ᠳᠡᠭᠡᠷ᠎ᠡ ᠬᠠᠭᠠᠰ ᠵᠢᠯ ᠳᠤ᠂ ᠬᠡᠰᠢᠭᠲᠡᠨ ᠬᠤᠰᠢᠭᠤᠨ ᠤ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ | 82.77 ᠳ᠋ᠦᠩᠰᠢᠭᠤᠷ ᠲᠥᠭᠦᠷᠢᠭ ᠤᠨ ᠠᠵᠤ ᠦᠢᠯᠡᠳᠪᠦᠷᠢ ᠶᠢᠨ ᠦᠢᠯᠡᠳᠬᠦᠨ ᠤ ᠶᠡᠷᠦᠩᠬᠡᠢ ᠥᠷᠲᠡᠭ ᠢ | ᠪᠡᠶᠡᠯᠡᠭᠦᠯᠵᠦ᠂ ᠠᠳᠠᠯᠢ ᠬᠤᠭᠤᠴᠠᠭᠠᠨ ᠤ ᠬᠢ ᠠᠴᠠ 21.65% ᠪᠠᠷ ᠨᠡᠮᠡᠭᠳᠡᠪᠡ᠃ ᠠᠵᠤ ᠦᠢᠯᠡᠳᠪᠦᠷᠢ ᠶᠢᠨ | ᠨᠡᠮᠡᠭᠳᠡᠯ ᠥᠷᠲᠡᠭ ᠤᠨ ᠨᠡᠮᠡᠭᠳᠡᠯ ᠤᠨ ᠬᠤᠷᠳᠤᠴᠠ ᠠᠳᠠᠯᠢ ᠬᠤᠭᠤᠴᠠᠭᠠᠨ ᠤ ᠬᠢ ᠠᠴᠠ 8.7% ᠨᠡᠮᠡᠭᠳᠡᠪᠡ᠃ | ᠳᠡᠭᠡᠷ᠎ᠡ ᠬᠠᠭᠠᠰ ᠵᠢᠯ ᠳᠤ ᠪᠥᠬᠦ ᠬᠤᠰᠢᠭᠤᠨ ᠤ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠠᠵᠤ | ᠠᠬᠤᠶᠢᠯᠠᠯ ᠤᠨ ᠡᠵᠡᠩᠨᠡᠯᠲᠡ ᠶᠢᠨ ᠣᠷᠣᠯᠭ᠎ᠠ 83.86 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ | ᠬᠤᠭᠤᠴᠠᠭᠠᠨ ᠤ ᠬᠢ ᠠᠴᠠ 20% ᠪᠠᠷ ᠨᠡᠮᠡᠭᠳᠡᠪᠡ᠃ | ᠭᠤᠷᠪᠠᠨ ᠶᠡᠭᠡ ᠲᠦᠷᠦᠯ ᠵᠦᠢᠯ ᠤᠨ ᠬᠤᠶᠠᠷ ᠨᠢ ᠳᠡᠭᠡᠭᠰᠢᠯᠡᠵᠦ ᠨᠢᠭᠡ ᠨᠢ ᠪᠠᠭᠤᠷᠠᠪᠠ᠃ ᠳᠡᠭᠡᠷ᠎ᠡ ᠬᠠᠭᠠᠰ | ᠵᠢᠯ ᠤᠨ ᠠᠭᠤᠷᠬᠠᠢ ᠶᠢᠨ ᠦᠢᠯᠡᠰ ᠤᠨ ᠠᠵᠤ ᠦᠢᠯᠡᠳᠪᠦᠷᠢ ᠶᠢᠨ ᠨᠡᠮᠡᠭᠳᠡᠯ ᠥᠷᠲᠡᠭ ᠠᠳᠠᠯᠢ ᠬᠤᠭᠤᠴᠠᠭᠠᠨ ᠤ | ᠬᠢ ᠠᠴᠠ 6.5% ᠪᠠᠷ ᠨᠡᠮᠡᠭᠳᠡᠪᠡ︔ ᠦᠢᠯᠡᠳᠬᠦ ᠦᠢᠯᠡᠰ ᠤᠨ ᠠᠵᠤ ᠦᠢᠯᠡᠳᠪᠦᠷᠢ ᠶᠢᠨ ᠨᠡᠮᠡᠭᠳᠡᠯ ᠥᠷᠲᠡᠭ | ᠠᠳᠠᠯᠢ ᠬᠤᠭᠤᠴᠠᠭᠠᠨ ᠤ ᠬᠢ ᠠᠴᠠ 9.9% ᠪᠠᠷ ᠪᠠᠭᠤᠷᠠᠪᠠ︔ ᠴᠠᠬᠢᠯᠭᠠᠨ ᠬᠦᠴᠦᠨ᠂ ᠢᠯᠴᠢ ᠶᠢᠨ ᠬᠦᠴᠦᠨ᠂ | ᠰᠢᠲᠠᠮᠠᠬᠠᠢ ᠬᠡᠢ ᠵᠢᠴᠢ ᠤᠰᠤᠨ ᠤ ᠦᠢᠯᠡᠳᠪᠦᠷᠢᠯᠡᠯ ᠪᠠ ᠬᠠᠩᠭᠠᠯᠭ᠎ᠠ ᠶᠢᠨ ᠦᠢᠯᠡᠰ ᠤᠨ ᠠᠵᠤ ᠦᠢᠯᠡᠳᠪᠦᠷᠢ ᠶᠢᠨ | ᠨᠡᠮᠡᠭᠳᠡᠯ ᠥᠷᠲᠡᠭ ᠠᠳᠠᠯᠢ ᠬᠤᠭᠤᠴᠠᠭᠠᠨ ᠤ ᠬᠢ ᠠᠴᠠ 27.0% ᠪᠠᠷ ᠨᠡᠮᠡᠭᠳᠡᠪᠡ᠃ | ᠳᠡᠭᠡᠷ᠎ᠡ ᠬᠠᠭᠠᠰ ᠵᠢᠯ ᠳᠤ ᠪᠥᠬᠦ ᠬᠤᠰᠢᠭᠤᠨ ᠤ ᠪᠦᠷᠢᠳᠬᠡᠭᠰᠡᠨ 12 ᠵᠦᠢᠯ ᠤᠨ ᠦᠢᠯᠡᠳᠬᠦᠨ ᠤ ᠳᠣᠲᠣᠷ᠎ᠠ | ᠲᠠᠪᠤ ᠨᠢ ᠳᠡᠭᠡᠭᠰᠢᠯᠡᠵᠦ ᠳᠣᠯᠤᠭ᠎ᠠ ᠨᠢ ᠪᠠᠭᠤᠷᠠᠵᠤ᠂ ᠬᠦᠬᠦᠷ ᠤᠨ ᠭᠠᠷᠤᠯᠲᠠ ᠠᠳᠠᠯᠢ ᠬᠤᠭᠤᠴᠠᠭᠠᠨ ᠤ ᠬᠢ ᠠᠴᠠ | 94.95% ᠪᠠᠷ ᠨᠡᠮᠡᠭᠳᠡᠪᠡ︔ ᠸᠣᠯᠹᠷᠠᠮ ᠤᠨ ᠨᠠᠷᠢᠯᠢᠭ ᠬᠦᠳᠡᠷ ᠤᠨ ᠨᠤᠭᠤᠯᠤᠨ ᠪᠤᠳᠤᠭᠰᠠᠨ ᠬᠡᠮᠵᠢᠶ᠎ᠡ ᠠᠳᠠᠯᠢ | ᠬᠤᠭᠤᠴᠠᠭᠠᠨ ᠤ ᠬᠢ ᠠᠴᠠ 36.06% ᠪᠠᠷ ᠨᠡᠮᠡᠭᠳᠡᠪᠡ︔ ᠬᠦᠬᠦᠷ ᠬᠦᠴᠢᠯ ︵100% ᠪᠠᠷ ᠨᠤᠭᠤᠯᠵᠤ | ᠪᠤᠳᠤᠨ᠎ᠠ︶ ᠠᠳᠠᠯᠢ ᠬᠤᠭᠤᠴᠠᠭᠠᠨ ᠤ ᠬᠢ ᠠᠴᠠ 1.72% ᠢᠶᠠᠷ ᠨᠡᠮᠡᠭᠳᠡᠪᠡ︔ ᠮᠣᠯᠢᠪᠳᠧᠨ ᠤ ᠨᠠᠷᠢᠯᠢᠭ | ᠬᠦᠳᠡᠷ ᠤᠨ ᠨᠤᠭᠤᠯᠤᠨ ᠪᠤᠳᠤᠭᠰᠠᠨ ᠬᠡᠮᠵᠢᠶ᠎ᠡ ︵ᠴᠡᠪᠡᠷ ᠮᠣᠯᠢᠪᠳᠧᠨ ᠤ 45%︶ ᠠᠳᠠᠯᠢ ᠬᠤᠭᠤᠴᠠᠭᠠᠨ ᠤ | ᠬᠢ ᠠᠴᠠ 47% ᠪᠠᠷ ᠨᠡᠮᠡᠭᠳᠡᠪᠡ︔ ᠠᠷᠪᠠᠨ ᠵᠦᠢᠯ ᠤᠨ ᠥᠩᠭᠡᠲᠦ ᠲᠡᠮᠦᠷᠯᠢᠭ ᠠᠳᠠᠯᠢ ᠬᠤᠭᠤᠴᠠᠭᠠᠨ ᠤ ᠬᠢ ᠠᠴᠠ | 1.72% ᠢᠶᠠᠷ ᠨᠡᠮᠡᠭᠳᠡᠪᠡ︔ ᠲᠡᠮᠦᠷ ᠤᠨ ᠨᠠᠷᠢᠯᠢᠭ ᠬᠦᠳᠡᠷ ᠤᠨ ᠭᠠᠷᠤᠯᠲᠠ ᠠᠳᠠᠯᠢ ᠬᠤᠭᠤᠴᠠᠭᠠᠨ ᠤ ᠬᠢ ᠠᠴᠠ | 14.7% ᠪᠠᠷ ᠪᠠᠭᠤᠷᠠᠪᠠ︔ ᠲᠤᠭᠤᠯᠭᠠᠨ ᠲᠡᠮᠦᠷᠯᠢᠭ ᠤᠨ ᠭᠠᠷᠤᠯᠲᠠ ᠠᠳᠠᠯᠢ ᠬᠤᠭᠤᠴᠠᠭᠠᠨ ᠤ ᠬᠢ ᠠᠴᠠ 1. | 72% ᠢᠶᠠᠷ ᠪᠠᠭᠤᠷᠠᠪᠠ︔ ᠴᠠᠶᠢᠷ ᠤᠨ ᠲᠡᠮᠦᠷᠯᠢᠭ ᠤᠨ ᠭᠠᠷᠤᠯᠲᠠ ᠠᠳᠠᠯᠢ ᠬᠤᠭᠤᠴᠠᠭᠠᠨ ᠤ ᠬᠢ ᠠᠴᠠ 10. | 04% ᠪᠠᠷ ᠪᠠᠭᠤᠷᠠᠪᠠ︔ ᠵᠡᠰ ᠲᠡᠮᠦᠷᠯᠢᠭ ᠤᠨ ᠭᠠᠷᠤᠯᠲᠠ ᠠᠳᠠᠯᠢ ᠬᠤᠭᠤᠴᠠᠭᠠᠨ ᠤ ᠬᠢ ᠠᠴᠠ 8.34% ᠪᠠᠷ | ᠪᠠᠭᠤᠷᠠᠪᠠ︔ ᠴᠠᠭᠠᠨ ᠲᠤᠭᠤᠯᠭ᠎ᠠ ᠶᠢᠨ ᠲᠡᠮᠦᠷᠯᠢᠭ ᠤᠨ ᠠᠭᠤᠯᠤᠭᠳᠠᠴᠠ ᠠᠳᠠᠯᠢ ᠬᠤᠭᠤᠴᠠᠭᠠᠨ ᠤ ᠬᠢ ᠠᠴᠠ 3. | 09% ᠪᠠᠷ ᠪᠠᠭᠤᠷᠠᠪᠠ︔ ᠴᠠᠭᠠᠨ ᠮᠥᠩᠭᠦᠨ ᠤ ᠭᠠᠷᠤᠯᠲᠠ ᠠᠳᠠᠯᠢ ᠬᠤᠭᠤᠴᠠᠭᠠᠨ ᠤ ᠬᠢ ᠠᠴᠠ 28.64% ᠪᠠᠷ | ᠪᠠᠭᠤᠷᠠᠪᠠ︔ ᠠᠯᠲᠠᠨ ᠤ ᠭᠠᠷᠤᠯᠲᠠ ᠠᠳᠠᠯᠢ ᠬᠤᠭᠤᠴᠠᠭᠠᠨ ᠤ ᠬᠢ ᠠᠴᠠ 4.8% ᠪᠠᠷ ᠪᠠᠭᠤᠷᠠᠪᠠ᠃ | |