ᠭᠤᠷᠪᠠ᠂ ︽ᠦᠨᠳᠦᠰᠦᠨ ᠡᠮ ᠡᠮᠨᠡᠯᠭᠡ ᠶᠢᠨ ᠳᠠᠭᠠᠳᠬᠠᠯ ᠳᠤ ᠣᠷᠣᠯᠴᠠᠬᠤ ᠤᠷᠲᠤᠮᠵᠢ ᠶᠢᠨ ᠴᠢᠨᠠᠷᠲᠠᠢ | ᠵᠣᠬᠢᠴᠠᠮᠵᠢ ᠶᠢ ᠪᠦᠷᠢᠨᠰᠢᠬᠦᠯᠬᠦ ᠲᠤᠬᠠᠶ ᠵᠢᠯᠣᠭᠤᠳᠬᠤ ᠰᠠᠨᠠᠯ︾ ᠢ ᠨᠡᠶᠢᠲᠡᠯᠡᠭᠰᠡᠨ ᠤ ᠳᠠᠷᠠᠭ᠎ᠠ᠂ ᠦᠨᠳᠦᠰᠦᠨ ᠡᠮ | ᠡᠮᠨᠡᠯᠭᠡ ᠶᠢᠨ ᠳᠠᠭᠠᠳᠬᠠᠯ ᠳᠤ ᠣᠷᠣᠯᠴᠠᠬᠤ ᠨᠢ ᠶᠠᠮᠠᠷ ᠴᠢᠬᠤᠯᠠ ᠶᠡᠭᠡ ᠠᠰᠢᠭ ᠲᠤᠰᠠ ᠪᠠᠶᠢᠬᠤ ᠪᠣᠶ︖ | ︽ᠵᠢᠯᠣᠭᠤᠳᠬᠤ ᠰᠠᠨᠠᠯ︾ ᠨᠢ ᠠᠰᠠᠭᠤᠳᠠᠯ ᠳᠤ ᠴᠢᠭᠯᠡᠭᠦᠯᠵᠦ᠂ ᠪᠠᠶᠢᠩᠭᠤ ᠰᠠᠭᠤᠭ᠎ᠠ ᠭᠠᠵᠠᠷ ᠤᠨ | ᠳᠠᠭᠠᠳᠬᠠᠯ ᠳᠤ ᠣᠷᠣᠯᠴᠠᠬᠤ᠂ ᠤᠷᠮᠠᠰᠢᠭᠤᠯᠬᠤ ᠬᠢᠵᠠᠭᠠᠷᠯᠠᠬᠤ ᠶᠢ ᠪᠦᠷᠢᠨᠰᠢᠬᠦᠯᠬᠦ᠂ ᠪᠠᠯᠠ ᠴᠤᠭᠯᠠᠭᠤᠯᠬᠤ | ᠲᠥᠷᠥ ᠶᠢᠨ ᠪᠣᠳᠣᠯᠭ᠎ᠠ ᠶᠢ ᠲᠡᠭᠦᠯᠳᠡᠷᠵᠢᠭᠦᠯᠬᠦ᠂ ᠣᠨᠣᠪᠴᠢᠲᠠᠢ ᠪᠠᠷ ᠬᠡᠪᠴᠢᠶ᠎ᠡ ᠶᠢ ᠥᠷᠭᠡᠳᠬᠡᠬᠦ᠂ ᠤᠬᠠᠭᠤᠯᠤᠨ | ᠳᠠᠶᠢᠴᠢᠯᠠᠬᠤ ᠶᠢ ᠴᠢᠩᠭᠠᠳᠬᠠᠬᠤ᠂ ᠰᠠᠯᠠᠭ᠎ᠠ ᠮᠥᠴᠢᠷ ᠤᠨ ᠬᠤᠯᠪᠣᠭᠠᠯᠠᠨ ᠬᠥᠳᠡᠯᠦᠯᠴᠡᠬᠦ ᠶᠢ ᠴᠢᠩᠭᠠᠳᠬᠠᠬᠤ᠂ | ᠪᠠᠲᠤᠯᠠᠭ᠎ᠠ ᠶᠢᠨ ᠪᠠᠯᠠ ᠮᠥᠩᠭᠦ ᠶᠢᠨ ᠳᠡᠮᠵᠢᠯᠭᠡ ᠦᠵᠡᠭᠦᠯᠬᠦ ᠵᠡᠷᠭᠡ ᠵᠣᠬᠢᠴᠠᠮᠵᠢ ᠶᠢ ᠲᠣᠳᠣᠷᠬᠠᠶ ᠲᠣᠭᠲᠠᠭᠠᠵᠤ᠂ | ᠨᠡᠶᠢᠲᠡᠯᠡᠭᠰᠡᠨ ᠤ ᠳᠠᠷᠠᠭ᠎ᠠ᠂ ᠳᠠᠭᠠᠳᠬᠠᠯ ᠳᠤ ᠣᠷᠣᠯᠴᠠᠭᠴᠢ ᠲᠠᠪᠤᠨ ᠶᠡᠭᠡ ᠠᠰᠢᠭ ᠬᠦᠷᠲᠡᠵᠦ ᠪᠣᠯᠤᠨ᠎ᠠ᠄ ︽ | ᠴᠢᠯᠦᠭᠡᠲᠡᠢ︾᠂ ᠲᠤᠬᠠᠶᠢᠯᠠᠪᠠᠯ ᠳᠠᠭᠠᠳᠬᠠᠯ ᠳᠤ ᠣᠷᠣᠯᠴᠠᠭᠰᠠᠨ ᠡᠷᠦᠬᠡ ᠠᠮᠠ ᠶᠢᠨ ᠲᠠᠩᠰᠠ ᠶᠢᠨ ᠬᠢᠵᠠᠭᠠᠷᠯᠠᠯ ᠢ | ᠤᠯᠠᠮ ᠨᠢᠭᠡ ᠠᠯᠬᠤᠮ ᠴᠢᠯᠥᠭᠡᠲᠡᠶ ᠲᠠᠯᠪᠢᠵᠤ᠂ ᠳᠤᠮᠳᠠᠳᠤ ᠪᠠᠭ᠎ᠠ ᠰᠤᠷᠭᠠᠭᠤᠯᠢ ᠶᠢᠨ ᠰᠣᠷᠣᠭᠴᠢ᠂ ᠰᠤᠷᠭᠠᠭᠤᠯᠢ ᠶᠢᠨ | ᠨᠠᠰᠤᠨ ᠠᠴᠠ ᠡᠮᠦᠨᠡᠬᠢ ᠬᠡᠤᠬᠡᠳ ᠢ ᠪᠠᠶᠢᠩᠭᠤ ᠰᠠᠭᠤᠭ᠎ᠠ ᠭᠠᠵᠠᠷ ᠲᠤ ᠳᠠᠭᠠᠳᠬᠠᠯ ᠳᠤ ᠣᠷᠣᠭᠤᠯᠵᠤ ᠪᠣᠯᠤᠨ᠎ᠠ᠃ | ᠬᠡᠲᠦ ᠶᠡᠭᠡ ᠬᠤᠲᠠ ᠨᠤᠭᠤᠳ ᠠᠮᠢᠳᠤᠯᠢᠭ ᠢᠶᠠᠷ ᠠᠵᠢᠯ ᠣᠯᠤᠭᠰᠠᠳ᠂ ᠲᠠᠷᠢᠶᠠᠴᠢᠨ ᠬᠦᠴᠦ ᠶᠠᠪᠤᠭᠰᠠᠳ᠂ ᠰᠢᠨ᠎ᠡ | ᠠᠵᠢᠯ ᠣᠯᠬᠤ ᠬᠡᠯᠪᠡᠷᠢ ᠮᠠᠶ᠋ᠢᠭ ᠪᠦᠬᠦᠢ ᠬᠥᠮᠦᠰ ᠠᠵᠢᠯᠲᠠᠨ ᠠᠵᠢᠯᠴᠢᠨ ᠤ ᠡᠮᠨᠡᠯᠭᠡ ᠶᠢᠨ ᠳᠠᠭᠠᠳᠬᠠᠯ ᠳᠤ | ᠣᠷᠣᠯᠴᠠᠬᠤ ᠡᠷᠦᠬᠡ ᠠᠮᠠ ᠶᠢᠨ ᠬᠠᠷᠢᠶ᠎ᠠ ᠶᠢᠨ ᠬᠢᠵᠠᠭᠠᠷᠯᠠᠯ ᠢ ᠬᠦᠴᠦᠨ ᠦᠭᠡᠶ ᠪᠣᠯᠭᠠᠬᠤ ᠬᠡᠷᠡᠭᠲᠡᠶ ᠭᠡᠵᠦ | ᠳᠤᠷᠠᠳᠤᠭᠰᠠᠨ ᠪᠠᠶᠢᠨ᠎ᠠ᠃ ︽ᠥᠷᠭᠡᠳᠬᠡᠬᠦ︾᠂ ᠲᠤᠬᠠᠶᠢᠯᠠᠪᠠᠯ ᠠᠵᠢᠯᠲᠠᠨ ᠠᠵᠢᠯᠴᠢᠨ ᠤ ᠡᠮ ᠡᠮᠨᠡᠯᠭᠡ ᠶᠢᠨ | ᠳᠠᠭᠠᠳᠬᠠᠯ ᠤᠨ ᠬᠤᠪᠢ ᠬᠥᠮᠦᠨ ᠤ ᠳᠠᠩᠰᠠᠨ ᠡᠷᠦᠬᠡ ᠶᠢᠨ ᠬᠠᠷᠢᠯᠴᠠᠨ ᠲᠤᠰᠠᠯᠠᠯᠴᠠᠬᠤ ᠬᠡᠪᠴᠢᠶ᠎ᠡ ᠶᠢ ᠥᠷᠭᠡᠳᠬᠡᠵᠦ᠂ | ᠭᠡᠷ ᠪᠦᠯᠢ ᠶᠢᠨ ᠪᠦᠷᠢᠯᠳᠦᠬᠦᠨ ᠪᠠᠶᠢᠭᠰᠠᠨ ᠠᠴᠠ ᠣᠶᠢᠷ᠎ᠠ ᠲᠥᠷᠥᠯ ᠰᠠᠳᠤᠨ ᠳᠤ ᠬᠦᠷᠲᠡᠯ᠎ᠡ ᠥᠷᠭᠡᠳᠬᠡᠨ᠎ᠡ᠃ ︽ | ᠳᠡᠭᠡᠭᠰᠢᠯᠡᠭᠦᠯᠬᠦ︾᠂ ᠲᠤᠬᠠᠶᠢᠯᠠᠪᠠᠯ ᠰᠠᠭᠤᠭᠠᠯᠢ ᠠᠷᠠᠳ ᠤᠨ ᠡᠮ ᠡᠮᠨᠡᠯᠭᠡ ᠶᠢᠨ ᠳᠠᠭᠠᠳᠬᠠᠯ ᠳᠤ ᠦᠷᠭᠦᠯᠵᠢᠯᠡᠨ | ᠣᠷᠣᠯᠴᠠᠬᠤ ᠬᠥᠮᠦᠰ ᠤᠨ ᠬᠦᠨᠳᠦ ᠡᠪᠡᠳᠴᠢᠨ ᠤ ᠳᠠᠭᠠᠳᠬᠠᠯ ᠤᠨ ᠬᠠᠮᠤᠭ ᠤᠨ ᠥᠨᠳᠥᠷ ᠥᠭᠬᠦ ᠬᠢᠵᠠᠭᠠᠷ | ᠲᠤᠭ᠎ᠠ ᠶᠢ ᠳᠡᠭᠡᠭᠰᠢᠯᠡᠭᠦᠯᠦᠨ᠎ᠡ᠃ ︽ᠱᠠᠩᠨᠠᠬᠤ︾᠂ ᠲᠤᠬᠠᠶᠢᠯᠠᠪᠠᠯ ᠰᠠᠭᠤᠭᠠᠯᠢ ᠠᠷᠠᠳ ᠤᠨ ᠡᠮᠴᠢᠯᠡᠭᠡ ᠶᠢᠨ | ᠳᠠᠭᠠᠳᠬᠠᠯ ᠤᠨ ᠰᠠᠭᠤᠷᠢ ᠮᠥᠩᠭᠦ ᠪᠠᠷ ᠲᠠᠩᠰᠠ ᠥᠯᠥ ᠲᠠᠶᠢᠯᠬᠤ ᠬᠥᠮᠦᠰ ᠤᠨ ᠱᠠᠩᠨᠠᠬᠤ ᠵᠣᠬᠢᠴᠠᠮᠵᠢ ᠶᠢ | ᠪᠠᠶᠢᠭᠤᠯᠵᠤ᠂ ᠳᠠᠷᠠᠭ᠎ᠠ ᠵᠢᠯ ᠨᠢ ᠬᠦᠨᠳᠦ ᠡᠪᠡᠳᠴᠢᠨ ᠤ ᠳᠠᠭᠠᠳᠬᠠᠯ ᠤᠨ ᠬᠠᠮᠤᠭ ᠤᠨ ᠥᠨᠳᠥᠷ ᠥᠭᠬᠦ ᠬᠢᠵᠠᠭᠠᠷ | ᠲᠤᠭ᠎ᠠ ᠶᠢ ᠳᠡᠭᠡᠭᠰᠢᠯᠡᠭᠦᠯᠦᠨ᠎ᠡ᠃ ︽ᠳᠥᠭᠦᠮ︾ ᠲᠤᠬᠠᠶᠢᠯᠠᠪᠠᠯ ᠳᠠᠭᠠᠳᠬᠠᠯ ᠳᠤ ᠣᠷᠣᠯᠴᠠᠭᠰᠠᠳ ᠤᠨ ᠣᠶᠢᠷ᠎ᠠ | ᠬᠠᠪᠢ ᠳᠠᠭᠠᠨ ᠡᠮᠴᠢᠯᠡᠭᠡᠨ ᠤ ᠦᠢᠯᠡᠴᠢᠯᠡᠭᠡ ᠭᠥᠷᠳᠡᠬᠦ ᠳᠤ ᠨᠠᠩ ᠲᠥᠬᠦᠮ ᠦᠵᠡᠭᠦᠯᠵᠦ᠂ ᠨᠠᠩ ᠣᠯᠠᠨ ᠲᠣᠰᠬᠤᠨ ᠤ | ᠡᠷᠡᠭᠦᠯ ᠬᠠᠮᠠᠭᠠᠯᠠᠯ ᠤᠨ ᠲᠠᠰᠤᠭ ᠢ ᠡᠮᠴᠢᠯᠡᠭᠡᠨ ᠤ ᠳᠠᠭᠠᠳᠬᠠᠯ ᠤᠨ ᠲᠣᠭᠲᠠᠭᠰᠠᠨ ᠴᠡᠭ ᠲᠤ ᠣᠷᠣᠭᠤᠯᠬᠤ ᠶᠢᠨ | ᠬᠠᠮᠲᠤ ᠰᠢᠭᠤᠳ ᠳ᠋ᠦᠩᠨᠡᠨ ᠪᠤᠳᠤᠬᠤ ᠶᠢ ᠠᠬᠢᠭᠤᠯᠵᠤ᠂ ᠲᠥᠪᠯᠡᠷᠡᠭᠦᠯᠦᠨ ᠬᠤᠳᠠᠯᠳᠤᠨ ᠠᠪᠬᠤ ᠡᠮ ᠤᠨ ᠵᠦᠢᠯ ᠢ | ᠦᠨᠳᠦᠰᠦᠨ ᠱᠠᠲᠤᠨ ᠳᠤ ᠨᠠᠶᠢᠳᠠᠪᠤᠷᠢᠵᠢᠭᠤᠯᠬᠤ ᠶᠢ ᠠᠬᠢᠭᠤᠯᠤᠨ᠎ᠠ᠃ | ᠳᠥᠷᠪᠡ᠂ ᠪᠢᠴᠢᠭ ᠮᠠᠲ᠋ᠧᠷᠢᠶᠠᠯ ᠨᠢ ᠪᠠᠶᠢᠩᠭᠤ ᠰᠠᠭᠤᠭ᠎ᠠ ᠭᠠᠵᠠᠷ ᠪᠣᠯᠣᠨ ᠠᠵᠢᠯ ᠣᠯᠣᠭᠰᠠᠨ ᠭᠠᠵᠠᠷ ᠤᠨ | ᠳᠠᠭᠠᠳᠬᠠᠯ ᠳᠤ ᠣᠷᠣᠯᠴᠠᠬᠤ ᠳᠤ ᠶᠠᠮᠠᠷ ᠰᠢᠨ᠎ᠡ ᠲᠣᠭᠲᠠᠭᠠᠯ ᠪᠠᠶᠢᠬᠤ ᠪᠣᠢ︖ | ᠬᠡᠦᠬᠡᠳ ᠳᠠᠭᠠᠳᠬᠠᠯ ᠳᠤ ᠣᠷᠣᠯᠴᠠᠬᠤ ᠲᠠᠯ᠎ᠠ ᠪᠠᠷ᠂ ᠣᠲᠣ ᠣᠯᠠᠩᠬᠢ ᠭᠠᠵᠠᠷ ᠣᠷᠣᠨ ᠳᠤ ᠨᠢᠭᠡᠨᠲᠡ ᠭᠠᠳᠠᠷ | ᠣᠷᠣᠨ ᠤ ᠡᠷᠦᠬᠡ ᠠᠮᠠ ᠶᠢᠨ ᠬᠢᠵᠠᠭᠠᠷᠯᠠᠯ ᠢ ᠴᠢᠯᠥᠭᠡᠲᠡᠶ ᠪᠣᠯᠭᠠᠵᠤ᠂ ᠳᠤᠮᠳᠠᠳᠤ ᠪᠠᠭ᠎ᠠ ᠰᠤᠷᠭᠠᠭᠤᠯᠢ ᠶᠢᠨ | ᠰᠤᠷᠤᠭᠴᠢ᠂ ᠰᠤᠷᠭᠠᠭᠤᠯᠢ ᠶᠢᠨ ᠨᠠᠰᠤᠨ ᠠᠴᠠ ᠡᠮᠦᠨᠡᠬᠢ ᠬᠡᠤᠬᠡᠳ ᠤᠳ ᠢ ᠪᠠᠶᠢᠩᠭᠤ ᠰᠠᠭᠤᠭ᠎ᠠ ᠭᠠᠵᠠᠷ ᠲᠤ | ᠳᠠᠭᠠᠳᠬᠠᠯ ᠳᠤ ᠣᠷᠣᠯᠴᠠᠭᠤᠯᠵᠤ ᠪᠣᠯᠤᠨ᠎ᠠ᠂ ᠭᠡᠪᠡᠴᠦ ᠳᠠᠭᠠᠳᠬᠠᠯ ᠳᠤ ᠣᠷᠣᠯᠴᠠᠬᠤ ᠶᠠᠪᠤᠴᠠ ᠨᠢ ᠰᠢᠯᠤᠭᠤᠨ ᠪᠤᠰᠤ | ᠵᠡᠷᠭᠡ ᠠᠰᠠᠭᠤᠳᠠᠯ ᠮᠥᠨ ᠬᠦ ᠣᠷᠣᠰᠢᠵᠤ ᠪᠠᠶᠢᠬᠤ ᠪᠥᠭᠡᠳ ᠪᠠᠰᠠ ᠲᠦᠢᠯ ᠤᠨ ᠴᠥᠭᠡᠨ ᠲᠣᠭᠠᠨ ᠤ ᠬᠡᠲᠦ ᠶᠡᠭᠡ | ᠬᠤᠲᠠ ᠶᠢᠨ ᠬᠢᠨ ᠬᠡᠤᠬᠡᠳ ᠤᠨ ᠳᠠᠭᠠᠳᠬᠠᠯ ᠳᠤ ᠣᠷᠣᠯᠴᠠᠬᠤ ᠡᠷᠦᠬᠡ ᠠᠮᠠ ᠶᠢᠨ ᠬᠢᠵᠠᠭᠠᠷᠯᠠᠯ ᠢ ᠴᠢᠯᠥᠭᠡᠲᠡᠶ | ᠲᠠᠯᠪᠢᠭᠰᠠᠨ ᠦᠭᠡᠢ ᠪᠣᠯᠬᠤᠷ ᠪᠢᠴᠢᠭ ᠮᠠᠲ᠋ᠧᠷᠢᠶᠠᠯ ᠳᠤ ᠭᠠᠳᠠᠷ ᠣᠷᠣᠨ ᠤ ᠡᠷᠦᠬᠡ ᠠᠮᠠ ᠲᠠᠢ ᠳᠤᠮᠳᠠᠳᠤ ᠪᠠᠭ᠎ᠠ | ᠰᠤᠷᠭᠠᠭᠤᠯᠢ ᠶᠢᠨ ᠰᠤᠷᠤᠭᠴᠢ᠂ ᠰᠤᠷᠭᠠᠭᠤᠯᠢ ᠶᠢᠨ ᠨᠠᠰᠤᠨ ᠠᠴᠠ ᠡᠮᠦᠨᠡᠬᠢ ᠬᠡᠤᠬᠡᠳ ᠤᠨ ᠪᠠᠶᠢᠩᠭᠤ ᠰᠠᠭᠤᠭ᠎ᠠ | ᠭᠠᠵᠠᠷ ᠲᠤ ᠳᠠᠭᠠᠳᠬᠠᠯ ᠳᠤ ᠣᠷᠣᠯᠴᠠᠬᠤ ᠶᠢ ᠠᠬᠢᠭᠤᠯᠵᠤ᠂ ᠮᠠᠨ ᠤ ᠤᠯᠤᠰ ᠤᠨ ᠬᠡᠦᠬᠡᠳ ᠤᠨ ᠴᠠᠭ ᠲᠤᠬᠠᠶ ᠳᠤᠨᠢ | ᠳᠥᠭᠦᠮ ᠳᠥᠲᠡ ᠳᠠᠭᠠᠳᠬᠠᠯ ᠳᠤ ᠣᠷᠣᠯᠴᠠᠵᠤ᠂ ᠣᠶᠢᠷ᠎ᠠ ᠬᠠᠪᠢ ᠳᠠᠭᠠᠨ ᠡᠮ ᠡᠮᠨᠡᠯᠭᠡ ᠶᠢᠨ ᠳᠠᠭᠠᠳᠬᠠᠯ ᠤᠨ | ᠣᠯᠭᠤᠮᠵᠢ ᠭᠥᠷᠳᠡᠬᠦ ᠶᠢ ᠦᠨᠡᠨ ᠬᠦ ᠪᠠᠲᠤᠯᠠᠬᠤ ᠬᠡᠷᠡᠭᠲᠡᠶ ᠭᠡᠵᠦ ᠳᠤᠷᠠᠳᠪᠠ᠃ | ᠠᠮᠢᠳᠤᠯᠢᠭ ᠢᠶᠠᠷ ᠠᠵᠢᠯ ᠣᠯᠤᠭᠰᠠᠳ ᠤᠨ ᠳᠠᠭᠠᠳᠬᠠᠯ ᠳᠤ ᠣᠷᠣᠯᠴᠠᠬᠤ ᠲᠠᠯ᠎ᠠ ᠪᠠᠷ᠂ ᠲᠣᠰ ᠤᠳᠠᠭᠠᠨ ᠤ | ᠪᠢᠴᠢᠭ ᠮᠠᠲ᠋ᠧᠷᠢᠶᠠᠯ ᠳᠤ ᠠᠮᠢᠳᠤᠯᠢᠭ ᠢᠶᠠᠷ ᠠᠵᠢᠯ ᠣᠯᠤᠭᠰᠠᠳ ᠤᠨ ᠠᠵᠢᠯ ᠣᠯᠤᠭᠰᠠᠨ ᠭᠠᠵᠠᠷ ᠤᠨ ᠠᠵᠢᠯᠲᠠᠨ | ᠠᠵᠢᠯᠴᠢᠨ ᠤ ᠡᠮ ᠡᠮᠨᠡᠯᠭᠡ ᠶᠢᠨ ᠳᠠᠭᠠᠳᠬᠠᠯ ᠤᠨ ᠠᠵᠢᠯ ᠳᠤ ᠣᠷᠣᠯᠴᠠᠬᠤ ᠪᠣᠯ ᠣᠷᠣᠰᠢᠨ ᠰᠠᠭᠤᠬᠤ ᠦᠨᠡᠮᠯᠡᠯ ᠲᠠᠢ | ᠳᠠᠭᠠᠳᠬᠠᠯ ᠳᠤ ᠣᠷᠣᠯᠴᠠᠬᠤ ᠲᠥᠷᠥ ᠶᠢᠨ ᠪᠣᠳᠣᠯᠭ᠎ᠠ ᠶᠢᠨ ᠲᠣᠭᠲᠠᠭᠠᠯ ᠢ ᠨᠠᠶᠢᠳᠠᠪᠤᠷᠢᠵᠢᠭᠤᠯᠬᠤ ᠪᠠᠷ ᠳᠠᠮᠵᠢᠭᠤᠯᠵᠤ᠂ | ᠠᠮᠢᠳᠤᠯᠢᠭ ᠢᠶᠠᠷ ᠠᠵᠢᠯ ᠣᠯᠤᠭᠰᠠᠳ ᠤᠨ ᠲᠤᠬᠠᠶ ᠶᠢᠨ ᠭᠠᠵᠠᠷ ᠤᠨ ᠣᠶᠢᠷ᠎ᠠ ᠬᠠᠪᠢ ᠳᠠᠭᠠᠨ ᠠᠵᠢᠯᠲᠠᠨ | ᠠᠵᠢᠯᠴᠢᠨ ᠤ ᠡᠮ ᠡᠮᠨᠡᠯᠭᠡ ᠶᠢᠨ ᠳᠠᠭᠠᠳᠬᠠᠯ ᠳᠤ ᠣᠷᠣᠯᠴᠠᠬᠤ ᠡᠷᠬᠡ ᠠᠰᠢᠭ ᠢ ᠨᠠᠩ ᠰᠠᠶᠢᠲᠤᠷ ᠪᠠᠲᠤᠯᠠᠨ᠎ᠠ᠃ | ᠣᠳᠣ ᠶᠢᠨ ᠬᠡᠷᠡᠭᠵᠢᠭᠦᠯᠵᠦ ᠪᠠᠶᠢᠭ᠎ᠠ ᠲᠥᠷᠥ ᠶᠢᠨ ᠪᠣᠳᠣᠯᠭ᠎ᠠ ᠶᠢᠨ ᠳᠣᠤᠷ᠎ᠠ᠂ ᠠᠮᠢᠳᠤᠯᠢᠭ ᠢᠶᠠᠷ ᠠᠵᠢᠯ ᠣᠯᠤᠭᠰᠠᠨ | ᠬᠥᠮᠦᠰ ᠠᠵᠢᠯᠲᠠᠨ ᠠᠵᠢᠯᠴᠢᠨ ᠤ ᠡᠮ ᠡᠮᠨᠡᠯᠭᠡ ᠶᠢᠨ ᠳᠠᠭᠠᠳᠬᠠᠯ ᠳᠤ ᠣᠷᠣᠯᠴᠠᠵᠤ ᠪᠣᠯᠤᠨ᠎ᠠ᠂ ᠪᠠᠰᠠ ᠰᠠᠭᠤᠭᠠᠯᠢ | ᠠᠷᠠᠳ ᠤᠨ ᠡᠮ ᠡᠮᠨᠡᠯᠭᠡ ᠶᠢᠨ ᠳᠠᠭᠠᠳᠬᠠᠯ ᠳᠤ ᠣᠷᠣᠯᠴᠠᠵᠤ ᠪᠣᠯᠤᠨ᠎ᠠ᠃ |