ᠬᠠᠮᠲᠤᠷᠠᠨ ᠡᠵᠡᠩᠨᠡᠬᠦ ︵ᠬᠤᠪᠢ ᠣᠷᠣᠬᠤ︶ ᠠᠷᠭ᠎ᠠ ᠮᠠᠶ᠋ᠢᠭ ᠢᠶᠠᠷ ᠬᠠᠮᠲᠤ ᠪᠠᠷ ᠭᠠᠵᠠᠷ ᠬᠡᠷᠡᠭᠯᠡᠬᠦ ᠬᠢᠨᠠᠨ ᠵᠥᠪᠰᠢᠶᠡᠷᠡᠯ ᠢ ᠭᠦᠢᠴᠡᠳᠬᠡᠬᠦ ᠲᠤᠬᠠᠢ ᠬᠡᠰᠢᠭᠲᠡᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠲᠦᠷ ᠬᠡᠷᠡᠭᠵᠢᠭᠦᠯᠬᠦ ᠲᠣᠭᠲᠠᠭᠠᠯ ᠤᠨ ᠲᠦᠷᠦ ᠶᠢᠨ ᠪᠣᠳᠣᠯᠭ᠎ᠠ ᠶᠢᠨ ᠲᠠᠶᠢᠯᠤᠮᠵᠢ
ᠨᠡᠶᠢᠲᠡᠯᠡᠭᠰᠡᠨ ᠴᠠᠭ᠄
2024/11/1
     ᠬᠤᠰᠢᠭᠤᠨ ᠤ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ ︵2024 ᠣᠨ ᠤ 6 ᠰᠠᠷ᠎ᠠ︶          ᠭᠠᠵᠠᠷ ᠰᠢᠷᠣᠢ ᠲᠠᠲᠠᠪᠤᠷᠢᠯᠠᠬᠤ ᠳᠦᠷᠢᠮ ᠤᠨ ᠥᠭᠡᠷᠡᠴᠢᠯᠡᠯᠲᠡ ᠶᠢ ᠨᠠᠶᠢᠳᠠᠪᠤᠷᠢᠵᠢᠭᠤᠯᠵᠤ᠂ ᠬᠠᠮᠲᠤᠷᠠᠨ ᠡᠵᠡᠩᠨᠡᠬᠦ ︵ᠬᠤᠪᠢ ᠣᠷᠣᠬᠤ︶ ᠠᠷᠭ᠎ᠠ ᠮᠠᠶ᠋ᠢᠭ ᠢᠶᠠᠷ ᠬᠠᠮᠲᠤ ᠶᠢᠨ ᠭᠠᠵᠠᠷ ᠬᠡᠷᠡᠭᠯᠡᠬᠦ ᠶᠢ ᠬᠢᠨᠠᠨ ᠵᠥᠪᠰᠢᠶᠡᠷᠡᠭᠦᠯᠬᠦ ᠬᠠᠮᠢᠶᠠᠷᠤᠯᠲᠠ ᠶᠢ ᠵᠢᠷᠤᠮᠵᠢᠭᠤᠯᠵᠤ᠂ ᠬᠥᠳᠡᠭᠡ ᠲᠣᠰᠬᠤᠨ ᠤ ᠬᠠᠮᠲᠤ ᠶᠢᠨ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠰᠢᠷᠣᠢ ᠶᠢᠨ ᠥᠮᠴᠢᠯᠡᠭᠴᠢ ᠪᠠ ᠬᠡᠷᠡᠭᠯᠡᠭᠴᠢ ᠶᠢᠨ ᠬᠠᠤᠯᠢ ᠶᠣᠰᠣᠨ ᠤ ᠡᠷᠬᠡ ᠠᠰᠢᠭ ᠢ ᠪᠠᠲᠤᠯᠠᠬᠤ ᠶᠢᠨ ᠲᠥᠯᠥᠭᠡ᠂ ᠮᠠᠨ ᠤ ᠲᠣᠪᠴᠢᠶ᠎ᠠ ᠠᠴᠠ ︽ᠬᠠᠮᠲᠤᠷᠠᠨ ᠡᠵᠡᠩᠨᠡᠬᠦ ︵ᠬᠤᠪᠢ ᠣᠷᠣᠬᠤ︶ ᠠᠷᠭ᠎ᠠ ᠮᠠᠶ᠋ᠢᠭ ᠢᠶᠠᠷ ᠬᠠᠮᠲᠤ ᠶᠢᠨ ᠭᠠᠵᠠᠷ ᠬᠡᠷᠡᠭᠯᠡᠬᠦ ᠬᠢᠨᠠᠨ ᠵᠥᠪᠰᠢᠶᠡᠷᠡᠯ ᠢ ᠭᠦᠢᠴᠡᠳᠬᠡᠬᠦ ᠲᠤᠬᠠᠢ ᠬᠡᠰᠢᠭᠲᠡᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠲᠦᠷ ᠬᠡᠷᠡᠭᠵᠢᠭᠦᠯᠬᠦ ᠲᠣᠭᠲᠠᠭᠠᠯ︾᠎ ᠢ ᠲᠣᠭᠲᠠᠭᠠᠪᠠ᠂ ᠡᠳᠦᠭᠡ ᠳᠡᠭᠡᠷ᠎ᠡ ᠳᠤᠷᠠᠳᠤᠭᠰᠠᠨ ᠲᠦᠷ ᠬᠡᠷᠡᠭᠵᠢᠭᠦᠯᠬᠦ ᠲᠣᠭᠲᠠᠭᠠᠯ ᠤᠨ ᠬᠠᠮᠢᠶ᠎ᠠ ᠪᠦᠬᠦᠢ ᠲᠥᠷᠥ ᠶᠢᠨ ᠪᠣᠳᠣᠯᠭ᠎ᠠ ᠳᠤ ᠲᠠᠶᠢᠯᠤᠮᠵᠢ ᠬᠢᠪᠡ᠃      ᠨᠢᠭᠡ᠂ ᠬᠠᠮᠲᠤᠷᠠᠨ ᠡᠵᠡᠩᠨᠡᠬᠦ ︵ᠬᠤᠪᠢ ᠣᠷᠣᠬᠤ︶ ᠠᠷᠭ᠎ᠠ ᠮᠠᠶ᠋ᠢᠭ ᠢᠶᠠᠷ ᠬᠠᠮᠲᠤ ᠶᠢᠨ ᠭᠠᠵᠠᠷ ᠬᠡᠷᠡᠭᠯᠡᠬᠦ ᠶᠢ ᠬᠢᠨᠠᠨ ᠵᠥᠪᠰᠢᠶᠡᠷᠡᠭᠦᠯᠬᠦ ᠲᠦᠷ ᠬᠡᠷᠡᠭᠵᠢᠭᠦᠯᠬᠦ ᠲᠣᠭᠲᠠᠭᠠᠯ ᠢ ᠲᠣᠭᠲᠠᠭᠠᠭᠰᠠᠨ ᠦᠨᠳᠦᠰᠦᠯᠡᠯ ᠨᠢ ᠶᠠᠭᠤ ᠪᠣᠶ︖      ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠭᠠᠵᠠᠷ ᠰᠢᠷᠣᠢ ᠶᠢᠨ ᠬᠠᠮᠢᠶᠠᠷᠤᠯᠲᠠ ᠶᠢᠨ ᠬᠠᠤᠯᠢ ︾ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠭᠠᠵᠠᠷ ᠰᠢᠷᠣᠢ ᠶᠢᠨ ᠬᠠᠮᠢᠶᠠᠷᠤᠯᠲᠠ ᠶᠢᠨ ᠬᠠᠤᠯᠢ ᠶᠢ ᠬᠡᠷᠡᠭᠵᠢᠭᠦᠯᠬᠦ ᠳᠦᠷᠢᠮ︾ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ︿ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠭᠠᠵᠠᠷ ᠰᠢᠷᠣᠢ ᠶᠢᠨ ᠬᠠᠮᠢᠶᠠᠷᠤᠯᠲᠠ ᠶᠢᠨ ᠬᠠᠤᠯᠢ﹀᠎ ᠶᠢ ᠬᠡᠷᠡᠭᠵᠢᠭᠦᠯᠬᠦ ᠠᠷᠭ᠎ᠠ︾ ︽ᠬᠠᠮᠲᠤᠷᠠᠨ ᠡᠵᠡᠩᠨᠡᠬᠦ ︵ᠬᠤᠪᠢ ᠣᠷᠣᠬᠤ︶ ᠠᠷᠭ᠎ᠠ ᠮᠠᠶ᠋ᠢᠭ ᠢᠶᠠᠷ ᠬᠠᠮᠲᠤ ᠶᠢᠨ ᠭᠠᠵᠠᠷ ᠬᠡᠷᠡᠭᠯᠡᠬᠦ ᠬᠢᠨᠠᠨ ᠵᠥᠪᠰᠢᠶᠡᠷᠡᠯ ᠤᠨ ᠵᠢᠷᠤᠮ ᠢ ᠵᠢᠷᠤᠮᠵᠢᠭᠤᠯᠬᠤ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ ᠤᠨ ᠪᠢᠴᠢᠭ︾ ︵ᠥᠪᠥᠷ ᠪᠠᠶᠢᠭᠠᠯᠢ ᠪᠠᠶᠠᠯᠢᠭ ᠪᠢᠴᠢᠭ ﹇2023﹈ 1027 ᠳ᠋ᠤᠭᠠᠷ ᠲᠣᠭᠠᠲᠤ︶ ᠵᠡᠷᠭᠡ ᠪᠢᠴᠢᠭ ᠮᠠᠲ᠋ᠧᠷᠢᠶᠠᠯ ᠤᠨ ᠲᠣᠭᠲᠠᠭᠠᠯ ᠢ ᠦᠨᠳᠦᠰᠦᠯᠡᠵᠦ᠂ ᠬᠡᠰᠢᠭᠲᠡᠨ ᠬᠤᠰᠢᠭᠤᠨ ᠤ ᠪᠣᠳᠠᠲᠤ ᠪᠠᠶᠢᠳᠠᠯ ᠲᠠᠢ ᠤᠶᠠᠯᠳᠤᠭᠤᠯᠵᠤ᠂ ︽ᠬᠠᠮᠲᠤᠷᠠᠨ ᠡᠵᠡᠩᠨᠡᠬᠦ ︵ᠬᠤᠪᠢ ᠣᠷᠣᠬᠤ︶ ᠠᠷᠭ᠎ᠠ ᠮᠠᠶ᠋ᠢᠭ ᠢᠶᠠᠷ ᠬᠠᠮᠲᠤ ᠶᠢᠨ ᠭᠠᠵᠠᠷ ᠬᠡᠷᠡᠭᠯᠡᠬᠦ ᠬᠢᠨᠠᠨ ᠵᠥᠪᠰᠢᠶᠡᠷᠡᠯ ᠢ ᠭᠦᠢᠴᠡᠳᠬᠡᠬᠦ ᠲᠤᠬᠠᠢ ᠬᠡᠰᠢᠭᠲᠡᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠲᠦᠷ ᠬᠡᠷᠡᠭᠵᠢᠭᠦᠯᠬᠦ ᠲᠣᠭᠲᠠᠭᠠᠯ︾᠎ ᠢ ᠳᠠᠷᠤᠮᠠᠯᠯᠠᠨ ᠲᠠᠷᠬᠠᠭᠠᠪᠠ᠃      ᠬᠤᠶᠠᠷ᠂ ᠬᠠᠮᠲᠤᠷᠠᠨ ᠡᠵᠡᠩᠨᠡᠬᠦ ︵ᠬᠤᠪᠢ ᠣᠷᠣᠬᠤ︶ ᠠᠷᠭ᠎ᠠ ᠮᠠᠶ᠋ᠢᠭ ᠢᠶᠠᠷ ᠬᠠᠮᠲᠤ ᠶᠢᠨ ᠭᠠᠵᠠᠷ ᠬᠡᠷᠡᠭᠯᠡᠬᠦ ᠬᠢᠨᠠᠨ ᠵᠥᠪᠰᠢᠶᠡᠷᠡᠯ ᠢ ᠭᠦᠢᠴᠡᠳᠬᠡᠬᠦ ᠲᠦᠷ ᠬᠡᠷᠡᠭᠵᠢᠭᠦᠯᠬᠦ ᠲᠣᠭᠲᠠᠭᠠᠯ ᠢ ᠲᠤᠭᠤᠷᠪᠢᠭᠰᠠᠨ ᠵᠣᠷᠢᠯᠭ᠎ᠠ ᠨᠢ ᠶᠠᠭᠤ ᠪᠣᠶ︖      ᠬᠠᠮᠲᠤ ᠶᠢᠨ ᠭᠠᠵᠠᠷ ᠰᠢᠷᠣᠢ ᠬᠡᠷᠡᠭᠯᠡᠬᠦ ᠬᠢᠨᠠᠨ ᠵᠥᠪᠰᠢᠶᠡᠷᠡᠯ ᠤᠨ ᠲᠦᠷ ᠬᠡᠷᠡᠭᠵᠢᠭᠦᠯᠬᠦ ᠲᠣᠭᠲᠠᠭᠠᠯ ᠢ ᠲᠣᠭᠲᠠᠭᠠᠭᠰᠠᠨ ᠨᠢ᠂ ᠡᠵᠡᠩᠨᠡᠯᠲᠡ ᠶᠢᠨ ᠣᠷᠴᠢᠨ ᠲᠣᠭᠤᠷᠢᠨ ᠢ ᠰᠢᠯᠢᠳᠡᠭᠵᠢᠭᠦᠯᠬᠦ᠂ ᠪᠣᠳᠠᠲᠤ ᠴᠣᠭᠴᠠ ᠶᠢᠨ ᠠᠵᠤ ᠠᠬᠤᠢ ᠶᠢᠨ ᠬᠥᠭᠵᠢᠯᠲᠡ ᠶᠢ ᠳᠡᠮᠵᠢᠬᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠬᠦᠴᠦᠨ ᠨᠡᠮᠡᠷᠢᠯᠡᠬᠦ ᠴᠢᠬᠤᠯᠠ ᠠᠷᠭ᠎ᠠ ᠬᠡᠮᠵᠢᠶ᠎ᠡ ᠪᠣᠯᠣᠨ᠎ᠠ᠂ ᠭᠠᠵᠠᠷ ᠰᠢᠷᠣᠢ ᠲᠠᠲᠠᠪᠤᠷᠢᠯᠠᠬᠤ ᠳᠦᠷᠢᠮ ᠤᠨ ᠥᠭᠡᠷᠡᠴᠢᠯᠡᠯᠲᠡ ᠶᠢ ᠨᠠᠶᠢᠳᠠᠪᠤᠷᠢᠵᠢᠭᠤᠯᠵᠤ᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠭᠠᠵᠠᠷ ᠰᠢᠷᠣᠢ ᠶᠢᠨ ᠬᠠᠮᠢᠶᠠᠷᠤᠯᠲᠠ ᠶᠢᠨ ᠬᠠᠤᠯᠢ︾᠎ ᠶᠢᠨ ᠳᠥᠴᠢᠨ ᠲᠠᠪᠤᠳᠤᠭᠠᠷ ᠵᠦᠢᠯ ᠤᠨ ᠲᠠᠲᠠᠪᠤᠷᠢᠯᠠᠬᠤ ᠬᠡᠪᠴᠢᠶᠡᠨ ᠳᠤ ᠲᠣᠭᠲᠠᠭᠠᠭᠰᠠᠨ ᠠᠴᠠ ᠭᠠᠳᠠᠨᠠᠬᠢ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠳᠤ ᠬᠡᠷᠡᠭᠯᠡᠬᠦ ᠭᠠᠵᠠᠷ ᠢ ᠬᠢᠨᠠᠨ ᠵᠥᠪᠰᠢᠶᠡᠷᠡᠬᠦ ᠦᠶ᠎ᠡ ᠳᠤ ᠲᠤᠯᠭᠠᠷᠠᠭᠰᠠᠨ ᠲᠠᠲᠠᠪᠤᠷᠢᠯᠠᠬᠤ ᠠᠰᠠᠭᠤᠳᠠᠯ ᠢ ᠰᠢᠢᠳᠪᠦᠷᠢᠯᠡᠵᠦ᠂ ᠬᠥᠳᠡᠭᠡ ᠲᠣᠰᠬᠤᠨ ᠤ ᠬᠠᠮᠲᠤ ᠶᠢᠨ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠤᠨ ᠥᠮᠴᠢᠯᠡᠭᠴᠢ ᠪᠠ ᠬᠡᠷᠡᠭᠯᠡᠭᠴᠢ ᠶᠢᠨ ᠬᠠᠤᠯᠢ ᠶᠣᠰᠣᠨ ᠤ ᠡᠷᠬᠡ ᠠᠰᠢᠭ ᠢ ᠪᠠᠲᠤᠯᠠᠬᠤ ᠵᠠᠶᠢᠯᠠᠰᠢ ᠦᠭᠡᠢ ᠱᠠᠭᠠᠷᠳᠠᠯᠭ᠎ᠠ ᠪᠣᠯᠣᠨ᠎ᠠ᠂ ᠵᠠᠰᠠᠭ ᠤᠨ ᠣᠷᠳᠣᠨ ᠤ ᠵᠠᠰᠠᠯᠲᠠ ᠶᠢᠨ ᠰᠢᠰᠲ᠋ᠧᠮᠵᠢ ᠪᠠ ᠵᠠᠰᠠᠯᠲᠠ ᠶᠢᠨ ᠴᠢᠳᠠᠪᠤᠷᠢ ᠶᠢᠨ ᠣᠳᠣᠬᠢᠴᠢᠯᠠᠯᠲᠠ ᠶᠢ ᠠᠬᠢᠭᠤᠯᠬᠤ ᠳᠤ ᠴᠢᠬᠤᠯᠠ ᠶᠡᠭᠡ ᠠᠴᠢ ᠬᠤᠯᠪᠣᠭᠳᠠᠯ ᠲᠠᠢ ᠶᠤᠮ᠃      ᠭᠤᠷᠪᠠ᠂ ᠬᠠᠮᠲᠤᠷᠠᠨ ᠡᠵᠡᠩᠨᠡᠬᠦ ︵ᠬᠤᠪᠢ ᠣᠷᠣᠬᠤ︶ ᠠᠷᠭ᠎ᠠ ᠮᠠᠶ᠋ᠢᠭ ᠢᠶᠠᠷ ᠬᠠᠮᠲᠤ ᠶᠢᠨ ᠭᠠᠵᠠᠷ ᠬᠡᠷᠡᠭᠯᠡᠬᠦ ᠬᠢᠨᠠᠨ ᠵᠥᠪᠰᠢᠶᠡᠷᠡᠯ ᠢ ᠭᠦᠢᠴᠡᠳᠬᠡᠬᠦ ᠳᠤ ᠶᠠᠮᠠᠷ ᠨᠥᠬᠦᠴᠡᠯ ᠲᠠᠢ ᠪᠣᠢ︖      ᠬᠠᠮᠲᠤᠷᠠᠨ ᠡᠵᠡᠩᠨᠡᠬᠦ ︵ᠬᠤᠪᠢ ᠣᠷᠣᠬᠤ︶ ᠠᠷᠭ᠎ᠠ ᠮᠠᠶ᠋ᠢᠭ ᠢᠶᠠᠷ ᠬᠠᠮᠲᠤ ᠶᠢᠨ ᠭᠠᠵᠠᠷ ᠰᠢᠷᠣᠢ ᠶᠢ ᠬᠡᠷᠡᠭᠯᠡᠬᠦ ᠪᠠᠷ ᠪᠠᠶᠢᠭ᠎ᠠ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠨᠢ ᠡᠷᠬᠡᠪᠰᠢ ᠬᠤᠰᠢᠭᠤᠨ ᠤ ᠱᠠᠲᠤᠨ ᠤ ᠤᠯᠤᠰ ᠤᠨ ᠭᠠᠵᠠᠷ ᠰᠢᠷᠣᠢ ᠶᠢᠨ ᠣᠷᠣᠨ ᠵᠠᠢ ᠶᠢᠨ ᠶᠡᠷᠦᠩᠬᠡᠢ ᠲᠥᠯᠦᠪᠵᠢᠭᠦᠯᠭᠡ ᠵᠢᠴᠢ ᠬᠠᠮᠢᠶ᠎ᠠ ᠪᠦᠬᠦᠢ ᠲᠥᠯᠦᠪᠵᠢᠭᠦᠯᠭᠡ ᠳᠤ ᠨᠡᠶᠢᠴᠡᠵᠦ᠂ ᠠᠵᠤ ᠦᠢᠯᠡᠰ ᠤᠨ ᠣᠷᠣᠬᠤ ᠵᠥᠪᠰᠢᠶᠡᠷᠡᠯ ᠤᠨ ᠱᠠᠭᠠᠷᠳᠠᠯᠭ᠎ᠠ ᠪᠠ ᠠᠮᠢ ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠱᠠᠭᠠᠷᠳᠠᠯᠭ᠎ᠠ ᠳᠤ ᠨᠡᠶᠢᠴᠡᠬᠦ ᠬᠡᠷᠡᠭᠲᠡᠢ᠃      ᠬᠠᠮᠲᠤᠷᠠᠨ ᠡᠵᠡᠩᠨᠡᠬᠦ ︵ᠬᠤᠪᠢ ᠣᠷᠣᠬᠤ︶᠎ ᠳᠤ ᠬᠡᠷᠡᠭᠯᠡᠬᠦ ᠪᠠᠷ ᠪᠠᠶᠢᠭ᠎ᠠ ᠬᠥᠳᠡᠭᠡ ᠲᠣᠰᠬᠤᠨ ᠤ ᠬᠠᠮᠲᠤ ᠶᠢᠨ ᠭᠠᠵᠠᠷ ᠰᠢᠷᠣᠢ ᠶᠢᠨ ᠥᠮᠴᠢᠯᠡᠯ ᠤᠨ ᠡᠷᠬᠡ ᠨᠢ ᠡᠷᠬᠡᠪᠰᠢ ᠲᠣᠳᠣᠷᠬᠠᠢ ᠪᠠᠶᠢᠬᠤ ᠬᠡᠷᠡᠭᠲᠡᠢ ᠪᠥᠭᠡᠳ ᠭᠠᠵᠠᠷ ᠰᠢᠷᠣᠢ ᠶᠢᠨ ᠥᠮᠴᠢᠯᠡᠯ ᠤᠨ ᠡᠷᠬᠡ ᠶᠢᠨ ᠳᠠᠩᠰᠠᠯᠠᠯᠲᠠ ᠶᠢ ᠨᠢᠭᠡᠨᠲᠡ ᠬᠠᠤᠯᠢ ᠶᠣᠰᠣᠭᠠᠷ ᠭᠦᠢᠴᠡᠳᠬᠡᠭᠰᠡᠨ ᠪᠠᠶᠢᠬᠤ ᠬᠡᠷᠡᠭᠲᠡᠢ︔ ᠦᠯᠡᠳᠡᠭᠡᠯ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠲᠤ ᠡᠷᠬᠡᠪᠰᠢ ᠬᠠᠮᠲᠤ ᠶᠢᠨ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠤᠨ ᠬᠡᠷᠡᠭᠯᠡᠬᠦ ᠡᠷᠬᠡ ᠶᠢᠨ ᠳᠠᠩᠰᠠᠯᠠᠯᠲᠠ ᠶᠢ ᠬᠠᠤᠯᠢ ᠶᠣᠰᠣᠭᠠᠷ ᠭᠦᠢᠴᠡᠳᠬᠡᠬᠦ ᠬᠡᠷᠡᠭᠲᠡᠢ᠃      ᠳᠥᠷᠪᠡ᠂ ᠬᠠᠮᠲᠤᠷᠠᠨ ᠡᠵᠡᠩᠨᠡᠬᠦ ︵ᠬᠤᠪᠢ ᠣᠷᠣᠬᠤ︶ ᠠᠷᠭ᠎ᠠ ᠮᠠᠶ᠋ᠢᠭ ᠢᠶᠠᠷ ᠬᠠᠮᠲᠤ ᠶᠢᠨ ᠭᠠᠵᠠᠷ ᠬᠡᠷᠡᠭᠯᠡᠬᠦ ᠬᠢᠨᠠᠨ ᠵᠥᠪᠰᠢᠶᠡᠷᠡᠯ ᠢ ᠭᠦᠢᠴᠡᠳᠬᠡᠬᠦ ᠠᠵᠢᠯ ᠢ ᠭᠦᠢᠴᠡᠳᠬᠡᠬᠦ ᠳᠤ ᠶᠠᠮᠠᠷ ᠵᠢᠷᠤᠮ ᠲᠠᠢ ᠪᠣᠶ︖      ᠬᠠᠮᠲᠤᠷᠠᠨ ᠡᠵᠡᠩᠨᠡᠬᠦ ︵ᠬᠤᠪᠢ ᠣᠷᠣᠭᠤᠯᠬᠤ︶ ᠠᠷᠭ᠎ᠠ ᠮᠠᠶ᠋ᠢᠭ ᠢᠶᠠᠷ ᠬᠠᠮᠲᠤ ᠶᠢᠨ ᠭᠠᠵᠠᠷ ᠰᠢᠷᠣᠢ ᠶᠢ ᠬᠡᠷᠡᠭᠯᠡᠬᠦ ᠳᠤ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠢ ᠡᠷᠡᠮᠡᠯᠵᠡᠬᠦ᠂ ᠲᠥᠰᠥᠯ ᠢ ᠲᠤᠭᠤᠷᠪᠢᠬᠤ᠂ ᠲᠥᠰᠥᠯ ᠢ ᠴᠣᠬᠤᠯᠠᠪᠤᠷᠢᠯᠠᠬᠤ᠂ ᠵᠠᠷᠯᠠᠨ ᠨᠡᠶᠢᠲᠡᠯᠡᠬᠦ᠂ ᠭᠡᠷ᠎ᠡ ᠲᠣᠭᠲᠠᠬᠤ᠂ ᠵᠠᠷᠤᠳᠠᠯ ᠢ ᠲᠤᠰᠢᠶᠠᠬᠤ᠂ ᠲᠠᠷᠢᠶᠠᠯᠠᠩ ᠤᠨ ᠬᠡᠷᠡᠭᠯᠡᠭᠡ ᠶᠢ ᠬᠤᠪᠢᠷᠠᠭᠤᠯᠤᠨ ᠬᠡᠷᠡᠭᠯᠡᠬᠦ ᠶᠢ ᠬᠢᠨᠠᠨ ᠵᠥᠪᠰᠢᠶᠡᠷᠡᠬᠦ᠂ ᠭᠠᠵᠠᠷ ᠰᠢᠷᠣᠢ ᠬᠠᠩᠭᠠᠬᠤ᠂ ᠳᠠᠩᠰᠠᠯᠠᠭᠤᠯᠬᠤ ᠵᠢᠴᠢ ᠳᠠᠩᠰᠠᠯᠠᠨ ᠲᠡᠮᠳᠡᠭᠯᠡᠬᠦ᠂ ᠭᠠᠵᠠᠷ ᠰᠢᠷᠣᠢ ᠶᠢ ᠬᠤᠷᠢᠶᠠᠨ ᠠᠪᠬᠤ ᠲᠤᠬᠠᠢ ᠲᠣᠭᠲᠠᠭᠠᠯ ᠭᠠᠷᠭᠠᠬᠤ ᠬᠡᠷᠡᠭᠲᠡᠢ᠃      1. ᠬᠥᠳᠡᠭᠡ ᠲᠣᠰᠬᠤᠨ ᠤ ᠬᠠᠮᠲᠤ ᠶᠢᠨ ᠠᠵᠤ ᠠᠬᠤᠢ ᠶᠢᠨ ᠵᠣᠬᠢᠶᠠᠨ ᠪᠠᠶᠢᠭᠤᠯᠤᠯᠲᠠ ᠨᠢ ᠲᠣᠰᠬᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ 2/3᠎ ᠤᠨ ᠲᠣᠰᠬᠤᠨ ᠤ ᠠᠷᠠᠳ ᠤᠨ ᠲᠥᠯᠥᠭᠡᠯᠡᠭᠴᠢᠳ ᠤᠨ ᠵᠥᠪᠰᠢᠶᠡᠷᠡᠯ ᠢ ᠣᠯᠬᠤ ᠬᠡᠷᠡᠭᠲᠡᠢ᠃      2. ᠬᠥᠳᠡᠭᠡ ᠲᠣᠰᠬᠤᠨ ᠤ ᠬᠠᠮᠲᠤ ᠶᠢᠨ ᠠᠵᠤ ᠠᠬᠤᠢ ᠶᠢᠨ ᠵᠣᠬᠢᠶᠠᠨ ᠪᠠᠶᠢᠭᠤᠯᠤᠯᠲᠠ ᠨᠢ ᠲᠥᠯᠦᠪᠵᠢᠭᠦᠯᠭᠡ ᠶᠢᠨ ᠨᠥᠬᠦᠴᠡᠯ᠂ ᠠᠵᠤ ᠦᠢᠯᠡᠰ ᠤᠨ ᠣᠷᠣᠬᠤ ᠵᠥᠪᠰᠢᠶᠡᠷᠡᠯ ᠤᠨ ᠱᠠᠭᠠᠷᠳᠠᠯᠭ᠎ᠠ ᠪᠠ ᠠᠮᠢ ᠠᠬᠤᠢ ᠶᠢᠨ ᠣᠷᠴᠢᠨ ᠨᠥᠬᠦᠴᠡᠯ ᠤᠨ ᠬᠠᠮᠠᠭᠠᠯᠠᠯᠲᠠ ᠶᠢᠨ ᠱᠠᠭᠠᠷᠳᠠᠯᠭ᠎ᠠ ᠵᠡᠷᠭᠡ ᠶᠢ ᠦᠨᠳᠦᠰᠦᠯᠡᠵᠦ᠂ ᠬᠥᠳᠡᠭᠡ ᠲᠣᠰᠬᠤᠨ ᠤ ᠬᠠᠮᠲᠤ ᠶᠢᠨ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠢ ᠬᠠᠮᠲᠤᠷᠠᠨ ᠡᠵᠡᠩᠨᠡᠬᠦ ︵ᠬᠤᠪᠢ ᠣᠷᠣᠬᠤ︶ ᠲᠥᠰᠥᠯ ᠢ ᠲᠤᠭᠤᠷᠪᠢᠨ᠎ᠠ᠃      3. ᠬᠠᠮᠲᠤᠷᠠᠨ ᠡᠵᠡᠩᠨᠡᠬᠦ ︵ᠬᠤᠪᠢ ᠣᠷᠣᠬᠤ︶ ᠲᠥᠰᠥᠯ ᠢ ᠰᠢᠶᠠᠩ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ ᠳᠤ ᠮᠡᠳᠡᠭᠦᠯᠦᠨ ᠠᠩᠬ᠎ᠠ ᠬᠢᠨᠠᠭᠤᠯᠵᠤ᠂ ᠬᠤᠰᠢᠭᠤᠨ ᠤ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ ᠳᠤ ᠳᠠᠬᠢᠨ ᠬᠢᠨᠠᠭᠤᠯᠵᠤ᠂ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠢᠶᠠᠷ ᠴᠣᠬᠤᠯᠠᠪᠤᠷᠢᠯᠠᠭᠤᠯᠬᠤ ᠶᠢᠨ ᠬᠠᠮᠲᠤ ᠵᠠᠷᠯᠠᠨ ᠨᠡᠶᠢᠲᠡᠯᠡᠬᠦ ᠵᠢᠷᠤᠮ ᠢ ᠭᠦᠢᠴᠡᠳᠬᠡᠨ᠎ᠡ᠃      4. ᠬᠥᠳᠡᠭᠡ ᠲᠣᠰᠬᠤᠨ ᠤ ᠬᠠᠮᠲᠤ ᠶᠢᠨ ᠠᠵᠤ ᠠᠬᠤᠢ ᠶᠢᠨ ᠵᠣᠬᠢᠶᠠᠨ ᠪᠠᠶᠢᠭᠤᠯᠤᠯᠲᠠ ᠨᠢ ᠲᠥᠷᠥᠯ ᠵᠦᠢᠯ ᠤᠨ ᠨᠢᠭᠡᠴᠡ ᠪᠤᠶᠤ ᠬᠤᠪᠢ ᠬᠥᠮᠥᠨ ᠲᠠᠢ ︽ᠬᠠᠮᠲᠤ ᠶᠢᠨ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠤᠨ ᠬᠡᠷᠡᠭᠯᠡᠬᠦ ᠡᠷᠬᠡ ᠶᠢ ᠬᠠᠮᠲᠤᠷᠠᠨ ᠡᠵᠡᠩᠨᠡᠬᠦ ︵ᠬᠤᠪᠢ ᠣᠷᠣᠬᠤ︶ ᠭᠡᠷ᠎ᠡ︾᠎ ᠶᠢ ᠲᠣᠭᠲᠠᠭᠠᠨ᠎ᠠ᠃      5. ᠬᠥᠳᠡᠭᠡ ᠲᠣᠰᠬᠤᠨ ᠤ ᠬᠠᠮᠲᠤ ᠶᠢᠨ ᠠᠵᠤ ᠠᠬᠤᠢ ᠶᠢᠨ ᠵᠣᠬᠢᠶᠠᠨ ᠪᠠᠶᠢᠭᠤᠯᠤᠯᠲᠠ ᠨᠢ ᠭᠠᠵᠠᠷ ᠰᠢᠷᠣᠢ ᠳᠠᠭᠠᠭᠠᠴᠢᠯᠠᠨ ᠡᠵᠡᠩᠨᠡᠬᠦ ᠡᠷᠬᠡ ᠶᠢ ᠬᠠᠤᠯᠢ ᠶᠣᠰᠣᠭᠠᠷ ᠬᠤᠷᠢᠶᠠᠨ ᠠᠪᠤᠨ᠎ᠠ᠃      6. ᠥᠪᠡᠷᠲᠡᠭᠡᠨ ᠵᠠᠰᠠᠬᠤ ᠣᠷᠣᠨ ᠤ ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ ᠳᠤ ᠲᠠᠷᠢᠶᠠᠯᠠᠩ ᠳᠤ ᠬᠡᠷᠡᠭᠯᠡᠬᠦ ᠭᠠᠵᠠᠷ ᠢ ᠬᠤᠪᠢᠷᠠᠭᠤᠯᠤᠨ ᠬᠡᠷᠡᠭᠯᠡᠬᠦ ᠵᠢᠷᠤᠮ ᠢ ᠡᠷᠡᠮᠡᠯᠵᠡᠨ᠎ᠡ᠃      7. ᠲᠠᠷᠢᠶᠠᠯᠠᠩ ᠳᠤ ᠬᠡᠷᠡᠭᠯᠡᠬᠦ ᠭᠠᠵᠠᠷ ᠢ ᠬᠤᠪᠢᠷᠠᠭᠤᠯᠤᠨ ᠬᠡᠷᠡᠭᠯᠡᠬᠦ ᠬᠢᠨᠠᠨ ᠵᠥᠪᠰᠢᠶᠡᠷᠡᠯ ᠢ ᠪᠡᠶᠡᠯᠡᠭᠦᠯᠦᠭᠰᠡᠨ ᠤ ᠲᠠᠷᠠᠭ᠎ᠠ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠨᠢᠭᠡᠴᠡ ᠳᠤ ᠬᠠᠮᠲᠤ ᠶᠢᠨ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠤᠨ ᠬᠡᠷᠡᠭᠯᠡᠬᠦ ᠡᠷᠬᠡ ᠶᠢᠨ ᠦᠨᠡᠮᠯᠡᠯ ᠢ ᠭᠦᠢᠴᠡᠳᠬᠡᠵᠦ ᠥᠭᠭᠦᠨ᠎ᠡ᠃      ᠲᠠᠪᠤ᠂ ︽ᠬᠠᠮᠲᠤᠷᠠᠨ ᠡᠵᠡᠩᠨᠡᠬᠦ ︵ᠬᠤᠪᠢ ᠣᠷᠣᠬᠤ︶ ᠠᠷᠭ᠎ᠠ ᠮᠠᠶ᠋ᠢᠭ ᠢᠶᠠᠷ ᠬᠠᠮᠲᠤ ᠶᠢᠨ ᠭᠠᠵᠠᠷ ᠬᠡᠷᠡᠭᠯᠡᠬᠦ ᠬᠢᠨᠠᠨ ᠵᠥᠪᠰᠢᠶᠡᠷᠡᠯ ᠢ ᠭᠦᠢᠴᠡᠳᠬᠡᠬᠦ ᠲᠤᠬᠠᠢ ᠬᠡᠰᠢᠭᠲᠡᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠲᠦᠷ ᠬᠡᠷᠡᠭᠵᠢᠭᠦᠯᠬᠦ ᠲᠣᠭᠲᠠᠭᠠᠯ︾᠎ ᠢ ᠬᠡᠷᠡᠭᠵᠢᠭᠦᠯᠦᠭᠰᠡᠨ ᠤ ᠳᠠᠷᠠᠭ᠎ᠠ᠂ ᠬᠢᠨᠠᠨ ᠬᠠᠮᠢᠶᠠᠷᠬᠤ ᠰᠠᠯᠠᠭ᠎ᠠ ᠮᠥᠴᠢᠷ ᠠᠴᠠ ᠬᠢᠨᠠᠯᠲᠠ ᠬᠠᠮᠢᠶᠠᠷᠤᠯᠲᠠ ᠶᠢ ᠬᠡᠷᠬᠢᠨ ᠪᠡᠶᠡᠯᠡᠭᠦᠯᠬᠦ ᠪᠣᠶ︖      ᠬᠤᠰᠢᠭᠤᠨ ᠤ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ ᠨᠢ ᠬᠠᠮᠲᠤᠷᠠᠨ ᠡᠵᠡᠩᠨᠡᠬᠦ ︵ᠬᠤᠪᠢ ᠣᠷᠣᠬᠤ ︶ ᠬᠠᠮᠲᠤ ᠶᠢᠨ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠤᠨ ᠲᠥᠯᠦᠪᠵᠢᠭᠦᠯᠭᠡ ᠶᠢᠨ ᠨᠥᠬᠦᠴᠡᠯ᠂ ᠨᠡᠭᠡᠭᠡᠨ ᠠᠰᠢᠭᠯᠠᠵᠤ ᠪᠦᠲᠦᠭᠡᠨ ᠪᠠᠶᠢᠭᠤᠯᠬᠤ ᠬᠡᠮᠵᠢᠶ᠎ᠡ ᠵᠡᠷᠭᠡ ᠳᠤ ᠬᠢᠨᠠᠯᠲᠠ ᠲᠠᠯᠪᠢᠵᠤ ᠬᠠᠮᠢᠶᠠᠷᠬᠤ ᠶᠢ ᠬᠠᠷᠢᠭᠤᠴᠠᠵᠤ᠂ ᠲᠣᠭᠲᠠᠭᠠᠭᠰᠠᠨ ᠲᠥᠯᠦᠪᠵᠢᠭᠦᠯᠭᠡ ᠶᠢᠨ ᠨᠥᠬᠦᠴᠡᠯ ᠵᠡᠷᠭᠡ ᠪᠠᠷ ᠨᠡᠭᠡᠭᠡᠨ ᠠᠰᠢᠭᠯᠠᠵᠤ ᠪᠦᠲᠦᠭᠡᠨ ᠪᠠᠶᠢᠭᠤᠯᠤᠭᠰᠠᠨ ᠦᠭᠡᠢ ᠶᠢ ᠨᠢ ᠲᠣᠷᠭᠠᠨ᠎ᠠ᠃ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠨᠢ ︽ᠬᠠᠮᠲᠤ ᠶᠢᠨ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠤᠨ ᠬᠡᠷᠡᠭᠯᠡᠬᠦ ᠡᠷᠬᠡ ᠶᠢ ᠬᠠᠮᠲᠤᠷᠠᠨ ᠡᠵᠡᠩᠨᠡᠬᠦ ︵ᠬᠤᠪᠢ ᠣᠷᠣᠬᠤ︶ ᠭᠡᠷ᠎ᠡ︾᠎ ᠶᠢ ᠬᠡᠷᠡᠭᠵᠢᠭᠦᠯᠦᠭᠰᠡᠨ ᠪᠠᠶᠢᠳᠠᠯ ᠳᠤ ᠮᠥᠷᠳᠡᠨ ᠬᠢᠨᠠᠯᠲᠠ ᠲᠠᠯᠪᠢᠬᠤ ᠶᠢ ᠬᠠᠷᠢᠭᠤᠴᠠᠵᠤ᠂ ᠵᠦᠢ ᠵᠣᠬᠢᠰᠲᠠᠢ ᠠᠰᠢᠭ ᠣᠷᠣᠯᠭ᠎ᠠ ᠶᠢᠨ ᠬᠤᠪᠢᠶᠠᠷᠢᠯᠠᠯᠲᠠ ᠶᠢᠨ ᠬᠠᠷᠢᠴᠠᠯ ᠢ ᠲᠣᠭᠲᠠᠭᠠᠵᠤ᠂ ᠲᠠᠷᠢᠶᠠᠴᠢᠳ ᠤᠨ ᠬᠠᠤᠯᠢ ᠶᠣᠰᠣᠨ ᠤ ᠡᠷᠬᠡ ᠠᠰᠢᠭ ᠢ ᠬᠤᠬᠢᠷᠠᠭᠤᠯᠬᠤ ᠦᠭᠡᠢ ᠪᠠᠶᠢᠬᠤ ᠶᠢ ᠦᠨᠡᠨ ᠬᠦ ᠪᠠᠲᠤᠯᠠᠵᠤ᠂ ᠭᠠᠵᠠᠷ ᠬᠡᠷᠡᠭᠯᠡᠬᠦ ᠨᠢᠭᠡᠴᠡ ᠪᠠ ᠬᠤᠪᠢ ᠬᠥᠮᠥᠨ ᠤ ᠬᠠᠮᠲᠤ ᠶᠢᠨ ᠭᠠᠵᠠᠷ ᠰᠢᠷᠣᠢ ᠶᠢ ᠲᠣᠭᠲᠠᠭᠤᠨ ᠢᠶᠠᠷ ᠠᠰᠢᠭᠯᠠᠬᠤ ᠶᠢ ᠪᠠᠲᠤᠯᠠᠨ᠎ᠠ᠃    
 
ᠢᠷᠡᠯᠲᠡ᠄ ᠬᠡᠰᠢᠭᠲᠡᠨ ᠬᠣᠰᠢᠭᠤᠨ ᠤ ᠠᠷᠠᠳ ᠤᠨ ᠵᠠᠰᠠᠭ ᠤᠨ ᠣᠷᠳᠣᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备09001939号