ᠡᠯ᠎ᠡ ᠰᠤᠮᠤ ᠰᠢᠶᠠᠩ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ ᠳᠤ᠄ | ︽ᠤᠯᠠᠭᠠᠨᠬᠠᠳᠠ ᠬᠤᠲᠠ ᠶᠢᠨ ᠡᠳ᠋ ᠤᠨ ᠵᠠᠰᠠᠭ ᠤᠨ ᠲᠣᠪᠴᠢᠶ᠎ᠠ ᠶᠢᠨ 2024 ᠣᠨ ᠤ ᠬᠤᠲᠠ ᠶᠢᠨ ᠲᠣᠰ | ᠱᠠᠲᠤᠨ ᠤ ᠲᠣᠰᠬᠤᠨ ᠳᠤ ᠰᠠᠭᠤᠭ᠎ᠠ ᠺᠠᠳ᠋ᠷ ᠤᠨ ᠳᠤᠯᠠᠭᠠᠯᠠᠭ᠎ᠠ ᠶᠢᠨ ᠨᠥᠬᠦᠪᠥᠷᠢ ᠶᠢᠨ ᠪᠠᠯᠠ ᠮᠥᠩᠭᠦ ᠶᠢ ᠪᠠᠭᠤᠯᠭᠠᠬᠤ | ᠲᠤᠬᠠᠶ ᠮᠡᠳᠡᠭᠳᠡᠯ︾ ︵ᠤᠯᠠᠭᠠᠨᠬᠠᠳᠠ ᠡᠳ᠋ ᠤᠨ ᠵᠠᠰᠠᠭ ᠲᠠᠷᠢᠶᠠᠯᠠᠩ ﹇2020﹈ 657 ᠳ᠋ᠤᠭᠠᠷ ᠲᠣᠭᠠᠲᠤ︶ ᠤᠨ | ᠪᠢᠴᠢᠭ ᠮᠠᠲ᠋ᠧᠷᠢᠶᠠᠯ ᠤᠨ ᠱᠠᠭᠠᠷᠳᠠᠯᠭ᠎ᠠ ᠶᠢ ᠦᠨᠳᠦᠰᠦᠯᠡᠨ᠂ ᠬᠤᠰᠢᠭᠤᠨ ᠤ ᠲᠠᠷᠢᠶᠠᠯᠠᠩ ᠮᠠᠯ ᠠᠵᠤ ᠠᠬᠤᠶ ᠶᠢᠨ | ᠲᠣᠪᠴᠢᠶ᠎ᠠ ᠶᠢᠨ ︽2024 ᠣᠨ ᠤ ᠬᠤᠲᠠ ᠶᠢᠨ ᠲᠣᠰ ᠱᠠᠲᠤᠨ ᠤ ᠲᠣᠰᠬᠤᠨ ᠳᠤ ᠰᠠᠭᠤᠭ᠎ᠠ ᠺᠠᠳ᠋ᠷ ᠤᠨ | ᠳᠤᠯᠠᠭᠠᠯᠠᠭ᠎ᠠ ᠶᠢᠨ ᠨᠥᠬᠦᠪᠥᠷᠢ ᠶᠢᠨ ᠪᠠᠯᠠ ᠮᠥᠩᠭᠦ ᠶᠢ ᠬᠤᠪᠢᠶᠠᠷᠢᠯᠠᠬᠤ ᠲᠤᠬᠠᠶ ᠬᠡᠰᠢᠭᠲᠡᠨ ᠬᠤᠰᠢᠭᠤᠨ ᠤ | ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ ᠶᠢᠨ ᠰᠠᠨᠠᠯ︾ ︵ᠬᠡᠰᠢᠭᠲᠡᠨ ᠮᠠᠯ ᠲᠠᠷᠢᠶᠠᠯᠠᠩ ᠥᠰᠥᠭ ﹇2020﹈ | 249 ᠳ᠋ᠦ᠋ᠭᠡᠷ ᠲᠣᠭᠠᠲᠤ︶ ᠶᠣᠰᠣᠭᠠᠷ᠂ ᠡᠳᠦᠭᠡ ᠡᠯ᠎ᠡ ᠭᠠᠵᠠᠷ ᠣᠷᠣᠨ ᠤ 2024 ᠣᠨ ᠤ ᠲᠣᠰᠬᠤᠨ ᠳᠤ | ᠰᠠᠭᠤᠭ᠎ᠠ ᠺᠠᠳ᠋ᠷ ᠤᠨ 7.2 ᠲᠦᠮᠡᠨ ᠲᠥᠭᠦᠷᠢᠭ ᠤᠨ ᠳᠤᠯᠠᠭᠠᠯᠠᠭ᠎ᠠ ᠶᠢᠨ ᠨᠥᠬᠦᠪᠥᠷᠢ ᠶᠢᠨ ᠪᠠᠯᠠ ᠮᠥᠩᠭᠦ ︵ | ᠳᠠᠭᠠᠯᠳᠤᠭᠤᠯᠤᠯ ᠳᠤ ᠨᠠᠷᠢᠨ ᠦᠵᠡᠭᠡᠷᠡᠶ︶ ᠶᠢ ᠪᠠᠭᠤᠯᠭᠠᠪᠠ ᠃ ᠲᠣᠰ ᠪᠠᠯᠠ ᠮᠥᠩᠭᠦ ᠶᠢ 2024 ᠣᠨ ᠤ ᠵᠠᠰᠠᠭ ᠤᠨ | ᠣᠷᠳᠣᠨ ᠤ ᠣᠷᠣᠯᠭ᠎ᠠ ᠵᠠᠷᠤᠯᠭ᠎ᠠ ᠶᠢᠨ ᠲᠥᠷᠥᠯ ᠤᠨ 213 ᠲᠥᠷᠥᠯ ᠤᠨ 05 ᠵᠦᠢᠯ ᠤᠨ ︽ᠶᠠᠳᠠᠭᠤ ᠠᠴᠠ | ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠵᠦ ᠬᠥᠳᠡᠭᠡ ᠲᠣᠰᠬᠤᠨ ᠢ | ᠬᠥᠭᠵᠢᠭᠦᠯᠦᠨ ᠮᠠᠨᠳᠤᠭᠤᠯᠬᠤ︾ ᠲᠥᠷᠥᠯ ᠳᠤ ᠣᠷᠣᠭᠤᠯᠪᠠ᠃ | ᠪᠢᠴᠢᠭ ᠮᠠᠲ᠋ᠧᠷᠢᠶᠠᠯ ᠢ ᠣᠯᠣᠭᠰᠠᠨ ᠤ ᠳᠠᠷᠠᠭ᠎ᠠ᠂ ᠲᠤᠰᠬᠠᠢ ᠪᠡᠯᠡ ᠮᠥᠩᠭᠦ ᠶᠢ ᠦᠨᠡᠨ ᠬᠦ ᠰᠠᠶᠢᠲᠤᠷ | ᠬᠠᠮᠢᠶᠠᠷᠤᠨ ᠰᠠᠶᠢᠲᠤᠷ ᠬᠡᠷᠡᠭᠯᠡᠵᠦ᠂ ᠠᠵᠢᠯ ᠤᠨ ᠪᠦᠲᠦᠮᠵᠢ ᠶᠢᠨ ᠬᠠᠮᠢᠶᠠᠷᠤᠯᠲᠠ ᠶᠢᠨ ᠱᠠᠭᠠᠷᠳᠠᠯᠭ᠎ᠠ ᠶᠢ | ᠨᠠᠶᠢᠳᠠᠪᠤᠷᠢᠵᠢᠭᠤᠯᠵᠤ᠂ ᠪᠡᠯᠡ ᠮᠥᠩᠭᠦ ᠰᠢᠯᠵᠢᠭᠦᠯᠦᠨ ᠥᠭᠬᠦ ᠠᠬᠢᠴᠠ ᠶᠢ ᠲᠦᠷᠭᠡᠳᠬᠡᠵᠦ᠂ ᠪᠡᠯᠡ ᠮᠥᠩᠭᠦ ᠶᠢᠨ | ᠬᠡᠷᠡᠭᠯᠡᠯᠲᠡ ᠶᠢᠨ ᠦᠷ᠎ᠡ ᠠᠰᠢᠭ ᠢ ᠭᠦᠢᠴᠡᠳ ᠪᠠᠳᠠᠷᠠᠭᠤᠯᠬᠤ ᠬᠡᠷᠡᠭᠲᠡᠢ᠃ | | ᠬᠡᠰᠢᠭᠲᠡᠨ ᠬᠤᠰᠢᠭᠤᠨ ᠤ ᠡᠳ᠋ ᠤᠨ ᠵᠠᠰᠠᠭ ᠤᠨ ᠲᠣᠪᠴᠢᠶ᠎ᠠ | 2024 ᠣᠨ ᠤ 11 ᠰᠠᠷ᠎ᠠ ᠶᠢᠨ 5 ᠤ ᠡᠳᠦᠷ | | | ᠬᠢᠨᠠᠯᠲᠠ ᠲᠠᠯᠪᠢᠬᠤ ᠤᠲᠠᠰᠤ᠄ 12317 5221244 | ᠬᠠᠶ᠋ᠢᠭ᠄ ᠬᠡᠰᠢᠭᠲᠡᠨ ᠬᠤᠰᠢᠭᠤᠨ ᠤ ᠡᠳ᠋ ᠤᠨ ᠵᠠᠰᠠᠭ ᠤᠨ ᠲᠣᠪᠴᠢᠶ᠎ᠠ 605 | ᠢᠮᠧᠯ᠄ ksktqczj@163.com | | ᠢᠯᠡ ᠨᠡᠶᠢᠲᠡᠯᠡᠬᠦ ᠬᠤᠭᠤᠴᠠᠭ᠎ᠠ ᠬᠢᠵᠠᠭᠠᠷ᠄ ᠢᠯᠡ ᠨᠡᠶᠢᠲᠡᠯᠡᠭᠰᠡᠨ ᠡᠳᠦᠷ ᠠᠴᠠ ᠡᠬᠢᠯᠡᠨ ᠢᠯᠡ ᠨᠡᠶᠢᠲᠡᠯᠡᠬᠦ | ᠬᠤᠭᠤᠴᠠᠭ᠎ᠠ ᠶᠢ 10 ᠡᠳᠦᠷ ᠠᠴᠠ ᠳᠣᠣᠷ᠎ᠠ ᠪᠠᠶᠢᠯᠭᠠᠬᠤ ᠦᠭᠡᠢ | | ᠳᠠᠭᠠᠯᠳᠤᠭᠤᠯᠤᠯ᠄ ᠬᠡᠰᠢᠭᠲᠡᠨ ᠬᠤᠰᠢᠭᠤᠨ ᠤ ᠲᠣᠰᠬᠤᠨ ᠳᠤ ᠰᠠᠭᠤᠭ᠎ᠠ ᠺᠠᠳ᠋ᠷ ᠤᠨ ᠳᠤᠯᠠᠭᠠᠯᠠᠭ᠎ᠠ ᠶᠢᠨ | ᠨᠥᠬᠦᠪᠥᠷᠢ ᠪᠡᠯᠡ ᠮᠥᠩᠭᠦ ᠶᠢᠨ ᠬᠤᠪᠢᠶᠠᠷᠢᠯᠠᠯᠲᠠ ᠶᠢᠨ ᠬᠦᠰᠦᠨᠦᠭᠲᠦ | |