—— 2024 ᠣᠨ ᠤ 1 ᠰᠠᠷ᠎ᠠ ᠶᠢᠨ 24 ᠤ ᠡᠳᠦᠷ ᠤᠯᠤᠰ ᠲᠥᠷᠥ ᠶᠢᠨ ᠵᠥᠪᠯᠡᠯᠭᠡᠨ ᠤ ᠬᠡᠰᠢᠭᠲᠡᠨ ᠬᠤᠰᠢᠭᠤᠨ ᠤ | ᠠᠷᠪᠠᠨ ᠨᠢᠭᠡᠳᠦᠭᠡᠷ ᠬᠤᠭᠤᠴᠠᠭᠠᠨ ᠤ ᠬᠤᠷᠢᠶ᠎ᠠ ᠶᠢᠨ ᠭᠤᠷᠪᠠᠳᠤᠭᠠᠷ ᠤᠳᠠᠭᠠᠨ ᠤ ᠬᠤᠷᠠᠯᠳᠤᠭᠠᠨ ᠳᠡᠭᠡᠷ᠎ᠡ | | | ᠸᠠᠩ ᠦ᠋ | | ᠭᠡᠰᠢᠭᠦᠳ ᠠ᠋᠂ ᠨᠥᠬᠦᠳ ᠠ᠋᠄ | ᠪᠢ ᠤᠯᠤᠰ ᠲᠦᠷᠦ ᠶᠢᠨ ᠵᠥᠪᠯᠡᠯᠭᠡᠨ ᠤ ᠬᠡᠰᠢᠭᠲᠡᠨ ᠬᠤᠰᠢᠭᠤᠨ ᠤ ᠠᠷᠪᠠᠨ ᠨᠢᠭᠡᠳᠦᠭᠡᠷ ᠬᠤᠭᠤᠴᠠᠭᠠᠨ ᠤ ᠬᠤᠷᠢᠶ᠎ᠠ | ᠶᠢᠨ ᠪᠠᠶᠢᠩᠭᠤ ᠶᠢᠨ ᠬᠤᠷᠢᠶ᠎ᠠ ᠶᠢᠨ ᠨᠠᠶᠢᠳᠠᠯᠭ᠎ᠠ ᠪᠠᠷ ᠶᠡᠭᠡ ᠬᠤᠷᠠᠯ ᠳᠤ ᠠᠷᠪᠠᠨ ᠨᠢᠭᠡᠳᠦᠭᠡᠷ ᠬᠤᠭᠤᠴᠠᠭᠠᠨ ᠤ ᠬᠤᠶᠠᠳᠤᠭᠠᠷ | ᠤᠳᠠᠭᠠᠨ ᠤ ᠬᠤᠷᠠᠯᠳᠤᠭᠠᠨ ᠠᠴᠠ ᠨᠠᠰᠢᠬᠢ ᠰᠠᠨᠠᠯ ᠵᠥᠪᠯᠡᠯᠭᠡ ᠶᠢᠨ ᠠᠵᠢᠯ ᠤᠨ ᠪᠠᠶᠢᠳᠠᠯ ᠤᠨ ᠲᠤᠬᠠᠢ ᠮᠡᠳᠡᠭᠦᠯᠦᠯᠲᠡ ᠬᠢᠶ᠎ᠠ᠂ | ᠬᠢᠨᠠᠨ ᠵᠥᠪᠯᠡᠬᠦ ᠪᠣᠯᠪᠠᠤ᠃ ᠡᠭᠦᠨ ᠤ ᠬᠠᠮᠲᠤ ᠬᠤᠷᠠᠯ ᠳᠤ ᠰᠤᠯᠠ ᠣᠷᠣᠯᠴᠠᠭᠰᠠᠨ ᠨᠥᠬᠦᠳ ᠰᠠᠨᠠᠯ ᠢᠶᠠᠨ ᠳᠤᠷᠠᠳᠬᠤ | ᠪᠣᠯᠪᠠᠤ᠃ | ᠨᠢᠭᠡ᠂ ᠰᠠᠨᠠᠯ ᠵᠦᠪᠯᠡᠯᠭᠡ ᠶᠢ ᠰᠢᠢᠳᠪᠦᠷᠢᠯᠡᠭᠰᠡᠨ ᠪᠠᠶᠢᠳᠠᠯ | ᠠᠷᠪᠠᠨ ᠨᠢᠭᠡᠳᠦᠭᠡᠷ ᠬᠤᠭᠤᠴᠠᠭᠠᠨ ᠤ ᠬᠤᠶᠠᠳᠤᠭᠠᠷ ᠤᠳᠠᠭᠠᠨ ᠤ ᠬᠤᠷᠠᠯᠳᠤᠭᠠᠨ ᠠᠴᠠ ᠨᠠᠰᠢ᠂ ᠥᠷᠭᠡᠨ ᠣᠯᠠᠨ | ᠤᠯᠤᠰ ᠲᠥᠷᠥ ᠶᠢᠨ ᠵᠥᠪᠯᠡᠯᠭᠡᠨ ᠤ ᠭᠡᠰᠢᠭᠦᠨ᠂ ᠤᠯᠤᠰ ᠲᠥᠷᠥ ᠶᠢᠨ ᠵᠥᠪᠯᠡᠯᠭᠡᠨ ᠤ ᠡᠯ᠎ᠡ ᠤᠷᠤᠯᠴᠠᠭᠴᠢ ᠨᠢᠭᠡᠴᠡ ᠪᠠ | ᠲᠤᠰᠬᠠᠢ ᠺᠣᠮᠢᠰ ᠨᠢ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ | ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠬᠤ ᠶᠢ ᠪᠠᠷᠢᠮᠲᠠᠯᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠤᠨ | ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ︽ᠲᠠᠪᠤ ᠶᠢ ᠨᠢᠭᠡ ᠴᠣᠭᠴᠠᠵᠢᠭᠤᠯᠬᠤ︾ | ᠶᠡᠷᠦᠩᠬᠡᠢ ᠪᠠᠶᠢᠷᠢᠰᠢᠭᠤᠯᠤᠯᠲᠠ ᠶᠢ ᠨᠢᠭᠡᠳᠦᠯᠲᠡᠢ ᠲᠥᠯᠥᠪᠵᠢᠭᠦᠯᠦᠨ ᠠᠬᠢᠭᠤᠯᠬᠤ ᠪᠠ ︽ᠲᠦᠷᠪᠡᠨ ᠪᠦᠬᠦ ᠲᠠᠯ᠎ᠠ︾ ᠶᠢᠨ | ᠪᠠᠶᠢᠯᠳᠤᠬᠤ ᠪᠣᠳᠣᠯᠭ᠎ᠠ ᠶᠢᠨ ᠪᠠᠶᠢᠷᠢᠰᠢᠭᠤᠯᠤᠯᠲᠠ ᠶᠢ ᠵᠣᠬᠢᠴᠠᠭᠤᠯᠤᠨ ᠠᠬᠢᠭᠤᠯᠬᠤ ᠱᠠᠭᠠᠷᠳᠠᠯᠭ᠎ᠠ ᠶᠣᠰᠣᠭᠠᠷ᠂ ︽ᠤᠯᠤᠰ | ᠤᠨ ᠶᠡᠭᠡ ᠶᠠᠪᠤᠳᠠᠯ︾᠂ ᠠᠷᠠᠳ ᠤᠨ ᠠᠩᠬᠠᠷᠤᠯ ᠲᠠᠯᠪᠢᠵᠤ ᠪᠠᠶᠢᠭ᠎ᠠ ᠠᠰᠠᠭᠤᠳᠠᠯ ᠲᠠᠢ ᠨᠢᠭᠲᠠ ᠤᠶᠠᠯᠳᠤᠭᠤᠯᠤᠨ ᠰᠠᠨᠠᠯ | ᠵᠦᠪᠯᠡᠯᠭᠡ ᠳᠤᠷᠠᠳᠴᠤ᠂ ᠦᠨᠡᠨ ᠢ ᠬᠡᠯᠡᠵᠦ᠂ ᠪᠣᠳᠠᠲᠠᠢ ᠠᠷᠭ᠎ᠠ ᠤᠬᠠᠭᠠᠨ ᠭᠠᠷᠭᠠᠨ᠂ ᠬᠠᠮᠲᠤ ᠶᠢᠨ ᠲᠠᠨᠢᠯᠲᠠ ᠶᠢ | ᠲᠦᠪᠯᠡᠷᠡᠭᠦᠯᠪᠡ᠃ ᠨᠡᠶᠢᠳᠠ 74 ᠬᠤᠪᠢ ᠰᠠᠨᠠᠯ ᠵᠥᠪᠯᠡᠯᠭᠡ ᠶᠢ ᠭᠥᠯᠢᠶᠡᠨ ᠠᠪᠴᠤ᠂ ᠠᠭᠤᠯᠭ᠎ᠠ ᠨᠢ ᠳᠠᠪᠬᠤᠷᠳᠠᠭᠰᠠᠨ ᠪᠠ | ᠠᠳᠠᠯᠢᠪᠲᠤᠷ 12 ᠬᠤᠪᠢ ᠰᠠᠨᠠᠯ ᠵᠥᠪᠯᠡᠯᠭᠡ ᠶᠢ ᠨᠡᠶᠢᠯᠡᠭᠦᠯᠦᠨ ᠰᠢᠢᠳᠪᠦᠷᠢᠯᠡᠵᠦ᠂ 62 ᠬᠤᠪᠢ ᠰᠠᠨᠠᠯ ᠵᠥᠪᠯᠡᠯᠭᠡ ᠶᠢ ᠬᠡᠷᠡᠭ | ᠪᠣᠯᠭᠠᠨ ᠳᠠᠩᠰᠠᠯᠠᠵᠤ᠂ ᠬᠡᠷᠡᠭ ᠪᠣᠯᠭᠠᠨ ᠳᠠᠩᠰᠠᠯᠠᠭᠰᠠᠨ ᠨᠤᠷᠮ᠎ᠠ ᠨᠢ 100% ᠳᠤ ᠬᠦᠷᠴᠡᠢ᠃ 2023 ᠣᠨ ᠤ 11 | ᠰᠠᠷ᠎ᠠ ᠪᠣᠯᠲᠠᠯ᠎ᠠ᠂ ᠰᠠᠨᠠᠯ ᠵᠦᠪᠯᠡᠯᠭᠡ ᠶᠢ ᠨᠢᠭᠡᠨᠲᠡ ᠰᠢᠢᠳᠪᠦᠷᠢᠯᠡᠨ ᠬᠠᠷᠢᠭᠤᠯᠲᠠ ᠥᠭᠴᠦ ᠳᠠᠭᠤᠰᠬᠠᠭᠠᠳ᠂ | ᠰᠢᠢᠳᠪᠦᠷᠢᠯᠡᠭᠰᠡᠨ ᠬᠠᠷᠢᠭᠤᠯᠲᠠ ᠶᠢ ᠨᠡᠶᠢᠲᠡ 95 ᠬᠤᠪᠢ ᠬᠤᠷᠢᠶᠠᠨ ᠣᠯᠵᠠᠢ᠃ ᠰᠢᠢᠳᠪᠦᠷᠢᠯᠡᠭᠰᠡᠨ ᠪᠠᠶᠢᠳᠠᠯ ᠠᠴᠠ | ᠦᠵᠡᠪᠡᠯ᠂ ᠳᠤᠷᠠᠳᠤᠭᠰᠠᠨ ᠰᠠᠨᠠᠯ ᠰᠠᠨᠠᠭᠤᠯᠭ᠎ᠠ ᠶᠢ ᠨᠢᠭᠡᠨᠲᠡ ᠰᠢᠢᠳᠪᠦᠷᠢᠯᠡᠭᠰᠡᠨ ᠪᠠ ᠦᠨᠳᠦᠰᠦᠨ ᠳᠡᠭᠡᠨ ᠰᠢᠢᠳᠪᠦᠷᠢᠯᠡᠭᠰᠡᠨ | ᠨᠢ 56 ᠬᠤᠪᠢ ᠪᠠᠶᠢᠵᠤ᠂ 90% ᠶᠢ ᠡᠵᠡᠯᠡᠪᠡ︔ ᠤᠳᠤ ᠶᠠᠭ ᠰᠢᠢᠳᠪᠦᠷᠢᠯᠡᠵᠦ ᠪᠠᠶᠢᠭ᠎ᠠ ᠪᠠ ᠠᠯᠬᠤᠮ ᠠᠯᠬᠤᠮ ᠢᠶᠠᠷ | ᠰᠢᠢᠳᠪᠦᠷᠢᠯᠡᠬᠦ ᠪᠠᠷ ᠲᠥᠯᠥᠪᠯᠡᠵᠦ ᠪᠠᠶᠢᠭ᠎ᠠ ᠨᠢ 4 ᠵᠦᠢᠯ ᠪᠠᠶᠢᠵᠤ᠂ 7% ᠶᠢ ᠡᠵᠡᠯᠡᠨ᠎ᠡ︔ ᠨᠥᠬᠦᠴᠡᠯ ᠤᠨ | ᠬᠢᠵᠠᠭᠠᠷᠯᠠᠯ ᠠᠴᠠ ᠪᠣᠯᠵᠤ ᠲᠦᠷ ᠴᠠᠭ ᠰᠢᠢᠳᠪᠦᠷᠢᠯᠡᠬᠦ ᠳᠤ ᠪᠡᠷᠬᠡᠲᠡᠢ ᠪᠥᠭᠡᠳ ᠲᠣᠳᠣᠷᠬᠠᠶᠢᠯᠠᠯᠲᠠ ᠬᠢᠭᠰᠡᠨ ᠨᠢ 2 ᠬᠤᠪᠢ | ᠪᠠᠶᠢᠵᠤ᠂ 3% ᠶᠢ ᠡᠵᠡᠯᠡᠨ᠎ᠡ᠃ ᠰᠠᠨᠠᠯ ᠵᠦᠪᠯᠡᠯᠭᠡ ᠶᠢ ᠳᠤᠷᠠᠳᠤᠭᠰᠠᠨ ᠪᠠ ᠰᠢᠢᠳᠪᠦᠷᠢᠯᠡᠭᠰᠡᠨ ᠬᠤᠶᠠᠷ ᠲᠠᠯ᠎ᠠ ᠪᠠᠷ ᠢᠶᠠᠨ | ᠦᠨᠡᠯᠡᠨ ᠶᠠᠷᠢᠯᠴᠠᠬᠤ ᠪᠠᠷ ᠳᠠᠮᠵᠢᠭᠠᠳ᠂ ᠰᠠᠨᠠᠯ ᠵᠥᠪᠯᠡᠯᠭᠡ ᠶᠢ ᠰᠢᠢᠳᠪᠦᠷᠢᠯᠡᠭᠰᠡᠨ ᠬᠠᠨᠤᠮᠵᠢ ᠶᠢᠨ ᠨᠣᠷᠮ᠎ᠠ 98% ᠳᠤ | ᠬᠦᠷᠪᠡ᠃ ᠰᠠᠨᠠᠯ ᠵᠥᠪᠯᠡᠯᠭᠡ ᠶᠢᠨ ᠦᠷ᠎ᠡ ᠪᠦᠲᠦᠭᠡᠯ ᠢ ᠪᠦᠲᠦᠮᠵᠢᠲᠡᠶ ᠬᠡᠷᠡᠭᠯᠡᠵᠦ᠂ ᠨᠠᠮ ᠵᠠᠰᠠᠭ ᠤᠨ ᠰᠢᠢᠳᠪᠦᠷᠢᠲᠦ | ᠪᠣᠳᠣᠯᠭ᠎ᠠ ᠲᠣᠭᠲᠠᠭᠠᠬᠤ ᠳᠤ ᠦᠢᠯᠡᠴᠢᠯᠡᠬᠦ᠂ ᠦᠵᠡᠯ ᠰᠠᠨᠠᠭᠠᠨ ᠤ ᠬᠠᠮᠲᠤ ᠶᠢᠨ ᠲᠠᠨᠢᠯᠲᠠ ᠶᠢ ᠨᠢᠭᠲᠠᠷᠠᠭᠤᠯᠬᠤ᠂ ᠠᠵᠢᠯ ᠤᠨ | ᠨᠠᠶᠢᠳᠠᠪᠤᠷᠢᠵᠢᠭᠤᠯᠤᠯᠲᠠ ᠶᠢ ᠲᠦᠯᠬᠢᠨ ᠠᠬᠢᠭᠤᠯᠬᠤ ᠳᠤ ᠢᠳᠡᠪᠬᠢᠲᠡᠢ ᠦᠢᠯᠡᠳᠦᠯ ᠦᠵᠡᠭᠦᠯᠪᠡ᠃ | ︵ᠨᠢᠭᠡ︶ ᠠᠵᠤ ᠦᠢᠯᠡᠰ ᠤᠨ ᠲᠠᠰ ᠳᠡᠪᠰᠢᠬᠦ ᠶᠢ ᠠᠬᠢᠭᠤᠯᠬᠤ ᠳᠤ ᠠᠩᠬᠠᠷᠤᠯ ᠢᠶᠠᠨ ᠲᠥᠪᠯᠡᠷᠡᠭᠦᠯᠵᠦ᠂ ᠠᠵᠤ | ᠠᠬᠤᠢ ᠶᠢᠨ ᠡᠷᠡᠭᠦᠯ ᠢᠶᠠᠷ ᠬᠥᠭᠵᠢᠬᠦ ᠶᠢ ᠪᠡᠶᠡᠯᠡᠭᠦᠯᠬᠦ ᠶᠢᠨ ᠲᠥᠯᠥᠭᠡ ᠥᠷᠭᠡᠨ ᠢᠶᠠᠷ ᠰᠠᠨᠠᠯ ᠰᠠᠨᠠᠭᠤᠯᠭ᠎ᠠ ᠳᠤᠷᠠᠳᠪᠠ᠃ | ᠭᠡᠰᠢᠭᠦᠳ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠪᠠᠷ ᠰᠠᠨᠠᠯ ᠵᠦᠪᠯᠡᠯᠭᠡ ᠶᠢᠨ ᠠᠵᠢᠯ ᠤᠨ | ᠡᠬᠢᠯᠡᠯᠲᠡ ᠶᠢᠨ ᠴᠡᠭ ᠪᠣᠯᠭᠠᠵᠤ᠂ ᠣᠷᠣᠨ ᠨᠤᠲᠤᠭ ᠤᠨ ᠣᠨᠴᠠᠯᠢᠭ ᠲᠠᠢ ᠨᠡᠷᠡᠳᠦ ᠲᠡᠮᠳᠡᠭᠲᠦ ᠶᠢ ᠬᠥᠭᠵᠢᠭᠦᠯᠬᠦ᠂ ᠠᠵᠤ | ᠦᠢᠯᠡᠳᠪᠦᠷᠢ ᠶᠢᠨ ᠠᠵᠤ ᠠᠬᠤᠢ ᠶᠢ ᠪᠣᠬᠢᠷᠲᠤᠯ ᠦᠭᠡᠢ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠴᠢᠭᠯᠡᠯ ᠢᠶᠠᠷ | ᠬᠥᠭᠵᠢᠭᠦᠯᠬᠦ᠂ ᠮᠠᠯ ᠲᠠᠷᠢᠶᠠᠯᠠᠩ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ᠶᠠᠰᠤ ᠴᠢᠨᠠᠷ ᠢ ᠳᠡᠭᠡᠭᠰᠢᠯᠡᠭᠦᠯᠬᠦ ᠵᠡᠷᠭᠡ ᠰᠠᠨᠠᠯ | ᠵᠦᠪᠯᠡᠯᠭᠡ ᠶᠢ ᠳᠤᠷᠠᠳᠴᠠᠢ᠃ ᠣᠷᠣᠨ ᠪᠦᠰᠡ ᠶᠢᠨ ᠨᠠᠷᠠᠲᠤ ᠲᠡᠮᠳᠡᠭᠲᠦ ᠶᠢᠨ ᠪᠠᠶᠢᠭᠤᠯᠤᠯᠲᠠ ᠶᠢ ᠤᠯᠠᠮ ᠨᠢᠭᠡ ᠠᠯᠬᠤᠮ | ᠴᠢᠩᠭᠠᠳᠬᠠᠵᠤ᠂ ᠴᠢᠨᠠᠷ ᠰᠠᠶᠢᠲᠠᠢ ᠬᠥᠭᠵᠢᠯᠲᠡ ᠳᠤ ᠬᠦᠴᠦᠨ ᠨᠡᠮᠡᠷᠢᠯᠡᠬᠦ ᠲᠤᠬᠠᠢ ᠰᠠᠨᠠᠯ ᠵᠦᠪᠯᠡᠯᠭᠡ ᠳᠤ᠂ ᠬᠠᠮᠢᠶ᠎ᠠ ᠪᠦᠬᠦᠢ | ᠰᠠᠯᠠᠭ᠎ᠠ ᠮᠥᠴᠢᠷ ᠤᠨ ᠬᠢᠨ ᠢᠳᠡᠪᠬᠢᠲᠡᠢ ᠪᠠᠷ ᠰᠠᠨᠠᠯ ᠢ ᠭᠥᠯᠢᠶᠡᠨ ᠠᠪᠴᠤ᠂ ᠨᠠᠷᠠᠲᠤ ᠲᠡᠮᠳᠡᠭᠲᠦ ᠶᠢᠨ ᠪᠠᠶᠢᠭᠤᠯᠤᠯᠲᠠ ᠶᠢ | ᠴᠢᠬᠤᠯᠠᠴᠢᠯᠠᠨ᠂ ︽ᠬᠡᠰᠢᠭᠲᠡᠨ︾ ︽ᠮᠦᠷᠡᠨ ᠤ ᠵᠢᠭᠤᠯᠴᠢᠯᠠᠯ ᠤᠨ ᠪᠡᠯᠡᠭ︾ ︽ᠬᠡᠰᠢᠭᠲᠡᠨ ᠬᠤᠰᠢᠭᠤᠨ ᠤ ᠶᠤᠤᠮᠠᠢ ᠶᠢᠨ | ᠭᠤᠯᠢᠷ︾ ︽ᠬᠡᠰᠢᠭᠲᠡᠨ ᠤ ᠬᠤᠷᠤᠳ︾ ︽ᠬᠡᠰᠢᠭᠲᠡᠨ ᠬᠤᠰᠢᠭᠤᠨ ᠤ ᠬᠤᠨᠴᠢᠷ︾ ᠵᠡᠷᠭᠡ ᠨᠢᠭᠡ ᠪᠦᠯᠦᠭ ᠥᠪᠡᠷᠮᠢᠴᠡ | ᠨᠠᠷᠠᠲᠤ ᠲᠡᠮᠳᠡᠭᠲᠦ ᠶᠢ ᠪᠣᠶ ᠪᠣᠯᠭᠠᠵᠤ᠂ ᠨᠥᠯᠥᠭᠡᠯᠡᠬᠦ ᠬᠦᠴᠦᠨ ᠢ ᠨᠢ ᠢᠳᠡᠭ ᠢᠳᠡᠭ ᠢᠶᠠᠷ ᠴᠢᠩᠭᠠᠷᠠᠭᠤᠯᠪᠠ᠃ ᠠᠵᠤ | ᠦᠢᠯᠡᠳᠪᠦᠷᠢ ᠶᠢᠨ ᠠᠵᠤ ᠠᠬᠤᠢ ᠶᠢᠨ ᠪᠣᠬᠢᠷᠲᠤᠯ ᠦᠭᠡᠢ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠬᠥᠭᠵᠢᠯᠲᠡ ᠶᠢ | ᠲᠦᠯᠬᠢᠨ ᠠᠬᠢᠭᠤᠯᠬᠤ᠂ ᠠᠵᠤ ᠦᠢᠯᠡᠰ ᠤᠨ ᠬᠡᠯᠪᠡᠷᠢ ᠪᠠᠨ ᠬᠤᠪᠢᠷᠠᠭᠤᠯᠤᠨ ᠳᠡᠰ ᠳᠡᠪᠰᠢᠬᠦ ᠶᠢ ᠠᠬᠢᠭᠤᠯᠬᠤ ᠵᠡᠷᠭᠡ | ᠲᠠᠯ᠎ᠠ ᠶᠢᠨ ᠰᠠᠨᠠᠯ ᠵᠦᠪᠯᠡᠯᠭᠡ ᠨᠢ ᠪᠥᠬᠦ ᠬᠤᠰᠢᠭᠤᠨ ᠤ ᠬᠥᠭᠵᠢᠯᠲᠡ ᠶᠢᠨ ᠶᠡᠭᠡ ᠪᠣᠳᠣᠯᠭ᠎ᠠ ᠳᠤ ᠨᠡᠶᠢᠴᠡᠵᠦ᠂ ᠠᠵᠤ | ᠦᠢᠯᠡᠰ ᠤᠨ ᠪᠦᠲᠦᠴᠡ ᠶᠢ ᠲᠣᠬᠢᠷᠠᠭᠤᠯᠤᠨ ᠰᠢᠯᠢᠳᠡᠭᠵᠢᠭᠦᠯᠬᠦ ᠪᠠᠷ ᠳᠡᠮᠵᠢᠨ᠂ ᠬᠡᠯᠬᠢᠶᠡᠰᠦ ᠶᠢ ᠤᠷᠲᠤᠳᠬᠠᠨ ᠬᠡᠯᠬᠢᠶᠡᠰᠦ ᠶᠢ | ᠨᠥᠬᠦᠪᠦᠷᠢᠯᠡᠵᠦ ᠬᠡᠯᠬᠢᠶᠡᠰᠦ ᠶᠢ ᠬᠦᠴᠦᠷᠬᠡᠭᠵᠢᠭᠦᠯᠦᠨ ᠬᠡᠯᠬᠢᠶᠡᠰᠦ ᠶᠢ ᠪᠣᠶᠢᠵᠢᠭᠤᠯᠬᠤ ᠲᠤᠰᠬᠠᠢ ᠠᠵᠢᠯᠯᠠᠭ᠎ᠠ ᠶᠢ ᠭᠦᠨᠵᠡᠭᠡᠢ | ᠥᠷᠨᠢᠭᠦᠯᠵᠦ᠂ ᠰᠢᠨ᠎ᠡ ᠡᠨᠧᠷᠭᠢ ᠬᠢᠭᠡᠳ ᠨᠡᠭᠦᠷᠡᠰᠦ ᠬᠢᠮᠢ ᠶᠢᠨ ᠠᠵᠤ ᠦᠢᠯᠡᠳᠪᠦᠷᠢ ᠶᠢ ᠬᠤᠯᠪᠣᠯᠳᠤᠭᠤᠯᠤᠨ ᠬᠥᠭᠵᠢᠭᠦᠯᠬᠦ᠂ | ᠠᠭᠤᠷᠬᠠᠢ ᠶᠢᠨ ᠦᠢᠯᠡᠰ ᠯᠦᠭᠡ ᠠᠭᠤᠰᠤᠯᠴᠠᠭᠤᠯᠤᠨ ᠬᠥᠭᠵᠢᠭᠦᠯᠬᠦ ᠵᠡᠷᠭᠡ ᠲᠥᠷᠥᠯ ᠵᠦᠢᠯ ᠢ ᠪᠥᠬᠦ ᠬᠦᠴᠦᠨ ᠢᠶᠠᠷ ᠢᠶᠠᠨ | ᠣᠷᠣᠭᠤᠯᠤᠨ ᠠᠪᠴᠢᠷᠠᠵᠤ᠂ ᠪᠥᠬᠦ ᠬᠤᠰᠢᠭᠤᠨ ᠤ ᠪᠠᠶᠢᠯᠳᠤᠬᠤ ᠪᠣᠳᠣᠯᠭ᠎ᠠ ᠶᠢᠨ ᠴᠢᠨᠠᠷᠲᠠᠢ ᠰᠢᠨ᠎ᠡ ᠪᠠᠷ ᠬᠥᠭᠵᠢᠭᠰᠡᠨ ᠠᠵᠤ | ᠦᠢᠯᠡᠰ ᠤᠨ ᠴᠣᠭᠯᠠᠷᠠᠯ ᠢ ᠪᠤᠢ ᠪᠤᠯᠭᠠᠪᠠ᠃ | ︵ᠬᠤᠶᠠᠷ︶ ᠬᠤᠲᠠ ᠪᠠᠯᠭᠠᠰᠤ ᠶᠢᠨ ᠶᠠᠰᠤ ᠴᠢᠨᠠᠷ ᠢ ᠳᠡᠭᠡᠭᠰᠢᠯᠡᠭᠦᠯᠬᠦ ᠲᠠᠢ ᠨᠢᠭᠲᠠ ᠤᠶᠠᠯᠳᠤᠭᠤᠯᠤᠨ᠂ ᠠᠮᠢ ᠠᠬᠤᠢ | ᠰᠠᠶᠢᠨ᠂ ᠣᠷᠤᠰᠢᠨ ᠰᠠᠭᠤᠷᠢᠰᠢᠬᠤ ᠳᠤ ᠲᠣᠬᠢᠷᠠᠮᠵᠢᠲᠠᠢ ᠬᠤᠲᠠ ᠶᠢ ᠪᠦᠲᠦᠭᠡᠨ ᠪᠠᠶᠢᠭᠤᠯᠬᠤ ᠳᠤ ᠣᠶᠤᠨ ᠤᠬᠠᠭᠠᠨ ᠢ | ᠥᠷᠭᠡᠨ ᠢᠶᠠᠷ ᠲᠦᠪᠯᠡᠷᠡᠭᠦᠯᠪᠡ᠃ ᠭᠡᠰᠢᠭᠦᠳ ᠬᠤᠳᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢ ᠰᠠᠨᠠᠯ ᠵᠥᠪᠯᠡᠯᠭᠡ ᠶᠢᠨ | ᠠᠵᠢᠯ ᠤᠨ ᠠᠩᠬᠠᠷᠤᠯ ᠤᠨ ᠴᠡᠭ ᠪᠣᠯᠭᠠᠵᠤ᠂ ᠠᠮᠢᠳᠤᠷᠠᠯ ᠤᠨ ᠬᠤᠭ ᠨᠣᠪᠰᠢ ᠶᠢ ᠰᠢᠢᠳᠪᠦᠷᠢᠯᠡᠬᠦ ᠶᠢ ᠵᠢᠷᠤᠮᠵᠢᠭᠤᠯᠬᠤ᠂ | ᠪᠠᠯᠭᠠᠰᠤᠨ ᠲᠤᠭᠤᠷᠢᠭ ᠤᠨ ᠵᠠᠮ ᠬᠠᠷᠢᠯᠴᠠᠭᠠᠨ ᠤ ᠡᠮᠬᠢ ᠵᠢᠷᠤᠮ ᠢ ᠰᠠᠶᠢᠵᠢᠷᠠᠭᠤᠯᠬᠤ᠂ ᠰᠠᠭᠤᠭᠠᠯᠢ ᠲᠣᠭᠤᠷᠢᠭ ᠤᠨ | ᠴᠡᠴᠡᠷᠯᠢᠭ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠬᠤ ᠵᠡᠷᠭᠡ ᠰᠠᠨᠠᠯ ᠵᠥᠪᠯᠡᠯᠭᠡ ᠶᠢ ᠳᠤᠷᠠᠳᠴᠠᠢ᠃ ᠬᠤᠲᠠ | ᠪᠠᠯᠭᠠᠰᠤᠨ ᠤ ᠵᠠᠮ ᠬᠠᠷᠢᠯᠴᠠᠭᠠᠨ ᠤ ᠠᠮᠤᠷ ᠲᠦᠪᠰᠢᠨ ᠤ ᠬᠠᠮᠢᠶᠠᠷᠤᠯᠲᠠ ᠶᠢ ᠴᠢᠩᠭᠠᠳᠬᠠᠬᠤ ᠲᠤᠬᠠᠢ ᠰᠠᠨᠠᠯ ᠵᠦᠪᠯᠡᠯᠭᠡ ᠳᠤ | ᠬᠤᠯᠪᠣᠭᠳᠠᠯ ᠪᠦᠬᠦᠢ ᠨᠢᠭᠡᠴᠡ ᠰᠠᠯᠠᠭ᠎ᠠ ᠮᠥᠴᠢᠷ ᠤᠨ ᠡᠭᠦᠷᠭᠡ ᠴᠢᠳᠠᠪᠤᠷᠢ ᠳᠤ ᠰᠠᠭᠤᠷᠢᠯᠠᠨ᠂ ᠪᠠᠶᠢᠭᠤᠯᠬᠤ ᠪᠠ | ᠬᠠᠮᠢᠶᠠᠷᠬᠤ ᠶᠢ ᠵᠡᠷᠭᠡᠪᠡᠷ ᠴᠢᠩᠭᠠᠳᠬᠠᠵᠤ᠂ ᠪᠠᠯᠭᠠᠰᠤᠨ ᠤ ᠳᠣᠲᠣᠷᠠᠬᠢ ᠵᠠᠮ ᠬᠠᠷᠢᠯᠴᠠᠭᠠᠨ ᠤ ᠳᠤᠬᠢᠶᠠᠨ ᠳ᠋ᠧᠩ ᠢ ᠠᠯᠬᠤᠮ | ᠠᠯᠬᠤᠮ ᠢᠶᠠᠷ ᠲᠡᠭᠦᠯᠳᠡᠷᠵᠢᠭᠦᠯᠵᠦ᠂ ᠵᠠᠮ ᠬᠠᠷᠢᠯᠴᠠᠭᠠᠨ ᠤ ᠬᠠᠮᠢᠶᠠᠷᠤᠨ ᠡᠵᠡᠮᠳᠡᠬᠦ ᠡᠷᠴᠢᠮ ᠢ ᠴᠢᠩᠭᠠᠷᠠᠭᠤᠯᠤᠨ᠂ ᠶᠠᠪᠠᠭᠠᠨ | ᠬᠦᠮᠦᠨ᠂ ᠮᠠᠰᠢᠨ ᠲᠡᠷᠭᠡ ᠪᠠ ᠮᠠᠰᠢᠨ ᠪᠤᠰᠤ ᠲᠡᠷᠭᠡᠨ ᠤ ᠵᠠᠮ ᠬᠠᠷᠢᠯᠴᠠᠭᠠᠨ ᠤ ᠠᠵᠢᠯᠯᠠᠭ᠎ᠠ ᠶᠢ ᠤᠯᠠᠮ ᠴᠢᠨᠠᠭᠰᠢᠳᠠ | ᠵᠢᠷᠤᠮᠵᠢᠭᠤᠯᠵᠤ᠂ ᠪᠦᠭᠦ ᠬᠤᠰᠢᠭᠤᠨ ᠤ ᠵᠠᠮ ᠬᠠᠷᠢᠯᠴᠠᠭᠠᠨ ᠤ ᠡᠮᠬᠢ ᠵᠢᠷᠤᠮ ᠦᠷᠭᠦᠯᠵᠢᠯᠡᠨ ᠰᠠᠶᠢᠵᠢᠷᠠᠪᠠ᠃ ᠣᠷᠣᠰᠢᠨ | ᠰᠠᠭᠤᠬᠤ ᠳᠤ ᠲᠣᠬᠢᠷᠠᠮᠵᠢᠲᠠᠢ ᠣᠶᠤᠨᠲᠤ ᠬᠤᠲᠠ ᠪᠠᠯᠭᠠᠰᠤ ᠶᠢ ᠪᠠᠶᠢᠭᠤᠯᠬᠤ᠂ ᠬᠤᠭ ᠨᠣᠪᠰᠢ ᠶᠢ ᠰᠢᠢᠳᠪᠦᠷᠢᠯᠡᠬᠦ ᠶᠢ | ᠵᠢᠷᠤᠮᠵᠢᠭᠤᠯᠬᠤ ᠵᠡᠷᠭᠡ ᠲᠠᠯ᠎ᠠ ᠶᠢᠨ ᠰᠠᠨᠠᠯ ᠵᠦᠪᠯᠡᠯᠭᠡ ᠶᠢ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠢᠨ ᠨᠠᠷᠢᠨ ᠬᠢᠨᠠᠮᠠᠭᠠᠢ | ᠰᠤᠳᠤᠯᠵᠤ᠂ ᠬᠠᠭᠤᠴᠢᠨ ᠰᠠᠭᠤᠭᠠᠯᠢ ᠲᠣᠭᠤᠷᠢᠭ ᠢ ᠥᠭᠡᠷᠡᠴᠢᠯᠡᠬᠦ᠂ ᠵᠢᠵᠢᠭ ᠴᠡᠴᠡᠷᠯᠢᠭ ᠪᠠᠶᠢᠭᠤᠯᠬᠤ᠂ ᠨᠡᠶᠢᠲᠡ ᠶᠢᠨ | ᠵᠣᠷᠯᠣᠩ ᠨᠡᠮᠡᠬᠦ᠂ ᠬᠤᠭ ᠨᠣᠪᠰᠢ ᠶᠢ ᠲᠥᠷᠥᠯ ᠬᠤᠪᠢᠶᠠᠬᠤ ᠬᠠᠶᠢᠷᠴᠠᠭ ᠲᠠᠯᠪᠢᠬᠤ ᠵᠡᠷᠭᠡ ᠠᠷᠭ᠎ᠠ ᠬᠡᠮᠵᠢᠶ᠎ᠡ ᠪᠠᠷ | ᠳᠠᠮᠵᠢᠭᠤᠯᠤᠨ᠂ ᠮᠠᠨ ᠤ ᠬᠤᠰᠢᠭᠤᠨ ᠤ ᠬᠤᠲᠠ ᠪᠠᠯᠭᠠᠰᠤ ᠶᠢᠨ ᠣᠷᠣᠰᠢᠨ ᠰᠠᠭᠤᠬᠤ ᠳᠤ ᠲᠣᠬᠢᠷᠠᠮᠵᠢᠲᠠᠢ ᠬᠢᠷᠢ ᠬᠡᠮᠵᠢᠶ᠎ᠡ ᠶᠢ | ᠲᠠᠰᠤᠷᠠᠯᠲᠠ ᠦᠭᠡᠢ ᠳᠡᠭᠡᠭᠰᠢᠯᠡᠭᠦᠯᠪᠡ᠃ | ︵ᠭᠤᠷᠪᠠ︶ ᠠᠷᠠᠳ ᠤᠨ ᠠᠮᠢᠳᠤᠷᠠᠯ ᠤᠨ ᠬᠠᠷᠠᠭᠠᠯᠵᠠᠯ ᠢ ᠰᠠᠶᠢᠵᠢᠷᠠᠭᠤᠯᠬᠤ ᠪᠠᠷ ᠬᠦᠴᠦᠯᠡᠨ ᠴᠢᠷᠮᠠᠶᠢᠵᠤ᠂ ᠣᠯᠠᠨ | ᠲᠦᠮᠡᠨ ᠤ ᠵᠣᠯ ᠵᠢᠷᠭᠠᠯ ᠤᠨ ᠵᠢᠭᠠᠯᠲᠠ ᠲᠤᠭ᠎ᠠ ᠶᠢ ᠳᠡᠭᠡᠭᠰᠢᠯᠡᠭᠦᠯᠬᠦ ᠳᠤ ᠪᠣᠳᠠᠲᠠᠢ ᠠᠷᠭ᠎ᠠ ᠬᠡᠮᠵᠢᠶ᠎ᠡ ᠶᠢ ᠥᠷᠭᠡᠨ ᠢᠶᠠᠷ | ᠬᠡᠷᠡᠭᠯᠡᠪᠡ᠃ ᠭᠡᠰᠢᠭᠦᠳ ᠠᠷᠠᠳ ᠤᠨ ᠠᠮᠢᠳᠤᠷᠠᠯ ᠢ ᠰᠠᠶᠢᠵᠢᠷᠠᠭᠤᠯᠬᠤ ᠶᠠᠪᠤᠳᠠᠯ ᠢ ᠰᠠᠨᠠᠯ ᠵᠥᠪᠯᠡᠯᠭᠡ ᠶᠢᠨ ᠠᠵᠢᠯ ᠤᠨ | ᠲᠤᠰᠤᠯᠲᠠ ᠶᠢᠨ ᠴᠡᠭ ᠪᠣᠯᠭᠠᠵᠤ᠂ ᠡᠮᠴᠢᠯᠡᠭᠡ ᠡᠷᠡᠭᠦᠯᠵᠢᠯ ᠰᠤᠪᠢᠯᠠᠯᠲᠠ ᠶᠢ ᠤᠶᠠᠯᠳᠤᠭᠤᠯᠤᠭᠰᠠᠨ ᠨᠠᠰᠤᠵᠢᠯ ᠤᠨ | ᠠᠰᠠᠷᠠᠮᠵᠢ ᠶᠢᠨ ᠦᠢᠯᠡᠴᠢᠯᠡᠭᠡᠨ ᠤ ᠰᠢᠰᠲ᠋ᠧᠮ ᠤᠨ ᠪᠠᠶᠢᠭᠤᠯᠤᠯᠲᠠ ᠶᠢ ᠠᠬᠢᠭᠤᠯᠬᠤ᠂ ᠬᠥᠳᠡᠭᠡ ᠲᠣᠰᠬᠤᠨ ᠤ ᠭᠡᠷ ᠢᠶᠠᠨ | ᠰᠠᠬᠢᠵᠤ ᠬᠤᠴᠣᠷᠤᠭᠰᠠᠨ ᠨᠠᠰᠤᠲᠠᠨ ᠪᠠ ᠬᠡᠦᠬᠡᠳ ᠢ ᠬᠠᠯᠠᠮᠵᠢᠯᠠᠨ ᠬᠠᠶᠢᠷᠠᠯᠠᠬᠤ᠂ ᠵᠠᠯᠠᠭᠤᠴᠤᠳ ᠪᠠᠭᠠᠴᠤᠳ ᠤᠨ | ᠰᠡᠳᠬᠢᠴᠡ ᠶᠢᠨ ᠡᠷᠡᠭᠦᠯ ᠮᠡᠨᠳᠦ ᠶᠢ ᠴᠢᠩᠭᠠᠳᠬᠠᠬᠤ ᠵᠡᠷᠭᠡ ᠰᠠᠨᠠᠯ ᠵᠥᠪᠯᠡᠯᠭᠡ ᠶᠢ ᠳᠤᠷᠠᠳᠤᠨ ᠭᠠᠷᠭᠠᠪᠠ᠃ ᠨᠡᠶᠢᠭᠡᠮ | ᠲᠣᠭᠤᠷᠢᠭ ᠤᠨ ᠭᠡᠷ ᠲᠡᠭᠡᠨ ᠠᠵᠤ ᠲᠦᠷᠦᠵᠦ ᠪᠠᠶᠢᠭ᠎ᠠ ᠨᠠᠰᠤᠲᠠᠶᠢᠴᠤᠳ ᠢ ᠠᠰᠠᠷᠠᠬᠤ ᠦᠢᠯᠡᠴᠢᠯᠡᠭᠡᠨ ᠤ ᠲᠣᠭᠳᠠᠯᠴᠠᠭᠠᠨ ᠤ | ᠪᠠᠶᠢᠭᠤᠯᠤᠯᠲᠠ ᠶᠢ ᠲᠡᠭᠦᠯᠳᠡᠷᠵᠢᠭᠦᠯᠬᠦ ᠲᠤᠬᠠᠢ ᠰᠠᠨᠠᠯ ᠵᠦᠪᠯᠡᠯᠭᠡ ᠨᠢ ᠬᠤᠰᠢᠭᠤᠨ ᠤ ᠨᠠᠮ ᠤᠨ ᠬᠤᠷᠢᠶ᠎ᠠ ᠵᠠᠰᠠᠭ ᠤᠨ | ᠣᠷᠳᠣᠨ ᠤ ᠲᠥᠯᠦᠪᠵᠢᠭᠦᠯᠭᠡ ᠳᠤ ᠨᠡᠶᠢᠴᠡᠵᠦ᠂ ᠠᠷᠠᠳ ᠤᠨ ᠶᠠᠪᠤᠳᠠᠯ ᠤᠨ ᠰᠠᠯᠠᠭ᠎ᠠ ᠮᠥᠴᠢᠷ ᠰᠠᠨᠠᠯ ᠵᠦᠪᠯᠡᠯᠭᠡ ᠶᠢᠨ | ᠠᠭᠤᠯᠭ᠎ᠠ ᠪᠠ ᠠᠵᠢᠯ ᠤᠨ ᠪᠣᠳᠠᠲᠠᠢ ᠲᠠᠢ ᠪᠠᠨ ᠤᠶᠠᠯᠳᠤᠭᠤᠯᠤᠨ᠂ ︽ᠬᠡᠰᠢᠭᠲᠡᠨ ᠬᠤᠰᠢᠭᠤᠨ ᠤ ᠦᠨᠳᠦᠰᠦᠨ ᠨᠠᠰᠤᠵᠢᠯ ᠤᠨ | ᠦᠢᠯᠡᠴᠢᠯᠡᠭᠡᠨ ᠤ ᠬᠠᠭᠤᠳᠠᠰᠤ︾ ᠶᠢ ᠲᠣᠭᠲᠠᠭᠠᠨ ᠲᠠᠷᠬᠠᠭᠠᠵᠤ᠂ ᠪᠠᠲᠤᠯᠠᠭ᠎ᠠ ᠶᠢᠨ ᠣᠷᠣᠯᠭ᠎ᠠ ᠶᠢ ᠨᠡᠮᠡᠭᠳᠡᠭᠦᠯᠬᠦ ᠪᠠ | ᠦᠢᠯᠡᠴᠢᠯᠡᠭᠡᠨ ᠤ ᠲᠤᠭᠳᠠᠯᠴᠠᠭ᠎ᠠ ᠶᠢ ᠪᠦᠷᠢᠨᠰᠢᠭᠦᠯᠬᠦ ᠬᠤᠶᠠᠷ ᠲᠠᠯ᠎ᠠ ᠪᠠᠷ ᠳᠠᠮᠵᠢᠭᠤᠯᠤᠨ᠂ ᠨᠡᠶᠢᠭᠡᠮ ᠲᠣᠭᠤᠷᠢᠭ ᠤᠨ | ᠭᠡᠷ ᠲᠡᠭᠡᠨ ᠠᠵᠤ ᠲᠦᠷᠦᠵᠦ ᠪᠠᠶᠢᠭ᠎ᠠ ᠨᠠᠰᠤᠲᠠᠶᠢᠴᠤᠳ ᠢ ᠠᠰᠠᠷᠠᠬᠤ ᠳᠤ ᠳᠡᠮᠵᠢᠯᠭᠡ ᠦᠵᠡᠭᠦᠯᠪᠡ᠃ ᠨᠠᠰᠤᠨ ᠳᠤ ᠥᠯᠥ | ᠭᠦᠷᠦᠭᠰᠡᠳ ᠤᠨ ᠰᠡᠳᠬᠢᠴᠡ ᠶᠢᠨ ᠡᠷᠡᠭᠦᠯ ᠮᠡᠨᠳᠦ ᠶᠢᠨ ᠲᠤᠭᠳᠠᠯᠴᠠᠭ᠎ᠠ ᠶᠢ ᠪᠠᠶᠢᠭᠤᠯᠬᠤ᠂ ᠳᠤᠮᠳᠠᠳᠤ ᠪᠠᠭ᠎ᠠ | ᠰᠤᠷᠭᠠᠭᠤᠯᠢ ᠶᠢᠨ ᠦᠵᠡᠯ ᠰᠠᠨᠠᠭ᠎ᠠ ᠤᠯᠤᠰ ᠲᠥᠷᠥ ᠶᠢᠨ ᠬᠥᠮᠦᠵᠢᠯ ᠢ ᠴᠢᠩᠭᠠᠳᠬᠠᠬᠤ ᠵᠡᠷᠭᠡ ᠲᠠᠯ᠎ᠠ ᠶᠢᠨ ᠰᠠᠨᠠᠯ | ᠵᠦᠪᠯᠡᠯᠭᠡ ᠳᠤ᠂ ᠬᠤᠰᠢᠭᠤᠨ ᠤ ᠰᠤᠷᠭᠠᠨ ᠬᠥᠮᠦᠵᠢᠯ ᠤᠨ ᠰᠠᠯᠠᠭ᠎ᠠ ᠮᠥᠴᠢᠷ ︽ᠬᠡᠰᠢᠭᠲᠡᠨ ᠬᠤᠰᠢᠭᠤᠨ ᠤ ᠰᠤᠷᠭᠠᠨ | ᠬᠥᠮᠦᠵᠢᠯ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠠᠵᠢᠯᠯᠠᠭᠠᠨ ᠤ ᠲᠥᠯᠥᠪᠯᠡᠭᠡ︾ ᠶᠢ ᠴᠢᠩᠭ᠎ᠠ | ᠨᠠᠶᠢᠳᠠᠪᠤᠷᠢᠵᠢᠭᠤᠯᠵᠤ᠂ ᠰᠤᠷᠭᠠᠭᠤᠯᠢ ᠶᠢᠨ ᠬᠦᠷᠢᠶᠡᠨ ᠤ ᠠᠵᠢᠯᠯᠠᠭ᠎ᠠ ᠶᠢ ᠪᠠᠶᠠᠯᠢᠭᠵᠢᠭᠤᠯᠬᠤ᠂ ᠪᠠᠭᠰᠢ ᠶᠢᠨ ᠨᠢᠭᠡ | ᠴᠣᠭᠴᠠᠵᠢᠭᠤᠯᠬᠤ ᠪᠠᠶᠢᠭᠤᠯᠤᠯᠲᠠ ᠶᠢ ᠴᠢᠩᠭᠠᠳᠬᠠᠬᠤ᠂ ᠭᠡᠷ ᠪᠦᠯᠢ ᠪᠠ ᠰᠤᠷᠭᠠᠭᠤᠯᠢ ᠶᠢᠨ ᠬᠠᠮᠲᠤ ᠪᠠᠷ ᠪᠠᠶᠢᠭᠤᠯᠵᠤ | ᠬᠠᠮᠲᠤ ᠪᠠᠷ ᠬᠦᠮᠦᠵᠢᠭᠦᠯᠬᠦ ᠶᠢ ᠭᠦᠨᠵᠡᠭᠡᠶᠢᠷᠡᠭᠦᠯᠬᠦ ᠵᠡᠷᠭᠡ ᠠᠷᠭ᠎ᠠ ᠬᠡᠮᠵᠢᠶ᠎ᠡ ᠪᠠᠷ ᠳᠠᠮᠵᠢᠭᠤᠯᠤᠨ᠂ ᠵᠠᠯᠠᠭᠤᠴᠤᠳ | ᠪᠠᠭᠠᠴᠤᠳ ᠤᠨ ᠪᠡᠶ᠎ᠡ ᠰᠡᠳᠬᠢᠯ ᠤᠨ ᠡᠷᠡᠭᠦᠯ ᠢᠶᠠᠷ ᠬᠥᠭᠵᠢᠬᠦ ᠶᠢ ᠪᠡᠶᠡᠯᠡᠭᠦᠯᠪᠡ᠃ | ︵ᠳᠥᠷᠪᠡ︶ ᠵᠠᠰᠠᠯᠲᠠ ᠶᠢᠨ ᠲᠣᠭᠳᠠᠯᠴᠠᠭ᠎ᠠ ᠶᠢ ᠲᠡᠭᠦᠯᠳᠡᠷᠵᠢᠭᠦᠯᠬᠦ ᠶᠢ ᠪᠣᠳᠣᠯᠬᠢᠯᠠᠵᠤ᠂ ᠬᠠᠮᠲᠤ ᠪᠠᠷ ᠪᠠᠶᠢᠭᠤᠯᠬᠤ | ᠬᠠᠮᠲᠤ ᠪᠠᠷ ᠵᠠᠰᠠᠬᠤ ᠬᠠᠮᠲᠤ ᠪᠠᠷ ᠡᠳ᠋ᠯᠡᠬᠦ ᠶᠢ ᠭᠦᠨᠵᠡᠭᠡᠶᠢᠷᠡᠭᠦᠯᠬᠦ ᠳᠤ ᠰᠠᠶᠢᠨ ᠠᠷᠭ᠎ᠠ ᠪᠣᠳᠣᠯᠭ᠎ᠠ ᠶᠢ ᠥᠷᠭᠡᠨ ᠢᠶᠠᠷ | ᠳᠡᠪᠰᠢᠭᠦᠯᠪᠡ᠃ ᠭᠡᠰᠢᠭᠦᠳ ᠨᠡᠶᠢᠭᠡᠮ ᠤᠨ ᠵᠠᠰᠠᠯᠲᠠ ᠶᠢᠨ ᠦᠷ᠎ᠡ ᠪᠦᠲᠦᠮᠵᠢ ᠶᠢ ᠳᠡᠭᠡᠭᠰᠢᠯᠡᠭᠦᠯᠬᠦ ᠶᠠᠪᠤᠳᠠᠯ ᠢ ᠰᠠᠨᠠᠯ | ᠵᠥᠪᠯᠡᠯᠭᠡ ᠶᠢᠨ ᠠᠵᠢᠯ ᠤᠨ ᠭᠠᠷᠳᠠᠬᠤ ᠴᠡᠭ ᠪᠣᠯᠭᠠᠵᠤ᠂ ᠪᠠᠴᠢᠮ ᠪᠠᠶᠢᠳᠠᠯ ᠢ ᠠᠷᠭᠠᠴᠠᠭᠠᠬᠤ ᠭᠡᠨᠡᠳᠲᠡ ᠶᠢᠨ ᠬᠡᠷᠡᠭ ᠢ | ᠰᠢᠢᠳᠪᠦᠷᠢᠯᠡᠬᠦ ᠴᠢᠳᠠᠪᠤᠷᠢ ᠶᠢ ᠳᠡᠭᠡᠭᠰᠢᠯᠡᠭᠦᠯᠬᠦ᠂ ᠦᠨᠳᠦᠰᠦᠨ ᠱᠠᠲᠤᠨ ᠤ ᠵᠠᠰᠠᠯᠲᠠ ᠶᠢ ᠴᠢᠩᠭᠠᠳᠬᠠᠬᠤ᠂ ᠰᠠᠶᠢᠨ | ᠳᠤᠷ᠎ᠠ ᠶᠢᠨ ᠦᠢᠯᠡᠴᠢᠯᠡᠭᠡᠨ ᠤ ᠲᠣᠭᠳᠠᠯᠴᠠᠭ᠎ᠠ ᠶᠢ ᠲᠡᠭᠦᠯᠳᠡᠷᠵᠢᠭᠦᠯᠬᠦ ᠵᠡᠷᠭᠡ ᠰᠠᠨᠠᠯ ᠵᠥᠪᠯᠡᠯᠭᠡ ᠶᠢ ᠳᠤᠷᠠᠳᠤᠨ ᠭᠠᠷᠭᠠᠵᠠᠢ᠃ | ᠨᠠᠮ ᠤᠨ ᠪᠠᠶᠢᠭᠤᠯᠤᠯᠲᠠ ᠶᠢ ᠴᠢᠩᠭᠠᠳᠬᠠᠵᠤ ᠦᠨᠳᠦᠰᠦᠨ ᠱᠠᠲᠤᠨ ᠤ ᠵᠠᠰᠠᠯᠲᠠ ᠶᠢ ᠬᠥᠲᠥᠯᠥᠨ ᠳᠠᠭᠠᠭᠤᠯᠬᠤ ᠲᠤᠬᠠᠢ ᠰᠠᠨᠠᠯ | ᠵᠦᠪᠯᠡᠯᠭᠡ᠂ ᠵᠣᠬᠢᠶᠠᠨ ᠪᠠᠶᠢᠭᠤᠯᠬᠤ ᠰᠠᠯᠠᠭ᠎ᠠ ᠮᠥᠴᠢᠷ ᠤᠨ ᠬᠢᠨ ᠬᠠᠮᠢᠶ᠎ᠠ ᠪᠦᠬᠦᠢ ᠰᠠᠨᠠᠭᠤᠯᠭ᠎ᠠ ᠶᠢ ᠢᠳᠡᠪᠬᠢᠲᠡᠢ ᠬᠦᠯᠢᠶᠡᠨ | ᠠᠪᠴᠤ᠂ ᠮᠠᠯᠵᠢᠬᠤ ᠲᠠᠷᠢᠶᠠᠯᠠᠬᠤ ᠣᠷᠣᠨ ᠤ ᠵᠠᠩ ᠳᠠᠳᠬᠠᠯ ᠢ ᠥᠭᠡᠷᠡᠴᠢᠯᠡᠬᠦ ᠶᠢ ᠬᠦᠴᠦᠯᠡᠨ ᠠᠬᠢᠭᠤᠯᠵᠤ᠂ 6 ᠰᠠᠯᠠᠭ᠎ᠠ | ᠮᠥᠴᠢᠷ ᠲᠠᠢ ᠬᠠᠮᠲᠤᠷᠠᠨ ︽ᠬᠡᠰᠢᠭᠲᠡᠨ ᠬᠤᠰᠢᠭᠤᠨ ᠤ ᠨᠠᠮ ᠤᠨ ᠪᠠᠶᠢᠭᠤᠯᠤᠯᠲᠠ ᠪᠠᠷ ᠬᠥᠳᠡᠭᠡ ᠲᠣᠰᠬᠤᠨ ᠤ ᠵᠠᠰᠠᠯᠲᠠ ᠶᠢ | ᠬᠥᠲᠥᠯᠥᠨ ᠳᠠᠭᠠᠭᠤᠯᠵᠤ ᠬᠤᠪᠢ ᠬᠤᠷᠠᠮᠳᠤᠭᠤᠯᠬᠤ ᠳᠦᠷᠢᠮ ᠤᠨ ᠬᠠᠮᠢᠶᠠᠷᠤᠯᠲᠠ ᠶᠢ ᠬᠡᠷᠡᠭᠵᠢᠭᠦᠯᠬᠦ ᠲᠥᠰᠥᠯ︾ ᠢ | ᠳᠠᠷᠤᠮᠠᠯᠯᠠᠨ ᠲᠠᠷᠬᠠᠭᠠᠵᠤ᠂ ᠬᠤᠲᠠ ᠶᠢᠨ ᠨᠡᠶᠢᠭᠡᠮ ᠲᠣᠭᠤᠷᠢᠭ ᠤᠨ ᠬᠦᠷᠢᠶᠡᠨ ᠳᠤ᠂ ᠮᠡᠳᠡᠭᠡ ᠵᠠᠩᠭᠢᠵᠢᠯᠲᠠ ᠪᠠᠷ ᠬᠤᠲᠠ ᠶᠢᠨ | ᠦᠨᠳᠦᠰᠦᠨ ᠱᠠᠲᠤᠨ ᠤ ᠵᠠᠰᠠᠯᠲᠠ ᠶᠢ ᠲᠦᠷᠭᠡᠳᠬᠡᠨ᠂ ︽ᠤᠶᠤᠨᠳᠤ ᠶᠢᠩᠴᠠᠩ︾ ︽ᠵᠥᠭᠡᠢ ᠶᠢᠨ ᠡᠭᠦᠷ ᠬᠡᠯᠪᠡᠷᠢᠳᠦ | ᠨᠡᠶᠢᠭᠡᠮ ᠲᠣᠭᠤᠷᠢᠭ︾ ︽ᠣᠶᠤᠨᠲᠤ ᠭᠠᠯᠳᠠᠰᠤᠳᠠᠢ ᠷᠠᠰᠢᠶᠠᠨ︾ ᠵᠡᠷᠭᠡ ᠣᠶᠤᠨᠴᠢ ᠲᠠᠪᠴᠠᠩ ᠢ ᠨᠡᠭᠡᠭᠡᠨ ᠬᠥᠭᠵᠢᠭᠦᠯᠵᠦ᠂ | ᠨᠠᠮ ᠤᠨ ᠵᠣᠬᠢᠶᠠᠨ ᠪᠠᠶᠢᠭᠤᠯᠤᠯᠲᠠ ᠶᠢᠨ ᠦᠨᠳᠦᠰᠦᠨ ᠱᠠᠲᠤᠨ ᠤ ᠵᠠᠰᠠᠯᠲᠠ ᠳᠠᠬᠢ ᠭᠤᠣᠯᠯᠠᠬᠤ ᠦᠢᠯᠡᠳᠦᠯ ᠢ ᠭᠦᠢᠴᠡᠳ | ᠪᠠᠳᠠᠷᠠᠭᠤᠯᠪᠠ᠃ ᠡᠮᠴᠢᠯᠡᠭᠡ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠴᠢᠳᠠᠪᠤᠷᠢ ᠶᠢ ᠳᠡᠭᠡᠭᠰᠢᠯᠡᠭᠦᠯᠬᠦ᠂ ᠳᠠᠬᠢᠨ | ᠶᠠᠳᠠᠭᠤᠷᠠᠬᠤ ᠶᠢ ᠰᠡᠷᠭᠡᠶᠢᠯᠡᠬᠦ ᠣᠷᠳᠣ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ ᠪᠠᠶᠢᠭᠤᠯᠬᠤ ᠵᠡᠷᠭᠡ ᠲᠠᠯ᠎ᠠ ᠶᠢᠨ ᠰᠠᠨᠠᠯ | ᠵᠦᠪᠯᠡᠯᠭᠡ ᠳᠤ᠂ ᠳᠠᠭᠠᠭᠠᠨ ᠭᠦᠢᠴᠡᠳᠬᠡᠬᠦ ᠨᠢᠭᠡᠴᠡ ᠠᠴᠠ ᠭᠡᠰᠢᠭᠦᠳ ᠤᠨ ᠰᠠᠨᠠᠯ ᠢ ᠢᠳᠡᠪᠬᠢᠲᠡᠢ ᠭᠥᠯᠢᠶᠡᠨ ᠠᠪᠴᠤ᠂ ︽ | ᠬᠡᠰᠢᠭᠲᠡᠨ ᠬᠤᠰᠢᠭᠤᠨ ᠤ ᠡᠮᠴᠢᠯᠡᠭᠡ ᠡᠷᠡᠭᠦᠯ ᠬᠠᠮᠠᠭᠠᠯᠠᠯ ᠤᠨ ᠬᠠᠮᠲᠤ ᠶᠢᠨ ᠴᠣᠭᠴᠠ ᠶᠢ ᠪᠠᠶᠢᠭᠤᠯᠬᠤ ᠲᠥᠰᠥᠯ︾ ᠢ | ᠲᠣᠭᠲᠠᠭᠠᠨ ᠨᠡᠶᠢᠲᠡᠯᠡᠵᠦ᠂ ᠨᠢᠬᠳᠠᠷᠠᠭᠰᠠᠨ ᠬᠡᠯᠪᠡᠷᠢ ᠶᠢᠨ ᠡᠮᠴᠢᠯᠡᠭᠡᠨ ᠤ ᠬᠠᠮᠲᠤ ᠶᠢᠨ ᠴᠣᠭᠴᠠ ᠶᠢ ᠪᠠᠶᠢᠭᠤᠯᠤᠨ᠂ | ᠡᠮᠴᠢᠯᠡᠭᠡᠨ ᠤ ᠡᠬᠢ ᠪᠠᠶᠠᠯᠢᠭ ᠤᠨ ᠪᠦᠲᠦᠮᠵᠢᠲᠡᠶ ᠲᠣᠬᠢᠷᠠᠭᠤᠯᠤᠯᠲᠠ ᠶᠢ ᠪᠡᠶᠡᠯᠡᠭᠦᠯᠵᠦ᠂ ᠡᠪᠡᠳᠴᠢᠨ ᠡᠮᠭᠡᠭ ᠢ ᠤᠷᠢᠳᠴᠢᠯᠠᠨ | ᠰᠡᠷᠭᠡᠶᠢᠯᠡᠬᠦ ᠪᠠ ᠦᠨᠳᠦᠰᠦᠨ ᠱᠠᠲᠤᠨ ᠤ ᠡᠷᠡᠭᠦᠯ ᠬᠠᠮᠠᠭᠠᠯᠠᠯ ᠤᠨ ᠳᠤᠲᠠᠭᠤᠳᠠᠯ ᠢ ᠨᠥᠬᠦᠪᠦᠷᠢᠯᠡᠪᠡ᠃ | ᠬᠤᠶᠠᠷ᠂ ᠰᠠᠨᠠᠯ ᠵᠥᠪᠯᠡᠯᠭᠡ ᠶᠢᠨ ᠠᠵᠢᠯ ᠤᠨ ᠭᠤᠣᠯ ᠠᠷᠭ᠎ᠠ ᠪᠠᠷᠢᠯ | ︵ᠨᠢᠭᠡ︶ ᠤᠯᠤᠰ ᠲᠦᠷᠦ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠰᠠᠨᠠᠯ ᠵᠥᠪᠯᠡᠯᠭᠡ ᠶᠢᠨ ᠠᠵᠢᠯ ᠳᠤ ᠰᠢᠨ᠎ᠡ | ᠪᠠᠶᠢᠷᠢᠰᠢᠯ ᠢ ᠪᠤᠢ ᠪᠣᠯᠭᠠᠪᠠ᠃ ᠨᠠᠮ ᠤᠨ ᠰᠠᠨᠠᠯ ᠵᠦᠪᠯᠡᠯᠭᠡ ᠶᠢᠨ ᠠᠵᠢᠯ ᠳᠠᠬᠢ ᠪᠥᠬᠦ ᠲᠠᠯ᠎ᠠ ᠶᠢᠨ ᠤᠳᠤᠷᠢᠳᠤᠯᠭ᠎ᠠ ᠶᠢ | ᠪᠠᠷᠢᠮᠲᠠᠯᠠᠬᠤ ᠶᠢᠨ ᠬᠠᠮᠲᠤ᠂ ᠰᠠᠨᠠᠯ ᠵᠦᠪᠯᠡᠯᠭᠡ ᠶᠢᠨ ᠠᠵᠢᠯ ᠢ ᠶᠡᠷᠦᠩᠬᠡᠢ ᠠᠵᠢᠯ ᠤᠨ ᠪᠠᠶᠢᠷᠢᠯᠠᠭᠤᠯᠤᠯᠲᠠ ᠪᠠ ᠴᠢᠬᠤᠯᠠ | ᠵᠥᠪᠯᠡᠬᠦ ᠵᠦᠢᠯ ᠳᠡᠭᠡᠨ ᠣᠷᠣᠭᠤᠯᠵᠤ᠂ ᠨᠠᠮ ᠤᠨ ᠲᠥᠪ ᠬᠤᠷᠢᠶ᠎ᠠ ᠶᠢᠨ ᠦᠨᠳᠦᠰᠦᠨ ᠪᠣᠳᠣᠯᠭ᠎ᠠ ᠴᠢᠭᠯᠡᠯᠲᠡ᠂ ᠬᠤᠰᠢᠭᠤᠨ ᠤ | ᠨᠠᠮ ᠤᠨ ᠬᠤᠷᠢᠶ᠎ᠠ ᠶᠢᠨ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠰᠠᠨᠠᠯ ᠵᠦᠪᠯᠡᠯᠭᠡ ᠶᠢᠨ ᠠᠵᠢᠯ ᠳᠤ | ᠲᠤᠤᠱᠯᠠᠭᠤᠯᠤᠨ ᠨᠠᠶᠢᠳᠠᠪᠤᠷᠢᠵᠢᠭᠤᠯᠬᠤ ᠶᠢ ᠪᠠᠲᠤᠯᠠᠪᠠ᠃ ᠲᠡᠷᠢᠭᠦᠯᠡᠭᠴᠢᠳ ᠤᠨ ᠬᠤᠷᠠᠯᠳᠤᠭᠠᠨ ᠠᠴᠠ ᠭᠤᠣᠯᠳᠠᠯᠭ᠎ᠠ ᠲᠠᠢ | ᠰᠠᠨᠠᠯ ᠵᠥᠪᠯᠡᠯᠭᠡ ᠶᠢ ᠬᠢᠨᠠᠨ ᠶᠠᠷᠢᠯᠴᠠᠵᠤ ᠲᠣᠭᠲᠠᠭᠠᠨ᠂ ᠤᠯᠤᠰ ᠲᠦᠷᠦ ᠶᠢᠨ ᠵᠥᠪᠯᠡᠯᠭᠡᠨ ᠤ ᠪᠠᠶᠢᠩᠭᠤ ᠶᠢᠨ ᠬᠤᠷᠢᠶᠠᠨ ᠤ | ᠬᠤᠷᠠᠯᠳᠤᠭᠠᠨ ᠠᠴᠠ ᠭᠤᠣᠯᠳᠠᠯᠭ᠎ᠠ ᠲᠠᠢ ᠰᠠᠨᠠᠯ ᠵᠥᠪᠯᠡᠯᠭᠡ ᠶᠢ ᠲᠤᠰᠬᠠᠢ ᠰᠡᠳᠦᠪ ᠢᠶᠠᠷ ᠬᠢᠨᠠᠨ ᠶᠠᠷᠢᠯᠴᠠᠵᠤ᠂ ᠵᠥᠪᠳᠡᠯᠴᠡᠨ | ᠰᠢᠢᠳᠪᠦᠷᠢᠯᠡᠵᠦ᠂ ᠰᠠᠨᠠᠯ ᠵᠥᠪᠯᠡᠯᠭᠡ ᠶᠢ ᠤᠯᠤᠰ ᠲᠦᠷᠦ ᠶᠢᠨ ᠲᠠᠯ᠎ᠠ ᠪᠠᠷ ᠬᠡᠯᠪᠡᠶᠢᠬᠦ ᠦᠭᠡᠢ᠂ ᠠᠵᠢᠯ ᠤᠨ ᠲᠠᠯ᠎ᠠ ᠪᠠᠷ | ᠦᠵᠡᠯ ᠰᠠᠨᠠᠭ᠎ᠠ ᠤᠯᠤᠰ ᠲᠦᠷᠦ ᠶᠢᠨ ᠵᠢᠯᠣᠭᠤᠳᠤᠯᠭ᠎ᠠ ᠶᠢ ᠴᠢᠩᠭᠠᠳᠬᠠᠬᠤ ᠶᠢ ᠰᠠᠨᠠᠯ ᠵᠦᠪᠯᠡᠯᠭᠡ ᠶᠢᠨ ᠠᠵᠢᠯ ᠳᠤ ᠢᠮᠠᠭᠲᠠ | ᠲᠤᠤᠱᠯᠠᠭᠤᠯᠬᠤ ᠶᠢ ᠪᠠᠷᠢᠮᠲᠠᠯᠠᠵᠤ᠂ ᠰᠠᠨᠠᠯ ᠵᠦᠪᠯᠡᠯᠭᠡ ᠶᠢ ᠴᠤᠭᠯᠠᠭᠤᠯᠬᠤ ᠳᠤ ᠤᠯᠤᠰ ᠲᠦᠷᠦ ᠶᠢᠨ ᠴᠢᠭᠯᠡᠯ ᠢ ᠴᠢᠩᠭ᠎ᠠ | ᠠᠳᠬᠤᠵᠤ᠂ ᠰᠠᠨᠠᠯ ᠵᠦᠪᠯᠡᠯᠭᠡ ᠳᠤᠷᠠᠳᠬᠤ ᠳᠤ ᠤᠯᠤᠰ ᠲᠦᠷᠦ ᠶᠢᠨ ᠵᠣᠭᠰᠣᠯᠲᠠ ᠶᠢ ᠴᠢᠬᠤᠯᠠᠴᠢᠯᠠᠵᠤ᠂ ᠰᠠᠨᠠᠯ | ᠵᠦᠪᠯᠡᠯᠭᠡ ᠶᠢ ᠬᠢᠨᠠᠨ ᠪᠠᠶᠢᠴᠠᠭᠠᠬᠤ ᠳᠤ ᠤᠯᠤᠰ ᠲᠦᠷᠦ ᠶᠢᠨ ᠵᠠᠷᠴᠢᠮ ᠢ ᠴᠢᠩᠭ᠎ᠠ ᠰᠠᠬᠢᠵᠤ᠂ ᠰᠠᠨᠠᠯ ᠵᠦᠪᠯᠡᠯᠭᠡ ᠶᠢ | ᠰᠢᠢᠳᠪᠦᠷᠢᠯᠡᠬᠦ ᠳᠤ ᠤᠯᠤᠰ ᠲᠦᠷᠦ ᠶᠢᠨ ᠱᠤᠭᠤᠮ ᠢ ᠪᠠᠷᠢᠮᠲᠠᠯᠠᠵᠤ᠂ ᠰᠠᠨᠠᠯ ᠵᠦᠪᠯᠡᠯᠭᠡ ᠶᠢ ᠵᠥᠪᠯᠡᠬᠦ ᠳᠤ ᠤᠯᠤᠰ | ᠲᠦᠷᠦ ᠶᠢᠨ ᠤᠶᠤᠨ ᠤᠬᠠᠭᠠᠨ ᠢ ᠢᠯᠡᠷᠡᠭᠦᠯᠪᠡ᠃ | ︵ᠬᠤᠶᠠᠷ︶ ᠪᠣᠶᠢᠵᠢᠭᠤᠯᠵᠤ ᠬᠥᠲᠥᠯᠥᠨ ᠵᠢᠯᠤᠭᠤᠳᠬᠤ ᠪᠠᠨ ᠴᠢᠩᠭᠠᠳᠬᠠᠵᠤ᠂ ᠰᠠᠨᠠᠯ ᠵᠥᠪᠯᠡᠯᠭᠡ ᠶᠢᠨ ᠶᠠᠰᠤ | ᠴᠢᠨᠠᠷ ᠢ ᠰᠢᠨ᠎ᠡ ᠳᠡᠭᠲᠡᠷ ᠲᠤ ᠭᠠᠷᠭᠠᠪᠠ᠃ ︽ᠰᠠᠨᠠᠯ ᠵᠥᠪᠯᠡᠯᠭᠡ ᠨᠢ ᠲᠣᠭᠠᠨ ᠤ ᠤᠯᠠᠨ ᠳᠤ ᠪᠠᠶᠢᠬᠤ ᠪᠢᠰᠢ᠂ ᠬᠠᠷᠢᠨ | ᠰᠢᠯᠢᠳᠡᠭ ᠲᠤ ᠪᠠᠶᠢᠬᠤ︾ ᠣᠶᠢᠯᠠᠭᠠᠭᠳᠠᠬᠤᠨ ᠢ ᠪᠠᠷᠢᠮᠲᠠᠯᠠᠨ᠂ ᠰᠠᠨᠠᠯ ᠵᠥᠪᠯᠡᠯᠭᠡ ᠶᠢᠨ ᠲᠤᠬᠠᠶᠢᠯᠠᠭᠰᠠᠨ ᠠᠵᠢᠯ ᠤᠨ | ᠪᠣᠯᠪᠠᠰᠤᠷᠠᠭᠤᠯᠤᠯ ᠢ ᠥᠷᠨᠢᠭᠦᠯᠵᠦ᠂ ︽ᠰᠠᠨᠠᠯ ᠵᠥᠪᠯᠡᠯᠭᠡ ᠶᠢᠨ ᠮᠡᠳᠡᠯᠭᠡ ᠶᠢᠨ ᠭᠠᠷ ᠳᠡᠪᠲᠡᠷ︾ ᠢ ᠨᠠᠶᠢᠷᠠᠭᠤᠯᠤᠨ | ᠬᠡᠪᠯᠡᠭᠦᠯᠵᠦ᠂ ᠭᠡᠰᠢᠭᠦᠳ ᠲᠤ ᠮᠡᠳᠡᠪᠡᠰᠦ ᠵᠣᠬᠢᠬᠤ ᠮᠡᠳᠡᠯᠭᠡ ᠶᠢ ᠡᠵᠡᠮᠰᠢᠭᠦᠯᠵᠦ᠂ ᠵᠠᠰᠠᠭ ᠤᠨ ᠶᠠᠪᠤᠳᠠᠯ ᠳᠤ ᠣᠷᠣᠯᠴᠠᠨ | ᠲᠦᠷᠦ ᠶᠢᠨ ᠬᠡᠷᠡᠭ ᠢ ᠵᠥᠪᠯᠡᠬᠦ ᠦᠷ᠎ᠡ ᠪᠦᠲᠦᠮᠵᠢ ᠶᠢ ᠨᠢ ᠳᠡᠭᠡᠭᠰᠢᠯᠡᠭᠦᠯᠪᠡ᠃ ᠭᠡᠰᠢᠭᠦᠳ ᠤᠨ ᠪᠠᠭ᠎ᠠ ᠮᠥᠷᠲᠡᠭᠡᠨ | ᠣᠨᠣᠪᠴᠢᠲᠠᠢ᠂ ᠤᠴᠢᠷ ᠶᠠᠪᠤᠳᠠᠯ ᠨᠢ ᠵᠢᠵᠢᠭ ᠮᠥᠷᠲᠡᠭᠡᠨ ᠪᠣᠳᠠᠲᠠᠢ ᠪᠠᠶᠢᠬᠤ ︽ᠨᠠᠷᠢᠯᠢᠭ ᠤᠨᠤᠪᠴᠢᠳᠠᠢ ᠰᠠᠨᠠᠯ ᠵᠦᠪᠯᠡᠯᠭᠡ︾ | ᠲᠤᠭᠤᠷᠪᠢᠨ ᠪᠢᠴᠢᠬᠦ ᠶᠢ ᠵᠣᠷᠢᠭᠵᠢᠭᠤᠯᠪᠠ᠃ ᠭᠤᠣᠯᠳᠠᠯᠭ᠎ᠠ ᠲᠠᠢ ᠰᠠᠨᠠᠯ ᠵᠥᠪᠯᠡᠯᠭᠡ ᠶᠢ ᠭᠠᠷᠭᠠᠬᠤ ᠲᠣᠭᠲᠠᠴᠠ ᠶᠢ | ᠪᠠᠶᠢᠭᠤᠯᠤᠨ ᠲᠡᠭᠦᠯᠳᠡᠷᠵᠢᠭᠦᠯᠵᠦ᠂ ︽ᠡᠲᠡᠭᠡᠳ ᠤᠨ ᠢᠯᠭᠠᠯ ᠤᠨ ᠳᠤᠭᠤᠶᠢᠯᠠᠩ ᠤᠨ ᠪᠠᠶᠢᠴᠠᠭᠠᠨ ᠰᠤᠳᠤᠯᠤᠯᠲᠠ + | ᠭᠤᠣᠯᠳᠠᠯᠭ᠎ᠠ ᠲᠠᠢ ᠰᠠᠨᠠᠯ ᠵᠥᠪᠯᠡᠯᠭᠡ + ᠤᠯᠤᠰ ᠲᠦᠷᠦ ᠶᠢᠨ ᠵᠥᠪᠯᠡᠯᠭᠡᠨ ᠤ ᠲᠠᠪᠴᠠᠩ︾ ᠤᠨ ᠲᠤᠰᠢᠶᠠᠯ | ᠬᠠᠷᠢᠭᠤᠴᠠᠯᠭ᠎ᠠ ᠪᠠᠨ ᠭᠦᠢᠴᠡᠳᠬᠡᠬᠦ ᠰᠢᠨ᠎ᠡ ᠠᠷᠭ᠎ᠠ ᠵᠠᠮ ᠢ ᠥᠷᠭᠡᠳᠬᠡᠵᠦ᠂ ᠡᠯ᠎ᠡ ᠡᠲᠡᠭᠡᠳ ᠤᠨ ᠢᠯᠭᠠᠯ ᠤᠨ | ᠳᠤᠭᠤᠶᠢᠯᠠᠩ ᠤᠨ ᠳᠡᠪᠰᠢᠭᠦᠯᠦᠭᠰᠡᠨ ᠬᠠᠮᠲᠤ ᠶᠢᠨ ᠰᠠᠨᠠᠯ ᠵᠥᠪᠯᠡᠯᠭᠡ 12 ᠬᠤᠪᠢ ᠪᠠᠶᠢᠵᠤ᠂ 4 ᠬᠤᠪᠢ ᠶᠢ ᠨᠢ ᠣᠨ ᠤ | ᠭᠤᠣᠯᠳᠠᠯᠭ᠎ᠠ ᠲᠠᠢ ᠰᠠᠨᠠᠯ ᠵᠥᠪᠯᠡᠯᠭᠡ ᠪᠠᠷ ᠲᠣᠭᠲᠠᠭᠠᠪᠠ᠃ ᠰᠠᠨᠠᠯ ᠵᠥᠪᠯᠡᠯᠭᠡ ᠶᠢ ᠬᠡᠷᠡᠭ ᠪᠣᠯᠭᠠᠨ ᠳᠠᠩᠰᠠᠯᠠᠬᠤ ᠨᠤᠷᠮ᠎ᠠ ᠶᠢ | ᠴᠢᠩᠭ᠎ᠠ ᠬᠢᠵᠠᠭᠠᠷᠯᠠᠵᠤ᠂ ᠪᠥᠬᠦᠳᠡ ᠬᠤᠷᠠᠯ ᠤᠨ ᠰᠠᠨᠠᠯ ᠵᠥᠪᠯᠡᠯᠭᠡ ᠶᠢ ᠴᠤᠭᠯᠠᠭᠤᠯᠬᠤ ᠪᠣᠭᠤᠮᠲᠠ ᠪᠠ ᠬᠢᠨᠠᠨ ᠪᠠᠶᠢᠴᠠᠭᠠᠬᠤ | ᠠᠵᠢᠯ ᠢ ᠤᠯᠠᠮ ᠴᠢᠩᠭᠠᠳᠬᠠᠵᠤ᠂ ᠬᠠᠮᠲᠤ ᠪᠠᠷ ᠬᠠᠮᠲᠤᠷᠠᠨ ᠬᠢᠨᠠᠵᠤ᠂ ᠬᠠᠮᠲᠤ ᠪᠠᠷ ᠠᠳᠬᠤᠬᠤ ᠶᠢ ᠬᠡᠷᠡᠭᠵᠢᠭᠦᠯᠵᠦ᠂ ᠰᠠᠨᠠᠯ | ᠵᠥᠪᠯᠡᠯᠭᠡ ᠶᠢᠨ ᠪᠦᠬᠦᠯᠢ ᠴᠣᠭᠴᠠ ᠶᠢᠨ ᠴᠢᠨᠠᠷ ᠴᠢᠨᠰᠠᠭ᠎ᠠ ᠶᠢ ᠵᠢᠯ ᠳᠠᠷᠠᠭᠠᠯᠠᠨ ᠳᠡᠭᠡᠭᠰᠢᠯᠡᠭᠦᠯᠪᠡ᠃ | ︵ᠭᠤᠷᠪᠠ︶ ᠵᠥᠪᠯᠡᠬᠦ ᠣᠶᠢᠯᠠᠭᠠᠭᠳᠠᠬᠤᠨ ᠢᠶᠠᠨ ᠭᠦᠨᠵᠡᠭᠡᠶᠢᠷᠡᠭᠦᠯᠵᠦ᠂ ᠰᠠᠨᠠᠯ ᠵᠥᠪᠯᠡᠯᠭᠡ ᠶᠢᠨ ᠪᠣᠳᠠᠲᠤ ᠦᠷ᠎ᠡ | ᠪᠦᠲᠦᠮᠵᠢ ᠶᠢ ᠰᠢᠨ᠎ᠡ ᠪᠠᠷ ᠳᠡᠭᠡᠭᠰᠢᠯᠡᠭᠦᠯᠪᠡ᠃ ᠵᠥᠪᠯᠡᠬᠦ ᠣᠶᠢᠯᠠᠭᠠᠭᠳᠠᠬᠤᠨ ᠢ ᠰᠠᠨᠠᠯ ᠵᠦᠪᠯᠡᠯᠭᠡ ᠶᠢᠨ ᠠᠵᠢᠯ ᠤᠨ ᠪᠦᠬᠦ | ᠶᠠᠪᠤᠴᠠ ᠳᠤ ᠲᠤᠤᠱᠯᠠᠭᠤᠯᠬᠤ ᠶᠢ ᠪᠠᠷᠢᠮᠲᠠᠯᠠᠵᠤ᠂ ᠰᠠᠨᠠᠯ ᠵᠦᠪᠯᠡᠯᠭᠡ ᠶᠢ ᠨᠢᠭᠡ ᠶᠢ ᠰᠢᠢᠳᠪᠦᠷᠢᠯᠡᠪᠡᠯ᠂ ᠵᠥᠪᠳᠡᠯᠴᠡᠭᠡ ᠶᠢ | ᠨᠢᠭᠡ ᠠᠯᠬᠤᠮ ᠭᠦᠨᠵᠡᠭᠡᠶᠢᠷᠡᠭᠦᠯᠵᠦ᠂ ᠬᠠᠮᠲᠤ ᠶᠢᠨ ᠲᠠᠨᠢᠯᠲᠠ ᠶᠢ ᠨᠢᠭᠡ ᠬᠤᠪᠢ ᠨᠡᠮᠡᠭᠳᠡᠭᠦᠯᠬᠦ ᠶᠢ ᠪᠡᠶᠡᠯᠡᠭᠦᠯᠪᠡ᠃ ᠰᠡᠳᠦᠪ | ᠰᠣᠩᠭᠤᠬᠤ ᠵᠥᠪᠯᠡᠯᠭᠡ ᠶᠢ ᠴᠢᠩᠭᠠᠳᠬᠠᠵᠤ᠂ ᠪᠦᠬᠦ ᠵᠢᠯ ᠳᠤ ᠰᠠᠨᠠᠯ ᠵᠥᠪᠯᠡᠯᠭᠡ ᠶᠢᠨ ᠰᠡᠳᠦᠪ ᠰᠣᠩᠭᠤᠬᠤ ᠰᠦᠪᠡᠭᠴᠢ ᠶᠢ | 200 ᠭᠠᠷᠤᠢ ᠬᠤᠪᠢ ᠨᠠᠶᠢᠷᠠᠭᠤᠯᠤᠨ ᠲᠠᠷᠬᠠᠭᠠᠵᠤ᠂ ᠪᠠᠶᠢᠳᠠᠯ ᠢ ᠣᠶᠢᠯᠠᠭᠠᠵᠤ ᠵᠠᠰᠠᠭ ᠤᠨ ᠶᠠᠪᠤᠳᠠᠯ ᠢ ᠣᠶᠢᠯᠠᠭᠠᠬᠤ ᠮᠡᠳᠡᠭᠡ | ᠵᠠᠩᠭᠢ ᠶᠢ 54 ᠬᠤᠪᠢ ᠲᠠᠨᠢᠯᠴᠠᠭᠤᠯᠤᠨ ᠬᠦᠷᠭᠡᠵᠦ᠂ ᠰᠠᠨᠠᠯ ᠵᠥᠪᠯᠡᠯᠭᠡ ᠶᠢ ᠬᠥᠲᠥᠯᠥᠨ ᠵᠢᠯᠤᠭᠤᠳᠴᠤ ᠭᠤᠣᠯ ᠲᠦᠪ ᠶᠡᠭᠡ | ᠲᠠᠯ᠎ᠠ ᠳᠤ ᠠᠩᠬᠠᠷᠤᠯ ᠢᠶᠠᠨ ᠲᠥᠪᠯᠡᠷᠡᠭᠦᠯᠦᠨ᠂ ᠠᠷᠠᠳ ᠢᠷᠭᠡᠳ᠂ ᠠᠷᠠᠳ ᠤᠨ ᠠᠮᠢᠳᠤᠷᠠᠯ ᠳᠤ ᠠᠩᠬᠠᠷᠤᠯ ᠢᠶᠠᠨ | ᠬᠠᠨᠳᠤᠭᠤᠯᠪᠠ᠃ ᠬᠢᠨᠠᠨ ᠪᠠᠶᠢᠴᠠᠭᠠᠵᠤ ᠵᠥᠪᠳᠡᠯᠴᠡᠬᠦ ᠶᠢ ᠴᠢᠩᠭᠠᠳᠬᠠᠵᠤ᠂ ᠵᠦᠪᠯᠡᠯᠭᠡ ᠪᠦᠬᠦᠨ ᠢ ᠵᠠᠪᠠᠯ ᠬᠡᠷᠡᠭ ᠪᠤᠯᠭᠠᠨ | ᠳᠠᠩᠰᠠᠯᠠᠬᠤ ᠶᠢ ᠳᠡᠪᠴᠢᠨ᠂ ᠰᠠᠨᠠᠯ ᠵᠥᠪᠯᠡᠯᠭᠡ ᠶᠢ 30 ᠭᠠᠷᠤᠢ ᠤᠳᠠᠭ᠎ᠠ ᠵᠥᠪᠳᠡᠯᠴᠡᠨ ᠵᠠᠰᠠᠵᠤ᠂ ᠲᠤᠰᠢᠶᠠᠨ ᠥᠭᠴᠦ | ᠰᠢᠢᠳᠪᠦᠷᠢᠯᠡᠭᠦᠯᠬᠦ ᠵᠥᠪᠯᠡᠯᠭᠡ ᠶᠢ ᠴᠢᠩᠭᠠᠳᠬᠠᠵᠤ᠂ ᠰᠠᠨᠠᠯ ᠵᠥᠪᠯᠡᠯᠭᠡ ᠶᠢ ᠤᠷᠢᠳᠴᠢᠯᠠᠨ ᠲᠤᠰᠢᠶᠠᠨ ᠥᠭᠴᠦ | ᠰᠢᠢᠳᠪᠦᠷᠢᠯᠡᠭᠦᠯᠬᠦ ᠬᠤᠷᠠᠯ ᠢ ᠬᠤᠷᠠᠯᠳᠤᠭᠤᠯᠵᠤ᠂ ᠰᠠᠨᠠᠯ ᠵᠥᠪᠯᠡᠯᠭᠡ ᠶᠢ ᠳᠠᠭᠠᠭᠠᠨ ᠰᠢᠢᠳᠪᠦᠷᠢᠯᠡᠬᠦ ᠨᠢᠭᠡᠴᠡ ᠶᠢ ᠤᠷᠢᠵᠤ | ᠨᠢᠭᠤᠷᠳᠠᠨ ᠵᠥᠪᠳᠡᠯᠴᠡᠭᠦᠯᠵᠦ᠂ ᠳᠠᠭᠠᠭᠠᠨ ᠰᠢᠢᠳᠪᠦᠷᠢᠯᠡᠬᠦ ᠬᠠᠨᠳᠤᠯᠭ᠎ᠠ ᠶᠢ ᠲᠣᠭᠲᠠᠭᠠᠵᠤ᠂ ᠰᠢᠢᠳᠪᠦᠷᠢᠯᠡᠬᠦ ᠠᠵᠢᠯ ᠤᠨ | ᠬᠤᠪᠢᠶᠠᠷᠢᠯᠠᠯ ᠢ ᠲᠣᠳᠣᠷᠬᠠᠢ ᠪᠣᠯᠭᠠᠵᠤ᠂ ᠲᠤᠰᠢᠶᠠᠨ ᠰᠢᠢᠳᠪᠦᠷᠢᠯᠡᠭᠦᠯᠬᠦ ᠶᠢᠨ ᠨᠠᠷᠢᠯᠢᠭ ᠤᠨᠤᠪᠴᠢᠳᠠᠢ ᠪᠠᠶᠢᠬᠤ ᠬᠡᠮᠵᠢᠶ᠎ᠡ ᠶᠢ | ᠳᠡᠭᠡᠭᠰᠢᠯᠡᠭᠦᠯᠪᠡ᠃ ᠰᠢᠢᠳᠪᠦᠷᠢᠯᠡᠬᠦ ᠶᠢ ᠵᠥᠪᠯᠡᠬᠦ ᠶᠢ ᠴᠢᠩᠭᠠᠳᠬᠠᠵᠤ᠂ ︽ᠰᠠᠨᠠᠯ ᠵᠥᠪᠯᠡᠯᠭᠡ ᠶᠢ ᠰᠢᠢᠳᠪᠦᠷᠢᠯᠡᠬᠦ ᠠᠵᠢᠯ ᠤᠨ | ᠵᠦᠭᠯᠡᠭᠦᠷ︾ ᠢ ᠨᠠᠶᠢᠷᠠᠭᠤᠯᠤᠨ ᠲᠠᠷᠬᠠᠭᠠᠵᠤ᠂ ᠳᠤᠷᠠᠳᠤᠭᠰᠠᠨ ᠪᠠ ᠰᠢᠢᠳᠪᠦᠷᠢᠯᠡᠬᠦ ᠬᠤᠶᠠᠷ ᠲᠠᠯ᠎ᠠ ᠶᠢ ᠬᠥᠲᠥᠯᠥᠨ | ᠵᠢᠯᠤᠭᠤᠳᠴᠤ ᠰᠢᠢᠳᠪᠦᠷᠢᠯᠡᠬᠦ ᠠᠴᠠ ᠡᠮᠦᠨ᠎ᠡ᠂ ᠰᠢᠢᠳᠪᠦᠷᠢᠯᠡᠬᠦ ᠶᠠᠪᠤᠴᠠ ᠳᠤ᠂ ᠰᠢᠢᠳᠪᠦᠷᠢᠯᠡᠭᠰᠡᠨ ᠤ ᠲᠠᠷᠠᠭ᠎ᠠ ᠤᠯᠠᠨ | ᠬᠡᠯᠪᠡᠷᠢ ᠶᠢᠨ ᠵᠥᠪᠯᠡᠯᠭᠡ ᠥᠷᠨᠢᠭᠦᠯᠵᠦ᠂ ᠰᠠᠶᠢᠨ ᠨᠥᠬᠦᠴᠡᠯᠳᠦᠯ ᠢ ᠪᠤᠢ ᠪᠣᠯᠭᠠᠪᠠ᠃ | ︵ᠳᠥᠷᠪᠡ︶ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠶᠢ ᠲᠦᠯᠬᠢᠨ ᠠᠬᠢᠭᠤᠯᠵᠤ᠂ ᠰᠠᠨᠠᠯ ᠵᠥᠪᠯᠡᠯᠭᠡ ᠶᠢᠨ | ᠠᠵᠢᠯ ᠰᠢᠨ᠎ᠡ ᠰᠢᠪᠲᠤᠯᠤᠯᠲᠠ ᠲᠠᠢ ᠪᠣᠯᠪᠠ᠃ ︽ᠰᠠᠨᠠᠯ ᠵᠦᠪᠯᠡᠯᠭᠡ + ᠤᠯᠤᠰ ᠲᠥᠷᠥ ᠶᠢᠨ ᠵᠥᠪᠯᠡᠯᠭᠡᠨ ᠤ ᠭᠡᠰᠢᠭᠦᠨ ᠤ | ᠠᠵᠢᠯᠯᠠᠬᠤ ᠲᠠᠰᠤᠭ︾ ᠤᠨ ᠵᠠᠭᠪᠤᠷ ᠢ ᠰᠢᠨ᠎ᠡ ᠶᠢ ᠡᠭᠦᠳᠦᠨ ᠬᠡᠷᠡᠭᠵᠢᠭᠦᠯᠵᠦ᠂ ᠭᠡᠰᠢᠭᠦᠳ ᠠᠵᠢᠯᠯᠠᠬᠤ ᠲᠠᠰᠤᠭ ᠲᠤ | ᠣᠴᠢᠵᠤ᠂ ᠰᠠᠨᠠᠯ ᠵᠥᠪᠯᠡᠯᠭᠡ ᠶᠢᠨ ᠰᠦᠪᠡᠭᠴᠢ ᠶᠢ ᠴᠤᠭᠯᠠᠭᠤᠯᠬᠤ ᠠᠵᠢᠯ ᠢ ᠦᠨᠳᠦᠰᠦᠨ ᠱᠠᠲᠤᠨ ᠤ ᠨᠢᠭᠡᠳᠦᠭᠡᠷ | ᠹᠷᠣᠨᠲ ᠲᠤ ᠬᠦᠷᠲᠡᠯ᠎ᠡ ᠦᠷᠭᠦᠯᠵᠢᠯᠡᠭᠦᠯᠵᠦ᠂ ᠪᠦᠬᠦ ᠵᠢᠯ ᠳᠤ 30 ᠭᠠᠷᠤᠢ ᠵᠤᠷᠪᠤᠰ ᠰᠠᠨᠠᠯ ᠵᠥᠪᠯᠡᠯᠭᠡ ᠶᠢᠨ ᠰᠦᠪᠡᠭᠴᠢ ᠶᠢ | ᠴᠤᠭᠯᠠᠭᠤᠯᠵᠤ᠂ 13 ᠬᠤᠪᠢ ᠴᠢᠨᠠᠷ ᠰᠠᠶᠢᠲᠠᠢ ᠰᠠᠨᠠᠯ ᠵᠥᠪᠯᠡᠯᠭᠡ᠂ 5 ᠬᠤᠪᠢ ᠵᠢᠵᠢᠭ ᠪᠢᠴᠢᠯ ᠰᠠᠨᠠᠯ ᠵᠥᠪᠯᠡᠯᠭᠡ ᠶᠢ ᠪᠤᠢ | ᠪᠣᠯᠭᠠᠵᠤ᠂ ᠰᠠᠨᠠᠯ ᠵᠥᠪᠯᠡᠯᠭᠡ ᠶᠢ ᠰᠢᠢᠳᠪᠦᠷᠢᠯᠡᠬᠦ ᠵᠥᠪᠯᠡᠯᠭᠡ ᠶᠢ ᠪᠢᠴᠢᠯ ᠵᠥᠪᠯᠡᠯᠭᠡ᠂ ᠪᠢᠴᠢᠯ ᠬᠢᠨᠠᠯᠲᠠ᠂ ᠪᠢᠴᠢᠯ | ᠦᠢᠯᠡᠴᠢᠯᠡᠭᠡ᠂ ᠪᠢᠴᠢᠯ ᠰᠠᠨᠠᠭᠤᠯᠭ᠎ᠠ ᠶᠢ ᠥᠷᠨᠢᠭᠦᠯᠬᠦ ᠲᠠᠢ ᠨᠢᠭᠡ ᠴᠣᠭᠴᠠᠵᠢᠭᠤᠯᠤᠨ ᠲᠥᠯᠥᠪᠵᠢᠭᠦᠯᠵᠦ᠂ ᠰᠠᠨᠠᠯ | ᠵᠥᠪᠯᠡᠯᠭᠡ ᠶᠢ ᠰᠢᠢᠳᠪᠦᠷᠢᠯᠡᠬᠦ ᠵᠥᠪᠯᠡᠯᠭᠡ ᠶᠢ ᠦᠨᠳᠦᠰᠦᠨ ᠱᠠᠲᠤᠨ ᠤ ᠵᠥᠪᠯᠡᠯᠭᠡ ᠲᠠᠢ ᠵᠣᠯᠭᠠᠭᠤᠯᠬᠤ ᠶᠢ ᠲᠦᠯᠬᠢᠨ | ᠠᠬᠢᠭᠤᠯᠪᠠ᠃ ᠬᠤᠩᠭᠤ ᠨᠡᠶᠢᠭᠡᠮ ᠲᠣᠭᠤᠷᠢᠭ ᠤᠨ ᠬᠠᠷᠢᠶᠠᠨ ᠳᠠᠬᠢ ᠬᠤᠶᠠᠷ ᠰᠠᠭᠤᠭᠠᠯᠢ ᠲᠣᠭᠤᠷᠢᠭ ᠤᠨ ᠬᠡᠦᠬᠡᠳ ᠤᠨ | ᠵᠤᠭ᠎ᠠ ᠴᠡᠩᠭᠡᠯ ᠤᠨ ᠭᠠᠵᠠᠷ ᠤᠨ ᠪᠦᠲᠦᠭᠡᠨ ᠪᠠᠶᠢᠭᠤᠯᠤᠯᠲᠠ᠂ ᠨᠢᠭᠡ ᠬᠠᠭᠤᠴᠢᠨ ᠰᠠᠭᠤᠭᠠᠯᠢ ᠲᠣᠭᠤᠷᠢᠭ ᠤᠨ ᠭᠡᠷ ᠤᠨ | ᠭᠠᠳᠠᠨᠠᠬᠢ ᠪᠡᠶ᠎ᠡ ᠴᠢᠭᠢᠷᠠᠭᠵᠢᠭᠤᠯᠬᠤ ᠪᠠᠭᠠᠵᠢ ᠬᠡᠷᠡᠭᠰᠡᠯ ᠢ ᠰᠡᠯᠪᠢᠨ ᠵᠠᠰᠠᠬᠤ ᠪᠠ ᠣᠨᠴᠠ ᠵᠠᠷᠢᠮ ᠵᠠᠮ ᠬᠠᠷᠢᠯᠴᠠᠭᠠᠨ ᠤ | ᠳᠤᠬᠢᠶᠠᠨ ᠳ᠋ᠧᠩ ᠢ ᠰᠢᠯᠢᠳᠡᠭᠵᠢᠭᠦᠯᠬᠦ ᠵᠡᠷᠭᠡ ᠤᠯᠠᠨ ᠲᠦᠮᠡᠨ ᠤ ᠪᠠᠴᠢᠮ ᠲᠤᠯᠭᠠᠮ᠎ᠠ ᠰᠠᠨᠠᠭᠠᠰᠢᠷᠠᠵᠤ ᠪᠠᠶᠢᠭ᠎ᠠ ᠠᠰᠠᠭᠤᠳᠠᠯ ᠢ | ᠰᠢᠢᠳᠪᠦᠷᠢᠯᠡᠬᠦ ᠶᠢ ᠠᠬᠢᠭᠤᠯᠵᠤ᠂ ᠬᠤᠯᠪᠣᠭᠳᠠᠯ ᠪᠦᠬᠦᠢ ᠲᠤᠷᠰᠢᠯᠭ᠎ᠠ ᠠᠷᠭ᠎ᠠ ᠬᠢᠳᠡᠯ ᠨᠢ ᠤᠯᠠᠭᠠᠨᠬᠠᠳᠠ ᠬᠤᠳᠠ ᠶᠢᠨ ᠤᠯᠤᠰ | ᠲᠦᠷᠦ ᠶᠢᠨ ᠵᠥᠪᠯᠡᠯᠭᠡᠨ ᠤ ᠤᠳᠤᠷᠢᠳᠤᠯᠭ᠎ᠠ ᠶᠢᠨ ᠳᠡᠭᠡᠳᠦ ᠬᠡᠮᠵᠢᠶᠡᠨ ᠤ ᠨᠤᠲᠠᠯᠠᠯᠲᠠ ᠶᠢ ᠣᠯᠣᠭᠰᠠᠨ ᠪᠥᠭᠡᠳ ︽ᠴᠢᠩ | ᠦᠨᠡᠨᠴᠢ ᠪᠠᠷ ᠵᠥᠪᠳᠡᠯᠴᠡᠬᠦ︾ ᠰᠣᠩᠭᠤᠳᠠᠭ ᠬᠡᠷᠡᠭ ᠤᠨ ᠵᠢᠱᠢᠶ᠎ᠡ ᠪᠣᠯᠵᠠᠢ᠃ | ᠭᠡᠰᠢᠭᠦᠳ ᠠ᠋᠂ ᠨᠥᠬᠦᠳ ᠠ᠋᠂ ᠰᠠᠨᠠᠯ ᠵᠦᠪᠯᠡᠯᠭᠡ ᠶᠢᠨ ᠠᠵᠢᠯ ᠤᠨ ᠣᠯᠣᠭᠰᠠᠨ ᠠᠮᠵᠢᠯᠲᠠ ᠪᠦᠲᠦᠮᠵᠢ ᠨᠢ | ᠬᠤᠰᠢᠭᠤᠨ ᠤ ᠨᠠᠮ ᠤᠨ ᠬᠤᠷᠢᠶᠠᠨ ᠤ ᠪᠠᠲᠤ ᠴᠢᠩᠭ᠎ᠠ ᠤᠳᠤᠷᠢᠳᠤᠯᠭ᠎ᠠ ᠪᠠ ᠬᠤᠰᠢᠭᠤᠨ ᠤ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ᠂ ᠵᠠᠰᠠᠭ ᠤᠨ ᠣᠷᠳᠣᠨ ᠤ ᠬᠦᠴᠦᠲᠡᠢ ᠳᠡᠮᠵᠢᠯᠭᠡ ᠠᠴᠠ ᠪᠣᠯᠤᠭᠰᠠᠨ ᠶᠤᠮ᠂ ᠡᠯ᠎ᠡ | ᠳᠠᠭᠠᠭᠠᠨ ᠠᠪᠴᠤ ᠰᠢᠢᠳᠪᠦᠷᠢᠯᠡᠬᠦ ᠨᠢᠭᠡᠴᠡ ᠶᠢᠨ ᠰᠢᠷᠭᠠᠭᠤ ᠴᠢᠷᠮᠠᠶᠢᠯᠭ᠎ᠠ ᠠᠴᠠ ᠪᠣᠯᠤᠭᠰᠠᠨ ᠶᠤᠮ᠂ ᠰᠠᠨᠠᠯ ᠵᠦᠪᠯᠡᠯᠭᠡ | ᠳᠤᠷᠠᠳᠤᠭᠰᠠᠳ ᠤᠨ ᠬᠠᠮᠲᠤ ᠶᠢᠨ ᠴᠢᠷᠮᠠᠶᠢᠯᠭ᠎ᠠ ᠠᠴᠠ ᠪᠣᠯᠤᠭᠰᠠᠨ ᠶᠤᠮ᠂ ᠨᠡᠶᠢᠭᠡᠮ ᠤᠨ ᠡᠯ᠎ᠡ ᠡᠲᠡᠭᠡᠳ ᠤᠨ ᠬᠢᠨ ᠤ ᠴᠢᠩ | ᠰᠡᠳᠬᠢᠯ ᠤᠨ ᠠᠩᠬᠠᠷᠤᠯ ᠠᠴᠠ ᠪᠣᠯᠤᠭᠰᠠᠨ ᠶᠤᠮ᠃ ᠠᠳᠡ᠂ ᠪᠢ ᠤᠯᠤᠰ ᠲᠦᠷᠦ ᠶᠢᠨ ᠵᠥᠪᠯᠡᠯᠭᠡᠨ ᠤ ᠬᠡᠰᠢᠭᠲᠡᠨ | ᠬᠤᠰᠢᠭᠤᠨ ᠤ ᠠᠷᠪᠠᠨ ᠨᠢᠭᠡᠳᠦᠭᠡᠷ ᠬᠤᠭᠤᠴᠠᠭᠠᠨ ᠤ ᠪᠠᠶᠢᠩᠭᠤ ᠶᠢᠨ ᠬᠤᠷᠢᠶ᠎ᠠ ᠶᠢ ᠲᠥᠯᠥᠭᠡᠯᠡᠵᠦ᠂ ᠬᠤᠰᠢᠭᠤᠨ ᠤ ᠨᠠᠮ ᠤᠨ | ᠬᠤᠷᠢᠶ᠎ᠠ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ᠂ ᠵᠠᠰᠠᠭ ᠤᠨ ᠣᠷᠳᠣᠨ ᠵᠢᠴᠢ ᠤᠯᠤᠰ ᠲᠦᠷᠦ ᠶᠢᠨ | ᠵᠥᠪᠯᠡᠯᠭᠡᠨ ᠤ ᠰᠠᠨᠠᠯ ᠵᠦᠪᠯᠡᠯᠭᠡ ᠶᠢᠨ ᠠᠵᠢᠯ ᠢ ᠬᠠᠯᠠᠮᠵᠢᠯᠠᠨ ᠳᠡᠮᠵᠢᠭᠰᠡᠨ ᠪᠤᠢ ᠪᠦᠬᠦᠢ ᠨᠢᠭᠡᠴᠡ ᠪᠠ ᠨᠥᠬᠦᠳ ᠲᠤ ᠡᠷᠬᠢᠮ | ᠳᠡᠭᠡᠳᠦ ᠬᠦᠨᠳᠦᠳᠬᠡᠯ ᠪᠠ ᠴᠢᠩ ᠰᠡᠳᠬᠢᠯ ᠤᠨ ᠲᠠᠯᠠᠷᠬᠠᠯ ᠢᠶᠠᠨ ᠳᠡᠪᠰᠢᠭᠦᠯᠦᠶ᠎ᠡ︕ | ᠡᠭᠦᠨ ᠤ ᠬᠠᠮᠲᠤ᠂ ᠰᠠᠨᠠᠯ ᠵᠦᠪᠯᠡᠯᠭᠡ ᠶᠢᠨ ᠠᠵᠢᠯ ᠳᠤ ᠪᠠᠰᠠ ᠡᠳᠦᠢ ᠲᠡᠳᠦᠢ ᠠᠰᠠᠭᠤᠳᠠᠯ ᠪᠠ ᠬᠦᠷᠦᠯᠴᠡᠬᠦ ᠦᠭᠡᠢ | ᠲᠠᠯ᠎ᠠ ᠣᠷᠣᠰᠢᠵᠤ ᠪᠠᠶᠢᠬᠤ ᠶᠢ ᠪᠢᠳᠡ ᠰᠡᠷᠭᠡᠭ ᠢᠶᠠᠷ ᠲᠠᠨᠢᠵᠤ ᠣᠯᠪᠠ᠄ ᠮᠠᠨ ᠤ ᠬᠤᠰᠢᠭᠤᠨ ᠤ ᠠᠯᠤᠰ ᠬᠡᠲᠤ ᠶᠢᠨ | ᠬᠥᠭᠵᠢᠯᠲᠡ ᠶᠢ ᠪᠣᠳᠣᠯᠬᠢᠯᠠᠨ ᠲᠥᠰᠥᠪᠯᠡᠭᠰᠡᠨ ᠠᠯᠤᠰ ᠬᠡᠳᠦ ᠶᠢᠨ ᠴᠢᠨᠠᠷᠲᠠᠢ᠂ ᠪᠠᠶᠢᠯᠳᠤᠬᠤ ᠪᠣᠳᠣᠯᠭ᠎ᠠ ᠶᠢᠨ ᠴᠢᠨᠠᠷᠲᠠᠢ | ᠰᠠᠨᠠᠯ ᠵᠦᠪᠯᠡᠯᠭᠡ ᠪᠠᠰᠠ ᠣᠯᠠᠨ ᠪᠢᠰᠢ︔ ᠵᠠᠷᠢᠮ ᠰᠠᠨᠠᠯ ᠵᠥᠪᠯᠡᠯᠭᠡ ᠶᠢᠨ ᠪᠠᠶᠢᠴᠠᠭᠠᠨ ᠰᠤᠳᠤᠯᠤᠯᠲᠠ ᠶᠢ | ᠭᠦᠨᠵᠡᠭᠡᠶᠢᠷᠡᠭᠦᠯᠦᠭᠰᠡᠨ ᠢᠶᠠᠷ ᠬᠦᠷᠦᠯᠴᠡᠬᠦ ᠦᠭᠡᠢ᠂ ᠰᠠᠨᠠᠭᠤᠯᠭ᠎ᠠ ᠶᠢ ᠨᠠᠷᠢᠯᠢᠭ ᠣᠨᠣᠪᠴᠢᠳᠠᠢ ᠪᠠᠷ ᠳᠤᠷᠠᠳᠤᠭᠰᠠᠨ ᠦᠭᠡᠢ | ᠠᠰᠠᠭᠤᠳᠠᠯ ᠮᠥᠨ ᠯᠡ ᠣᠷᠣᠰᠢᠭᠰᠠᠭᠠᠷ ᠪᠠᠶᠢᠨ᠎ᠠ︔ ᠰᠠᠨᠠᠯ ᠵᠥᠪᠯᠡᠯᠭᠡ ᠶᠢ ᠰᠢᠢᠳᠪᠦᠷᠢᠯᠡᠬᠦ ᠳᠤ ︽ᠬᠠᠷᠢᠭᠤᠯᠲᠠ ᠥᠭᠬᠦ ᠶᠢ | ᠴᠢᠬᠤᠯᠠᠴᠢᠯᠠᠵᠤ᠂ ᠨᠠᠶᠢᠳᠠᠪᠤᠷᠢᠵᠢᠭᠤᠯᠬᠤ ᠶᠢ ᠬᠥᠩᠭᠡᠪᠴᠢᠯᠡᠬᠦ︾ ᠦᠵᠡᠭᠳᠡᠯ ᠢ ᠮᠥᠨ ᠯᠡ ᠰᠠᠶᠢᠵᠢᠷᠠᠭᠤᠯᠬᠤ ᠴᠢᠬᠤᠯᠠᠲᠠᠢ | ᠪᠠᠶᠢᠨ᠎ᠠ︔ ᠰᠠᠨᠠᠯ ᠵᠥᠪᠯᠡᠯᠭᠡ ᠶᠢ ᠱᠠᠭᠠᠷᠳᠠᠨ ᠰᠢᠢᠳᠪᠦᠷᠢᠯᠡᠭᠦᠯᠵᠦ ᠨᠠᠶᠢᠳᠠᠪᠤᠷᠢᠵᠢᠭᠤᠯᠬᠤ ᠠᠷᠭ᠎ᠠ ᠮᠠᠶ᠋ᠢᠭ ᠨᠢ ᠪᠠᠰᠠ | ᠨᠡᠯᠢᠶᠡᠳ ᠲᠠᠩ ᠴᠤᠯᠭᠤᠢ ᠪᠠᠶᠢᠬᠤ ᠵᠡᠷᠭᠡ ᠪᠣᠯᠣᠨ᠎ᠠ᠂ ᠡᠳᠡᠭᠡᠷ ᠢ ᠴᠥᠮ ᠬᠤᠶᠢᠰᠢᠳᠠ ᠶᠢᠨ ᠠᠵᠢᠯ ᠤᠨ ᠳᠤᠮᠳᠠ ᠪᠠᠨ | ᠬᠢᠨᠠᠮᠠᠭᠠᠢ ᠰᠤᠳᠤᠯᠤᠨ ᠰᠢᠢᠳᠪᠦᠷᠢᠯᠡᠬᠦ ᠴᠢᠬᠤᠯᠠᠲᠠᠢ ᠪᠠᠶᠢᠨ᠎ᠠ᠃ | ᠭᠤᠷᠪᠠ᠂ 2024 ᠣᠨ ᠤ ᠠᠵᠢᠯ ᠤᠨ ᠰᠠᠨᠠᠭᠤᠯᠭ᠎ᠠ | ᠨᠠᠮ ᠤᠨ ᠬᠤᠷᠢᠳᠤᠭᠠᠷ ᠶᠡᠭᠡ ᠬᠤᠷᠠᠯ ᠠᠴᠠ ᠨᠠᠮ ᠪᠠ ᠤᠯᠤᠰ ᠣᠷᠣᠨ ᠤ ᠠᠵᠢᠯ ᠦᠢᠯᠡᠰ ᠤᠨ ᠬᠥᠭᠵᠢᠯᠲᠡ ᠳᠤ | ᠤᠷᠤᠭᠰᠢᠯᠠᠯᠲᠠ ᠶᠢᠨ ᠴᠢᠭᠯᠡᠯ ᠢ ᠲᠣᠳᠣᠷᠬᠠᠢ ᠵᠢᠭᠠᠨ ᠥᠭᠴᠦ᠂ ᠠᠷᠠᠳ ᠤᠨ ᠤᠯᠤᠰ ᠲᠦᠷᠦ ᠶᠢᠨ ᠵᠥᠪᠯᠡᠯᠭᠡᠨ ᠤ ᠠᠵᠢᠯ ᠢ | ᠰᠠᠶᠢᠲᠤᠷ ᠬᠢᠬᠦ ᠳᠤ ᠨᠡᠩ ᠥᠨᠳᠥᠷ ᠰᠢᠨ᠎ᠡ ᠱᠠᠭᠠᠷᠳᠠᠯᠭ᠎ᠠ ᠳᠤᠷᠠᠳᠤᠭᠰᠠᠨ ᠪᠠᠶᠢᠨ᠎ᠠ᠃ ᠬᠤᠰᠢᠭᠤᠨ ᠤ ᠨᠠᠮ ᠤᠨ ᠬᠤᠷᠢᠶᠠᠨ ᠤ | ᠠᠷᠪᠠᠨ ᠵᠢᠷᠭᠤᠳᠤᠭᠠᠷ ᠬᠤᠭᠤᠴᠠᠭᠠᠨ ᠤ ᠠᠷᠪᠠᠨ ᠨᠢᠭᠡᠳᠦᠭᠡᠷ ᠤᠳᠠᠭ᠎ᠠ ᠶᠢᠨ ᠪᠥᠬᠦᠳᠡ ᠬᠤᠷᠠᠯ ᠠᠴᠠ ᠨᠠᠮ ᠤᠨ ᠬᠤᠷᠢᠳᠤᠭᠠᠷ | ᠶᠡᠭᠡ ᠬᠤᠷᠠᠯ ᠤᠨ ᠵᠣᠷᠢᠭ ᠰᠠᠨᠠᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠳᠤᠮᠳᠠᠳᠤ ᠤᠯᠤᠰ ᠤᠨ ᠮᠠᠶ᠋ᠢᠭ ᠤᠨ | ᠣᠳᠣᠬᠢᠴᠢᠯᠠᠭᠰᠠᠨ ᠬᠡᠰᠢᠭᠲᠡᠨ ᠢ ᠴᠢᠷᠮᠠᠶᠢᠨ ᠪᠢᠴᠢᠭᠯᠡᠬᠦ ᠲᠤᠬᠠᠢ ᠪᠦᠭᠦ ᠲᠠᠯ᠎ᠠ ᠶᠢᠨ ᠪᠠᠶᠢᠷᠢᠯᠠᠭᠤᠯᠤᠯᠲᠠ ᠬᠢᠵᠡᠢ᠃ ᠰᠢᠨ᠎ᠡ | ᠨᠢᠭᠡ ᠵᠢᠯ ᠤᠨ ᠤᠯᠤᠰ ᠲᠦᠷᠦ ᠶᠢᠨ ᠵᠥᠪᠯᠡᠯᠭᠡᠨ ᠤ ᠰᠠᠨᠠᠯ ᠵᠦᠪᠯᠡᠯᠭᠡ ᠶᠢᠨ ᠠᠵᠢᠯ ᠨᠢ ᠰᠢᠨ᠎ᠡ ᠪᠠᠶᠢᠳᠠᠯ᠂ ᠰᠢᠨ᠎ᠡ ᠡᠭᠦᠷᠭᠡ᠂ | ᠰᠢᠨ᠎ᠡ ᠱᠠᠭᠠᠷᠳᠠᠯᠭ᠎ᠠ ᠳᠤ ᠰᠠᠨᠠᠭᠠᠴᠢᠯᠠᠭ᠎ᠠ ᠠᠴᠠ ᠪᠠᠨ ᠵᠣᠬᠢᠴᠠᠵᠤ᠂ ᠬᠠᠷᠢᠭᠤᠴᠠᠯᠭ᠎ᠠ ᠡᠭᠦᠷᠭᠡᠯᠡᠯ ᠢᠶᠠᠨ ᠴᠢᠩᠭᠠᠳᠬᠠᠨ᠂ ᠲᠥᠪ | ᠭᠤᠣᠯᠴᠢ ᠪᠠᠷ ᠰᠢᠨ᠎ᠡ ᠶᠢ ᠡᠭᠦᠳᠬᠦ ᠶᠢ ᠪᠠᠷᠢᠮᠲᠠᠯᠠᠵᠤ᠂ ᠪᠦᠬᠦ ᠲᠠᠯ᠎ᠠ ᠪᠠᠷ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ | ᠨᠡᠮᠡᠭᠳᠡᠭᠦᠯᠵᠦ᠂ ᠰᠠᠨᠠᠯ ᠵᠦᠪᠯᠡᠯᠭᠡ ᠶᠢᠨ ᠠᠵᠢᠯ ᠤᠨ ᠰᠢᠨ᠎ᠡ ᠪᠠᠶᠢᠳᠠᠯ ᠢ ᠲᠠᠰᠤᠷᠠᠯᠲᠠ ᠦᠭᠡᠢ ᠡᠭᠦᠳᠬᠦ ᠬᠡᠷᠡᠭᠲᠡᠢ᠃ | ︵ᠨᠢᠭᠡ︶ ᠭᠤᠣᠯᠳᠠᠯᠭ᠎ᠠ ᠲᠠᠢ ᠨᠢᠭᠲᠠ ᠤᠶᠠᠯᠳᠤᠭᠤᠯᠤᠭᠰᠠᠨ ᠰᠠᠨᠠᠯ ᠵᠥᠪᠯᠡᠯᠭᠡ ᠶᠢᠨ ᠠᠵᠢᠯ ᠤᠨ ᠡᠭᠦᠷᠭᠡ | ᠬᠠᠷᠢᠭᠤᠴᠠᠯᠭ᠎ᠠ ᠶᠢ ᠪᠠᠲᠤ ᠴᠡᠭᠡᠵᠢᠯᠡᠨ᠎ᠡ᠃ ᠨᠠᠮ ᠤᠨ ᠰᠠᠨᠠᠯ ᠵᠦᠪᠯᠡᠯᠭᠡ ᠶᠢᠨ ᠠᠵᠢᠯ ᠢ ᠤᠳᠤᠷᠢᠳᠬᠤ ᠦᠨᠳᠦᠰᠦᠨ ᠵᠠᠷᠴᠢᠮ ᠢ | ᠬᠢᠴᠢᠶᠡᠩᠭᠦᠶᠢᠯᠡᠨ ᠰᠠᠬᠢᠵᠤ᠂ ᠬᠡᠬᠦᠳᠡᠭ ᠴᠡᠭᠡᠵᠢᠨ ᠳᠡᠭᠡᠨ ︽ᠬᠤᠶᠠᠷ ᠶᠡᠭᠡ ᠲᠠᠯ᠎ᠠ︾ ᠶᠢ ᠪᠠᠭᠲᠠᠭᠠᠵᠤ᠂ ︽ᠤᠯᠤᠰ ᠤᠨ | ᠶᠡᠭᠡ ᠶᠠᠪᠤᠳᠠᠯ︾ ᠢ ᠰᠡᠳᠬᠢᠯ ᠳᠤ ᠪᠠᠨ ᠬᠠᠳᠠᠩᠰᠢᠭᠤᠯᠤᠨ᠂ ᠨᠠᠮ ᠵᠠᠰᠠᠭ ᠤᠨ ᠠᠵᠢᠯ ᠢ ᠬᠠᠮᠢᠭ᠎ᠠ ᠬᠦᠷᠲᠡᠯ᠎ᠡ ᠠᠬᠢᠭᠤᠯᠪᠠᠯ | ᠰᠠᠨᠠᠯ ᠵᠦᠪᠯᠡᠯᠭᠡ ᠶᠢᠨ ᠠᠵᠢᠯ ᠲᠡᠨᠳᠡ ᠬᠦᠷᠲᠡᠯ᠎ᠡ ᠳᠠᠭᠠᠵᠤ᠂ ᠰᠢᠨ᠎ᠡ ᠴᠠᠭ ᠦᠶ᠎ᠡ ᠶᠢᠨ ᠤᠯᠤᠰ ᠲᠦᠷᠦ ᠶᠢᠨ ᠵᠥᠪᠯᠡᠯᠭᠡᠨ ᠤ | ᠦᠢᠯᠡᠰ ᠤᠨ ᠲᠠᠰᠤᠷᠠᠯᠲᠠ ᠦᠭᠡᠢ ᠬᠥᠭᠵᠢᠬᠦ ᠶᠢ ᠠᠬᠢᠭᠤᠯᠬᠤ ᠥᠨᠳᠥᠷᠴᠡ ᠠᠴᠠ ᠰᠠᠨᠠᠯ ᠵᠦᠪᠯᠡᠯᠭᠡ ᠶᠢᠨ ᠠᠵᠢᠯ ᠤᠨ | ᠬᠠᠷᠢᠭᠤᠴᠠᠯᠭᠠᠲᠤ ᠰᠡᠳᠬᠢᠯᠭᠡ ᠪᠠ ᠡᠭᠦᠷᠭᠡᠲᠦ ᠰᠡᠳᠬᠢᠯᠭᠡ ᠶᠢ ᠤᠯᠠᠮ ᠴᠢᠨᠠᠭᠰᠢᠳᠠ ᠴᠢᠩᠭᠠᠳᠬᠠᠨ᠎ᠠ᠃ ᠴᠠᠭ ᠦᠶ᠎ᠡ ᠶᠢᠨ | ᠬᠥᠭᠵᠢᠯᠲᠡ ᠶᠢᠨ ᠡᠮᠦᠨ᠎ᠡ ᠡᠩᠨᠡᠭᠡᠨ ᠳᠤ ᠰᠠᠭᠤᠷᠢᠯᠠᠵᠤ᠂ ᠶᠡᠷᠦᠩᠬᠡᠢ ᠱᠦᠵᠢ ᠶᠢᠨ ᠥᠪᠥᠷ ᠮᠣᠩᠭᠤᠯ ᠳᠤ ᠲᠤᠰᠢᠶᠠᠭᠰᠠᠨ | ᠬᠤᠶᠠᠷ ᠶᠡᠭᠡ ᠶᠠᠪᠤᠳᠠᠯ ᠳᠤ ᠠᠩᠬᠠᠷᠤᠯ ᠢᠶᠠᠨ ᠲᠥᠪᠯᠡᠷᠡᠭᠦᠯᠵᠦ᠂ ᠢᠳᠡᠪᠬᠢᠲᠡᠢ ᠪᠠᠷ ᠰᠠᠨᠠᠯ ᠵᠥᠪᠯᠡᠯᠭᠡ ᠳᠤᠷᠠᠳᠤᠨ ᠠᠷᠭ᠎ᠠ | ᠤᠬᠠᠭᠠᠨ ᠭᠠᠷᠭᠠᠵᠤ᠂ ᠰᠡᠳᠬᠢᠯ ᠢᠶᠠᠨ ᠨᠢᠭᠡᠳᠬᠡᠨ ᠬᠦᠴᠦᠨ ᠢᠶᠠᠨ ᠲᠥᠪᠯᠡᠷᠡᠭᠦᠯᠵᠦ᠂ ᠪᠦᠷᠢᠨ ᠲᠡᠭᠦᠯᠳᠡᠷ ᠰᠠᠨᠠᠯ | ᠵᠦᠪᠯᠡᠯᠭᠡ ᠶᠢᠨ ᠠᠵᠢᠯ ᠤᠨ ᠠᠯᠬᠤᠮ ᠳᠠᠷᠠᠭ᠎ᠠ ᠪᠠ ᠳᠦᠷᠢᠮ ᠤᠨ ᠦᠢᠯᠡᠳᠦᠯᠭᠡ ᠪᠠᠷ ᠳᠠᠮᠵᠢᠭᠤᠯᠤᠨ᠂ ᠨᠠᠮ ᠤᠨ ᠵᠣᠷᠢᠯᠲᠠ ᠶᠢ | ᠨᠡᠶᠢᠭᠡᠮ ᠤᠨ ᠡᠯ᠎ᠡ ᠡᠲᠡᠭᠡᠳ ᠤᠨ ᠥᠷᠭᠡᠨ ᠳᠡᠯᠭᠡᠷ ᠬᠠᠮᠲᠤ ᠶᠢᠨ ᠲᠠᠨᠢᠯᠲᠠ ᠪᠠ ᠠᠵᠢᠯᠯᠠᠭᠠᠨ ᠤ ᠤᠬᠠᠮᠰᠠᠷ ᠪᠣᠯᠭᠠᠨ | ᠬᠤᠪᠢᠷᠠᠭᠤᠯᠵᠤ᠂ ᠬᠤᠰᠢᠭᠤᠨ ᠤ ᠨᠠᠮ ᠤᠨ ᠬᠤᠷᠢᠶᠠᠨ ᠤ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠪᠠ ᠤᠯᠤᠰ | ᠲᠥᠷᠥ ᠶᠢᠨ ᠵᠥᠪᠯᠡᠯᠭᠡᠨ ᠤ ᠠᠵᠢᠯ ᠤᠨ ᠱᠠᠭᠠᠷᠳᠠᠯᠭ᠎ᠠ ᠶᠢ ᠨᠠᠩ ᠰᠠᠶᠢᠲᠤᠷ ᠨᠠᠶᠢᠳᠠᠪᠤᠷᠢᠵᠢᠭᠤᠯᠤᠨ᠂ ᠨᠡᠶᠢᠭᠡᠮ ᠤᠨ ᠡᠯ᠎ᠡ | ᠲᠠᠯ᠎ᠠ ᠶᠢᠨ ᠬᠢᠨ ᠤ ᠣᠶᠤᠨ ᠤᠬᠠᠭᠠᠨ ᠪᠠ ᠬᠦᠴᠦᠨ ᠴᠢᠳᠠᠯ ᠢ ᠨᠢᠭᠲᠠᠷᠠᠭᠤᠯᠤᠨ᠎ᠠ᠃ | ︵ᠬᠤᠶᠠᠷ︶ ᠶᠠᠰᠤ ᠴᠢᠨᠠᠷ ᠢ ᠡᠷᠬᠢᠮᠯᠡᠬᠦ ᠰᠠᠨᠠᠯ ᠵᠥᠪᠯᠡᠯᠭᠡ ᠶᠢᠨ ᠠᠵᠢᠯ ᠤᠨ ᠤᠳᠤᠷᠢᠳᠤᠮᠵᠢ ᠶᠢ ᠪᠠᠷᠢᠮᠳᠠᠯᠠᠨ᠎ᠠ᠃ | ᠴᠢᠨᠠᠷ ᠰᠠᠶᠢᠲᠠᠢ ᠰᠠᠨᠠᠯ ᠵᠦᠪᠯᠡᠯᠭᠡ ᠶᠢ ᠪᠣᠶᠢᠵᠢᠭᠤᠯᠬᠤ ᠲᠣᠭᠲᠠᠴᠠ ᠶᠢ ᠰᠦᠪᠡᠭᠴᠢᠯᠡᠨ ᠪᠠᠶᠢᠭᠤᠯᠵᠤ᠂ ᠲᠥᠷᠥ ᠶᠢᠨ | ᠶᠠᠪᠤᠳᠠᠯ ᠤᠨ ᠬᠤᠷᠢᠶ᠎ᠠ ᠶᠢᠨ ︽ᠥᠪᠥᠷ ᠮᠣᠩᠭᠤᠯ ᠤᠨ ᠴᠢᠨᠠᠷ ᠰᠠᠶᠢᠲᠠᠢ ᠬᠥᠭᠵᠢᠯᠲᠡ ᠶᠢ ᠲᠦᠯᠬᠢᠨ ᠠᠬᠢᠭᠤᠯᠵᠤ ᠳᠤᠮᠳᠠᠳᠤ | ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠬᠦ ᠲᠤᠬᠠᠢ ᠰᠠᠨᠠᠯ︾ ᠤᠨ | ᠲᠣᠭᠤᠷᠢᠨ ᠳᠤ᠂ ᠮᠠᠨ ᠤ ᠬᠤᠰᠢᠭᠤᠨ ᠤ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠪᠣᠳᠠᠲᠤ ᠪᠠᠶᠢᠳᠠᠯ ᠲᠠᠢ | ᠤᠶᠠᠯᠳᠤᠭᠤᠯᠤᠨ᠂ ᠭᠡᠰᠢᠭᠦᠳ ᠢ ᠵᠣᠬᠢᠶᠠᠨ ᠪᠠᠶᠢᠭᠤᠯᠵᠤ 7 ᠲᠠᠯ᠎ᠠ ᠶᠢᠨ ᠭᠤᠣᠯ ᠡᠭᠦᠷᠭᠡ ᠶᠢᠨ ᠲᠣᠭᠤᠷᠢᠨ ᠳᠤ ᠲᠤᠰᠬᠠᠢ | ᠰᠡᠳᠦᠪᠲᠦ ᠪᠠᠶᠢᠴᠠᠭᠠᠨ ᠰᠤᠳᠤᠯᠤᠯᠲᠠ ᠶᠢ ᠥᠷᠨᠢᠭᠦᠯᠵᠦ᠂ ᠨᠢᠭᠡ ᠪᠦᠯᠦᠭ ᠭᠦᠨᠵᠡᠭᠡᠢ ᠵᠠᠳᠠᠯᠤᠯᠲᠠ ᠬᠢᠭᠰᠡᠨ᠂ ᠠᠵᠢᠯᠯᠠᠭᠠᠨ ᠤ | ᠴᠢᠨᠠᠷ ᠢᠶᠠᠷ ᠴᠢᠩᠭ᠎ᠠ᠂ ᠪᠠᠶᠢᠯᠳᠤᠬᠤ ᠪᠣᠳᠣᠯᠭ᠎ᠠ ᠶᠢᠨ ᠴᠢᠨᠠᠷ ᠲᠠᠢ᠂ ᠠᠯᠤᠰ ᠬᠡᠳᠦ ᠶᠢᠨ ᠴᠢᠨᠠᠷ ᠲᠠᠢ ᠴᠢᠨᠠᠷ ᠰᠠᠶᠢᠲᠠᠢ ᠰᠠᠨᠠᠯ | ᠵᠦᠪᠯᠡᠯᠭᠡ ᠶᠢ ᠪᠣᠶ ᠪᠣᠯᠭᠠᠬᠤ ᠶᠢ ᠬᠦᠴᠦᠯᠡᠨ ᠠᠬᠢᠭᠤᠯᠤᠨ᠎ᠠ᠃ ᠡᠯ᠎ᠡ ᠡᠲᠡᠭᠡᠳ ᠤᠨ ᠢᠯᠭᠠᠯ ᠤᠨ ᠳᠤᠭᠤᠶᠢᠯᠠᠩ ᠤᠨ ᠬᠢᠨ | ᠶᠡᠷᠦᠩᠬᠡᠢ ᠱᠦᠵᠢ ᠶᠢᠨ ᠰᠢᠨ᠎ᠡ ᠵᠢᠯ ᠤᠨ ᠬᠦᠰᠡᠯ ᠡᠷᠡᠮᠡᠯᠵᠡᠯ ᠢ ᠦᠨᠳᠦᠰᠦᠯᠡᠨ᠂ ᠬᠡᠦᠬᠡᠳ ᠢ ᠠᠰᠠᠷᠠᠨ ᠲᠡᠵᠢᠭᠡᠵᠦ ᠰᠤᠷᠭᠠᠨ | ᠬᠥᠮᠥᠵᠢᠭᠦᠯᠬᠦ᠂ ᠵᠠᠯᠠᠭᠤᠴᠤᠳ ᠤᠨ ᠠᠵᠢᠯ ᠣᠯᠵᠤ ᠴᠢᠳᠠᠪᠤᠷᠢᠲᠠᠨ ᠪᠣᠯᠬᠤ᠂ ᠨᠠᠰᠤᠲᠠᠶᠢᠴᠤᠳ ᠤᠨ ᠡᠮᠴᠢᠯᠡᠭᠡ ᠠᠰᠠᠷᠠᠮᠵᠢ | ᠵᠡᠷᠭᠡ ᠲᠠᠯ᠎ᠠ ᠪᠠᠷ ᠴᠢᠨᠠᠷ ᠰᠠᠶᠢᠲᠠᠢ ᠰᠠᠨᠠᠯ ᠵᠦᠪᠯᠡᠯᠭᠡ ᠳᠡᠪᠰᠢᠭᠦᠯᠬᠦ ᠶᠢ ᠵᠣᠷᠢᠭᠵᠢᠭᠤᠯᠵᠤ᠂ ᠰᠢᠢᠳᠪᠦᠷᠢᠯᠡᠬᠦ ᠠᠵᠢᠯ ᠤᠨ ᠶᠠᠰᠤ | ᠴᠢᠨᠠᠷ ᠤᠨ ᠤᠳᠤᠷᠢᠳᠤᠮᠵᠢ ᠶᠢ ᠪᠤᠢ ᠪᠣᠯᠭᠠᠵᠤ᠂ ᠭᠠᠷᠳᠠᠭᠰᠠᠨ ᠵᠦᠢᠯᠡᠰ ᠪᠦᠬᠦᠨ ᠢᠶᠠᠨ ᠪᠡᠶᠡᠯᠡᠭᠦᠯᠬᠦ ᠪᠠᠷ ᠴᠢᠷᠮᠠᠶᠢᠨ᠂ ᠰᠠᠨᠠᠯ | ᠵᠦᠪᠯᠡᠯᠭᠡ ᠶᠢᠨ ᠦᠢᠯᠡᠳᠦᠯ ᠪᠠ ᠦᠨ᠎ᠡ ᠦᠷᠳᠡᠭ ᠢ ᠦᠨᠡᠨ ᠬᠦ ᠪᠠᠳᠠᠷᠠᠭᠤᠯᠤᠨ᠎ᠠ᠃ | ︵ᠭᠤᠷᠪᠠ︶ ᠪᠦᠯᠬᠦᠮᠳᠡᠨ ᠬᠠᠮᠵᠢᠯᠴᠠᠭᠰᠠᠨ ᠰᠠᠨᠠᠯ ᠵᠥᠪᠯᠡᠯᠭᠡ ᠶᠢᠨ ᠠᠵᠢᠯ ᠤᠨ ᠬᠠᠮᠳᠤᠷᠠᠯ ᠤᠨ ᠬᠦᠴᠦᠨ ᠢ | ᠨᠢᠬᠳᠠᠷᠠᠭᠤᠯᠤᠨ᠎ᠠ᠃ ᠨᠠᠮ ᠤᠨ ᠬᠤᠷᠢᠶ᠎ᠠ ᠵᠠᠰᠠᠭ ᠤᠨ ᠣᠷᠳᠣᠨ ᠤ ᠤᠳᠤᠷᠢᠳᠤᠨ ᠳᠠᠭᠠᠭᠤᠯᠵᠤ ᠰᠢᠢᠳᠪᠦᠷᠢᠯᠡᠬᠦ᠂ ᠤᠯᠤᠰ | ᠲᠦᠷᠦ ᠶᠢᠨ ᠵᠥᠪᠯᠡᠯᠭᠡᠨ ᠤ ᠤᠳᠤᠷᠢᠳᠤᠨ ᠱᠠᠭᠠᠷᠳᠠᠨ ᠰᠢᠢᠳᠪᠦᠷᠢᠯᠡᠭᠦᠯᠬᠦ ᠰᠠᠨᠠᠯ ᠵᠥᠪᠯᠡᠯᠭᠡ ᠶᠢᠨ ᠠᠵᠢᠯ ᠤᠨ ᠲᠣᠭᠲᠠᠴᠠ ᠶᠢ | ᠪᠦᠷᠢᠨᠰᠢᠭᠦᠯᠦᠨ ᠲᠡᠭᠦᠯᠳᠡᠷᠵᠢᠭᠦᠯᠵᠦ᠂ ᠰᠠᠨᠠᠯ ᠵᠥᠪᠯᠡᠯᠭᠡ ᠶᠢ ᠬᠦᠯᠢᠶᠡᠨ ᠠᠪᠬᠤ᠂ ᠨᠠᠶᠢᠳᠠᠪᠤᠷᠢᠵᠢᠭᠤᠯᠬᠤ ᠪᠠ ᠬᠠᠷᠢᠭᠤ | ᠲᠤᠰᠬᠠᠬᠤ ᠶᠢ ᠤᠯᠠᠮ ᠨᠢᠭᠡ ᠠᠯᠬᠤᠮ ᠲᠦᠯᠬᠢᠨ ᠠᠬᠢᠭᠤᠯᠤᠨ᠎ᠠ᠃ ᠳᠠᠭᠠᠭᠠᠨ ᠠᠪᠴᠤ ᠰᠢᠢᠳᠪᠦᠷᠢᠯᠡᠬᠦ ᠨᠢᠭᠡᠴᠡ ᠶᠢ | ᠬᠥᠲᠥᠯᠥᠨ ᠵᠢᠯᠤᠭᠤᠳᠴᠤ ᠰᠠᠨᠠᠯ ᠵᠥᠪᠯᠡᠯᠭᠡ ᠶᠢ ᠰᠢᠢᠳᠪᠦᠷᠢᠯᠡᠭᠰᠡᠨ ᠦᠷ᠎ᠡ ᠪᠦᠲᠦᠮᠵᠢ ᠪᠠᠷ ᠭᠤᠣᠯ ᠪᠣᠯᠭᠠᠨ᠂ ᠭᠤᠣᠯᠯᠠᠨ | ᠰᠢᠢᠳᠪᠦᠷᠢᠯᠡᠬᠦ᠂ ᠬᠠᠮᠵᠢᠯᠴᠠᠨ ᠰᠢᠢᠳᠪᠦᠷᠢᠯᠡᠬᠦ ᠨᠢᠭᠡᠴᠡ ᠶᠢᠨ ᠠᠵᠢᠯ ᠬᠤᠪᠢᠶᠠᠷᠢᠯᠠᠨ ᠬᠠᠮᠵᠢᠯᠴᠠᠬᠤ ᠶᠢ ᠴᠢᠩᠭᠠᠳᠬᠠᠵᠤ᠂ | ᠤᠯᠠᠨ ᠤ ᠤᠬᠠᠭᠠᠨ ᠬᠠᠮᠲᠤ ᠶᠢᠨ ᠬᠦᠴᠦᠨ ᠢᠶᠠᠷ ᠰᠠᠨᠠᠯ ᠵᠥᠪᠯᠡᠯᠭᠡ ᠶᠢᠨ ᠨᠠᠶᠢᠳᠠᠪᠤᠷᠢᠵᠢᠭᠤᠯᠤᠯᠲᠠ ᠶᠢ ᠲᠦᠯᠬᠢᠨ | ᠠᠬᠢᠭᠤᠯᠤᠨ᠎ᠠ᠃ ᠰᠠᠨᠠᠯ ᠵᠥᠪᠯᠡᠯᠭᠡ ᠶᠢᠨ ᠺᠣᠮᠢᠰ ᠤᠨ ᠬᠥᠭᠦᠷᠭᠡ ᠬᠤᠯᠪᠣᠭᠠᠰᠤ ᠶᠢᠨ ᠦᠢᠯᠡᠳᠦᠯ ᠢ ᠭᠦᠢᠴᠡᠳ ᠪᠠᠳᠠᠷᠠᠭᠤᠯᠵᠤ᠂ | ᠰᠠᠨᠠᠯ ᠵᠥᠪᠯᠡᠯᠭᠡ ᠴᠤᠭᠯᠠᠭᠤᠯᠬᠤ᠂ ᠵᠥᠪᠳᠡᠯᠴᠡᠨ ᠰᠣᠯᠢᠯᠴᠠᠬᠤ᠂ ᠵᠥᠪᠯᠡᠯᠭᠡ ᠬᠠᠩᠭᠠᠬᠤ ᠦᠢᠯᠡᠴᠢᠯᠡᠭᠡᠨ ᠤ ᠲᠠᠪᠴᠠᠩ ᠢ | ᠢᠳᠡᠪᠬᠢᠲᠡᠢ ᠪᠠᠷ ᠪᠠᠶᠢᠭᠤᠯᠵᠤ᠂ ᠰᠠᠨᠠᠯ ᠵᠥᠪᠯᠡᠯᠭᠡ ᠳᠤᠷᠠᠳᠴᠤ ᠵᠠᠰᠠᠭ ᠲᠤ ᠲᠤᠰᠠᠯᠠᠬᠤ ᠪᠠ ᠬᠠᠮᠲᠤ ᠶᠢᠨ ᠲᠠᠨᠢᠯᠲᠠ ᠶᠢ | ᠨᠢᠭᠲᠠᠷᠠᠭᠤᠯᠤᠨ ᠬᠤᠣᠰ ᠴᠢᠭᠯᠡᠯ ᠢᠶᠠᠷ ᠬᠦᠴᠦᠯᠡᠬᠦ ᠲᠠᠯ᠎ᠠ ᠪᠠᠷ ᠬᠢ ᠰᠠᠨᠠᠯ ᠵᠥᠪᠯᠡᠯᠭᠡ ᠶᠢᠨ ᠳᠠᠪᠠᠭᠤᠯᠢᠭ ᠪᠠ ᠦᠢᠯᠡᠳᠦᠯ ᠢ | ᠨᠡᠩ ᠰᠠᠶᠢᠲᠤᠷ ᠪᠠᠳᠠᠷᠠᠭᠤᠯᠤᠨ᠎ᠠ᠃ | ︵ᠳᠥᠷᠪᠡ︶ ᠵᠠᠮ ᠨᠡᠭᠡᠭᠡᠨ ᠰᠢᠨ᠎ᠡ ᠶᠢ ᠡᠭᠦᠳᠬᠦ ᠰᠠᠨᠠᠯ ᠵᠥᠪᠯᠡᠯᠭᠡ ᠶᠢᠨ ᠠᠵᠢᠯ ᠤᠨ ᠣᠷᠮ᠎ᠠ ᠵᠣᠷᠢᠭ ᠢ ᠪᠠᠲᠤᠯᠠᠨ᠎ᠠ᠃ | ᠰᠠᠨᠠᠯ ᠵᠥᠪᠯᠡᠯᠭᠡ ᠶᠢᠨ ᠦᠢᠯᠡᠴᠢᠯᠡᠭᠡᠨ ᠤ ᠠᠵᠢᠯ ᠤᠨ ᠠᠷᠭ᠎ᠠ ᠮᠠᠶ᠋ᠢᠭ ᠤᠨ ᠲᠠᠯ᠎ᠠ ᠪᠠᠷ ᠲᠠᠰᠤᠷᠠᠯᠳᠠ ᠦᠭᠡᠢ ᠰᠢᠨ᠎ᠡ ᠶᠢ | ᠡᠭᠦᠳᠴᠦ᠂ ᠭᠡᠰᠢᠭᠦᠳ ᠲᠤ ᠨᠠᠷᠢᠯᠢᠭ ᠦᠢᠯᠡᠴᠢᠯᠡᠬᠦ ᠪᠠᠨ ᠴᠢᠩᠭᠠᠳᠬᠠᠵᠤ᠂ ᠥᠷᠭᠡᠨ ᠤᠯᠠᠨ ᠭᠡᠰᠢᠭᠦᠳ ᠢ ᠬᠥᠲᠥᠯᠥᠨ | ᠵᠢᠯᠤᠭᠤᠳᠴᠤ ᠪᠠᠶᠢᠭᠠᠳ ᠢᠳᠡᠪᠬᠢᠲᠡᠢ ᠪᠠᠷ ᠵᠠᠰᠠᠭ ᠤᠨ ᠶᠠᠪᠤᠳᠠᠯ ᠢ ᠵᠥᠪᠯᠡᠨ ᠰᠠᠨᠠᠯ ᠵᠥᠪᠯᠡᠯᠭᠡ ᠳᠤᠷᠠᠳᠤᠭᠤᠯᠵᠤ᠂ | ᠭᠡᠰᠢᠭᠦᠳ ᠤᠨ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠠᠮᠢᠳᠤᠯᠢᠭ ᠬᠦᠴᠦᠨ ᠢ ᠪᠦᠬᠦ ᠲᠠᠯ᠎ᠠ ᠪᠠᠷ ᠬᠥᠭᠵᠢᠭᠡᠵᠦ᠂ | ᠭᠡᠰᠢᠭᠦᠳ ᠤᠨ ᠰᠠᠨᠠᠯ ᠵᠥᠪᠯᠡᠯᠭᠡ ᠶᠢᠨ ᠠᠵᠢᠯ ᠳᠠᠬᠢ ᠪᠡᠶᠡᠴᠢ ᠴᠣᠭᠴᠠ ᠶᠢᠨ ᠦᠢᠯᠡᠳᠦᠯ ᠢ ᠭᠦᠢᠴᠡᠳ ᠪᠠᠳᠠᠷᠠᠭᠤᠯᠵᠤ᠂ | ᠰᠠᠨᠠᠯ ᠵᠥᠪᠯᠡᠯᠭᠡ ᠶᠢᠨ ᠠᠵᠢᠯ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠤᠨ᠎ᠠ᠃ ᠰᠠᠨᠠᠯ ᠵᠥᠪᠯᠡᠯᠭᠡ ᠶᠢ ᠬᠤᠣᠰ | ᠴᠢᠭᠯᠡᠯ ᠢᠶᠠᠷ ᠦᠨᠡᠯᠡᠨ ᠶᠠᠷᠢᠯᠴᠠᠬᠤ ᠳᠦᠷᠢᠮ ᠢ ᠲᠡᠭᠦᠯᠳᠡᠷᠵᠢᠭᠦᠯᠵᠦ᠂ ᠰᠢᠯᠢᠳᠡᠭ ᠰᠠᠨᠠᠯ ᠵᠥᠪᠯᠡᠯᠭᠡ᠂ ᠲᠡᠷᠢᠭᠦᠨ ᠤ ᠳᠠᠭᠠᠭᠠᠨ | ᠠᠪᠴᠤ ᠰᠢᠢᠳᠪᠦᠷᠢᠯᠡᠬᠦ ᠨᠢᠭᠡᠴᠡ ᠶᠢ ᠰᠢᠯᠭᠠᠷᠠᠭᠤᠯᠬᠤ ᠠᠵᠢᠯᠯᠠᠭ᠎ᠠ ᠶᠢ ᠦᠷᠭᠦᠯᠵᠢᠯᠡᠨ ᠵᠣᠬᠢᠶᠠᠨ ᠪᠠᠶᠢᠭᠤᠯᠵᠤ ᠥᠷᠨᠢᠭᠦᠯᠦᠨ᠎ᠡ᠃ | ᠰᠠᠨᠠᠯ ᠵᠥᠪᠯᠡᠯᠭᠡ ᠶᠢᠨ ᠤᠬᠠᠭᠤᠯᠭ᠎ᠠ ᠶᠢᠨ ᠠᠵᠢᠯ ᠢ ᠴᠢᠩᠭᠠᠳᠬᠠᠵᠤ᠂ ᠰᠠᠨᠠᠯ ᠵᠥᠪᠯᠡᠯᠭᠡ ᠶᠢ ᠬᠦᠯᠢᠶᠡᠨ ᠠᠪᠴᠤ | ᠨᠠᠶᠢᠳᠠᠪᠤᠷᠢᠵᠢᠭᠤᠯᠤᠭᠰᠠᠨ ᠤ ᠳᠠᠷᠠᠭᠠᠬᠢ ᠠᠵᠤ ᠠᠬᠤᠢ ᠨᠡᠶᠢᠭᠡᠮ ᠤᠨ ᠦᠷ᠎ᠡ ᠠᠰᠢᠭ ᠢ ᠭᠤᠣᠯᠳᠠᠯᠭ᠎ᠠ ᠲᠠᠢ ᠪᠠᠷ ᠤᠬᠠᠭᠤᠯᠵᠤ᠂ | ᠰᠢᠯᠢᠳᠡᠭ ᠨᠡᠶᠢᠲᠡᠯᠢᠭ ᠵᠢᠱᠢᠶ᠎ᠡ ᠶᠢᠨ ᠤᠷᠮᠠᠰᠢᠭᠤᠯᠬᠤ ᠪᠠ ᠬᠥᠲᠥᠯᠥᠨ ᠵᠢᠯᠤᠭᠤᠳᠬᠤ ᠦᠢᠯᠡᠳᠦᠯ ᠢ ᠭᠦᠢᠴᠡᠳ | ᠪᠠᠳᠠᠷᠠᠭᠤᠯᠵᠤ᠂ ᠡᠯ᠎ᠡ ᠲᠠᠯ᠎ᠠ ᠶᠢᠨ ᠬᠢᠨ ᠤ ᠰᠠᠨᠠᠯ ᠵᠥᠪᠯᠡᠯᠭᠡ ᠶᠢᠨ ᠠᠵᠢᠯ ᠢ ᠠᠩᠬᠠᠷᠤᠨ ᠳᠡᠮᠵᠢᠭᠰᠡᠨ ᠰᠠᠶᠢᠨ ᠰᠠᠶᠢᠬᠠᠨ | ᠠᠭᠤᠷ ᠠᠮᠢᠰᠬᠤᠯ ᠢ ᠪᠤᠢ ᠪᠤᠯᠭᠠᠬᠤ ᠶᠢ ᠲᠦᠯᠬᠢᠨ ᠠᠬᠢᠭᠤᠯᠤᠨ᠎ᠠ᠃ | ᠭᠡᠰᠢᠭᠦᠳ ᠠ᠋᠂ ᠨᠥᠬᠦᠳ ᠠ᠋︕ ᠠᠯᠤᠰ ᠤᠨ ᠵᠠᠮ ᠢ ᠰᠢᠨᠳᠠᠷᠠᠰᠢ ᠦᠭᠡᠢ ᠠᠶᠠᠯᠠᠨ ᠪᠠᠶᠢᠵᠤ ᠡᠪᠬᠡᠨ᠎ᠡ᠂ ᠠᠷᠭ᠎ᠠ | ᠤᠬᠠᠭᠠᠨ ᠢ ᠴᠣᠴᠠᠯᠳᠠ ᠦᠭᠡᠢ ᠰᠡᠳᠬᠢᠨ ᠪᠠᠶᠢᠵᠤ ᠣᠯᠣᠨ᠎ᠠ᠃ ᠤᠯᠤᠰ ᠲᠥᠷᠥ ᠶᠢᠨ ᠵᠥᠪᠯᠡᠯᠭᠡᠨ ᠤ ᠰᠠᠨᠠᠯ ᠵᠥᠪᠯᠡᠯᠭᠡ ᠶᠢᠨ | ᠠᠵᠢᠯ ᠳᠤ ︽ᠭᠤᠣᠯ ᠠᠵᠢᠯ ᠲᠠᠢ ᠤᠶᠠᠯᠳᠤᠭᠤᠯᠤᠨ᠂ ᠶᠡᠭᠡ ᠲᠠᠯ᠎ᠠ ᠳᠤ ᠦᠢᠯᠡᠴᠢᠯᠡᠵᠦ᠂ ᠶᠠᠰᠤ ᠴᠢᠨᠠᠷ ᠢ ᠳᠡᠭᠡᠭᠰᠢᠯᠡᠭᠦᠯᠦᠨ᠂ | ᠪᠣᠳᠠᠲᠤ ᠦᠷ᠎ᠡ ᠪᠦᠲᠦᠮᠵᠢ ᠶᠢ ᠡᠷᠬᠢᠮᠯᠡᠬᠦ︾ ᠴᠢᠭᠯᠡᠯᠲᠡ ᠶᠢᠨ ᠶᠣᠰᠣᠭᠠᠷ᠂ ᠰᠠᠨᠠᠯ ᠵᠥᠪᠯᠡᠯᠭᠡ ᠶᠢᠨ ᠠᠵᠢᠯ ᠤᠨ ᠬᠠᠶᠢᠨ | ᠰᠦᠪᠡᠭᠴᠢᠯᠡᠯᠲᠡ ᠪᠠ ᠰᠢᠨ᠎ᠡ ᠶᠢ ᠡᠭᠦᠳᠬᠦ ᠶᠢ ᠤᠯᠠᠮ ᠨᠢᠭᠡ ᠠᠯᠬᠤᠮ ᠲᠦᠯᠬᠢᠨ ᠠᠬᠢᠭᠤᠯᠵᠤ᠂ ᠰᠠᠨᠠᠯ ᠵᠥᠪᠯᠡᠯᠭᠡ ᠳᠤ | ᠬᠢᠨᠠᠯᠲᠠ ᠲᠠᠯᠪᠢᠬᠤ ᠦᠢᠯᠡᠳᠦᠯ ᠢ ᠤᠯᠠᠮ ᠨᠢᠭᠡ ᠠᠯᠬᠤᠮ ᠪᠠᠳᠠᠷᠠᠭᠤᠯᠤᠨ᠂ ᠰᠠᠨᠠᠯ ᠵᠥᠪᠯᠡᠯᠭᠡ ᠶᠢᠨ ᠠᠵᠢᠯ ᠤᠨ ᠬᠠᠮᠳᠤᠷᠠᠯ | ᠤᠨ ᠬᠦᠴᠦᠨ ᠢ ᠤᠯᠠᠮ ᠨᠢᠭᠡ ᠠᠯᠬᠤᠮ ᠪᠦᠷᠢᠯᠳᠦᠭᠦᠯᠵᠦ᠂ ᠰᠠᠨᠠᠯ ᠵᠥᠪᠯᠡᠯᠭᠡ ᠶᠢ ᠰᠠᠶᠢᠲᠤᠷ ᠳᠤᠷᠠᠳᠬᠤ᠂ ᠴᠢᠩᠭ᠎ᠠ | ᠠᠳᠬᠤᠬᠤ᠂ ᠣᠨᠣᠪᠴᠢᠲᠠᠶ ᠦᠨᠡᠯᠡᠬᠦ ᠶᠢ ᠪᠡᠶᠡᠯᠡᠭᠦᠯᠦᠭᠰᠡᠨ ᠰᠠᠭᠤᠷᠢᠨ ᠳᠡᠭᠡᠷ᠎ᠡ᠂ ᠰᠠᠨᠠᠯ ᠵᠥᠪᠯᠡᠯᠭᠡ ᠶᠢ ᠰᠠᠶᠢᠲᠤᠷ | ᠰᠢᠢᠳᠪᠦᠷᠢᠯᠡᠬᠦ᠂ ᠪᠣᠳᠠᠲᠠᠢ ᠳᠤ ᠨᠠᠶᠢᠳᠠᠪᠤᠷᠢᠵᠢᠭᠤᠯᠬᠤ᠂ ᠬᠠᠷᠢᠭᠤᠯᠳᠠ ᠲᠠᠢ ᠪᠠᠶᠢᠬᠤ ᠶᠢ ᠲᠦᠯᠬᠢᠨ ᠠᠬᠢᠭᠤᠯᠵᠤ᠂ ᠨᠡᠩ | ᠴᠤᠭ ᠪᠠᠳᠠᠷᠠᠩᠭᠤᠢ ᠲᠦᠷᠢ ᠪᠠᠶᠢᠳᠠᠯ ᠢᠶᠠᠷ ᠰᠢᠨ᠎ᠡ ᠠᠶᠠᠨ ᠵᠠᠮ ᠳᠤ ᠡᠷᠡᠯᠬᠡᠭᠯᠡᠨ ᠤᠷᠤᠭᠰᠢᠯᠠᠵᠤ᠂ ᠰᠢᠨ᠎ᠡ ᠴᠠᠭ ᠦᠶ᠎ᠡ ᠳᠤ | ᠭᠠᠪᠢᠶ᠎ᠠ ᠪᠠᠶᠢᠭᠤᠯᠵᠤ᠂ ᠰᠠᠨᠠᠯ ᠵᠥᠪᠯᠡᠯᠭᠡ ᠶᠢᠨ ᠠᠵᠢᠯ ᠤᠨ ᠰᠢᠨ᠎ᠡ ᠪᠠᠶᠢᠳᠠᠯ ᠢ ᠬᠦᠴᠦᠯᠡᠨ ᠨᠡᠭᠡᠬᠡᠶᠡ᠃ | | |