︱ 2024 ᠣᠨ ᠤ 1 ᠰᠠᠷ᠎ᠠ ᠶᠢᠨ 25 ᠤ ᠡᠳᠦᠷ ᠬᠡᠰᠢᠭᠲᠡᠨ ᠬᠤᠰᠢᠭᠤᠨ ᠤ ᠠᠷᠪᠠᠨ ᠨᠠᠢᠮᠠᠳᠤᠭᠠᠷ ᠬᠤᠭᠤᠴᠠᠭᠠᠨ ᠤ | ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠭᠤᠷᠪᠠᠳᠤᠭᠠᠷ ᠤᠳᠠᠭᠠᠨ ᠤ ᠬᠤᠷᠠᠯᠳᠤᠭᠠᠨ ᠳᠡᠭᠡᠷ᠎ᠡ | | | ᠬᠡᠰᠢᠭᠲᠡᠨ ᠬᠤᠰᠢᠭᠤᠨ ᠤ ᠠᠷᠠᠳ ᠤᠨ ᠰᠢᠭᠦᠬᠦ ᠬᠤᠷᠢᠶ᠎ᠠ ᠶᠢᠨ ᠳᠠᠷᠤᠭ᠎ᠠ ᠵᠧᠩ ᠱᠦ ᠭᠤᠸᠠᠩ | | | ᠲᠥᠯᠥᠭᠡᠯᠡᠭᠴᠢᠳ ᠠ᠋᠄ | ᠤᠲᠤ᠂ ᠪᠢ ᠬᠤᠰᠢᠭᠤᠨ ᠤ ᠠᠷᠠᠳ ᠤᠨ ᠰᠢᠭᠦᠬᠦ ᠬᠤᠷᠢᠶ᠎ᠠ ᠶᠢ ᠲᠥᠯᠥᠭᠡᠯᠡᠨ ᠶᠡᠭᠡ ᠬᠤᠷᠠᠯ ᠳᠤ ᠠᠵᠢᠯ ᠢᠶᠠᠨ | ᠮᠡᠳᠡᠭᠦᠯᠦᠶ᠎ᠡ᠂ ᠬᠢᠨᠠᠨ ᠵᠥᠪᠯᠡᠬᠦ ᠪᠣᠯᠪᠠᠤ᠂ ᠤᠯᠤᠰ ᠲᠦᠷᠦ ᠶᠢᠨ ᠵᠥᠪᠯᠡᠯᠭᠡᠨ ᠤ ᠭᠡᠰᠢᠭᠦᠳ ᠪᠣᠯᠣᠨ ᠰᠤᠯᠠ ᠣᠷᠣᠯᠴᠠᠭᠰᠠᠨ | ᠨᠥᠬᠦᠳ ᠰᠠᠨᠠᠯ ᠢᠶᠠᠨ ᠳᠤᠷᠠᠳᠬᠤ ᠪᠣᠯᠪᠠᠤ᠃ | 2023 ᠣᠨ ᠳᠤ᠂ ᠬᠤᠰᠢᠭᠤᠨ ᠤ ᠠᠷᠠᠳ ᠤᠨ ᠰᠢᠭᠦᠬᠦ ᠬᠤᠷᠢᠶ᠎ᠠ ᠨᠢ ᠰᠢ ᠶᠢᠨ ᠫᠢᠩ ᠤᠨ ᠰᠢᠨ᠎ᠡ ᠴᠠᠭ | ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ | ᠪᠣᠯᠭᠠᠬᠤ ᠶᠢ ᠪᠠᠷᠢᠮᠲᠠᠯᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠪᠣᠯᠣᠨ ᠬᠤᠷᠢᠳᠤᠭᠠᠷ ᠬᠤᠭᠤᠴᠠᠭᠠᠨ ᠤ ᠲᠥᠪ | ᠬᠤᠷᠢᠶ᠎ᠠ ᠶᠢᠨ ᠠᠩᠬᠠᠳᠤᠭᠠᠷ᠂ ᠬᠤᠶᠠᠳᠤᠭᠠᠷ ᠪᠥᠬᠦᠳᠡ ᠬᠤᠷᠠᠯ ᠵᠢᠴᠢ ᠲᠥᠪ ᠤᠨ ᠤᠯᠤᠰ ᠲᠥᠷᠥ ᠬᠠᠤᠯᠢ ᠴᠠᠭᠠᠵᠠ ᠶᠢᠨ | ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ︽ᠬᠠᠤᠯᠢ ᠴᠠᠭᠠᠵᠠ ᠶᠢᠨ | ᠬᠡᠷᠡᠭ ᠪᠣᠯᠭᠠᠨ ᠠᠴᠠ ᠠᠷᠠᠳ ᠤᠯᠠᠨ ᠳᠤ ᠲᠥᠪ ᠭᠤᠣᠯᠴᠢ ᠰᠢᠳᠤᠷᠭᠤ ᠶᠣᠰᠣ ᠶᠢ ᠮᠡᠳᠡᠷᠡᠭᠦᠯᠬᠦ ᠪᠠᠷ ᠴᠢᠷᠮᠠᠶᠢᠬᠤ︾ | ᠠᠵᠢᠯ ᠤᠨ ᠬᠠᠷᠠᠯᠲᠠ ᠲᠠᠢ ᠨᠢᠭᠲᠠ ᠤᠶᠠᠯᠳᠤᠭᠤᠯᠵᠤ᠂ ︽ᠲᠥᠪ ᠭᠤᠣᠯᠴᠢ ᠪᠠ ᠦᠷ᠎ᠡ ᠪᠦᠲᠦᠮᠵᠢᠲᠡᠢ ᠪᠠᠶᠢᠬᠤ︾ | ᠠᠵᠢᠯ ᠤᠨ ᠭᠤᠣᠯ ᠰᠡᠳᠦᠪ ᠲᠤ ᠠᠩᠬᠠᠷᠤᠯ ᠢᠶᠠᠨ ᠲᠥᠪᠯᠡᠷᠡᠭᠦᠯᠵᠦ᠂ ᠦᠨᠳᠦᠰᠦᠨ ᠬᠠᠤᠯᠢ ᠪᠠ ᠬᠠᠤᠯᠢ ᠴᠠᠭᠠᠵᠠ ᠠᠴᠠ | ᠣᠯᠭᠤᠭᠰᠠᠨ ᠡᠭᠦᠷᠭᠡ ᠬᠠᠷᠢᠭᠤᠴᠠᠯᠭ᠎ᠠ ᠪᠠᠨ ᠦᠨᠡᠨᠴᠢ ᠪᠠᠷ ᠭᠦᠢᠴᠡᠳᠬᠡᠵᠦ᠂ ᠡᠯ᠎ᠡ ᠲᠥᠷᠥᠯ ᠤᠨ ᠠᠵᠢᠯ ᠰᠢᠨ᠎ᠡ | ᠠᠬᠢᠴᠠ ᠲᠠᠢ ᠪᠣᠯᠪᠠ᠃ ᠪᠦᠬᠦ ᠵᠢᠯ ᠳᠤ ᠡᠯ᠎ᠡ ᠲᠦᠷᠦᠯ ᠤᠨ ᠬᠡᠷᠡᠭ ᠢ 12760 ᠬᠤᠪᠢ ᠬᠦᠯᠢᠶᠡᠨ ᠰᠢᠢᠳᠪᠦᠷᠢᠯᠡᠵᠦ᠂ | 11490 ᠬᠤᠪᠢ ᠬᠡᠷᠡᠭ ᠢ ᠰᠢᠭᠦᠨ ᠭᠦᠢᠴᠡᠳᠬᠡᠨ ᠳᠠᠭᠤᠰᠬᠠᠵᠤ᠂ ᠬᠡᠷᠡᠭ ᠤᠨ ᠶᠡᠷᠦᠩᠬᠡᠢ ᠬᠠᠷᠠᠯᠲᠠ ᠶᠢᠨ ᠲᠤᠭ᠎ᠠ 14. | 77 ᠳ᠋ᠦᠩᠰᠢᠭᠤᠷ ᠲᠥᠭᠦᠷᠢᠭ ᠲᠤ ᠬᠦᠷᠴᠦ᠂ ᠬᠡᠷᠡᠭ ᠢ ᠳᠠᠭᠤᠰᠬᠠᠭᠰᠠᠨ ᠨᠤᠷᠮ᠎ᠠ ᠨᠢ 90.05% ᠳᠤ ᠬᠦᠷᠪᠡ᠃ | ᠨᠢᠭᠡ᠂ ᠬᠠᠤᠯᠢ ᠪᠠᠷ ᠵᠠᠰᠠᠭᠰᠠᠨ ᠬᠡᠰᠢᠭᠲᠡᠨ ᠬᠤᠰᠢᠭᠤ ᠳᠤ ᠠᠩᠬᠠᠷᠤᠯ ᠢᠶᠠᠨ ᠲᠥᠪᠯᠡᠷᠡᠭᠦᠯᠵᠦ᠂ ᠨᠡᠶᠢᠭᠡᠮ ᠤᠨ ᠡᠶ᠎ᠡ | ᠵᠣᠬᠢᠴᠠᠯ ᠲᠠᠢ ᠲᠣᠭᠲᠠᠭᠤᠨ ᠪᠠᠶᠢᠳᠠᠯ ᠢ ᠬᠠᠮᠠᠭᠠᠯᠠᠪᠠ | ᠡᠷᠡᠭᠦᠦ ᠶᠢᠨ ᠶᠠᠯᠠᠲᠤ ᠠᠵᠢᠯᠯᠠᠭ᠎ᠠ ᠳᠤ ᠴᠢᠩᠭ᠎ᠠ ᠴᠣᠬᠢᠯᠲᠠ ᠥᠭᠪᠡ᠃ ᠤᠯᠤᠰ ᠤᠨ ᠶᠡᠷᠦᠩᠬᠡᠢ ᠠᠮᠤᠷ ᠲᠦᠪᠰᠢᠨ ᠤ | ᠦᠵᠡᠯᠲᠡ ᠶᠢ ᠲᠤᠤᠱᠯᠠᠭᠤᠯᠵᠤ᠂ ᠠᠭᠤᠴᠢᠯᠠᠨ ᠰᠢᠢᠳᠬᠡᠬᠦ ᠪᠠ ᠴᠢᠩᠭ᠎ᠠ ᠰᠢᠢᠳᠬᠡᠬᠦ ᠶᠢ ᠤᠶᠠᠯᠳᠤᠭᠤᠯᠬᠤ ᠡᠷᠡᠭᠦᠦ ᠶᠢᠨ | ᠬᠡᠷᠡᠭ ᠤᠨ ᠲᠦᠷᠦ ᠶᠢᠨ ᠪᠣᠳᠣᠯᠭ᠎ᠠ ᠶᠢ ᠪᠠᠷᠢᠮᠲᠠᠯᠠᠵᠤ᠂ ᠨᠢᠭᠡᠳᠦᠭᠡᠷ ᠰᠢᠭᠦᠯᠲᠡ ᠶᠢᠨ ᠡᠷᠡᠭᠦᠦ ᠶᠢᠨ ᠬᠡᠷᠡᠭ ᠢ 194 ᠬᠤᠪᠢ | ᠰᠢᠭᠦᠨ ᠳᠠᠭᠤᠰᠬᠠᠵᠤ᠂ 321 ᠶᠠᠯᠠᠲᠠᠨ ᠢ ᠰᠢᠭᠦᠨ ᠰᠢᠢᠳᠬᠡᠪᠡ᠃ ᠠᠷᠠᠳ ᠤᠯᠠᠨ ᠤ ᠠᠮᠢ ᠨᠠᠰᠤ ᠡᠳ᠋ ᠬᠥᠷᠥᠩᠭᠡ ᠶᠢᠨ | ᠠᠮᠤᠷ ᠲᠦᠪᠰᠢᠨ ᠳᠤ ᠬᠤᠣᠷ ᠬᠥᠨᠥᠭᠡᠯ ᠤᠴᠠᠷᠠᠭᠤᠯᠤᠭᠰᠠᠨ ᠶᠠᠯᠠᠲᠤ ᠠᠵᠢᠯᠯᠠᠭ᠎ᠠ ᠳᠤ ᠬᠦᠴᠦᠲᠡᠢ ᠴᠣᠬᠢᠯᠲᠠ ᠥᠭᠴᠦ᠂ | ᠬᠦᠴᠦᠷᠬᠡᠭᠯᠡᠨ ᠨᠥᠵᠢᠳᠯᠡᠭᠰᠡᠨ᠂ ᠳᠡᠭᠡᠷᠡᠮᠳᠡᠭᠰᠡᠨ᠂ ᠪᠤᠯᠢᠶᠠᠭᠰᠠᠨ᠂ ᠬᠤᠯᠠᠭᠠᠶᠢᠯᠠᠭᠰᠠᠨ ᠵᠡᠷᠭᠡ ᠶᠠᠯᠠᠲᠤ ᠬᠡᠷᠡᠭ ᠢ 20 ᠬᠡᠷᠡᠭ | 22 ᠬᠥᠮᠥᠨ ᠰᠢᠭᠦᠨ ᠳᠠᠭᠤᠰᠬᠠᠪᠠ᠃ ᠤᠯᠠᠨ ᠨᠡᠶᠢᠲᠡ ᠶᠢᠨ ᠠᠮᠤᠷ ᠲᠦᠪᠰᠢᠨ ᠳᠤ ᠬᠤᠣᠷ ᠬᠥᠨᠥᠭᠡᠯ ᠤᠴᠠᠷᠠᠭᠤᠯᠤᠭᠰᠠᠨ | ᠶᠠᠯᠠᠲᠤ ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠦ᠂ ᠭᠠᠯ ᠲᠠᠯᠪᠢᠭᠰᠠᠨ᠂ ᠠᠶᠤᠯᠲᠠᠢ ᠪᠠᠷ ᠲᠡᠷᠭᠡ ᠵᠢᠯᠣᠭᠤᠳᠤᠭᠰᠠᠨ | ᠵᠡᠷᠭᠡ 35 ᠶᠠᠯᠠᠲᠤ ᠬᠡᠷᠡᠭ ᠢ ᠰᠢᠭᠦᠨ ᠳᠠᠭᠤᠰᠬᠠᠪᠠ᠃ ᠨᠡᠶᠢᠭᠡᠮ ᠤᠨ ᠬᠠᠮᠢᠶᠠᠷᠤᠯᠲᠠ ᠶᠢ ᠬᠠᠷᠰᠢᠯᠠᠭᠰᠠᠨ ᠪᠠ ᠵᠠᠬ᠎ᠠ | ᠳᠡᠯᠭᠡᠭᠦᠷ ᠤᠨ ᠠᠵᠤ ᠠᠬᠤᠢ ᠶᠢᠨ ᠡᠮᠬᠢ ᠵᠢᠷᠤᠮ ᠢ ᠡᠪᠳᠡᠭᠰᠡᠨ ᠶᠠᠯᠠᠲᠤ ᠠᠵᠢᠯᠯᠠᠭ᠎ᠠ ᠳᠤ ᠬᠦᠴᠦᠲᠡᠢ ᠴᠣᠬᠢᠯᠲᠠ ᠥᠭᠴᠦ᠂ | ᠦ ᠡᠷᠢᠵᠦ ᠬᠡᠷᠡᠭ ᠡᠳᠦᠭᠰᠡᠨ᠂ ᠮᠡᠬᠡᠯᠡᠭᠰᠡᠨ ᠵᠡᠷᠭᠡ 17 ᠶᠠᠯᠠᠲᠤ ᠬᠡᠷᠡᠭ ᠢ ᠰᠢᠭᠦᠨ ᠳᠠᠭᠤᠰᠬᠠᠪᠠ᠃ ᠣᠨᠴᠠᠭᠠᠶ ᠬᠥᠮᠥᠰ ᠢ | ᠬᠠᠪᠰᠤᠷᠤᠨ ᠰᠤᠷᠭᠠᠬᠤ ᠬᠠᠮᠢᠶᠠᠷᠤᠯᠲᠠ ᠳᠤ ᠢᠳᠡᠪᠬᠢᠲᠡᠢ ᠣᠷᠣᠯᠴᠠᠵᠤ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ | ᠬᠠᠮᠲᠤ ᠪᠠᠷ ᠨᠡᠶᠢᠭᠡᠮ ᠲᠣᠭᠤᠷᠢᠭ ᠤᠨ ᠵᠠᠯᠠᠷᠠᠭᠤᠯᠭ᠎ᠠ ᠶᠢᠨ ᠠᠵᠢᠯ ᠢ ᠠᠬᠢᠭᠤᠯᠵᠤ᠂ ᠨᠡᠶᠢᠭᠡᠮ ᠤᠨ ᠡᠶ᠎ᠡ ᠵᠣᠬᠢᠴᠠᠯ ᠪᠠ | ᠲᠣᠭᠲᠠᠭᠤᠨ ᠪᠠᠶᠢᠳᠠᠯ ᠢ ᠠᠬᠢᠭᠤᠯᠪᠠ᠃ | ᠵᠥᠷᠢᠴᠡᠯ ᠵᠢᠭᠤᠷᠠᠯᠳᠤᠭᠠᠨ ᠢ ᠵᠣᠬᠢᠰᠲᠠᠢ ᠨᠠᠮᠳᠠᠭᠤᠯᠤᠨ ᠰᠢᠢᠳᠪᠦᠷᠢᠯᠡᠪᠡ᠃ ᠬᠡᠷᠡᠭ ᠢ ᠡᠶᠡᠳᠡᠭᠦᠯᠬᠦ ᠡᠷᠴᠢᠮ ᠢᠶᠠᠨ | ᠴᠢᠩᠭᠠᠷᠠᠭᠤᠯᠵᠤ᠂ ᠵᠠᠰᠠᠭ ᠤᠨ ᠣᠷᠳᠣᠨ ᠳᠤ ᠬᠤᠯᠪᠣᠭᠳᠠᠭᠰᠠᠨ ᠵᠢᠭᠤᠷᠠᠯᠳᠤᠭᠠᠨ ᠢ ᠰᠢᠢᠳᠪᠦᠷᠢᠯᠡᠬᠦ ᠲᠥᠪ ᠢ ᠫᠠᠶᠢᠰᠠ ᠡᠯᠭᠦᠨ | ᠪᠠᠶᠢᠭᠤᠯᠵᠤ᠂ ᠬᠥᠳᠡᠯᠮᠦᠷᠢ ᠶᠢᠨ ᠮᠠᠷᠭᠤᠯᠳᠤᠭᠠᠨ ᠢ ᠵᠠᠭᠠᠯᠳᠤᠬᠤ ᠪᠠ ᠡᠶᠡᠳᠡᠭᠦᠯᠬᠦ ᠶᠢ ᠵᠣᠯᠭᠠᠭᠤᠯᠬᠤ ᠠᠵᠢᠯ ᠤᠨ ᠭᠡᠷ᠂ | ᠰᠢᠨ᠎ᠡ ᠡᠵᠡᠩᠨᠡᠯᠲᠡ ᠶᠢᠨ ᠬᠡᠯᠪᠡᠷᠢ ᠪᠠᠶᠢᠳᠠᠯ ᠤᠨ ᠬᠥᠳᠡᠯᠮᠦᠷᠢ ᠶᠢᠨ ᠮᠠᠷᠭᠤᠯᠳᠤᠭᠠᠨ ᠢ ᠵᠠᠭᠠᠯᠳᠤᠬᠤ ᠪᠠ ᠡᠶᠡᠳᠡᠭᠦᠯᠬᠦ | ᠠᠵᠢᠯ ᠤᠨ ᠭᠡᠷ᠂ ᠮᠥᠩᠭᠦᠨ ᠭᠦᠢᠯᠭᠡᠭᠡᠨ ᠤ ᠵᠢᠭᠤᠷᠠᠯᠳᠤᠭᠠᠨ ᠢ ᠡᠶᠡᠳᠡᠭᠦᠯᠬᠦ ᠠᠵᠢᠯ ᠤᠨ ᠭᠡᠷ᠂ ︽ᠲᠥᠯᠥᠭᠡᠯᠡᠭᠴᠢ + | ᠭᠡᠰᠢᠭᠦᠨ + ᠬᠠᠤᠯᠢᠴᠢ + ᠰᠢᠭᠦᠬᠦ ᠬᠤᠷᠢᠶ᠎ᠠ︾ ᠶᠢᠨ ᠣᠯᠠᠨ ᠡᠰᠢᠲᠦ ᠬᠤᠯᠪᠣᠯᠳᠤᠭᠰᠠᠨ ᠡᠶᠡᠳᠡᠭᠦᠯᠬᠦ ᠠᠵᠢᠯ ᠤᠨ ᠭᠡᠷ ᠢ | ᠪᠠᠶᠢᠭᠤᠯᠵᠤ᠂ ᠪᠦᠬᠦ ᠵᠢᠯ ᠳᠤ ᠬᠦᠴᠦᠨ ᠦᠭᠡᠢ ᠪᠣᠯᠭᠠᠭᠰᠠᠨ ᠬᠡᠷᠡᠭ 2487 ᠬᠤᠪᠢ ᠪᠠᠶᠢᠵᠤ᠂ ᠬᠦᠴᠦᠨ ᠦᠭᠡᠢ | ᠪᠣᠯᠭᠠᠭᠰᠠᠨ ᠨᠣᠷᠮ᠎ᠠ ᠨᠢ 40.39% ᠳᠤ ᠬᠦᠷᠪᠡ᠃ ᠪᠢᠨ ᠳ᠋ᠦᠩ ᠭᠥᠸᠧ ᠵᠢᠢ ᠰᠠᠭᠤᠭᠠᠯᠢ ᠲᠣᠭᠤᠷᠢᠭ ᠤᠨ 133 | ᠥᠮᠴᠢᠲᠡᠨ ᠠᠴᠠ ᠶᠢ ᠴᠧᠨ ᠺᠣᠮᠫᠠᠨᠢ ᠵᠢᠶᠡᠭᠡ ᠵᠠᠰᠠᠪᠤᠷᠢ ᠶᠢᠨ ᠰᠠᠭᠤᠷᠢ ᠮᠥᠩᠭᠦ ᠶᠢ ᠪᠤᠴᠠᠭᠠᠯᠭᠠᠬᠤ ᠪᠠᠷ ᠵᠠᠭᠠᠯᠳᠤᠭᠰᠠᠨ᠂ | ᠭᠡᠷ᠎ᠡ ᠶᠢᠨ ᠭᠠᠶᠢᠯᠢ ᠶᠢᠨ ᠬᠡᠷᠡᠭ᠂ 19 ᠬᠥᠯᠥᠰᠦᠨ ᠠᠵᠢᠯᠴᠢᠨ ᠠᠴᠠ ᠰᠧᠴᠤᠸᠠᠨ ᠤ ᠹᠦ᠋ ᠴᠤᠸᠠᠩ ᠪᠦᠲᠦᠭᠡᠨ | ᠪᠠᠶᠢᠭᠤᠯᠤᠯᠲᠠ ᠶᠢᠨ ᠪᠠᠷᠢᠯᠭ᠎ᠠ ᠶᠢᠨ ᠬᠢᠵᠠᠭᠠᠷᠲᠤ ᠺᠣᠮᠫᠠᠨᠢ ᠶᠢᠨ ᠬᠥᠳᠡᠯᠮᠦᠷᠢ ᠦᠢᠯᠡᠴᠢᠯᠡᠭᠡᠨ ᠤ ᠭᠡᠷ᠎ᠡ ᠶᠢ ᠵᠠᠭᠠᠯᠳᠤᠭᠰᠠᠨ | ᠬᠡᠷᠡᠭ ᠵᠡᠷᠭᠡ ᠠᠯᠢ ᠤᠯᠠᠨ ᠴᠢᠬᠤᠯᠠ ᠶᠡᠭᠡ ᠨᠥᠯᠥᠭᠡ ᠪᠦᠬᠦᠢ ᠬᠡᠷᠡᠭ ᠢ ᠠᠮᠵᠢᠯᠲᠠ ᠲᠠᠢ ᠪᠠᠷ ᠡᠶᠡᠳᠡᠭᠦᠯᠦᠨ ᠰᠢᠢᠳᠪᠦᠷᠢᠯᠡᠪᠡ᠃ | ᠵᠠᠬᠢᠳᠠᠯ ᠰᠣᠷᠪᠤᠯᠵᠢᠯᠠᠭ᠎ᠠ ᠶᠢᠨ ᠲᠣᠭᠲᠠᠭᠤᠨ ᠪᠠᠶᠢᠳᠠᠯ ᠢ ᠬᠠᠮᠠᠭᠠᠯᠠᠬᠤ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠵᠦ᠂ | ᠠᠵᠢᠯᠯᠠᠬᠤ ᠡᠳᠦᠷ ᠲᠤ ᠰᠢᠭᠦᠬᠦ ᠺᠣᠮᠢᠰ ᠤᠨ ᠨᠢᠭᠡ ᠭᠡᠰᠢᠭᠦᠨ ᠵᠠᠷᠭᠤᠯᠳᠤᠬᠤ ᠦᠢᠯᠡᠴᠢᠯᠡᠭᠡᠨ ᠤ ᠲᠥᠪ ᠲᠤ ᠠᠯᠪᠠᠯᠠᠬᠤ ᠶᠢ | ᠲᠣᠭᠲᠠᠭᠠᠵᠤ᠂ ᠵᠠᠬᠢᠳᠠᠯ ᠰᠣᠷᠪᠤᠯᠵᠢᠯᠠᠭ᠎ᠠ ᠶᠢ ᠨᠢᠭᠡ ᠨᠢᠭᠡ ᠪᠠᠷ ᠳᠠᠩᠰᠠᠯᠠᠭᠤᠯᠵᠤ᠂ ᠠᠩᠭᠢᠯᠠᠨ ᠱᠠᠭᠠᠷᠳᠠᠨ ᠰᠢᠢᠳᠪᠦᠷᠢᠯᠡᠭᠦᠯᠵᠦ | ᠂ ᠪᠦᠬᠦ ᠵᠢᠯ ᠳᠤ ᠵᠠᠬᠢᠳᠠᠯ ᠰᠣᠷᠪᠤᠯᠵᠢᠯᠠᠭ᠎ᠠ ᠶᠢᠨ ᠵᠥᠷᠢᠴᠡᠯ ᠢ ᠵᠠᠷᠭᠤᠯᠳᠤᠭᠠᠨ ᠤ ᠵᠢᠷᠤᠮ ᠳᠤ ᠣᠷᠣᠭᠤᠯᠤᠭᠰᠠᠨ ᠬᠡᠷᠡᠭ 16 | ᠬᠤᠪᠢ ᠪᠠᠶᠢᠵᠤ᠂ ᠬᠠᠤᠯᠢ ᠳᠤ ᠬᠤᠯᠪᠣᠭᠳᠠᠭᠰᠠᠨ ᠵᠠᠷᠭᠤ ᠳᠤ ᠬᠤᠯᠪᠣᠭᠳᠠᠭᠰᠠᠨ ᠵᠠᠬᠢᠳᠠᠯ ᠰᠣᠷᠪᠤᠯᠵᠢᠯᠠᠭ᠎ᠠ ᠶᠢᠨ ᠬᠡᠷᠡᠭ ᠢ 40 | ᠭᠠᠷᠤᠢ ᠬᠤᠪᠢ ᠰᠢᠢᠳᠪᠦᠷᠢᠯᠡᠨ ᠳᠠᠭᠤᠰᠬᠠᠵᠤ᠂ ᠰᠢᠢᠳᠪᠦᠷᠢᠯᠡᠵᠦ ᠳᠠᠭᠤᠰᠬᠠᠭᠰᠠᠨ ᠨᠤᠷᠮ᠎ᠠ ᠨᠢ 100% ᠳᠤ ᠬᠦᠷᠪᠡ᠃ | ᠬᠠᠤᠯᠢ ᠴᠠᠭᠠᠵᠠ ᠶᠢᠨ ᠰᠤᠷᠭᠠᠨ ᠬᠥᠮᠥᠵᠢᠭᠦᠯᠬᠦ᠂ ᠦᠨᠡᠯᠡᠬᠦ᠂ ᠵᠢᠭᠠᠨ ᠵᠢᠯᠤᠭᠤᠳᠬᠤ᠂ ᠵᠢᠷᠤᠮᠵᠢᠭᠤᠯᠬᠤ ᠴᠢᠳᠠᠮᠵᠢ ᠶᠢ | ᠭᠦᠢᠴᠡᠳ ᠪᠠᠳᠠᠷᠠᠭᠤᠯᠵᠤ᠂ ︽ᠬᠠᠤᠯᠢ ᠶᠢ ᠬᠥᠳᠡᠭᠡ ᠬᠦᠷᠭᠡᠬᠦ︾ ᠶᠢ ︽ᠬᠠᠤᠯᠢ ᠶᠢ ᠬᠥᠳᠡᠭᠡ ᠲᠦᠭᠡᠮᠡᠯᠵᠢᠭᠦᠯᠬᠦ︾ ᠪᠣᠯᠭᠠᠨ | ᠬᠤᠪᠢᠷᠠᠭᠤᠯᠵᠤ᠂ ᠭᠠᠷᠠᠭ ᠪᠦᠷᠢ ︽ᠬᠠᠮᠲᠤ ᠪᠠᠷ ᠡᠳ᠋ᠯᠡᠬᠦ ᠰᠢᠭᠦᠬᠦ ᠲᠢᠩᠬᠢᠮ︾ ᠵᠢᠵᠢᠭ ᠫᠷᠣᠭ᠍ᠷᠠᠮ᠂ ᠸᠢᠳᠢᠤ᠋ ᠨᠣᠮᠧᠷ ᠢᠶᠠᠷ | ᠳᠠᠮᠵᠢᠭᠤᠯᠤᠨ ᠰᠢᠭᠦᠭᠴᠢ ᠬᠠᠤᠯᠢ ᠶᠠᠷᠢᠬᠤ᠂ ᠬᠠᠤᠯᠢ ᠴᠠᠭᠠᠵᠠ ᠶᠢᠨ ᠬᠢᠴᠢᠶᠡᠯ ᠤᠨ ᠲᠠᠩᠬᠢᠮ ᠢ ᠬᠦᠷᠭᠡᠵᠦ᠂ ᠬᠠᠤᠯᠢ ᠪᠠᠷ | ᠵᠠᠰᠠᠬᠤ ᠤᠬᠠᠭᠤᠯᠭ᠎ᠠ ᠶᠢ ᠥᠷᠭᠡᠨ ᠢᠶᠠᠷ ᠥᠷᠨᠢᠭᠦᠯᠵᠦ᠂ ᠬᠠᠤᠯᠢ ᠶᠢ ᠬᠦᠨᠳᠦᠳᠬᠡᠬᠦ ᠬᠠᠤᠯᠢ ᠶᠢ ᠰᠤᠷᠬᠤ ᠬᠠᠤᠯᠢ ᠶᠢ ᠰᠠᠬᠢᠬᠤ | ᠬᠠᠤᠯᠢ ᠶᠢ ᠬᠡᠷᠡᠭᠯᠡᠬᠦ ᠰᠠᠶᠢᠨ ᠰᠠᠶᠢᠬᠠᠨ ᠨᠡᠶᠢᠭᠡᠮ ᠤᠨ ᠬᠡᠪ ᠰᠤᠷᠲᠠᠯ ᠢ ᠪᠤᠢ ᠪᠣᠯᠭᠠᠪᠠ᠃ | ᠦᠨᠳᠦᠰᠦᠨ ᠱᠠᠲᠤᠨ ᠤ ᠨᠡᠶᠢᠭᠡᠮ ᠤᠨ ᠵᠠᠰᠠᠯᠲᠠ ᠳᠤ ᠰᠢᠨ᠎ᠡ ᠶᠢ ᠡᠭᠦᠳᠪᠡ᠃ ᠰᠢᠨ᠎ᠡ ᠴᠠᠭ ᠦᠶ᠎ᠡ ᠶᠢᠨ ︽ᠹᠧᠩ | ᠴᠢᠶᠣᠤ ᠶᠢᠨ ᠲᠤᠷᠰᠢᠯᠭ᠎ᠠ︾ ᠶᠢ ᠪᠠᠷᠢᠮᠲᠠᠯᠠᠨ ᠪᠠᠳᠠᠷᠠᠭᠤᠯᠵᠤ᠂ ︽5+N︾ ᠶᠡᠭᠡ ᠡᠶᠡᠳᠡᠭᠦᠯᠭᠡ ᠶᠢᠨ ᠠᠵᠢᠯ ᠤᠨ | ᠵᠣᠬᠢᠴᠠᠮᠵᠢ ⑴ ᠶᠢ ᠦᠷᠭᠦᠯᠵᠢᠯᠡᠨ ᠲᠡᠭᠦᠯᠳᠡᠷᠵᠢᠭᠦᠯᠵᠦ᠂ 8 ᠶᠡᠭᠡ ᠡᠶᠡᠳᠡᠭᠦᠯᠭᠡ ᠶᠢᠨ ᠲᠥᠪ᠂ 9 ᠬᠠᠤᠯᠢ ᠶᠢᠨ | ᠲᠤᠰᠢᠶᠠᠯᠲᠠᠨ ᠤ ᠠᠷᠠᠳ ᠲᠤ ᠲᠦᠬᠦᠮ ᠦᠵᠡᠭᠦᠯᠬᠦ ᠠᠵᠢᠯ ᠤᠨ ᠲᠠᠰᠤᠭ ᠢ ᠪᠠᠶᠢᠭᠤᠯᠵᠤ᠂ ᠦᠨᠳᠦᠰᠦᠨ ᠱᠠᠲᠤᠨ ᠤ | ᠠᠷᠠᠳ ᠤᠨ ᠰᠢᠭᠦᠬᠦ ᠲᠢᠩᠬᠢᠮ ᠤᠨ ᠠᠵᠢᠯᠯᠠᠬᠤ ᠡᠳᠦᠷ ᠲᠤ ᠲᠥᠪ ᠰᠢᠭᠦᠬᠦ ᠲᠢᠩᠬᠢᠮ ᠳᠤ ᠪᠠᠶᠢᠩᠭᠤ ᠰᠠᠭᠤᠬᠤ ᠶᠢ | ᠱᠠᠭᠠᠷᠳᠠᠵᠤ᠂ ᠡᠶᠡᠳᠡᠭᠦᠯᠭᠡ ᠶᠢᠨ ᠵᠣᠬᠢᠶᠠᠨ ᠪᠠᠶᠢᠭᠤᠯᠤᠯᠲᠠ ᠶᠢ ᠴᠠᠭ ᠲᠤᠬᠠᠢ ᠳᠤᠨᠢ ᠵᠢᠯᠣᠭᠤᠳᠤᠨ ᠵᠠᠭᠠᠯᠳᠤᠬᠤ ᠠᠴᠠ ᠡᠮᠦᠨ᠎ᠡ | ᠡᠶᠡᠳᠡᠭᠦᠯᠵᠦ᠂ ᠪᠦᠬᠦ ᠵᠢᠯ ᠳᠤ ᠵᠠᠭᠠᠯᠳᠤᠬᠤ ᠠᠴᠠ ᠡᠮᠦᠨ᠎ᠡ ᠡᠶᠡᠳᠡᠭᠦᠯᠦᠭᠰᠡᠨ ᠬᠡᠷᠡᠭ 3590 ᠬᠤᠪᠢ ᠪᠣᠢ᠃ ᠵᠠᠷᠭᠤ ᠦᠭᠡᠢ | ᠦᠷᠳᠡᠭ ᠤᠨ ᠣᠶᠢᠯᠠᠭᠠᠭᠳᠠᠬᠤᠨ ᠢ ᠰᠠᠨᠠᠭᠠᠴᠢᠯᠠᠵᠤ᠂ 11 ᠲᠦᠷᠦᠯ ᠤᠨ ᠰᠣᠯᠢᠯᠴᠠᠭ᠎ᠠ ᠶᠢᠨ ᠠᠵᠢᠯᠯᠠᠭ᠎ᠠ ᠶᠢᠨ | ᠲᠦᠭᠰᠢᠭᠦᠷᠢ ᠶᠢᠨ ᠰᠠᠨᠠᠭᠤᠯᠤᠮᠵᠢ ᠶᠢᠨ ᠪᠢᠴᠢᠭ ᠢ ᠨᠡᠶᠢᠲᠡᠯᠡᠵᠦ᠂ ︽ᠵᠠᠷᠭᠤ ᠦᠭᠡᠢ ᠲᠣᠰᠬᠤᠨ︾ ᠤ ᠰᠢᠯᠭᠠᠷᠠᠭᠤᠯᠤᠯᠲᠠ ᠶᠢ | ᠥᠷᠨᠢᠭᠦᠯᠵᠦ᠂ ᠦᠨᠳᠦᠰᠦᠨ ᠱᠠᠲᠤᠨ ᠤ ᠨᠡᠶᠢᠭᠡᠮ ᠤᠨ ᠵᠠᠰᠠᠯᠲᠠ ᠶᠢᠨ ᠬᠢᠷᠢ ᠲᠦᠪᠰᠢᠨ ᠢ ᠳᠡᠭᠡᠭᠰᠢᠯᠡᠭᠦᠯᠪᠡ᠃ ︽ | ᠬᠠᠮᠲᠤ ᠪᠠᠷ ᠡᠳ᠋ᠯᠡᠬᠦ ᠰᠢᠭᠦᠬᠦ ᠲᠢᠩᠬᠢᠮ︾ ⑵ ᠢ ᠪᠦᠬᠦ ᠣᠷᠣᠨ ᠳᠤ ᠬᠠᠮᠤᠭ ᠲᠦᠷᠦᠭᠦᠨ ᠳᠤ ᠴᠣᠭᠴᠠᠯᠠᠨ ᠪᠠᠶᠢᠭᠤᠯᠵᠤ᠂ | 169 ︽ᠬᠠᠮᠲᠤ ᠪᠠᠷ ᠡᠳ᠋ᠯᠡᠬᠦ ᠰᠢᠭᠦᠬᠦ ᠲᠢᠩᠬᠢᠮ︾ ᠢ ᠪᠠᠶᠢᠭᠤᠯᠵᠤ ᠳᠠᠭᠤᠰᠬᠠᠬᠤ ᠶᠢ ᠠᠬᠢᠭᠤᠯᠵᠤ᠂ 15 ︽ᠬᠠᠮᠲᠤ ᠪᠠᠷ | ᠡᠳ᠋ᠯᠡᠬᠦ ᠰᠢᠭᠦᠬᠦ ᠲᠢᠩᠬᠢᠮ︾ ᠢ ᠣᠨᠴᠠ ᠲᠣᠬᠢᠷᠠᠭᠤᠯᠵᠤ᠂ 145 ᠨᠡᠷ᠎ᠡ ᠬᠠᠤᠯᠢ ᠪᠠᠷ ᠵᠠᠰᠠᠬᠤ ᠳᠠᠭᠠᠭᠤᠯᠤᠭᠴᠢ ᠶᠢ | ᠬᠥᠮᠥᠵᠢᠭᠦᠯᠵᠦ᠂ 10 ᠰᠠᠷ᠎ᠠ ᠠᠴᠠ ᠡᠬᠢᠯᠡᠨ ︽ᠬᠠᠮᠲᠤ ᠪᠠᠷ ᠡᠳ᠋ᠯᠡᠬᠦ ᠰᠢᠭᠦᠬᠦ ᠲᠢᠩᠬᠢᠮ︾ ᠢ ᠪᠦᠬᠦ ᠲᠠᠯ᠎ᠠ ᠪᠠᠷ | ᠬᠡᠷᠡᠭᠵᠢᠭᠦᠯᠦᠭᠰᠡᠨ ᠠᠴᠠ ᠨᠠᠰᠢ᠂ ︽ᠬᠠᠮᠲᠤ ᠪᠠᠷ ᠡᠳ᠋ᠯᠡᠬᠦ ᠰᠢᠭᠦᠬᠦ ᠲᠢᠩᠬᠢᠮ︾ ᠢ ᠬᠡᠷᠡᠭᠯᠡᠨ ᠨᠡᠶᠢᠳᠡ 1749 ᠬᠡᠷᠡᠭ ᠢ | ᠡᠶᠡᠳᠡᠭᠦᠯᠦᠨ ᠰᠢᠢᠳᠪᠦᠷᠢᠯᠡᠵᠦ᠂ ᠬᠠᠮᠲᠤ ᠪᠠᠷ ᠪᠠᠶᠢᠭᠤᠯᠵᠤ ᠬᠠᠮᠲᠤ ᠪᠠᠷ ᠵᠠᠰᠠᠬᠤ ᠬᠠᠮᠲᠤ ᠪᠠᠷ ᠡᠳ᠋ᠯᠡᠬᠦ ᠦᠨᠳᠦᠰᠦᠨ | ᠱᠠᠲᠤᠨ ᠤ ᠨᠡᠶᠢᠭᠡᠮ ᠤᠨ ᠵᠠᠰᠠᠯᠲᠠ ᠶᠢᠨ ᠰᠢᠨ᠎ᠡ ᠪᠠᠶᠢᠷᠢᠰᠢᠯ ᠢ ᠦᠨᠳᠦᠰᠦᠨ ᠳᠡᠭᠡᠨ ᠪᠦᠷᠢᠯᠳᠦᠭᠦᠯᠪᠡ᠃ 10 ᠰᠠᠷ᠎ᠠ ᠶᠢᠨ | 12 ᠤᠨ ᠡᠳᠦᠷ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠠᠤᠯᠢ ᠶᠢᠨ ᠤᠬᠠᠭᠠᠨ ᠤ ᠨᠡᠶᠢᠭᠡᠮᠯᠢᠭ ᠤᠨ | ᠵᠠᠭᠠᠯᠳᠤᠯᠭ᠎ᠠ ᠶᠢᠨ ᠢᠷᠡᠯᠲᠡ ᠶᠢᠨ ᠵᠠᠰᠠᠯᠲᠠ ᠶᠢ ᠪᠠᠶᠢᠭᠤᠯᠬᠤ ᠶᠡᠭᠡ ᠬᠤᠷᠠᠯ᠂ ᠤᠯᠠᠭᠠᠨᠬᠠᠳᠠ ᠶᠢᠨ ᠰᠢᠭᠦᠬᠦ ᠬᠤᠷᠢᠶ᠎ᠠ ᠶᠢᠨ | ᠰᠢᠰᠲ᠋ᠧᠮ ᠤᠨ ᠵᠠᠭᠠᠯᠳᠤᠯᠭ᠎ᠠ ᠶᠢᠨ ᠢᠷᠡᠯᠲᠡ ᠶᠢᠨ ᠵᠠᠰᠠᠯᠲᠠ ᠶᠢ ᠠᠬᠢᠭᠤᠯᠬᠤ ᠶᠡᠭᠡ ᠬᠤᠷᠠᠯ ᠬᠡᠰᠢᠭᠲᠡᠨ ᠬᠤᠰᠢᠭᠤᠨ ᠳᠤ | ᠬᠤᠷᠠᠯᠳᠤᠵᠤ᠂ ᠪᠥᠬᠦ ᠣᠷᠣᠨ ᠳᠤ ᠬᠡᠰᠢᠭᠲᠡᠨ ᠬᠤᠰᠢᠭᠤᠨ ᠤ ᠲᠤᠷᠰᠢᠯᠭ᠎ᠠ ᠶᠢ ᠲᠠᠨᠢᠯᠴᠠᠭᠤᠯᠤᠨ ᠳᠡᠯᠭᠡᠷᠡᠭᠦᠯᠪᠡ᠃ | ᠳᠠᠯᠠᠶᠢᠨᠠᠭᠤᠷ ᠤᠨ ᠠᠷᠠᠳ ᠤᠨ ᠰᠢᠭᠦᠬᠦ ᠲᠢᠩᠬᠢᠮ ᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠠᠤᠯᠢ ᠶᠢᠨ | ᠤᠬᠠᠭᠠᠨ ᠤ ᠨᠡᠶᠢᠭᠡᠮᠯᠢᠭ ᠠᠴᠠ ︽ᠵᠠᠭᠠᠯᠳᠤᠯᠭ᠎ᠠ ᠶᠢᠨ ᠢᠷᠡᠯᠲᠡ ᠶᠢ ᠵᠠᠰᠠᠬᠤ ᠦᠢᠯᠡᠳᠦᠯᠭᠡ ᠶᠢᠨ ᠰᠠᠭᠤᠷᠢᠨ︾ ᠬᠡᠮᠡᠨ | ᠴᠣᠯᠠᠯᠠᠵᠤ᠂ ᠤᠯᠠᠭᠠᠨᠬᠠᠳᠠ ᠬᠤᠳᠠ ᠶᠢᠨ ᠠᠷᠠᠳ ᠤᠨ ᠳᠤᠮᠳᠠ ᠵᠡᠷᠭᠡ ᠶᠢᠨ ᠰᠢᠭᠦᠬᠦ ᠬᠤᠷᠢᠶ᠎ᠠ ᠠᠴᠠ ︽ᠹᠧᠩ ᠴᠢᠶᠣᠣ ᠶᠢᠨ | ᠮᠠᠶ᠋ᠢᠭ ᠤᠨ ᠠᠷᠠᠳ ᠤᠨ ᠰᠢᠭᠦᠬᠦ ᠲᠢᠩᠬᠢᠮ ᠢ ᠪᠠᠶᠢᠭᠤᠯᠬᠤ ᠵᠢᠱᠢᠶ᠎ᠡ ᠦᠵᠡᠭᠦᠯᠬᠦ ᠨᠢᠭᠡᠴᠡ︾ ᠬᠡᠮᠡᠨ ᠴᠣᠯᠠᠯᠠᠪᠠ︔ | ᠵᠠᠭᠠᠯᠳᠤᠯᠭ᠎ᠠ ᠶᠢᠨ ᠢᠷᠡᠯᠲᠡ ᠶᠢ ᠵᠠᠰᠠᠬᠤ ᠠᠵᠢᠯ ᠨᠢ ᠠᠷᠠᠳ ᠤᠨ ᠳᠡᠭᠡᠳᠦ ᠰᠢᠭᠦᠬᠦ ᠬᠤᠷᠢᠶ᠎ᠠ ᠵᠢᠷᠭᠤᠳᠤᠭᠠᠷ ᠪᠦᠯᠦᠭ ᠤᠨ | ᠰᠢᠨ᠎ᠡ ᠴᠠᠭ ᠦᠶ᠎ᠡ ᠶᠢᠨ ᠠᠷᠠᠳ ᠤᠨ ᠰᠢᠭᠦᠬᠦ ᠲᠢᠩᠬᠢᠮ ᠤᠨ ᠪᠠᠶᠢᠭᠤᠯᠤᠯᠲᠠ ᠶᠢᠨ ᠵᠢᠯᠤᠭᠤᠳᠬᠤ ᠬᠡᠷᠡᠭ ᠤᠨ ᠵᠢᠱᠢᠶ᠎ᠡ ᠳᠤ | ᠰᠣᠩᠭᠤᠭᠳᠠᠪᠠ᠃ | ᠬᠤᠶᠠᠷ᠂ ᠬᠠᠤᠯᠢ ᠴᠠᠭᠠᠵᠠ ᠶᠢᠨ ᠡᠭᠦᠷᠭᠡᠯᠡᠯ ᠢ ᠴᠢᠩᠭᠠᠳᠬᠠᠵᠤ᠂ ᠠᠵᠤ ᠠᠬᠤᠢ ᠶᠢᠨ ᠴᠢᠨᠠᠷ ᠰᠠᠶᠢᠲᠠᠢ | ᠬᠥᠭᠵᠢᠯᠲᠡ ᠳᠤ ᠬᠦᠴᠦᠨ ᠨᠡᠮᠡᠷᠢᠯᠡᠪᠡ | ᠬᠠᠤᠯᠢ ᠪᠠᠷ ᠵᠠᠰᠠᠭᠰᠠᠨ ᠠᠷᠠᠯᠵᠢᠶ᠎ᠠ ᠡᠵᠡᠩᠨᠡᠯᠲᠡ ᠶᠢᠨ ᠣᠷᠴᠢᠨ ᠨᠥᠬᠦᠴᠡᠯ ᠢ ᠬᠠᠤᠯᠢ ᠶᠣᠰᠣᠭᠠᠷ ᠪᠠᠲᠤᠯᠠᠪᠠ᠃ | ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠲᠤᠤᠱᠯᠠᠭᠤᠯᠵᠤ᠂ ᠠᠵᠤ ᠠᠬᠤᠢ ᠶᠢᠨ ᠬᠥᠭᠵᠢᠯᠲᠡ ᠯᠦᠭᠡ ᠨᠢᠭᠲᠠ | ᠬᠤᠯᠪᠣᠭ᠎ᠠ ᠲᠠᠢ ᠢᠷᠭᠡᠨ ᠤ ᠪᠠ ᠬᠤᠳᠠᠯᠳᠤᠭᠠᠨ ᠤ ᠶᠠᠪᠤᠳᠠᠯ ᠤᠨ ᠬᠡᠷᠡᠭ ᠢ 6195 ᠬᠤᠪᠢ ᠰᠢᠭᠦᠨ ᠳᠠᠭᠤᠰᠬᠠᠵᠤ᠂ | ᠬᠠᠷᠠᠯᠲᠠ ᠪᠣᠳᠠᠰ ᠤᠨ ᠲᠤᠭ᠎ᠠ ᠨᠢ 4.5 ᠳ᠋ᠦᠩᠰᠢᠭᠤᠷ ᠲᠥᠭᠦᠷᠢᠭ ᠲᠤ ᠬᠦᠷᠴᠦ᠂ ᠵᠠᠬ᠎ᠠ ᠳᠡᠯᠭᠡᠭᠦᠷ ᠤᠨ ᠠᠵᠤ ᠠᠬᠤᠢ ᠶᠢᠨ | ᠡᠮᠬᠢ ᠵᠢᠷᠤᠮ ᠢ ᠬᠠᠮᠠᠭᠠᠯᠠᠪᠠ᠃ ᠵᠠᠬ᠎ᠠ ᠳᠡᠯᠭᠡᠭᠦᠷ ᠤᠨ ᠪᠡᠶᠡᠴᠢ ᠴᠣᠭᠴᠠ ᠶᠢ ᠬᠠᠤᠯᠢ ᠶᠣᠰᠣᠭᠠᠷ ᠡᠷᠬᠡ ᠲᠡᠭᠰᠢ ᠪᠠᠷ | ᠬᠠᠮᠠᠭᠠᠯᠠᠵᠤ᠂ ᠠᠷᠠᠯᠵᠢᠶ᠎ᠠ ᠬᠤᠳᠠᠯᠳᠤᠭ᠎ᠠ ᠶᠢᠨ ᠭᠡᠷ᠎ᠡ᠂ ᠳᠠᠭᠠᠭᠠᠴᠢᠯᠠᠬᠤ ᠭᠡᠷ᠎ᠡ᠂ ᠪᠠᠷᠢᠯᠭ᠎ᠠ ᠶᠢᠨ ᠠᠵᠢᠯ ᠤᠨ ᠭᠡᠷ᠎ᠡ ᠵᠡᠷᠭᠡ | ᠵᠢᠭᠤᠷᠠᠯᠳᠤᠭᠠᠨ ᠤ ᠬᠡᠷᠡᠭ ᠢ 455 ᠬᠤᠪᠢ ᠰᠢᠭᠦᠨ ᠳᠠᠭᠤᠰᠬᠠᠵᠤ᠂ ᠭᠡᠷ᠎ᠡ ᠶᠢᠨ ᠡᠷᠬᠡ ᠴᠢᠯᠦᠭᠡ ᠶᠢ ᠬᠦᠨᠳᠦᠳᠬᠡᠵᠦ᠂ | ᠰᠣᠯᠢᠯᠴᠠᠭ᠎ᠠ ᠶᠢᠨ ᠲᠥᠪ ᠭᠤᠣᠯᠴᠢ ᠶᠢ ᠬᠠᠮᠠᠭᠠᠯᠠᠵᠤ᠂ ᠵᠠᠬ᠎ᠠ ᠳᠡᠯᠭᠡᠭᠦᠷ ᠤᠨ ᠬᠥᠳᠡᠯᠭᠡᠭᠴᠢ ᠬᠦᠴᠦᠨ ᠪᠠ ᠠᠮᠢᠵᠢᠷᠠᠯ ᠤᠨ | ᠬᠦᠴᠦᠨ ᠢ ᠴᠢᠩᠭᠠᠳᠬᠠᠪᠠ᠃ ᠠᠷᠠᠳ ᠠᠴᠠ ᠡᠵᠡᠩᠨᠡᠭᠰᠡᠨ ᠠᠵᠤ ᠠᠬᠤᠢ ᠶᠢᠨ ᠪᠡᠶᠡᠴᠢ ᠴᠣᠭᠴᠠ ᠶᠢᠨ ᠬᠠᠤᠯᠢ ᠶᠣᠰᠣᠨ ᠤ | ᠡᠷᠬᠡ ᠠᠰᠢᠭ ᠤᠨ ᠬᠠᠮᠠᠭᠠᠯᠠᠯᠲᠠ ᠶᠢ ᠴᠢᠩᠭᠠᠳᠬᠠᠵᠤ᠂ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠳᠤ ᠬᠤᠯᠪᠣᠭᠳᠠᠭᠰᠠᠨ | ᠵᠢᠭᠤᠷᠠᠯᠳᠤᠭᠠᠨ ᠤ ᠬᠡᠷᠡᠭ ᠢ 2398 ᠬᠤᠪᠢ ᠰᠢᠭᠦᠨ ᠳᠠᠭᠤᠰᠬᠠᠵᠤ᠂ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠤᠨ | ᠬᠠᠤᠯᠢ ᠪᠠᠷ ᠵᠠᠰᠠᠬᠤ ᠵᠠᠮ ᠢᠶᠠᠷ ᠡᠷᠡᠭᠦᠯ ᠢᠶᠠᠷ ᠬᠥᠭᠵᠢᠬᠦ ᠶᠢ ᠠᠬᠢᠭᠤᠯᠪᠠ᠃ ᠡᠯ᠎ᠡ ᠲᠦᠷᠦᠯ ᠤᠨ ᠮᠥᠩᠭᠦᠨ ᠭᠦᠢᠯᠭᠡᠭᠡᠨ ᠤ | ᠠᠵᠢᠯᠯᠠᠭ᠎ᠠ ᠶᠢ ᠬᠥᠲᠥᠯᠥᠨ ᠵᠢᠯᠣᠭᠤᠳᠤᠨ ᠵᠢᠷᠤᠮᠵᠢᠭᠤᠯᠵᠤ᠂ ᠮᠥᠩᠭᠦᠨ ᠭᠦᠢᠯᠭᠡᠭᠡᠨ ᠤ ᠵᠢᠭᠡᠯᠡᠯᠭᠡ ᠵᠡᠷᠭᠡ ᠮᠥᠩᠭᠦᠨ | ᠭᠦᠢᠯᠭᠡᠭᠡᠨ ᠤ ᠲᠦᠷᠦᠯ ᠤᠨ ᠬᠡᠷᠡᠭ ᠢ 658 ᠬᠤᠪᠢ ᠰᠢᠭᠦᠨ ᠳᠠᠭᠤᠰᠬᠠᠵᠤ᠂ ᠬᠤᠳᠠᠯᠳᠤᠭ᠎ᠠ ᠡᠵᠡᠩᠨᠡᠬᠦ ᠣᠷᠴᠢᠨ | ᠨᠥᠬᠦᠴᠡᠯ ᠢ ᠰᠢᠯᠢᠳᠡᠭᠵᠢᠭᠦᠯᠬᠦ ᠳᠤ ᠬᠠᠤᠯᠢ ᠴᠠᠭᠠᠵᠠ ᠶᠢᠨ ᠬᠦᠴᠦᠲᠡᠢ ᠳᠡᠮᠵᠢᠯᠭᠡ ᠬᠠᠩᠭᠠᠪᠠ᠃ | ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢ ᠬᠠᠤᠯᠢ ᠶᠣᠰᠣᠭᠠᠷ ᠬᠠᠮᠠᠭᠠᠯᠠᠪᠠ᠃ ᠠᠮᠢ ᠠᠬᠤᠢ ᠶᠢᠨ ᠣᠷᠴᠢᠨ | ᠨᠥᠬᠦᠴᠡᠯ ᠢ ᠡᠪᠳᠡᠭᠰᠡᠨ ᠶᠠᠯᠠᠲᠤ ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠦ᠂ ᠬᠤᠪᠣᠷ ᠴᠤᠬᠠᠭ᠂ ᠤᠰᠠᠳᠬᠤ | ᠰᠢᠬᠠᠭᠰᠠᠨ ᠵᠡᠷᠯᠢᠭ ᠠᠮᠢᠳᠠᠨ ᠢ ᠬᠠᠤᠯᠢ ᠪᠤᠰᠤ ᠪᠠᠷ ᠠᠩᠨᠠᠭᠰᠠᠨ᠂ ᠠᠯᠠᠵᠤ ᠬᠥᠨᠥᠭᠡᠭᠰᠡᠨ᠂ ᠡᠷᠲᠡᠨ ᠤ ᠰᠣᠶᠣᠯ ᠤᠨ | ᠦᠯᠡᠳᠡᠭᠳᠡᠯ ᠢ ᠬᠤᠯᠠᠭᠠᠶᠢᠯᠠᠨ ᠠᠭᠤᠳᠠᠯᠯᠠᠭᠰᠠᠨ᠂ ᠤᠢ ᠮᠣᠳᠣ ᠶᠢ ᠬᠤᠯᠠᠭᠠᠶᠢᠯᠠᠨ ᠣᠭᠲᠣᠯᠬᠤ ᠪᠠ ᠳᠤᠷ᠎ᠠ ᠪᠠᠷ ᠢᠶᠠᠨ | ᠣᠭᠲᠣᠯᠣᠭᠰᠠᠨ᠂ ᠲᠠᠷᠢᠶᠠᠯᠠᠩ ᠳᠤ ᠬᠡᠷᠡᠭᠯᠡᠬᠦ ᠭᠠᠵᠠᠷ ᠢ ᠬᠠᠤᠯᠢ ᠪᠤᠰᠤ ᠪᠠᠷ ᠡᠵᠡᠯᠡᠨ ᠬᠡᠷᠡᠭᠯᠡᠭᠰᠡᠨ ᠵᠡᠷᠭᠡ ᠠᠮᠢ ᠠᠬᠤᠢ ᠶᠢᠨ | ᠣᠷᠴᠢᠨ ᠨᠥᠬᠦᠴᠡᠯ ᠳᠤ ᠬᠤᠣᠷ ᠬᠥᠨᠥᠭᠡᠯ ᠤᠴᠠᠷᠠᠭᠤᠯᠤᠭᠰᠠᠨ 8 ᠶᠠᠯᠠᠲᠤ ᠬᠡᠷᠡᠭ ᠢ ᠬᠠᠤᠯᠢ ᠶᠣᠰᠣᠭᠠᠷ ᠰᠢᠢᠳᠬᠡᠵᠦ᠂ 97. | 3 ᠲᠦᠮᠡᠨ ᠲᠥᠭᠦᠷᠢᠭ ᠢᠶᠠᠷ ᠲᠣᠷᠭᠠᠬᠤ ᠪᠠᠷ ᠰᠢᠢᠳᠬᠡᠪᠡ᠃ ᠵᠢᠭᠤᠯᠴᠢᠯᠠᠯ ᠤᠨ ᠠᠵᠤ ᠦᠢᠯᠡᠰ ᠤᠨ ᠰᠠᠶᠢᠨ ᠬᠥᠭᠵᠢᠯᠲᠡ ᠶᠢ | ᠪᠠᠲᠤᠯᠠᠬᠤ ᠳᠤ ᠦᠢᠯᠡᠴᠢᠯᠡᠵᠦ᠂ ᠵᠢᠭᠤᠯᠴᠢᠯᠠᠯ ᠤᠨ ᠤᠯᠠᠷᠢᠯ ᠳᠤ ᠲᠣᠭᠤᠷᠢᠨ ᠰᠢᠭᠦᠬᠦ ᠲᠢᠩᠬᠢᠮ ᠲᠣᠮᠢᠯᠠᠨ ᠵᠢᠭᠤᠯᠴᠢᠯᠠᠯ ᠤᠨ | ᠵᠢᠭᠤᠷᠠᠯᠳᠤᠭᠠᠨ ᠤ ᠬᠡᠷᠡᠭ ᠢ ᠰᠢᠭᠦᠵᠦ᠂ ᠪᠦᠬᠦ ᠵᠢᠯ ᠳᠤ ᠵᠢᠭᠤᠯᠴᠢᠯᠠᠯ ᠤᠨ ᠵᠢᠭᠤᠷᠠᠯᠳᠤᠭᠠᠨ ᠤ ᠬᠡᠷᠡᠭ ᠢ 142 ᠬᠤᠪᠢ | ᠰᠢᠭᠦᠵᠦ ᠳᠠᠭᠤᠰᠬᠠᠵᠤ᠂ ᠤᠯᠠᠭᠠᠨᠪᠤᠲᠤᠩ ᠤᠨ ᠠᠷᠠᠳ ᠤᠨ ᠰᠢᠭᠦᠬᠦ ᠲᠢᠩᠬᠢᠮ ᠨᠢ ᠪᠥᠬᠦ ᠬᠤᠲᠠ ᠶᠢᠨ ᠴᠣᠷ ᠤᠨ ᠭᠠᠭᠴᠠ | ᠵᠢᠭᠤᠯᠴᠢᠯᠠᠯ ᠤᠨ ᠣᠨᠴᠠᠯᠢᠭᠲᠤ ᠰᠢᠭᠦᠬᠦ ᠲᠢᠩᠬᠢᠮ ᠢᠶᠠᠷ ᠦᠨᠡᠯᠡᠭᠳᠡᠪᠡ᠃ ᠣᠷᠴᠢᠨ ᠲᠣᠭᠤᠷᠢᠨ ᠤ ᠬᠠᠮᠠᠭᠠᠯᠠᠯᠲᠠ ᠳᠤ | ᠬᠤᠯᠪᠣᠭᠳᠠᠭᠰᠠᠨ ᠬᠡᠷᠡᠭ ᠢ ᠰᠢᠭᠦᠨ ᠰᠢᠢᠳᠪᠦᠷᠢᠯᠡᠬᠦ ᠠᠵᠢᠯ ᠢ ᠴᠢᠩᠭᠠᠳᠬᠠᠵᠤ᠂ ᠣᠶ ᠰᠢᠭᠤᠢ ᠨᠤᠲᠤᠭ ᠪᠡᠯᠴᠢᠭᠡᠷ ᠲᠤ | ᠬᠤᠯᠪᠣᠭᠳᠠᠭᠰᠠᠨ ᠬᠠᠮᠢᠶ᠎ᠠ ᠪᠦᠬᠦᠢ ᠬᠡᠷᠡᠭ ᠢ ᠵᠣᠬᠢᠰᠲᠠᠢ ᠰᠢᠢᠳᠪᠦᠷᠢᠯᠡᠵᠦ᠂ ᠳᠠᠯᠠᠶᠢᠨᠠᠭᠤᠷ ᠤᠨ ᠠᠷᠠᠳ ᠤᠨ ᠰᠢᠭᠦᠬᠦ | ᠲᠢᠩᠬᠢᠮ ᠳᠤ ᠪᠥᠬᠦ ᠬᠤᠲᠠ ᠶᠢᠨ ᠠᠩᠬᠠᠳᠠᠭᠴᠢ ︽ᠣᠷᠴᠢᠨ ᠲᠣᠭᠤᠷᠢᠨ ᠤ ᠡᠬᠢ ᠪᠠᠶᠠᠯᠢᠭ ᠤᠨ ᠰᠢᠭᠦᠬᠦ ᠲᠢᠩᠬᠢᠮ︾ ᠤᠨ | ᠢᠯᠡᠷᠬᠡᠶᠢᠯᠡᠯ ᠡᠯᠭᠦᠨ ᠪᠠᠶᠢᠭᠤᠯᠵᠤ᠂ ᠳᠠᠯᠠᠶᠢᠨᠠᠭᠤᠷ ᠤᠨ ᠤᠯᠤᠰ ᠤᠨ ᠲᠠᠰ ᠤᠨ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ᠂ | ᠪᠠᠶ᠋ᠬᠠᠣᠪᠣᠭ᠎ᠠ ᠶᠢᠨ ᠤᠯᠤᠰ ᠤᠨ ᠲᠠᠰ ᠤᠨ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠳᠤ 2 ︽ᠣᠶ ᠰᠢᠭᠤᠢ ᠨᠤᠲᠤᠭ | ᠪᠡᠯᠴᠢᠭᠡᠷ ᠤᠨ ᠠᠮᠢ ᠠᠬᠤᠢ ᠶᠢᠨ ᠣᠷᠴᠢᠨ ᠲᠣᠭᠤᠷᠢᠨ ᠤ ᠬᠠᠤᠯᠢ ᠴᠠᠭᠠᠵᠠ ᠶᠢᠨ ᠬᠠᠮᠠᠭᠠᠯᠠᠯᠲᠠ ᠶᠢᠨ ᠰᠠᠭᠤᠷᠢᠨ ᠭᠠᠵᠠᠷ︾ | ᠤᠨ ᠢᠯᠡᠷᠬᠡᠶᠢᠯᠡᠯ ᠡᠯᠭᠦᠨ ᠪᠠᠶᠢᠭᠤᠯᠵᠤ᠂ ᠠᠮᠢ ᠠᠬᠤᠢ ᠶᠢᠨ ᠬᠠᠮᠠᠭᠠᠯᠠᠯᠲᠠ ᠶᠢᠨ ᠬᠤᠰᠢᠭᠤᠨ ᠤ ᠪᠦᠲᠦᠭᠡᠨ | ᠪᠠᠶᠢᠭᠤᠯᠤᠯᠲᠠ ᠶᠢ ᠪᠥᠬᠦ ᠬᠦᠴᠦᠨ ᠢᠶᠠᠷ ᠢᠶᠠᠨ ᠬᠠᠮᠠᠭᠠᠯᠠᠪᠠ᠃ | ᠬᠠᠤᠯᠢ ᠪᠠᠷ ᠵᠠᠰᠠᠭᠰᠠᠨ ᠵᠠᠰᠠᠭ ᠤᠨ ᠣᠷᠳᠣᠨ ᠤ ᠪᠠᠶᠢᠭᠤᠯᠤᠯᠲᠠ ᠳᠤ ᠬᠠᠤᠯᠢ ᠶᠣᠰᠣᠭᠠᠷ ᠦᠢᠯᠡᠴᠢᠯᠡᠪᠡ᠃ ᠵᠠᠰᠠᠭ | ᠵᠠᠬᠢᠷᠭᠠᠨ ᠤ ᠬᠠᠷᠢᠴᠠᠩᠭᠤᠢ ᠬᠥᠮᠥᠨ ᠤ ᠬᠠᠤᠯᠢ ᠶᠣᠰᠣᠨ ᠤ ᠡᠷᠬᠡ ᠠᠰᠢᠭ ᠢ ᠬᠠᠮᠠᠭᠠᠯᠠᠵᠤ᠂ ᠵᠠᠰᠠᠭ ᠵᠠᠬᠢᠷᠭᠠᠨ ᠤ ᠡᠷᠬᠡ ᠶᠢᠨ | ᠠᠵᠢᠯᠯᠠᠭᠠᠨ ᠳᠤ ᠬᠢᠨᠠᠯᠲᠠ ᠲᠠᠯᠪᠢᠵᠤ᠂ ᠪᠦᠬᠦ ᠵᠢᠯ ᠳᠤ ᠵᠠᠰᠠᠭ ᠵᠠᠬᠢᠷᠭᠠᠨ ᠤ ᠵᠠᠷᠭᠤ ᠶᠢᠨ ᠬᠡᠷᠡᠭ ᠢ 72 ᠬᠤᠪᠢ ᠰᠢᠨ᠎ᠡ ᠪᠠᠷ | ᠬᠦᠯᠢᠶᠡᠨ ᠠᠪᠤᠪᠠ᠃ ᠵᠠᠷᠭᠤ ᠶᠢᠨ ᠪᠤᠰᠤ ᠵᠠᠰᠠᠭ ᠵᠠᠬᠢᠷᠭᠠᠨ ᠤ ᠭᠦᠢᠴᠡᠳᠬᠡᠬᠦ ᠠᠵᠢᠯ ᠢ ᠴᠢᠩᠭᠠᠳᠬᠠᠵᠤ᠂ ᠵᠠᠷᠭᠤ ᠶᠢᠨ ᠪᠤᠰᠤ | ᠵᠠᠰᠠᠭ ᠵᠠᠬᠢᠷᠭᠠᠨ ᠤ ᠭᠦᠢᠴᠡᠳᠬᠡᠬᠦ ᠬᠡᠷᠡᠭ ᠢ 15 ᠬᠤᠪᠢ ᠬᠢᠨᠠᠨ ᠪᠠᠶᠢᠴᠠᠭᠠᠵᠤ᠂ 15 ᠬᠤᠪᠢ ᠭᠦᠢᠴᠡᠳᠬᠡᠬᠦ ᠶᠢ | ᠵᠥᠪᠰᠢᠶᠡᠷᠡᠬᠦ ᠲᠣᠭᠲᠠᠭᠠᠯᠲᠠ ᠭᠠᠷᠭᠠᠪᠠ᠃ ᠵᠠᠰᠠᠭ ᠵᠠᠬᠢᠷᠭᠠᠨ ᠤ ᠪᠠᠶᠢᠭᠤᠯᠤᠯᠭ᠎ᠠ ᠶᠢᠨ ᠬᠠᠷᠢᠭᠤᠴᠠᠯᠭᠠᠲᠠᠨ ᠤ ᠰᠢᠭᠦᠯᠲᠡ ᠳᠤ | ᠣᠷᠣᠯᠴᠠᠵᠤ ᠵᠠᠷᠭᠤ ᠬᠦᠯᠢᠶᠡᠬᠦ ᠠᠵᠢᠯ ᠢ ᠢᠳᠡᠪᠬᠢᠲᠡᠢ ᠪᠠᠷ ᠠᠬᠢᠭᠤᠯᠵᠤ᠂ ᠵᠠᠰᠠᠭ ᠵᠠᠬᠢᠷᠭᠠᠨ ᠤ ᠪᠠᠶᠢᠭᠤᠯᠤᠯᠭ᠎ᠠ ᠳᠤ | ᠰᠢᠭᠦᠯᠲᠡ ᠳᠤ ᠣᠷᠣᠯᠴᠠᠬᠤ ᠮᠡᠳᠡᠭᠳᠡᠯ ᠤᠨ ᠪᠢᠴᠢᠭ ᠢ 68 ᠬᠤᠪᠢ ᠲᠠᠷᠬᠠᠭᠠᠪᠠ᠃ ᠵᠠᠷᠭᠤ ᠶᠢᠨ ᠬᠡᠷᠡᠭ ᠤᠨ ᠳᠤᠮᠳᠠ | ᠲᠤᠰᠬᠠᠭᠰᠠᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠶᠠᠪᠤᠴᠠ ᠳᠤ ᠣᠷᠣᠰᠢᠵᠤ ᠪᠠᠶᠢᠭ᠎ᠠ ᠠᠰᠠᠭᠤᠳᠠᠯ ᠳᠤ ᠴᠢᠭᠯᠡᠭᠦᠯᠦᠨ᠂ | ︽ᠵᠠᠰᠠᠭ ᠵᠠᠬᠢᠷᠭᠠᠨ ᠤ ᠰᠢᠭᠦᠨ ᠲᠠᠰᠤᠯᠤᠯᠲᠠ ᠶᠢᠨ ᠴᠠᠭᠠᠨ ᠭᠠᠳᠠᠷᠲᠤ ᠪᠢᠴᠢᠭ︾ ︽ᠭᠡᠷ ᠪᠠᠶᠢᠰᠢᠩ ᠭᠠᠵᠠᠷ ᠰᠢᠷᠣᠢ ᠶᠢᠨ | ᠬᠥᠷᠥᠩᠭᠡ ᠶᠢᠨ ᠬᠡᠷᠡᠭ ᠤᠨ ᠰᠢᠭᠦᠨ ᠲᠠᠰᠤᠯᠤᠯᠲᠠ ᠶᠢᠨ ᠴᠠᠭᠠᠨ ᠭᠠᠳᠠᠷᠲᠤ ᠪᠢᠴᠢᠭ︾ ᠢ 1 ᠤᠳᠠᠭ᠎ᠠ ᠨᠡᠶᠢᠲᠡᠯᠡᠵᠦ᠂ ᠵᠠᠰᠠᠭ | ᠵᠠᠬᠢᠷᠭᠠᠨ ᠤ ᠪᠠᠶᠢᠭᠤᠯᠤᠯᠭ᠎ᠠ ᠳᠤ 20 ᠤᠳᠠᠭ᠎ᠠ ᠬᠠᠤᠯᠢ ᠴᠠᠭᠠᠵᠠ ᠶᠢᠨ ᠰᠠᠨᠠᠭᠤᠯᠭ᠎ᠠ ᠭᠠᠷᠭᠠᠵᠤ᠂ ᠬᠠᠤᠯᠢ ᠴᠠᠭᠠᠵᠠ ᠪᠠ | ᠵᠠᠰᠠᠭ ᠵᠠᠬᠢᠷᠭᠠᠨ ᠤ ᠰᠠᠶᠢᠨ ᠨᠥᠬᠦᠴᠡᠯᠳᠦᠯ ᠢ ᠠᠬᠢᠭᠤᠯᠪᠠ᠃ | ᠭᠤᠷᠪᠠ᠂ ᠠᠷᠠᠳ ᠤᠨ ᠲᠥᠯᠥᠭᠡ ᠵᠢᠳᠬᠦᠬᠦ ᠵᠣᠷᠢᠯᠲᠠ ᠶᠢ ᠦᠢᠯᠡᠳᠦᠯᠭᠡᠵᠢᠭᠦᠯᠵᠦ᠂ ᠬᠠᠤᠯᠢ ᠴᠠᠭᠠᠵᠠ ᠶᠢᠨ | ᠦᠢᠯᠡᠴᠢᠯᠡᠭᠡᠨ ᠤ ᠵᠣᠬᠢᠴᠠᠮᠵᠢ ᠶᠢᠨ ᠰᠢᠨ᠎ᠡ ᠶᠢ ᠡᠭᠦᠳᠪᠡ | ᠵᠠᠷᠭᠤ ᠶᠢᠨ ᠦᠢᠯᠡᠴᠢᠯᠡᠭᠡ ᠶᠢ ᠪᠦᠬᠦ ᠲᠠᠯ᠎ᠠ ᠪᠠᠷ ᠰᠢᠯᠢᠳᠡᠭᠵᠢᠭᠦᠯᠪᠡ᠃ ᠵᠠᠷᠭᠤ ᠶᠢᠨ ᠦᠢᠯᠡᠴᠢᠯᠡᠭᠡ ᠶᠢᠨ ᠲᠥᠪ ᠤᠨ | ᠪᠠᠶᠢᠭᠤᠯᠤᠯᠲᠠ ᠶᠢ ᠲᠡᠭᠦᠯᠳᠡᠷᠵᠢᠭᠦᠯᠵᠦ᠂ ᠬᠡᠷᠡᠭ ᠪᠣᠯᠭᠠᠨ ᠳᠠᠩᠰᠠᠯᠠᠬᠤ ᠳᠠᠩᠰᠠᠯᠠᠯᠲᠠ ᠶᠢᠨ ᠳᠦᠷᠢᠮ ᠤᠨ ᠱᠠᠭᠠᠷᠳᠠᠯᠭ᠎ᠠ ᠶᠢ | ᠴᠢᠩᠭ᠎ᠠ ᠬᠡᠷᠡᠭᠵᠢᠭᠦᠯᠵᠦ᠂ ᠬᠡᠷᠡᠭ ᠪᠣᠯᠭᠠᠨ ᠳᠠᠩᠰᠠᠯᠠᠬᠤ ᠬᠡᠪᠴᠢᠶ᠎ᠡ ᠶᠢ ᠲᠣᠳᠣᠷᠬᠠᠶᠢᠯᠠᠵᠤ᠂ ᠳᠠᠩᠰᠠᠯᠠᠬᠤ ᠶᠠᠪᠤᠴᠠ ᠶᠢ | ᠵᠢᠷᠤᠮᠵᠢᠭᠤᠯᠵᠤ᠂ ᠬᠠᠤᠯᠢ ᠶᠣᠰᠣᠭᠠᠷ ᠬᠦᠯᠢᠶᠡᠨ ᠠᠪᠴᠤ ᠰᠢᠢᠳᠪᠦᠷᠢᠯᠡᠬᠦ ᠶᠣᠰᠣᠲᠠᠢ 10952 ᠬᠡᠷᠡᠭ ᠢ ᠲᠤᠬᠠᠢ ᠶᠢᠨ | ᠲᠠᠯᠠᠪᠤᠷ ᠲᠤᠨᠢ ᠳᠠᠩᠰᠠᠯᠠᠨ ᠬᠡᠷᠡᠭ ᠪᠣᠯᠭᠠᠨ ᠳᠠᠩᠰᠠᠯᠠᠪᠠ᠃ ᠵᠠᠷᠭᠤ ᠶᠢᠨ ᠦᠢᠯᠡᠴᠢᠯᠡᠭᠡ ᠶᠢᠨ ᠠᠷᠭ᠎ᠠ ᠮᠠᠶ᠋ᠢᠭ ᠢ ᠥᠷᠭᠡᠳᠬᠡᠵᠦ | ᠂ ᠰᠦᠯᠵᠢᠶᠡᠨ ᠳᠡᠭᠡᠷ᠎ᠡ ᠬᠡᠷᠡᠭ ᠪᠣᠯᠭᠠᠨ ᠳᠠᠩᠰᠠᠯᠠᠬᠤ᠂ ᠣᠷᠣᠨ ᠪᠦᠰᠡ ᠠᠯᠤᠰᠯᠠᠨ ᠬᠡᠷᠡᠭ ᠪᠣᠯᠭᠠᠨ ᠳᠠᠩᠰᠠᠯᠠᠬᠤ ᠠᠵᠢᠯ ᠢ | ᠥᠷᠨᠢᠭᠦᠯᠵᠦ᠂ ᠪᠦᠬᠦ ᠵᠢᠯ ᠳᠤ ᠰᠦᠯᠵᠢᠶᠡᠨ ᠳᠡᠭᠡᠷ᠎ᠡ ᠬᠡᠷᠡᠭ ᠪᠣᠯᠭᠠᠨ ᠳᠠᠩᠰᠠᠯᠠᠭᠰᠠᠨ᠂ ᠣᠷᠣᠨ ᠪᠦᠰᠡ ᠠᠯᠤᠰᠯᠠᠨ ᠬᠡᠷᠡᠭ | ᠪᠣᠯᠭᠠᠨ ᠳᠠᠩᠰᠠᠯᠠᠭᠰᠠᠨ ᠨᠢ 1808 ᠬᠤᠪᠢ ᠪᠣᠢ᠃ ᠵᠠᠷᠭᠤ ᠶᠢᠨ ᠦᠢᠯᠡᠴᠢᠯᠡᠭᠡ ᠶᠢᠨ ᠲᠥᠪ ᠤᠨ ᠴᠢᠳᠠᠮᠵᠢ ᠶᠢ | ᠲᠡᠭᠦᠯᠳᠡᠷᠵᠢᠭᠦᠯᠵᠦ᠂ ᠴᠣᠩᠬᠤᠪᠴᠢ ᠪᠠᠷ ᠬᠦᠯᠢᠶᠡᠨ ᠠᠪᠬᠤ᠂ ᠳᠡᠯᠭᠡᠴᠡ ᠵᠡᠷᠭᠡ ᠬᠡᠯᠪᠡᠷᠢ ᠪᠠᠷ ᠳᠠᠮᠵᠢᠭᠤᠯᠤᠨ ᠲᠤᠬᠠᠢ ᠶᠢᠨ | ᠬᠥᠮᠥᠨ ᠳᠤ ᠳᠠᠭᠠᠭᠠᠨ ᠰᠢᠢᠳᠪᠦᠷᠢᠯᠡᠬᠦ ᠰᠢᠭᠦᠭᠴᠢ᠂ ᠰᠢᠭᠦᠨ ᠲᠠᠰᠤᠯᠬᠤ ᠵᠣᠬᠢᠶᠠᠨ ᠪᠠᠶᠢᠭᠤᠯᠤᠯᠲᠠ᠂ ᠬᠡᠷᠡᠭ ᠤᠨ ᠠᠯᠬᠤᠮ | ᠳᠠᠷᠠᠭᠠᠯᠠᠯ ᠵᠡᠷᠭᠡ ᠮᠡᠳᠡᠭᠡ ᠵᠠᠩᠭᠢ ᠶᠢ ᠪᠠᠶᠢᠴᠠᠭᠠᠨ ᠯᠠᠪᠯᠠᠬᠤ ᠦᠢᠯᠡᠴᠢᠯᠡᠭᠡ ᠬᠠᠩᠭᠠᠪᠠ᠃ ᠲᠤᠬᠠᠢ ᠶᠢᠨ ᠬᠥᠮᠥᠨ ᠤ | ᠵᠠᠷᠭᠤᠯᠳᠤᠭᠠᠨ ᠤ ᠵᠢᠯᠣᠭᠤᠳᠤᠯᠭ᠎ᠠ ᠶᠢ ᠴᠢᠩᠭᠠᠳᠬᠠᠵᠤ᠂ ᠵᠠᠷᠭᠤᠯᠳᠤᠭᠠᠨ ᠤ ᠲᠦᠭᠰᠢᠭᠦᠷᠢ ᠶᠢ ᠰᠠᠨᠠᠭᠤᠯᠬᠤ ᠪᠠ ᠬᠠᠤᠯᠢ | ᠴᠠᠭᠠᠵᠠ ᠶᠢ ᠲᠠᠶᠢᠯᠪᠤᠷᠢᠯᠠᠨ ᠲᠣᠳᠣᠷᠬᠠᠶᠢᠯᠠᠬᠤ ᠵᠡᠷᠭᠡ ᠠᠵᠢᠯ ᠢ ᠰᠠᠶᠢᠲᠤᠷ ᠬᠢᠵᠦ᠂ ᠪᠦᠬᠦ ᠵᠢᠯ ᠳᠤ ᠲᠤᠬᠠᠢ ᠶᠢᠨ ᠬᠥᠮᠥᠨ ᠢ | 30000 ᠭᠠᠷᠤᠢ ᠬᠥᠮᠥᠨ ᠤᠳᠠᠭ᠎ᠠ ᠬᠦᠯᠢᠶᠡᠨ ᠠᠪᠤᠪᠠ᠃ | ᠬᠠᠤᠯᠢ ᠴᠠᠭᠠᠵᠠ ᠪᠠᠷ ᠠᠷᠠᠳ ᠤᠨ ᠠᠮᠢᠳᠤᠷᠠᠯ ᠢ ᠪᠠᠲᠤᠯᠠᠬᠤ ᠶᠢ ᠴᠢᠬᠤᠯᠠᠴᠢᠯᠠᠪᠠ᠃ ᠠᠷᠠᠳ ᠤᠯᠠᠨ ᠤ ᠠᠮᠤᠷ | ᠲᠦᠪᠰᠢᠨ ᠠᠵᠤ ᠲᠦᠷᠦᠭᠦ ᠶᠢ ᠪᠠᠲᠤᠯᠠᠬᠤ ᠶᠢ ᠰᠢᠭᠦᠬᠦ ᠬᠤᠷᠢᠶ᠎ᠠ ᠶᠢᠨ ᠠᠵᠢᠯ ᠤᠨ ᠦᠨᠳᠦᠰᠦᠨ ᠬᠠᠷᠠᠯᠲᠠ ᠪᠣᠯᠭᠠᠬᠤ ᠶᠢ | ᠪᠠᠷᠢᠮᠲᠠᠯᠠᠵᠤ᠂ ᠠᠷᠠᠳ ᠤᠯᠠᠨ ᠤ ᠬᠠᠮᠤᠭ ᠠᠴᠠ ᠰᠡᠳᠬᠢᠯ ᠲᠠᠯᠪᠢᠵᠤ ᠪᠠᠶᠢᠭ᠎ᠠ ᠬᠠᠮᠤᠭ ᠤᠨ ᠰᠢᠭᠤᠳ ᠬᠠᠮᠤᠭ ᠤᠨ ᠪᠣᠳᠠᠲᠠᠢ | ᠠᠰᠢᠭ ᠲᠤᠰᠠ ᠶᠢᠨ ᠠᠰᠠᠭᠤᠳᠠᠯ ᠢ ᠬᠦᠴᠦᠯᠡᠨ ᠰᠠᠶᠢᠲᠤᠷ ᠰᠢᠢᠳᠪᠦᠷᠢᠯᠡᠵᠦ᠂ ᠵᠥᠪᠬᠡᠨ 5 ᠰᠠᠷ᠎ᠠ ᠶᠢᠨ ᠬᠤᠭᠤᠴᠠᠭ᠎ᠠ | ᠵᠠᠷᠤᠴᠠᠭᠤᠯᠵᠤ᠂ ᠯᠢ ᠾᠧ ᠢᠯᠴᠢ ᠶᠢᠨ ᠴᠠᠬᠢᠯᠭᠠᠨ ᠤ ᠳᠠᠮᠫᠤᠷᠠᠯ ᠢ ᠲᠠᠬᠢᠨ ᠴᠣᠭᠴᠠᠯᠠᠬᠤ ᠬᠡᠷᠡᠭ ᠢ ᠬᠠᠤᠯᠢ ᠶᠣᠰᠣᠭᠠᠷ | ᠲᠦᠷᠭᠡᠨ ᠰᠢᠭᠦᠨ ᠳᠠᠭᠤᠰᠬᠠᠪᠠ᠃ ᠤᠯᠠᠨ ᠲᠦᠮᠡᠨ ᠤ ᠠᠰᠢᠭ ᠲᠤᠰᠠ ᠳᠤ ᠬᠠᠯᠳᠠᠭᠰᠠᠨ ᠠᠵᠢᠯᠯᠠᠭ᠎ᠠ ᠶᠢ ᠡᠷᠡᠰ ᠵᠠᠯᠬᠠᠭᠠᠨ | ᠰᠢᠳᠭᠡᠵᠦ᠂ ᠬᠥᠮᠥᠨ ᠤ ᠪᠡᠶ᠎ᠡ ᠮᠠᠬᠠᠪᠤᠳ ᠢ ᠬᠤᠬᠢᠷᠠᠭᠤᠯᠤᠭᠰᠠᠨ᠂ ᠬᠥᠳᠡᠯᠮᠦᠷᠢ ᠠᠵᠢᠯ ᠣᠯᠭᠤᠯᠲᠠ᠂ ᠨᠡᠶᠢᠭᠡᠮ ᠤᠨ | ᠳᠠᠭᠠᠳᠬᠠᠯ᠂ ᠰᠤᠷᠭᠠᠨ ᠬᠥᠮᠦᠵᠢᠯ᠂ ᠡᠮ ᠡᠮᠨᠡᠯᠭᠡ᠂ ᠣᠷᠣᠨ ᠰᠠᠭᠤᠴᠠ᠂ ᠬᠡᠷᠡᠭᠯᠡᠭᠡ᠂ ᠠᠳᠠᠯ ᠠᠬᠤᠢ ᠶᠢᠨ ᠦᠢᠯᠡᠴᠢᠯᠡᠭᠡ | ᠵᠡᠷᠭᠡ ᠶᠢᠨ ᠬᠡᠷᠡᠭ ᠢ 1769 ᠬᠤᠪᠢ ᠰᠢᠭᠦᠨ ᠳᠠᠭᠤᠰᠬᠠᠪᠠ᠃ ᠨᠠᠰᠤᠲᠠᠶᠢᠴᠤᠳ᠂ ᠡᠮᠡᠭᠲᠡᠶᠢᠴᠦᠳ᠂ ᠬᠡᠦᠬᠡᠳ᠂ | ᠵᠡᠮᠳᠡᠭᠴᠦᠳ ᠤᠨ ᠬᠠᠤᠯᠢ ᠶᠣᠰᠣᠨ ᠤ ᠡᠷᠬᠡ ᠠᠰᠢᠭ ᠢ ᠬᠠᠮᠠᠭᠠᠯᠠᠬᠤ ᠶᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠤᠷᠤᠭ | ᠭᠡᠷ ᠪᠦᠯᠢ᠂ ᠠᠰᠠᠷᠠᠨ ᠲᠡᠵᠢᠭᠡᠬᠦ᠂ ᠥᠪ ᠵᠠᠯᠭᠠᠮᠵᠢᠯᠠᠬᠤ ᠬᠡᠷᠡᠭ ᠢ 608 ᠬᠤᠪᠢ ᠰᠢᠭᠦᠨ ᠳᠠᠭᠤᠰᠬᠠᠪᠠ᠃ ᠬᠥᠯᠥᠰᠦᠨ | ᠠᠵᠢᠯᠴᠢᠨ ᠤ ᠬᠥᠳᠡᠯᠮᠦᠷᠢ ᠶᠢᠨ ᠬᠥᠯᠥᠰᠦ ᠣᠯᠭᠤᠮᠵᠢ ᠶᠢ ᠨᠡᠬᠡᠮᠵᠢᠯᠡᠨ ᠠᠪᠬᠤ ᠬᠡᠷᠡᠭ ᠢ ᠰᠢᠭᠦᠨ ᠲᠠᠰᠤᠯᠬᠤ ᠪᠠ | ᠭᠦᠢᠴᠡᠳᠬᠡᠬᠦ ᠡᠷᠴᠢᠮ ᠢ ᠴᠢᠩᠭᠠᠷᠠᠭᠤᠯᠵᠤ᠂ ᠬᠥᠳᠡᠯᠮᠦᠷᠢ ᠶᠢᠨ ᠭᠡᠷ᠎ᠡ ᠶᠢᠨ ᠵᠢᠭᠤᠷᠠᠯᠳᠤᠭᠠᠨ ᠤ ᠬᠡᠷᠡᠭ ᠢ 257 ᠬᠤᠪᠢ | ᠰᠢᠭᠦᠨ ᠳᠠᠭᠤᠰᠬᠠᠵᠤ᠂ ᠬᠥᠯᠥᠰᠦᠨ ᠠᠵᠢᠯᠴᠢᠨ ᠤ ᠴᠠᠯᠢᠩ ᠢ 435.46 ᠲᠦᠮᠡᠨ ᠲᠥᠭᠦᠷᠢᠭ ᠨᠡᠬᠡᠮᠵᠢᠯᠡᠨ ᠠᠪᠴᠢᠷᠠᠪᠠ᠃ | ︽ᠮᠠᠯ ᠠᠵᠤ ᠠᠬᠤᠢ ᠲᠠᠷᠢᠶᠠᠯᠠᠩ᠂ ᠮᠠᠯᠵᠢᠬᠤ ᠲᠠᠷᠢᠶᠠᠯᠠᠬᠤ ᠣᠷᠣᠨ᠂ ᠮᠠᠯᠴᠢᠨ ᠲᠠᠷᠢᠶᠠᠴᠢᠨ︾ ᠳᠤ ᠦᠢᠯᠡᠴᠢᠯᠡᠬᠦ ᠡᠭᠦᠷᠭᠡ | ᠴᠢᠳᠠᠪᠤᠷᠢ ᠶᠢ ᠭᠦᠢᠴᠡᠳ ᠪᠠᠳᠠᠷᠠᠭᠤᠯᠵᠤ᠂ ᠭᠠᠵᠠᠷ ᠰᠢᠷᠣᠢ ᠬᠠᠳᠤᠯᠠᠩ ᠪᠡᠯᠴᠢᠭᠡᠷ ᠢ ᠳᠠᠭᠠᠭᠠᠴᠠᠯᠠᠬᠤ᠂ ᠡᠷᠭᠢᠯᠲᠡ ᠳᠤ | ᠣᠷᠣᠭᠤᠯᠬᠤ 65 ᠬᠡᠷᠡᠭ ᠢ ᠰᠢᠭᠦᠨ ᠳᠠᠭᠤᠰᠬᠠᠵᠤ᠂ ᠮᠠᠯᠴᠢᠨ ᠲᠠᠷᠢᠶᠠᠴᠢᠨ ᠤ ᠦᠢᠯᠡᠳᠪᠦᠷᠢᠯᠡᠯ ᠠᠮᠢᠳᠤᠷᠠᠯ ᠯᠤᠭ᠎ᠠ ᠨᠢᠭᠲᠠ | ᠬᠤᠯᠪᠣᠭ᠎ᠠ ᠲᠠᠢ ᠵᠥᠷᠢᠴᠡᠯ ᠵᠢᠭᠤᠷᠠᠯᠳᠤᠭᠠᠨ ᠢ ᠴᠠᠭ ᠲᠤᠬᠠᠢ ᠳᠤᠨᠢ ᠰᠢᠢᠳᠪᠦᠷᠢᠯᠡᠪᠡ᠃ | ᠭᠦᠢᠴᠡᠳᠬᠡᠬᠦ ᠠᠵᠢᠯ ᠢ ᠦᠷᠭᠦᠯᠵᠢᠯᠡᠨ ᠵᠢᠷᠤᠮᠵᠢᠭᠤᠯᠪᠠ᠃ ᠭᠤᠷᠪᠠᠨ ᠵᠢᠯ ᠤᠨ ᠬᠤᠭᠤᠴᠠᠭ᠎ᠠ ᠲᠠᠢ ᠭᠦᠢᠴᠡᠳᠬᠡᠬᠦ ᠶᠢ | ᠵᠢᠷᠤᠮᠵᠢᠭᠤᠯᠬᠤ ᠣᠨ ᠤ ᠠᠵᠢᠯᠯᠠᠭᠠᠨ ᠢ ᠥᠷᠨᠢᠭᠦᠯᠵᠦ᠂ ᠭᠦᠢᠴᠡᠳᠬᠡᠬᠦ ᠶᠢ ᠵᠢᠷᠤᠮᠵᠢᠭᠤᠯᠬᠤ ᠬᠢᠷᠢ ᠬᠡᠮᠵᠢᠶ᠎ᠡ ᠶᠢ | ᠳᠡᠭᠡᠭᠰᠢᠯᠡᠭᠦᠯᠵᠦ᠂ ᠪᠦᠬᠦ ᠵᠢᠯ ᠳᠤ ᠭᠦᠢᠴᠡᠳᠬᠡᠬᠦ ᠬᠡᠷᠡᠭ ᠢ 4992 ᠬᠤᠪᠢ ᠭᠦᠢᠴᠡᠳᠬᠡᠵᠦ ᠳᠠᠭᠤᠰᠬᠠᠪᠠ᠃ ᠬᠡᠷᠡᠭ ᠤᠨ | ᠠᠯᠬᠤᠮ ᠳᠠᠷᠠᠭᠠᠯᠠᠯ ᠤᠨ ᠬᠠᠮᠢᠶᠠᠷᠤᠯᠲᠠ ᠶᠢ ᠵᠢᠷᠤᠮᠵᠢᠭᠤᠯᠵᠤ᠂ ᠭᠦᠢᠴᠡᠳᠬᠡᠬᠦ ᠴᠤᠪᠤᠷᠠᠯ ᠤᠨ ᠵᠠᠩᠭᠢᠯᠠᠭ᠎ᠠ ᠶᠢᠨ ᠴᠡᠭ ᠢ | ᠰᠢᠯᠢᠳᠡᠭᠵᠢᠭᠦᠯᠦᠨ ᠣᠨᠣᠪᠴᠢᠲᠠᠶ ᠪᠣᠯᠭᠠᠵᠤ᠂ ᠪᠤᠢ ᠪᠦᠬᠦᠢ ᠬᠡᠷᠡᠭ ᠢ ᠰᠢᠰᠲ᠋ᠧᠮ ᠤᠨ ᠬᠠᠮᠢᠶᠠᠷᠤᠯᠲᠠ ᠳᠤ ᠣᠷᠣᠭᠤᠯᠵᠤ᠂ | ᠬᠡᠷᠡᠭ ᠤᠨ ᠵᠠᠩᠭᠢᠯᠠᠭ᠎ᠠ ᠶᠢᠨ ᠴᠡᠭ ᠢ ᠥᠪᠡᠷᠲᠡᠭᠡᠨ ᠤᠷᠢᠳᠴᠢᠯᠠᠨ ᠰᠡᠷᠡᠮᠵᠢᠯᠡᠭᠦᠯᠵᠦ᠂ ᠬᠡᠷᠡᠭ ᠢ ᠭᠦᠢᠴᠡᠳᠬᠡᠬᠦ ᠳᠤ | ᠳᠤᠮᠳᠠᠴᠢ ᠪᠠᠷ 30.21 ᠡᠳᠦᠷ ᠬᠡᠷᠡᠭᠯᠡᠵᠦ᠂ ᠳᠡᠭᠡᠷ᠎ᠡ ᠨᠢᠭᠡ ᠵᠢᠯ ᠤᠨ ᠳᠤᠮᠳᠠᠴᠢ ᠪᠠᠷ ᠬᠡᠷᠡᠭᠯᠡᠭᠰᠡᠨ ᠴᠠᠭ ᠠᠴᠠ 20.92 | ᠡᠳᠦᠷ ᠪᠠᠭᠠᠰᠪᠠ᠃ ᠭᠦᠢᠴᠡᠳᠬᠡᠬᠦ ᠵᠣᠭᠤᠰ ᠮᠥᠩᠭᠦ ᠡᠳ᠋ ᠪᠣᠳᠠᠰ ᠤᠨ ᠬᠠᠮᠢᠶᠠᠷᠤᠯᠲᠠ ᠶᠢ ᠵᠢᠷᠤᠮᠵᠢᠭᠤᠯᠵᠤ᠂ ᠭᠦᠢᠴᠡᠳᠬᠡᠬᠦ | ᠵᠣᠭᠤᠰ ᠲᠤ ︽ᠨᠢᠭᠡ ᠬᠡᠷᠡᠭ ᠲᠤ ᠨᠢᠭᠡ ᠲᠠᠩᠰᠠᠨ ᠨᠣᠮᠧᠷ ᠪᠠᠶᠢᠬᠤ︾ ⑶ ᠬᠠᠮᠢᠶᠠᠷᠤᠯᠲᠠ ᠶᠢᠨ ᠵᠠᠭᠪᠤᠷ ᠢ ᠬᠡᠷᠡᠭᠵᠢᠭᠦᠯᠵᠦ᠂ | ᠬᠡᠷᠡᠭ ᠤᠨ ᠵᠣᠭᠤᠰ ᠢ ᠣᠨᠣᠪᠴᠢᠲᠠᠢ ᠪᠠᠷ ᠵᠣᠬᠢᠴᠠᠭᠤᠯᠬᠤ ᠶᠢ ᠪᠡᠶᠡᠯᠡᠭᠦᠯᠵᠦ᠂ ᠲᠠᠩᠰᠠᠨ ᠳᠤ ᠣᠷᠣᠭᠤᠯᠵᠤ ᠭᠠᠷᠭᠠᠬᠤ ᠪᠦᠬᠦ | ᠶᠠᠪᠤᠴᠠ ᠳᠤ ᠣᠷᠣ ᠮᠥᠷ ᠦᠯᠡᠳᠡᠭᠡᠵᠦ᠂ ᠪᠦᠬᠦ ᠵᠢᠯ ᠳᠤ ᠭᠦᠢᠴᠡᠳᠬᠡᠬᠦ ᠬᠡᠷᠡᠭ ᠤᠨ ᠵᠣᠭᠤᠰ ᠢ 4689 ᠬᠤᠪᠢ | ᠲᠠᠷᠬᠠᠭᠠᠵᠤ᠂ ᠵᠣᠭᠤᠰ ᠤᠨ ᠲᠤᠭ᠎ᠠ ᠨᠢ 1.58 ᠳ᠋ᠦᠩᠰᠢᠭᠤᠷ ᠲᠥᠭᠦᠷᠢᠭ ᠪᠣᠯᠣᠨ᠎ᠠ︔ ᠬᠤᠷᠢᠶᠠᠨ ᠠᠪᠤᠭᠰᠠᠨ ᠡᠳ᠋ | ᠪᠣᠳᠠᠰ ᠢ ᠦᠨᠡᠯᠡᠨ ᠵᠢᠱᠢᠭᠰᠡᠨ ᠤ ᠲᠠᠷᠠᠭ᠎ᠠ ᠲᠤᠤ ᠪᠦᠦ ᠰᠦᠯᠵᠢᠶᠡᠨ ᠳᠡᠭᠡᠷ᠎ᠡ ᠢᠯᠡ ᠪᠠᠷ ᠦᠨ᠎ᠡ ᠬᠠᠶᠠᠨ ᠬᠤᠳᠠᠯᠳᠤᠵᠤ᠂ | ᠪᠦᠬᠦ ᠵᠢᠯ ᠳᠤ ᠭᠦᠢᠴᠡᠳᠬᠡᠭᠰᠡᠨ ᠡᠳ᠋ ᠬᠥᠷᠥᠩᠭᠡ ᠶᠢ 336 ᠤᠳᠠᠭ᠎ᠠ ᠦᠨ᠎ᠡ ᠬᠠᠶᠠᠨ ᠬᠤᠳᠠᠯᠳᠤᠵᠤ᠂ ᠰᠣᠯᠢᠯᠴᠠᠭ᠎ᠠ | ᠪᠦᠲᠦᠭᠰᠡᠨ ᠵᠣᠭᠤᠰ 3286 ᠲᠦᠮᠡ ᠭᠠᠷᠤᠢ ᠲᠥᠭᠦᠷᠢᠭ ᠲᠤ ᠬᠦᠷᠪᠡ᠃ ᠲᠤᠰ ᠭᠦᠢᠴᠡᠳᠬᠡᠬᠦ ᠵᠢᠷᠤᠮ ᠢ ᠳᠠᠭᠤᠰᠬᠠᠬᠤ | ⑷ ᠬᠠᠮᠢᠶᠠᠷᠤᠯᠲᠠ ᠶᠢ ᠵᠢᠷᠤᠮᠵᠢᠭᠤᠯᠵᠤ᠂ ᠬᠡᠷᠡᠭ ᠢ ᠳᠠᠭᠤᠰᠬᠠᠬᠤ ᠠᠴᠠ ᠡᠮᠦᠨ᠎ᠡ ᠮᠡᠳᠡᠭᠳᠡᠬᠦ ᠵᠢᠷᠤᠮ ᠢ ᠨᠠᠶᠢᠳᠠᠪᠤᠷᠢᠵᠢᠭᠤᠯᠵᠤ | ᠂ ᠬᠡᠷᠡᠭ ᠢ ᠳᠠᠭᠤᠰᠬᠠᠭᠰᠠᠨ ᠤ ᠲᠠᠷᠠᠭ᠎ᠠ ᠰᠡᠷᠭᠦᠭᠡᠬᠦ ᠵᠣᠬᠢᠴᠠᠮᠵᠢ ᠶᠢ ᠲᠡᠭᠦᠯᠳᠡᠷᠵᠢᠭᠦᠯᠵᠦ᠂ ᠬᠡᠷᠡᠭ ᠤᠨ ᠲᠡᠭᠦᠰᠬᠡᠯ ᠤᠨ ᠬᠢᠷᠢ | ᠲᠡᠩᠴᠡᠭᠰᠡᠨ ᠨᠤᠷᠮ᠎ᠠ ᠨᠢ 100% ᠳᠤ ᠬᠦᠷᠪᠡ᠃ | ᠬᠠᠤᠯᠢ ᠴᠠᠭᠠᠵᠠ ᠶᠢᠨ ᠬᠥᠮᠦᠯᠢᠭ ᠬᠠᠯᠠᠮᠵᠢᠯᠠᠯ ᠢ ᠴᠢᠩᠭᠠᠳᠬᠠᠪᠠ᠃ ᠠᠪᠤᠷᠠᠨ ᠲᠤᠰᠠᠯᠠᠬᠤ ᠪᠠᠷᠢᠮᠵᠢᠶ᠎ᠠ ᠪᠠ | ᠨᠥᠬᠦᠴᠡᠯ ᠢ ᠴᠢᠩᠭ᠎ᠠ ᠡᠵᠡᠮᠳᠡᠵᠦ᠂ ᠬᠠᠤᠯᠢ ᠴᠠᠭᠠᠵᠠ ᠶᠢᠨ ᠠᠪᠤᠷᠠᠨ ᠲᠤᠰᠠᠯᠠᠬᠤ ᠮᠥᠩᠭᠦ ᠶᠢ 10 ᠲᠦᠮᠡ ᠭᠠᠷᠤᠢ | ᠲᠥᠭᠦᠷᠢᠭ ᠲᠠᠷᠬᠠᠭᠠᠵᠤ᠂ ᠲᠤᠬᠠᠢ ᠶᠢᠨ ᠬᠥᠮᠥᠨ ᠤ ᠠᠮᠢᠳᠤᠷᠠᠯ ᠳᠤ ᠲᠤᠯᠭᠠᠷᠠᠵᠤ ᠪᠠᠶᠢᠭ᠎ᠠ ᠪᠠᠴᠢᠮ ᠬᠦᠴᠢᠷᠳᠡᠯ ᠢ | ᠭᠤᠣᠯᠳᠠᠯᠭ᠎ᠠ ᠲᠠᠢ ᠪᠠᠷ ᠰᠢᠢᠳᠪᠦᠷᠢᠯᠡᠪᠡ᠃ ᠵᠠᠷᠭᠤ ᠶᠢᠨ ᠵᠠᠷᠤᠳᠠᠯ ᠢ ᠬᠠᠰᠤᠬᠤ᠂ ᠬᠤᠶᠢᠰᠢᠯᠠᠭᠤᠯᠬᠤ᠂ ᠬᠡᠯᠲᠦᠷᠢᠭᠦᠯᠬᠦ | ᠬᠤᠯᠪᠣᠭᠳᠠᠯ ᠪᠦᠬᠦᠢ ᠲᠣᠭᠲᠠᠭᠠᠯ ᠢ ᠬᠢᠨᠠᠮᠠᠭᠠᠢ ᠲᠤᠤᠱᠯᠠᠭᠤᠯᠤᠨ ᠬᠡᠷᠡᠭᠵᠢᠭᠦᠯᠵᠦ᠂ ᠠᠵᠤ ᠠᠬᠤᠢ ᠶᠢᠨ ᠲᠠᠯ᠎ᠠ ᠪᠠᠷ ᠦᠨᠡᠬᠡᠷ | ᠬᠦᠴᠢᠷᠳᠡᠯ ᠲᠠᠢ 32 ᠲᠤᠬᠠᠢ ᠶᠢᠨ ᠬᠥᠮᠥᠨ ᠤ ᠵᠠᠷᠭᠤ ᠶᠢᠨ ᠵᠠᠷᠤᠳᠠᠯ ᠢ 124.9 ᠲᠦᠮᠡ ᠭᠠᠷᠤᠢ ᠲᠥᠭᠦᠷᠢᠭ ᠬᠠᠰᠤᠵᠤ᠂ | ᠬᠤᠶᠢᠰᠢᠯᠠᠭᠤᠯᠵᠤ᠂ ᠬᠡᠯᠲᠦᠷᠢᠭᠦᠯᠪᠡ᠃ ᠡᠷᠬᠡ ᠲᠤᠰᠢᠶᠠᠯ ᠶᠣᠰᠣᠭᠠᠷ ᠨᠥᠬᠦᠴᠡᠯ ᠳᠤ ᠨᠡᠶᠢᠴᠡᠭᠰᠡᠨ ᠬᠡᠷᠡᠭ ᠤᠨ ᠲᠤᠬᠠᠢ ᠶᠢᠨ | ᠬᠥᠮᠥᠨ ᠳᠤ ᠬᠠᠤᠯᠢ ᠴᠠᠭᠠᠵᠠ ᠶᠢᠨ ᠲᠤᠰᠠᠯᠠᠮᠵᠢ ᠶᠢᠨ ᠲᠥᠪ ᠢᠶᠠᠷ ᠳᠠᠮᠵᠢᠭᠤᠯᠤᠨ ᠬᠠᠤᠯᠢ ᠴᠠᠭᠠᠵᠠ ᠶᠢᠨ ᠲᠤᠰᠠᠯᠠᠮᠵᠢ ᠶᠢᠨ | ᠬᠠᠤᠯᠢᠴᠢ ᠶᠢ 206 ᠬᠥᠮᠥᠨ ᠤᠳᠠᠭ᠎ᠠ ᠲᠣᠮᠢᠯᠠᠪᠠ᠃ ᠭᠦᠢᠴᠡᠳᠬᠡᠬᠦ ᠶᠠᠪᠤᠴᠠ ᠳᠤ᠂ ᠢᠷᠭᠡᠨ ᠤ ᠵᠠᠷᠭᠤ ᠶᠢᠨ ᠬᠠᠤᠯᠢ ᠶᠢᠨ | ᠬᠤᠯᠪᠣᠭᠳᠠᠯ ᠪᠦᠬᠦᠢ ᠲᠣᠭᠲᠠᠭᠠᠯ ᠢ ᠴᠢᠩᠭ᠎ᠠ ᠬᠡᠷᠡᠭᠵᠢᠭᠦᠯᠵᠦ᠂ ᠠᠮᠢᠳᠤᠷᠠᠯ ᠨᠢ ᠬᠦᠴᠢᠷᠳᠡᠯ ᠲᠠᠢ 158 ᠭᠦᠢᠴᠡᠳᠬᠡᠭᠳᠡᠭᠴᠢ | ᠵᠢᠴᠢ ᠲᠡᠭᠦᠨ ᠤ ᠭᠡᠷ ᠪᠦᠯᠢ ᠶᠢᠨ ᠬᠢᠨ ᠳᠤ ᠴᠢᠬᠤᠯᠠ ᠪᠦᠬᠦᠢ ᠠᠮᠢᠳᠤᠷᠠᠯ ᠤᠨ ᠵᠠᠷᠤᠳᠠᠯ ᠢ ᠦᠯᠡᠳᠡᠭᠡᠵᠦ ᠥᠭᠪᠡ᠃ ︽ | ᠪᠡᠶ᠎ᠡ ᠪᠠᠷ ᠢᠶᠠᠨ ᠣᠷᠣᠯᠴᠠᠵᠤ ᠪᠠᠶᠢᠬᠤ︾ ᠤᠬᠠᠮᠰᠠᠷ ᠢ ᠪᠠᠲᠤ ᠪᠠᠬᠢ ᠪᠤᠢ ᠪᠣᠯᠭᠠᠵᠤ᠂ ᠬᠡᠷᠡᠭ ᠨᠢᠭᠡᠪᠦᠷᠢ ᠶᠢ ᠰᠡᠳᠬᠢᠯ ᠲᠠᠯᠪᠢᠨ | ᠰᠠᠶᠢᠲᠤᠷ ᠰᠢᠭᠦᠨ ᠰᠢᠢᠳᠪᠦᠷᠢᠯᠡᠵᠦ᠂ ᠠᠷᠠᠳ ᠤᠯᠠᠨ ᠳᠤ ᠬᠠᠤᠯᠢ ᠴᠠᠭᠠᠵᠠ ᠶᠢᠨ ᠬᠠᠯᠠᠮᠵᠢ ᠶᠢᠨ ᠬᠡᠮᠵᠢᠶ᠎ᠡ ᠶᠢ ᠦᠨᠡᠨᠬᠦ | ᠮᠡᠳᠡᠷᠡᠭᠦᠯᠪᠡ᠃ | ᠳᠥᠷᠪᠡ᠂ ᠬᠠᠤᠯᠢ ᠴᠠᠭᠠᠵᠠ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠬᠠᠤᠯᠢ ᠴᠠᠭᠠᠵᠠ ᠶᠢᠨ ᠲᠥᠪ | ᠭᠤᠣᠯᠴᠢ ᠥᠨᠳᠥᠷ ᠪᠦᠲᠦᠮᠵᠢᠲᠡᠶ ᠪᠠᠶᠢᠬᠤ ᠶᠢ ᠠᠬᠢᠭᠤᠯᠪᠠ | ᠬᠠᠤᠯᠢ ᠴᠠᠭᠠᠵᠠ ᠶᠢᠨ ᠬᠠᠷᠢᠭᠤᠴᠠᠯᠭ᠎ᠠ ᠶᠢᠨ ᠳᠦᠷᠢᠮ ᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠪᠠ᠃ ᠰᠢᠭᠦᠭᠴᠢ ᠪᠠᠷ | ᠲᠠᠰᠤᠯᠤᠨ ᠲᠣᠭᠲᠠᠭᠠᠯᠭᠠᠬᠤ ᠶᠢᠨ ᠲᠣᠭᠤᠷᠢᠨ ᠳᠤ᠂ ᠰᠢᠭᠦᠨ ᠲᠠᠰᠤᠯᠬᠤ ᠺᠣᠮᠢᠰ ᠤᠨ ᠡᠭᠦᠷᠭᠡ ᠴᠢᠳᠠᠪᠤᠷᠢ ᠶᠢ ᠦᠨᠡᠨᠬᠦ | ᠬᠤᠪᠢᠷᠠᠭᠤᠯᠵᠤ᠂ ᠣᠷᠣᠨ ᠲᠣᠭᠠᠲᠤ ᠰᠢᠭᠦᠭᠴᠢ᠂ ᠬᠠᠮᠲᠤᠷᠠᠨ ᠵᠥᠪᠯᠡᠬᠦ ᠲᠢᠩᠬᠢᠮ ᠤᠨ ᠬᠡᠷᠡᠭ ᠰᠢᠢᠳᠪᠦᠷᠢᠯᠡᠬᠦ ᠪᠡᠶᠡᠴᠢ | ᠴᠣᠭᠴᠠ ᠶᠢᠨ ᠪᠠᠶᠢᠷᠢ ᠰᠠᠭᠤᠷᠢ ᠶᠢ ᠴᠢᠩᠭᠠᠳᠬᠠᠵᠤ᠂ ᠬᠤᠷᠢᠶ᠎ᠠ ᠲᠢᠩᠬᠢᠮ ᠤᠨ ᠳᠠᠷᠤᠭ᠎ᠠ ᠪᠠᠶᠢᠩᠭᠤ ᠬᠡᠷᠡᠭ ᠰᠢᠢᠳᠪᠦᠷᠢᠯᠡᠵᠦ᠂ | ᠪᠦᠬᠦ ᠵᠢᠯ ᠳᠤ ᠬᠤᠷᠢᠶ᠎ᠠ ᠶᠢᠨ ᠳᠠᠷᠤᠭ᠎ᠠ᠂ ᠳᠡᠳ᠋ ᠳᠠᠷᠤᠭ᠎ᠠ 484 ᠬᠡᠷᠡᠭ ᠢ ᠲᠤᠰᠠᠭᠠᠷ ᠳᠠᠭᠠᠭᠠᠨ ᠰᠢᠢᠳᠪᠦᠷᠢᠯᠡᠵᠦ᠂ | ᠲᠢᠩᠬᠢᠮ ᠤᠨ ᠳᠠᠷᠤᠭ᠎ᠠ 8840 ᠬᠡᠷᠡᠭ ᠢ ᠲᠤᠰᠠᠭᠠᠷ ᠳᠠᠭᠠᠭᠠᠨ ᠰᠢᠢᠳᠪᠦᠷᠢᠯᠡᠪᠡ᠃ ᠲᠠᠰᠤᠯᠤᠨ ᠲᠣᠭᠲᠠᠭᠠᠭᠴᠢ ᠠᠴᠠ | ᠬᠠᠷᠢᠭᠤᠴᠠᠬᠤ ᠶᠢᠨ ᠲᠣᠭᠤᠷᠢᠨ ᠳᠤ᠂ ᠰᠢᠭᠦᠨ ᠲᠠᠰᠤᠯᠬᠤ ᠬᠠᠮᠢᠶᠠᠷᠤᠯᠲᠠ ᠶᠢᠨ ᠲᠣᠭᠲᠠᠯᠴᠠᠭ᠎ᠠ ᠶᠢ ᠲᠡᠭᠦᠯᠳᠡᠷᠵᠢᠭᠦᠯᠵᠦ᠂ | ᠬᠡᠷᠡᠭ ᠢ ᠵᠠᠳᠠᠯᠬᠤ ᠬᠤᠷᠠᠯ ᠢ ᠲᠣᠭᠲᠠᠮᠠᠯ ᠬᠤᠭᠤᠴᠠᠭ᠎ᠠ ᠲᠠᠢ ᠪᠠᠷ ᠬᠤᠷᠠᠯᠳᠤᠭᠤᠯᠵᠤ᠂ ᠬᠥᠭᠵᠢᠭᠦᠯᠦᠯᠲᠡ | ᠥᠭᠡᠷᠡᠴᠢᠯᠡᠯᠲᠡ ᠶᠢᠨ ᠬᠡᠷᠡᠭ᠂ ᠳᠠᠬᠢᠨ ᠰᠢᠭᠦᠯᠲᠡ ᠶᠢᠨ ᠬᠡᠷᠡᠭ ᠲᠤ ᠬᠡᠷᠡᠭ ᠳᠠᠷᠠᠭᠠᠯᠠᠨ ᠵᠠᠳᠠᠯᠤᠯᠲᠠ ᠬᠢᠵᠦ᠂ ᠦᠨᠡᠨᠬᠦ | ᠠᠰᠠᠭᠤᠳᠠᠯ ᠣᠷᠣᠰᠢᠵᠤ ᠪᠠᠶᠢᠭ᠎ᠠ ᠬᠡᠷᠡᠭ ᠤᠨ ᠳᠠᠭᠠᠭᠠᠨ ᠭᠦᠢᠴᠡᠳᠬᠡᠭᠴᠢ ᠶᠢ ᠲᠣᠭᠲᠠᠭᠠᠯ ᠶᠣᠰᠣᠭᠠᠷ ᠰᠢᠢᠳᠪᠦᠷᠢᠯᠡᠪᠡ᠃ | ᠰᠢᠭᠦᠨ ᠲᠠᠰᠤᠯᠬᠤ ᠠᠵᠢᠯ ᠤᠨ ᠶᠠᠰᠤ ᠴᠢᠨᠠᠷ ᠦᠷ᠎ᠡ ᠪᠦᠲᠦᠮᠵᠢ ᠶᠢ ᠳᠡᠭᠡᠭᠰᠢᠯᠡᠭᠦᠯᠬᠦ ᠶᠢᠨ ᠲᠣᠭᠤᠷᠢᠨ ᠳᠤ᠂ ᠰᠢᠭᠦᠯᠲᠡ ᠠᠴᠠ | ᠡᠮᠦᠨᠡᠬᠢ ᠬᠤᠷᠠᠯᠳᠤᠭᠠᠨ ᠤ ᠳᠦᠷᠢᠮ ᠢ ᠬᠡᠷᠡᠭᠵᠢᠭᠦᠯᠵᠦ᠂ ᠴᠢᠬᠤᠯᠠ ᠡᠯᠧᠮᠧᠨ᠋ᠲ ᠤᠨ ᠬᠡᠯᠪᠡᠷᠢ ᠶᠢᠨ ᠰᠢᠭᠦᠨ ᠲᠠᠰᠤᠯᠤᠯᠲᠠ | ⑸ ᠶᠢ ᠥᠷᠨᠢᠭᠦᠯᠵᠦ᠂ ᠲᠠᠰᠤᠯᠤᠨ ᠲᠣᠭᠲᠠᠭᠠᠯᠲᠠ ᠶᠢᠨ ᠪᠢᠴᠢᠭ ᠬᠠᠷ᠎ᠠ ᠶᠢᠨ ᠵᠠᠭᠪᠤᠷ ᠢ ᠳᠥᠭᠦᠮᠴᠢᠯᠡᠬᠦ ᠵᠡᠷᠭᠡ | ᠥᠭᠡᠷᠡᠴᠢᠯᠡᠯᠲᠡ ᠶᠢᠨ ᠠᠷᠭ᠎ᠠ ᠬᠡᠮᠵᠢᠶ᠎ᠡ ᠶᠢ ᠬᠡᠷᠡᠭᠵᠢᠭᠦᠯᠪᠡ︔ ᠰᠢᠭᠦᠨ ᠲᠠᠰᠤᠯᠬᠤ ᠶᠠᠪᠤᠴᠠ ᠶᠢ ᠤᠯᠠᠮ ᠨᠢᠭᠡ ᠠᠯᠬᠤᠮ | ᠵᠢᠷᠤᠮᠵᠢᠭᠤᠯᠵᠤ᠂ 12469 ᠱᠠᠭᠠᠷᠳᠠᠨ ᠰᠢᠢᠳᠪᠦᠷᠢᠯᠡᠭᠦᠯᠬᠦ ᠳᠦᠷᠢᠮ ⑹᠂ ᠬᠡᠷᠡᠭ ᠢ ᠬᠢᠨᠠᠨ ᠬᠠᠷᠭᠤᠭᠤᠯᠬᠤ ᠳᠦᠷᠢᠮ ⑺ | ᠂ ᠬᠡᠷᠡᠭ ᠢ ᠳᠠᠭᠤᠰᠬᠠᠬᠤ ᠨᠡᠷᠡᠰ ᠤᠨ ᠵᠢᠭᠰᠠᠭᠠᠯᠲᠠ ᠶᠢ ᠵᠠᠷᠯᠠᠨ ᠨᠡᠶᠢᠲᠡᠯᠡᠬᠦ ᠳᠦᠷᠢᠮ ⑻᠂ ᠶᠠᠷᠰᠢᠭ ᠲᠦᠪᠡᠭᠲᠡᠢ ᠪᠠ | ᠲᠦᠭᠦᠮ ᠢ ᠰᠠᠯᠭᠠᠬᠤ ᠳᠦᠷᠢᠮ ⑼᠂ ᠵᠠᠭᠠᠯᠳᠤᠬᠤ ᠠᠴᠠ ᠡᠮᠦᠨᠡᠬᠢ ᠨᠠᠶᠢᠳᠠᠯᠭ᠎ᠠ ᠪᠠᠷ ᠬᠢᠨᠠᠨ ᠲᠣᠭᠲᠠᠭᠠᠯᠭᠠᠵᠤ ᠦᠨᠡᠯᠡᠨ | ᠵᠢᠱᠢᠬᠦ ᠳᠦᠷᠢᠮ ᠢ ᠪᠠᠶᠢᠭᠤᠯᠵᠤ ⑽᠂ ᠬᠡᠷᠡᠭ ᠤᠨ ᠶᠠᠰᠤ ᠴᠢᠨᠠᠷ ᠦᠷ᠎ᠡ ᠪᠦᠲᠦᠮᠵᠢ ᠶᠢ ᠢᠯᠡᠳᠲᠡ ᠳᠡᠭᠡᠭᠰᠢᠯᠡᠭᠦᠯᠵᠦ᠂ ᠪᠦᠬᠦ | ᠵᠢᠯ ᠳᠤ ᠢᠷᠭᠡᠨ ᠤ ᠬᠡᠷᠡᠭ ᠢ 6195 ᠬᠤᠪᠢ ᠳᠠᠭᠤᠰᠬᠠᠵᠤ᠂ ᠬᠡᠷᠡᠭ ᠢ ᠰᠢᠭᠦᠬᠦ ᠳᠤ ᠬᠡᠷᠡᠭᠯᠡᠭᠰᠡᠨ ᠴᠠᠭ ᠨᠢ 23 ᠡᠳᠦᠷ | ᠪᠠᠶᠢᠵᠤ᠂ ᠵᠠᠭᠠᠯᠳᠤᠬᠤ ᠠᠴᠠ ᠡᠮᠦᠨᠡᠬᠢ ᠬᠢᠨᠠᠨ ᠲᠣᠭᠲᠠᠭᠠᠵᠤ ᠦᠨᠡᠯᠡᠨ ᠵᠢᠱᠢᠬᠦ ᠳᠦᠷᠢᠮ ᠢ ᠬᠤᠳᠠ ᠶᠢᠨ ᠠᠷᠠᠳ ᠤᠨ ᠳᠤᠮᠳᠠ | ᠵᠡᠷᠭᠡ ᠶᠢᠨ ᠰᠢᠭᠦᠬᠦ ᠬᠤᠷᠢᠶ᠎ᠠ ᠳᠡᠭᠡᠳᠦ ᠬᠡᠮᠵᠢᠶ᠎ᠡ ᠪᠠᠷ ᠨᠤᠲᠠᠯᠠᠬᠤ ᠶᠢᠨ ᠬᠠᠮᠲᠤ ᠪᠦᠬᠦ ᠬᠤᠳᠠ ᠶᠢᠨ ᠬᠡᠪᠴᠢᠶᠡᠨ ᠳᠤ | ᠳᠡᠯᠭᠡᠷᠡᠭᠦᠯᠬᠦ ᠶᠢ ᠱᠠᠭᠠᠷᠳᠠᠪᠠ᠃ | ᠭᠦᠢᠴᠡᠳᠬᠡᠬᠦ ᠠᠵᠢᠯ ᠤᠨ ᠵᠣᠬᠢᠴᠠᠮᠵᠢ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠪᠡ᠃ ᠴᠠᠭᠠᠰᠤ ᠬᠡᠷᠡᠭᠯᠡᠬᠦ | ᠦᠭᠡᠢ ᠪᠠᠷ ᠭᠦᠢᠴᠡᠳᠬᠡᠬᠦ ᠶᠢ ᠪᠦᠬᠦ ᠬᠤᠲᠠ ᠳᠤ ᠬᠠᠮᠤᠭ ᠤᠷᠢᠳᠠᠪᠠᠷ ᠬᠡᠷᠡᠭᠵᠢᠭᠦᠯᠵᠦ᠂ ᠡᠳ᠋ ᠬᠥᠷᠥᠩᠭᠡ ᠶᠢ ᠪᠠᠶᠢᠴᠠᠭᠠᠨ | ᠡᠵᠡᠮᠳᠡᠬᠦ᠂ ᠪᠢᠴᠢᠭ ᠬᠠᠷ᠎ᠠ ᠶᠢ ᠬᠢᠨᠠᠨ ᠵᠥᠪᠰᠢᠶᠡᠷᠡᠬᠦ᠂ ᠭᠦᠢᠴᠡᠳᠬᠡᠭᠰᠡᠨ ᠲᠡᠮᠳᠡᠭᠯᠡᠯ᠂ ᠬᠡᠷᠡᠭ ᠢ ᠳᠠᠩᠰᠠ ᠡᠪᠬᠡᠮᠡᠯ ᠳᠤ | ᠣᠷᠣᠭᠤᠯᠬᠤ ᠶᠢ ᠴᠥᠮ ᠰᠦᠯᠵᠢᠶᠡᠨ ᠳᠡᠭᠡᠷ᠎ᠡ ᠰᠢᠢᠳᠪᠦᠷᠢᠯᠡᠵᠦ᠂ ᠭᠦᠢᠴᠡᠳᠬᠡᠬᠦ ᠪᠦᠬᠦ ᠶᠠᠪᠤᠴᠠ ᠳᠤ ᠣᠷᠣ ᠮᠥᠷ | ᠦᠯᠡᠳᠡᠭᠡᠵᠦ᠂ 11 ᠰᠠᠷ᠎ᠠ ᠠᠴᠠ ᠡᠬᠢᠯᠡᠨ ᠬᠡᠷᠡᠭᠵᠢᠭᠦᠯᠦᠭᠰᠡᠨ ᠠᠴᠠ ᠨᠠᠰᠢ᠂ ᠭᠦᠢᠴᠡᠳᠬᠡᠬᠦ ᠬᠡᠷᠡᠭ ᠢ ᠰᠦᠯᠵᠢᠶᠡᠨ ᠳᠡᠭᠡᠷ᠎ᠡ | 465 ᠬᠤᠪᠢ ᠰᠢᠢᠳᠪᠦᠷᠢᠯᠡᠪᠡ᠃ ᠭᠦᠢᠴᠡᠳᠬᠡᠬᠦ ᠶᠢ ᠬᠡᠷᠡᠭᠵᠢᠭᠦᠯᠬᠦ ᠳᠤ ᠪᠦᠯᠬᠦᠮᠴᠢᠯᠡᠭᠰᠡᠨ ᠬᠠᠮᠢᠶᠠᠷᠤᠯᠲᠠ ᠶᠢ | ᠬᠡᠷᠡᠭᠵᠢᠭᠦᠯᠵᠦ᠂ ᠬᠠᠤᠯᠢ ᠴᠠᠭᠠᠵᠠ ᠶᠢᠨ ᠥᠭᠡᠷᠡᠴᠢᠯᠡᠯᠲᠡ ᠶᠢᠨ ᠶᠡᠷᠦᠩᠬᠡᠢ ᠱᠠᠭᠠᠷᠳᠠᠯᠭ᠎ᠠ ᠶᠣᠰᠣᠭᠠᠷ᠂ ᠰᠢᠭᠦᠭᠴᠢ ᠪᠠᠷ ᠭᠤᠣᠯ | ᠪᠣᠯᠭᠠᠭᠰᠠᠨ ᠭᠦᠢᠴᠡᠳᠬᠡᠬᠦ ᠪᠦᠯᠬᠦᠮ ᠢ ᠪᠠᠶᠢᠭᠤᠯᠵᠤ᠂ ᠣᠷᠣᠨ ᠲᠣᠭᠠᠲᠤ ᠰᠢᠭᠦᠭᠴᠢ ᠶᠢᠨ ᠵᠢᠯᠣᠭᠤᠳᠤᠯᠭ᠎ᠠ ᠶᠢᠨ ᠳᠣᠣᠷ᠎ᠠ | ᠠᠵᠢᠯ ᠢᠶᠠᠨ ᠥᠷᠨᠢᠭᠦᠯᠵᠦ᠂ ᠬᠡᠷᠡᠭ ᠤᠨ ᠶᠠᠰᠤ ᠴᠢᠨᠠᠷ ᠢ ᠦᠨᠡᠨ ᠬᠦ ᠪᠠᠲᠤᠯᠠᠵᠤ᠂ ᠭᠦᠢᠴᠡᠳᠬᠡᠬᠦ ᠪᠠᠷᠢᠮᠵᠢᠶ᠎ᠠ ᠶᠢ ᠨᠢᠭᠡᠳᠬᠡᠪᠡ᠃ | ᠭᠦᠢᠴᠡᠳᠬᠡᠬᠦ ᠪᠠ ᠲᠠᠰᠤᠯᠤᠨ ᠲᠣᠭᠲᠠᠭᠠᠬᠤ ᠶᠢ ᠰᠠᠯᠭᠠᠬᠤ ᠶᠢ ᠪᠠᠷᠢᠮᠲᠠᠯᠠᠵᠤ᠂ ᠲᠤᠬᠠᠢ ᠶᠢᠨ ᠬᠥᠮᠥᠨ ᠣᠨᠳᠣᠣ ᠰᠠᠨᠠᠯ | ᠳᠤᠷᠠᠳᠤᠭᠰᠠᠨ ᠪᠤᠶᠤ ᠵᠠᠭᠠᠯᠳᠤᠯᠭ᠎ᠠ ᠭᠠᠷᠭᠠᠭᠰᠠᠨ ᠪᠠᠶᠢᠪᠠᠯ᠂ ᠬᠡᠷᠡᠭ ᠪᠣᠯᠭᠠᠨ ᠳᠠᠩᠰᠠᠯᠠᠭᠰᠠᠨ ᠤ ᠳᠠᠷᠠᠭ᠎ᠠ ᠰᠢᠭᠦᠨ ᠲᠠᠰᠤᠯᠬᠤ | ᠲᠢᠩᠬᠢᠮ ᠠᠴᠠ ᠰᠢᠭᠦᠵᠦ᠂ ᠬᠡᠷᠡᠭ ᠤᠨ ᠡᠷᠬᠡ ᠲᠡᠭᠰᠢ᠂ ᠲᠥᠪ ᠭᠤᠣᠯᠴᠢ ᠶᠢ ᠦᠨᠡᠨᠬᠦ ᠪᠠᠲᠤᠯᠠᠪᠠ᠃ | ᠬᠠᠤᠯᠢ ᠴᠠᠭᠠᠵᠠ ᠶᠢ ᠢᠯᠡ ᠪᠣᠯᠭᠠᠬᠤ ᠶᠢ ᠪᠠᠷᠢᠮᠲᠠᠯᠠᠨ ᠰᠠᠨᠠᠭᠠᠴᠢᠯᠠᠭ᠎ᠠ ᠠᠴᠠ ᠪᠠᠨ ᠬᠢᠨᠠᠯᠲᠠ ᠬᠦᠯᠢᠶᠡᠪᠡ᠃ | ᠲᠠᠰᠤᠯᠤᠨ ᠲᠣᠭᠲᠠᠭᠠᠯᠲᠠ ᠶᠢᠨ ᠪᠢᠴᠢᠭ ᠬᠠᠷ᠎ᠠ᠂ ᠰᠢᠭᠦᠨ ᠲᠠᠰᠤᠯᠬᠤ ᠶᠠᠪᠤᠴᠠ᠂ ᠭᠦᠢᠴᠡᠳᠬᠡᠬᠦ ᠮᠡᠳᠡᠭᠡ ᠵᠠᠩᠭᠢ ᠪᠠ | ᠲᠢᠩᠬᠢᠮ ᠤᠨ ᠰᠢᠭᠦᠯᠲᠡ ᠶᠢ ᠰᠢᠭᠤᠳ ᠨᠡᠪᠲᠡᠷᠡᠭᠦᠯᠬᠦ ᠲᠦᠷᠪᠡᠨ ᠶᠡᠭᠡ ᠢᠯᠡ ᠪᠣᠯᠭᠠᠬᠤ ᠲᠠᠪᠴᠠᠩ ᠤᠨ ᠪᠠᠶᠢᠭᠤᠯᠤᠯᠲᠠ ᠶᠢ | ᠠᠬᠢᠭᠤᠯᠵᠤ᠂ ᠲᠠᠰᠤᠯᠤᠨ ᠲᠣᠭᠲᠠᠭᠠᠯᠲᠠ ᠶᠢᠨ ᠪᠢᠴᠢᠭ ᠬᠠᠷ᠎ᠠ ᠶᠢ ᠢᠯᠡ ᠪᠣᠯᠭᠠᠬᠤ ᠶᠢ ᠦᠷᠭᠦᠯᠵᠢᠯᠡᠨ ᠪᠠᠬᠢᠵᠢᠭᠦᠯᠦᠨ | ᠭᠦᠨᠵᠡᠭᠡᠶᠢᠷᠡᠭᠦᠯᠵᠦ᠂ ᠢᠯᠡ ᠲᠣᠳᠣᠷᠬᠠᠢ ᠬᠠᠤᠯᠢ ᠴᠠᠭᠠᠵᠠ ᠶᠢᠨ ᠵᠣᠬᠢᠴᠠᠮᠵᠢ ᠶᠢ ᠴᠣᠭᠴᠠᠯᠠᠪᠠ᠃ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠡᠷᠬᠡ ᠶᠢᠨ ᠬᠢᠨᠠᠯᠲᠠ ᠪᠠ ᠤᠯᠤᠰ ᠲᠦᠷᠦ ᠶᠢᠨ ᠵᠥᠪᠯᠡᠯᠭᠡᠨ ᠤ ᠠᠷᠠᠳᠴᠢᠯᠠᠭᠰᠠᠨ | ᠬᠢᠨᠠᠯᠲᠠ ᠶᠢ ᠤᠬᠠᠮᠰᠠᠷ ᠠᠴᠠ ᠪᠠᠨ ᠬᠦᠯᠢᠶᠡᠵᠦ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠰᠢᠯᠵᠢᠭᠦᠯᠦᠨ | ᠰᠢᠢᠳᠪᠦᠷᠢᠯᠡᠭᠦᠯᠦᠭᠰᠡᠨ ᠵᠠᠬᠢᠳᠠᠯ ᠰᠣᠷᠪᠤᠯᠵᠢᠯᠠᠭ᠎ᠠ ᠶᠢᠨ ᠬᠡᠷᠡᠭ ᠢ ᠬᠢᠨᠠᠮᠠᠭᠠᠢ ᠰᠢᠢᠳᠪᠦᠷᠢᠯᠡᠵᠦ᠂ ᠬᠡᠷᠡᠭ ᠰᠢᠢᠳᠪᠦᠷᠢᠯᠡᠭᠰᠡᠨ | ᠪᠠᠶᠢᠳᠠᠯ ᠢᠶᠠᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠳᠤ ᠴᠠᠭ ᠲᠤᠬᠠᠢ ᠳᠤ ᠨᠢ ᠮᠡᠳᠡᠭᠦᠯᠪᠡ᠃ ᠪᠠᠶᠢᠴᠠᠭᠠᠬᠤ | ᠪᠠᠶᠢᠭᠤᠯᠤᠯᠭ᠎ᠠ ᠶᠢᠨ ᠵᠠᠷᠭᠤ ᠶᠢᠨ ᠬᠢᠨᠠᠯᠲᠠ ᠶᠢ ᠤᠬᠠᠮᠰᠠᠷ ᠠᠴᠠ ᠪᠠᠨ ᠬᠦᠯᠢᠶᠡᠵᠦ᠂ ᠪᠠᠶᠢᠴᠠᠭᠠᠭᠴᠢ ᠳᠠᠷᠤᠭ᠎ᠠ ᠶᠢ ᠤᠷᠢᠵᠤ | ᠰᠢᠭᠦᠬᠦ ᠺᠣᠮᠢᠰ ᠲᠤ 3 ᠤᠳᠠᠭ᠎ᠠ ᠰᠤᠯᠠ ᠣᠷᠣᠯᠴᠠᠭᠤᠯᠵᠤ᠂ ᠲᠥᠪ ᠭᠤᠣᠯᠴᠢ ᠪᠠᠷ ᠬᠠᠤᠯᠢ ᠪᠠᠷᠢᠬᠤ ᠶᠢ ᠬᠠᠮᠲᠤ ᠪᠠᠷ | ᠬᠠᠮᠠᠭᠠᠯᠠᠪᠠ᠃ ᠲᠤᠬᠠᠢ ᠶᠢᠨ ᠬᠥᠮᠥᠨ ᠤ ᠬᠢᠨᠠᠯᠲᠠ ᠶᠢ ᠤᠬᠠᠮᠰᠠᠷ ᠠᠴᠠ ᠪᠠᠨ ᠬᠦᠯᠢᠶᠡᠵᠦ᠂ ᠵᠠᠷᠭᠤ ᠶᠢᠨ ᠦᠢᠯᠡᠴᠢᠯᠡᠭᠡᠨ ᠤ | ᠲᠥᠪ᠂ ᠦᠨᠳᠦᠰᠦᠨ ᠱᠠᠲᠤᠨ ᠤ ᠠᠷᠠᠳ ᠤᠨ ᠰᠢᠭᠦᠬᠦ ᠲᠢᠩᠬᠢᠮ ᠤᠨ ᠰᠠᠭᠤᠭ᠎ᠠ ᠭᠠᠵᠠᠷ ᠲᠤ ᠰᠠᠬᠢᠯᠭ᠎ᠠ ᠪᠠᠲᠤ ᠰᠤᠷᠲᠠᠯ ᠤᠨ | ᠲᠣᠭᠲᠠᠭᠠᠯ᠂ ᠢᠯᠡᠴᠢᠯᠡᠨ ᠮᠡᠳᠡᠭᠦᠯᠵᠦ ᠵᠠᠭᠠᠯᠳᠤᠬᠤ ᠤᠲᠠᠰᠤ ᠶᠢ ᠨᠡᠶᠢᠲᠡᠯᠡᠵᠦ᠂ ᠲᠤᠬᠠᠢ ᠶᠢᠨ ᠬᠥᠮᠥᠨ ᠤ ᠬᠢᠨᠠᠯᠲᠠ ᠲᠠᠯᠪᠢᠬᠤ | ᠠᠷᠭ᠎ᠠ ᠵᠠᠮ ᠢ ᠰᠢᠯᠤᠭᠤᠳᠬᠠᠪᠠ᠃ ᠨᠡᠶᠢᠭᠡᠮ ᠤᠨ ᠬᠢᠨᠠᠯᠲᠠ ᠶᠢ ᠥᠷᠭᠡᠨ ᠢᠶᠠᠷ ᠬᠦᠯᠢᠶᠡᠵᠦ᠂ ᠰᠣᠨᠢᠨ ᠮᠡᠳᠡᠭᠡᠨ ᠤ | ᠥᠭᠦᠯᠡᠭᠴᠢ ᠶᠢᠨ ᠳᠦᠷᠢᠮ ᠢ ᠪᠦᠷᠢᠨᠰᠢᠭᠦᠯᠵᠤ᠂ ᠵᠠᠭᠤᠴᠢᠯᠠᠭᠤᠷ ᠯᠤᠭ᠎ᠠ ᠶᠢᠨ ᠨᠡᠪᠲᠡᠷᠡᠯᠴᠡᠭᠡ ᠪᠠᠨ ᠴᠢᠩᠭᠠᠳᠬᠠᠵᠤ᠂ ᠬᠠᠤᠯᠢ | ᠴᠠᠭᠠᠵᠠ ᠶᠢᠨ ᠮᠡᠳᠡᠭᠡ ᠵᠠᠩᠭᠢ ᠶᠢ ᠴᠠᠭ ᠲᠤᠬᠠᠢ ᠳᠤᠨᠢ ᠨᠡᠶᠢᠲᠡᠯᠡᠵᠦ᠂ ᠨᠡᠶᠢᠭᠡᠮ ᠤᠨ ᠠᠩᠬᠠᠷᠤᠯ ᠳᠤ ᠢᠳᠡᠪᠬᠢᠲᠡᠢ ᠪᠠᠷ | ᠬᠠᠷᠢᠭᠤᠯᠲᠠ ᠥᠭᠪᠡ᠃ | ᠲᠠᠪᠤ᠂ ᠰᠢᠭᠦᠬᠦ ᠬᠤᠷᠢᠶ᠎ᠠ ᠶᠢ ᠪᠦᠬᠦ ᠲᠠᠯ᠎ᠠ ᠪᠠᠷ ᠴᠢᠩᠭ᠎ᠠ ᠵᠠᠰᠠᠵᠤ᠂ ᠰᠢᠯᠭᠠᠷᠠᠭᠰᠠᠨ ᠰᠢᠭᠦᠬᠦ ᠬᠤᠷᠢᠶ᠎ᠠ ᠶᠢᠨ | ᠡᠩᠨᠡᠭᠡ ᠶᠢ ᠳᠠᠪᠲᠠᠨ ᠪᠣᠯᠪᠠᠰᠤᠷᠠᠭᠤᠯᠪᠠ | ᠨᠠᠮ ᠤᠨ ᠤᠯᠤᠰ ᠲᠦᠷᠦ ᠶᠢᠨ ᠪᠠᠶᠢᠭᠤᠯᠤᠯᠲᠠ ᠶᠢ ᠴᠢᠩᠭᠠᠳᠬᠠᠪᠠ᠃ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ | ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠲᠤᠤᠱᠯᠠᠭᠤᠯᠬᠤ ᠭᠤᠣᠯ | ᠰᠡᠳᠦᠪᠲᠦ ᠬᠥᠮᠦᠵᠢᠯ ᠢ ᠭᠦᠨᠵᠡᠭᠡᠢ ᠥᠷᠨᠢᠭᠦᠯᠵᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ | ᠤᠬᠠᠮᠰᠠᠷ ᠢ ᠪᠠᠲᠤ ᠪᠠᠬᠢ ᠪᠤᠶ ᠪᠣᠯᠭᠠᠵᠤ᠂ ︽ᠤᠮᠠᠷᠠᠲᠤ ᠬᠢᠯᠢ ᠶᠢᠨ ᠰᠣᠶᠣᠯ︾ ᠤᠨ ᠪᠠᠶᠢᠭᠤᠯᠤᠯᠲᠠ ᠶᠢ ᠭᠦᠨᠵᠡᠭᠡᠢ | ᠠᠬᠢᠭᠤᠯᠵᠤ᠂ ᠨᠠᠮ ᠤᠨ ᠤᠳᠤᠷᠢᠳᠬᠤ ᠳᠤᠭᠤᠶᠢᠯᠠᠩ ᠤᠨ ᠤᠨᠤᠯ ᠤᠨ ᠭᠤᠣᠯᠯᠠᠬᠤ ᠳᠤᠭᠤᠶᠢᠯᠠᠩ 12 ᠤᠳᠠᠭ᠎ᠠ | ᠰᠤᠷᠤᠯᠴᠠᠵᠤ᠂ ᠪᠦᠬᠦ ᠬᠤᠷᠢᠶ᠎ᠠ ᠶᠢᠨ ᠺᠠᠳ᠋ᠷ ᠴᠠᠭᠳᠠᠭ᠎ᠠ ᠨᠠᠷ 12 ᠤᠳᠠᠭ᠎ᠠ ᠲᠥᠪᠯᠡᠷᠡᠨ ᠰᠤᠷᠤᠯᠴᠠᠵᠤ᠂ ᠺᠠᠳ᠋ᠷ ᠴᠠᠭᠳᠠᠭ᠎ᠠ | ᠨᠠᠷ ᠤᠨ ᠤᠯᠤᠰ ᠲᠦᠷᠦ ᠶᠢᠨ ᠤᠬᠠᠮᠰᠠᠷ ᠢᠶᠠᠨ ᠤᠯᠠᠮ ᠨᠢᠭᠡ ᠠᠯᠬᠤᠮ ᠴᠢᠩᠭᠠᠳᠬᠠᠬᠤ ᠶᠢ ᠬᠥᠲᠥᠯᠥᠨ ᠵᠢᠯᠣᠭᠤᠳᠪᠠ᠃ | ᠰᠢᠭᠦᠬᠦ ᠬᠤᠷᠢᠶ᠎ᠠ ᠶᠢᠨ ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠢ ᠴᠢᠩᠭᠠᠳᠬᠠᠵᠤ᠂ ᠦᠵᠡᠯ ᠤᠬᠠᠮᠰᠠᠷ ᠤᠨ | ᠬᠡᠯᠪᠡᠷᠢ ᠶᠢᠨ ᠠᠵᠢᠯ ᠢ ᠨᠠᠮ ᠤᠨ ᠪᠠᠶᠢᠭᠤᠯᠤᠯᠲᠠ ᠶᠢᠨ ᠠᠵᠢᠯ ᠤᠨ ᠬᠠᠷᠢᠭᠤᠴᠠᠯᠭ᠎ᠠ ᠶᠢᠨ ᠳᠦᠷᠢᠮ ᠳᠤ ᠣᠷᠣᠭᠤᠯᠵᠤ᠂ | ᠲᠤᠬᠠᠶᠢᠯᠠᠭᠰᠠᠨ ᠠᠵᠢᠯ ᠲᠠᠢ ᠬᠠᠮᠲᠤ ᠳᠤᠨᠢ ᠪᠠᠶᠢᠷᠢᠯᠠᠭᠤᠯᠤᠨ᠂ ᠬᠠᠮᠲᠤ ᠳᠤᠨᠢ ᠨᠠᠶᠢᠳᠠᠪᠤᠷᠢᠵᠢᠭᠤᠯᠤᠨ᠂ ᠬᠠᠮᠲᠤ ᠳᠤᠨᠢ | ᠪᠠᠶᠢᠴᠠᠭᠠᠨ᠂ ᠬᠠᠮᠲᠤ ᠳᠤᠨᠢ ᠬᠢᠨᠠᠨ ᠰᠢᠯᠭᠠᠵᠤ᠂ ᠪᠦᠬᠦ ᠵᠢᠯ ᠳᠤ ᠦᠵᠡᠯ ᠤᠬᠠᠮᠰᠠᠷ ᠤᠨ ᠬᠡᠯᠪᠡᠷᠢ ᠶᠢᠨ ᠮᠡᠳᠡᠯᠭᠡ ᠶᠢ 12 | ᠤᠳᠠᠭ᠎ᠠ ᠲᠤᠰᠬᠠᠢ ᠰᠡᠳᠦᠪ ᠢᠶᠠᠷ ᠰᠤᠷᠤᠯᠴᠠᠵᠤ᠂ ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠢ 5 ᠤᠳᠠᠭ᠎ᠠ ᠵᠠᠳᠠᠯᠤᠨ | ᠮᠠᠭᠠᠳᠯᠠᠪᠠ᠃ ᠨᠠᠮ ᠤᠨ ᠪᠠᠶᠢᠭᠤᠯᠤᠯᠲᠠ ᠲᠠᠢ ᠠᠭᠤᠰᠤᠯᠴᠠᠭᠤᠯᠬᠤ ᠠᠵᠢᠯ ᠢ ᠴᠢᠩᠭᠠᠳᠬᠠᠵᠤ᠂ ᠪᠤᠢ ᠪᠦᠬᠦᠢ ᠨᠠᠮ ᠤᠨ | ᠡᠭᠦᠷ ᠢ ᠰᠢᠨ᠎ᠡ ᠪᠠᠷ ᠰᠢᠯᠢᠳᠡᠭᠵᠢᠭᠦᠯᠦᠨ ᠣᠨᠣᠪᠴᠢᠲᠠᠢ ᠪᠣᠯᠭᠠᠵᠤ᠂ ᠳᠠᠯᠠᠢ ᠨᠠᠭᠤᠷ ᠤᠨ ᠠᠮᠢ ᠠᠬᠤᠢ ᠶᠢᠨ ᠣᠷᠴᠢᠨ | ᠲᠣᠭᠤᠷᠢᠨ ᠤ ᠬᠠᠮᠠᠭᠠᠯᠠᠯᠲᠠ ᠵᠢᠴᠢ ᠠᠮᠤᠷ ᠠᠮᠤᠭᠤᠯᠠᠩ ᠤᠨ ᠪᠠᠶᠢᠭᠤᠯᠤᠯᠲᠠ ᠶᠢᠨ ᠨᠠᠮ ᠤᠨ ᠪᠠᠶᠢᠭᠤᠯᠤᠯᠲᠠ ᠶᠢᠨ | ᠬᠤᠯᠪᠣᠭᠠᠲᠤ ᠴᠣᠭᠴᠠ ᠳᠤ ᠣᠷᠣᠯᠴᠠᠵᠤ᠂ ᠳᠠᠯᠠᠢ ᠨᠠᠭᠤᠷ ᠤᠨ ᠤᠯᠤᠰ ᠤᠨ ᠳᠡᠰ ᠤᠨ ᠪᠠᠶᠢᠭᠠᠯᠢ ᠶᠢᠨ ᠬᠠᠮᠠᠭᠠᠯᠠᠯᠲᠠ ᠶᠢᠨ | ᠣᠷᠣᠨ ᠯᠤᠭ᠎ᠠ ᠬᠠᠮᠲᠤᠷᠠᠭᠰᠠᠨ ᠨᠠᠮ ᠤᠨ ᠪᠠᠶᠢᠭᠤᠯᠤᠯᠲᠠ ᠶᠢᠨ ᠠᠵᠢᠯᠯᠠᠭ᠎ᠠ ᠶᠢ ᠭᠦᠨᠵᠡᠭᠡᠢ ᠥᠷᠨᠢᠭᠦᠯᠵᠦ᠂ ᠨᠠᠮ ᠤᠨ | ᠪᠠᠶᠢᠭᠤᠯᠤᠯᠲᠠ ᠶᠢ ᠬᠠᠮᠲᠤᠪᠠᠷ ᠪᠠᠶᠢᠭᠤᠯᠬᠤ ᠰᠢᠨ᠎ᠡ ᠰᠡᠳᠬᠢᠮᠵᠢ ᠶᠢ ᠰᠦᠪᠡᠭᠴᠢᠯᠡᠪᠡ᠃ | ᠬᠠᠤᠯᠢ ᠴᠠᠭᠠᠵᠠ ᠶᠢᠨ ᠴᠢᠳᠠᠪᠤᠷᠢ ᠶᠢᠨ ᠪᠠᠶᠢᠭᠤᠯᠤᠯᠲᠠ ᠶᠢ ᠴᠢᠩᠭᠠᠳᠬᠠᠪᠠ᠃ ᠬᠡᠷᠡᠭ ᠰᠢᠢᠳᠪᠦᠷᠢᠯᠡᠬᠦ ᠲᠤᠬᠠᠶᠢᠯᠠᠭᠰᠠᠨ | ᠠᠵᠢᠯ ᠤᠨ ᠰᠤᠷᠤᠯᠴᠠᠯᠭ᠎ᠠ ᠶᠢ ᠴᠢᠩᠭᠠᠳᠬᠠᠵᠤ᠂ ᠺᠠᠳ᠋ᠷ ᠴᠠᠭᠳᠠᠭ᠎ᠠ ᠶᠢ ᠵᠣᠬᠢᠶᠠᠨ ᠪᠠᠶᠢᠭᠤᠯᠤᠨ ᠲᠤᠬᠠᠶᠢᠯᠠᠭᠰᠠᠨ ᠠᠵᠢᠯ ᠤᠨ | ᠪᠣᠯᠪᠠᠰᠤᠷᠠᠯ ᠤᠨ ᠠᠵᠢᠯᠯᠠᠭ᠎ᠠ ᠳᠤ 29 ᠤᠳᠠᠭ᠎ᠠ ᠣᠷᠣᠯᠴᠠᠭᠤᠯᠵᠤ᠂ ᠺᠠᠳ᠋ᠷ ᠴᠠᠭᠳᠠᠭ᠎ᠠ ᠶᠢᠨ ᠶᠡᠷᠦᠩᠬᠡᠢ ᠬᠡᠪ ᠴᠢᠨᠠᠷ ᠢ | ᠳᠡᠭᠡᠭᠰᠢᠯᠡᠭᠦᠯᠪᠡ᠃ ᠵᠠᠯᠠᠭᠤ ᠺᠠᠳ᠋ᠷᠴᠤᠳ ᠢ ᠬᠥᠮᠥᠵᠢᠭᠦᠯᠬᠦ ᠶᠢ ᠴᠢᠬᠤᠯᠠᠴᠢᠯᠠᠵᠤ᠂ ᠨᠠᠮ ᠤᠨ ᠤᠳᠤᠷᠢᠳᠬᠤ ᠳᠤᠭᠤᠶᠢᠯᠠᠩ ᠤᠨ | ᠪᠦᠷᠢᠯᠳᠦᠭᠦᠨ ᠪᠠ ᠬᠡᠰᠡᠭ ᠵᠠᠩᠭᠢᠯᠠᠭ᠎ᠠ ᠶᠢᠨ ᠺᠠᠳ᠋ᠷᠴᠤᠳ ᠢ ᠰᠢᠨ᠎ᠡ ᠪᠠᠷ ᠲᠣᠬᠢᠷᠠᠭᠤᠯᠬᠤ ᠪᠠ ᠰᠣᠩᠭᠤᠨ ᠲᠣᠮᠢᠯᠠᠵᠤ᠂ | ᠤᠳᠤᠷᠢᠳᠬᠤ ᠪᠠᠭ ᠢ ᠲᠣᠬᠢᠷᠠᠭᠤᠯᠤᠭᠰᠠᠨ ᠤ ᠲᠠᠷᠠᠭ᠎ᠠ ᠵᠠᠯᠠᠭᠤᠵᠢᠭᠰᠠᠨ᠂ ᠲᠤᠰᠬᠠᠶᠢᠵᠢᠭᠰᠠᠨ ᠭᠤᠣᠯ ᠣᠨᠴᠠᠯᠢᠭ ᠲᠠᠢ ᠪᠣᠯᠵᠤ | ᠂ ᠨᠠᠮ ᠤᠨ ᠤᠳᠤᠷᠢᠳᠬᠤ ᠳᠤᠭᠤᠶᠢᠯᠠᠩ ᠤᠨ ᠪᠠᠭ ᠤᠨ ᠳᠤᠮᠳᠠᠴᠢ ᠨᠠᠰᠤ ᠨᠢ 42 ᠨᠠᠰᠤ ᠪᠣᠯᠵᠤ᠂ ᠤᠤᠯ ᠤᠨ ᠪᠠᠭ ᠤᠨ | ᠳᠤᠮᠳᠠᠴᠢ ᠨᠠᠰᠤ ᠠᠴᠠ 13 ᠨᠠᠰᠤ ᠵᠠᠯᠠᠭᠤᠵᠢᠪᠠ︔ 35 ᠨᠠᠰᠤ ᠣᠷᠴᠢᠮ ᠤᠨ ᠵᠠᠩᠭᠢᠯᠠᠭ᠎ᠠ ᠶᠢᠨ ᠺᠠᠳ᠋ᠷ ᠢ 5 ᠨᠡᠷ᠎ᠡ | ᠲᠣᠬᠢᠷᠠᠭᠤᠯᠵᠤ᠂ ᠡᠭᠦᠨ ᠤ ᠳᠣᠲᠣᠷ᠎ᠠ ᠨᠢᠭᠡ ᠨᠡᠷ᠎ᠡ ᠵᠠᠩᠭᠢᠯᠠᠭ᠎ᠠ ᠶᠢᠨ ᠵᠢᠩᠬᠢᠨᠢ ᠲᠤᠰᠢᠶᠠᠯᠲᠠᠨ ᠨᠢ ᠪᠦᠬᠦ ᠬᠤᠲᠠ ᠶᠢᠨ | ᠬᠠᠮᠤᠭ ᠤᠨ ᠵᠠᠯᠠᠭᠤ ᠵᠠᠩᠭᠢᠯᠠᠭ᠎ᠠ ᠶᠢᠨ ᠺᠠᠳ᠋ᠷ ᠪᠣᠯᠪᠠ᠃ ᠪᠠᠭᠠᠲᠤᠷ ᠵᠢᠱᠢᠶᠡᠴᠢ ᠶᠢᠨ ᠵᠣᠷᠢᠭ ᠰᠠᠨᠠᠭ᠎ᠠ ᠶᠢ ᠪᠠᠳᠠᠷᠠᠭᠤᠯᠵᠤ᠂ ︽ | ᠴᠠᠭ ᠦᠶ᠎ᠡ ᠶᠢᠨ ᠵᠢᠱᠢᠶᠡᠴᠢ︾ ᠰᠢᠭᠦᠭᠴᠢ ᠪᠦᠦ ᠸᠧᠢ ᠵᠦᠩ ᠨᠥᠬᠦᠷ ᠤᠨ ᠲᠡᠷᠢᠭᠦᠨ ᠤ ᠦᠢᠯᠡ ᠠᠵᠢᠯᠯᠠᠭ᠎ᠠ ᠶᠢ | ᠰᠤᠷᠤᠯᠴᠠᠵᠥ᠂ ᠦᠯᠢᠭᠡᠷ ᠳᠠᠭᠤᠷᠢᠶᠠᠯ ᠤᠨ ᠬᠦᠴᠦᠨ ᠢ ᠠᠵᠢᠯ ᠬᠢᠵᠦ ᠦᠢᠯᠡᠰ ᠪᠣᠰᠬᠠᠬᠤ ᠬᠦᠴᠦᠷᠬᠡᠭ ᠶᠡᠭᠡ ᠬᠥᠳᠡᠯᠭᠡᠬᠦ | ᠬᠦᠴᠦᠨ ᠪᠣᠯᠭᠠᠨ ᠬᠤᠪᠢᠷᠠᠭᠤᠯᠵᠤ᠂ ᠪᠦᠬᠦ ᠵᠢᠯ ᠳᠤ 1 ᠬᠠᠮᠲᠤ ᠨᠡᠶᠢᠳᠡ᠂ 3 ᠬᠤᠪᠢ ᠬᠥᠮᠥᠨ ᠥᠪᠡᠷᠲᠡᠭᠡᠨ ᠵᠠᠰᠠᠬᠤ | ᠣᠷᠣᠨ ᠤ ᠲᠡᠰ ᠠᠴᠠ ᠳᠡᠭᠡᠭᠰᠢᠬᠢ ᠬᠥᠬᠢᠭᠦᠯᠦᠯ ᠰᠠᠶᠢᠰᠢᠶᠠᠯ ᠢ ᠬᠦᠷᠲᠡᠵᠦ᠂ ᠶᠡᠷᠦᠩᠬᠡᠶᠢᠯᠡᠭᠰᠡᠨ ᠠᠯᠪᠠᠨ ᠭᠡᠷ ᠤᠨ ᠡᠷᠬᠢᠯᠡᠭᠴᠢ | ᠵᠠᠩ ᠽᠢ ᠰᠢᠶᠣᠣ ᠠᠷᠠᠳ ᠤᠨ ᠳᠡᠭᠡᠳᠦ ᠰᠢᠭᠦᠬᠦ ᠬᠤᠷᠢᠶ᠎ᠠ ᠳᠤ ︽ᠪᠦᠬᠦ ᠤᠯᠤᠰ ᠤᠨ ᠰᠢᠭᠦᠬᠦ ᠬᠤᠷᠢᠶ᠎ᠠ ᠶᠢᠨ ᠲᠡᠷᠢᠭᠦᠨ ᠤ | ᠬᠤᠪᠢ ᠬᠥᠮᠥᠨ︾ ᠢᠶᠠᠷ ᠴᠣᠯᠠᠯᠠᠭᠳᠠᠪᠠ᠃ | ᠨᠠᠮ ᠤᠨ ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ ᠶᠢ ᠴᠢᠩᠭᠠᠳᠬᠠᠪᠠ᠃ ᠲᠥᠪ ᠤᠨ ᠨᠠᠢᠮᠠᠨ ᠲᠣᠭᠲᠠᠭᠠᠯ ᠤᠨ | ᠵᠣᠷᠢᠭ ᠰᠠᠨᠠᠭ᠎ᠠ ᠶᠢ ᠬᠢᠨᠠᠮᠠᠭᠠᠢ ᠲᠤᠤᠱᠯᠠᠭᠤᠯᠵᠤ᠂ ︽ᠠᠷᠪᠠ ᠶᠢ ᠴᠢᠩᠭ᠎ᠠ ᠴᠠᠭᠠᠵᠠᠯᠠᠬᠤ︾ ᠶᠢ ᠴᠢᠩᠭ᠎ᠠ ᠬᠡᠷᠡᠭᠵᠢᠭᠦᠯᠵᠦ᠂ | ᠬᠡᠷᠡᠭ ᠢ ᠬᠠᠮᠢᠶᠠᠷᠬᠤ ᠳᠤ ᠭᠠᠷ ᠲᠦᠷᠦᠭᠦ ᠶᠢ ᠰᠡᠷᠭᠡᠶᠢᠯᠡᠬᠦ ︽ᠭᠤᠷᠪᠠᠨ ᠲᠣᠭᠲᠠᠭᠠᠯ︾⑾ ᠢ ᠴᠢᠩᠭ᠎ᠠ ᠬᠡᠷᠡᠭᠵᠢᠭᠦᠯᠵᠦ᠂ | ᠰᠢᠭᠦᠨ ᠲᠠᠰᠤᠯᠬᠤ ᠡᠷᠬᠡ᠂ ᠭᠦᠢᠴᠡᠳᠬᠡᠬᠦ ᠡᠷᠬᠡ ᠳᠤ ᠪᠠᠶᠢᠩᠭᠤ ᠶᠢᠨ ᠴᠢᠨᠠᠷᠲᠠᠢ ᠬᠢᠨᠠᠯᠲᠠ ᠲᠠᠯᠪᠢᠬᠤ ᠶᠢ ᠴᠢᠩᠭᠠᠳᠬᠠᠪᠠ᠃ | ᠴᠢᠬᠡᠴᠢ ᠵᠠᠰᠠᠭ ᠤᠨ ᠠᠶᠤᠯ ᠲᠦᠭᠰᠢᠭᠦᠷᠢ ᠶᠢ ᠰᠡᠷᠭᠡᠶᠢᠯᠡᠨ ᠡᠵᠡᠮᠳᠡᠬᠦ ᠵᠣᠬᠢᠴᠠᠮᠵᠢ ᠶᠢ ᠲᠡᠭᠦᠯᠳᠡᠷᠵᠢᠭᠦᠯᠵᠦ᠂ | ᠭᠤᠣᠯᠳᠠᠯᠭ᠎ᠠ ᠲᠠᠢ ᠠᠵᠢᠯ ᠤᠨ ᠪᠠᠶᠢᠷᠢ᠂ ᠭᠤᠣᠯᠳᠠᠯᠭ᠎ᠠ ᠲᠠᠢ ᠬᠥᠮᠥᠰ ᠲᠤ ᠬᠢᠨᠠᠯᠲᠠ ᠲᠠᠯᠪᠢᠬᠤ ᠶᠢ ᠴᠢᠩᠭᠠᠳᠬᠠᠵᠤ᠂ ᠪᠦᠬᠦ | ᠵᠢᠯ ᠳᠤ 13 ᠤᠳᠠᠭ᠎ᠠ ᠬᠢᠨᠠᠨ ᠪᠠᠶᠢᠴᠠᠭᠠᠬᠤ ᠠᠵᠢᠯ ᠢ ᠥᠷᠨᠢᠭᠦᠯᠵᠦ᠂ ᠠᠰᠠᠭᠤᠳᠠᠯ ᠢ ᠢᠯᠡᠷᠡᠭᠦᠯᠪᠡᠯ ᠬᠤᠭᠤᠴᠠᠭ᠎ᠠ | ᠲᠣᠭᠲᠠᠭᠠᠨ ᠴᠡᠭᠴᠡᠯᠡᠨ ᠥᠭᠡᠷᠡᠴᠢᠯᠡᠭᠦᠯᠪᠡ᠃ ᠶᠠᠷᠢᠯᠴᠠᠵᠤ ᠰᠠᠨᠠᠭᠤᠯᠬᠤ ᠳᠦᠷᠢᠮ ᠢ ᠨᠠᠶᠢᠳᠠᠪᠤᠷᠢᠵᠢᠭᠤᠯᠵᠤ᠂ ᠪᠦᠬᠦ ᠵᠢᠯ ᠳᠤ | 54 ᠬᠥᠮᠥᠨ ᠤᠳᠠᠭ᠎ᠠ ᠴᠢᠬᠡᠴᠢ ᠵᠠᠰᠠᠭ ᠤᠨ ᠶᠠᠷᠢᠯᠴᠠᠭ᠎ᠠ ᠬᠢᠵᠦ᠂ ᠴᠢᠬᠡᠴᠢ ᠵᠠᠰᠠᠭ ᠤᠨ ᠦᠵᠡᠯ ᠰᠠᠨᠠᠭᠠᠨ ᠤ | ᠰᠡᠷᠭᠡᠶᠢᠯᠡᠯᠲᠡ ᠶᠢᠨ ᠱᠤᠭᠤᠮ ᠢ ᠤᠯᠠᠮ ᠨᠢᠭᠡ ᠠᠯᠬᠤᠮ ᠪᠠᠲᠤᠳᠬᠠᠪᠠ᠃ ᠰᠡᠷᠡᠮᠵᠢᠯᠡᠭᠦᠯᠬᠦ ᠬᠥᠮᠦᠵᠢᠯ ᠢ ᠴᠢᠩᠭᠠᠳᠬᠠᠵᠤ᠂ | ᠺᠠᠳ᠋ᠷ ᠴᠠᠭᠳᠠᠭ᠎ᠠ ᠶᠢ ᠵᠣᠬᠢᠶᠠᠨ ᠪᠠᠶᠢᠭᠤᠯᠤᠨ ᠰᠡᠷᠡᠮᠵᠢᠯᠡᠭᠦᠯᠬᠦ ᠬᠥᠮᠦᠵᠢᠯ ᠤᠨ ᠬᠤᠷᠠᠯᠳᠤᠭᠠᠨ ᠳᠤ ᠣᠷᠣᠯᠴᠠᠭᠤᠯᠬᠤ᠂ | ᠰᠠᠬᠢᠯᠭ᠎ᠠ ᠪᠠᠲᠤ ᠶᠢ ᠵᠥᠷᠢᠴᠡᠭᠰᠡᠨ ᠬᠡᠷᠡᠭ ᠢ ᠵᠠᠷᠯᠠᠨ ᠮᠡᠳᠡᠭᠳᠡᠬᠦ ᠵᠡᠷᠭᠡ ᠬᠡᠯᠪᠡᠷᠢ ᠪᠠᠷ ᠳᠠᠮᠵᠢᠭᠤᠯᠤᠨ ᠠᠷᠢᠭᠤᠨ ᠴᠢᠬᠡᠴᠢ ᠶᠢᠨ | ᠬᠥᠮᠦᠵᠢᠯ ᠢ 6 ᠤᠳᠠᠭ᠎ᠠ ᠥᠷᠨᠢᠭᠦᠯᠵᠦ᠂ ᠺᠠᠳ᠋ᠷ ᠴᠠᠭᠳᠠᠭ᠎ᠠ ᠶᠢᠨ ᠢᠯᠵᠠᠷᠠᠯ ᠢ ᠡᠰᠡᠷᠭᠦᠴᠡᠨ ᠬᠤᠪᠢᠷᠠᠭᠤᠯᠤᠯᠲᠠ ᠶᠢ | ᠰᠡᠷᠭᠡᠶᠢᠯᠡᠬᠦ ᠴᠢᠳᠠᠪᠤᠷᠢ ᠶᠢ ᠦᠨᠡᠨᠬᠦ ᠳᠡᠭᠡᠭᠰᠢᠯᠡᠭᠦᠯᠪᠡ᠃ | ᠲᠥᠯᠥᠭᠡᠯᠡᠭᠴᠢᠳ ᠠ᠋᠂ ᠥᠩᠭᠡᠷᠡᠭᠰᠡᠨ ᠨᠢᠭᠡ ᠵᠢᠯ ᠳᠤ᠂ ᠬᠤᠰᠢᠭᠤᠨ ᠤ ᠠᠷᠠᠳ ᠤᠨ ᠰᠢᠭᠦᠬᠦ ᠬᠤᠷᠢᠶ᠎ᠠ | ᠥᠭᠡᠷᠡᠴᠢᠯᠡᠯᠲᠡ ᠪᠠ ᠥᠷᠢᠰᠦᠯᠳᠦᠭᠡᠨ ᠤ ᠳᠤᠮᠳᠠ ᠡᠷᠡᠮᠡᠬᠡᠶᠢᠯᠡᠨ ᠤᠷᠤᠭᠰᠢᠯᠠᠵᠤ᠂ ᠬᠡᠷᠡᠭ ᠰᠢᠢᠳᠪᠦᠷᠢᠯᠡᠬᠦ ᠳᠠᠷᠤᠯᠲᠠ ᠡᠳᠦᠷ | ᠢᠷᠡᠬᠦᠶ᠎ᠡ ᠨᠡᠮᠡᠭᠳᠡᠬᠦ ᠶᠢ ᠳᠠᠭᠠᠯᠳᠤᠵᠤ᠂ ᠬᠠᠤᠯᠢ ᠴᠠᠭᠠᠵᠠ ᠶᠢᠨ ᠥᠭᠡᠷᠡᠴᠢᠯᠡᠯᠲᠡ ᠭᠦᠨᠵᠡᠭᠡᠶᠢᠷᠡᠨ ᠠᠬᠢᠵᠤ᠂ ᠠᠵᠢᠯ ᠤᠨ | ᠵᠣᠬᠢᠴᠠᠮᠵᠢ ᠶᠢᠨ ᠬᠠᠭᠤᠴᠢᠨ ᠢ ᠣᠷᠬᠢᠨ ᠰᠢᠨ᠎ᠡ ᠶᠢ ᠡᠭᠦᠳᠴᠦ᠂ ᠡᠯ᠎ᠡ ᠲᠥᠷᠥᠯ ᠤᠨ ᠠᠵᠢᠯ ᠴᠥᠮ ᠰᠢᠨ᠎ᠡ ᠠᠬᠢᠴᠠ ᠲᠠᠢ | ᠪᠣᠯᠪᠠ᠃ ᠠᠮᠵᠢᠯᠲᠠ ᠪᠦᠲᠦᠮᠵᠢ ᠣᠯᠣᠭᠰᠠᠨ ᠨᠢ ᠬᠤᠰᠢᠭᠤᠨ ᠤ ᠨᠠᠮ ᠤᠨ ᠬᠤᠷᠢᠶ᠎ᠠ ᠶᠢᠨ ᠪᠠᠲᠤ ᠴᠢᠩᠭ᠎ᠠ ᠤᠳᠤᠷᠢᠳᠤᠯᠭ᠎ᠠ᠂ | ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠦᠴᠦᠲᠡᠢ ᠬᠢᠨᠠᠯᠲᠠ᠂ ᠵᠠᠰᠠᠭ ᠤᠨ ᠣᠷᠳᠣᠨ᠂ ᠤᠯᠤᠰ ᠲᠥᠷᠥ ᠶᠢᠨ | ᠵᠥᠪᠯᠡᠯᠭᠡᠨ ᠵᠢᠴᠢ ᠨᠡᠶᠢᠭᠡᠮ ᠤᠨ ᠡᠯ᠎ᠡ ᠡᠲᠡᠭᠡᠳ ᠤᠨ ᠬᠦᠴᠦᠲᠡᠢ ᠳᠡᠮᠵᠢᠯᠭᠡ ᠠᠴᠠ ᠰᠠᠯᠵᠤ ᠴᠢᠳᠠᠬᠤ ᠦᠭᠡᠢ ᠶᠤᠮ᠂ ᠡᠯ᠎ᠡ | ᠲᠥᠯᠥᠭᠡᠯᠡᠭᠴᠢᠳ᠂ ᠭᠡᠰᠢᠭᠦᠳ ᠤᠨ ᠬᠠᠯᠠᠮᠵᠢᠯᠠᠯ ᠪᠠ ᠬᠠᠪᠰᠤᠷᠤᠯᠭ᠎ᠠ ᠲᠠᠢ ᠰᠠᠯᠤᠰᠢ ᠦᠭᠡᠢ ᠨᠢᠭᠲᠠ ᠬᠤᠯᠪᠣᠭ᠎ᠠ ᠲᠠᠢ ᠶᠤᠮ᠃ | ᠠᠳᠡ ᠪᠢ ᠬᠤᠰᠢᠭᠤᠨ ᠤ ᠠᠷᠠᠳ ᠤᠨ ᠰᠢᠭᠦᠬᠦ ᠬᠤᠷᠢᠶ᠎ᠠ ᠶᠢ ᠲᠥᠯᠥᠭᠡᠯᠡᠨ ᠡᠷᠬᠢᠮ ᠳᠡᠭᠡᠳᠦ ᠬᠦᠨᠳᠦᠳᠬᠡᠯ ᠪᠠ ᠴᠢᠩ | ᠰᠡᠳᠬᠢᠯ ᠤᠨ ᠲᠠᠯᠠᠷᠬᠠᠯ ᠢᠶᠠᠨ ᠳᠡᠪᠰᠢᠭᠦᠯᠦᠶ᠎ᠡ︕ | ᠠᠮᠵᠢᠯᠲᠠ ᠪᠠᠨ ᠨᠤᠲᠠᠯᠠᠬᠤ ᠶᠢᠨ ᠬᠠᠮᠲᠤ᠂ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠰᠢᠨ᠎ᠡ ᠪᠠᠶᠢᠳᠠᠯ᠂ | ᠬᠠᠤᠯᠢ ᠪᠠᠷ ᠬᠤᠰᠢᠭᠤ ᠪᠠᠨ ᠵᠠᠰᠠᠬᠤ ᠰᠢᠨ᠎ᠡ ᠱᠠᠭᠠᠷᠳᠠᠯᠭ᠎ᠠ᠂ ᠪᠥᠬᠦ ᠬᠤᠰᠢᠭᠤᠨ ᠤ ᠠᠷᠠᠳ ᠲᠦᠮᠡᠨ ᠤ ᠰᠢᠨ᠎ᠡ ᠬᠦᠰᠡᠯ | ᠡᠷᠡᠮᠡᠯᠵᠡᠯ ᠳᠤ ᠬᠠᠨᠳᠤᠵᠤ᠂ ᠰᠢᠭᠦᠬᠦ ᠬᠤᠷᠢᠶ᠎ᠠ ᠶᠢᠨ ᠠᠵᠢᠯ ᠳᠤ ᠪᠠᠰᠠ ᠡᠳᠦᠢ ᠲᠡᠳᠦᠢ ᠬᠦᠴᠢᠷᠳᠡᠯ ᠪᠠ ᠠᠰᠠᠭᠤᠳᠠᠯ | ᠣᠷᠣᠰᠢᠵᠤ ᠪᠠᠶᠢᠬᠤ ᠶᠢ ᠪᠢᠳᠡ ᠰᠡᠷᠭᠡᠭ ᠢᠶᠠᠷ ᠲᠠᠨᠢᠵᠤ ᠣᠯᠣᠭᠰᠠᠨ ᠪᠠᠶᠢᠨ᠎ᠠ᠄ ᠨᠢᠭᠡ ᠳᠤ ᠠᠵᠤ ᠠᠬᠤᠢ ᠨᠡᠶᠢᠭᠡᠮ ᠤᠨ | ᠲᠦᠷᠭᠡᠨ ᠬᠥᠭᠵᠢᠯᠲᠡ ᠶᠢ ᠳᠠᠭᠠᠯᠳᠤᠵᠤ᠂ ᠬᠡᠷᠡᠭ ᠤᠨ ᠲᠤᠭ᠎ᠠ ᠬᠡᠮᠵᠢᠶ᠎ᠡ ᠲᠠᠰᠤᠷᠠᠯᠲᠠ ᠦᠭᠡᠢ ᠨᠡᠮᠡᠭᠳᠡᠵᠦ᠂ ᠣᠷᠣᠨ ᠲᠣᠭᠠᠲᠤ | ᠰᠢᠭᠦᠭᠴᠢ ᠶᠢᠨ ᠲᠤᠭ᠎ᠠ ᠬᠡᠮᠵᠢᠶ᠎ᠡ ᠬᠢᠵᠠᠭᠠᠷ ᠲᠠᠢ ᠪᠠᠶᠢᠵᠤ᠂ ᠰᠢᠭᠦᠨ ᠲᠠᠰᠤᠯᠬᠤ ᠪᠠ ᠭᠦᠢᠴᠡᠳᠬᠡᠬᠦ ᠠᠵᠢᠯ ᠤᠨ ᠦᠷ᠎ᠡ | ᠪᠦᠲᠦᠮᠵᠢ ᠶᠢ ᠤᠯᠠᠮ ᠨᠢᠭᠡ ᠠᠯᠬᠤᠮ ᠳᠡᠭᠡᠭᠰᠢᠯᠡᠭᠦᠯᠬᠦ ᠴᠢᠬᠤᠯᠠᠲᠠᠢ ᠪᠣᠢ᠃ ᠬᠤᠶᠠᠷ ᠲᠤ ᠬᠡᠷᠡᠭ ᠤᠨ ᠲᠦᠷᠦᠯ ᠵᠦᠢᠯ ᠨᠠᠷᠢᠨ | ᠪᠤᠳᠤᠯᠢᠶᠠᠨᠲᠠᠢ ᠮᠥᠷᠲᠡᠭᠡᠨ ᠤᠯᠠᠨ ᠶᠠᠩᠵᠤ ᠶᠢᠨ ᠪᠠᠶᠢᠵᠤ᠂ ᠤᠯᠠᠨ ᠲᠦᠮᠡᠨ ᠤ ᠬᠦᠰᠡᠯ ᠱᠠᠭᠠᠷᠳᠠᠯᠭ᠎ᠠ ᠡᠳᠦᠷ ᠢᠷᠡᠬᠦᠶ᠎ᠡ | ᠤᠯᠠᠨ ᠡᠰᠢᠵᠢᠵᠦ᠂ ᠪᠦᠯᠦᠭᠵᠢᠭᠰᠡᠨ ᠴᠢᠨᠠᠷᠲᠠᠢ ᠵᠢᠭᠤᠷᠠᠯᠳᠤᠭᠠᠨ ᠤ ᠨᠡᠮᠡᠭᠳᠡᠯ ᠤᠨ ᠬᠡᠮᠵᠢᠶ᠎ᠡ ᠢᠯᠡᠷᠬᠡᠢ ᠪᠣᠯᠤᠭᠰᠠᠨ | ᠪᠠᠶᠢᠳᠠᠯ ᠤᠨ ᠳᠣᠣᠷ᠎ᠠ᠂ ᠺᠠᠳ᠋ᠷ ᠴᠠᠭᠳᠠᠭ᠎ᠠ ᠶᠢᠨ ᠴᠢᠳᠠᠪᠤᠷᠢ᠂ ᠬᠡᠪ ᠴᠢᠨᠠᠷ ᠨᠢ ᠠᠷᠠᠳ ᠤᠯᠠᠨ ᠤ ᠬᠠᠤᠯᠢ ᠴᠠᠭᠠᠵᠠ ᠶᠢᠨ | ᠲᠠᠯ᠎ᠠ ᠪᠠᠷ ᠬᠢ ᠰᠢᠨ᠎ᠡ ᠬᠡᠷᠡᠭᠴᠡᠭᠡ ᠶᠢ ᠪᠦᠷᠢᠮᠦᠰᠦᠨ ᠬᠠᠩᠭᠠᠵᠤ ᠳᠡᠶᠢᠯᠬᠦ ᠦᠭᠡᠢ ᠪᠠᠶᠢᠵᠤ᠂ ᠣᠨᠴᠠ ᠵᠠᠷᠢᠮ ᠬᠡᠷᠡᠭ ᠲᠤ | ᠪᠠᠰᠠ ᠡᠳᠦᠢ ᠲᠡᠳᠦᠢ ᠠᠰᠠᠭᠤᠳᠠᠯ ᠣᠷᠣᠰᠢᠵᠤ ᠪᠣᠢ᠃ ᠭᠤᠷᠪᠠ ᠳᠤ ᠦᠨᠳᠦᠰᠦᠨ ᠱᠠᠲᠤᠨ ᠤ ᠰᠠᠭᠤᠷᠢ ᠪᠦᠲᠦᠭᠡᠨ | ᠪᠠᠶᠢᠭᠤᠯᠤᠯᠲᠠ ᠳᠤ ᠳᠤᠲᠠᠭᠤᠳᠠᠯ ᠣᠷᠣᠰᠢᠵᠤ᠂ ᠣᠶᠤᠨᠲᠤ ᠰᠢᠭᠦᠬᠦ ᠬᠤᠷᠢᠶ᠎ᠠ ᠶᠢᠨ ᠪᠦᠲᠦᠭᠡᠨ ᠪᠠᠶᠢᠭᠤᠯᠤᠯᠲᠠ ᠶᠢᠨ ᠬᠢᠷᠢ | ᠲᠦᠪᠰᠢᠨ ᠪᠠ ᠬᠡᠷᠡᠭᠯᠡᠭᠡᠨ ᠤ ᠴᠢᠳᠠᠪᠤᠷᠢ ᠬᠦᠷᠦᠯᠴᠡᠬᠦ ᠦᠭᠡᠢ ᠪᠠᠶᠢᠵᠤ᠂ ᠦᠢᠯᠡᠴᠢᠯᠡᠭᠡ ᠪᠠᠲᠤᠯᠠᠭ᠎ᠠ ᠶᠢᠨ ᠠᠵᠢᠯ ᠢ ᠤᠯᠠᠮ | ᠨᠢᠭᠡ ᠠᠯᠬᠤᠮ ᠳᠡᠭᠡᠭᠰᠢᠯᠡᠭᠦᠯᠬᠦ ᠴᠢᠬᠤᠯᠠᠲᠠᠢ ᠪᠣᠢ᠃ ᠡᠳᠡᠭᠡᠷ ᠠᠰᠠᠭᠤᠳᠠᠯ ᠢ ᠪᠢᠳᠡ ᠦᠨᠡᠨᠬᠦ ᠪᠦᠲᠦᠮᠵᠢᠲᠡᠶ ᠠᠷᠭ᠎ᠠ ᠬᠡᠮᠵᠢᠶ᠎ᠡ | ᠠᠪᠴᠤ ᠪᠠᠶᠢᠭᠠᠳ ᠴᠢᠷᠮᠠᠶᠢᠨ ᠰᠢᠢᠳᠪᠦᠷᠢᠯᠡᠨ᠎ᠡ᠃ | 2024 ᠣᠨ ᠤ ᠠᠵᠢᠯ ᠤᠨ ᠲᠣᠬᠢᠷᠠᠭᠤᠯᠤᠯᠲᠠ | ᠲᠥᠯᠥᠭᠡᠯᠡᠭᠴᠢᠳ ᠡ︕ | 2024 ᠣᠨ ᠳᠤ᠂ ᠬᠤᠰᠢᠭᠤᠨ ᠤ ᠠᠷᠠᠳ ᠤᠨ ᠰᠢᠭᠦᠬᠦ ᠬᠤᠷᠢᠶ᠎ᠠ ᠶᠢᠨ ᠪᠦᠬᠦ᠋ᠢᠯᠡ ᠠᠵᠢᠯ ᠤᠨ ᠰᠡᠳᠬᠢᠴᠡ ᠪᠣᠯ᠄ | ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ | ᠰᠠᠨᠠᠭ᠎ᠠ ᠪᠠᠷ ᠵᠢᠯᠣᠭᠤᠳᠤᠯᠭ᠎ᠠ ᠪᠣᠯᠭᠠᠬᠤ ᠶᠢ ᠪᠠᠷᠢᠮᠲᠠᠯᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠪᠣᠯᠣᠨ ᠨᠠᠮ ᠤᠨ | ᠬᠤᠷᠢᠳᠤᠭᠠᠷ ᠬᠤᠭᠤᠴᠠᠭᠠᠨ ᠤ ᠲᠥᠪ ᠬᠤᠷᠢᠶ᠎ᠠ ᠶᠢᠨ ᠠᠩᠬᠠᠳᠤᠭᠠᠷ᠂ ᠬᠤᠶᠠᠳᠤᠭᠠᠷ ᠪᠥᠬᠦᠳᠡ ᠬᠤᠷᠠᠯ ᠤᠨ ᠵᠣᠷᠢᠭ | ᠰᠠᠨᠠᠭ᠎ᠠ ᠶᠢ ᠭᠦᠨᠵᠡᠭᠡᠢ ᠰᠤᠷᠤᠯᠴᠠᠨ ᠲᠤᠤᠱᠯᠠᠭᠤᠯᠵᠤ᠂ ᠰᠢᠭᠦᠬᠦ ᠬᠤᠷᠢᠶ᠎ᠠ ᠶᠢᠨ ᠠᠵᠢᠯ ᠳᠠᠬᠢ ᠨᠠᠮ ᠤᠨ ᠬᠠᠷᠢᠴᠠᠯᠠᠰᠢ ᠦᠭᠡᠢ | ᠤᠳᠤᠷᠢᠳᠤᠯᠭ᠎ᠠ ᠶᠢ ᠪᠠᠷᠢᠮᠲᠠᠯᠠᠵᠤ᠂ ︽ᠲᠥᠪ ᠭᠤᠥᠯᠴᠢ ᠪᠠ ᠦᠷ᠎ᠡ ᠪᠦᠲᠦᠮᠵᠢᠲᠡᠢ ᠪᠠᠶᠢᠬᠤ︾ ᠠᠵᠢᠯ ᠤᠨ ᠭᠤᠣᠯ | ᠰᠡᠳᠦᠪ ᠤᠨ ᠲᠣᠭᠤᠷᠢᠨ ᠳᠤ᠂ ᠬᠤᠰᠢᠭᠤᠨ ᠤ ᠨᠠᠮ ᠤᠨ ᠬᠤᠷᠢᠶ᠎ᠠ ᠪᠠ ᠳᠡᠭᠡᠳᠦ ᠱᠠᠲᠤᠨ ᠤ ᠰᠢᠭᠦᠬᠦ ᠬᠤᠷᠢᠶ᠎ᠠ ᠶᠢᠨ | ᠠᠵᠢᠯ ᠤᠨ ᠪᠠᠶᠢᠷᠢᠯᠠᠭᠤᠯᠤᠯᠲᠠ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ᠂ ᠬᠠᠤᠯᠢ ᠴᠠᠭᠠᠵᠠ ᠶᠢᠨ ᠪᠠᠶᠢᠭᠤᠯᠤᠯ ᠤᠨ | ᠥᠭᠡᠷᠡᠴᠢᠯᠡᠯᠲᠡ ᠪᠠ ᠮᠡᠳᠡᠭᠡ ᠵᠠᠩᠭᠢᠵᠢᠯᠲᠠ ᠶᠢᠨ ᠪᠠᠶᠢᠭᠤᠯᠤᠯᠲᠠ ᠪᠠᠷ ᠬᠥᠳᠡᠯᠭᠡᠭᠦᠷ ᠪᠣᠯᠭᠠᠵᠤ᠂ ᠰᠢᠭᠦᠨ ᠲᠠᠰᠤᠯᠬᠤ ᠪᠠ | ᠭᠦᠢᠴᠡᠳᠬᠡᠬᠦ ᠠᠵᠢᠯ ᠤᠨ ᠴᠢᠨᠠᠷ ᠴᠢᠨᠰᠠᠭ᠎ᠠ ᠦᠷ᠎ᠡ ᠪᠦᠲᠦᠮᠵᠢ ᠶᠢ ᠪᠥᠬᠦ ᠲᠠᠯ᠎ᠠ ᠪᠠᠷ ᠳᠡᠭᠡᠭᠰᠢᠯᠡᠭᠦᠯᠵᠦ᠂ ᠬᠡᠰᠢᠭᠲᠡᠨ | ᠬᠤᠰᠢᠭᠤᠨ ᠤ ᠰᠢᠭᠦᠬᠦ ᠬᠤᠷᠢᠶ᠎ᠠ ᠶᠢᠨ ᠪᠦᠬᠦᠶᠢᠯᠡ ᠠᠵᠢᠯ ᠨᠢ ᠤᠯᠠᠭᠠᠨᠬᠠᠳᠠ ᠬᠤᠲᠠ ᠶᠢᠨ ᠰᠢᠭᠦᠬᠦ ᠬᠤᠷᠢᠶ᠎ᠠ ᠶᠢᠨ | ᠲᠣᠭᠲᠠᠯᠴᠠᠭ᠎ᠠ ᠳᠤ ᠡᠮᠦᠨ᠎ᠡ ᠡᠩᠨᠡᠭᠡᠨ ᠳᠤ ᠣᠷᠣᠬᠤ ᠶᠢ ᠤᠯᠠᠮ ᠨᠢᠭᠡ ᠠᠯᠬᠤᠮ ᠠᠬᠢᠭᠤᠯᠵᠤ᠂ ᠮᠠᠨ ᠤ ᠬᠤᠰᠢᠭᠤᠨ ᠤ | ᠨᠡᠶᠢᠭᠡᠮ ᠤᠨ ᠲᠣᠭᠲᠠᠭᠤᠨ ᠪᠠ ᠠᠵᠤ ᠠᠬᠤᠢ ᠶᠢᠨ ᠬᠥᠭᠵᠢᠯᠲᠡ ᠳᠤ ᠨᠠᠩ ᠶᠡᠭᠡ ᠬᠤᠪᠢ ᠨᠡᠮᠡᠷᠢ ᠦᠵᠡᠭᠦᠯᠬᠦ ᠪᠠᠷ ᠴᠢᠷᠮᠠᠶᠢᠨ᠎ᠠ | ᠃ ᠡᠭᠦᠨ ᠤ ᠲᠤᠯᠠᠳᠠ᠂ ᠳᠣᠣᠷᠠᠬᠢ ᠬᠡᠳᠦᠨ ᠲᠠᠯ᠎ᠠ ᠶᠢᠨ ᠠᠵᠢᠯ ᠢ ᠬᠦᠴᠦ ᠲᠠᠯᠪᠢᠨ ᠰᠠᠶᠢᠲᠤᠷ ᠬᠢᠨ᠎ᠡ᠄ | ᠨᠢᠭᠡ ᠳᠤ ᠬᠦᠰᠡᠯᠡᠩ ᠢᠲᠡᠭᠡᠯ ᠪᠢᠰᠢᠷᠡᠯ ᠢᠶᠠᠨ ᠪᠠᠲᠤᠳᠬᠠᠵᠤ᠂ ᠤᠯᠤᠰ ᠲᠦᠷᠦ ᠶᠢᠨ ᠴᠢᠭᠯᠡᠯ ᠢᠶᠠᠨ ᠲᠣᠳᠣᠷᠬᠠᠶᠢᠯᠠᠵᠤ | ᠂ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠬᠥᠭᠵᠢᠯᠲᠡ ᠶᠢᠨ | ᠱᠠᠭᠠᠷᠳᠠᠯᠭ᠎ᠠ ᠳᠤ ᠰᠠᠨᠠᠭᠠᠴᠢᠯᠠᠭ᠎ᠠ ᠠᠴᠠ ᠪᠠᠨ ᠵᠣᠬᠢᠴᠠᠨ᠎ᠠ᠃ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ | ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠭᠦᠨᠵᠡᠭᠡᠢ ᠰᠤᠷᠤᠯᠴᠠᠨ ᠲᠤᠤᠱᠯᠠᠭᠤᠯᠬᠤ ᠶᠢ | ᠢᠮᠠᠭᠲᠠ ᠲᠡᠷᠢᠭᠦᠨ ᠴᠢᠬᠤᠯᠠ ᠤᠯᠤᠰ ᠲᠦᠷᠦ ᠶᠢᠨ ᠡᠭᠦᠷᠭᠡ ᠪᠣᠯᠭᠠᠵᠤ᠂ ︽ᠬᠤᠶᠠᠷ ᠢ ᠲᠣᠭᠲᠠᠭᠠᠬᠤ︾ ᠶᠢ ᠡᠷᠡᠰ | ᠬᠦᠷᠢᠶᠡᠯᠡᠨ᠂ ︽ᠬᠤᠶᠠᠷ ᠢ ᠬᠠᠮᠠᠭᠠᠯᠠᠬᠤ︾ ᠶᠢ ᠡᠷᠡᠰ ᠪᠡᠶᠡᠯᠡᠭᠦᠯᠦᠨ᠎ᠡ᠃ᠰᠢ ᠶᠢᠨ ᠫᠢᠩ ᠤᠨ ᠬᠠᠤᠯᠢᠵᠢᠯ ᠤᠨ ᠦᠵᠡᠯ | ᠰᠠᠨᠠᠭ᠎ᠠ ᠶᠢ ᠭᠦᠨᠵᠡᠭᠡᠢ ᠲᠤᠤᠱᠯᠠᠭᠤᠯᠵᠤ᠂ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠰᠢᠨᠵᠢᠯᠡᠨ | ᠪᠠᠶᠢᠴᠠᠭᠠᠬᠤ ᠦᠶ᠎ᠡ ᠶᠢᠨ ᠴᠢᠬᠤᠯᠠ ᠶᠠᠷᠢᠶ᠎ᠠ᠂ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ | ᠰᠤᠷᠤᠯᠴᠠᠨ ᠲᠤᠤᠱᠯᠠᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ | ᠪᠠᠲᠤᠳᠬᠠᠬᠤ ᠶᠢ ᠡᠯ᠎ᠡ ᠲᠦᠷᠦᠯ ᠤᠨ ᠠᠵᠢᠯ ᠤᠨ ᠭᠤᠣᠯ ᠰᠢᠵᠢᠮ ᠪᠣᠯᠭᠠᠵᠤ᠂ ᠬᠠᠤᠯᠢ ᠴᠠᠭᠠᠵᠠ ᠶᠢᠨ ᠠᠵᠢᠯ ᠤᠨ ᠶᠡᠭᠡ | ᠲᠠᠯ᠎ᠠ ᠳᠤ ᠦᠢᠯᠡᠴᠢᠯᠡᠬᠦ ᠤᠶᠠᠯᠳᠤᠯ ᠤᠨ ᠴᠡᠭ᠂ ᠬᠦᠴᠦᠯᠡᠴᠡ ᠶᠢᠨ ᠴᠡᠭ ᠢ ᠦᠨᠡᠨᠬᠦ ᠣᠨᠣᠪᠴᠢᠲᠠᠶ ᠣᠯᠣᠨ᠎ᠠ᠃ ᠴᠢᠬᠤᠯᠠ | ᠶᠡᠭᠡ ᠵᠦᠢᠯᠡᠰ ᠤᠨ ᠵᠢᠭᠠᠪᠤᠷᠢ ᠠᠪᠴᠤ ᠮᠡᠳᠡᠭᠦᠯᠬᠦ ᠳᠦᠷᠢᠮ ᠪᠠ ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠤᠨ | ᠬᠠᠷᠢᠭᠤᠴᠠᠯᠭ᠎ᠠ ᠶᠢᠨ ᠳᠦᠷᠢᠮ ᠢ ᠴᠢᠩᠭ᠎ᠠ ᠵᠢᠷᠤᠮᠯᠠᠵᠤ᠂ ᠲᠥᠪ ᠬᠤᠷᠢᠶ᠎ᠠ ᠶᠢᠨ ᠱᠤᠭᠤᠮ ᠴᠢᠭᠯᠡᠯᠲᠡ ᠲᠦᠷᠦ ᠶᠢᠨ ᠪᠣᠳᠣᠯᠭ᠎ᠠ | ᠪᠠ ᠳᠡᠭᠡᠳᠦ ᠱᠠᠲᠤᠨ ᠤ ᠨᠠᠮ ᠤᠨ ᠬᠤᠷᠢᠶ᠎ᠠ ᠶᠢᠨ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠰᠢᠭᠦᠬᠦ | ᠬᠤᠷᠢᠶᠠᠨ ᠳᠤ ᠲᠡᠷᠡ ᠬᠡᠪ ᠢᠶᠠᠷ ᠨᠢ ᠲᠤᠤᠱᠯᠠᠭᠤᠯᠤᠨ ᠨᠠᠶᠢᠳᠠᠪᠤᠷᠢᠵᠢᠭᠤᠯᠬᠤ ᠶᠢ ᠦᠨᠡᠨᠬᠦ ᠪᠠᠲᠤᠯᠠᠨ᠎ᠠ᠃ | ᠬᠤᠶᠠᠷ ᠲᠤ ᠬᠥᠭᠵᠢᠯᠲᠡ ᠶᠢᠨ ᠶᠡᠭᠡ ᠲᠠᠯ᠎ᠠ ᠶᠢᠨ ᠲᠣᠭᠤᠷᠢᠨ ᠳᠤ᠂ ᠭᠤᠣᠯ ᠠᠵᠢᠯ ᠳᠤ ᠠᠩᠬᠠᠷᠤᠯ ᠢᠶᠠᠨ | ᠲᠥᠪᠯᠡᠷᠡᠭᠦᠯᠵᠦ᠂ ᠬᠠᠤᠯᠢ ᠴᠠᠭᠠᠵᠠ ᠶᠢᠨ ᠦᠢᠯᠡᠴᠢᠯᠡᠭᠡ ᠶᠢᠨ ᠪᠠᠷᠠᠭᠠᠯᠠᠯᠲᠤ ᠴᠢᠨᠠᠷ᠂ ᠰᠠᠨᠠᠭᠠᠴᠢᠯᠠᠭᠠᠲᠤ ᠴᠢᠨᠠᠷ᠂ | ᠬᠠᠨᠳᠤᠯᠭᠠᠲᠤ ᠴᠢᠨᠠᠷ ᠢ ᠦᠨᠡᠨᠬᠦ ᠴᠢᠩᠭᠠᠳᠬᠠᠨ᠎ᠠ᠃ ᠡᠷᠡᠭᠦᠦ ᠶᠢᠨ ᠬᠡᠷᠡᠭ ᠤᠨ ᠬᠠᠤᠯᠢ ᠴᠠᠭᠠᠵᠠ ᠶᠢᠨ ᠰᠢᠨᠵᠢᠯᠡᠬᠦ ᠤᠬᠠᠭᠠᠨᠴᠢ | ᠣᠶᠢᠯᠠᠭᠠᠭᠳᠠᠬᠤᠨ ᠢ ᠪᠤᠢ ᠪᠣᠯᠭᠠᠵᠤ᠂ ᠡᠷᠡᠭᠦᠦ ᠶᠢᠨ ᠶᠠᠯᠠᠲᠤ ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠦ᠂ ᠤᠯᠤᠰ | ᠣᠷᠣᠨ ᠤ ᠤᠯᠤᠰ ᠲᠦᠷᠦ ᠶᠢᠨ ᠠᠮᠤᠷ ᠲᠦᠪᠰᠢᠨ ᠪᠠ ᠨᠡᠶᠢᠭᠡᠮ ᠤᠨ ᠶᠡᠭᠡ ᠲᠠᠯ᠎ᠠ ᠶᠢᠨ ᠲᠣᠭᠲᠠᠭᠤᠨ ᠪᠠᠶᠢᠳᠠᠯ ᠢ ᠦᠨᠡᠨᠬᠦ | ᠬᠠᠮᠠᠭᠠᠯᠠᠨ᠎ᠠ᠃ ᠲᠥᠪ ᠤᠨ ᠠᠵᠤ ᠠᠬᠤᠢ ᠶᠢᠨ ᠠᠵᠢᠯ ᠤᠨ ᠬᠤᠷᠠᠯᠳᠤᠭᠠᠨ ᠤ ᠵᠣᠷᠢᠭ ᠰᠠᠨᠠᠭ᠎ᠠ ᠪᠠ ᠲᠥᠪ ᠤᠨ ᠮᠥᠩᠭᠦᠨ | ᠭᠦᠢᠯᠭᠡᠭᠡᠨ ᠤ ᠠᠵᠢᠯ ᠤᠨ ᠬᠤᠷᠠᠯᠳᠤᠭᠠᠨ ᠤ ᠵᠣᠷᠢᠭ ᠰᠠᠨᠠᠭ᠎ᠠ ᠶᠢ ᠬᠢᠨᠠᠮᠠᠭᠠᠢ ᠲᠤᠤᠱᠯᠠᠭᠤᠯᠤᠨ ᠬᠡᠷᠡᠭᠵᠢᠭᠦᠯᠵᠦ᠂ ︽ | ᠬᠠᠤᠯᠢ ᠪᠠᠷ ᠵᠠᠰᠠᠬᠤ ᠣᠷᠴᠢᠨ ᠨᠥᠬᠦᠴᠡᠯ ᠢ ᠰᠢᠯᠢᠳᠡᠭᠵᠢᠭᠦᠯᠦᠨ ᠠᠷᠠᠳ ᠠᠴᠠ ᠡᠵᠡᠩᠨᠡᠭᠰᠡᠨ ᠠᠵᠤ ᠠᠬᠤᠢ ᠶᠢᠨ ᠬᠥᠭᠵᠢᠨ | ᠪᠤᠵᠠᠭᠠᠶᠢᠷᠠᠬᠤ ᠶᠢ ᠠᠬᠢᠭᠤᠯᠬᠤ ᠲᠤᠬᠠᠢ ᠵᠢᠯᠤᠭᠤᠳᠬᠤ ᠰᠠᠨᠠᠯ︾ ᠢ ᠰᠠᠶᠢᠲᠤᠷ ᠨᠠᠶᠢᠳᠠᠪᠤᠷᠢᠵᠢᠭᠤᠯᠵᠤ᠂ ᠠᠵᠤ ᠠᠬᠤᠢ ᠶᠢᠨ | ᠴᠢᠨᠠᠷ ᠰᠠᠶᠢᠲᠠᠢ ᠬᠥᠭᠵᠢᠯᠲᠡ ᠳᠤ ᠬᠠᠤᠯᠢ ᠪᠠᠷ ᠵᠠᠰᠠᠭᠰᠠᠨ ᠰᠠᠶᠢᠨ ᠰᠠᠶᠢᠬᠠᠨ ᠣᠷᠴᠢᠨ ᠨᠥᠬᠦᠴᠡᠯ ᠢ ᠪᠣᠶ ᠪᠣᠯᠭᠠᠨ᠎ᠠ᠃ | ᠵᠠᠷᠭᠤ ᠶᠢᠨ ᠢᠷᠡᠯᠲᠡ ᠶᠢ ᠵᠠᠰᠠᠬᠤ ᠠᠵᠢᠯ ᠤᠨ ᠬᠦᠴᠦᠯᠡᠴᠡ ᠪᠠᠨ ᠨᠡᠮᠡᠭᠳᠡᠭᠦᠯᠵᠦ᠂ ᠬᠤᠯᠪᠣᠭᠳᠠᠯ ᠪᠦᠬᠦᠢ ᠰᠠᠯᠠᠭ᠎ᠠ ᠮᠥᠴᠢᠷ | ᠯᠦᠭᠡ ᠶᠢᠨ ᠨᠡᠪᠲᠡᠷᠡᠯᠴᠡᠭᠡ ᠪᠠᠨ ᠴᠢᠩᠭᠠᠳᠬᠠᠬᠤ ᠶᠢᠨ ᠬᠠᠮᠲᠤ᠂ ᠬᠤᠰᠢᠭᠤᠨ ᠤ ᠨᠠᠮ ᠤᠨ ᠬᠤᠷᠢᠶ᠎ᠠ᠂ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠳᠤ ᠢᠳᠡᠪᠬᠢᠲᠡᠢ ᠪᠠᠷ ᠬᠠᠷᠢᠭᠤ ᠮᠡᠳᠡᠭᠦᠯᠵᠦ᠂ ᠬᠠᠤᠯᠢ ᠪᠠᠷ ᠵᠠᠰᠠᠬᠤ | ᠳᠠᠭᠠᠭᠤᠯᠤᠭᠴᠢ ᠪᠠᠷ ᠳᠠᠮᠵᠢᠭᠤᠯᠤᠨ ᠵᠥᠷᠢᠴᠡᠯ ᠵᠢᠭᠤᠷᠠᠯᠳᠤᠭᠠᠨ ᠢ ᠰᠢᠢᠳᠪᠦᠷᠢᠯᠡᠬᠦ ᠠᠷᠭ᠎ᠠ ᠵᠠᠮ ᠢ ᠤᠯᠠᠮ ᠨᠢᠭᠡ ᠠᠯᠬᠤᠮ | ᠤᠬᠠᠭᠤᠯᠵᠤ᠂ ᠵᠠᠷᠭᠤ ᠶᠢᠨ ᠢᠷᠡᠯᠲᠡ ᠶᠢ ᠵᠠᠰᠠᠬᠤ ᠠᠵᠢᠯ ᠢ ᠴᠢᠨᠠᠷ ᠤᠨ ᠦᠰᠦᠷᠦᠯᠲᠡ ᠲᠠᠢ ᠪᠣᠯᠭᠠᠨ᠎ᠠ᠃ ᠵᠠᠰᠠᠭ ᠵᠠᠬᠢᠷᠭᠠᠨ ᠤ | ᠪᠠᠶᠢᠭᠤᠯᠤᠯᠭ᠎ᠠ ᠶᠢᠨ ᠬᠠᠤᠯᠢ ᠶᠣᠰᠣᠭᠠᠷ ᠵᠠᠰᠠᠭ ᠶᠠᠪᠤᠭᠤᠯᠬᠤ ᠶᠢ ᠢᠳᠡᠪᠬᠢᠲᠡᠢ ᠠᠬᠢᠭᠤᠯᠵᠤ᠂ ᠠᠵᠤ ᠠᠬᠤᠢ ᠶᠢᠨ | ᠬᠥᠭᠵᠢᠯᠲᠡ ᠳᠤ ᠬᠠᠤᠯᠢ ᠪᠠᠷ ᠵᠠᠰᠠᠬᠤ ᠰᠠᠶᠢᠨ ᠰᠠᠶᠢᠬᠠᠨ ᠣᠷᠴᠢᠨ ᠨᠥᠬᠦᠴᠡᠯ ᠢ ᠪᠤᠢ ᠪᠣᠯᠭᠠᠨ᠎ᠠ᠃ | ᠭᠤᠷᠪᠠ ᠳᠤ ᠠᠷᠠᠳ ᠲᠦᠮᠡᠨ ᠢᠶᠠᠷ ᠭᠤᠣᠯ ᠪᠣᠯᠭᠠᠬᠤ ᠶᠢ ᠪᠠᠷᠢᠮᠲᠠᠯᠠᠵᠤ᠂ ᠠᠷᠠᠳ ᠤᠨ ᠠᠮᠢᠳᠤᠷᠠᠯ ᠤᠨ ᠬᠠᠤᠯᠢ | ᠴᠠᠭᠠᠵᠠ ᠶᠢᠨ ᠪᠠᠲᠤᠯᠠᠭ᠎ᠠ ᠶᠢ ᠴᠢᠩᠭᠠᠳᠬᠠᠵᠤ᠂ ᠠᠷᠠᠳ ᠤᠯᠠᠨ ᠤ ᠡᠳᠦᠷ ᠢᠷᠡᠬᠦᠶ᠎ᠡ ᠨᠡᠮᠡᠭᠳᠡᠵᠦ ᠪᠠᠶᠢᠭ᠎ᠠ ᠬᠠᠤᠯᠢ | ᠴᠠᠭᠠᠵᠠ ᠶᠢᠨ ᠬᠡᠷᠡᠭᠴᠡᠭᠡ ᠶᠢ ᠴᠢᠷᠮᠠᠶᠢᠨ ᠬᠠᠩᠭᠠᠨ᠎ᠠ᠃ ᠠᠷᠠᠳ ᠤᠨ ᠠᠮᠢᠳᠤᠷᠠᠯ ᠤᠨ ᠬᠠᠤᠯᠢ ᠴᠠᠭᠠᠵᠠ ᠶᠢᠨ ᠪᠠᠲᠤᠯᠠᠭ᠎ᠠ ᠶᠢ | ᠴᠢᠩᠭᠠᠳᠬᠠᠵᠤ᠂ ᠠᠵᠢᠯ ᠣᠯᠭᠤᠯᠲᠠ᠂ ᠡᠮ ᠡᠮᠨᠡᠯᠭᠡ᠂ ᠨᠠᠰᠤᠵᠢᠯ ᠤᠨ ᠠᠰᠠᠷᠠᠮᠵᠢ᠂ ᠬᠥᠳᠡᠯᠮᠦᠷᠢ ᠶᠢᠨ ᠬᠥᠯᠥᠰᠦ ᠣᠯᠭᠤᠮᠵᠢ | ᠪᠠ ᠤᠷᠤᠭ ᠭᠡᠷ ᠪᠦᠯᠢ ᠵᠡᠷᠭᠡ ᠬᠦᠷᠢᠶᠡᠨ ᠳᠠᠬᠢ ᠠᠷᠠᠳ ᠤᠨ ᠠᠮᠢᠳᠤᠷᠠᠯ ᠳᠤ ᠬᠤᠯᠪᠣᠭᠳᠠᠭᠰᠠᠨ ᠬᠡᠷᠡᠭ ᠢ ᠬᠠᠤᠯᠢ ᠶᠣᠰᠣᠭᠠᠷ | ᠵᠣᠬᠢᠰᠲᠠᠢ ᠰᠢᠭᠦᠨ ᠰᠢᠢᠳᠪᠦᠷᠢᠯᠡᠨ᠎ᠡ᠃ ᠬᠠᠤᠯᠢ ᠴᠠᠭᠠᠵᠠ ᠶᠢᠨ ᠠᠪᠤᠷᠠᠨ ᠲᠤᠰᠠᠯᠠᠬᠤ ᠠᠵᠢᠯ ᠢ ᠴᠢᠩᠭᠠᠳᠬᠠᠵᠤ᠂ ᠤᠯᠠᠨ | ᠲᠦᠮᠡᠨ ᠤ ᠭᠤᠮᠣᠳᠠᠯ ᠱᠠᠭᠠᠷᠳᠠᠯᠭ᠎ᠠ ᠪᠠᠨ ᠢᠯᠡᠳᠬᠡᠬᠦ᠂ ᠠᠰᠢᠭ ᠲᠤᠰᠠ ᠶᠢ ᠵᠣᠬᠢᠴᠠᠭᠤᠯᠬᠤ᠂ ᠡᠷᠬᠡ ᠠᠰᠢᠭ ᠢ ᠪᠠᠲᠤᠯᠠᠬᠤ | ᠵᠠᠮ ᠢ ᠰᠠᠭᠠᠳ ᠦᠭᠡᠢ ᠨᠡᠪᠲᠡᠷᠡᠭᠦᠯᠦᠨ ᠵᠢᠷᠤᠮᠵᠢᠭᠤᠯᠤᠨ᠎ᠠ᠃ ᠬᠡᠷᠡᠭ ᠪᠣᠯᠭᠠᠨ ᠳᠠᠩᠰᠠᠯᠠᠬᠤ ᠳᠦᠷᠢᠮ ᠤᠨ | ᠥᠭᠡᠷᠡᠴᠢᠯᠡᠯᠲᠡ ᠶᠢᠨ ᠦᠷ᠎ᠡ ᠪᠦᠲᠦᠭᠡᠯ ᠢ ᠪᠠᠬᠢᠵᠢᠭᠦᠯᠦᠨ ᠭᠦᠨᠵᠡᠭᠡᠶᠢᠷᠡᠭᠦᠯᠵᠦ᠂ ᠪᠦᠬᠦ ᠤᠯᠤᠰ ᠤᠨ ᠰᠢᠭᠦᠬᠦ ᠬᠤᠷᠢᠶ᠎ᠠ ᠶᠢᠨ | ᠣᠳᠣᠬᠢᠴᠢᠯᠠᠭᠰᠠᠨ ᠵᠠᠷᠭᠤ ᠶᠢᠨ ᠦᠢᠯᠡᠴᠢᠯᠡᠭᠡᠨ ᠤ ᠲᠣᠭᠲᠠᠯᠴᠠᠭ᠎ᠠ ᠶᠢᠨ ᠪᠠᠶᠢᠭᠤᠯᠤᠯᠲᠠ ᠶᠢ ᠭᠦᠨᠵᠡᠭᠡᠢ ᠠᠬᠢᠭᠤᠯᠤᠨ᠎ᠠ᠃ | ᠭᠦᠢᠴᠡᠳᠬᠡᠬᠦ ᠠᠵᠢᠯ ᠢ ᠦᠷᠭᠦᠯᠵᠢᠯᠡᠨ ᠵᠢᠷᠤᠮᠵᠢᠭᠤᠯᠵᠤ᠂ ᠭᠦᠢᠴᠡᠳᠬᠡᠬᠦ ᠪᠦᠯᠬᠦᠮᠴᠢᠯᠡᠭᠰᠡᠨ ᠬᠠᠮᠢᠶᠠᠷᠤᠯᠲᠠ ᠶᠢ ᠪᠠᠷᠢᠮᠲᠠᠯᠠᠵᠤ᠂ | ᠣᠷᠣᠨ ᠲᠣᠭᠠᠲᠤ ᠰᠢᠭᠦᠭᠴᠢ ᠶᠢᠨ ᠵᠢᠯᠣᠭᠤᠳᠤᠯᠭ᠎ᠠ ᠳᠣᠣᠷ᠎ᠠ ᠠᠵᠢᠯ ᠢᠶᠠᠨ ᠥᠷᠨᠢᠭᠦᠯᠵᠦ᠂ ᠭᠦᠢᠴᠡᠳᠬᠡᠬᠦ ᠬᠡᠷᠡᠭ ᠤᠨ ᠶᠠᠰᠤ | ᠴᠢᠨᠠᠷ ᠢ ᠦᠨᠡᠨᠬᠦ ᠪᠠᠲᠤᠯᠠᠨ᠎ᠠ︔ ᠬᠡᠷᠡᠭ ᠢ ᠰᠢᠰᠲ᠋ᠧᠮᠲᠦ ᠬᠠᠮᠢᠶᠠᠷᠤᠯᠲᠠ ᠳᠤ ᠣᠷᠣᠭᠤᠯᠬᠤ ᠶᠢ ᠪᠠᠷᠢᠮᠲᠠᠯᠠᠵᠤ᠂ | ᠵᠠᠩᠭᠢᠯᠠᠭ᠎ᠠ ᠶᠢᠨ ᠴᠡᠭ ᠤᠨ ᠬᠠᠮᠢᠶᠠᠷᠤᠯᠲᠠ ᠡᠵᠡᠮᠳᠡᠯ ᠢ ᠴᠢᠩᠭᠠᠳᠬᠠᠵᠤ᠂ ᠭᠦᠢᠴᠡᠳᠬᠡᠬᠦ ᠠᠵᠢᠯ ᠤᠨ ᠦᠷ᠎ᠡ ᠪᠦᠲᠦᠮᠵᠢ ᠶᠢ | ᠳᠡᠭᠡᠭᠰᠢᠯᠡᠭᠦᠯᠦᠨ᠎ᠡ︔ ᠳᠦᠷᠢᠮ ᠤᠨ ᠪᠠᠶᠢᠭᠤᠯᠤᠯᠲᠠ ᠶᠢ ᠦᠷᠭᠦᠯᠵᠢᠯᠡᠨ ᠲᠡᠭᠦᠯᠳᠡᠷᠵᠢᠭᠦᠯᠵᠦ᠂ ᠬᠡᠷᠡᠭ ᠰᠢᠢᠳᠪᠦᠷᠢᠯᠡᠬᠦ | ᠵᠢᠯᠣᠭᠤᠳᠤᠮᠵᠢ ᠶᠢ ᠲᠣᠭᠲᠠᠭᠠᠵᠤ᠂ ᠡᠳ᠋ ᠬᠥᠷᠥᠩᠭᠡ ᠶᠢ ᠰᠢᠢᠳᠪᠦᠷᠢᠯᠡᠬᠦ ᠶᠠᠪᠤᠴᠠ ᠶᠢ ᠵᠢᠷᠤᠮᠵᠢᠭᠤᠯᠵᠤ᠂ ᠭᠦᠢᠴᠡᠳᠬᠡᠬᠦ | ᠠᠵᠢᠯ ᠤᠨ ᠬᠢᠨᠠᠯᠲᠠ ᠶᠢ ᠴᠢᠩᠭᠠᠳᠬᠠᠨ᠎ᠠ᠃ | ᠳᠥᠷᠪᠡ ᠳᠤ ᠬᠠᠤᠯᠢ ᠴᠠᠭᠠᠵᠠ ᠶᠢᠨ ᠲᠣᠭᠲᠠᠯᠴᠠᠭ᠎ᠠ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠣᠶᠤᠨᠲᠤ | ᠰᠢᠭᠦᠬᠦ ᠬᠤᠷᠢᠶ᠎ᠠ ᠶᠢᠨ ᠪᠠᠶᠢᠭᠤᠯᠤᠯᠲᠠ ᠶᠢ ᠲᠦᠷᠭᠡᠳᠬᠡᠵᠦ᠂ ᠰᠢᠭᠦᠬᠦ ᠬᠤᠷᠢᠶ᠎ᠠ ᠶᠢᠨ ᠡᠯ᠎ᠡ ᠲᠥᠷᠥᠯ ᠤᠨ ᠠᠵᠢᠯ ᠤᠨ | ᠬᠡᠯᠪᠡᠷᠢ ᠶᠢ ᠬᠤᠪᠢᠷᠠᠭᠤᠯᠤᠨ ᠲᠡᠰ ᠳᠡᠪᠰᠢᠭᠦᠯᠬᠦ ᠶᠢ ᠴᠢᠷᠮᠠᠶᠢᠨ ᠠᠬᠢᠭᠤᠯᠤᠨ᠎ᠠ᠃ ᠥᠭᠡᠷᠡᠴᠢᠯᠡᠯᠲᠡ ᠶᠢᠨ ᠲᠣᠭᠲᠠᠯ | ᠬᠦᠴᠦᠨ ᠢ ᠤᠯᠠᠮ ᠨᠢᠭᠡ ᠠᠯᠬᠤᠮ ᠪᠠᠲᠤᠳᠬᠠᠵᠤ᠂ ᠥᠭᠡᠷᠡᠴᠢᠯᠡᠯᠲᠡ ᠶᠢᠨ ᠦᠷ᠎ᠡ ᠪᠦᠲᠦᠭᠡᠯ ᠢ ᠭᠦᠨᠵᠡᠭᠡᠶᠢᠷᠡᠭᠦᠯᠦᠨ | ᠪᠠᠬᠢᠵᠢᠭᠦᠯᠵᠦ᠂ ᠡᠯ᠎ᠡ ᠵᠦᠢᠯ ᠤᠨ ᠥᠭᠡᠷᠡᠴᠢᠯᠡᠯᠲᠡ ᠶᠢᠨ ᠠᠷᠭ᠎ᠠ ᠬᠡᠮᠵᠢᠶ᠎ᠡ ᠶᠢᠨ ᠵᠢᠱᠢᠭᠰᠡᠨ ᠬᠠᠷᠠᠯᠲᠠ ᠪᠠᠨ ᠦᠨᠡᠨᠬᠦ | ᠪᠡᠶᠡᠯᠡᠭᠦᠯᠬᠦ ᠶᠢ ᠪᠠᠲᠤᠯᠠᠨ᠎ᠠ᠃ ᠰᠢᠭᠦᠨ ᠲᠠᠰᠤᠯᠬᠤ ᠶᠠᠰᠤ ᠴᠢᠨᠠᠷ ᠤᠨ ᠬᠠᠮᠢᠶᠠᠷᠤᠯᠲᠠ ᠶᠢᠨ ᠭᠦᠢᠴᠡᠳᠬᠡᠯ ᠲᠤᠭ᠎ᠠ ᠶᠢᠨ | ᠲᠣᠭᠲᠠᠯᠴᠠᠭ᠎ᠠ ᠶᠢ ᠰᠠᠶᠢᠲᠤᠷ ᠬᠡᠷᠡᠭᠯᠡᠵᠦ᠂ ᠬᠥᠳᠡᠯᠦᠩᠭᠦᠢ ᠬᠢᠨᠠᠨ ᠬᠡᠮᠵᠢᠯᠲᠡ ᠶᠢ ᠪᠣᠳᠠᠲᠠᠶᠢᠵᠢᠭᠤᠯᠵᠤ᠂ ᠲᠣᠭᠲᠠᠮᠠᠯ | ᠬᠤᠭᠤᠴᠠᠭ᠎ᠠ ᠲᠠᠢ ᠪᠠᠷ ᠵᠥᠪᠳᠡᠯᠴᠡᠵᠦ᠂ ᠪᠤᠰᠤᠳᠴᠢ ᠪᠠᠷ ᠡᠵᠡᠮᠰᠢᠵᠦ᠂ ᠰᠢᠭᠦᠨ ᠲᠠᠰᠤᠯᠬᠤ ᠠᠵᠢᠯ ᠤᠨ ᠶᠠᠰᠤ ᠴᠢᠨᠠᠷ ᠦᠷ᠎ᠡ | ᠪᠦᠲᠦᠮᠵᠢ ᠶᠢ ᠳᠡᠭᠡᠭᠰᠢᠯᠡᠭᠦᠯᠦᠨ᠎ᠡ᠃ ᠨᠡᠶᠢᠭᠡᠮ ᠤᠨ ᠬᠦᠴᠦᠨ ᠢ ᠠᠰᠢᠭᠯᠠᠬᠤ ᠶᠢ ᠴᠢᠬᠤᠯᠠᠴᠢᠯᠠᠵᠤ᠂ ᠨᠠᠶᠢᠳᠠᠨ ᠬᠢᠨᠠᠨ | ᠪᠣᠳᠣᠭᠤᠯᠵᠤ ᠪᠠᠶᠢᠴᠠᠭᠠᠬᠤ᠂ ᠢᠯᠡᠴᠢᠯᠡᠨ ᠮᠡᠳᠡᠭᠦᠯᠬᠦ ᠶᠢ ᠱᠠᠩᠨᠠᠬᠤ ᠳᠦᠷᠢᠮ ᠢ ᠪᠠᠶᠢᠭᠤᠯᠬᠤ ᠵᠡᠷᠭᠡ ᠠᠷᠭ᠎ᠠ ᠬᠡᠮᠵᠢᠶ᠎ᠡ ᠶᠢ | ᠠᠪᠴᠤ᠂ ᠭᠦᠢᠴᠡᠳᠬᠡᠬᠦ ᠡᠳ᠋ ᠬᠥᠷᠥᠩᠭᠡ ᠶᠢ ᠢᠯᠡᠷᠡᠭᠦᠯᠬᠦ ᠵᠣᠬᠢᠴᠠᠮᠵᠢ ᠳᠤ ᠢᠳᠡᠪᠬᠢᠲᠡᠢ ᠪᠠᠷ ᠰᠢᠨ᠎ᠡ ᠶᠢ ᠡᠭᠦᠳᠦᠨ᠎ᠡ᠃ ᠦᠭᠡ | ᠠᠪᠢᠶ᠎ᠠ ᠶᠢ ᠰᠢᠩᠭᠡᠬᠡᠨ ᠣᠷᠣᠭᠤᠯᠬᠤ᠂ ᠣᠶᠤᠨᠴᠢ ᠪᠠᠷ ᠡᠭᠡᠭᠦᠯᠦᠨ ᠲᠠᠭᠯᠠᠬᠤ᠂ ᠪᠢᠴᠢᠭ ᠬᠠᠷ᠎ᠠ ᠶᠢ ᠠᠦ᠋ᠲ᠋ᠤ᠋ ᠪᠠᠷ ᠪᠤᠢ | ᠪᠣᠯᠭᠠᠬᠤ ᠵᠡᠷᠭᠡ ᠠᠯᠪᠠᠯᠠᠨ ᠬᠡᠷᠡᠭ ᠰᠢᠢᠳᠪᠦᠷᠢᠯᠡᠬᠦ ᠰᠢᠰᠲ᠋ᠧᠮ ᠢ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ ᠡᠯᠧᠺᠲᠷᠣᠨ | ᠡᠪᠬᠡᠮᠡᠯ ᠢ ᠬᠡᠷᠡᠭ ᠲᠠᠢ ᠳᠠᠭᠠᠯᠳᠤᠭᠤᠯᠤᠨ ᠵᠡᠷᠭᠡ ᠬᠢᠬᠦ ᠵᠢᠴᠢ ᠭᠦᠨᠵᠡᠭᠡᠢ ᠬᠡᠷᠡᠭᠯᠡᠬᠦ ᠶᠢ ᠯᠠᠪᠳᠠᠭᠤᠨ ᠢᠶᠠᠷ ᠠᠬᠢᠭᠤᠯᠵᠤ᠂ | ᠡᠯᠧᠺᠲᠷᠣᠨ ᠡᠪᠬᠡᠮᠡᠯ ᠢᠶᠠᠷ ᠰᠠᠭᠤᠷᠢ ᠪᠣᠯᠭᠠᠨ ᠴᠠᠭᠠᠰᠤ ᠬᠡᠷᠡᠭᠯᠡᠬᠦ ᠦᠭᠡᠢ ᠪᠠᠷ ᠬᠡᠷᠡᠭ ᠰᠢᠢᠳᠪᠦᠷᠢᠯᠡᠬᠦ ᠶᠢ ᠪᠦᠬᠦ ᠲᠠᠯ᠎ᠠ ᠪᠠᠷ | ᠠᠬᠢᠭᠤᠯᠵᠤ᠂ ᠲᠣᠮᠣ ᠳ᠋ᠠᠶᠢᠲ᠋ᠠ᠂ ᠵᠣᠬᠢᠶᠠᠮᠠᠯ ᠤᠶᠤᠨ ᠴᠢᠳᠠᠪᠤᠷᠢ ᠵᠡᠷᠭᠡ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ | ᠡᠭᠦᠳᠦᠭᠰᠡᠨ ᠦᠷ᠎ᠡ ᠪᠦᠲᠦᠭᠡᠯ ᠢ ᠰᠢᠭᠦᠨ ᠲᠠᠰᠤᠯᠬᠤ ᠭᠦᠢᠴᠡᠳᠬᠡᠬᠦ ᠠᠵᠢᠯ ᠲᠠᠢ ᠭᠦᠨᠵᠡᠭᠡᠢ ᠠᠭᠤᠰᠤᠯᠴᠠᠭᠤᠯᠬᠤ ᠶᠢ | ᠠᠬᠢᠭᠤᠯᠤᠨ᠎ᠠ᠃ | ᠲᠠᠪᠤ ᠳᠤ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠶᠢ ᠪᠠᠷᠢᠮᠲᠠᠯᠠᠵᠤ᠂ ᠡᠯ᠎ᠡ ᠡᠲᠡᠭᠡᠳ ᠤᠨ ᠬᠢᠨ ᠤ ᠬᠢᠨᠠᠯᠲᠠ ᠶᠢ | ᠰᠠᠨᠠᠭᠠᠴᠢᠯᠠᠭ᠎ᠠ ᠠᠴᠠ ᠪᠠᠨ ᠬᠦᠯᠢᠶᠡᠵᠦ᠂ ᠦᠨᠡᠨᠴᠢ ᠰᠢᠳᠤᠷᠭᠤ ᠠᠷᠢᠭᠤᠨ ᠴᠢᠬᠡᠴᠢ ᠬᠠᠷᠢᠭᠤᠴᠠᠯᠭ᠎ᠠ ᠡᠭᠦᠷᠭᠡᠯᠡᠳᠡᠭ | ᠠᠷᠠᠳ ᠤᠨ ᠰᠢᠭᠦᠬᠦ ᠬᠤᠷᠢᠶ᠎ᠠ ᠶᠢᠨ ᠡᠩᠨᠡᠭᠡ ᠶᠢ ᠪᠠᠶᠢᠭᠤᠯᠤᠨ᠎ᠠ᠃ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ᠂ ᠬᠤᠷᠢᠶ᠎ᠠ ᠶᠢ | ᠴᠢᠩᠭ᠎ᠠ ᠵᠠᠰᠠᠬᠤ ᠶᠢᠨ ᠪᠠᠭᠤᠷᠠᠢ ᠭᠤᠭᠴᠤᠭ᠎ᠠ᠂ ᠠᠶᠤᠯ ᠲᠦᠭᠰᠢᠭᠦᠷᠢ ᠶᠢᠨ ᠵᠠᠩᠭᠢᠯᠠᠭ᠎ᠠ ᠶᠢᠨ ᠴᠡᠭ ᠢ ᠨᠠᠷᠢᠨ ᠬᠢᠨᠠᠮᠠᠭᠠᠢ | ᠡᠷᠢᠵᠦ᠂ ᠬᠠᠨᠳᠤᠯᠭᠠᠲᠤ ᠴᠢᠨᠠᠷᠲᠠᠢ ᠪᠠᠷ ᠳᠦᠷᠢᠮ ᠲᠣᠭᠲᠠᠭᠠᠯ ᠲᠣᠭᠲᠠᠭᠠᠵᠤ᠂ ᠳᠦᠷᠢᠮ ᠤᠨ ᠬᠢᠵᠠᠭᠠᠷᠯᠠᠯ ᠢ ᠨᠡᠩ ᠴᠢᠩᠭ᠎ᠠ | ᠨᠡᠩ ᠨᠢᠭᠲᠠ ᠪᠣᠯᠭᠠᠨ᠎ᠠ᠃ ︽ᠠᠷᠪᠠ ᠶᠢ ᠴᠢᠩᠭ᠎ᠠ ᠴᠠᠭᠠᠵᠠᠯᠠᠬᠤ︾ ᠶᠢ ᠲᠡᠭᠦᠯᠳᠡᠷᠵᠢᠭᠦᠯᠦᠨ ᠨᠠᠶᠢᠳᠠᠪᠤᠷᠢᠵᠢᠭᠤᠯᠵᠤ᠂ | ᠲᠣᠭᠲᠠᠭᠠᠯ ᠢ ᠵᠥᠷᠢᠴᠡᠨ ᠬᠡᠷᠡᠭ ᠲᠤ ᠭᠠᠷ ᠲᠦᠷᠦᠭᠦ ᠶᠢ ᠰᠡᠷᠭᠡᠶᠢᠯᠡᠬᠦ᠂ ᠬᠠᠤᠯᠢ ᠴᠠᠭᠠᠵᠠ ᠶᠢᠨ ᠠᠵᠢᠯᠲᠠᠨ ᠤ ᠬᠤᠯᠪᠣᠭᠳᠠᠯ | ᠪᠦᠬᠦᠢ ᠬᠥᠮᠥᠰ ᠲᠠᠢ ᠬᠠᠷᠢᠯᠴᠠᠬᠤ ᠦᠢᠯᠡ ᠠᠵᠢᠯᠯᠠᠭ᠎ᠠ ᠶᠢ ᠵᠢᠷᠤᠮᠵᠢᠭᠤᠯᠬᠤ ᠵᠡᠷᠭᠡ ᠬᠠᠲᠠᠭᠤ ᠴᠢᠩᠭ᠎ᠠ ᠴᠠᠭᠠᠵᠠ ᠵᠠᠷᠯᠢᠭ ᠢ | ᠲᠡᠭᠦᠯᠳᠡᠷᠵᠢᠭᠦᠯᠵᠦ᠂ ᠵᠠᠬᠢᠳᠠᠯ ᠰᠣᠷᠪᠤᠯᠵᠢᠯᠠᠭ᠎ᠠ ᠶᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠲᠣᠭᠲᠠᠭᠠᠯ ᠶᠣᠰᠣᠭᠠᠷ | ᠰᠢᠭᠦᠬᠦ ᠶᠠᠪᠤᠳᠠᠯ ᠤᠨ ᠱᠠᠭᠠᠷᠳᠠᠨ ᠪᠠᠶᠢᠴᠠᠭᠠᠯᠲᠠ ᠶᠢ ᠥᠷᠨᠢᠭᠦᠯᠵᠦ᠂ ᠲᠥᠪ ᠭᠤᠣᠯᠴᠢ ᠠᠷᠢᠭᠤᠨ ᠴᠢᠬᠡᠴᠢ ᠪᠠᠷ ᠬᠠᠤᠯᠢ | ᠪᠠᠷᠢᠬᠤ ᠶᠢ ᠦᠨᠡᠨᠬᠦ ᠪᠠᠲᠤᠯᠠᠨ᠎ᠠ᠃ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠵᠢᠴᠢ ᠪᠠᠶᠢᠩᠭᠤ ᠶᠢᠨ ᠬᠤᠷᠢᠶ᠎ᠠ ᠶᠢᠨ | ᠬᠤᠯᠪᠣᠭᠳᠠᠯ ᠪᠦᠬᠦᠢ ᠰᠢᠢᠳᠪᠦᠷᠢ ᠲᠣᠭᠲᠠᠭᠠᠯ ᠢ ᠬᠢᠨᠠᠮᠠᠭᠠᠢ ᠲᠤᠤᠱᠯᠠᠭᠤᠯᠤᠨ ᠬᠡᠷᠡᠭᠵᠢᠭᠦᠯᠵᠦ᠂ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠵᠢᠴᠢ ᠪᠠᠶᠢᠩᠭᠤ ᠶᠢᠨ ᠬᠤᠷᠢᠶ᠎ᠠ ᠳᠤ ᠢᠳᠡᠪᠬᠢᠲᠡᠢ ᠪᠠᠷ ᠰᠠᠨᠠᠭᠠᠴᠢᠯᠠᠭ᠎ᠠ ᠠᠴᠠ ᠪᠠᠨ | ᠠᠵᠢᠯ ᠢᠶᠠᠨ ᠮᠡᠳᠡᠭᠦᠯᠵᠦ᠂ ᠲᠥᠯᠥᠭᠡᠯᠡᠭᠴᠢᠳ ᠯᠦᠭᠡ ᠶᠢᠨ ᠬᠠᠷᠢᠯᠴᠠᠭ᠎ᠠ ᠬᠤᠯᠪᠣᠭ᠎ᠠ ᠶᠢ ᠴᠢᠩᠭᠠᠳᠬᠠᠨ᠎ᠠ︔ ᠤᠯᠤᠰ | ᠲᠦᠷᠦ ᠶᠢᠨ ᠵᠥᠪᠯᠡᠯᠭᠡᠨ ᠤ ᠠᠷᠠᠳᠴᠢᠯᠠᠭᠰᠠᠨ ᠬᠢᠨᠠᠯᠲᠠ᠂ ᠪᠠᠶᠢᠴᠠᠭᠠᠬᠤ ᠪᠠᠶᠢᠭᠤᠯᠤᠯᠭ᠎ᠠ ᠶᠢᠨ ᠵᠠᠷᠭᠤ ᠶᠢᠨ ᠬᠢᠨᠠᠯᠲᠠ ᠶᠢ | ᠤᠬᠠᠮᠰᠠᠷ ᠠᠴᠠ ᠪᠠᠨ ᠬᠦᠯᠢᠶᠡᠵᠦ᠂ ᠨᠡᠶᠢᠭᠡᠮ ᠤᠨ ᠬᠢᠨᠠᠯᠲᠠ ᠶᠢ ᠥᠷᠭᠡᠨ ᠢᠶᠠᠷ ᠬᠦᠯᠢᠶᠡᠵᠦ᠂ ᠰᠢᠭᠦᠬᠦ ᠬᠤᠷᠢᠶ᠎ᠠ ᠶᠢᠨ ᠠᠵᠢᠯ ᠢ | ᠲᠠᠰᠤᠷᠠᠯᠲᠠ ᠦᠭᠡᠢ ᠴᠢᠩᠭᠠᠳᠬᠠᠨ ᠰᠠᠶᠢᠵᠢᠷᠠᠭᠤᠯᠤᠨ᠎ᠠ᠃ | ᠲᠥᠯᠥᠭᠡᠯᠡᠭᠴᠢᠳ ᠠ᠋᠂ ᠡᠷᠬᠡ ᠪᠣᠯ ᠳᠠᠷᠤᠢ ᠬᠠᠷᠢᠭᠤᠴᠠᠯᠭ᠎ᠠ ᠮᠥᠨ᠂ ᠬᠠᠷᠢᠭᠤᠴᠠᠯᠭ᠎ᠠ ᠪᠠᠶᠢᠪᠠᠯ ᠡᠭᠦᠷᠭᠡᠯᠡᠬᠦ ᠬᠡᠷᠡᠭᠲᠡᠢ | ᠃ ᠰᠢᠨ᠎ᠡ ᠨᠢᠭᠡ ᠵᠢᠯ ᠳᠤ᠂ ᠬᠤᠰᠢᠭᠤᠨ ᠤ ᠠᠷᠠᠳ ᠤᠨ ᠰᠢᠭᠦᠬᠦ ᠬᠤᠷᠢᠶ᠎ᠠ ᠨᠢ ᠬᠤᠰᠢᠭᠤᠨ ᠤ ᠨᠠᠮ ᠤᠨ ᠬᠤᠷᠢᠶ᠎ᠠ ᠶᠢᠨ | ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠪᠠ ᠲᠣᠰ ᠤᠳᠠᠭᠠᠨ ᠤ ᠶᠡᠭᠡ ᠬᠤᠷᠠᠯ ᠤᠨ ᠰᠢᠢᠳᠪᠦᠷᠢ ᠶᠢ ᠨᠠᠷᠢᠨ | ᠬᠢᠨᠠᠮᠠᠭᠠᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠰᠢᠨ᠎ᠡ ᠵᠢᠳᠬᠦᠯ ᠴᠢᠷᠮᠠᠶᠢᠯᠭ᠎ᠠ ᠪᠠᠷ ᠰᠢᠨ᠎ᠡ ᠴᠠᠭ ᠦᠶ᠎ᠡ ᠶᠢᠨ ᠡᠭᠦᠷᠭᠡ | ᠬᠠᠷᠢᠭᠤᠴᠠᠯᠭ᠎ᠠ ᠶᠢ ᠡᠭᠦᠷᠭᠡᠯᠡᠵᠦ᠂ ᠬᠡᠰᠢᠭᠲᠡᠨ ᠬᠤᠰᠢᠭᠤᠨ ᠤ ᠠᠵᠤ ᠠᠬᠤᠢ ᠨᠡᠶᠢᠭᠡᠮ ᠤᠨ ᠡᠷᠡᠭᠦᠯ ᠬᠥᠭᠵᠢᠯᠲᠡ ᠳᠤ | ᠦᠢᠯᠡᠴᠢᠯᠡᠬᠦ ᠪᠠ ᠬᠥᠭᠵᠢᠯᠲᠡ ᠶᠢ ᠪᠠᠲᠤᠯᠠᠬᠤ ᠶᠢᠨ ᠲᠥᠯᠥᠭᠡ ᠴᠥᠬᠦᠷᠡᠰᠢ ᠦᠭᠡᠢ ᠲᠡᠮᠡᠴᠡᠰᠦᠭᠡᠢ᠃ | | |