ᠨᠢᠭᠡ᠂ ︽ᠦᠨᠳᠦᠰᠦᠨ ᠡᠮ ᠡᠮᠨᠡᠯᠭᠡ ᠶᠢᠨ ᠳᠠᠭᠠᠳᠬᠠᠯ ᠳᠤ ᠣᠷᠣᠯᠴᠠᠬᠤ ᠤᠷᠲᠤᠮᠵᠢ ᠶᠢᠨ ᠴᠢᠨᠠᠷᠲᠠᠢ | ᠵᠣᠬᠢᠴᠠᠮᠵᠢ ᠶᠢ ᠪᠦᠷᠢᠨᠰᠢᠭᠦᠯᠬᠦ ᠲᠤᠬᠠᠢ ᠵᠢᠯᠤᠭᠤᠳᠬᠤ ᠰᠠᠨᠠᠯ︾ ᠢ ᠨᠡᠶᠢᠲᠡᠯᠡᠭᠰᠡᠨ ᠰᠢᠯᠲᠠᠭᠠᠨ | 1. ᠪᠠᠶᠢᠩᠭᠤ ᠰᠠᠭᠤᠭ᠎ᠠ ᠭᠠᠵᠠᠷ ᠤᠨ ᠳᠠᠭᠠᠳᠬᠠᠯ ᠳᠤ ᠣᠷᠣᠯᠴᠠᠬᠤ ᠠᠰᠠᠭᠤᠳᠠᠯ ᠢ ᠰᠢᠢᠳᠪᠦᠷᠢᠯᠡᠨ᠎ᠡ᠃ | ᠬᠥᠮᠥᠨ ᠠᠮᠠ ᠶᠢᠨ ᠰᠢᠯᠵᠢᠯᠲᠡ ᠣᠯᠠᠰᠢᠷᠠᠬᠤ ᠶᠢ ᠳᠠᠭᠠᠯᠳᠤᠨ᠂ ᠪᠠᠶᠢᠩᠭᠤ ᠰᠠᠭᠤᠭ᠎ᠠ ᠭᠠᠵᠠᠷ ᠤᠨ ᠳᠠᠭᠠᠳᠬᠠᠯ ᠳᠤ | ᠣᠷᠣᠬᠤ ᠶᠢ ᠮᠠᠰᠢ ᠣᠯᠠᠨ ᠣᠯᠠᠨ ᠲᠦᠮᠡᠨ ᠬᠦᠰᠡᠵᠦ ᠪᠣᠢ᠃ ᠵᠢᠯᠤᠭᠤᠳᠬᠤ ᠰᠠᠨᠠᠯ ᠳᠤ ᠡᠶᠢᠮᠦᠷᠬᠦ ᠱᠠᠭᠠᠷᠳᠠᠯᠭ᠎ᠠ ᠳᠤ | ᠬᠠᠷᠢᠭᠤᠯᠲᠠ ᠥᠭᠴᠦ᠂ ᠣᠶᠢᠷ᠎ᠠ ᠬᠠᠪᠢ ᠳᠠᠭᠠᠨ ᠳᠥᠭᠦᠮ ᠳᠥᠲᠡ ᠪᠠᠷ ᠳᠠᠭᠠᠳᠬᠠᠯ ᠳᠤ ᠣᠷᠣᠯᠴᠠᠬᠤ | ᠲᠣᠬᠢᠷᠠᠭᠤᠯᠤᠯᠲᠠ ᠶᠢ ᠳᠤᠷᠠᠳᠤᠨ ᠭᠠᠷᠭᠠᠪᠠ᠃ | 2. ᠪᠡᠯᠡ ᠮᠥᠩᠭᠦ ᠴᠤᠭᠯᠠᠭᠤᠯᠬᠤ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠶᠢ ᠲᠡᠭᠦᠯᠳᠡᠷᠵᠢᠭᠦᠯᠦᠨ᠎ᠡ᠃ | ᠡᠮ ᠡᠮᠨᠡᠯᠭᠡ ᠶᠢᠨ ᠵᠠᠷᠤᠳᠠᠯ ᠥᠰᠦᠭᠰᠡᠨ ᠠᠴᠠ ᠰᠠᠭᠤᠭᠠᠯᠢ ᠠᠷᠠᠳ ᠤᠨ ᠡᠮ ᠡᠮᠨᠡᠯᠭᠡ ᠶᠢᠨ ᠳᠠᠭᠠᠳᠬᠠᠯ ᠤᠨ ᠬᠤᠪᠢ | ᠬᠥᠮᠥᠨ ᠤ ᠲᠤᠰᠢᠶᠠᠬᠤ ᠵᠠᠷᠤᠳᠠᠯ ᠢ ᠨᠡᠮᠡᠭᠳᠡᠭᠦᠯᠵᠦ᠂ ᠵᠠᠷᠢᠮ ᠣᠯᠠᠨ ᠲᠦᠮᠡᠨ ᠳᠤ ᠰᠣᠩᠭᠤᠯᠲᠠ ᠲᠠᠢ ᠪᠠᠷ | ᠳᠠᠭᠠᠳᠬᠠᠯ ᠳᠤ ᠣᠷᠣᠯᠴᠠᠬᠤ ᠠᠰᠠᠭᠤᠳᠠᠯ ᠣᠷᠣᠰᠢᠵᠤ ᠪᠣᠢ᠃ ᠵᠢᠯᠤᠭᠤᠳᠬᠤ ᠰᠠᠨᠠᠯ ᠨᠢ ᠪᠡᠯᠡ ᠮᠥᠩᠭᠦ | ᠴᠤᠭᠯᠠᠭᠤᠯᠬᠤ ᠪᠠ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠶᠢ ᠲᠡᠭᠦᠯᠳᠡᠷᠵᠢᠭᠦᠯᠬᠦ ᠪᠠᠷ ᠳᠠᠮᠵᠢᠭᠤᠯᠤᠨ᠂ ᠣᠯᠠᠨ | ᠲᠦᠮᠡᠨ ᠤ ᠵᠦᠢ ᠶᠣᠰᠣᠨ ᠤ ᠬᠦᠰᠡᠯ ᠱᠠᠭᠠᠷᠳᠠᠯᠭ᠎ᠠ ᠳᠤ ᠬᠠᠷᠢᠭᠤ ᠥᠭᠴᠦ᠂ ᠦᠷᠭᠦᠯᠵᠢᠯᠡᠨ ᠳᠠᠭᠠᠳᠬᠠᠯ ᠳᠤ | ᠣᠷᠣᠯᠴᠠᠬᠤ ᠶᠢ ᠵᠣᠷᠢᠭᠵᠢᠭᠤᠯᠪᠠ᠃ | 3. ᠳᠠᠭᠠᠳᠬᠠᠯ ᠳᠤ ᠣᠷᠣᠯᠴᠠᠬᠤ ᠠᠵᠢᠯ ᠤᠨ ᠲᠣᠭᠲᠠᠴᠠ ᠶᠢ ᠪᠦᠷᠢᠨᠰᠢᠭᠦᠯᠦᠨ᠎ᠡ᠃ ᠬᠡᠳᠦᠶᠢᠪᠡᠷ ᠡᠮ | ᠡᠮᠨᠡᠯᠭᠡ ᠶᠢᠨ ᠳᠠᠭᠠᠳᠬᠠᠯ ᠤᠨ ᠮᠡᠳᠡᠭᠡ ᠵᠠᠩᠭᠢ ᠶᠢᠨ ᠲᠠᠪᠴᠠᠩ ᠪᠠ ᠳᠠᠬᠢᠨ ᠳᠠᠪᠲᠠᠨ ᠳᠠᠭᠠᠳᠬᠠᠯ ᠳᠤ ᠣᠷᠣᠯᠴᠠᠬᠤ ᠶᠢ | ᠵᠠᠰᠠᠬᠤ ᠠᠵᠢᠯ ᠢᠯᠡᠳᠲᠡ ᠠᠬᠢᠴᠠ ᠲᠠᠢ ᠪᠣᠯᠤᠭᠰᠠᠨ ᠪᠣᠯᠪᠠᠴᠤ᠂ ᠲᠤᠭ᠎ᠠ ᠪᠠᠷᠢᠮᠲᠠ ᠶᠢ ᠬᠠᠮᠲᠤᠪᠠᠷ ᠡᠳ᠋ᠯᠡᠬᠦ ᠪᠠ | ᠰᠠᠯᠠᠭ᠎ᠠ ᠮᠥᠴᠢᠷ ᠤᠨ ᠬᠠᠮᠵᠢᠯᠴᠠᠭ᠎ᠠ ᠶᠢ ᠤᠯᠠᠮ ᠨᠢᠭᠡ ᠠᠯᠬᠤᠮ ᠴᠢᠩᠭᠠᠳᠬᠠᠬᠤ ᠴᠢᠬᠤᠯᠠ ᠲᠠᠢ ᠪᠣᠢ᠃ | ᠵᠢᠯᠤᠭᠤᠳᠬᠤ ᠰᠠᠨᠠᠯ ᠳᠤ ᠡᠲᠡᠭᠡᠷ ᠵᠣᠬᠢᠴᠠᠮᠵᠢ ᠶᠢ ᠴᠢᠩᠭᠠᠳᠬᠠᠵᠤ᠂ ᠳᠠᠭᠠᠳᠬᠠᠯ ᠳᠤ ᠣᠷᠣᠯᠴᠠᠬᠤ ᠠᠵᠢᠯ ᠢ ᠨᠠᠩ | ᠣᠨᠣᠪᠴᠢᠲᠠᠶ ᠪᠥᠭᠡᠳ ᠥᠨᠳᠥᠷ ᠪᠦᠲᠦᠮᠵᠢᠲᠡᠶ ᠪᠠᠶᠢᠯᠭᠠᠬᠤ ᠶᠢ ᠦᠨᠡᠨ ᠬᠦ ᠪᠠᠲᠤᠯᠠᠪᠠ᠃ | ᠡᠳᠡᠭᠡᠷ ᠠᠷᠭ᠎ᠠ ᠬᠡᠮᠵᠢᠶ᠎ᠡ ᠨᠢ ᠡᠮ ᠡᠮᠨᠡᠯᠭᠡ ᠶᠢᠨ ᠦᠨᠳᠦᠰᠦᠨ ᠳᠠᠭᠠᠳᠬᠠᠯ ᠤᠨ ᠬᠠᠮᠤᠷᠬᠤ ᠬᠡᠪᠴᠢᠶ᠎ᠡ ᠪᠠ | ᠠᠵᠢᠯᠯᠠᠭᠠᠨ ᠤ ᠦᠷ᠎ᠡ ᠪᠦᠲᠦᠮᠵᠢ ᠶᠢ ᠳᠡᠭᠡᠭᠰᠢᠯᠡᠭᠦᠯᠵᠦ᠂ ᠪᠦᠬᠦ ᠠᠷᠠᠳ ᠢᠶᠠᠷ ᠢᠶᠠᠨ ᠳᠠᠭᠠᠳᠬᠠᠯ ᠳᠤ ᠣᠷᠣᠯᠴᠠᠬᠤ ᠶᠢ | ᠦᠨᠡᠨ ᠬᠦ ᠪᠠᠲᠤᠯᠠᠵᠤ᠂ ᠡᠮ ᠡᠮᠨᠡᠯᠭᠡ ᠶᠢᠨ ᠪᠠᠲᠤᠯᠠᠭ᠎ᠠ ᠶᠢᠨ ᠦᠷᠭᠦᠯᠵᠢᠯᠡᠬᠦ ᠬᠥᠭᠵᠢᠯᠲᠡ ᠶᠢ ᠪᠡᠶᠡᠯᠡᠭᠦᠯᠬᠦ ᠶᠢᠨ | ᠲᠥᠯᠥᠭᠡ ᠶᠤᠮ᠃ | ᠬᠤᠶᠠᠷ᠂ ︽ᠦᠨᠳᠦᠰᠦᠨ ᠡᠮ ᠡᠮᠨᠡᠯᠭᠡ ᠶᠢᠨ ᠳᠠᠭᠠᠳᠬᠠᠯ ᠳᠤ ᠣᠷᠣᠯᠴᠠᠬᠤ ᠤᠷᠲᠤᠮᠵᠢ ᠶᠢᠨ ᠴᠢᠨᠠᠷᠲᠠᠢ | ᠵᠣᠬᠢᠴᠠᠮᠵᠢ ᠶᠢ ᠪᠦᠷᠢᠨᠰᠢᠭᠦᠯᠬᠦ ᠲᠤᠬᠠᠢ ᠵᠢᠯᠤᠭᠤᠳᠬᠤ ᠰᠠᠨᠠᠯ︾ ᠤᠨ ᠭᠤᠣᠯ ᠠᠭᠤᠯᠭ᠎ᠠ ᠪᠠ ᠣᠨᠴᠠᠯᠢᠭ | ᠣᠨᠴᠠᠯᠢᠭ᠄ | 1. ᠭᠤᠣᠯᠳᠠᠯᠭ᠎ᠠ ᠳᠤ ᠠᠩᠬᠠᠷᠤᠯ ᠢᠶᠠᠨ ᠲᠥᠪᠯᠡᠷᠡᠭᠦᠯᠪᠡ᠃ ᠭᠤᠣᠯᠳᠠᠭᠤ ᠬᠤᠲᠠ ᠬᠥᠳᠡᠭᠡ ᠶᠢᠨ ᠰᠠᠭᠤᠭᠠᠯᠢ | ᠠᠷᠠᠳ ᠤᠨ ᠡᠮ ᠡᠮᠨᠡᠯᠭᠡ ᠶᠢᠨ ᠳᠠᠭᠠᠳᠬᠠᠯ ᠤᠨ ᠳᠦᠷᠢᠮ ᠳᠤ ᠴᠢᠭᠯᠡᠭᠦᠯᠵᠦ᠂ ᠪᠦᠲᠦᠮᠵᠢᠲᠡᠶ ᠠᠵᠢᠯ ᠤᠨ | ᠵᠣᠬᠢᠴᠠᠮᠵᠢ ᠶᠢ ᠳᠤᠷᠠᠳᠤᠨ ᠭᠠᠷᠭᠠᠬᠤ ᠶᠢᠨ ᠬᠠᠮᠲᠤ ᠳᠠᠭᠠᠳᠬᠠᠯ ᠳᠤ ᠣᠷᠣᠯᠴᠠᠬᠤ ᠡᠷᠦᠬᠡ ᠠᠮᠠ ᠶᠢᠨ ᠬᠠᠷᠢᠶ᠎ᠠ ᠶᠢᠨ | ᠬᠢᠵᠠᠭᠠᠷᠯᠠᠯ ᠢ ᠴᠢᠯᠦᠭᠡᠲᠡᠢ ᠪᠣᠯᠭᠠᠪᠠ᠃ | 2. ᠤᠷᠲᠤ ᠬᠤᠭᠤᠴᠠᠭ᠎ᠠ ᠬᠦᠴᠦᠨ ᠲᠠᠢ ᠪᠠᠶᠢᠬᠤ ᠶᠢ ᠪᠣᠳᠣᠯᠬᠢᠯᠠᠪᠠ᠃ ᠰᠠᠯᠠᠭ᠎ᠠ ᠮᠥᠴᠢᠷ ᠤᠨ ᠮᠡᠳᠡᠭᠡ | ᠵᠠᠩᠭᠢ ᠶᠢ ᠬᠠᠮᠲᠤᠪᠠᠷ ᠡᠳ᠋ᠯᠡᠬᠦ ᠶᠢ ᠴᠢᠬᠤᠯᠠᠴᠢᠯᠠᠵᠤ᠂ ᠳᠠᠭᠠᠳᠬᠠᠯ ᠳᠤ ᠣᠷᠣᠯᠴᠠᠬᠤ ᠬᠡᠪᠴᠢᠶ᠎ᠡ ᠶᠢ ᠥᠷᠭᠡᠳᠬᠡᠬᠦ ᠪᠠ | ᠡᠮ ᠡᠮᠨᠡᠯᠭᠡ ᠶᠢᠨ ᠵᠠᠷᠤᠳᠠᠯ ᠤᠨ ᠵᠦᠢ ᠵᠣᠬᠢᠰ ᠦᠭᠡᠢ ᠪᠠᠷ ᠨᠡᠮᠡᠭᠳᠡᠬᠦ ᠶᠢ ᠬᠢᠵᠠᠭᠠᠷᠯᠠᠪᠠ᠃ | 3. ᠤᠷᠮᠠᠰᠢᠭᠤᠯᠤᠨ ᠵᠣᠷᠢᠭᠵᠢᠭᠤᠯᠬᠤ ᠶᠢ ᠴᠢᠬᠤᠯᠠᠴᠢᠯᠠᠪᠠ᠃ ᠦᠷᠭᠦᠯᠵᠢᠯᠡᠨ ᠳᠠᠭᠠᠳᠬᠠᠯ ᠳᠤ ᠣᠷᠣᠯᠴᠠᠬᠤ | ᠪᠠ ᠰᠠᠭᠤᠷᠢ ᠮᠥᠩᠭᠦ ᠪᠠᠷ ᠲᠠᠩᠰᠠ ᠥᠯᠥ ᠲᠠᠶᠢᠯᠬᠤ ᠶᠢ ᠤᠷᠮᠠᠰᠢᠭᠤᠯᠤᠨ ᠵᠣᠷᠢᠭᠵᠢᠭᠤᠯᠵᠤ᠂ ᠳᠠᠭᠠᠳᠬᠠᠯ ᠢ | ᠲᠠᠰᠤᠯᠤᠭᠰᠠᠨ ᠤ ᠳᠠᠷᠠᠭᠠᠬᠢ ᠣᠯᠭᠤᠮᠵᠢ ᠶᠢ ᠵᠠᠰᠠᠨ ᠰᠡᠷᠭᠦᠭᠡᠬᠦ ᠵᠣᠬᠢᠴᠠᠮᠵᠢ ᠶᠢ ᠬᠠᠩᠭᠠᠵᠤ᠂ ᠠᠵᠢᠯᠲᠠᠨ | ᠠᠵᠢᠯᠴᠢᠨ ᠤ ᠡᠮ ᠡᠮᠨᠡᠯᠭᠡ ᠶᠢᠨ ᠳᠠᠭᠠᠳᠬᠠᠯ ᠤᠨ ᠬᠤᠪᠢ ᠬᠥᠮᠥᠨ ᠤ ᠲᠠᠩᠰᠠᠨ ᠡᠷᠦᠬᠡ ᠶᠢᠨ ᠬᠠᠷᠢᠯᠴᠠᠨ | ᠬᠠᠷᠠᠭᠠᠯᠵᠠᠬᠤ ᠬᠡᠪᠴᠢᠶ᠎ᠡ ᠶᠢ ᠥᠷᠭᠡᠳᠬᠡᠪᠡ᠃ | ᠭᠤᠣᠯ ᠠᠭᠤᠯᠭ᠎ᠠ᠄ | 1. ᠤᠷᠮᠠᠰᠢᠭᠤᠯᠬᠤ ᠬᠢᠵᠠᠭᠠᠷᠯᠠᠬᠤ ᠵᠣᠬᠢᠴᠠᠮᠵᠢ ᠶᠢ ᠲᠡᠭᠦᠯᠳᠡᠷᠵᠢᠭᠦᠯᠦᠨ᠎ᠡ᠃ ᠦᠷᠭᠦᠯᠵᠢᠯᠡᠨ ᠲᠠᠭᠠᠳᠬᠠᠯ ᠳᠤ | ᠣᠷᠣᠯᠴᠠᠭᠰᠠᠨ ᠬᠥᠮᠥᠰ ᠪᠠ ᠰᠠᠭᠤᠷᠢ ᠮᠥᠩᠭᠦ ᠪᠠᠷ ᠳᠠᠩᠰᠠ ᠥᠯᠥ ᠲᠠᠶᠢᠯᠤᠭᠰᠠᠨ ᠬᠥᠮᠥᠰ ᠤᠨ ᠬᠦᠨᠳᠦ | ᠡᠪᠡᠳᠴᠢᠨ ᠤ ᠳᠠᠭᠠᠳᠬᠠᠯ ᠤᠨ ᠬᠠᠮᠤᠭ ᠤᠨ ᠥᠨᠳᠥᠷ ᠲᠥᠯᠥᠬᠦ ᠬᠢᠵᠠᠭᠠᠷ ᠲᠤᠭ᠎ᠠ ᠶᠢ ᠳᠡᠭᠡᠭᠰᠢᠯᠡᠭᠦᠯᠵᠦ᠂ | ᠲᠥᠪᠯᠡᠷᠡᠭᠦᠯᠦᠨ ᠳᠠᠭᠠᠳᠬᠠᠯ ᠳᠤ ᠣᠷᠣᠯᠴᠠᠭᠰᠠᠨ ᠬᠤᠭᠤᠴᠠᠭᠠᠨ ᠳᠤ ᠳᠠᠭᠠᠳᠬᠠᠯ ᠳᠤ ᠣᠷᠣᠯᠴᠠᠭᠰᠠᠨ ᠦᠭᠡᠢ ᠪᠤᠶᠤ | ᠰᠦᠢᠳᠬᠡᠯ ᠲᠤᠰᠢᠶᠠᠭᠰᠠᠨ ᠬᠥᠮᠥᠰ ᠤᠨ ᠣᠯᠭᠤᠮᠵᠢ ᠶᠢ ᠬᠦᠯᠢᠶᠡᠬᠦ ᠬᠤᠭᠤᠴᠠᠭ᠎ᠠ ᠶᠢ ᠲᠠᠰᠤᠯᠳᠠᠭᠤᠯᠬᠤ ᠶᠢᠨ ᠬᠠᠮᠲᠤ | ᠵᠠᠰᠠᠨ ᠰᠡᠷᠭᠦᠭᠡᠬᠦ ᠠᠷᠭ᠎ᠠ ᠵᠠᠮ ᠢ ᠬᠠᠩᠭᠠᠨ᠎ᠠ᠃ | 2. ᠣᠨᠣᠪᠴᠢᠲᠠᠢ ᠪᠠᠷ ᠥᠷᠭᠡᠳᠬᠡᠬᠦ ᠵᠣᠬᠢᠴᠠᠮᠵᠢ ᠶᠢ ᠪᠦᠷᠢᠨᠰᠢᠭᠦᠯᠦᠨ᠎ᠡ᠃ ᠪᠦᠬᠦ ᠤᠯᠤᠰ ᠤᠨ ︽ᠨᠢᠭᠡ | ᠬᠥᠮᠥᠨ ᠨᠢᠭᠡ ᠳᠠᠩᠰᠠ︾ ᠶᠢᠨ ᠪᠦᠬᠦ ᠠᠷᠠᠳ ᠤᠨ ᠳᠠᠭᠠᠳᠬᠠᠯ ᠳᠤ ᠣᠷᠣᠯᠴᠠᠬᠤ ᠲᠤᠭ᠎ᠠ ᠪᠠᠷᠢᠮᠲᠠ ᠶᠢᠨ | ᠬᠥᠮᠥᠷᠭᠡ ᠶᠢ ᠠᠬᠢᠭᠤᠯᠵᠤ᠂ ᠡᠯ᠎ᠡ ᠭᠠᠵᠠᠷ ᠤᠨ ᠣᠨᠣᠪᠴᠢᠲᠠᠢ ᠪᠠᠷ ᠳᠠᠭᠠᠳᠬᠠᠯ ᠳᠤ ᠣᠷᠣᠯᠴᠠᠬᠤ ᠳᠤ ᠬᠦᠴᠦᠨ | ᠨᠡᠮᠡᠷᠢᠯᠡᠨ᠎ᠡ᠃ | 3. ᠤᠬᠠᠭᠤᠯᠤᠨ ᠳᠠᠶᠢᠴᠢᠯᠠᠬᠤ ᠵᠣᠬᠢᠴᠠᠮᠵᠢ ᠶᠢ ᠲᠡᠭᠦᠯᠳᠡᠷᠵᠢᠭᠦᠯᠦᠨ᠎ᠡ᠃ ᠡᠯ᠎ᠡ ᠨᠢᠭᠡᠴᠡ ᠶᠢ ᠳᠠᠶᠢᠴᠢᠯᠠᠵᠤ᠂ | ᠤᠬᠠᠭᠤᠯᠬᠤ ᠬᠡᠯᠪᠡᠷᠢ ᠶᠢᠨ ᠰᠢᠨ᠎ᠡ ᠶᠢ ᠡᠭᠦᠳᠴᠦ᠂ ᠳᠠᠭᠠᠳᠬᠠᠯ ᠳᠤ ᠣᠷᠣᠯᠴᠠᠬᠤ ᠰᠠᠶᠢᠨ ᠰᠠᠶᠢᠬᠠᠨ ᠠᠭᠤᠷ | ᠠᠮᠢᠰᠬᠤᠯ ᠢ ᠪᠣᠶ ᠪᠣᠯᠭᠠᠨ᠎ᠠ᠃ | 4. ᠰᠠᠯᠠᠭ᠎ᠠ ᠮᠥᠴᠢᠷ ᠤᠨ ᠬᠠᠮᠵᠢᠯᠴᠠᠬᠤ ᠵᠣᠬᠢᠴᠠᠮᠵᠢ ᠶᠢ ᠴᠢᠩᠭᠠᠳᠬᠠᠨ᠎ᠠ᠃ ᠬᠠᠮᠢᠶ᠎ᠠ ᠪᠦᠬᠦᠢ ᠰᠠᠯᠠᠭ᠎ᠠ | ᠮᠥᠴᠢᠷ ᠤᠨ ᠡᠭᠦᠷᠭᠡ ᠬᠠᠷᠢᠭᠤᠴᠠᠯᠭ᠎ᠠ ᠶᠢ ᠲᠣᠳᠣᠷᠬᠠᠶᠢᠯᠠᠵᠤ᠂ ᠠᠵᠢᠯ ᠤᠨ ᠬᠤᠯᠪᠤᠭᠠᠯᠠᠨ ᠬᠥᠳᠡᠯᠦᠯᠴᠡᠬᠦ ᠶᠢ | ᠴᠢᠩᠭᠠᠳᠬᠠᠨ᠎ᠠ᠃ | 5. ᠮᠡᠳᠡᠭᠡ ᠵᠠᠩᠭᠢ ᠶᠢ ᠬᠠᠮᠲᠤᠪᠠᠷ ᠡᠳ᠋ᠯᠡᠬᠦ ᠵᠣᠬᠢᠴᠠᠮᠵᠢ ᠶᠢ ᠲᠡᠭᠦᠯᠳᠡᠷᠵᠢᠭᠦᠯᠦᠨ᠎ᠡ᠃ ᠲᠣᠮᠣ ᠳ᠋ᠠᠶᠢᠲ᠋ᠠ ᠪᠠ | ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠳ᠋ᠠᠶᠢᠲ᠋ᠠ ᠶᠢᠨ ᠲᠠᠪᠴᠠᠩ ᠳᠤ ᠲᠦᠰᠢᠭᠯᠡᠨ᠂ ᠮᠡᠳᠡᠭᠡ ᠵᠠᠩᠭᠢ ᠶᠢ | ᠬᠠᠮᠲᠤᠪᠠᠷ ᠡᠳ᠋ᠯᠡᠬᠦ ᠶᠢ ᠠᠬᠢᠭᠤᠯᠤᠨ᠎ᠠ᠃ | 6. ᠵᠣᠬᠢᠶᠠᠨ ᠪᠠᠶᠢᠭᠤᠯᠤᠯᠲᠠ ᠶᠢᠨ ᠤᠳᠤᠷᠢᠳᠬᠤ ᠵᠣᠬᠢᠴᠠᠮᠵᠢ ᠶᠢ ᠪᠠᠶᠢᠭᠤᠯᠤᠨ᠎ᠠ᠃ ᠨᠠᠮ ᠤᠨ | ᠤᠳᠤᠷᠢᠳᠤᠯᠭ᠎ᠠ ᠶᠢ ᠪᠠᠷᠢᠮᠲᠠᠯᠠᠵᠤ᠂ ᠰᠢᠰᠲ᠋ᠧᠮ ᠤᠨ ᠬᠤᠯᠪᠤᠭᠠᠯᠠᠨ ᠬᠥᠳᠡᠯᠦᠯᠴᠡᠬᠦ ᠶᠢ ᠴᠢᠩᠭᠠᠳᠬᠠᠨ᠎ᠠ᠃ | 7. ᠪᠡᠯᠡ ᠮᠥᠩᠭᠦ ᠶᠢᠨ ᠪᠠᠲᠤᠯᠠᠭ᠎ᠠ ᠶᠢᠨ ᠵᠣᠬᠢᠴᠠᠮᠵᠢ ᠶᠢ ᠲᠡᠭᠦᠯᠳᠡᠷᠵᠢᠭᠦᠯᠦᠨ᠎ᠡ᠃ ᠵᠠᠷᠤᠳᠠᠯ ᠤᠨ | ᠪᠠᠲᠤᠯᠠᠭ᠎ᠠ ᠶᠢᠨ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠵᠤ᠂ ᠳᠠᠭᠠᠳᠬᠠᠯ ᠳᠤ ᠣᠷᠣᠯᠴᠠᠭᠰᠠᠨ ᠪᠠᠶᠢᠳᠠᠯ ᠢ | ᠦᠨᠳᠦᠰᠦᠯᠡᠨ ᠤᠷᠮᠠᠰᠢᠭᠤᠯᠵᠤ᠂ ᠦᠨᠳᠦᠰᠦᠨ ᠱᠠᠲᠤᠨ ᠤ ᠢᠳᠡᠪᠬᠢᠵᠢᠯ ᠢ ᠳᠠᠶᠢᠴᠢᠯᠠᠨ᠎ᠠ᠃ | ᠡᠲᠡᠭᠡᠷ ᠠᠷᠭ᠎ᠠ ᠬᠡᠮᠵᠢᠶ᠎ᠡ ᠨᠢ ᠳᠠᠭᠠᠳᠬᠠᠯ ᠳᠤ ᠣᠷᠣᠯᠴᠠᠬᠤ ᠶᠠᠰᠤ ᠴᠢᠨᠠᠷ ᠢ ᠳᠡᠭᠡᠭᠰᠢᠯᠡᠭᠦᠯᠵᠦ᠂ | ᠳᠠᠭᠠᠳᠬᠠᠯ ᠳᠤ ᠣᠷᠣᠯᠴᠠᠬᠤ ᠪᠦᠲᠦᠴᠡ ᠶᠢ ᠰᠢᠯᠢᠳᠡᠭᠵᠢᠭᠦᠯᠵᠦ᠂ ᠠᠷᠠᠳ ᠤᠨ ᠠᠮᠢᠳᠤᠷᠠᠯ ᠤᠨ ᠠᠵᠠ ᠵᠢᠷᠭᠠᠯ ᠢ | ᠨᠡᠮᠡᠭᠳᠡᠭᠦᠯᠵᠦ᠂ ᠣᠯᠠᠨ ᠲᠦᠮᠡᠨ ᠤ ᠡᠪᠡᠳᠴᠢᠨ ᠦᠵᠡᠭᠦᠯᠵᠦ ᠡᠮᠨᠡᠭᠦᠯᠬᠦ ᠶᠢᠨ ᠬᠤᠶᠢᠰᠢᠳᠠ ᠶᠢᠨ ᠵᠣᠪᠠᠨᠢᠯ ᠢ | ᠰᠢᠢᠳᠪᠦᠷᠢᠯᠡᠬᠦ ᠶᠢᠨ ᠲᠥᠯᠥᠭᠡ ᠶᠤᠮ᠃ |