ᠳᠡᠭᠡᠷ᠎ᠡ ᠬᠠᠭᠠᠰ ᠵᠢᠯ ᠳᠤ᠂ ᠪᠥᠬᠦ ᠬᠤᠰᠢᠭᠤᠨ ᠤ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠠᠳᠠᠯᠢ | ᠬᠤᠭᠤᠴᠠᠭᠠᠨ ᠤ ᠬᠢ ᠠᠴᠠ 42.1% ᠪᠠᠷ ᠨᠡᠮᠡᠭᠳᠡᠪᠡ᠃ ᠡᠭᠦᠨ ᠳᠤ 500 ᠲᠦᠮᠡᠨ ᠲᠥᠭᠦᠷᠢᠭ ᠵᠢᠴᠢ | ᠲᠡᠭᠦᠨ ᠠᠴᠠ ᠳᠡᠭᠡᠭᠰᠢᠬᠢ ᠲᠥᠷᠥᠯ ᠵᠦᠢᠯ ᠤᠨ ᠪᠡᠯᠡ ᠣᠷᠣᠭᠤᠯᠤᠯᠲᠠ 50.5% ᠪᠠᠷ ᠨᠡᠮᠡᠭᠳᠡᠵᠦ᠂ ᠭᠡᠷ ᠪᠠᠶᠢᠰᠢᠩ | ᠭᠠᠵᠠᠷ ᠬᠥᠷᠥᠩᠭᠡ ᠶᠢᠨ ᠨᠡᠭᠡᠭᠡᠨ ᠬᠥᠭᠵᠢᠭᠦᠯᠦᠯᠲᠡ ᠶᠢᠨ ᠪᠡᠯᠡ ᠣᠷᠣᠭᠤᠯᠤᠯᠲᠠ 100% ᠪᠠᠷ ᠪᠠᠭᠤᠷᠠᠪᠠ᠃ ᠠᠵᠤ | ᠦᠢᠯᠡᠰ ᠤᠨ ᠲᠠᠯ᠎ᠠ ᠠᠴᠠ ᠦᠵᠡᠪᠡᠯ᠂ ᠨᠢᠭᠡᠳᠦᠭᠡᠷ ᠠᠵᠤ ᠦᠢᠯᠡᠰ ᠤᠨ ᠪᠡᠯᠡ ᠣᠷᠣᠭᠤᠯᠤᠯᠲᠠ 429.3% ᠪᠠᠷ | ᠨᠡᠮᠡᠭᠳᠡᠵᠦ᠂ ᠬᠤᠶᠠᠳᠤᠭᠠᠷ ᠠᠵᠤ ᠦᠢᠯᠡᠰ ᠤᠨ ᠪᠡᠯᠡ ᠣᠷᠣᠭᠤᠯᠤᠯᠲᠠ 82.7% ᠪᠠᠷ ᠨᠡᠮᠡᠭᠳᠡᠵᠦ᠂ ᠭᠤᠷᠪᠠᠳᠤᠭᠠᠷ | ᠠᠵᠤ ᠦᠢᠯᠡᠰ ᠤᠨ ᠪᠡᠯᠡ ᠣᠷᠣᠭᠤᠯᠤᠯᠲᠠ 48.8% ᠪᠠᠷ ᠪᠠᠭᠤᠷᠠᠪᠠ᠃ ᠭᠤᠣᠯᠳᠠᠯᠭ᠎ᠠ ᠲᠠᠢ ᠬᠦᠷᠢᠶᠡᠨ ᠤ ᠪᠡᠯᠡ | ᠣᠷᠣᠭᠤᠯᠤᠯᠲᠠ ᠠᠴᠠ ᠦᠵᠡᠪᠡᠯ᠂ ᠠᠵᠤ ᠦᠢᠯᠡᠳᠪᠦᠷᠢ ᠶᠢᠨ ᠪᠡᠯᠡ ᠣᠷᠣᠭᠤᠯᠤᠯᠲᠠ 82.7% ᠪᠠᠷ ᠨᠡᠮᠡᠭᠳᠡᠵᠦ᠂ | ᠪᠦᠬᠦ ᠪᠡᠯᠡ ᠣᠷᠣᠭᠤᠯᠤᠯᠲᠠ ᠶᠢᠨ ᠨᠡᠮᠡᠭᠳᠡᠯ ᠤᠨ ᠬᠤᠷᠳᠤᠴᠠ ᠶᠢ 37.6 ᠵᠠᠭᠤᠨ ᠤ ᠨᠢᠭᠡᠴᠢ ᠳᠠᠶᠢᠴᠢᠯᠠᠭᠰᠠᠨ | ᠪᠠᠶᠢᠨ᠎ᠠ᠃ ᠡᠭᠦᠨ ᠳᠤ ᠴᠠᠬᠢᠯᠭᠠᠨ ᠬᠦᠴᠦᠨ᠂ ᠢᠯᠴᠢ ᠶᠢᠨ ᠬᠦᠴᠦᠨ᠂ ᠰᠢᠲᠠᠮᠠᠬᠠᠢ ᠬᠡᠢ ᠵᠢᠴᠢ ᠤᠰᠤᠨ ᠤ | ᠦᠢᠯᠡᠳᠪᠦᠷᠢᠯᠡᠯ ᠪᠠ ᠬᠠᠩᠭᠠᠯᠭ᠎ᠠ ᠶᠢᠨ ᠦᠢᠯᠡᠰ ᠤᠨ ᠪᠡᠯᠡ ᠣᠷᠣᠭᠤᠯᠤᠯᠲᠠ 111% ᠪᠠᠷ ᠨᠡᠮᠡᠭᠳᠡᠵᠦ᠂ ᠪᠥᠬᠦ | ᠪᠡᠯᠡ ᠣᠷᠣᠭᠤᠯᠤᠯᠲᠠ ᠶᠢᠨ ᠨᠡᠮᠡᠭᠳᠡᠯ ᠤᠨ ᠬᠤᠷᠳᠤᠴᠠ ᠶᠢ 38.9 ᠵᠠᠭᠤᠨ ᠤ ᠨᠢᠭᠡᠴᠢ ᠳᠠᠶᠢᠴᠢᠯᠠᠪᠠ᠃ |