ᠤᠶᠤᠲᠠᠳ ᠤᠨ ᠠᠵᠢᠯ ᠤᠯᠬᠤ ᠤᠯᠠᠷᠢᠯ᠂ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠡᠮᠴᠢᠯᠡᠭᠡᠨ ᠤ | ᠳᠠᠭᠠᠳᠬᠠᠯ ᠤᠨ ᠲᠥᠪᠯᠡᠷᠡᠭᠦᠯᠦᠨ ᠰᠦᠢᠳᠭᠡᠯ ᠲᠤᠰᠢᠶᠠᠬᠤ ᠬᠤᠭᠤᠴᠠᠭ᠎ᠠ ᠬᠦᠷᠴᠦ ᠢᠷᠡᠬᠦ ᠪᠠᠷ᠂ ᠣᠨᠳᠣᠤ | ᠭᠠᠵᠠᠷ ᠲᠤ ᠠᠵᠢᠯ ᠣᠯᠤᠭᠰᠠᠨ ᠪᠤᠶᠤ ᠣᠷᠳᠣ ᠬᠤᠭᠤᠴᠠᠭ᠎ᠠ ᠪᠠᠷ ᠪᠤᠰᠤᠳ ᠭᠠᠵᠠᠷ ᠲᠤ ᠰᠠᠭᠤᠷᠢᠰᠢᠭᠰᠠᠨ ᠵᠡᠷᠭᠡ | ᠪᠠᠶᠢᠳᠠᠯ ᠠᠴᠠ ᠪᠣᠯᠵᠤ ᠳᠠᠭᠠᠳᠬᠠᠯ ᠳᠤ ᠣᠷᠣᠯᠴᠠᠬᠤ ᠭᠠᠵᠠᠷ ᠢᠶᠠᠨ ᠬᠤᠪᠢᠷᠠᠭᠤᠯᠬᠤ ᠳᠤ᠂ ᠤᠤᠯ ᠤᠨ | ᠳᠠᠭᠠᠳᠬᠠᠯ ᠳᠤ ᠣᠷᠣᠯᠴᠠᠭᠰᠠᠨ ᠭᠠᠵᠠᠷ ᠤᠨ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠡᠮᠴᠢᠯᠡᠭᠡᠨ ᠤ | ᠳᠠᠭᠠᠳᠬᠠᠯ ᠢ ᠲᠦᠷ ᠵᠣᠭᠰᠣᠭᠠᠬᠤ ᠴᠢᠬᠤᠯᠠᠲᠠᠶ ᠪᠠᠶᠢᠳᠠᠭ᠃ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ | ᠡᠮᠴᠢᠯᠡᠭᠡᠨ ᠤ ᠪᠠᠲᠤᠯᠠᠭ᠎ᠠ ᠶᠢᠨ ᠲᠣᠪᠴᠢᠶᠠᠨ ᠤ ᠲᠠᠨᠢᠯᠴᠠᠭᠤᠯᠤᠭᠰᠠᠨ ᠢᠶᠠᠷ᠂ ᠡᠲᠡᠭᠡᠷ ᠰᠠᠭᠤᠭᠠᠯᠢ ᠠᠷᠠᠳ ᠤᠨ | ᠣᠨᠳᠣᠤ ᠭᠠᠵᠠᠷ ᠲᠤ ᠳᠠᠭᠠᠳᠬᠠᠯ ᠳᠤ ᠣᠷᠣᠯᠴᠠᠬᠤ ᠳᠤ ᠳᠥᠭᠦᠮᠯᠡᠬᠦ ᠶᠢᠨ ᠲᠥᠯᠥᠭᠡ᠂ 2024 ᠣᠨ ᠤ 10 | ᠳ᠋ᠤᠭᠠᠷ ᠰᠠᠷ᠎ᠠ ᠠᠴᠠ ᠡᠬᠢᠯᠡᠨ᠂ ᠥᠪᠥᠷ ᠮᠣᠩᠭᠤᠯ ᠤᠨ ᠬᠤᠲᠠ ᠬᠥᠳᠡᠭᠡ ᠶᠢᠨ ᠰᠠᠭᠤᠭᠠᠯᠢ ᠠᠷᠠᠳ ᠤᠨ | ᠳᠠᠭᠠᠳᠬᠠᠯ ᠳᠤ ᠣᠷᠣᠯᠴᠠᠭᠰᠠᠨ ᠣᠯᠠᠨ ᠲᠦᠮᠡᠨ ᠭᠠᠷ ᠤᠲᠠᠰᠤᠨ ᠤ ᠦᠵᠦᠭᠦᠷ ᠢᠶᠠᠷ ︽ᠳᠠᠭᠠᠳᠬᠠᠯ ᠳᠤ | ᠣᠷᠣᠯᠴᠠᠬᠤ ᠪᠠᠨ ᠲᠦᠷ ᠵᠣᠭᠰᠣᠭᠠᠬᠤ︾ ᠶᠢ ᠭᠦᠢᠴᠡᠳᠭᠡᠵᠦ ᠪᠣᠯᠤᠨ᠎ᠠ᠃ | ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠳᠠᠭᠠᠳᠬᠠᠯ ᠳᠤ ᠣᠷᠣᠯᠴᠠᠬᠤ ᠪᠠᠨ ᠲᠦᠷ ᠵᠣᠭᠰᠣᠭᠠᠬᠤ | ᠴᠤᠪᠤᠷᠠᠯ | ᠭᠦᠢᠴᠡᠳᠬᠡᠭᠴᠢ ᠨᠢ ᠤᠯᠤᠰ ᠤᠨ ᠡᠮᠴᠢᠯᠡᠭᠡᠨ ᠤ ᠪᠠᠲᠤᠯᠠᠭ᠎ᠠ App — ᠥᠪᠥᠷ ᠮᠣᠩᠭᠤᠯ ᠲᠤᠰᠬᠠᠶ | ᠲᠣᠭᠤᠷᠢᠭ᠂ ᠥᠪᠥᠷ ᠮᠣᠩᠭᠤᠯ ᠤᠨ ᠡᠮᠴᠢᠯᠡᠭᠡᠨ ᠤ ᠪᠠᠲᠤᠯᠠᠭ᠎ᠠ App᠂ ᠸᠢᠴᠠᠲ ᠪᠤᠶᠤ ᡁᠢ ᠹᠦ᠋ ᠪᠣᠣ ᠳᠠᠬᠢ ︽ | ᠥᠪᠥᠷ ᠮᠣᠩᠭᠤᠯ ᠤᠨ ᠡᠮᠴᠢᠯᠡᠭᠡᠨ ᠤ ᠪᠠᠲᠤᠯᠠᠭ᠎ᠠ︾ ᠵᠢᠵᠢᠭ ᠫᠷᠤᠭ᠍ᠷᠠᠮ ᠵᠡᠷᠭᠡ ᠠᠷᠭ᠎ᠠ ᠵᠠᠮ ᠢᠶᠠᠷ ︽ᠬᠤᠲᠠ | ᠬᠥᠳᠡᠭᠡ ᠶᠢᠨ ᠰᠠᠭᠤᠭᠠᠯᠢ ᠠᠷᠠᠳ ᠤᠨ ᠳᠠᠭᠠᠳᠬᠠᠯ ᠳᠤ ᠣᠷᠣᠯᠴᠠᠬᠤ ᠪᠠᠨ ᠲᠦᠷ ᠵᠣᠭᠰᠣᠭᠠᠬᠤ︾ ᠲᠤᠬᠠᠶᠢᠯᠠᠭᠰᠠᠨ | ᠠᠵᠢᠯ ᠢ ᠭᠦᠢᠴᠡᠳᠬᠡᠵᠦ ᠪᠣᠯᠤᠨ᠎ᠠ᠃ | ᠠᠯᠬᠤᠮ ᠨᠢᠭᠡ | ︽ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠳᠠᠭᠠᠳᠬᠠᠯ ᠳᠤ ᠣᠷᠣᠯᠴᠠᠬᠤ ᠪᠠᠨ ᠲᠦᠷ ᠵᠣᠭᠰᠣᠭᠠᠬᠤ︾ | ᠴᠢᠳᠠᠮᠵᠢ ᠶᠢᠨ ᠬᠡᠰᠡᠭ ᠠᠴᠠ ᠡᠬᠢᠯᠡᠵᠦ ᠠᠵᠢᠯᠯᠠᠨ᠎ᠠ᠃ | | | | ᠠᠯᠬᠤᠮ ᠬᠤᠶᠠᠷ | ᠬᠤᠪᠢ ᠬᠦᠮᠦᠨ ᠤ ᠠᠮᠠᠯᠠᠯᠲᠠ ᠶᠢ ᠤᠩᠰᠢᠭᠠᠳ ᠭᠠᠷ ᠤᠨ ᠦᠰᠦᠭ ᠵᠢᠷᠤᠨ᠎ᠠ᠃ | | ᠠᠯᠬᠤᠮ ᠭᠤᠷᠪᠠ | ︽ᠲᠦᠷ ᠵᠣᠭᠰᠣᠭᠠᠬᠤ ᠰᠢᠯᠲᠠᠭᠠᠨ︾ ᠢᠶᠠᠨ ᠰᠣᠩᠭᠤᠭᠠᠳ ᠲᠤᠰᠢᠶᠠᠨ᠎ᠠ᠃ | | ᠠᠯᠬᠤᠮ ᠳᠥᠷᠪᠡ | ᠠᠮᠵᠢᠯᠲᠠ ᠲᠠᠢ ᠲᠤᠰᠢᠶᠠᠪᠠᠯ ᠳᠠᠷᠤᠢ ᠲᠤᠬᠠᠶᠢᠯᠠᠭᠰᠠᠨ ᠠᠵᠢᠯ ᠢ ᠭᠦᠢᠴᠡᠳᠬᠡᠭᠰᠡᠨ ᠢᠶᠠᠷ ᠪᠣᠳᠣᠵᠤ᠂ ᠬᠢᠨᠠᠨ | ᠬᠠᠷᠭᠤᠭᠤᠯᠬᠤ ᠴᠢᠬᠤᠯᠠ ᠦᠭᠡᠢ᠃ | | ᠭᠠᠷ ᠤᠲᠠᠰᠤᠨ ᠳᠡᠭᠡᠷ᠎ᠡ ᠳᠠᠭᠠᠳᠬᠠᠯ ᠳᠤ ᠣᠷᠣᠯᠴᠠᠬᠤ ᠪᠠᠨ ᠲᠦᠷ ᠵᠣᠭᠰᠣᠭᠠᠭᠰᠠᠨ ᠤ ᠳᠠᠷᠠᠭ᠎ᠠ᠂ | ᠰᠢᠯᠵᠢᠭᠦᠯᠬᠦ ᠭᠡᠵᠦ ᠪᠠᠶᠢᠭ᠎ᠠ ᠭᠠᠵᠠᠷ ᠣᠷᠣᠨ ᠤ ᠡᠮᠴᠢᠯᠡᠭᠡᠨ ᠤ ᠪᠠᠲᠤᠯᠠᠭ᠎ᠠ ᠶᠢᠨ ᠰᠠᠯᠠᠭ᠎ᠠ ᠮᠥᠴᠢᠷ ᠯᠦᠭᠡ ᠬᠠᠷᠢᠯᠴᠠᠵᠤ | ᠪᠠᠶᠢᠭᠠᠳ ᠳᠠᠭᠠᠳᠬᠠᠯ ᠳᠤ ᠣᠷᠣᠯᠴᠠᠬᠤ ᠬᠠᠷᠢᠴᠠᠭᠠᠨ ᠤ ᠰᠢᠨ᠎ᠡ ᠳᠡᠩᠰᠡᠯᠡᠯᠲᠡ ᠪᠠᠨ ᠭᠦᠢᠴᠡᠳᠬᠡᠨ᠎ᠡ᠃ | | |