ᠨᠢᠭᠡ᠂ ᠠᠬᠤᠶ ᠪᠠᠶᠢᠳᠠᠯ | ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠲᠤᠭᠤᠰᠢᠯᠠᠭᠤᠯᠵᠤ᠂ ᠶᠠᠳᠠᠭᠤ ᠠᠴᠠ | ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢ ᠪᠠᠬᠢᠵᠢᠭᠦᠯᠬᠦ ᠪᠠ ᠬᠥᠳᠡᠭᠡ ᠲᠣᠰᠬᠤᠨ ᠢ | ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ ᠲᠤᠬᠠᠶ ᠨᠠᠮ ᠤᠨ ᠲᠥᠪ ᠬᠤᠷᠢᠶᠠᠨ ᠤ ᠪᠠᠶᠢᠷᠢᠯᠠᠭᠤᠯᠤᠯᠲᠠ ᠶᠢ | ᠨᠠᠶᠢᠳᠠᠪᠤᠷᠢᠵᠢᠭᠤᠯᠵᠤ᠂ ᠲᠠᠰ ᠲᠥᠷᠥᠯ ᠬᠤᠪᠢᠶᠠᠨ ᠨᠡᠶᠢᠭᠡᠮ ᠤᠨ ᠠᠪᠤᠷᠠᠨ ᠲᠤᠰᠠᠯᠠᠬᠤ ᠰᠢᠰᠲ᠋ᠧᠮ ᠢ | ᠪᠦᠷᠢᠨᠰᠢᠭᠦᠯᠬᠦ ᠶᠢᠨ ᠲᠥᠯᠥᠭᠡ᠂ ᠠᠷᠠᠳ ᠤᠨ ᠶᠠᠪᠤᠳᠠᠯ ᠤᠨ ᠶᠠᠮᠤᠨ ᠤ ᠲᠤᠷᠰᠢᠯᠲᠠ ᠶᠢᠨ ᠠᠵᠢᠯ ᠤᠨ ᠱᠠᠭᠠᠷᠳᠠᠯᠭ᠎ᠠ ᠶᠢ | ᠦᠨᠳᠦᠰᠦᠯᠡᠵᠦ᠂ ᠬᠡᠰᠢᠭᠲᠡᠨ ᠬᠤᠰᠢᠭᠤᠨ ᠤ ᠪᠣᠳᠠᠲᠠᠶ ᠲᠠᠢ ᠤᠶᠠᠯᠳᠤᠭᠤᠯᠵᠤ᠂ ᠲᠣᠰ ᠲᠥᠰᠦᠯ ᠢ ᠲᠣᠭᠲᠠᠭᠠᠵᠤ᠂ | ᠳᠠᠬᠢᠨ ᠶᠠᠳᠠᠭᠤᠷᠠᠬᠤ ᠶᠢ ᠰᠡᠷᠭᠡᠶᠢᠯᠡᠨ ᠬᠠᠪᠰᠤᠷᠤᠨ ᠲᠡᠳᠬᠦᠬᠦ ᠲᠥᠷᠥ ᠶᠢᠨ ᠪᠣᠳᠣᠯᠭ᠎ᠠ ᠶᠢ ᠣᠷᠣᠯᠭ᠎ᠠ ᠳᠣᠣᠷ᠎ᠠ | ᠬᠥᠮᠦᠨ ᠠᠮᠠ ᠶᠢ ᠬᠠᠪᠰᠤᠷᠤᠨ ᠲᠡᠳᠬᠦᠬᠦ ᠲᠥᠷᠥ ᠶᠢᠨ ᠪᠣᠳᠣᠯᠭ᠎ᠠ ᠲᠠᠢ ᠪᠦᠲᠦᠮᠵᠢᠲᠡᠶ ᠵᠣᠯᠭᠠᠭᠤᠯᠬᠤ ᠶᠢ | ᠠᠬᠢᠭᠤᠯᠤᠨ᠎ᠠ᠃ | ᠬᠤᠶᠠᠷ᠂ ᠲᠣᠭᠲᠠᠭᠠᠭᠰᠠᠨ ᠶᠠᠪᠤᠴᠠ | ᠬᠤᠰᠢᠭᠤᠨ ᠤ ᠠᠷᠠᠳ ᠤᠨ ᠶᠠᠪᠤᠳᠠᠯ ᠤᠨ ᠲᠣᠪᠴᠢᠶ᠎ᠠ ᠲᠦᠷᠦᠭᠦᠯᠡᠵᠦ᠂ ᠲᠠᠷᠢᠶᠠᠯᠠᠩ ᠮᠠᠯ ᠠᠵᠤ ᠠᠬᠤᠶ ᠶᠢᠨ | ᠲᠣᠪᠴᠢᠶ᠎ᠠ ᠲᠠᠢ ᠬᠤᠯᠪᠣᠭᠠᠯᠠᠵᠤ᠂ ᠪᠠᠶᠢᠴᠠᠭᠠᠨ ᠰᠤᠳᠤᠯᠬᠤ ᠪᠠ ᠥᠷᠭᠡᠨ ᠢᠶᠠᠷ ᠰᠠᠨᠠᠯ ᠬᠤᠷᠢᠶᠠᠬᠤ ᠪᠠᠷ ᠳᠠᠮᠵᠢᠭᠤᠯᠤᠨ | ᠂ ᠲᠤᠷᠰᠢᠯᠲᠠ ᠶᠢᠨ ᠴᠢᠭ᠋ ᠤᠨ ᠠᠵᠢᠯ ᠤᠨ ᠲᠥᠰᠦᠯ ᠢ ᠪᠣᠶ ᠪᠣᠯᠭᠠᠪᠠ᠃ | ᠭᠤᠷᠪᠠ᠂ ᠭᠤᠣᠯ ᠠᠭᠤᠯᠭ᠎ᠠ | 1. ᠶᠡᠷᠦᠩᠬᠡᠶ ᠱᠠᠭᠠᠷᠳᠠᠯᠭ᠎ᠠ | ᠠᠪᠤᠷᠠᠨ ᠲᠤᠰᠠᠯᠠᠬᠤ ᠰᠢᠰᠲ᠋ᠧᠮ ᠢ ᠲᠡᠭᠦᠯᠳᠡᠷᠵᠢᠭᠦᠯᠬᠦ ᠪᠠᠷ ᠬᠠᠷᠠᠯᠲᠠ ᠪᠣᠯᠭᠠᠵᠤ᠂ ᠣᠷᠣᠯᠭ᠎ᠠ ᠳᠣᠣᠷ᠎ᠠ ᠬᠥᠮᠦᠨ | ᠠᠮᠠ ᠶᠢ ᠨᠠᠷᠢᠯᠢᠭ ᠣᠨᠣᠴᠠᠲᠠᠶ ᠪᠠᠷ ᠮᠠᠭᠠᠳᠯᠠᠨ ᠲᠣᠭᠲᠠᠭᠠᠬᠤ ᠪᠠ ᠬᠥᠳᠡᠯᠦᠩᠭᠦᠶ ᠪᠠᠷ ᠬᠠᠮᠢᠶᠠᠷᠬᠤ ᠶᠢ ᠪᠡᠶᠡᠯᠡᠭᠦᠯᠵᠦ᠂ | ᠲᠥᠷᠥᠯ ᠬᠤᠪᠢᠶᠠᠨ ᠠᠪᠤᠷᠠᠨ ᠲᠤᠰᠠᠯᠠᠬᠤ ᠶᠢ ᠬᠡᠷᠡᠭᠵᠢᠭᠦᠯᠵᠦ᠂ ᠴᠢᠨᠠᠷ ᠰᠠᠶᠢᠲᠠᠶ ᠨᠡᠶᠢᠭᠡᠮ ᠤᠨ ᠠᠪᠤᠷᠠᠨ ᠲᠤᠰᠠᠯᠠᠬᠤ | ᠰᠦᠯᠵᠢᠶ᠎ᠡ ᠶᠢ ᠪᠠᠶᠢᠭᠤᠯᠤᠨ᠎ᠠ᠃ | 2. ᠠᠵᠢᠯ ᠤᠨ ᠠᠷᠭ᠎ᠠ ᠬᠡᠮᠵᠢᠶ᠎ᠡ | ᠪᠠᠷᠢᠮᠵᠢᠶ᠎ᠠ ᠶᠢᠨ ᠰᠢᠰᠲ᠋ᠧᠮ ᠢ ᠪᠦᠷᠢᠨᠰᠢᠭᠦᠯᠦᠨ᠎ᠡ᠄ ᠣᠷᠣᠯᠭ᠎ᠠ ᠳᠣᠣᠷ᠎ᠠ ᠬᠥᠮᠦᠨ ᠠᠮᠠ ᠶᠢᠨ 5 ᠲᠥᠷᠥᠯ ᠤᠨ | ᠬᠢᠨᠠᠨ ᠪᠤᠳᠤᠬᠤ ᠪᠠᠷᠢᠮᠵᠢᠶ᠎ᠠ ᠶᠢ ᠨᠢᠭᠡᠳᠦᠯᠲᠡᠶ ᠪᠣᠯᠭᠠᠵᠤ᠂ ᠬᠢᠨᠠᠨ ᠰᠢᠯᠭᠠᠬᠤ ᠬᠡᠪᠴᠢᠶ᠎ᠡ ᠶᠢ ᠥᠷᠭᠡᠳᠬᠡᠨ᠎ᠡ᠃ | ᠲᠥᠷᠥᠯ ᠬᠤᠪᠢᠶᠠᠨ ᠠᠪᠤᠷᠠᠨ ᠲᠤᠰᠠᠯᠠᠵᠤ ᠬᠠᠪᠰᠤᠷᠤᠨ ᠲᠡᠳᠬᠦᠨ᠎ᠡ᠄ ᠦᠨᠳᠦᠰᠦᠨ ᠠᠮᠢᠳᠤᠷᠠᠯ᠂ ᠡᠮ | ᠡᠮᠨᠡᠯᠭᠡ᠂ ᠰᠤᠷᠭᠠᠨ ᠬᠥᠮᠦᠵᠢᠯ᠂ ᠣᠷᠣᠨ ᠰᠠᠭᠤᠴᠠ ᠵᠡᠷᠭᠡ ᠶᠢᠨ ᠠᠪᠤᠷᠠᠨ ᠲᠤᠰᠠᠯᠠᠯᠲᠠ ᠶᠢ ᠬᠡᠷᠡᠭᠵᠢᠭᠦᠯᠬᠦ ᠶᠢᠨ | ᠬᠠᠮᠲᠤ ᠠᠵᠤ ᠦᠢᠯᠡᠰ᠂ ᠠᠵᠢᠯ ᠣᠯᠭᠤᠯᠲᠠ ᠵᠡᠷᠭᠡ ᠪᠠᠷ ᠬᠠᠪᠰᠤᠷᠤᠨ ᠲᠡᠳᠬᠦᠬᠦ ᠶᠢ ᠥᠷᠨᠢᠭᠦᠯᠦᠨ᠎ᠡ᠃ | ᠠᠵᠢᠯ ᠤᠨ ᠰᠢᠰᠲ᠋ᠧᠮ ᠢ ᠲᠡᠭᠦᠯᠳᠡᠷᠵᠢᠭᠦᠯᠦᠨ᠎ᠡ᠄ ᠤᠯᠠᠨ ᠲᠠᠯ᠎ᠠ ᠶᠢᠨ ᠬᠦᠴᠦᠨ ᠢ ᠨᠡᠶᠢᠳᠬᠡᠵᠦ᠂ | ᠤᠳᠤᠷᠢᠳᠬᠤ ᠳᠤᠭᠤᠶᠢᠯᠠᠩ ᠪᠠᠶᠢᠭᠤᠯᠵᠤ᠂ ᠲᠦᠷᠦ ᠶᠢᠨ ᠪᠤᠳᠤᠯᠭ᠎ᠠ ᠶᠢ ᠵᠡᠷᠭᠡ ᠪᠠᠷ ᠬᠢᠨᠠᠨ ᠬᠠᠷᠭᠤᠭᠤᠯᠬᠤ᠂ | ᠨᠠᠶᠢᠳᠠᠪᠤᠷᠢᠵᠢᠭᠤᠯᠬᠤ ᠪᠠ ᠬᠢᠨᠠᠨ ᠬᠡᠮᠵᠢᠬᠦ ᠶᠢ ᠴᠢᠩᠭᠠᠳᠬᠠᠨ᠎ᠠ᠃ | ᠦᠨᠡᠯᠡᠯᠲᠡ ᠶᠢᠨ ᠰᠢᠰᠲ᠋ᠧᠮ ᠶᠢ ᠲᠡᠭᠦᠯᠳᠡᠷᠵᠢᠭᠦᠯᠦᠨ᠎ᠡ᠄ ᠲᠣᠭᠠᠴᠢᠯᠠᠭᠰᠠᠨ ᠲᠠᠪᠴᠠᠩ ᠢᠶᠠᠷ ᠳᠠᠮᠵᠢᠭᠤᠯᠤᠨ | ᠬᠠᠪᠰᠤᠷᠤᠨ ᠲᠡᠳᠬᠦᠭᠰᠡᠨ ᠦᠷ᠎ᠡ ᠪᠦᠲᠦᠮᠵᠢ ᠶᠢ ᠮᠥᠷᠳᠡᠨ ᠳᠠᠭᠠᠵᠤ᠂ ᠲᠣᠭᠲᠠᠮᠠᠯ ᠬᠤᠭᠤᠴᠠᠭ᠎ᠠ ᠲᠠᠢ ᠪᠠᠷ ᠦᠨᠡᠯᠡᠨ | ᠵᠢᠱᠢᠬᠦ ᠪᠠ ᠬᠠᠷᠢᠭᠤ ᠲᠤᠰᠬᠠᠵᠤ᠂ ᠲᠥᠷᠥ ᠶᠢᠨ ᠪᠣᠳᠣᠯᠭ᠎ᠠ ᠶᠢᠨ ᠨᠠᠶᠢᠳᠠᠪᠤᠷᠢᠵᠢᠭᠤᠯᠤᠯᠲᠠ ᠶᠢ ᠦᠨᠡᠨ ᠬᠦ ᠪᠠᠲᠤᠯᠠᠨ᠎ᠠ | ᠃ | 3. ᠠᠵᠢᠯ ᠤᠨ ᠠᠯᠬᠤᠮ ᠳᠠᠷᠠᠭ᠎ᠠ | ᠲᠥᠰᠦᠯ ᠤᠨ ᠱᠠᠲᠤ ᠦᠶ᠎ᠡ ︵2024 ᠣᠨ ᠤ 8—9 ᠰᠠᠷ᠎ᠠ︶᠄ ᠪᠠᠶᠢᠴᠠᠭᠠᠨ ᠰᠤᠳᠤᠯᠤᠯᠲᠠ ᠬᠢᠵᠦ᠂ | ᠲᠥᠰᠦᠯ ᠢ ᠲᠡᠭᠦᠯᠳᠡᠷᠵᠢᠭᠦᠯᠦᠨ᠎ᠡ᠃ | ᠲᠤᠷᠰᠢᠯᠲᠠ ᠶᠢᠨ ᠱᠠᠲᠤ ᠦᠶ᠎ᠡ ︵2024 ᠣᠨ ᠤ 9—12 ᠰᠠᠷ᠎ᠠ︶᠄ ᠬᠡᠰᠡᠭ ᠰᠢᠶᠠᠩ ᠪᠠᠯᠭᠠᠰᠤᠨ ᠤ | ᠲᠤᠷᠰᠢᠯᠲᠠ ᠶᠢᠨ ᠴᠢᠭ᠋ ᠲᠤ ᠬᠠᠶᠢᠨ ᠰᠦᠪᠡᠭᠴᠢᠯᠡᠵᠦ᠂ ᠲᠤᠷᠰᠢᠯᠭ᠎ᠠ ᠬᠤᠷᠠᠮᠳᠤᠭᠤᠯᠤᠨ᠎ᠠ᠃ | ᠪᠦᠬᠦ ᠲᠠᠯ᠎ᠠ ᠪᠠᠷ ᠬᠡᠷᠡᠭᠵᠢᠭᠦᠯᠬᠦ ᠱᠠᠲᠤ ᠦᠶ᠎ᠡ ︵2025 ᠣᠨ ᠤ 1—3 ᠰᠠᠷ᠎ᠠ︶᠄ ᠪᠥᠬᠦ | ᠬᠤᠰᠢᠭᠤᠨ ᠳᠤ ᠲᠤᠷᠰᠢᠯᠲᠠ ᠶᠢᠨ ᠦᠷ᠎ᠡ ᠪᠦᠲᠦᠭᠡᠯ ᠢ ᠳᠡᠯᠭᠡᠷᠡᠭᠦᠯᠵᠦ᠂ ᠲᠥᠷᠥ ᠶᠢᠨ ᠪᠣᠳᠣᠯᠭ᠎ᠠ ᠶᠢ | ᠲᠡᠭᠦᠯᠳᠡᠷᠵᠢᠭᠦᠯᠦᠨ᠎ᠡ᠃ | 4. ᠠᠵᠢᠯ ᠤᠨ ᠱᠠᠭᠠᠷᠳᠠᠯᠭ᠎ᠠ | ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠨ᠎ᠠ᠄ ᠤᠳᠤᠷᠢᠳᠬᠤ ᠳᠤᠭᠤᠶᠢᠯᠠᠩ | ᠪᠠᠶᠢᠭᠤᠯᠵᠤ᠂ ᠲᠤᠷᠰᠢᠯᠲᠠ ᠶᠢᠨ ᠠᠵᠢᠯ ᠢ ᠨᠢᠭᠡᠳᠦᠯᠲᠡᠶ ᠲᠥᠯᠥᠪᠯᠡᠨ ᠵᠣᠬᠢᠴᠠᠭᠤᠯᠤᠨ᠎ᠠ᠃ | ᠰᠠᠯᠠᠭ᠎ᠠ ᠮᠥᠴᠢᠷ ᠤᠨ ᠡᠭᠦᠷᠭᠡ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠤᠨ᠎ᠠ᠄ ᠡᠯ᠎ᠡ ᠬᠠᠮᠢᠶ᠎ᠠ ᠪᠥᠬᠦᠶ ᠰᠠᠯᠠᠭ᠎ᠠ | ᠮᠥᠴᠢᠷ ᠤᠳ ᠲᠤᠰᠬᠠᠶ ᠠᠪᠤᠷᠠᠨ ᠲᠤᠰᠠᠯᠠᠬᠤ ᠲᠦᠷᠢᠮ ᠢ ᠲᠡᠭᠦᠯᠳᠡᠷᠵᠢᠭᠦᠯᠵᠦ᠂ ᠲᠥᠷᠥ ᠶᠢᠨ ᠪᠣᠳᠣᠯᠭ᠎ᠠ ᠶᠢ | ᠨᠠᠶᠢᠳᠠᠪᠤᠷᠢᠵᠢᠭᠤᠯᠤᠨ᠎ᠠ᠃ | ᠴᠢᠳᠠᠪᠤᠷᠢ ᠶᠢᠨ ᠪᠠᠢᠭᠤᠯᠤᠯᠲᠠ ᠶᠢ ᠴᠢᠩᠭᠠᠳᠬᠠᠨ᠎ᠠ᠄ ᠦᠨᠳᠦᠰᠦᠨ ᠱᠠᠲᠤᠨ ᠤ ᠦᠢᠯᠡᠴᠢᠯᠡᠭᠡᠨ ᠤ | ᠴᠢᠳᠠᠪᠤᠷᠢ ᠶᠢ ᠴᠢᠩᠭᠠᠳᠭᠠᠵᠤ᠂ ︽ᠨᠠᠮ ᠤᠨ ᠪᠠᠢᠭᠤᠯᠤᠯᠲᠠ ᠶᠢᠨ ᠨᠡᠶᠢᠭᠡᠮ ᠤᠨ ᠠᠪᠤᠷᠠᠨ ᠲᠤᠰᠠᠯᠠᠬᠤ︾ | ᠲᠣᠭᠲᠠᠴᠠ ᠶᠢ ᠬᠡᠷᠡᠭᠵᠢᠭᠦᠯᠦᠨ᠎ᠡ᠃ | ᠬᠢᠨᠠᠯᠲᠠ ᠬᠠᠮᠢᠶᠠᠷᠤᠯᠲᠠ ᠶᠢ ᠴᠢᠩᠭᠠᠳᠬᠠᠨ᠎ᠠ᠄ ᠪᠡᠯᠡ ᠮᠥᠩᠭᠦ ᠶᠢᠨ ᠬᠡᠷᠡᠭᠯᠡᠯᠲᠡ ᠶᠢ ᠵᠢᠷᠤᠮᠵᠢᠭᠤᠯᠵᠤ᠂ | ᠨᠡᠶᠢᠭᠡᠮ ᠤᠨ ᠬᠢᠨᠠᠯᠲᠠ ᠲᠠᠯᠪᠢᠯᠲᠠ ᠶᠢ ᠴᠢᠩᠭᠠᠳᠬᠠᠨ᠎ᠠ᠃ | ᠳᠥᠷᠪᠡ᠂ ᠬᠠᠷᠠᠯᠲᠠ | ︽ᠬᠤᠶᠠᠷ ᠵᠦᠢᠯ ᠤᠨ ᠲᠥᠷᠥ ᠶᠢᠨ ᠪᠣᠳᠣᠯᠭ᠎ᠠ︾ ᠶᠢ ᠵᠣᠯᠭᠠᠭᠤᠯᠤᠨ ᠨᠡᠶᠢᠳᠬᠡᠬᠦ ᠪᠠᠷ ᠳᠠᠮᠵᠢᠭᠤᠯᠤᠨ᠎ᠠ᠂ | ᠪᠦᠷᠢᠨ ᠲᠡᠭᠦᠯᠳᠡᠷ ᠨᠡᠶᠢᠭᠡᠮ ᠤᠨ ᠠᠪᠤᠷᠠᠨ ᠲᠤᠰᠠᠯᠠᠬᠤ ᠰᠢᠰᠲ᠋ᠧᠮᠵᠢ ᠶᠢ ᠪᠣᠶ ᠪᠣᠯᠭᠠᠵᠤ᠂ ᠳᠠᠬᠢᠨ ᠶᠠᠳᠠᠭᠤᠷᠠᠬᠤ ᠶᠢ | ᠪᠦᠲᠦᠮᠵᠢᠲᠡᠶ ᠪᠠᠷ ᠰᠡᠷᠭᠡᠶᠢᠯᠡᠵᠦ᠂ ᠣᠷᠣᠯᠭ᠎ᠠ ᠳᠣᠣᠷ᠎ᠠ ᠬᠥᠮᠦᠨ ᠠᠮᠠ ᠶᠢ ᠬᠠᠪᠰᠤᠷᠤᠨ ᠲᠡᠳᠬᠦᠬᠦ ᠠᠵᠢᠯ ᠤᠨ ᠬᠢᠷᠢ | ᠬᠡᠮᠵᠢᠶ᠎ᠡ ᠶᠢ ᠳᠡᠭᠡᠭᠰᠢᠯᠡᠭᠦᠯᠦᠨ᠎ᠡ᠃ | | |