᠷᠦ ᠶᠢᠨ ᠵᠥᠪᠯᠡᠯᠭᠡᠨ ᠤ ᠵᠥᠪᠯᠡᠯᠭᠡ ᠬᠢᠭᠡᠳ ᠦᠨᠳᠦᠰᠦᠨ ᠱᠠᠲᠤᠨ ᠤ | ᠵᠥᠪᠯᠡᠯᠭᠡ ᠶᠢ ᠵᠣᠯᠭᠠᠯᠳᠤᠭᠤᠯᠬᠤ ᠶᠢ ᠲᠦᠯᠬᠢᠨ ᠠᠬᠢᠭᠤᠯᠬᠤ ᠳᠤᠮᠳᠠᠬᠢ ᠲᠤᠯᠭᠠᠭᠤᠷᠢᠯᠠᠬᠤ ᠦᠢᠯᠡᠳᠦᠯ ᠢ ᠪᠠᠳᠠᠷᠠᠭᠤᠯᠤᠨ᠎ᠠ᠃ | ᠭᠡᠰᠢᠭᠦᠳ ᠤᠨ ᠬᠠᠷᠢᠭᠤᠴᠠᠯᠭ᠎ᠠ ᠡᠭᠦᠷᠭᠡᠯᠡᠯ ᠢ ᠴᠢᠩᠭᠠᠳᠬᠠᠨ᠎ᠠ᠃ ᠭᠡᠰᠢᠭᠦᠳ ᠤᠨ ᠲᠤᠰᠢᠶᠠᠯ ᠬᠠᠷᠢᠭᠤᠴᠠᠯᠭ᠎ᠠ ᠪᠠᠨ | ᠭᠦᠢᠴᠡᠳᠬᠡᠬᠦ ᠶᠢ ᠬᠢᠨᠠᠨ ᠰᠢᠯᠭᠠᠬᠤ᠂ ᠬᠢᠵᠠᠭᠠᠷᠯᠠᠬᠤ ᠪᠠ ᠪᠣᠯᠪᠠᠰᠤᠷᠠᠭᠤᠯᠬᠤ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠵᠦ | ᠂ ︽ᠭᠡᠰᠢᠭᠦᠳ ᠤᠨ ᠠᠵᠢᠯ︾ ᠳᠤ ᠬᠡᠮᠵᠢᠶᠡᠵᠢᠭᠦᠯᠦᠭᠰᠡᠨ ᠬᠠᠮᠢᠶᠠᠷᠤᠯᠲᠠ ᠶᠢ ᠬᠡᠷᠡᠭᠵᠢᠭᠦᠯᠵᠦ᠂ ᠲᠣᠭᠲᠠᠮᠠᠯ | ᠬᠤᠭᠤᠴᠠᠭ᠎ᠠ ᠲᠠᠢ ᠪᠠᠷ ᠲᠤᠰᠬᠠᠢ ᠰᠡᠳᠦᠪᠲᠦ ᠪᠣᠯᠪᠠᠰᠣᠷᠠᠯ ᠢ ᠡᠷᠬᠢᠯᠡᠨ᠎ᠡ᠃ ᠭᠡᠰᠢᠭᠦᠳ ᠢ ᠵᠣᠬᠢᠶᠠᠨ ᠪᠠᠶᠢᠭᠤᠯᠵᠤ ᠴᠢᠬᠤᠯᠠ | ᠶᠡᠭᠡ ᠠᠷᠠᠳ ᠤᠨ ᠠᠮᠢᠳᠤᠷᠠᠯ ᠤᠨ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠲᠤᠤᠱᠯᠠᠭᠤᠯᠤᠨ | ᠨᠠᠶᠢᠳᠠᠪᠤᠷᠢᠵᠢᠭᠤᠯᠬᠤ ᠪᠠ ᠠᠷᠠᠳ ᠣᠯᠠᠨ ᠤ ᠬᠠᠮᠤᠭ ᠠᠴᠠ ᠢᠯᠡᠭᠦᠦ ᠰᠢᠢᠳᠪᠦᠷᠢᠯᠡᠬᠦ ᠴᠢᠬᠤᠯᠠᠲᠠᠢ ᠠᠰᠠᠭᠤᠳᠠᠯ ᠤᠨ | ᠲᠣᠭᠤᠷᠢᠨ ᠳᠤ ᠪᠠᠶᠢᠴᠠᠭᠠᠨ ᠰᠤᠳᠤᠯᠬᠤ᠂ ᠰᠠᠨᠠᠯ ᠵᠥᠪᠯᠡᠯᠭᠡ ᠳᠤᠷᠠᠳᠤᠨ ᠠᠷᠭ᠎ᠠ ᠤᠬᠠᠭᠠᠨ ᠭᠠᠷᠭᠠᠬᠤ ᠪᠠ ᠠᠷᠠᠳᠴᠢᠯᠠᠯ ᠢᠶᠠᠷ | ᠬᠢᠨᠠᠯᠲᠠ ᠲᠠᠯᠪᠢᠬᠤ ᠶᠢ ᠭᠦᠨᠵᠡᠭᠡᠢ ᠥᠷᠨᠢᠭᠦᠯᠵᠦ᠂ ᠬᠤᠰᠢᠭᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠢ | ᠬᠠᠪᠰᠤᠷᠤᠨ ᠠᠷᠠᠳ ᠤᠨ ᠠᠮᠢᠳᠤᠷᠠᠯ ᠤᠨ ᠠᠰᠢᠭ ᠲᠤᠰᠠ ᠶᠢ ᠢᠯᠡᠭᠦᠬᠡᠨ ᠪᠣᠳᠣᠯᠬᠢᠯᠠᠵᠤ᠂ ᠠᠷᠠᠳ ᠤᠨ ᠠᠮᠢᠳᠤᠷᠠᠯ ᠤᠨ | ᠬᠦᠴᠢᠷᠳᠠᠯ ᠢ ᠢᠯᠡᠭᠦᠬᠡᠨ ᠰᠢᠢᠳᠪᠦᠷᠢᠯᠡᠵᠦ᠂ ᠪᠣᠳᠠᠲᠠᠢ ᠠᠰᠠᠭᠤᠳᠠᠯ ᠢ ᠴᠠᠭ ᠲᠤᠬᠠᠢ ᠳᠤᠨᠢ ᠲᠣᠬᠢᠲᠠᠢ ᠰᠢᠢᠳᠪᠦᠷᠢᠯᠡᠵᠦ᠂ | ᠣᠯᠠᠨ ᠲᠦᠮᠡᠨ ᠤ ᠰᠠᠭᠤᠷᠢ ᠶᠢ ᠲᠠᠰᠤᠷᠠᠯᠲᠠ ᠦᠭᠡᠢ ᠪᠠᠲᠤᠳᠬᠠᠨ᠎ᠠ᠃ | ᠺᠠᠳ᠋ᠷ ᠤᠨ ᠡᠩᠨᠡᠭᠡᠨ ᠤ ᠪᠠᠶᠢᠭᠤᠯᠤᠯᠲᠠ ᠶᠢ ᠴᠢᠩᠭᠠᠳᠬᠠᠨ᠎ᠠ᠃ ᠵᠢᠱᠢᠶᠡᠴᠢ ᠪᠠᠶᠢᠭᠤᠯᠤᠯᠭ᠎ᠠ ᠶᠢᠨ ᠪᠠᠶᠢᠭᠤᠯᠤᠯᠲᠠ ᠶᠢ | ᠦᠷᠭᠦᠯᠵᠢᠯᠡᠨ ᠭᠦᠨᠵᠡᠭᠡᠶᠢᠷᠡᠭᠦᠯᠵᠦ᠂ ᠪᠠᠶᠢᠭᠤᠯᠤᠯᠭ᠎ᠠ ᠶᠢᠨ ᠨᠠᠮ ᠤᠨ ᠪᠠᠶᠢᠭᠤᠯᠤᠯᠲᠠ ᠶᠢᠨ ᠠᠵᠢᠯ ᠤᠨ ᠲᠦᠪᠰᠢᠨ ᠢ ᠪᠦᠬᠦ | ᠲᠠᠯ᠎ᠠ ᠪᠠᠷ ᠳᠡᠭᠡᠭᠰᠢᠯᠡᠭᠦᠯᠵᠦ᠂ ᠦᠨᠡᠨ ᠢ ᠪᠠᠷᠢᠮᠲᠠᠯᠠᠨ ᠪᠣᠳᠠᠲᠠᠢ ᠶᠢ ᠡᠷᠬᠢᠮᠯᠡᠵᠦ᠂ ᠠᠵᠢᠯ ᠬᠢᠵᠦ ᠦᠢᠯᠡᠰ ᠪᠣᠰᠬᠠᠬᠤ ᠰᠠᠶᠢᠨ | ᠰᠠᠶᠢᠬᠠᠨ ᠠᠭᠤᠷ ᠠᠮᠢᠰᠬᠤᠯ ᠢ ᠬᠦᠴᠦᠯᠡᠨ ᠪᠤᠢ ᠪᠣᠯᠭᠠᠨ᠎ᠠ᠃ ᠵᠠᠯᠠᠭᠤ ᠺᠠᠳ᠋ᠷᠴᠤᠳ ᠢ ᠬᠥᠮᠥᠵᠢᠭᠦᠯᠦᠨ ᠪᠣᠯᠪᠠᠰᠤᠷᠠᠭᠤᠯᠬᠤ ᠶᠢ | ᠴᠢᠩᠭᠠᠳᠬᠠᠵᠤ᠂ ᠪᠠᠶᠢᠭᠤᠯᠣᠯᠭ᠎ᠠ ᠶᠢᠨ ᠺᠠᠳ᠋ᠷᠴᠤᠳ ᠤᠨ ᠤᠯᠤᠰ ᠲᠦᠷᠦ ᠶᠢᠨ ᠵᠥᠪᠯᠡᠯᠭᠡᠨ ᠢ ᠨᠡᠩ ᠰᠠᠶᠢᠨ ᠣᠶᠢᠯᠠᠭᠠᠬᠤ᠂ | ᠭᠡᠰᠢᠭᠦᠳ ᠢ ᠨᠡᠩ ᠰᠠᠶᠢᠨ ᠣᠶᠢᠯᠠᠭᠠᠬᠤ᠂ ᠦᠢᠯᠡᠴᠢᠯᠡᠬᠦ ᠳᠡᠭᠡᠨ ᠴᠢᠳᠠᠮᠠᠭᠠᠢ ᠪᠠᠶᠢᠬᠤ ᠶᠢ ᠲᠦᠯᠬᠢᠨ ᠠᠬᠢᠭᠤᠯᠤᠨ᠎ᠠ᠃ ᠪᠦᠬᠦ | ᠲᠠᠯ᠎ᠠ ᠪᠠᠷ ᠨᠠᠮ ᠢ ᠴᠢᠩᠭ᠎ᠠ ᠵᠠᠰᠠᠬᠤ ᠤᠯᠤᠰ ᠲᠦᠷᠦ ᠶᠢᠨ ᠬᠠᠷᠢᠭᠤᠴᠠᠯᠭ᠎ᠠ ᠶᠢ ᠴᠢᠩᠭ᠎ᠠ ᠪᠣᠳᠠᠲᠠᠢ ᠠᠳᠬᠤᠵᠤ᠂ ᠨᠠᠮ ᠤᠨ | ᠰᠤᠷᠲᠠᠯ ᠪᠠ ᠠᠷᠢᠭᠤᠨ ᠴᠢᠬᠡᠴᠢ ᠪᠠᠷ ᠵᠠᠰᠠᠭ ᠪᠠᠷᠢᠬᠤ ᠪᠠᠶᠢᠭᠤᠯᠤᠯᠲᠠ ᠶᠢ ᠦᠨᠡᠨᠬᠦ ᠴᠢᠩᠭᠠᠳᠬᠠᠵᠤ᠂ ᠪᠠᠶᠢᠩᠭᠤ ᠶᠢᠨ | ᠴᠢᠨᠠᠷᠲᠠᠢ ᠰᠠᠬᠢᠯᠭ᠎ᠠ ᠪᠠᠲᠤ ᠶᠢᠨ ᠬᠥᠮᠦᠵᠢᠯ ᠪᠣᠯᠣᠨ ᠰᠡᠷᠡᠮᠵᠢᠯᠡᠭᠦᠯᠬᠦ ᠬᠥᠮᠦᠵᠢᠯ ᠢ ᠥᠷᠨᠢᠭᠦᠯᠵᠦ᠂ ᠬᠠᠳᠠᠭᠠᠰᠤ ᠬᠠᠳᠠᠬᠤ | ᠵᠣᠷᠢᠭ ᠰᠠᠨᠠᠭ᠎ᠠ ᠪᠠᠷ ︽ᠲᠦᠷᠪᠡᠨ ᠰᠤᠷᠲᠠᠯ︾ ᠢ ᠵᠠᠯᠠᠷᠠᠭᠤᠯᠤᠨ ᠵᠠᠰᠠᠵᠤ᠂ ᠰᠢᠨ᠎ᠡ ᠰᠤᠷᠲᠠᠯ ᠢ ᠪᠤᠢ ᠪᠣᠯᠭᠠᠨ᠂ ᠰᠤᠷᠲᠠᠯ | ᠴᠢᠬᠡᠴᠢ ᠣᠪᠣᠷ ᠲᠥᠪ ᠤᠯᠤᠰ ᠲᠦᠷᠦ ᠶᠢᠨ ᠠᠮᠢ ᠠᠬᠤᠢ ᠶᠢ ᠪᠤᠢ ᠪᠣᠯᠭᠠᠨ᠎ᠠ᠃ | ᠭᠡᠰᠢᠭᠦᠳ ᠠ᠋᠂ ᠨᠥᠬᠦᠳ ᠠ᠋᠂ ᠴᠠᠭ ᠦᠶ᠎ᠡ ᠴᠢᠷᠮᠡᠶᠢᠨ ᠲᠡᠮᠡᠴᠡᠭᠰᠡᠳ ᠢ ᠬᠥᠰᠡᠷᠳᠡᠭᠦᠯᠬᠦ ᠦᠭᠡᠢ᠃ ᠲᠡᠦᠬᠡ ᠶᠢᠨ | ᠰᠢᠨ᠎ᠡ ᠭᠠᠷᠤᠭ᠎ᠠ ᠳᠡᠭᠡᠷ᠎ᠡ ᠵᠣᠭᠰᠣᠵᠤ᠂ ᠰᠢᠨ᠎ᠡ ᠡᠭᠦᠷᠭᠡ ᠬᠠᠷᠢᠭᠤᠴᠠᠯᠭ᠎ᠠ ᠶᠢᠨ ᠤᠷᠢᠶᠠᠯᠠᠭ᠎ᠠ ᠶᠢᠨ ᠡᠮᠦᠨ᠎ᠡ᠂ ᠪᠢᠳᠡ | ᠳᠣᠰᠢᠶᠠᠯ ᠬᠠᠷᠢᠭᠤᠴᠠᠯᠭ᠎ᠠ ᠮᠦᠷᠦᠨ ᠳᠡᠬᠡᠷ᠎ᠡ ᠪᠠᠶᠢᠵᠣ᠂ ᠡᠭᠦᠷᠭᠡ ᠬᠦᠨᠳᠦ ᠵᠠᠮ ᠬᠤᠯᠠ ᠪᠠᠶᠢᠨ᠎ᠠ ᠭᠡᠳᠡᠭ ᠢ ᠭᠦᠨ ᠮᠡᠳᠡᠷᠡᠪᠡ᠃ | ᠠᠷᠠᠳ ᠤᠨ ᠤᠯᠤᠰ ᠲᠦᠷᠦ ᠶᠢᠨ ᠵᠥᠪᠯᠡᠯᠭᠡᠨ ᠪᠣᠯ ᠪᠦᠯᠬᠦᠮᠳᠡᠯ ᠢᠶᠠᠷ ᠪᠤᠢ ᠪᠣᠯᠵᠤ᠂ ᠪᠦᠯᠬᠦᠮᠳᠡᠯ ᠢᠶᠠᠷ ᠣᠷᠣᠰᠢᠨ | ᠲᠣᠭᠲᠠᠨᠢᠵᠤ᠂ ᠪᠦᠯᠬᠦᠮᠳᠡᠯ ᠢᠶᠠᠷ ᠬᠥᠭᠵᠢᠨ ᠮᠠᠨᠳᠤᠵᠤ᠂ ᠪᠦᠯᠬᠦᠮᠳᠡᠯ ᠢᠶᠠᠷ ᠬᠦᠴᠦᠷᠬᠡᠭᠵᠢᠳᠡᠭ᠃ ᠪᠢᠳᠡ ᠰᠢ ᠶᠢᠨ ᠫᠢᠩ | ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶᠠᠨ ᠤ ᠲᠣᠭᠤᠷᠢᠨ ᠳᠤ ᠨᠡᠩ ᠨᠢᠭᠲᠠᠷᠠᠨ ᠪᠦᠯᠬᠦᠮᠳᠡᠵᠦ᠂ ᠰᠢ ᠶᠢᠨ | ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ | ᠵᠢᠯᠣᠭᠤᠳᠤᠯᠭ᠎ᠠ ᠪᠣᠯᠭᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠪᠣᠯᠣᠨ ᠡᠯ᠎ᠡ ᠱᠠᠲᠤᠨ ᠤ ᠨᠠᠮ ᠤᠨ | ᠬᠤᠷᠢᠶ᠎ᠠ ᠶᠢᠨ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠪᠦᠬᠦ ᠲᠠᠯ᠎ᠠ ᠪᠠᠷ ᠲᠤᠤᠱᠯᠠᠭᠤᠯᠵᠤ᠂ ᠬᠤᠰᠢᠭᠤᠨ ᠤ | ᠨᠠᠮ ᠤᠨ ᠬᠤᠷᠢᠶ᠎ᠠ ᠶᠢᠨ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠰᠢᠨ᠎ᠡ ᠦᠵᠡᠯ ᠰᠠᠨᠠᠭ᠎ᠠ ᠶᠢ ᠭᠦᠨᠵᠡᠭᠡᠢ ᠰᠤᠷᠤᠯᠴᠠᠵᠤ᠂ | ᠰᠢᠨ᠎ᠡ ᠪᠠᠶᠢᠷᠢᠯᠠᠭᠤᠯᠤᠯᠲᠠ ᠳᠤ ᠠᠩᠬᠠᠷᠤᠯ ᠢᠶᠠᠨ ᠲᠥᠪᠯᠡᠷᠡᠭᠦᠯᠵᠦ᠂ ᠰᠢᠨ᠎ᠡ ᠱᠠᠭᠠᠷᠳᠠᠯᠭ᠎ᠠ ᠶᠢ ᠡᠵᠡᠮᠳᠡᠵᠦ᠂ ᠰᠢᠨ᠎ᠡ | ᠳᠠᠪᠠᠯᠲᠠ ᠶᠢ ᠠᠬᠢᠭᠤᠯᠵᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠭᠰᠠᠨ ᠬᠡᠰᠢᠭᠳᠡᠨ ᠬᠤᠰᠢᠭᠤᠨ ᠤ ᠰᠢᠨ᠎ᠡ | ᠬᠠᠭᠤᠳᠠᠰᠤ ᠶᠢ ᠪᠢᠴᠢᠭᠯᠡᠬᠦ ᠳᠤ ᠰᠢᠨ᠎ᠡ ᠬᠤᠪᠢ ᠨᠡᠮᠡᠷᠢ ᠦᠵᠡᠬᠦᠯᠰᠦᠬᠡᠢ︕ | | |