2024 ᠣᠨ ᠤ ᠪᠥᠬᠦ ᠬᠤᠰᠢᠭᠤᠨ ᠤ ᠨᠢᠭᠲᠠᠯᠠᠨ ᠪᠤᠳᠤᠭᠴᠢ ᠶᠢᠨ ᠳᠡᠭᠡᠳᠦ ᠵᠡᠷᠭᠡ ᠶᠢᠨ ᠲᠤᠰᠬᠠᠢ ᠮᠡᠷᠭᠡᠵᠢᠯ ᠤᠨ ᠬᠢᠷᠢ ᠬᠡᠮ ᠢ ᠮᠡᠳᠡᠭᠦᠯᠦᠭᠰᠡᠳ ᠤᠨ ᠲᠤᠭ᠎ᠠ ᠪᠠᠷᠢᠮᠲᠠ ᠶᠢ ᠨᠡᠶᠢᠲᠡᠯᠡᠬᠦ ᠲᠤᠬᠠᠢ ᠮᠡᠳᠡᠭᠳᠡᠯ
ᠨᠡᠶᠢᠲᠡᠯᠡᠭᠰᠡᠨ ᠴᠠᠭ᠄
2024/11/5
     2024 ᠣᠨ ᠳᠤ ᠪᠥᠬᠦ ᠬᠤᠰᠢᠭᠤᠨ ᠤ ᠨᠢᠭᠲᠠᠯᠠᠨ ᠪᠤᠳᠤᠭᠴᠢ ᠶᠢᠨ ᠳᠡᠭᠡᠳᠦ ᠵᠡᠷᠭᠡ ᠶᠢᠨ ᠲᠤᠰᠬᠠᠢ ᠮᠡᠷᠭᠡᠵᠢᠯ ᠤᠨ ᠬᠢᠷᠢ ᠬᠡᠮ ᠢ ᠮᠡᠳᠡᠭᠦᠯᠬᠦ ᠠᠵᠢᠯ ᠨᠢᠭᠡᠨᠲᠡ ᠳᠠᠭᠤᠰᠴᠤ᠂ ᠢᠯᠡ᠂ ᠡᠷᠬᠡ ᠲᠡᠭᠰᠢ᠂ ᠲᠥᠪ ᠭᠤᠥᠯᠴᠢ ᠪᠠᠶᠢᠬᠤ ᠵᠠᠷᠴᠢᠮ ᠢ ᠢᠯᠡᠷᠡᠭᠦᠯᠬᠦ ᠶᠢᠨ ᠲᠥᠯᠥᠭᠡ᠂ ᠡᠳᠦᠭᠡ ᠵᠠᠷᠯᠠᠨ ᠨᠡᠶᠢᠲᠡᠯᠡᠪᠡ᠃ ᠵᠠᠷᠯᠠᠨ ᠨᠡᠶᠢᠲᠡᠯᠡᠬᠦ ᠬᠤᠭᠤᠴᠠᠭ᠎ᠠ ᠎ ᠨᠢ 5 ᠠᠵᠢᠯᠯᠠᠬᠤ ᠡᠳᠦᠷ᠃      ᠵᠠᠷᠯᠠᠨ ᠨᠡᠶᠢᠲᠡᠯᠡᠬᠦ ᠬᠤᠭᠤᠴᠠᠭᠠᠨ ᠳᠤ᠂ ᠮᠡᠳᠡᠭᠦᠯᠦᠭᠰᠡᠳ᠂ ᠶᠠᠮᠠᠷᠪᠠ ᠨᠢᠭᠡᠴᠡ ᠪᠠ ᠬᠤᠪᠢ ᠬᠥᠮᠥᠨ ᠴᠥᠮ ᠤᠲᠠᠰᠤ ᠢᠷᠡᠬᠦ᠂ ᠰᠤᠷᠪᠤᠯᠵᠢᠯᠠᠬᠤ ᠵᠡᠷᠭᠡ ᠠᠷᠭ᠎ᠠ ᠬᠡᠯᠪᠡᠷᠢ ᠪᠠᠷ ᠳᠠᠮᠵᠢᠭᠤᠯᠵᠤ᠂ ᠮᠠᠨ ᠤ ᠲᠣᠪᠴᠢᠶ᠎ᠠ ᠶᠢᠨ ᠲᠤᠰᠬᠠᠢ ᠮᠡᠷᠭᠡᠵᠢᠯ ᠤᠨ ᠠᠵᠢᠯᠲᠠᠨ ᠤ ᠬᠠᠮᠢᠶᠠᠷᠤᠯᠲᠠ ᠶᠢᠨ ᠰᠠᠯᠠᠭ᠎ᠠ ᠳᠤ ᠠᠰᠠᠭᠤᠳᠠᠯ ᠢ ᠲᠤᠰᠬᠠᠵᠤ ᠪᠣᠯᠣᠨ᠎ᠠ᠃ ᠠᠰᠠᠭᠤᠳᠠᠯ ᠢ ᠲᠤᠰᠬᠠᠬᠤ ᠳᠠᠭᠠᠨ ᠦᠨᠡᠨ ᠪᠣᠳᠠᠲᠠᠢ ᠵᠥᠪ ᠣᠨᠣᠪᠴᠢᠲᠠᠢ ᠪᠠᠶᠢᠬᠤ ᠬᠡᠷᠡᠭᠲᠡᠢ᠂ ᠡᠭᠦᠨ ᠤ ᠬᠠᠮᠲᠤ ᠪᠢᠴᠢᠭ ᠤᠨ ᠬᠡᠯᠪᠡᠷᠢ ᠶᠢᠨ ᠮᠠᠲ᠋ᠧᠷᠢᠶᠠᠯ ᠳᠠᠭᠠᠯᠳᠤᠭᠤᠯᠵᠤ᠂ ᠦᠨᠡᠨ ᠨᠡᠷ᠎ᠡ᠂ ᠬᠠᠷᠢᠯᠴᠠᠬᠤ ᠤᠲᠠᠰᠤ ᠪᠠᠨ ᠪᠢᠴᠢᠵᠦ᠂ ᠲᠠᠷᠠᠭᠠᠴᠢ ᠶᠢᠨ ᠠᠯᠬᠤᠮ ᠤᠨ ᠬᠢᠨᠠᠨ ᠬᠠᠷᠭᠤᠭᠤᠯᠬᠤ ᠪᠠ ᠪᠠᠶᠢᠴᠠᠭᠠᠬᠤ ᠠᠵᠢᠯ ᠢ ᠰᠠᠶᠢᠲᠤᠷ ᠬᠢᠬᠦ ᠳᠤ ᠲᠦᠭᠦᠮ ᠦᠵᠡᠭᠦᠯᠬᠦ ᠬᠡᠷᠡᠭᠲᠡᠢ᠃      ᠵᠠᠷᠯᠠᠨ ᠨᠡᠶᠢᠲᠡᠯᠡᠬᠦ ᠴᠠᠭ᠄ 2024 ᠣᠨ ᠤ 11 ᠰᠠᠷ᠎ᠠ ᠶᠢᠨ 4᠎ ᠤ ᠡᠳᠦᠷ ᠠᠴᠠ 2024 ᠣᠨ ᠤ 11 ᠰᠠᠷ᠎ᠠ ᠶᠢᠨ 8᠎ ᠤ ᠡᠳᠦᠷ ᠪᠣᠯᠲᠠᠯ᠎ᠠ᠃      ᠬᠠᠷᠢᠯᠴᠠᠬᠤ ᠬᠠᠶ᠋ᠢᠭ᠄ ᠬᠡᠰᠢᠭᠲᠡᠨ ᠬᠤᠰᠢᠭᠤᠨ ᠤ ᠨᠠᠮ ᠵᠠᠰᠠᠭ ᠤᠨ ᠶᠡᠷᠦᠩᠬᠡᠶᠢᠯᠡᠭᠰᠡᠨ ᠠᠰᠠᠷ ᠤᠨ 417 ᠲᠠᠰᠤᠭ      ᠬᠠᠷᠢᠯᠴᠠᠬᠤ ᠤᠲᠠᠰᠤ᠄ 0476-5228771  0476-5232585                  ᠬᠡᠰᠢᠭᠲᠡᠨ ᠬᠤᠰᠢᠭᠤᠨ ᠤ ᠬᠥᠮᠥᠨ ᠤ ᠬᠦᠴᠦᠨ ᠤ ᠡᠬᠢ ᠪᠠᠶᠠᠯᠢᠭ ᠪᠠ                  ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ                  2024 ᠣᠨ ᠤ 11 ᠰᠠᠷ᠎ᠠ ᠶᠢᠨ 4᠎ ᠤ ᠡᠳᠦᠷ      ᠳᠠᠭᠠᠯᠳᠤᠭᠤᠯᠤᠯ᠄ 2024 ᠣᠨ ᠳᠤ ᠨᠢᠭᠲᠠᠯᠠᠨ ᠪᠤᠳᠤᠭᠴᠢ ᠶᠢᠨ ᠳᠡᠭᠡᠳᠦ ᠵᠡᠷᠭᠡ ᠶᠢᠨ ᠲᠤᠰᠬᠠᠢ ᠮᠡᠷᠭᠡᠵᠢᠯ ᠤᠨ ᠴᠣᠯᠠ ᠰᠢᠯᠭᠠᠷᠠᠭᠤᠯᠬᠤ ᠪᠠᠷ ᠮᠡᠳᠡᠭᠦᠯᠦᠭᠰᠡᠨ ᠬᠥᠮᠥᠰ ᠤᠨ ᠨᠡᠷᠡᠰ ᠤᠨ ᠪᠦᠷᠢᠳᠬᠡᠯ
 
ᠢᠷᠡᠯᠲᠡ᠄ ᠬᠡᠰᠢᠭᠲᠡᠨ ᠬᠣᠰᠢᠭᠤᠨ ᠤ ᠬᠦᠮᠥᠨ ᠤ ᠬᠦᠴᠦᠨ ᠦ ᠡᠬᠢ ᠪᠠᠶᠠᠯᠢᠭ ᠬᠢᠭᠡᠳ ᠨᠡᠢᠭᠡᠮ ᠦᠨ ᠪᠠᠲᠤᠯᠠᠭ᠎ᠠ ᠶᠢᠨ ᠲᠣᠪᠴᠢᠶ᠎ᠠ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备09001939号