ᠥᠪᠥᠷ ᠮᠣᠩᠭᠤᠯ ᠳᠥᠷᠪᠡᠨ ᠲᠠᠯ᠎ᠠ ᠪᠠᠷ ︽ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠬᠤ ᠢᠨᠵᠧᠨᠧᠷᠢᠩ︾᠎ ᠤᠨ ᠨᠠᠶᠢᠳᠠᠪᠤᠷᠢᠵᠢᠭᠤᠯᠤᠭᠳᠠᠨ ᠦᠷ᠎ᠡ ᠪᠦᠲᠦᠮᠵᠢ ᠲᠠᠢ ᠪᠣᠯᠬᠤ ᠶᠢ ᠠᠬᠢᠭᠤᠯᠵᠤ ᠪᠠᠶᠢᠨ᠎ᠠ
ᠨᠡᠶᠢᠲᠡᠯᠡᠭᠰᠡᠨ ᠴᠠᠭ᠄
2024/12/4
     12 ᠳ᠋ᠤᠭᠠᠷ ᠰᠠᠷ᠎ᠠ ᠶᠢᠨ 1᠎ ᠤ ᠡᠳᠦᠷ᠂ ᠰᠤᠷᠪᠤᠯᠵᠢᠯᠠᠭᠴᠢ ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠠᠴᠠ ᠣᠶᠢᠯᠠᠭᠠᠭᠰᠠᠨ ᠢᠶᠠᠷ᠂ ᠥᠨᠥ ᠵᠢᠯ ᠠᠴᠠ ᠨᠠᠭᠠᠰᠢ᠂ ᠲᠤᠰ ᠨᠢᠭᠡᠴᠢ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠬᠤ ᠢᠨᠵᠧᠨᠧᠷᠢᠩ ᠤᠨ ᠲᠤᠰᠬᠠᠢ ᠳᠤᠭᠤᠶᠢᠯᠠᠩ ᠤᠨ ᠠᠯᠪᠠᠨ ᠭᠡᠷ ᠤᠨ ᠡᠭᠦᠷᠭᠡ ᠬᠠᠷᠢᠭᠤᠴᠠᠯᠭ᠎ᠠ ᠪᠠᠨ ᠭᠦᠢᠴᠡᠳ ᠪᠠᠳᠠᠷᠠᠭᠤᠯᠵᠤ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠬᠤ ᠢᠨᠵᠧᠨᠧᠷᠢᠩ ᠤᠨ ᠬᠡᠷᠡᠭᠵᠢᠭᠦᠯᠬᠦ ᠲᠥᠰᠥᠯ︾᠎ ᠳᠤ ᠲᠣᠳᠣᠷᠬᠠᠶᠢᠯᠠᠭᠰᠠᠨ ︽ᠥᠪᠥᠷ ᠮᠣᠩᠭᠤᠯ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠵᠤ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠬᠦ ᠲᠤᠬᠠᠢ ᠲᠥᠷᠥ ᠶᠢᠨ ᠶᠠᠪᠤᠳᠠᠯ ᠤᠨ ᠬᠤᠷᠢᠶᠠᠨ ᠤ ᠰᠠᠨᠠᠯ︾ ︵ᠳᠣᠷᠣᠭᠰᠢ ︽ᠰᠠᠨᠠᠯ︾ ᠭᠡᠵᠦ ᠲᠣᠪᠴᠢᠯᠠᠪᠠ︶᠎ ᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ᠂ ᠴᠢᠬᠤᠯᠠ ᠶᠡᠭᠡ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠬᠤ᠂ ᠢᠵᠢ ᠲᠥᠬᠦᠷ ᠲᠥᠷᠥ ᠶᠢᠨ ᠪᠣᠳᠣᠯᠭ᠎ᠠ ᠨᠡᠶᠢᠲᠡᠯᠡᠬᠦ ᠶᠢ ᠠᠬᠢᠭᠤᠯᠬᠤ᠂ ᠤᠯᠤᠰ ᠤᠨ ᠴᠢᠬᠤᠯᠠ ᠶᠡᠭᠡ ᠪᠠᠶᠢᠯᠳᠤᠬᠤ ᠪᠣᠳᠣᠯᠭ᠎ᠠ ᠶᠢ ᠬᠡᠷᠡᠭᠵᠢᠭᠦᠯᠬᠦ ᠳᠥᠷᠪᠡᠨ ᠲᠠᠯ᠎ᠠ ᠶᠢᠨ ᠭᠤᠣᠯᠳᠠᠯᠭ᠎ᠠ ᠪᠣᠯᠬᠤ ᠡᠭᠦᠷᠭᠡ ᠶᠢᠨ ᠲᠣᠭᠤᠷᠢᠨ ᠳᠤ᠂ ︽ᠠᠵᠢᠯ ᠢ ᠠᠬᠢᠭᠤᠯᠬᠤ᠂ ᠶᠡᠷᠦᠩᠬᠡᠶᠢᠯᠡᠨ ᠵᠣᠬᠢᠴᠠᠭᠤᠯᠬᠤ᠂ ᠳ᠋ᠦᠩᠨᠡᠨ ᠦᠨᠡᠯᠡᠬᠦ᠂ ᠤᠬᠠᠭᠤᠯᠤᠨ ᠳᠡᠯᠭᠡᠷᠡᠭᠦᠯᠬᠦ᠂ ᠰᠢᠮᠳᠠᠭᠤᠯᠤᠨ ᠭᠦᠢᠴᠡᠳᠬᠡᠭᠦᠯᠵᠦ ᠮᠡᠳᠡᠭᠡᠯᠡᠬᠦ᠂ ᠬᠥᠳᠡᠯᠦᠩᠭᠦᠢ ᠪᠠᠷ ᠲᠣᠬᠢᠷᠠᠭᠤᠯᠬᠤ︾ ᠵᠢᠷᠭᠤᠭᠠᠨ ᠲᠣᠭᠲᠠᠴᠠ ᠶᠢ ᠪᠠᠶᠢᠭᠤᠯᠤᠨ᠂ ︽ᠴᠠᠭᠠᠰᠤᠨ ᠳᠡᠭᠡᠷᠡᠬᠢ︾ ᠡᠯ᠎ᠡ ᠵᠦᠢᠯ ᠤᠨ ᠲᠥᠷᠥ ᠶᠢᠨ ᠪᠣᠳᠣᠯᠭ᠎ᠠ ᠶᠢ ᠪᠣᠲᠠᠲᠠᠢ ᠪᠣᠯᠭᠠᠨ ᠨᠠᠶᠢᠳᠠᠪᠤᠷᠢᠵᠢᠭᠤᠯᠬᠤ ᠶᠢ ᠪᠥᠬᠦ ᠬᠦᠴᠦᠨ ᠢᠶᠠᠷ ᠢᠶᠠᠨ ᠠᠬᠢᠭᠤᠯᠤᠭᠠᠳ ᠲᠥᠷᠥ ᠶᠢᠨ ᠪᠣᠳᠣᠯᠭ᠎ᠠ ᠶᠢᠨ ᠠᠰᠢᠭ ᠲᠤᠰᠠ ᠶᠢ ᠦᠨᠡᠨ ᠬᠦ ᠪᠣᠳᠠᠲᠤ ᠦᠢᠯᠡᠳᠪᠦᠷᠢᠯᠡᠯ ᠤᠨ ᠬᠦᠴᠦᠨ ᠪᠣᠯᠭᠠᠨ ᠬᠤᠪᠢᠷᠠᠭᠤᠯᠵᠠᠢ᠃      ︽ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠬᠤ ᠢᠨᠵᠧᠨᠧᠷᠢᠩ︾ ᠪᠣᠯ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠲᠣᠭᠲᠠᠭᠠᠭᠰᠠᠨ ᠭᠤᠣᠯᠳᠠᠯᠭ᠎ᠠ ᠪᠣᠯᠬᠤ ᠢᠨᠵᠧᠨᠧᠷᠢᠩ ᠮᠥᠨ ᠪᠥᠭᠡᠳ ︽ᠵᠢᠷᠭᠤᠭᠠᠨ ᠢᠨᠵᠧᠨᠧᠷᠢᠩ︾᠎ ᠤᠨ ᠳᠣᠲᠣᠷᠠᠬᠢ ᠲᠡᠷᠢᠭᠦᠨ ᠢᠨᠵᠧᠨᠧᠷᠢᠩ ᠨᠢ ᠪᠣᠯᠣᠨ᠎ᠠ᠃ ᠨᠢᠳᠤᠨᠤᠨ ᠤ 10 ᠳ᠋ᠤᠭᠠᠷ ᠰᠠᠷ᠎ᠠ ᠳᠤ ︽ᠰᠠᠨᠠᠯ︾᠎ ᠢ ᠨᠡᠶᠢᠲᠡᠯᠡᠭᠰᠡᠨ ᠤ ᠳᠠᠷᠠᠭ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠨᠢᠭᠡ ᠬᠥᠯᠭᠡ ᠰᠢᠲᠠᠷ᠎ᠠ ᠶᠢ ᠨᠢᠭᠡᠳᠦᠯᠲᠡᠢ ᠲᠥᠯᠥᠪᠯᠡᠬᠦ᠂ ᠨᠢᠭᠡ ᠴᠣᠭᠴᠠᠵᠢᠭᠤᠯᠤᠨ ᠠᠬᠢᠭᠤᠯᠬᠤ ᠂ ᠬᠠᠮᠲᠤ ᠳᠤ ᠨᠢ ᠪᠠᠲᠤᠯᠠᠬᠤ ᠶᠢ ᠪᠠᠷᠢᠮᠲᠠᠯᠠᠨ᠂ ᠡᠯ᠎ᠡ ᠭᠠᠵᠠᠷ ᠡᠯ᠎ᠡ ᠰᠠᠯᠠᠭ᠎ᠠ ᠮᠥᠴᠢᠷ ᠡᠭᠦᠷᠭᠡ ᠶᠢᠨ ᠲᠣᠳᠣᠷᠬᠠᠢ ᠬᠠᠭᠤᠳᠠᠰᠤᠨ ᠤ ᠪᠠᠷᠢᠮᠵᠢᠶ᠎ᠠ ᠪᠠ ᠱᠠᠭᠠᠷᠳᠠᠯᠭ᠎ᠠ ᠯᠤᠭ᠎ᠠ ᠬᠠᠷᠭᠤᠭᠤᠯᠵᠤ᠂ ︽ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠬᠤ ᠢᠨᠵᠧᠨᠧᠷᠢᠩ︾᠎ ᠤᠨ ᠨᠠᠶᠢᠳᠠᠪᠤᠷᠢᠵᠢᠭᠤᠯᠤᠭᠳᠠᠨ ᠦᠷ᠎ᠡ ᠪᠦᠲᠦᠮᠵᠢ ᠲᠠᠢ ᠪᠣᠯᠬᠤ ᠶᠢ ᠪᠥᠬᠦ ᠬᠦᠴᠦᠨ ᠢᠶᠠᠷ ᠢᠶᠠᠨ ᠠᠬᠢᠭᠤᠯᠤᠭᠰᠠᠨ ᠪᠠᠶᠢᠨ᠎ᠠ᠃      ᠣᠳᠣᠬᠠᠨ ᠳᠤ᠂ ᠥᠪᠥᠷ ᠮᠣᠩᠭᠤᠯ ᠲᠥᠷᠥ ᠶᠢᠨ ᠶᠠᠪᠤᠳᠠᠯ ᠤᠨ ᠬᠤᠷᠢᠶᠠᠨ ᠤ ︽ᠰᠠᠨᠠᠯ︾᠎ ᠳᠠᠬᠢ ᠡᠭᠦᠷᠭᠡ ᠶᠢᠨ ᠲᠣᠳᠣᠷᠬᠠᠢ ᠬᠠᠭᠤᠳᠠᠰᠤ ᠶᠢ ᠪᠦᠲᠦᠮᠵᠢᠲᠡᠶ ᠨᠠᠶᠢᠳᠠᠪᠤᠷᠢᠵᠢᠭᠤᠯᠬᠤ ᠪᠠᠨ ᠠᠬᠢᠭᠤᠯᠵᠤ᠂ ᠭᠤᠣᠯᠳᠠᠯᠭ᠎ᠠ ᠪᠣᠯᠬᠤ 189 ᠵᠦᠢᠯ ᠤᠨ ᠡᠭᠦᠷᠭᠡ ᠶᠢ ᠴᠠᠭ ᠤᠨ ᠳᠠᠷᠠᠭᠠᠯᠠᠯ ᠠᠬᠢᠴᠠ ᠪᠠᠷ ᠬᠦᠴᠦᠲᠡᠢ ᠠᠬᠢᠭᠤᠯᠵᠤ ᠪᠠᠶᠢᠨ᠎ᠠ᠂ ᠡᠭᠦᠨ ᠳᠤ 41 ᠵᠦᠢᠯ ᠨᠢ ᠴᠢᠬᠤᠯᠠ ᠶᠡᠭᠡ ᠠᠬᠢᠴᠠ ᠲᠠᠢ᠂ 140 ᠵᠦᠢᠯ ᠨᠢ ᠢᠯᠡᠳᠲᠡ ᠠᠬᠢᠴᠠ ᠲᠠᠢ᠂ 8 ᠵᠦᠢᠯ ᠨᠢ ᠱᠠᠲᠤᠴᠢ ᠴᠢᠨᠠᠷᠲᠠᠢ ᠠᠬᠢᠴᠠ ᠲᠠᠢ ᠪᠣᠯᠪᠠ᠃ ᠢᠵᠢ ᠲᠥᠬᠦᠷ ᠲᠦᠷᠦ ᠶᠢᠨ ᠪᠣᠳᠣᠯᠭ᠎ᠠ ᠶᠢ ᠲᠥᠪᠯᠡᠷᠡᠭᠦᠯᠦᠨ ᠨᠡᠶᠢᠲᠡᠯᠡᠵᠦ᠂ ᠳᠥᠴᠢᠨ ᠳᠥᠷᠪᠡᠨ ᠶᠠᠮᠤᠨ ᠵᠥᠪᠯᠡᠯ᠂ ᠨᠢᠭᠡᠴᠢ ᠪᠠ ᠠᠵᠤ ᠠᠬᠤᠶᠢᠯᠠᠯ ᠤᠨ ︽ᠰᠠᠨᠠᠯ︾᠎ ᠢ ᠨᠡᠶᠢᠳᠠᠪᠤᠷᠢᠵᠢᠭᠤᠯᠬᠤ 49 ᠵᠦᠢᠯ ᠤᠨ ᠢᠵᠢ ᠲᠥᠬᠦᠷ ᠲᠦᠷᠦ ᠶᠢᠨ ᠪᠣᠳᠣᠯᠭ᠎ᠠ ᠨᠡᠶᠢᠲᠡᠯᠡᠬᠦ ᠶᠢ ᠨᠢ ᠠᠬᠢᠭᠤᠯᠤᠭᠠᠳ ᠵᠢᠯ ᠤᠨ ᠡᠬᠢᠨ ᠳᠤ ᠲᠣᠭᠲᠠᠭᠠᠭᠰᠠᠨ ᠬᠠᠷᠠᠯᠲᠠ ᠪᠠᠨ ᠳᠠᠪᠠᠭᠤᠯᠤᠨ ᠪᠡᠶᠡᠯᠡᠭᠦᠯᠪᠡ᠃ ᠴᠢᠬᠤᠯᠠ ᠶᠡᠭᠡ ᠲᠥᠷᠥᠯ ᠵᠦᠢᠯ ᠢ ᠯᠠᠪᠳᠠᠭᠤᠨ ᠪᠠᠲᠤᠲᠠᠢ ᠠᠬᠢᠭᠤᠯᠵᠤ᠂ 3 ᠵᠢᠯ ᠤᠨ ᠳᠣᠲᠣᠷ᠎ᠠ ᠪᠦᠬᠦᠨ ᠢ ᠠᠵᠢᠯ ᠡᠬᠢᠯᠡᠭᠦᠯᠬᠦ ᠱᠠᠭᠠᠷᠳᠠᠯᠭ᠎ᠠ ᠶᠣᠰᠣᠭᠠᠷ᠂ ︽ᠰᠠᠨᠠᠯ︾᠎ ᠳᠠᠬᠢ ᠴᠢᠬᠤᠯᠠ ᠶᠡᠭᠡ ᠲᠥᠷᠥᠯ ᠵᠦᠢᠯ ᠤᠨ ᠲᠣᠳᠣᠷᠬᠠᠢ ᠬᠠᠭᠤᠳᠠᠰᠤ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠠᠩᠬᠠᠨ ᠤ ᠵᠢᠯ ᠳᠤ 86 ᠵᠦᠢᠯ ᠤᠨ ᠴᠢᠬᠤᠯᠠ ᠶᠡᠭᠡ ᠲᠥᠷᠥᠯ ᠵᠦᠢᠯ ᠠᠴᠠ 69 ᠲᠥᠷᠥᠯ ᠵᠦᠢᠯ ᠳᠤ ᠨᠢ ᠨᠢᠭᠡᠨᠲᠡ ᠠᠵᠢᠯ ᠡᠬᠢᠯᠡᠭᠦᠯᠵᠦ᠂ ᠠᠵᠢᠯ ᠡᠬᠢᠯᠡᠭᠦᠯᠦᠭᠰᠡᠨ ᠨᠣᠷᠮ᠎ᠠ ᠨᠢ 80%᠎ ᠳᠤ ᠬᠦᠷᠴᠦ᠂ ︽ᠡᠬᠢᠯᠡᠭᠦᠯᠬᠦ ᠶᠣᠰᠣᠲᠠᠢ ᠪᠦᠬᠦᠨ ᠢ ᠡᠬᠢᠯᠡᠭᠦᠯᠬᠦ︾ ᠬᠠᠷᠠᠯᠲᠠ ᠪᠠᠨ ᠪᠡᠶᠡᠯᠡᠭᠦᠯᠪᠡ᠃      ᠤᠯᠤᠰ ᠤᠨ ᠴᠢᠬᠤᠯᠠ ᠶᠡᠭᠡ ᠪᠠᠶᠢᠯᠳᠤᠬᠤ ᠪᠣᠳᠣᠯᠭ᠎ᠠ ᠶᠢ ᠨᠠᠶᠢᠳᠠᠪᠤᠷᠢᠵᠢᠭᠤᠯᠬᠤ ᠲᠠᠯ᠎ᠠ ᠪᠠᠷ᠂ ᠪᠠᠷᠠᠭᠤᠨ ᠣᠷᠣᠨ ᠢ ᠶᠡᠭᠡ ᠪᠠᠷ ᠨᠡᠭᠡᠭᠡᠨ ᠬᠥᠭᠵᠢᠭᠦᠯᠬᠦ᠂ ᠵᠡᠭᠦᠨ ᠬᠤᠶᠢᠲᠤ ᠣᠷᠣᠨ ᠢ ᠪᠥᠬᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠵᠡᠷᠭᠡ ᠤᠯᠤᠰ ᠤᠨ ᠴᠢᠬᠤᠯᠠ ᠶᠡᠭᠡ ᠪᠠᠶᠢᠯᠳᠤᠬᠤ ᠪᠣᠳᠣᠯᠭ᠎ᠠ᠂ ᠲᠤᠷᠰᠢᠯᠲᠠ ᠶᠢᠨ ᠴᠡᠭ ᠤᠨ ᠵᠢᠱᠢᠶ᠎ᠡ ᠦᠵᠡᠭᠦᠯᠬᠦ ᠲᠠᠪᠴᠠᠩ᠂ ᠲᠥᠷᠥ ᠶᠢᠨ ᠶᠠᠪᠤᠳᠠᠯ ᠤᠨ ᠬᠤᠷᠢᠶᠠᠨ ᠤ ᠵᠠᠰᠠᠭ ᠤᠨ ᠣᠷᠳᠣᠨ ᠤ ᠠᠵᠢᠯ ᠤᠨ ᠢᠯᠡᠳᠬᠡᠯ ᠵᠡᠷᠭᠡ ᠬᠤᠯᠪᠣᠭᠳᠠᠯ ᠪᠦᠬᠦᠢ ᠲᠥᠷᠥ ᠶᠢᠨ ᠪᠣᠳᠣᠯᠭ᠎ᠠ ᠶᠢᠨ ᠠᠰᠢᠭ ᠲᠤᠰᠠ ᠶᠢ ᠤᠯᠠᠮ ᠨᠢᠭᠡ ᠠᠯᠬᠤᠮ ᠪᠠᠳᠠᠷᠠᠭᠤᠯᠪᠠ᠂ ᠵᠢᠱᠢᠶᠡᠯᠡᠪᠡᠯ᠂ ᠲᠥᠷᠥ ᠶᠢᠨ ᠶᠠᠪᠤᠳᠠᠯ ᠤᠨ ᠬᠤᠷᠢᠶᠠᠨ ᠠᠴᠠ ᠳᠤᠮᠳᠠᠳᠤ ᠮᠣᠩᠭᠤᠯ ᠤᠨ ᠡᠷᠢᠶᠡᠨ ᠬᠤᠲᠠ – ᠵᠠᠮ ᠤᠨ ᠡᠭᠦᠳᠡ ᠶᠢᠨ ᠠᠵᠤ ᠠᠬᠤᠢ ᠶᠢᠨ ᠬᠠᠮᠲᠤᠷᠠᠯᠴᠠᠭᠠᠨ ᠤ ᠣᠷᠣᠨ ᠪᠠᠶᠢᠭᠤᠯᠬᠤ ᠶᠢ ᠠᠯᠪᠠᠨ ᠶᠣᠰᠣᠭᠠᠷ ᠴᠣᠬᠤᠯᠠᠪᠤᠷᠢᠯᠠᠪᠠ ︔ ᠤᠯᠤᠰ ᠤᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠠᠴᠠ ᠮᠠᠨ ᠤ ᠣᠷᠣᠨ ᠤ ︽ᠤᠮᠠᠷᠠᠲᠤ ᠶᠢᠨ ᠭᠤᠷᠪᠠᠨ ᠣᠷᠣᠨ︾᠎ ᠤ ᠢᠨᠵᠧᠨᠧᠷᠢᠩ ᠤᠨ ᠲᠥᠪ ᠤᠨ ᠲᠥᠰᠥᠪ ᠤᠨ ᠳᠣᠲᠣᠷᠠᠬᠢ ᠲᠥᠷᠥᠯ ᠵᠦᠢᠯ ᠤᠨ ᠲᠥᠪ ᠤᠨ ᠪᠡᠯᠡ ᠮᠥᠩᠭᠦᠨ ᠤ ᠬᠠᠷᠢᠴᠠᠯ ᠢ 80%᠎ ᠳᠤ ᠬᠦᠷᠲᠡᠯ᠎ᠡ ᠨᠡᠮᠡᠭᠳᠡᠭᠦᠯᠵᠦ᠂ ᠪᠡᠯᠡ ᠣᠷᠣᠭᠤᠯᠤᠯᠲᠠ ᠶᠢᠨ ᠬᠠᠷᠢᠴᠠᠯ ᠢ ︽ᠤᠮᠠᠷᠠᠲᠤ ᠶᠢᠨ ᠭᠤᠷᠪᠠᠨ ᠣᠷᠣᠨ︾᠎ ᠤ ᠭᠠᠵᠠᠷ ᠣᠷᠣᠨ ᠨᠤᠭᠤᠳ ᠲᠠᠬᠢ ᠬᠠᠮᠤᠭ ᠤᠨ ᠥᠨᠳᠥᠷ ᠲᠠᠰ ᠪᠣᠯᠭᠠᠬᠤ ᠪᠠᠷ ᠳᠣᠭᠲᠠᠭᠠᠪᠠ ︔ ᠤᠯᠤᠰ ᠤᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠡᠨᠧᠷᠭᠢ ᠶᠢᠨ ᠲᠣᠪᠴᠢᠶᠠᠨ ᠠᠴᠠ ᠥᠪᠥᠷ ᠮᠣᠩᠭᠤᠯ ᠤᠨ ᠴᠠᠬᠢᠯᠭᠠᠨ ᠬᠦᠴᠦᠨ ᠤ ᠲᠣᠣᠷ ᠲᠤ ᠡᠷᠬᠡ ᠣᠯᠭᠤᠵᠤ ᠤᠯᠤᠰ ᠤᠨ ᠴᠠᠬᠢᠯᠭᠠᠨ ᠬᠦᠴᠦᠨ ᠤ ᠲᠣᠣᠷ᠂ ᠡᠮᠦᠨᠡᠲᠦ ᠶᠢᠨ ᠴᠠᠬᠢᠯᠭᠠᠨ ᠬᠦᠴᠦᠨ ᠤ ᠲᠣᠣᠷ ᠤᠨ ᠳᠠᠷᠠᠭᠠᠬᠢ ᠭᠤᠷᠪᠠᠳᠠᠭᠢ ᠪᠣᠬᠢᠷᠲᠤᠯ ᠦᠭᠡᠢ ᠴᠠᠬᠢᠯᠭᠠᠨ ᠬᠦᠴᠦᠨ ᠤ ᠠᠷᠠᠯᠵᠢᠶᠠᠨ ᠤ ᠲᠤᠷᠰᠢᠯᠲᠠ ᠶᠢᠨ ᠴᠡᠭ ᠪᠣᠯᠭᠠᠪᠠ ︔ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠲᠥᠷᠥᠯ ᠵᠦᠢᠯ ᠢ 1086 ᠲᠦᠮᠡᠨ ᠮᠦ᠂ ᠰᠢᠷ᠎ᠠ ᠪᠤᠷᠴᠠᠭ ᠡᠷᠳᠡᠨᠢ ᠰᠢᠰᠢ ᠶᠢᠨ ᠲᠠᠯᠠᠪᠠᠶ ᠨᠢᠭᠡᠴᠢ ᠶᠢᠨ ᠤᠨᠠᠯᠲᠠ ᠶᠢ ᠳᠡᠭᠡᠭᠰᠢᠯᠡᠭᠦᠯᠬᠦ ᠢᠨᠵᠧᠨᠧᠷᠢᠩ ᠢ 405 ᠲᠦᠮᠡᠨ ᠮᠦ ᠴᠢᠷᠮᠠᠶᠢᠨ ᠣᠯᠵᠤ᠂ ᠴᠥᠮ ᠢ ᠪᠦᠬᠦ ᠤᠯᠤᠰ ᠤᠨ ᠡᠮᠦᠨ᠎ᠡ ᠡᠩᠨᠡᠭᠡᠨ ᠳᠤ ᠣᠷᠣᠭᠤᠯᠤᠨ᠎ᠠ ᠁      ︽ᠳᠠᠷᠠᠭᠠᠴᠢ ᠶᠢᠨ ᠠᠯᠬᠤᠮ ᠳᠤ᠂ ᠪᠢᠳᠡ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠠᠵᠢᠯ ᠤᠨ ᠱᠠᠭᠠᠷᠳᠠᠯᠭ᠎ᠠ ᠶᠣᠰᠣᠭᠠᠷ᠂ ᠵᠢᠷᠭᠤᠭᠠᠨ ᠠᠵᠢᠯ ᠤᠨ ᠲᠣᠭᠲᠠᠴᠠ ᠶᠢ ᠰᠠᠶᠢᠲᠤᠷ ᠠᠰᠢᠭᠯᠠᠨ᠂ ︿ᠲᠦᠷᠦ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠬᠤ ᠢᠨᠵᠧᠨᠧᠷᠢᠩ﹀᠎ ᠢ ᠭᠦᠨᠵᠡᠭᠡᠶᠢᠷᠡᠭᠦᠯᠦᠨ ᠠᠬᠢᠭᠤᠯᠵᠤ᠂ ᠨᠢᠭᠡ ᠶᠢ ᠡᠷᠬᠢᠯᠡᠪᠡᠯ ᠨᠢᠭᠡ ᠶᠢ ᠪᠡᠶᠡᠯᠡᠭᠦᠯᠵᠦ᠂ ᠨᠢᠭᠡ ᠶᠢ ᠬᠡᠷᠡᠭᠵᠢᠭᠦᠯᠪᠡᠯ ᠨᠢᠭᠡ ᠳᠤ ᠦᠷ᠎ᠡ ᠪᠦᠲᠦᠮᠵᠢ ᠣᠯᠬᠤ ᠶᠢ ᠦᠨᠡᠨ ᠬᠦ ᠪᠠᠲᠤᠯᠠᠵᠤ᠂ ᠲᠣᠭᠲᠠᠭᠰᠠᠨ ᠬᠤᠭᠤᠴᠠᠭᠠᠨ ᠳᠤ ᠪᠠᠨ ᠬᠠᠷᠠᠯᠲᠠᠲᠤ ᠡᠭᠦᠷᠭᠡ ᠪᠠᠨ ᠪᠡᠶᠡᠯᠡᠭᠦᠯᠦᠨ᠂ ︿ᠲᠦᠷᠦ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠬᠤ ᠢᠨᠵᠧᠨᠧᠷᠢᠩ﹀᠎ ᠤᠨ ᠠᠵᠢᠯ ᠳᠤ ᠯᠠᠪᠳᠠᠭᠤᠨ ᠪᠠᠲᠤᠲᠠᠢ ᠦᠷ᠎ᠡ ᠪᠦᠲᠦᠮᠵᠢ ᠣᠯᠬᠤ ᠶᠢ ᠠᠬᠢᠭᠤᠯᠤᠨ᠎ᠠ᠃︾ ᠭᠡᠵᠦ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠡᠳ᠋ ᠤᠨ ᠵᠠᠰᠠᠭ ᠠᠵᠤ ᠠᠬᠤᠢ ᠶᠢᠨ ᠵᠥᠪᠯᠡᠯ ᠤᠨ ᠠᠯᠪᠠᠨ ᠭᠡᠷ ᠤᠨ ᠨᠠᠷᠢᠨ ᠪᠢᠴᠢᠭ ᠤᠨ ᠭᠠᠵᠠᠷ ᠤᠨ ᠭᠠᠵᠠᠷ ᠤᠨ ᠳᠠᠷᠤᠭ᠎ᠠ ᠯᠢ ᠷᠦᠢ ᠰᠢᠤᠢ ᠲᠠᠨᠢᠯᠴᠠᠭᠤᠯᠪᠠ᠃
 
ᠢᠷᠡᠯᠲᠡ᠄ ᠥᠪᠥᠷ ᠮᠣᠩᠭᠣᠯ ᠤᠨ ᠵᠠᠰᠠᠭ ᠤᠨ ᠣᠷᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备09001939号