ᠬᠡᠰᠢᠭᠲᠡᠨ ᠬᠤᠰᠢᠭᠤᠨ ᠤ 2024 ᠣᠨ ᠤ ᠳᠡᠭᠡᠷ᠎ᠡ ᠬᠠᠭᠠᠰ ᠵᠢᠯ ᠤᠨ ᠭᠤᠣᠯ ᠪᠣᠯᠬᠤ ᠠᠵᠤ ᠠᠬᠤᠢ ᠶᠢᠨ ᠭᠦᠢᠴᠡᠳᠬᠡᠯ ᠲᠤᠭ᠎ᠠ ᠶᠢ ᠪᠡᠶᠡᠯᠡᠭᠦᠯᠦᠭᠰᠡᠨ ᠪᠠᠶᠢᠳᠠᠯ
ᠨᠡᠶᠢᠲᠡᠯᠡᠭᠰᠡᠨ ᠴᠠᠭ᠄
2024/10/29
     1. ᠭᠠᠵᠠᠷ ᠣᠷᠣᠨ ᠤ ᠦᠢᠯᠡᠳᠪᠦᠷᠢᠯᠡᠯ ᠤᠨ ᠪᠥᠬᠦ ᠥᠷᠲᠡᠭ ᠨᠡᠶᠢᠲᠡ 71.0 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 5.3%᠎ ᠪᠠᠷ ᠨᠡᠮᠡᠭᠳᠡᠪᠡ᠃ ᠡᠭᠦᠨ ᠳᠤ ᠨᠢᠭᠡᠳᠦᠭᠡᠷ ᠠᠵᠤ ᠦᠢᠯᠡᠰ ᠤᠨ ᠨᠡᠮᠡᠭᠳᠡᠯ ᠥᠷᠲᠡᠭ 6.3 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 57.8%᠎ ᠪᠠᠷ ᠨᠡᠮᠡᠭᠳᠡᠵᠦ᠂ ᠬᠤᠶᠠᠳᠤᠭᠠᠷ ᠠᠵᠤ ᠦᠢᠯᠡᠰ ᠤᠨ ᠨᠡᠮᠡᠭᠳᠡᠯ ᠥᠷᠲᠡᠭ 41.0 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 8.0%᠎ ᠪᠠᠷ ᠨᠡᠮᠡᠭᠳᠡᠵᠦ᠂ ᠭᠤᠷᠪᠠᠳᠤᠭᠠᠷ ᠠᠵᠤ ᠦᠢᠯᠡᠰ ᠤᠨ ᠨᠡᠮᠡᠭᠳᠡᠯ ᠥᠷᠲᠡᠭ 23.7 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠎ ᠬᠢ ᠠᠴᠠ 1.2%᠎ ᠢᠶᠠᠷ ᠨᠡᠮᠡᠭᠳᠡᠪᠡ᠃ ᠭᠤᠷᠪᠠᠨ ᠠᠵᠤ ᠦᠢᠯᠡᠰ ᠤᠨ ᠪᠦᠲᠦᠴᠡ ᠶᠢᠨ ᠬᠠᠷᠢᠴᠠᠯ ᠨᠢ 8.9᠄ 57.7᠄ 33.4᠃      2. ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠠᠵᠤ ᠠᠬᠤᠶᠢᠯᠠᠯ ᠤᠨ ᠦᠢᠯᠡᠳᠬᠦᠨ ᠤ ᠶᠡᠷᠦᠩᠬᠡᠢ ᠥᠷᠲᠡᠭ ᠨᠡᠶᠢᠲᠡ 82.8 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 21.7%᠎ ᠪᠠᠷ ᠨᠡᠮᠡᠭᠳᠡᠪᠡ︔ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠦᠷᠲᠡᠭ ᠠᠳᠠᠯᠢ ᠬᠤᠭᠤᠴᠠᠭᠠᠨ ᠤ ᠬᠢ ᠠᠴᠠ 8.7%᠎ ᠢᠶᠠᠷ ᠨᠡᠮᠡᠭᠳᠡᠪᠡ᠃      3. ᠬᠡᠪᠴᠢᠶᠡᠵᠢᠯ ᠠᠴᠠ ᠳᠡᠭᠡᠭᠰᠢᠬᠢ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠨᠡᠶᠢᠲᠡ 38.1 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 42.1%᠎ ᠪᠠᠷ ᠨᠡᠮᠡᠭᠳᠡᠪᠡ᠃      4. ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠭᠰᠠᠨ ᠪᠦᠬᠦ ᠲᠤᠭ᠎ᠠ 11.0 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 0.5%᠎ ᠪᠠᠷ ᠨᠡᠮᠡᠭᠳᠡᠪᠡ᠃      5. ᠪᠦᠬᠦ ᠰᠠᠭᠤᠭᠠᠯᠢ ᠠᠷᠠᠳ ᠤᠨ ᠬᠥᠮᠥᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ 14313 ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠠᠴᠠ 5.4% ᠨᠡᠮᠡᠭᠳᠡᠵᠡᠢ᠃ ᠡᠭᠦᠨ ᠳᠤ᠂ ᠬᠤᠲᠠ ᠪᠠᠯᠭᠠᠰᠤᠨ ᠤ ᠰᠠᠭᠤᠭᠠᠯᠢ ᠠᠷᠠᠳ ᠤᠨ ᠬᠥᠮᠥᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ 19607 ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 3.9% ᠨᠡᠮᠡᠭᠳᠡᠪᠡ︔ ᠮᠠᠯᠵᠢᠬᠤ ᠲᠠᠷᠢᠶᠠᠯᠠᠬᠤ ᠣᠷᠣᠨ ᠤ ᠰᠠᠭᠤᠭᠠᠯᠢ ᠠᠷᠠᠳ ᠤᠨ ᠬᠥᠮᠥᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ 7945 ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 7.0% ᠨᠡᠮᠡᠭᠳᠡᠪᠡ᠃
 
ᠢᠷᠡᠯᠲᠡ᠄ ᠬᠡᠰᠢᠭᠲᠡᠨ ᠬᠣᠰᠢᠭᠤᠨ ᠤ ᠠᠷᠠᠳ ᠤᠨ ᠵᠠᠰᠠᠭ ᠤᠨ ᠣᠷᠳᠣᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备09001939号