︱ 2024 ᠣᠨ ᠤ 1 ᠰᠠᠷ᠎ᠠ ᠶᠢᠨ 25 ᠤ ᠡᠳᠦᠷ ᠬᠡᠰᠢᠭᠲᠡᠨ ᠬᠤᠰᠢᠭᠤᠨ ᠤ ᠠᠷᠪᠠᠨ ᠨᠠᠢᠮᠠᠳᠤᠭᠠᠷ ᠬᠤᠭᠤᠴᠠᠭᠠᠨ ᠤ | ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠭᠤᠷᠪᠠᠳᠤᠭᠠᠷ ᠤᠳᠠᠭᠠᠨ ᠤ ᠬᠤᠷᠠᠯᠳᠤᠭᠠᠨ ᠳᠡᠭᠡᠷ᠎ᠡ | | | ᠬᠡᠰᠢᠭᠲᠡᠨ ᠬᠤᠰᠢᠭᠤᠨ ᠤ ᠠᠷᠠᠳ ᠤᠨ ᠪᠠᠶᠢᠴᠠᠭᠠᠬᠤ ᠬᠤᠷᠢᠶ᠎ᠠ ᠶᠢᠨ ᠪᠠᠶᠢᠴᠠᠭᠠᠭᠴᠢ ᠳᠠᠷᠤᠭ᠎ᠠ ᠭᠤᠤ ᠶᠤᠸᠠᠨ | | | ᠲᠥᠯᠥᠭᠡᠯᠡᠭᠴᠢᠳ ᠠ᠋᠄ | ᠤᠳᠤ ᠪᠢ ᠬᠡᠰᠢᠭᠲᠡᠨ ᠬᠤᠰᠢᠭᠤᠨ ᠤ ᠠᠷᠠᠳ ᠤᠨ ᠪᠠᠶᠢᠴᠠᠭᠠᠬᠤ ᠬᠤᠷᠢᠶ᠎ᠠ ᠶᠢ ᠲᠥᠯᠥᠭᠡᠯᠡᠨ ᠶᠡᠭᠡ ᠬᠤᠷᠠᠯ ᠳᠤ | ᠠᠵᠢᠯ ᠢᠶᠠᠨ ᠮᠡᠳᠡᠭᠦᠯᠦᠶ᠎ᠡ᠂ ᠬᠢᠨᠠᠨ ᠵᠥᠪᠯᠡᠬᠦ ᠪᠣᠯᠪᠠᠤ᠂ ᠲᠡᠷᠡᠴᠢᠯᠡᠨ ᠤᠯᠤᠰ ᠲᠦᠷᠦ ᠶᠢᠨ ᠵᠥᠪᠯᠡᠯᠭᠡᠨ ᠤ ᠭᠡᠰᠢᠭᠦᠳ ᠪᠣᠯᠣᠨ | ᠬᠤᠷᠠᠯ ᠳᠤ ᠰᠤᠯᠠ ᠣᠷᠣᠯᠴᠠᠭᠰᠠᠨ ᠨᠥᠬᠦᠳ ᠰᠠᠨᠠᠯ ᠢᠶᠠᠨ ᠳᠤᠷᠠᠳᠬᠤ ᠪᠣᠯᠪᠠᠤ᠃ | 2023 ᠣᠨ ᠤ ᠠᠵᠢᠯ ᠤᠨ ᠡᠷᠭᠢᠴᠡᠭᠦᠯᠦᠯ | 2023 ᠣᠨ ᠳᠤ᠂ ᠬᠤᠰᠢᠭᠤᠨ ᠤ ᠠᠷᠠᠳ ᠤᠨ ᠪᠠᠶᠢᠴᠠᠭᠠᠬᠤ ᠬᠤᠷᠢᠶ᠎ᠠ ᠨᠢ ᠰᠢ ᠶᠢᠨ ᠫᠢᠩ ᠤᠨ ᠰᠢᠨ᠎ᠡ ᠴᠠᠭ | ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ | ᠪᠣᠯᠭᠠᠬᠤ ᠶᠢ ᠪᠠᠷᠢᠮᠲᠠᠯᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ | ᠲᠤᠤᠱᠯᠠᠭᠤᠯᠵᠤ᠂ ︽ᠰᠢᠨ᠎ᠡ ᠴᠠᠭ ᠦᠶ᠎ᠡ ᠶᠢᠨ ᠪᠠᠶᠢᠴᠠᠭᠠᠬᠤ ᠪᠠᠶᠢᠭᠤᠯᠤᠯᠭ᠎ᠠ ᠶᠢᠨ ᠬᠠᠤᠯᠢ ᠴᠠᠭᠠᠵᠠ ᠶᠢᠨ ᠬᠢᠨᠠᠯᠲᠠ | ᠲᠠᠯᠪᠢᠬᠤ ᠠᠵᠢᠯ ᠢ ᠴᠢᠩᠭᠠᠳᠬᠠᠬᠤ ᠲᠤᠬᠠᠢ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠰᠠᠨᠠᠯ︾ ᠢ | ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠬᠤᠰᠢᠭᠤᠨ ᠤ ᠨᠠᠮ ᠤᠨ ᠬᠤᠷᠢᠶ᠎ᠠ ᠪᠣᠯᠣᠨ ᠤᠯᠠᠭᠠᠨᠬᠠᠳᠠ ᠬᠤᠲᠠ ᠶᠢᠨ | ᠪᠠᠶᠢᠴᠠᠭᠠᠬᠤ ᠬᠤᠷᠢᠶ᠎ᠠ ᠶᠢᠨ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ | ᠶᠡᠭᠡ ᠬᠤᠷᠠᠯ ᠵᠢᠴᠢ ᠪᠠᠶᠢᠩᠭᠤ ᠶᠢᠨ ᠬᠤᠷᠢᠶ᠎ᠠ ᠶᠢᠨ ᠬᠦᠴᠦᠲᠡᠢ ᠬᠢᠨᠠᠯᠲᠠ ᠳᠣᠣᠷ᠎ᠠ᠂ ᠬᠤᠰᠢᠭᠤᠨ ᠤ ᠠᠷᠠᠳ ᠤᠨ ᠵᠠᠰᠠᠭ ᠤᠨ | ᠣᠷᠳᠣᠨ᠂ ᠤᠯᠤᠰ ᠲᠥᠷᠥ ᠶᠢᠨ ᠵᠥᠪᠯᠡᠯᠭᠡᠨ ᠵᠢᠴᠢ ᠨᠡᠶᠢᠭᠡᠮ ᠤᠨ ᠡᠯ᠎ᠡ ᠡᠲᠡᠭᠡᠳ ᠤᠨ ᠬᠦᠴᠦᠲᠡᠢ ᠳᠡᠮᠵᠢᠯᠭᠡ ᠳᠣᠣᠷ᠎ᠠ᠂ | ᠪᠠᠶᠢᠴᠠᠭᠠᠬᠤ ᠠᠵᠢᠯ ᠤᠨ ᠣᠳᠣᠬᠢᠴᠢᠯᠠᠯᠲᠠ ᠪᠠᠷ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠳᠤ ᠦᠢᠯᠡᠴᠢᠯᠡᠬᠦ | ᠡᠨᠡ ᠬᠦ ᠭᠤᠣᠯ ᠡᠭᠦᠷᠭᠡ ᠲᠠᠢ ᠨᠢᠭᠲᠠ ᠤᠶᠠᠯᠳᠤᠭᠤᠯᠤᠨ᠂ ︽ᠬᠡᠷᠡᠭ ᠨᠢᠭᠡᠪᠦᠷᠢ ᠶᠢ ᠴᠢᠨᠠᠷ ᠰᠠᠶᠢᠲᠠᠢ ᠦᠷ᠎ᠡ | ᠪᠦᠲᠦᠮᠵᠢᠲᠡᠶ ᠪᠠᠷ ᠰᠠᠶᠢᠲᠤᠷ ᠰᠢᠢᠳᠪᠦᠷᠢᠯᠡᠬᠦ︾ ᠪᠠᠷ ᠦᠷᠳᠡᠭ ᠤᠨ ᠤᠳᠤᠷᠢᠳᠤᠮᠵᠢ ᠪᠣᠯᠭᠠᠵᠤ᠂ ︽ᠤᠯᠤᠰ ᠲᠦᠷᠦ ᠶᠢᠨ | ᠲᠠᠯ᠎ᠠ ᠠᠴᠠ ᠬᠠᠷᠠᠵᠤ᠂ ᠬᠠᠤᠯᠢ ᠪᠠᠷ ᠵᠠᠰᠠᠬᠤ ᠲᠠᠯ᠎ᠠ ᠠᠴᠠ ᠰᠢᠢᠳᠪᠦᠷᠢᠯᠡᠬᠦ︾ ᠶᠢ ᠲᠣᠭᠲᠠᠭᠤᠨ ᠪᠠᠶᠢᠳᠠᠯ ᠢ ᠬᠠᠮᠠᠭᠠᠯᠠᠬᠤ᠂ | ᠬᠥᠭᠵᠢᠯᠲᠡ ᠶᠢ ᠬᠠᠮᠠᠭᠠᠯᠠᠬᠤ᠂ ᠠᠷᠠᠳ ᠤᠨ ᠠᠮᠢᠳᠤᠷᠠᠯ ᠢ ᠬᠠᠮᠠᠭᠠᠯᠠᠬᠤ᠂ ᠰᠢᠳᠤᠷᠭᠤ ᠶᠣᠰᠣ ᠶᠢ ᠬᠠᠮᠠᠭᠠᠯᠠᠬᠤ ᠪᠠᠶᠢᠴᠠᠭᠠᠬᠤ | ᠠᠵᠢᠯ ᠤᠨ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠪᠦᠬᠦ ᠶᠠᠪᠤᠴᠠ ᠳᠤ ᠠᠭᠤᠰᠬᠠᠵᠤ᠂ ᠡᠯ᠎ᠡ ᠵᠦᠢᠯ ᠤᠨ | ᠪᠠᠶᠢᠴᠠᠭᠠᠬᠤ ᠠᠵᠢᠯ ᠨᠢ ᠰᠢᠪᠲᠤᠯᠤᠯᠲᠠ ᠶᠢᠨ ᠴᠢᠨᠠᠷᠲᠠᠢ ᠠᠬᠢᠴᠠ ᠲᠠᠢ ᠪᠣᠯᠵᠤ᠂ ᠲᠤᠬᠠᠶᠢᠯᠠᠭᠰᠠᠨ ᠠᠵᠢᠯ ᠤᠨ ᠶᠠᠰᠤ ᠴᠢᠨᠠᠷ | ᠦᠷ᠎ᠡ ᠪᠦᠲᠦᠮᠵᠢ ᠶᠢ ᠦᠨᠡᠯᠡᠬᠦ ᠪᠠᠷᠢᠮᠵᠢᠶ᠎ᠠ ᠶᠢᠨ ᠬᠢᠨᠠᠨ ᠰᠢᠯᠭᠠᠯᠲᠠ ᠳᠤ ᠪᠦᠬᠦ ᠬᠤᠳᠠ ᠳᠤ ᠲᠡᠷᠢᠭᠦᠯᠡᠪᠡ᠃ | ᠨᠢᠭᠡ᠂ ᠭᠤᠣᠯᠳᠠᠯᠭ᠎ᠠ ᠲᠠᠢ ᠶᠡᠭᠡ ᠲᠠᠯ᠎ᠠ ᠳᠤ ᠠᠭᠤᠰᠤᠯᠴᠠᠵᠤ᠂ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ | ᠬᠥᠭᠵᠢᠯᠲᠡ ᠳᠤ ᠦᠢᠯᠡᠴᠢᠯᠡᠪᠡ | ᠪᠠᠶᠢᠴᠠᠭᠠᠬᠤ ᠠᠵᠢᠯ ᠦᠢᠯᠡᠰ ᠤᠨ ᠪᠥᠬᠦ ᠲᠠᠯ᠎ᠠ ᠪᠠ ᠬᠤᠰᠢᠭᠤᠨ ᠤ ᠬᠥᠭᠵᠢᠯᠲᠡ ᠶᠢᠨ ᠶᠡᠭᠡ ᠲᠠᠯ᠎ᠠ ᠳᠤ | ᠠᠩᠬᠠᠷᠤᠯ ᠢᠶᠠᠨ ᠲᠥᠪᠯᠡᠷᠡᠭᠦᠯᠵᠦ᠂ ᠬᠥᠭᠵᠢᠯᠲᠡ ᠪᠠ ᠠᠮᠤᠷ ᠲᠦᠪᠰᠢᠨ ᠢ ᠨᠢᠭᠡᠳᠦᠯᠲᠡᠢ ᠲᠥᠯᠥᠪᠯᠡᠵᠦ᠂ ᠦᠢᠯᠡᠴᠢᠯᠡᠭᠡ ᠪᠠ | ᠪᠠᠲᠤᠯᠠᠭ᠎ᠠ ᠶᠢ ᠰᠠᠶᠢᠲᠤᠷ ᠬᠢᠵᠦ᠂ ᠡᠭᠦᠷᠭᠡ ᠲᠤᠰᠢᠶᠠᠯ ᠢᠶᠠᠨ ᠴᠢᠳᠠᠮᠠᠭᠠᠢ ᠪᠠᠷ ᠭᠦᠢᠴᠡᠳᠬᠡᠬᠦ ᠪᠠᠷ ᠰᠢᠨ᠎ᠡ ᠡᠭᠦᠷᠭᠡᠯᠡᠯ ᠢ | ᠢᠯᠡᠷᠡᠭᠦᠯᠦᠨ᠂ ᠰᠢᠨ᠎ᠡ ᠵᠢᠳᠬᠦᠯ ᠢ ᠪᠡᠶᠡᠯᠡᠭᠦᠯᠪᠡ᠃ | ︵ᠨᠢᠭᠡ︶ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠰᠠᠨᠠᠭᠠᠴᠢᠯᠠᠭ᠎ᠠ ᠠᠴᠠ ᠪᠠᠨ ᠬᠦᠴᠦᠨ | ᠨᠡᠮᠡᠷᠢᠯᠡᠪᠡ᠃ ᠦᠨᠳᠦᠰᠦᠨ ᠱᠠᠲᠤᠨ ᠳᠤ ᠯᠠᠪᠳᠠᠭᠤᠨ ᠪᠠᠲᠤᠲᠠᠢ ᠠᠵᠢᠯᠯᠠᠭᠰᠠᠨ ᠲᠤᠷᠰᠢᠯᠭ᠎ᠠ ᠲᠠᠢ 2 ᠪᠠᠶᠢᠴᠠᠭᠠᠬᠤ | ᠠᠵᠢᠯᠲᠠᠨ ᠢ ᠰᠣᠩᠭᠤᠨ ᠲᠣᠮᠢᠯᠠᠵᠤ᠂ ᡁᠢ ᠿᠦᠢ ᠪᠠᠯᠭᠠᠰᠤᠨ ᠤ ᠰᠠᠷᠠᠨ ᠭᠤᠤ ᠲᠣᠰᠬᠤᠨ ᠳᠤ ᠬᠦᠷᠴᠦ ᠲᠣᠰᠬᠤᠨ ᠳᠤ | ᠰᠠᠭᠤᠵᠤ ᠬᠠᠪᠰᠤᠷᠤᠨ ᠲᠡᠳᠬᠦᠬᠦ ᠠᠵᠢᠯ ᠢ ᠥᠷᠨᠢᠭᠦᠯᠪᠡ᠃ ︽ᠨᠢᠭᠡᠳᠦᠭᠡᠷ ᠭᠠᠷ︾ ᠪᠦᠯᠬᠦᠮ ᠳᠠᠭᠠᠭᠤᠯᠤᠨ ᠲᠣᠰᠬᠤᠨ ᠢ | ᠳᠠᠭᠠᠭᠠᠴᠢᠯᠠᠨ ᠬᠤᠯᠪᠣᠭᠠᠯᠠᠵᠤ ᠬᠠᠪᠰᠤᠷᠤᠨ ᠲᠡᠳᠬᠦᠵᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤᠮᠳᠠ | ᠣᠷᠣᠰᠢᠵᠤ ᠪᠠᠶᠢᠭ᠎ᠠ ᠣᠯᠠᠨ ᠨᠡᠶᠢᠲᠡ ᠶᠢᠨ ᠰᠠᠭᠤᠷᠢ ᠲᠥᠬᠦᠭᠡᠷᠦᠮᠵᠢ ᠲᠡᠭᠦᠯᠳᠡᠷ ᠪᠤᠰᠤ᠂ ᠣᠷᠣᠯᠭ᠎ᠠ ᠶᠢᠨ ᠢᠷᠡᠯᠲᠡ ᠲᠠᠩ | ᠴᠤᠯᠭᠤᠢ᠂ ᠲᠠᠷᠢᠶᠠᠯᠠᠩ ᠤᠨ ᠪᠦᠷᠬᠦᠪᠴᠢ ᠶᠢᠨ ᠣᠯᠠᠨ ᠡᠬᠢᠲᠦ ᠪᠣᠬᠢᠷᠲᠤᠯ ᠵᠡᠷᠭᠡ ᠠᠰᠠᠭᠤᠳᠠᠯ ᠲᠠᠢ ᠵᠣᠯᠭᠠᠭᠤᠯᠵᠤ᠂ ᠬᠠᠮᠢᠶ᠎ᠠ | ᠪᠦᠬᠦᠢ ᠰᠠᠯᠠᠭ᠎ᠠ ᠮᠥᠴᠢᠷ ᠢ ᠢᠳᠡᠪᠬᠢᠲᠡᠢ ᠵᠣᠬᠢᠴᠠᠭᠤᠯᠵᠤ᠂ ᠲᠥᠷᠥᠯ ᠳᠠᠷᠠᠭᠠᠯᠠᠨ ᠰᠢᠢᠳᠪᠦᠷᠢᠯᠡᠪᠡ᠃ ᠠᠮᠢ ᠠᠬᠤᠢ ᠶᠢᠨ | ᠣᠷᠴᠢᠨ ᠲᠣᠭᠤᠷᠢᠨ ᠤ ᠦᠢᠯᠡᠴᠢᠯᠡᠭᠡᠨ ᠤ ᠴᠢᠳᠠᠮᠵᠢ ᠶᠢᠨ ᠬᠤᠬᠢᠷᠠᠯ ᠤᠨ ᠰᠦᠢᠳᠬᠡᠯ ᠢ ᠨᠡᠬᠡᠮᠵᠢᠯᠡᠨ ᠲᠤᠰᠢᠶᠠᠯᠭᠠᠭᠰᠠᠨ 60 | ᠲᠦᠮᠡ ᠰᠢᠬᠠᠮ ᠲᠥᠭᠦᠷᠢᠭ ᠢ ᠠᠰᠢᠭᠯᠠᠵᠤ᠂ ︽ᠰᠤᠮᠤ ᠰᠢᠶᠠᠩ ᠪᠠᠯᠭᠠᠰᠤ ᠲᠥᠷᠥᠯ ᠵᠦᠢᠯ ᠢ ᠲᠣᠭᠲᠠᠭᠠᠬᠤ᠂ ᠣᠶ ᠰᠢᠭᠤᠢ | ᠨᠤᠲᠤᠭ ᠪᠡᠯᠴᠢᠭᠡᠷ ᠤᠨ ᠲᠣᠪᠴᠢᠶ᠎ᠠ ᠲᠥᠯᠥᠪᠵᠢᠭᠦᠯᠦᠨ ᠲᠥᠯᠥᠪᠯᠡᠬᠦ᠂ ᠲᠣᠰᠬᠤᠨ ᠤ ᠠᠷᠠᠳ ᠬᠠᠮᠢᠶᠠᠷᠴᠤ ᠬᠠᠮᠠᠭᠠᠯᠠᠨ | ᠠᠰᠢᠭ ᠣᠷᠣᠯᠭ᠎ᠠ ᠣᠯᠬᠤ᠂ ᠪᠠᠶᠢᠴᠠᠭᠠᠬᠤ ᠬᠤᠷᠢᠶ᠎ᠠ ᠮᠥᠷᠳᠡᠨ ᠬᠢᠨᠠᠬᠤ︾ ᠵᠠᠭᠪᠤᠷ ᠢ ᠬᠡᠷᠡᠭᠯᠡᠨ᠂ ᠬᠤᠯᠠᠨ ᠰᠢᠷᠭ᠎ᠠ | ᠳᠠᠭ᠎ᠠ ᠶᠢᠨ ᠡᠯᠡᠰᠦᠷᠬᠡᠭ ᠭᠠᠵᠠᠷ ᠲᠤ 1000 ᠭᠠᠷᠤᠢ ᠮᠦ ᠲᠣᠮᠣ ᠵᠢᠮᠢᠰᠲᠦ ᠴᠢᠴᠠᠷᠭᠠᠨ᠎ᠠ ᠳᠠᠷᠢᠵᠤ᠂ ᠵᠢᠱᠢᠯᠲᠡ ᠪᠠᠷ ᠡᠯᠪᠡᠭ | ᠬᠤᠷᠢᠶᠠᠯᠲᠠ ᠲᠠᠢ ᠬᠤᠭᠤᠴᠠᠭᠠᠨ ᠳᠤ ᠮᠦ ᠪᠦᠷᠢ ᠠᠴᠠ 2500 ᠲᠥᠭᠦᠷᠢᠭ ᠤᠨ ᠣᠷᠣᠯᠭ᠎ᠠ ᠣᠯᠵᠤ᠂ ᠠᠮᠢ ᠠᠬᠤᠢ ᠶᠢᠨ | ᠦᠷ᠎ᠡ ᠠᠰᠢᠭ᠂ ᠠᠵᠤ ᠠᠬᠤᠢ ᠶᠢᠨ ᠦᠷ᠎ᠡ ᠠᠰᠢᠭ᠂ ᠨᠡᠶᠢᠭᠡᠮ ᠤᠨ ᠦᠷ᠎ᠡ ᠠᠰᠢᠭ ᠤᠨ ᠣᠷᠭᠠᠨᠢᠭ ᠨᠢᠭᠡᠳᠦᠯ ᠢ ᠪᠡᠶᠡᠯᠡᠭᠦᠯᠵᠦ | ᠂ ᠲᠣᠰ ᠠᠷᠭ᠎ᠠ ᠠᠪᠴᠠᠯ ᠢ ᠥᠪᠥᠷ ᠮᠣᠩᠭᠤᠯ ᠾᠧᠪᠧᠢ ᠯᠢᠶᠣᠤᠨᠢᠩ ᠭᠤᠷᠪᠠᠨ ᠭᠠᠵᠠᠷ ᠤᠨ ᠪᠠᠶᠢᠴᠠᠭᠠᠬᠤ ᠪᠠᠶᠢᠭᠤᠯᠤᠯᠭ᠎ᠠ ᠳᠤ | ᠳᠡᠯᠭᠡᠷᠡᠭᠦᠯᠪᠡ᠃ | ︵ᠬᠤᠶᠠᠷ︶ ᠬᠤᠳᠠᠯᠳᠤᠭ᠎ᠠ ᠡᠷᠭᠢᠯᠡᠬᠦ ᠣᠷᠴᠢᠨ ᠨᠥᠬᠦᠴᠡᠯ ᠢ ᠦᠷᠭᠦᠯᠵᠢᠯᠡᠨ ᠰᠢᠯᠢᠳᠡᠭᠵᠢᠭᠦᠯᠪᠡ᠃ ︽ᠠᠵᠤ | ᠠᠬᠤᠶᠢᠯᠠᠯ ᠢ ᠪᠠᠲᠤᠯᠠᠬᠤ ᠪᠣᠯ ᠳᠠᠷᠤᠢ ᠠᠵᠢᠯ ᠣᠯᠭᠤᠯᠲᠠ ᠶᠢ ᠲᠣᠭᠲᠠᠪᠤᠷᠢᠵᠢᠭᠤᠯᠵᠤ ᠠᠷᠠᠳ ᠤᠨ ᠠᠮᠢᠳᠤᠷᠠᠯ ᠢ ᠪᠠᠲᠤᠯᠠᠬᠤ︾ | ᠵᠠᠷᠴᠢᠮ ᠢ ᠪᠠᠷᠢᠮᠲᠠᠯᠠᠨ᠂ ᠥᠪᠥᠷ ᠮᠣᠩᠭᠤᠯ ᠤᠨ ᠤᠯᠠᠭᠠᠨᠬᠠᠳᠠ ᠶᠢᠨ ᠲᠡᠮᠦᠷᠯᠢᠭ ᠬᠠᠶᠢᠯᠤᠭᠤᠯᠬᠤ ᠬᠢᠮᠢ ᠶᠢᠨ ᠠᠵᠤ | ᠦᠢᠯᠡᠳᠪᠦᠷᠢ ᠶᠢᠨ ᠨᠡᠭᠡᠭᠡᠯᠲᠡ ᠶᠢᠨ ᠲᠣᠭᠤᠷᠢᠭ ᠲᠤ ᠬᠠᠤᠯᠢ ᠴᠠᠭᠠᠵᠠ ᠶᠢᠨ ᠦᠢᠯᠡᠴᠢᠯᠡᠭᠡᠨ ᠤ ᠴᠢᠭ᠋ ᠭᠠᠷᠭᠠᠵᠤ᠂ ᠠᠵᠤ | ᠠᠬᠤᠶᠢᠯᠠᠯ ᠳᠤ 5 ᠤᠳᠠᠭ᠎ᠠ ᠬᠠᠤᠯᠢ ᠴᠠᠭᠠᠵᠠ ᠶᠢᠨ ᠯᠠᠪᠯᠠᠯᠭ᠎ᠠ ᠬᠠᠩᠭᠠᠪᠠ᠃ ᠨᠡᠭᠡᠭᠡᠨ ᠬᠥᠭᠵᠢᠭᠦᠯᠬᠦ ᠣᠷᠣᠨ ᠤ | ᠬᠠᠮᠢᠶᠠᠷᠤᠯᠲᠠ ᠶᠢᠨ ᠵᠥᠪᠯᠡᠯ ᠲᠠᠢ ᠬᠠᠮᠲᠤᠷᠠᠨ ᠬᠠᠮᠵᠢᠯᠴᠠᠬᠤ ᠵᠣᠬᠢᠴᠠᠮᠵᠢ ᠶᠢ ᠪᠠᠶᠢᠭᠤᠯᠵᠤ᠂ ᠬᠦᠷᠢᠶᠡᠯᠡᠩ ᠲᠣᠭᠤᠷᠢᠭ ᠤᠨ 3 | ᠠᠵᠤ ᠠᠬᠤᠶᠢᠯᠠᠯ ᠤᠨ ᠶᠠᠯ᠎ᠠ ᠳᠤ ᠬᠤᠯᠪᠣᠭᠳᠠᠭᠰᠠᠨ ᠬᠠᠷᠢᠭᠤᠴᠠᠯᠭᠠᠲᠠᠨ ᠳᠤ ᠬᠤᠷᠢᠬᠤ ᠴᠢᠬᠤᠯᠠ ᠴᠢᠨᠠᠷ ᠤᠨ ᠬᠢᠨᠠᠨ | ᠪᠠᠶᠢᠴᠠᠭᠠᠯᠲᠠ ᠬᠢᠵᠦ᠂ ᠪᠠᠷᠢᠪᠴᠢᠯᠠᠬᠤ ᠶᠢ ᠪᠠᠲᠤᠯᠠᠭ᠎ᠠ ᠠᠪᠴᠤ ᠰᠢᠭᠦᠯᠲᠡ ᠬᠦᠯᠢᠶᠡᠯᠭᠡᠬᠦ ᠪᠣᠯᠭᠠᠨ ᠬᠤᠪᠢᠷᠠᠭᠤᠯᠵᠤ᠂ ᠠᠵᠤ | ᠠᠬᠤᠶᠢᠯᠠᠯ ᠤᠨ ᠬᠡᠪ ᠤᠨ ᠦᠢᠯᠡᠳᠪᠦᠷᠢᠯᠡᠯ ᠡᠵᠡᠩᠨᠡᠯᠲᠡ ᠶᠢ ᠦᠨᠡᠨᠬᠦ ᠪᠠᠲᠤᠯᠠᠪᠠ᠃ ᠰᠠᠨᠠᠭᠠᠴᠢᠯᠠᠭ᠎ᠠ ᠠᠴᠠ ᠪᠠᠨ 3 ᠤᠳᠠᠭ᠎ᠠ | ᠬᠠᠤᠯᠢ ᠴᠠᠭᠠᠵᠠ ᠶᠢ ᠠᠵᠤ ᠠᠬᠤᠶᠢᠯᠠᠯ ᠳᠤ ᠬᠦᠷᠭᠡᠵᠦ᠂ 300 ᠰᠢᠬᠠᠮ ᠠᠵᠤ ᠠᠬᠤᠶᠢᠯᠠᠯ ᠤᠨ ᠠᠵᠢᠯᠲᠠᠳ ᠲᠤ ᠬᠠᠮᠢᠶ᠎ᠠ | ᠪᠦᠬᠦᠢ ᠬᠠᠤᠯᠢ ᠴᠠᠭᠠᠵᠠ ᠶᠢᠨ ᠪᠣᠯᠪᠠᠰᠤᠷᠠᠯ ᠬᠦᠷᠲᠡᠭᠡᠵᠦ᠂ ᠠᠵᠤ ᠠᠬᠤᠶᠢᠯᠠᠯ ᠤᠨ ᠠᠶᠤᠯᠭᠦᠢ ᠦᠢᠯᠡᠳᠪᠦᠷᠢᠯᠡᠯ ᠪᠣᠯᠣᠨ | ᠣᠷᠴᠢᠨ ᠲᠣᠭᠤᠷᠢᠨ ᠤ ᠬᠠᠮᠠᠭᠠᠯᠠᠯᠲᠠ ᠶᠢᠨ ᠤᠬᠠᠮᠰᠠᠷ ᠢ ᠴᠢᠩᠭᠠᠳᠬᠠᠪᠠ᠃ ᠠᠵᠤ ᠠᠬᠤᠶᠢᠯᠠᠯ ᠤᠨ ᠲᠣᠭᠲᠠᠭᠠᠯ ᠳᠤ | ᠨᠡᠶᠢᠴᠡᠭᠰᠡᠨ ᠥᠭᠡᠷᠡᠴᠢᠯᠡᠯᠲᠡ ᠶᠢ ᠬᠠᠤᠯᠢ ᠶᠣᠰᠣᠭᠠᠷ ᠠᠬᠢᠭᠤᠯᠵᠤ᠂ 10 ᠭᠠᠷᠤᠢ ᠪᠦᠷᠢᠯᠳᠦᠭᠦᠨ ᠨᠢᠭᠡᠴᠡ ᠲᠠᠢ ᠬᠠᠮᠲᠤᠷᠠᠨ | ᠬᠡᠷᠡᠭ ᠲᠤ ᠬᠤᠯᠪᠣᠭᠳᠠᠭᠰᠠᠨ ᠠᠵᠤ ᠠᠬᠤᠶᠢᠯᠠᠯ ᠤᠨ ᠲᠣᠭᠲᠠᠭᠠᠯ ᠳᠤ ᠨᠡᠶᠢᠴᠡᠭᠰᠡᠨ ᠭᠤᠷᠪᠠᠳᠠᠭᠢ ᠡᠲᠡᠭᠡᠳ ᠤᠨ ᠬᠢᠨᠠᠯᠲᠠ | ᠲᠠᠯᠪᠢᠵᠤ ᠦᠨᠡᠯᠡᠨ ᠵᠢᠱᠢᠬᠦ ᠵᠣᠬᠢᠴᠠᠮᠵᠢ ᠶᠢᠨ ᠬᠠᠮᠢᠶᠠᠷᠤᠯᠲᠠ ᠶᠢᠨ ᠵᠥᠪᠯᠡᠯ ᠢ ᠪᠠᠶᠢᠭᠤᠯᠵᠤ᠂ ᠠᠵᠢᠯ ᠤᠨ ᠵᠣᠬᠢᠴᠠᠮᠵᠢ ᠶᠢ | ᠪᠠᠶᠢᠭᠤᠯᠵᠤ᠂ ᠪᠥᠬᠦ ᠵᠢᠯ ᠳᠤ ᠬᠡᠷᠡᠭ ᠲᠤ ᠬᠤᠯᠪᠣᠭᠳᠠᠭᠰᠠᠨ ᠠᠵᠤ ᠠᠬᠤᠶᠢᠯᠠᠯ ᠤᠨ ᠲᠣᠭᠲᠠᠭᠠᠯ ᠳᠤ ᠨᠡᠶᠢᠴᠡᠭᠰᠡᠨ ᠶᠠᠷᠢᠯᠴᠠᠬᠤ | ᠬᠤᠷᠠᠯ ᠢ 8 ᠤᠳᠠᠭ᠎ᠠ ᠬᠤᠷᠠᠯᠳᠤᠭᠤᠯᠵᠤ᠂ ᠠᠵᠤ ᠠᠬᠤᠶᠢᠯᠠᠯ ᠤᠨ ᠲᠣᠭᠲᠠᠭᠠᠯ ᠳᠤ ᠨᠡᠶᠢᠴᠡᠭᠰᠡᠨ ᠬᠡᠷᠡᠭ ᠢ 5 ᠬᠤᠪᠢ | ᠰᠢᠢᠳᠪᠦᠷᠢᠯᠡᠵᠦ᠂ ᠡᠭᠦᠨ ᠳᠤ ᠰᠢᠢᠳᠪᠦᠷᠢᠯᠡᠭᠰᠡᠨ ᠳᠤᠮᠳᠠᠳᠤ ᠤᠯᠤᠰ ᠤᠨ ᠲᠡᠮᠦᠷ ᠵᠠᠮ ᠤᠨ ᠴᠠᠬᠢᠯᠭᠠᠨᠵᠢᠭᠤᠯᠤᠯᠲᠠ ᠶᠢᠨ | ᠪᠦᠯᠦᠭᠯᠡᠯ ᠤᠨ ᠬᠢᠵᠠᠭᠠᠷᠲᠤ ᠺᠣᠮᠫᠠᠨᠢ ᠶᠢᠨ ᠲᠠᠷᠢᠶᠠᠯᠠᠩ ᠳᠤ ᠬᠡᠷᠡᠭᠯᠡᠬᠦ ᠭᠠᠵᠠᠷ ᠢ ᠬᠠᠤᠯᠢ ᠪᠤᠰᠤ ᠪᠠᠷ ᠡᠵᠡᠯᠡᠨ ᠬᠡᠷᠡᠭᠯᠡᠭᠰᠡᠨ | ᠬᠡᠷᠡᠭ ᠨᠢ ᠤᠯᠠᠭᠠᠨᠬᠠᠳᠠ ᠬᠤᠲᠠ ᠶᠢᠨ ᠪᠠᠶᠢᠴᠠᠭᠠᠬᠤ ᠬᠤᠷᠢᠶ᠎ᠠ ᠠᠴᠠ ᠨᠡᠶᠢᠲᠡᠯᠢᠭ ᠬᠡᠷᠡᠭ ᠤᠨ ᠵᠢᠱᠢᠶ᠎ᠡ ᠪᠠᠷ ᠦᠨᠡᠯᠡᠪᠡ᠃ | ︵ᠭᠤᠷᠪᠠ︶ ᠨᠡᠶᠢᠭᠡᠮ ᠤᠨ ᠠᠮᠤᠷ ᠲᠦᠪᠰᠢᠨ ᠲᠣᠭᠲᠠᠭᠤᠨ ᠪᠠᠶᠢᠳᠠᠯ ᠢ ᠬᠠᠮᠠᠭᠠᠯᠠᠪᠠ᠃ ᠬᠥᠩᠭᠡᠨ ᠶᠠᠯ᠎ᠠ ᠶᠢ ᠵᠠᠰᠠᠬᠤ | ᠲᠣᠭᠲᠠᠯᠴᠠᠭ᠎ᠠ ᠶᠢᠨ ᠪᠠᠶᠢᠭᠤᠯᠤᠯᠲᠠ ᠶᠢ ᠢᠳᠡᠪᠬᠢᠲᠡᠢ ᠲᠡᠭᠦᠯᠳᠡᠷᠵᠢᠭᠦᠯᠵᠦ᠂ ᠶᠠᠯ᠎ᠠ ᠪᠠᠨ ᠮᠡᠳᠡᠷᠡᠵᠦ ᠰᠢᠢᠳᠬᠡᠯ ᠢ ᠮᠡᠳᠡᠷᠡᠭᠰᠡᠨ ᠢ | ᠠᠭᠤᠴᠢᠯᠠᠨ ᠰᠢᠢᠳᠬᠡᠬᠦ ᠪᠠ ᠡᠷᠡᠭᠦᠦ ᠶᠢᠨ ᠬᠡᠷᠡᠭ ᠤᠨ ᠡᠶᠡᠳᠡᠭᠦᠯᠦᠨ ᠰᠢᠢᠳᠪᠦᠷᠢᠯᠡᠬᠦ ᠵᠡᠷᠭᠡ ᠳᠦᠷᠢᠮ ᠢ ᠪᠦᠬᠦ ᠲᠠᠯ᠎ᠠ ᠪᠠᠷ | ᠨᠠᠶᠢᠳᠠᠪᠤᠷᠢᠵᠢᠭᠤᠯᠬᠤ ᠶᠢ ᠠᠬᠢᠭᠤᠯᠵᠤ᠂ ᠤᠭ ᠦᠨᠳᠦᠰᠦ ᠶᠢ ᠨᠢ ᠡᠷᠢᠵᠦ ᠵᠠᠰᠠᠬᠤ ᠶᠢ ᠭᠦᠨᠵᠡᠭᠡᠶᠢᠷᠡᠭᠦᠯᠵᠦ᠂ ᠨᠡᠶᠢᠭᠡᠮ ᠤᠨ | ᠬᠠᠷᠢᠴᠠᠭ᠎ᠠ ᠶᠢ ᠵᠠᠰᠠᠪᠠ᠃ ᠨᠡᠶᠢᠭᠡᠮ ᠲᠣᠭᠤᠷᠢᠭ᠂ ᠰᠠᠭᠤᠭᠠᠯᠢ ᠠᠷᠠᠳ ᠤᠨ ᠵᠥᠪᠯᠡᠯ ᠵᠡᠷᠭᠡ ᠭᠤᠷᠪᠠᠳᠠᠭᠢ ᠡᠲᠡᠭᠡᠳ ᠤᠨ | ᠨᠢᠭᠡᠴᠡ ᠲᠠᠢ ᠬᠤᠯᠪᠤᠭᠠᠯᠠᠨ᠂ ᠵᠣᠷᠢᠭᠤᠳᠠ ᠭᠡᠮᠲᠦᠭᠡᠭᠰᠡᠨ᠂ ᠵᠠᠮ ᠬᠠᠷᠢᠯᠴᠠᠭᠠᠨ ᠤ ᠠᠳᠡᠯ ᠭᠠᠷᠭᠠᠭᠰᠠᠨ ᠵᠡᠷᠭᠡ ᠬᠥᠩᠭᠡᠪᠲᠦᠷ | ᠡᠷᠡᠭᠦᠦ ᠶᠢᠨ ᠬᠡᠷᠡᠭ ᠤᠨ ᠬᠤᠶᠠᠷ ᠡᠲᠡᠭᠡᠳ ᠤᠨ ᠲᠤᠬᠠᠢ ᠶᠢᠨ ᠬᠥᠮᠥᠨ ᠳᠤ ᠡᠶᠡᠳᠡᠭᠦᠯᠭᠡ ᠬᠢᠵᠦ᠂ ᠵᠥᠷᠢᠴᠡᠯ ᠢ | ᠨᠠᠮᠳᠠᠭᠤᠯᠬᠤ ᠶᠢ ᠠᠬᠢᠭᠤᠯᠪᠠ︔ ︽ᠬᠠᠤᠯᠢ ᠴᠠᠭᠠᠵᠠ ᠶᠢᠨ ᠠᠪᠤᠷᠠᠨ ᠲᠤᠰᠠᠯᠠᠯᠲᠠ + ᠡᠷᠡᠭᠦᠦ ᠶᠢᠨ ᠬᠡᠷᠡᠭ ᠤᠨ | ᠡᠶᠡᠳᠡᠭᠦᠯᠦᠭᠡ︾ ᠶᠢᠨ ᠵᠠᠭᠪᠤᠷ ᠤᠨ ᠲᠠᠯ᠎ᠠ ᠪᠠᠷ ᠰᠢᠨ᠎ᠡ ᠶᠢ ᠡᠭᠦᠳᠴᠦ᠂ ᠬᠠᠤᠯᠢ ᠴᠠᠭᠠᠵᠠ ᠶᠢᠨ ᠠᠪᠤᠷᠠᠨ ᠲᠤᠰᠠᠯᠠᠯᠲᠠ ᠶᠢᠨ | ᠮᠥᠩᠭᠦ ᠶᠢ ᠢᠳᠡᠪᠬᠢᠲᠡᠢ ᠬᠡᠷᠡᠭᠯᠡᠨ ᠬᠤᠣᠷᠯᠠᠭᠳᠠᠭᠴᠢ ᠶᠢᠨ ᠬᠤᠬᠢᠷᠠᠯ ᠢ ᠵᠣᠬᠢᠰᠲᠠᠢ ᠪᠠᠷ ᠨᠥᠬᠦᠪᠦᠷᠢᠯᠡᠵᠦ᠂ ᠬᠤᠶᠠᠷ | ᠲᠠᠯ᠎ᠠ ᠶᠢᠨ ᠡᠷᠡᠭᠦᠦ ᠶᠢᠨ ᠬᠡᠷᠡᠭ ᠤᠨ ᠡᠶᠡᠳᠡᠯ ᠢ ᠠᠬᠢᠭᠤᠯᠪᠠ︔ ᠳᠣᠲᠣᠭᠠᠳᠤ ᠶᠢ ᠬᠠᠮᠠᠭᠠᠯᠠᠬᠤ ᠪᠠᠶᠢᠭᠤᠯᠤᠯᠭ᠎ᠠ᠂ ᠵᠡᠭᠡᠯᠢ | ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠵᠡᠷᠭᠡ ᠨᠢᠭᠡᠴᠡ ᠲᠠᠢ ᠬᠤᠯᠪᠣᠭᠠᠯᠠᠵᠤ᠂ ᠬᠥᠩᠭᠡᠪᠲᠦᠷ ᠡᠷᠡᠭᠦᠦ ᠶᠢᠨ ᠬᠡᠷᠡᠭ ᠤᠨ ︽ | ᠦᠯᠦ ᠵᠠᠭᠠᠯᠳᠤᠬᠤ + ᠨᠡᠶᠢᠭᠡᠮ ᠤᠨ ᠨᠡᠶᠢᠲᠡ ᠶᠢᠨ ᠠᠰᠠᠷᠠᠮᠵᠢ ᠶᠢᠨ ᠦᠢᠯᠡᠴᠢᠯᠡᠭᠡ︾ ᠶᠢᠨ ᠵᠣᠬᠢᠴᠠᠮᠵᠢ ᠶᠢ ᠪᠠᠶᠢᠭᠤᠯᠵᠤ᠂ | ᠬᠠᠷᠢᠴᠠᠩᠭᠤᠢ ᠪᠠᠷ ᠦᠯᠦ ᠵᠠᠭᠠᠯᠳᠤᠬᠤ᠂ ᠡᠷᠡᠭᠦᠦ ᠰᠢᠢᠳᠬᠡᠯ ᠢ ᠬᠤᠶᠢᠰᠢᠯᠠᠭᠤᠯᠬᠤ ᠨᠥᠬᠦᠴᠡᠯ ᠳᠤ ᠨᠡᠶᠢᠴᠡᠭᠰᠡᠨ ᠬᠡᠷᠡᠭ ᠲᠤ | ᠴᠢᠭᠯᠡᠭᠦᠯᠵᠦ᠂ ᠶᠠᠯ᠎ᠠ ᠬᠢᠭᠰᠡᠨ ᠰᠡᠵᠢᠭᠲᠡᠨ ᠢ ᠲᠤᠬᠠᠢ ᠶᠢᠨ ᠭᠠᠵᠠᠷ ᠲᠤᠨᠢ ᠣᠴᠢᠭᠤᠯᠤᠨ ᠨᠡᠶᠢᠭᠡᠮ ᠤᠨ ᠨᠡᠶᠢᠲᠡ ᠶᠢᠨ | ᠠᠰᠠᠷᠠᠮᠵᠢ ᠶᠢᠨ ᠦᠢᠯᠡᠴᠢᠯᠡᠭᠡ ᠳᠤ ᠣᠷᠣᠯᠴᠠᠭᠤᠯᠬᠤ ᠪᠠᠷ ᠰᠠᠨᠠᠭᠤᠯᠵᠤ᠂ ᠲᠡᠭᠦᠨ ᠤ ᠪᠣᠳᠠᠲᠤ ᠢᠯᠡᠷᠡᠯ ᠢᠶᠠᠷ ᠦᠯᠦ | ᠵᠠᠭᠠᠯᠳᠤᠬᠤ ᠪᠤᠶᠤ ᠡᠷᠡᠭᠦᠦ ᠰᠢᠢᠳᠬᠡᠯ ᠢ ᠬᠤᠶᠢᠰᠢᠯᠠᠭᠤᠯᠬᠤ ᠶᠢ ᠬᠡᠷᠡᠭᠯᠡᠬᠦ ᠶᠢᠨ ᠯᠠᠪᠯᠠᠯᠲᠠ ᠪᠣᠯᠭᠠᠵᠤ᠂ ᠦᠨᠡᠨ | ᠰᠡᠳᠬᠢᠯ ᠠᠴᠠ ᠪᠠᠨ ᠶᠠᠯ᠎ᠠ ᠪᠠᠨ ᠮᠡᠳᠡᠷᠡᠵᠦ ᠶᠠᠯ᠎ᠠ ᠪᠠᠨ ᠭᠡᠮᠰᠢᠬᠦ ᠶᠢ ᠨᠢ ᠠᠬᠢᠭᠤᠯᠪᠠ᠃ ︽ᠠᠷᠠᠳ ᠠᠴᠠ ᠠᠯᠪᠠᠨ ᠢ | ᠵᠠᠭᠠᠯᠳᠤᠬᠤ︾ ᠵᠢᠭᠤᠷᠠᠭᠠᠨ ᠤ ᠠᠷᠤ ᠳᠠᠬᠢ ᠵᠥᠷᠢᠴᠡᠯ ᠪᠠ ᠮᠠᠷᠭᠤᠯᠳᠤᠭᠠᠨ ᠢ ᠴᠢᠷᠮᠠᠶᠢᠨ ᠰᠢᠢᠳᠪᠦᠷᠢᠯᠡᠵᠦ᠂ ᠨᠢᠭᠡᠨ ᠵᠠᠰᠠᠭ | ᠵᠠᠬᠢᠷᠭᠠᠨ ᠤ ᠵᠠᠷᠭᠤ ᠶᠢᠨ ᠬᠡᠷᠡᠭ ᠲᠤ᠂ ᠵᠠᠰᠠᠭ ᠵᠠᠬᠢᠷᠭᠠᠨ ᠤ ᠪᠠᠶᠢᠭᠤᠯᠤᠯᠭ᠎ᠠ ᠳᠤ ᠬᠠᠤᠯᠢ ᠠᠴᠠ ᠵᠥᠷᠢᠴᠡᠭᠰᠡᠨ ᠦᠢᠯᠡ | ᠠᠵᠢᠯᠯᠠᠭ᠎ᠠ ᠣᠷᠣᠰᠢᠵᠤ ᠪᠠᠶᠢᠪᠠᠴᠤ ᠬᠡᠷᠡᠭ ᠨᠢ ᠵᠠᠷᠭᠤ ᠶᠢᠨ ᠬᠤᠭᠤᠴᠠᠭ᠎ᠠ ᠠᠴᠠ ᠬᠡᠲᠦᠷᠡᠵᠦ᠂ ᠵᠠᠰᠠᠭ ᠵᠠᠬᠢᠷᠭᠠᠨ ᠤ | ᠬᠠᠷᠢᠴᠠᠩᠭᠤᠢ ᠬᠥᠮᠥᠨ ᠡᠩ ᠤᠨ ᠵᠠᠷᠭᠤ ᠶᠢᠨ ᠵᠢᠷᠤᠮ ᠢᠶᠠᠷ ᠳᠠᠮᠵᠢᠨ ᠲᠡᠳᠬᠦᠮᠵᠢ ᠣᠯᠬᠤ ᠶᠢᠨ ᠠᠷᠭ᠎ᠠ ᠦᠭᠡᠢ | ᠪᠣᠯᠣᠭᠰᠠᠨ ᠳᠤ᠂ ᠮᠠᠨ ᠤ ᠬᠤᠷᠢᠶ᠎ᠠ ᠰᠠᠨᠠᠭᠠᠴᠢᠯᠠᠭ᠎ᠠ ᠠᠴᠠ ᠪᠠᠨ ᠵᠠᠰᠠᠭ ᠵᠠᠬᠢᠷᠭᠠᠨ ᠤ ᠵᠢᠭᠤᠷᠠᠭᠠᠨ ᠢ ᠮᠥᠨ ᠴᠢᠨᠠᠷ ᠤᠨ | ᠲᠠᠯ᠎ᠠ ᠪᠠᠷ ᠰᠢᠢᠳᠪᠦᠷᠢᠯᠡᠬᠦ ᠠᠵᠢᠯ ᠢ ᠡᠬᠢᠯᠡᠭᠦᠯᠵᠦ᠂ ᠢᠯᠡ ᠪᠠᠷ ᠭᠡᠷᠡᠴᠢᠯᠡᠭᠡ ᠰᠣᠨᠣᠰᠬᠤ᠂ ᠬᠠᠤᠯᠢ ᠴᠠᠭᠠᠵᠠ ᠶᠢᠨ ᠲᠤᠰᠠᠯᠠᠮᠵᠢ | ᠦᠵᠡᠭᠦᠯᠬᠦ ᠵᠡᠷᠭᠡ ᠤᠯᠠᠨ ᠡᠰᠢᠲᠦ ᠠᠷᠭ᠎ᠠ ᠬᠡᠯᠪᠡᠷᠢ ᠪᠠᠷ᠂ ᠵᠠᠰᠠᠭ ᠵᠠᠬᠢᠷᠭᠠᠨ ᠤ ᠬᠠᠷᠢᠴᠠᠩᠭᠤᠢ ᠬᠥᠮᠥᠨ ᠪᠣᠯᠣᠨ ᠵᠠᠰᠠᠭ | ᠵᠠᠬᠢᠷᠭᠠᠨ ᠤ ᠪᠠᠶᠢᠭᠤᠯᠤᠯᠭ᠎ᠠ ᠶᠢᠨ ᠵᠢᠷᠭᠤᠭᠠᠨ ᠵᠢᠯ ᠦᠷᠭᠦᠯᠵᠢᠯᠡᠭᠰᠡᠨ ᠵᠢᠭᠤᠷᠠᠭᠠᠨ ᠢ ᠠᠮᠵᠢᠯᠲᠠ ᠲᠠᠢ ᠪᠠᠷ ᠳᠠᠭᠤᠰᠬᠠᠵᠤ᠂ | ᠵᠠᠰᠠᠭ ᠵᠠᠬᠢᠷᠭᠠᠨ ᠤ ᠵᠢᠭᠤᠷᠠᠭᠠᠨ ᠢ ᠮᠥᠨ ᠴᠢᠨᠠᠷ ᠤᠨ ᠲᠠᠯ᠎ᠠ ᠪᠠᠷ ᠰᠢᠢᠳᠪᠦᠷᠢᠯᠡᠬᠦ ᠬᠡᠷᠡᠭ ᠤᠨ ᠲᠠᠯ᠎ᠠ ᠪᠠᠷ ᠬᠢ ᠬᠤᠭᠤᠰᠤᠨ ᠢ | ᠨᠥᠬᠦᠪᠦᠷᠢᠯᠡᠬᠦ ᠶᠢ ᠪᠡᠶᠡᠯᠡᠭᠦᠯᠪᠡ᠃ ᠰᠢᠨ᠎ᠡ ᠴᠠᠭ ᠦᠶ᠎ᠡ ᠶᠢᠨ ︽ᠹᠧᠩ ᠴᠢᠶᠣᠣ ᠶᠢᠨ ᠲᠤᠷᠰᠢᠯᠭ᠎ᠠ︾ ᠶᠢ | ᠦᠢᠯᠡᠳᠦᠯᠭᠡᠵᠢᠭᠦᠯᠵᠦ᠂ ︽ᠤᠯᠠᠨ ᠲᠦᠮᠡᠨ ᠤ ᠵᠠᠬᠢᠳᠠᠯ ᠰᠣᠷᠪᠤᠯᠵᠢᠯᠠᠭ᠎ᠠ ᠳᠤ ᠬᠠᠷᠢᠭᠤᠯᠲᠠ ᠥᠭᠬᠦ︾ ᠳᠦᠷᠢᠮ ᠢ ᠴᠢᠩᠭ᠎ᠠ | ᠨᠠᠶᠢᠳᠠᠪᠤᠷᠢᠵᠢᠭᠤᠯᠵᠤ᠂ ᠪᠦᠬᠦ ᠵᠢᠯ ᠳᠤ ᠨᠡᠶᠢᠲᠡ 131 ᠬᠤᠪᠢ 165 ᠬᠥᠮᠥᠨ ᠤᠳᠠᠭ᠎ᠠ ᠶᠢᠨ ᠵᠠᠬᠢᠳᠠᠯ | ᠰᠣᠷᠪᠤᠯᠵᠢᠯᠠᠭ᠎ᠠ ᠶᠢ ᠬᠦᠯᠢᠶᠡᠨ ᠠᠪᠴᠤ᠂ ᠤᠲᠠᠰᠤ ᠪᠠᠷ 40 ᠭᠠᠷᠤᠢ ᠤᠳᠠᠭ᠎ᠠ ᠰᠣᠷᠪᠤᠯᠵᠢᠯᠠᠭ᠎ᠠ ᠶᠢ ᠬᠦᠯᠢᠶᠡᠨ ᠠᠪᠴᠤ᠂ | ᠬᠠᠷᠢᠭᠤᠯᠲᠠ ᠥᠭᠭᠦᠭᠰᠡᠨ ᠨᠤᠷᠮ᠎ᠠ ᠶᠢ 100% ᠳᠤ ᠬᠦᠷᠭᠡᠵᠦ᠂ ᠵᠠᠬᠢᠳᠠᠯ ᠰᠣᠷᠪᠤᠯᠵᠢᠯᠠᠭ᠎ᠠ ᠶᠢᠨ ᠬᠡᠷᠡᠭ ᠢ 62 ᠬᠤᠪᠢ | ᠬᠦᠯᠢᠶᠡᠨ ᠠᠪᠴᠤ᠂ ᠵᠠᠬᠢᠳᠠᠯ ᠰᠣᠷᠪᠤᠯᠵᠢᠯᠠᠭ᠎ᠠ ᠶᠢᠨ ᠵᠦᠢᠯᠡᠰ ᠢ ᠪᠦᠬᠦᠨ ᠢ ᠵᠣᠬᠢᠰᠲᠠᠢ ᠪᠦᠲᠦᠮᠵᠢᠲᠡᠢ ᠰᠢᠢᠳᠪᠦᠷᠢᠯᠡᠵᠦ᠂ | ᠵᠠᠬᠢᠳᠠᠯ ᠰᠤᠷᠪᠤᠯᠵᠢᠯᠠᠭ᠎ᠠ ᠶᠢᠨ ᠵᠢᠭᠤᠷᠠᠯᠳᠤᠨ ᠦᠢᠮᠡᠭᠦᠯᠦᠭᠰᠡᠨ ᠬᠡᠷᠡᠭ ᠨᠢᠭᠡ ᠴᠦ ᠭᠠᠷᠤᠭᠰᠠᠨ ᠦᠭᠡᠢ᠃ ᠬᠦᠨᠳᠦ ᠶᠡᠭᠡ | ᠲᠦᠪᠡᠭ ᠪᠤᠳᠤᠯᠢᠶᠠᠨᠲᠠᠢ ᠬᠡᠷᠡᠭ ᠲᠤ ᠴᠢᠭᠯᠡᠭᠦᠯᠵᠦ᠂ ᠢᠯᠡ ᠪᠣᠯᠭᠠᠬᠤ ᠪᠠᠷ ᠲᠥᠪ ᠭᠤᠣᠯᠴᠢ ᠶᠢ ᠠᠬᠢᠭᠤᠯᠬᠤ᠂ ᠰᠣᠨᠣᠰᠬᠤ | ᠶᠣᠰᠣᠲᠠᠢ ᠭᠡᠷᠡᠴᠢᠯᠡᠭᠡ ᠶᠢ ᠴᠥᠮ ᠰᠣᠨᠣᠰᠬᠤ ᠶᠢ ᠪᠠᠷᠢᠮᠲᠠᠯᠠᠵᠤ᠂ ᠪᠦᠬᠦ ᠵᠢᠯ ᠳᠤ ᠭᠡᠷᠡᠴᠢᠯᠡᠭᠡ ᠰᠣᠨᠣᠰᠬᠤ ᠬᠤᠷᠠᠯ ᠢ ᠨᠡᠶᠢᠳᠡ | 32 ᠤᠳᠠᠭ᠎ᠠ ᠬᠤᠷᠠᠯᠳᠤᠭᠤᠯᠵᠤ᠂ ︽ᠬᠠᠤᠯᠢ ᠶᠢᠨ ᠵᠠᠩᠭᠢᠷᠠᠭ᠎ᠠ᠂ ᠰᠡᠳᠬᠢᠯ ᠤᠨ ᠵᠠᠩᠭᠢᠷᠠᠭ᠎ᠠ᠂ ᠰᠡᠳᠬᠢᠯᠭᠡ ᠶᠢᠨ ᠵᠠᠩᠭᠢᠷᠠᠭ᠎ᠠ | ︾ ᠶᠢ ᠨᠢᠭᠤᠷᠳᠡᠨ ᠰᠢᠢᠳᠪᠦᠷᠢᠯᠡᠵᠦ᠂ ᠲᠥᠪ ᠭᠤᠣᠯᠴᠢ ᠶᠢ ︽ᠣᠯᠵᠤ ᠬᠠᠷᠠᠬᠤ︾ ᠪᠣᠯᠭᠠᠵᠤ᠂ ᠰᠢᠳᠤᠷᠭᠤ ᠶᠣᠰᠣ ᠶᠢ ︽ | ᠣᠯᠵᠤ ᠰᠣᠨᠣᠰᠬᠤ︾ ᠪᠣᠯᠭᠠᠪᠠ᠃ | ᠬᠤᠶᠠᠷ᠂ ᠭᠤᠣᠯ ᠬᠠᠷᠢᠭᠤᠴᠠᠯᠭ᠎ᠠ ᠭᠤᠣᠯ ᠠᠵᠢᠯ ᠢ ᠭᠦᠨᠵᠡᠭᠡᠶᠢᠷᠡᠭᠦᠯᠵᠦ᠂ ︽ᠠᠮᠤᠷ ᠲᠠᠶᠢᠪᠤᠩ ᠬᠡᠰᠢᠭᠲᠡᠨ | ᠬᠤᠰᠢᠭᠤ︾ ᠶᠢᠨ ᠥᠨᠳᠥᠷ ᠬᠢᠷᠢ ᠲᠦᠪᠰᠢᠨ ᠪᠦᠬᠦᠢ ᠪᠦᠲᠦᠭᠡᠨ ᠪᠠᠶᠢᠭᠤᠯᠤᠯᠲᠠ ᠶᠢ ᠬᠠᠮᠠᠭᠠᠯᠠᠪᠠ | ︽ᠰᠢᠨ᠎ᠡ ᠴᠠᠭ ᠦᠶ᠎ᠡ ᠶᠢᠨ ᠪᠠᠶᠢᠴᠠᠭᠠᠬᠤ ᠪᠠᠶᠢᠭᠤᠯᠤᠯᠭ᠎ᠠ ᠶᠢᠨ ᠬᠠᠤᠯᠢ ᠴᠠᠭᠠᠵᠠ ᠶᠢᠨ ᠬᠢᠨᠠᠯᠲᠠ ᠲᠠᠯᠪᠢᠬᠤ ᠠᠵᠢᠯ ᠢ | ᠴᠢᠩᠭᠠᠳᠬᠠᠬᠤ ᠲᠤᠬᠠᠢ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠰᠠᠨᠠᠯ︾ ᠢ ᠪᠦᠬᠦ ᠲᠠᠯ᠎ᠠ ᠪᠠᠷ | ᠲᠤᠤᠱᠯᠠᠭᠤᠯᠤᠨ ᠨᠠᠶᠢᠳᠠᠪᠤᠷᠢᠵᠢᠭᠤᠯᠵᠤ᠂ ᠲᠤᠬᠠᠶᠢᠯᠠᠭᠰᠠᠨ ᠠᠵᠢᠯ ᠢᠶᠠᠨ ᠴᠢᠩᠭᠠᠳᠬᠠᠨ᠂ ᠪᠦᠲᠦᠮᠵᠢ ᠴᠢᠳᠠᠪᠤᠷᠢ ᠪᠠᠨ | ᠳᠡᠭᠡᠭᠰᠢᠯᠡᠭᠦᠯᠬᠦ ᠤᠳᠤᠷᠢᠳᠤᠮᠵᠢ ᠶᠢ ᠲᠣᠪᠣᠶᠢᠯᠭᠠᠵᠤ᠂ ︽ᠲᠦᠷᠪᠡᠨ ᠶᠡᠭᠡ ᠪᠠᠶᠢᠴᠠᠭᠠᠬᠤ ᠠᠵᠢᠯ︾ ᠤᠨ ᠪᠦᠬᠦ ᠲᠠᠯ᠎ᠠ ᠪᠠᠷ | ᠵᠣᠬᠢᠴᠠᠩᠭᠤᠢ ᠮᠥᠷᠲᠡᠭᠡᠨ ᠭᠦᠢᠴᠡᠳ ᠬᠥᠭᠵᠢᠬᠦ ᠶᠢ ᠭᠦᠨᠵᠡᠭᠡᠢ ᠠᠬᠢᠭᠤᠯᠵᠤ᠂ ᠲᠥᠪ ᠭᠤᠣᠯᠴᠢ ᠰᠢᠳᠤᠷᠭᠤ ᠶᠣᠰᠣ ᠶᠢ ᠨᠡᠩ | ᠰᠠᠶᠢᠲᠤᠷ ᠬᠠᠮᠠᠭᠠᠯᠠᠪᠠ᠃ | ︵ᠨᠢᠭᠡ︶ ᠠᠮᠤᠷ ᠲᠦᠪᠰᠢᠨ ᠲᠣᠭᠲᠠᠭᠤᠨ ᠪᠠᠶᠢᠳᠠᠯ ᠢ ᠬᠠᠮᠠᠭᠠᠯᠠᠵᠤ᠂ ᠡᠷᠡᠭᠦᠦ ᠶᠢᠨ ᠬᠡᠷᠡᠭ ᠤᠨ ᠪᠠᠶᠢᠴᠠᠭᠠᠬᠤ | ᠠᠵᠢᠯ ᠢ ᠨᠡᠩ ᠬᠦᠴᠦᠲᠡᠢ ᠪᠣᠯᠭᠠᠪᠠ᠃ ᠪᠠᠷᠢᠪᠴᠢᠯᠠᠬᠤ ᠶᠢ ᠵᠥᠪᠰᠢᠶᠡᠷᠡᠬᠦ᠂ ᠠᠯᠪᠠᠨ ᠵᠠᠭᠠᠯᠳᠤᠯᠭ᠎ᠠ ᠬᠢᠬᠦ ᠵᠡᠷᠭᠡ ᠡᠭᠦᠷᠭᠡ | ᠴᠢᠳᠠᠪᠤᠷᠢ ᠪᠠᠨ ᠭᠦᠢᠴᠡᠳ ᠪᠠᠳᠠᠷᠠᠭᠤᠯᠵᠤ᠂ ᠶᠠᠯᠠᠲᠤ ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠦ᠂ ᠤᠯᠤᠰ ᠣᠷᠣᠨ ᠤ | ᠠᠮᠤᠷ ᠲᠦᠪᠰᠢᠨ ᠪᠠ ᠨᠡᠶᠢᠭᠡᠮ ᠤᠨ ᠲᠣᠭᠲᠠᠭᠤᠨ ᠪᠠᠶᠢᠳᠠᠯ ᠢ ᠡᠷᠡᠰ ᠬᠠᠮᠠᠭᠠᠯᠠᠵᠤ᠂ ᠠᠷᠠᠳ ᠤᠯᠠᠨ ᠤ ᠠᠮᠢ ᠨᠠᠰᠤ ᠡᠳ᠋ | ᠬᠥᠷᠥᠩᠭᠡ ᠶᠢᠨ ᠠᠮᠤᠷ ᠲᠦᠪᠰᠢᠨ ᠢ ᠬᠠᠮᠠᠭᠠᠯᠠᠪᠠ᠃ ᠪᠦᠬᠦ ᠵᠢᠯ ᠳᠤ ᠨᠡᠶᠢᠳᠡ ᠬᠢᠨᠠᠨ ᠪᠠᠶᠢᠴᠠᠭᠠᠵᠤ ᠪᠠᠷᠢᠪᠴᠢᠯᠠᠭᠤᠯᠬᠤ | 118 ᠬᠡᠷᠡᠭ ᠤᠨ 144 ᠬᠥᠮᠥᠨ ᠢ ᠬᠦᠯᠢᠶᠡᠨ ᠠᠪᠴᠤ ᠰᠢᠢᠳᠪᠦᠷᠢᠯᠡᠵᠦ᠂ ᠬᠢᠨᠠᠨ ᠪᠠᠶᠢᠴᠠᠭᠠᠵᠤ ᠵᠠᠭᠠᠯᠳᠤᠬᠤ 220 | ᠬᠡᠷᠡᠭ ᠤᠨ 344 ᠬᠥᠮᠥᠨ ᠢ ᠭᠥᠯᠢᠶᠡᠨ ᠠᠪᠴᠤ ᠰᠢᠢᠳᠪᠦᠷᠢᠯᠡᠪᠡ᠂ ᠡᠭᠦᠨ ᠤ ᠳᠣᠲᠣᠷ᠎ᠠ ᠮᠡᠳᠡᠭᠡ ᠵᠠᠩᠭᠢ ᠶᠢᠨ ᠲᠣᠣᠷ | ᠰᠦᠯᠵᠢᠶᠡᠨ ᠤ ᠶᠠᠯᠠᠲᠤ ᠠᠵᠢᠯᠯᠠᠭ᠎ᠠ ᠶᠢ ᠬᠠᠪᠰᠤᠷᠤᠭᠰᠠᠨ ᠶᠠᠯ᠎ᠠ 47 ᠬᠡᠷᠡᠭ 95 ᠬᠥᠮᠥᠨ ᠪᠠᠶᠢᠵᠤ᠂ ᠪᠦᠬᠦ ᠶᠠᠯ᠎ᠠ ᠬᠢᠭᠰᠡᠨ | ᠬᠥᠮᠥᠨ ᠤ ᠲᠣᠭᠠᠨ ᠤ 27.6% ᠶᠢ ᠡᠵᠡᠯᠡᠪᠡ︔ ᠠᠶᠤᠯᠲᠠᠢ ᠪᠠᠷ ᠲᠡᠷᠭᠡ ᠵᠢᠯᠣᠭᠤᠳᠤᠭᠰᠠᠨ ᠶᠠᠯ᠎ᠠ 34 ᠬᠡᠷᠡᠭ 34 | ᠬᠥᠮᠥᠨ ᠪᠠᠶᠢᠵᠤ᠂ ᠶᠠᠯ᠎ᠠ ᠬᠢᠭᠰᠡᠨ ᠪᠦᠬᠦ ᠬᠥᠮᠥᠨ ᠤ ᠲᠣᠭᠠᠨ ᠤ 9.9% ᠶᠢ ᠡᠵᠡᠯᠡᠪᠡ︔ ᠬᠤᠯᠠᠭᠠᠶᠢᠯᠠᠭᠰᠠᠨ ᠶᠠᠯ᠎ᠠ 23 | ᠬᠡᠷᠡᠭ 32 ᠬᠥᠮᠥᠨ ᠪᠠᠶᠢᠵᠤ᠂ ᠶᠠᠯ᠎ᠠ ᠬᠢᠭᠰᠡᠨ ᠪᠦᠬᠦ ᠬᠥᠮᠥᠨ ᠤ ᠲᠣᠭᠠᠨ ᠤ 9.3% ᠶᠢ ᠡᠵᠡᠯᠡᠪᠡ᠃ ᠳᠣᠲᠣᠭᠠᠳᠤ ᠶᠢ | ᠬᠠᠮᠠᠭᠠᠯᠠᠬᠤ ᠪᠠᠶᠢᠭᠤᠯᠤᠯᠭ᠎ᠠ ᠶᠢᠨ ᠮᠥᠷᠳᠡᠨ ᠪᠠᠶᠢᠴᠠᠭᠠᠬᠤ ᠠᠵᠢᠯᠯᠠᠭ᠎ᠠ ᠳᠤ ᠬᠢᠨᠠᠯᠲᠠ ᠲᠠᠯᠪᠢᠬᠤ ᠪᠠᠨ ᠴᠢᠩᠭᠠᠳᠬᠠᠵᠤ᠂ | ᠮᠥᠷᠳᠡᠨ ᠪᠠᠶᠢᠴᠠᠭᠠᠯᠲᠠ ᠳᠤ ᠬᠢᠨᠠᠯᠲᠠ ᠲᠠᠯᠪᠢᠬᠤ ᠪᠠ ᠬᠠᠮᠵᠢᠯᠴᠠᠬᠤ ᠠᠯᠪᠠᠨ ᠭᠡᠷ ᠤᠨ ᠦᠢᠯᠡᠳᠦᠯ ᠢ ᠭᠦᠢᠴᠡᠳ | ᠪᠠᠳᠠᠷᠠᠭᠤᠯᠵᠤ᠂ ᠬᠡᠷᠡᠭ ᠤᠨ ᠵᠥᠪᠳᠡᠯᠴᠡᠭᠡ ᠶᠢ 8 ᠤᠳᠠᠭ᠎ᠠ ᠥᠷᠨᠢᠭᠦᠯᠵᠦ᠂ ᠮᠥᠷᠳᠡᠨ ᠪᠠᠶᠢᠴᠠᠭᠠᠯᠲᠠ ᠶᠢ 12 ᠤᠳᠠᠭ᠎ᠠ | ᠵᠢᠯᠣᠭᠤᠳᠴᠤ᠂ ᠬᠡᠷᠡᠭ ᠪᠣᠯᠭᠠᠨ ᠳᠠᠩᠰᠠᠯᠠᠬᠤ 6 ᠬᠡᠷᠡᠭ ᠲᠤ ᠬᠢᠨᠠᠯᠲᠠ ᠲᠠᠯᠪᠢᠵᠤ᠂ ᠬᠦᠴᠦᠨ ᠦᠭᠡᠢ ᠪᠣᠯᠭᠠᠬᠤ 5 | ᠬᠡᠷᠡᠭ ᠲᠤ ᠬᠢᠨᠠᠯᠲᠠ ᠲᠠᠯᠪᠢᠵᠤ᠂ ᠰᠢᠯᠵᠢᠭᠦᠯᠦᠨ ᠬᠦᠷᠭᠡᠵᠦ ᠵᠠᠭᠠᠯᠳᠤᠬᠤ ᠳᠤ ᠣᠷᠬᠢᠭᠳᠠᠭᠤᠯᠤᠭᠰᠠᠨ ᠬᠠᠮᠲᠤ ᠬᠡᠷᠡᠭᠲᠡᠨ 9 | ᠬᠥᠮᠥᠨ ᠢ ᠨᠥᠬᠦᠪᠦᠷᠢᠯᠡᠵᠦ᠂ ᠮᠥᠷᠳᠡᠨ ᠪᠠᠶᠢᠴᠠᠭᠠᠯᠲᠠ ᠳᠤ ᠬᠢᠨᠠᠯᠲᠠ ᠲᠠᠯᠪᠢᠬᠤ ᠰᠠᠨᠠᠯ ᠢ 96 ᠬᠤᠪᠢ ᠳᠤᠷᠠᠳᠴᠤ᠂ | ᠶᠠᠯᠠᠲᠤ ᠠᠵᠢᠯᠯᠠᠭ᠎ᠠ ᠳᠤ ᠬᠦᠴᠦ ᠪᠠᠨ ᠬᠠᠮᠲᠤᠳᠬᠠᠨ ᠴᠣᠬᠢᠯᠲᠠ ᠥᠭᠭᠦᠭᠰᠡᠨ ᠦᠷ᠎ᠡ ᠪᠦᠲᠦᠮᠵᠢ ᠢᠯᠡᠷᠬᠡᠢ ᠪᠣᠯᠪᠠ᠃ 7. | 17 ᠤ ᠪᠢᠷᠮᠠ ᠶᠢᠨ ᠤᠮᠠᠷᠠᠲᠤ ᠬᠡᠰᠡᠭ ᠤᠨ ᠮᠡᠬᠡᠯᠡᠯ ᠳᠤ ᠴᠣᠬᠢᠯᠲᠠ ᠥᠭᠬᠦ ᠲᠤᠰᠬᠠᠢ ᠠᠵᠢᠯᠯᠠᠭ᠎ᠠ ᠳᠤ ᠤᠷᠢᠳᠴᠢᠯᠠᠨ | ᠣᠷᠣᠯᠴᠠᠵᠤ᠂ ᠮᠡᠬᠡᠯᠡᠭᠰᠡᠨ 5 ᠰᠡᠵᠢᠭᠲᠡᠨ ᠢ ᠪᠠᠷᠢᠵᠤ ᠬᠦᠷᠭᠡᠬᠦ ᠠᠬᠢᠴᠠ ᠶᠢ ᠴᠠᠭ ᠲᠤᠬᠠᠢ ᠳᠤᠨᠢ ᠳᠠᠭᠠᠵᠤ᠂ ᠮᠥᠷᠳᠡᠨ | ᠪᠠᠶᠢᠴᠠᠭᠠᠵᠤ ᠭᠡᠷᠡᠴᠢ ᠠᠪᠬᠤ ᠶᠢ ᠬᠥᠲᠥᠯᠥᠨ ᠵᠢᠯᠤᠭᠤᠳᠴᠤ᠂ ᠬᠡᠷᠡᠭ ᠤᠨ ᠤᠷᠤᠭᠰᠢᠲᠠᠢ ᠶᠠᠪᠤᠭᠳᠠᠬᠤ ᠶᠢ ᠪᠠᠲᠤᠯᠠᠪᠠ᠃ | ᠰᠢᠭᠦᠬᠦ ᠬᠤᠷᠢᠶ᠎ᠠ ᠶᠢᠨ ᠡᠷᠡᠭᠦᠦ ᠶᠢᠨ ᠬᠡᠷᠡᠭ ᠤᠨ ᠰᠢᠭᠦᠨ ᠲᠠᠰᠤᠯᠤᠯᠲᠠ ᠶᠢᠨ ᠠᠵᠢᠯᠯᠠᠭᠠᠨ ᠳᠤ ᠬᠢᠨᠠᠯᠲᠠ ᠲᠠᠯᠪᠢᠬᠤ ᠪᠠᠨ | ᠴᠢᠩᠭᠠᠳᠬᠠᠵᠤ᠂ ᠰᠢᠭᠦᠨ ᠲᠠᠰᠤᠯᠬᠤ ᠠᠵᠢᠯᠯᠠᠭᠠᠨ ᠳᠤ ᠬᠠᠤᠯᠢ ᠠᠴᠠ ᠵᠥᠷᠢᠴᠡᠭᠰᠡᠨ 6 ᠬᠡᠷᠡᠭ ᠢ ᠵᠠᠯᠠᠷᠠᠭᠤᠯᠵᠤ᠂ | ᠡᠷᠡᠭᠦᠦ ᠶᠢᠨ ᠬᠡᠷᠡᠭ ᠤᠨ ᠡᠰᠡᠷᠭᠦᠴᠡᠨ ᠵᠠᠭᠠᠯᠳᠤᠬᠤ ᠶᠢ 2 ᠬᠤᠪᠢ ᠳᠤᠷᠠᠳᠴᠤ᠂ ᠡᠰᠡᠷᠭᠦᠴᠡᠨ ᠵᠠᠭᠠᠯᠳᠤᠬᠤ ᠶᠢ ᠬᠦᠯᠢᠶᠡᠨ | ᠠᠪᠤᠭᠰᠠᠨ ᠨᠤᠷᠮ᠎ᠠ 100% ᠳᠤ ᠬᠦᠷᠪᠡ᠃ ᠡᠷᠡᠭᠦᠦ ᠶᠢᠨ ᠬᠡᠷᠡᠭ ᠤᠨ ᠭᠦᠢᠴᠡᠳᠬᠡᠬᠦ ᠠᠵᠢᠯᠯᠠᠭ᠎ᠠ ᠳᠤ ᠬᠢᠨᠠᠯᠲᠠ | ᠲᠠᠯᠪᠢᠬᠤ ᠪᠠᠨ ᠴᠢᠩᠭᠠᠳᠬᠠᠵᠤ᠂ ᠡᠳ᠋ ᠬᠥᠷᠥᠩᠭᠡ ᠶᠢᠨ ᠡᠷᠡᠭᠦᠦ ᠶᠢ ᠭᠦᠢᠴᠡᠳᠬᠡᠬᠦ᠂ ᠭᠢᠨᠳᠠᠨ ᠤ ᠭᠠᠳᠠᠨ᠎ᠠ ᠲᠦᠷ | ᠭᠦᠢᠴᠡᠳᠬᠡᠬᠦ ᠵᠢᠷᠤᠮ ᠤᠨ ᠴᠢᠨᠠᠷᠲᠠᠢ ᠦ ᠰᠡᠪ ᠲᠤ ᠴᠢᠭᠯᠡᠭᠦᠯᠵᠦ᠂ ᠪᠢᠴᠢᠭ ᠤᠨ ᠬᠡᠯᠪᠡᠷᠢ ᠪᠠᠷ ᠬᠢᠨᠠᠯᠲᠠ ᠲᠠᠯᠪᠢᠬᠤ ᠰᠠᠨᠠᠯ ᠢ | 9 ᠬᠤᠪᠢ ᠳᠤᠷᠠᠳᠪᠠ︔ ᠬᠤᠷᠢᠭᠳᠠᠵᠤ ᠪᠠᠶᠢᠭ᠎ᠠ ᠬᠥᠮᠥᠰ ᠤᠨ ᠬᠠᠮᠢᠶᠠᠷᠤᠯᠲᠠ᠂ ᠨᠡᠶᠢᠭᠡᠮ ᠲᠣᠭᠤᠷᠢᠭ ᠤᠨ ᠵᠠᠰᠠᠨ | ᠵᠠᠯᠠᠷᠠᠭᠤᠯᠬᠤ ᠡᠲᠡᠭᠡᠳ ᠤᠨ ᠬᠢᠨᠠᠯᠲᠠ ᠬᠠᠮᠢᠶᠠᠷᠤᠯᠲᠠ ᠵᠢᠷᠤᠮᠵᠢᠯ ᠦᠭᠡᠢ ᠪᠠᠶᠢᠬᠤ ᠵᠡᠷᠭᠡ ᠠᠰᠠᠭᠤᠳᠠᠯ ᠳᠤ ᠴᠢᠭᠯᠡᠭᠦᠯᠵᠦ᠂ | ᠪᠢᠴᠢᠭ ᠤᠨ ᠬᠡᠯᠪᠡᠷᠢ ᠪᠠᠷ ᠬᠢᠨᠠᠯᠲᠠ ᠲᠠᠯᠪᠢᠬᠤ ᠰᠠᠨᠠᠯ ᠢ 22 ᠬᠤᠪᠢ ᠳᠤᠷᠠᠳᠴᠤ᠂ ᠪᠠᠶᠢᠴᠠᠭᠠᠬᠤ ᠬᠢᠨᠠᠯᠲᠠ ᠪᠠᠷ ᠡᠷᠡᠭᠦᠦ | ᠰᠢᠢᠳᠬᠡᠯ ᠢ ᠭᠦᠢᠴᠡᠳᠬᠡᠬᠦ ︽ᠵᠠᠩᠭᠢᠯᠠᠭ᠎ᠠ ᠶᠢᠨ ᠭᠤᠭᠴᠤᠭ᠎ᠠ︾ ᠶᠢ ᠰᠠᠶᠢᠲᠤᠷ ᠰᠠᠬᠢᠬᠤ ᠶᠢ ᠦᠨᠡᠨᠬᠦ ᠪᠡᠶᠡᠯᠡᠭᠦᠯᠪᠡ᠃ | ︵ᠬᠤᠶᠠᠷ︶ ᠲᠥᠪ ᠭᠤᠣᠯᠴᠢ ᠰᠢᠳᠤᠷᠭᠤ ᠶᠣᠰᠣ ᠶᠢ ᠰᠠᠬᠢᠨ ᠬᠠᠮᠠᠭᠠᠯᠠᠵᠤ᠂ ᠢᠷᠭᠡᠨ ᠤ ᠬᠡᠷᠡᠭ ᠤᠨ | ᠪᠠᠶᠢᠴᠠᠭᠠᠯᠲᠠ ᠶᠢ ᠨᠡᠩ ᠣᠨᠣᠪᠴᠢᠲᠠᠢ ᠪᠣᠯᠭᠠᠪᠠ᠃ ᠢᠷᠭᠡᠨ ᠤ ᠬᠡᠷᠡᠭ ᠤᠨ ᠪᠠᠶᠢᠴᠠᠭᠠᠯᠲᠠ ᠪᠣᠯ ᠠᠷᠠᠳ ᠤᠨ ᠠᠮᠢᠳᠤᠷᠠᠯ ᠤᠨ | ᠬᠦᠷᠲᠡᠮᠵᠢ᠂ ᠠᠵᠤ ᠠᠬᠤᠢ ᠶᠢᠨ ᠬᠥᠭᠵᠢᠯᠲᠡ᠂ ᠲᠥᠪ ᠭᠤᠣᠯᠴᠢ ᠪᠠᠷ ᠬᠠᠤᠯᠢ ᠪᠠᠷᠢᠬᠤ ᠲᠠᠢ ᠬᠤᠯᠪᠣᠭᠳᠠᠬᠤ ᠱᠠᠭᠠᠷᠳᠠᠯᠭ᠎ᠠ | ᠶᠣᠰᠣᠭᠠᠷ᠂ ᠢᠷᠭᠡᠨ ᠤ ᠵᠠᠷᠭᠤ ᠳᠤ ᠬᠢᠨᠠᠯᠲᠠ ᠲᠠᠯᠪᠢᠬᠤ ᠶᠢ ᠶᠡᠭᠡ ᠪᠠᠷ ᠴᠢᠩᠭᠠᠳᠬᠠᠵᠤ᠂ ᠨᠠᠷᠢᠯᠢᠭ ᠣᠨᠣᠪᠴᠢᠲᠠᠢ ᠪᠠᠷ ᠠᠷᠭ᠎ᠠ | ᠪᠣᠳᠣᠯᠭ᠎ᠠ ᠬᠡᠷᠡᠭᠵᠢᠭᠦᠯᠵᠦ᠂ ᠪᠦᠬᠦ ᠵᠢᠯ ᠳᠤ ᠨᠡᠶᠢᠳᠡ 42 ᠬᠤᠪᠢ ᠢᠷᠭᠡᠨ ᠤ ᠬᠡᠷᠡᠭ ᠤᠨ ᠪᠠᠶᠢᠴᠠᠭᠠᠬᠤ ᠬᠡᠷᠡᠭ ᠢ | ᠰᠢᠢᠳᠪᠦᠷᠢᠯᠡᠵᠦ᠂ 42 ᠬᠤᠪᠢ ᠶᠢ ᠰᠢᠭᠦᠨ ᠳᠠᠭᠤᠰᠬᠠᠪᠠ᠃ ᠡᠭᠦᠨ ᠳᠤ ᠢᠷᠭᠡᠨ ᠤ ᠬᠡᠷᠡᠭ ᠤᠨ ᠰᠢᠭᠦᠨ ᠲᠠᠰᠤᠯᠬᠤ | ᠳᠠᠷᠠᠭᠠᠯᠠᠯ᠂ ᠢᠷᠭᠡᠨ ᠤ ᠬᠡᠷᠡᠭ ᠤᠨ ᠭᠦᠢᠴᠡᠳᠬᠡᠬᠦ ᠳᠠᠷᠠᠭᠠᠯᠠᠯ ᠳᠤ ᠣᠷᠣᠰᠢᠵᠤ ᠪᠠᠶᠢᠭ᠎ᠠ ᠵᠢᠷᠤᠮᠵᠢᠯ ᠦᠭᠡᠢ ᠠᠰᠠᠭᠤᠳᠠᠯ ᠳᠤ | ᠴᠢᠭᠯᠡᠭᠦᠯᠵᠦ᠂ ᠰᠢᠭᠦᠬᠦ ᠬᠤᠷᠢᠶ᠎ᠠ ᠳᠤ 22 ᠬᠤᠪᠢ ᠪᠠᠶᠢᠴᠠᠭᠠᠬᠤ ᠰᠠᠨᠠᠭᠤᠯᠭ᠎ᠠ ᠶᠢ ᠲᠣᠭᠲᠠᠭᠠᠨ ᠲᠠᠷᠬᠠᠭᠠᠵᠤ᠂ ᠰᠢᠭᠦᠬᠦ | ᠬᠤᠷᠢᠶ᠎ᠠ ᠴᠥᠮ ᠬᠦᠯᠢᠶᠡᠨ ᠠᠪᠴᠤ ᠴᠡᠭᠴᠡᠯᠡᠨ ᠰᠠᠶᠢᠵᠢᠷᠠᠭᠤᠯᠪᠠ᠃ ᠬᠤᠳᠠᠯ ᠬᠠᠭᠤᠷᠮᠠᠭ ᠵᠠᠷᠭᠤ ᠳᠤ ᠬᠤᠯᠪᠣᠭᠳᠠᠭᠰᠠᠨ 2 | ᠬᠡᠷᠡᠭ ᠢ ᠬᠠᠤᠯᠢ ᠶᠣᠰᠣᠭᠠᠷ ᠡᠰᠡᠷᠭᠦᠴᠡᠨ ᠵᠠᠭᠠᠯᠳᠤᠭᠤᠯᠬᠤ ᠪᠠᠷ ᠳᠡᠪᠰᠢᠭᠦᠯᠵᠦ᠂ ᠲᠤᠬᠠᠢ ᠶᠢᠨ ᠬᠥᠮᠥᠨ ᠯᠢᠦ ᠣᠪᠣᠭᠲᠤ | ᠪᠤᠰᠤᠳ ᠲᠤ ᠵᠢᠭᠡᠯᠡᠯᠭᠡ ᠲᠠᠯᠪᠢᠭᠰᠠᠨ ᠪᠣᠯᠪᠠᠴᠤ ᠵᠣᠭᠤᠰ ᠢᠶᠠᠨ ᠪᠣᠳᠠᠲᠠᠢ ᠪᠠᠷ ᠲᠤᠰᠢᠶᠠᠭᠰᠠᠨ ᠦᠭᠡᠢ᠂ ᠰᠡᠭᠦᠯᠡᠷ ᠨᠢ | ᠨᠥᠭᠦᠭᠡ ᠡᠲᠡᠭᠡᠳ ᠤᠨ ᠵᠢᠭᠡᠯᠡᠭᠰᠡᠨ ᠪᠠᠷᠢᠮᠲᠠ ᠶᠢ ᠠᠪᠴᠤ ᠠᠷᠠᠳ ᠤᠨ ᠰᠢᠭᠦᠬᠦ ᠬᠤᠷᠢᠶᠠᠨ ᠳᠤ ᠵᠠᠭᠠᠯᠳᠤᠯᠭ᠎ᠠ ᠬᠢᠵᠦ᠂ | ᠠᠷᠠᠳ ᠤᠨ ᠰᠢᠭᠦᠬᠦ ᠬᠤᠷᠢᠶ᠎ᠠ ᠶᠢᠨ ᠵᠠᠷᠭᠤ ᠢᠯᠠᠭᠰᠠᠨ ᠲᠠᠰᠤᠯᠤᠯᠲᠠ ᠶᠢ ᠮᠡᠬᠡᠯᠡᠨ ᠣᠯᠣᠭᠰᠠᠨ ᠪᠥᠭᠡᠳ ᠡᠭᠦᠨ ᠢ | ᠦᠨᠳᠦᠰᠦᠯᠡᠨ ᠭᠦᠢᠴᠡᠳᠬᠡᠬᠦ ᠶᠠᠪᠤᠴᠠ ᠳᠤ ᠣᠷᠣᠵᠤ᠂ ᠪᠤᠰᠤᠳ ᠤᠨ ᠡᠳ᠋ ᠬᠥᠷᠥᠩᠭᠡ ᠶᠢᠨ ᠡᠷᠬᠡ ᠳᠤ ᠬᠦᠨᠳᠦ ᠨᠣᠴᠢᠲᠠᠢ | ᠬᠠᠯᠳᠠᠵᠤ᠂ ᠬᠠᠤᠯᠢ ᠴᠠᠭᠠᠵᠠ ᠶᠢᠨ ᠣᠯᠠᠨ ᠨᠡᠶᠢᠲᠡ ᠶᠢ ᠢᠲᠡᠭᠡᠭᠦᠯᠬᠦ ᠬᠦᠴᠦᠨ ᠢ ᠬᠤᠬᠢᠷᠠᠭᠤᠯᠤᠭᠰᠠᠨ ᠪᠠᠶᠢᠨ᠎ᠠ᠂ ᠮᠠᠨ ᠤ | ᠬᠤᠷᠢᠶ᠎ᠠ ᠬᠠᠤᠯᠢ ᠶᠣᠰᠣᠭᠠᠷ ᠤᠯᠠᠭᠠᠨᠬᠠᠳᠠ ᠬᠤᠲᠠ ᠶᠢᠨ ᠪᠠᠶᠢᠴᠠᠭᠠᠬᠤ ᠬᠤᠷᠢᠶ᠎ᠠ ᠳᠤ ᠡᠰᠡᠷᠭᠦᠴᠡᠨ ᠵᠠᠭᠠᠯᠳᠤᠭᠤᠯᠬᠤ ᠪᠠᠷ | ᠳᠡᠪᠰᠢᠭᠦᠯᠦᠭᠰᠡᠨ ᠪᠥᠭᠡᠳ ᠤᠯᠠᠭᠠᠨᠬᠠᠳᠠ ᠬᠤᠲᠠ ᠶᠢᠨ ᠪᠠᠶᠢᠴᠠᠭᠠᠬᠤ ᠬᠤᠷᠢᠶ᠎ᠠ ᠡᠰᠡᠷᠭᠦᠴᠡᠨ ᠵᠠᠭᠠᠯᠳᠤᠬᠤ ᠰᠠᠨᠠᠯ ᠢ ᠭᠥᠯᠢᠶᠡᠨ | ᠠᠪᠤᠭᠰᠠᠨ ᠪᠠᠶᠢᠨ᠎ᠠ᠃ ᠨᠢᠭᠡᠨᠲᠡ ᠬᠦᠴᠦᠨ ᠲᠠᠢ ᠪᠣᠯᠤᠭᠰᠠᠨ ᠢᠷᠭᠡᠨ ᠤ ᠬᠡᠷᠡᠭ ᠤᠨ ᠲᠠᠰᠤᠯᠤᠯᠲᠠ ᠳᠤ ᠴᠢᠭᠯᠡᠭᠦᠯᠵᠦ᠂ | ᠰᠢᠭᠦᠬᠦ ᠬᠤᠷᠢᠶᠠᠨ ᠳᠤ 2 ᠬᠤᠪᠢ ᠲᠠᠬᠢᠨ ᠰᠢᠭᠦᠯᠭᠡᠬᠦ ᠪᠠᠶᠢᠴᠠᠭᠠᠬᠤ ᠰᠠᠨᠠᠭᠤᠯᠭ᠎ᠠ ᠳᠤᠷᠠᠳᠪᠠ᠂ ᠡᠭᠦᠨ ᠳᠤ | ᠰᠢᠢᠳᠪᠦᠷᠢᠯᠡᠭᠰᠡᠨ ᠦ᠋ ᠣᠪᠣᠭᠲᠤ ᠪᠣᠯᠣᠨ ᠨᠢᠭᠡᠨ ᠭᠡᠷ ᠪᠠᠶᠢᠰᠢᠩ ᠭᠠᠵᠠᠷ ᠰᠢᠷᠣᠢ ᠶᠢᠨ ᠬᠥᠷᠥᠩᠭᠡ ᠶᠢ ᠨᠡᠭᠡᠭᠡᠨ ᠠᠰᠢᠭᠯᠠᠬᠤ | ᠺᠣᠮᠫᠠᠨᠢ ᠶᠢᠨ ᠨᠤᠷᠠᠭᠠᠵᠤ ᠨᠡᠭᠦᠯᠭᠡᠬᠦ ᠨᠥᠬᠦᠪᠦᠷᠢ ᠶᠢᠨ ᠭᠡᠷ᠎ᠡ ᠶᠢᠨ ᠵᠢᠭᠤᠷᠠᠭᠠᠨ ᠤ ᠲᠠᠰᠤᠯᠤᠯᠲᠠ ᠶᠢᠨ ᠦᠷ᠎ᠡ ᠳ᠋ᠦᠩ ᠳᠤ | ᠬᠢᠨᠠᠯᠲᠠ ᠲᠠᠯᠪᠢᠭᠰᠠᠨ ᠬᠡᠷᠡᠭ ᠢ ᠰᠢᠭᠦᠬᠦ ᠬᠤᠷᠢᠶ᠎ᠠ ᠪᠠᠷ ᠳᠠᠮᠵᠢᠭᠤᠯᠤᠨ ᠲᠠᠬᠢᠨ ᠰᠢᠭᠦᠬᠦ ᠶᠢ ᠡᠬᠢᠯᠡᠭᠦᠯᠵᠦ᠂ ᠵᠠᠭᠠᠯᠳᠤᠭᠴᠢ ᠳᠤ | ᠬᠠᠪᠰᠤᠷᠤᠨ ᠰᠣᠯᠢᠬᠤ ᠭᠡᠷ ᠪᠠᠶᠢᠰᠢᠩ ᠣᠯᠭᠤᠵᠤ᠂ ᠨᠤᠷᠠᠭᠠᠨ ᠨᠡᠭᠦᠯᠭᠡᠭᠳᠡᠭᠴᠢ ᠶᠢᠨ ︽ᠠᠮᠤᠭᠤᠯᠠᠩ ᠰᠠᠭᠤᠬᠤ ᠬᠦᠰᠡᠯ︾ ᠢ | ᠨᠢ ᠪᠡᠶᠡᠯᠡᠭᠦᠯᠦᠭᠰᠡᠨ ᠪᠠᠶᠢᠨ᠎ᠠ᠂ ᠲᠤᠰ ᠬᠡᠷᠡᠭ ᠢ ᠠᠷᠠᠳ ᠤᠨ ᠳᠡᠭᠡᠳᠦ ᠪᠠᠶᠢᠴᠠᠭᠠᠬᠤ ᠬᠤᠷᠢᠶ᠎ᠠ ᠶᠢᠨ ᠰᠦᠯᠵᠢᠶ᠎ᠡ᠂ | ᠪᠠᠶᠢᠴᠠᠭᠠᠬᠤ ᠡᠳᠦᠷ ᠤᠨ ᠰᠣᠨᠢᠨ ᠵᠡᠷᠭᠡ ᠤᠯᠤᠰ ᠤᠨ ᠲᠡᠰ ᠤᠨ ᠤᠯᠠᠨ ᠵᠠᠭᠤᠴᠢᠯᠠᠭᠤᠷ ᠤᠨ ᠬᠢᠨ ᠰᠢᠯᠵᠢᠭᠦᠯᠦᠨ ᠨᠡᠶᠢᠲᠡᠯᠡᠪᠡ | ᠃ | ︵ᠭᠤᠷᠪᠠ︶ ᠠᠷᠠᠳ ᠤᠨ ᠠᠮᠢᠳᠤᠷᠠᠯ ᠠᠷᠠᠳ ᠤᠨ ᠠᠰᠢᠭ ᠲᠤᠰᠠ ᠶᠢ ᠬᠠᠮᠠᠭᠠᠯᠠᠵᠤ᠂ ᠵᠠᠰᠠᠭ ᠵᠠᠬᠢᠷᠭᠠᠨ ᠤ | ᠪᠠᠶᠢᠴᠠᠭᠠᠬᠤ ᠠᠵᠢᠯ ᠤᠨ ᠪᠣᠳᠠᠲᠤ ᠦᠷ᠎ᠡ ᠪᠦᠲᠦᠮᠵᠢ ᠶᠢ ᠨᠡᠩ ᠴᠢᠬᠤᠯᠠᠴᠢᠯᠠᠪᠠ᠃ ᠵᠠᠰᠠᠭ ᠵᠠᠬᠢᠷᠭᠠᠨ ᠤ ᠪᠠᠶᠢᠴᠠᠭᠠᠬᠤ | ᠠᠵᠢᠯ ᠤᠨ ︽ᠬᠤᠶᠠᠷ ᠲᠠᠯ᠎ᠠ ᠶᠢ ᠬᠠᠷᠠᠭᠠᠯᠵᠠᠬᠤ︾ ᠦᠢᠯᠡᠳᠦᠯ ᠢ ᠪᠠᠳᠠᠷᠠᠭᠤᠯᠵᠤ᠂ ᠲᠥᠪ ᠭᠤᠣᠯᠴᠢ ᠪᠠᠷ ᠬᠠᠤᠯᠢ | ᠪᠠᠷᠢᠬᠤ ᠳᠤ ᠬᠢᠨᠠᠯᠲᠠ ᠲᠠᠯᠪᠢᠭᠰᠠᠨ ᠮᠥᠷᠲᠡᠭᠡᠨ ᠬᠠᠤᠯᠢ ᠶᠣᠰᠣᠭᠠᠷ ᠵᠠᠰᠠᠭ ᠶᠠᠪᠤᠭᠤᠯᠬᠤ ᠶᠢ ᠠᠬᠢᠭᠤᠯᠵᠤ᠂ ᠪᠦᠬᠦ ᠵᠢᠯ ᠳᠤ | ᠵᠠᠰᠠᠭ ᠵᠠᠬᠢᠷᠭᠠᠨ ᠤ ᠪᠠᠶᠢᠴᠠᠭᠠᠬᠤ ᠠᠵᠢᠯ ᠤᠨ ᠬᠢᠨᠠᠯᠲᠠ ᠲᠠᠯᠪᠢᠬᠤ ᠬᠡᠷᠡᠭ ᠢ ᠨᠡᠶᠢᠳᠡ 12 ᠬᠤᠪᠢ ᠰᠢᠢᠳᠪᠦᠷᠢᠯᠡᠵᠦ᠂ ᠵᠠᠰᠠᠭ | ᠵᠠᠬᠢᠷᠭᠠᠨ ᠤ ᠰᠢᠭᠦᠨ ᠲᠠᠰᠤᠯᠬᠤ ᠠᠵᠢᠯᠯᠠᠭ᠎ᠠ ᠶᠢᠨ ᠳᠤᠮᠳᠠᠬᠢ ᠬᠠᠤᠯᠢ ᠶᠢ ᠵᠥᠷᠢᠴᠡᠭᠰᠡᠨ ᠪᠠᠶᠢᠳᠠᠯ ᠳᠤ ᠴᠢᠭᠯᠡᠭᠦᠯᠵᠦ᠂ ᠰᠢᠭᠦᠬᠦ | ᠬᠤᠷᠢᠶ᠎ᠠ ᠳᠤ 1 ᠬᠤᠪᠢ ᠪᠠᠶᠢᠴᠠᠭᠠᠬᠤ ᠰᠠᠨᠠᠭᠤᠯᠭ᠎ᠠ ᠶᠢ ᠲᠣᠭᠲᠠᠭᠠᠨ ᠲᠠᠷᠬᠠᠭᠠᠪᠠ︔ ᠲᠤᠰᠢᠶᠠᠯ ᠬᠠᠷᠢᠭᠤᠴᠠᠯᠭ᠎ᠠ ᠪᠠᠨ | ᠭᠦᠢᠴᠡᠳᠬᠡᠬᠦ ᠶᠠᠪᠤᠴᠠ ᠳᠤ ᠣᠯᠵᠤ ᠮᠡᠳᠡᠭᠰᠡᠨ ᠵᠠᠰᠠᠭ ᠵᠠᠬᠢᠷᠭᠠᠨ ᠤ ᠪᠠᠶᠢᠭᠤᠯᠤᠯᠭ᠎ᠠ ᠶᠢᠨ ᠬᠠᠤᠯᠢ ᠶᠢ ᠵᠥᠷᠢᠴᠡᠨ ᠡᠷᠬᠡ | ᠲᠤᠰᠢᠶᠠᠯ ᠢᠶᠠᠨ ᠬᠡᠷᠡᠭᠵᠢᠭᠦᠯᠦᠭᠰᠡᠨ ᠪᠤᠶᠤ ᠡᠷᠬᠡ ᠲᠤᠰᠢᠶᠠᠯ ᠢᠶᠠᠨ ᠭᠦᠢᠴᠡᠳᠬᠡᠬᠦ ᠶᠢ ᠬᠤᠶᠢᠷᠭᠤᠰᠢᠭᠰᠠᠨ ᠦᠢᠯᠡ | ᠠᠵᠢᠯᠯᠠᠭ᠎ᠠ ᠳᠤ 11 ᠬᠤᠪᠢ ᠪᠠᠶᠢᠴᠠᠭᠠᠬᠤ ᠰᠠᠨᠠᠭᠤᠯᠭ᠎ᠠ ᠶᠢ ᠳᠤᠷᠠᠳᠴᠤ᠂ ᠰᠠᠨᠠᠭᠤᠯᠭ᠎ᠠ ᠶᠢ ᠴᠥᠮ ᠬᠦᠯᠢᠶᠡᠨ ᠠᠪᠴᠤ | ᠬᠡᠷᠡᠭᠯᠡᠭᠰᠡᠨ ᠪᠥᠭᠡᠳ ᠴᠡᠭᠴᠡᠯᠡᠨ ᠵᠠᠯᠠᠷᠠᠭᠤᠯᠬᠤ ᠶᠢ ᠪᠡᠶᠡᠯᠡᠭᠦᠯᠪᠡ᠃ ︽ᠪᠠᠶᠢᠴᠠᠭᠠᠬᠤ ᠬᠢᠨᠠᠯᠲᠠ ᠲᠠᠯᠪᠢᠬᠤ + ᠵᠠᠰᠠᠭ | ᠵᠠᠬᠢᠷᠭᠠᠨ ᠤ ᠬᠠᠤᠯᠢ ᠬᠡᠷᠡᠭᠵᠢᠭᠦᠯᠬᠦ︾ ᠶᠢ ᠵᠣᠯᠭᠠᠭᠤᠯᠬᠤ ᠠᠵᠢᠯ ᠤᠨ ᠵᠠᠭᠪᠤᠷ ᠢ ᠢᠳᠡᠪᠬᠢᠲᠡᠢ ᠪᠠᠶᠢᠭᠤᠯᠵᠤ᠂ ᠬᠤᠰᠢᠭᠤᠨ ᠤ | ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠰᠠᠯᠠᠭ᠎ᠠ ᠮᠥᠴᠢᠷ ᠲᠠᠢ ᠬᠠᠮᠲᠤᠷᠠᠨ ᠬᠤᠰᠢᠭᠤᠨ ᠤ ᠪᠠᠴᠢᠮ ᠪᠠᠶᠢᠳᠠᠯ ᠢ | ᠠᠷᠭᠠᠴᠠᠭᠠᠬᠤ ᠬᠠᠮᠢᠶᠠᠷᠤᠯᠲᠠ ᠶᠢᠨ ᠬᠦᠷᠢᠶᠡᠨ ᠳᠠᠬᠢ ᠪᠠᠶᠢᠴᠠᠭᠠᠬᠤ ᠬᠢᠨᠠᠯᠲᠠ ᠲᠠᠯᠪᠢᠬᠤ ᠪᠠ ᠵᠠᠰᠠᠭ ᠵᠠᠬᠢᠷᠭᠠᠨ ᠤ ᠬᠠᠤᠯᠢ | ᠬᠡᠷᠡᠭᠵᠢᠭᠦᠯᠬᠦ ᠶᠢ ᠵᠣᠯᠭᠠᠭᠤᠯᠬᠤ ᠠᠵᠢᠯ ᠤᠨ ᠵᠣᠬᠢᠴᠠᠮᠵᠢ ᠶᠢ ᠪᠠᠶᠢᠭᠤᠯᠵᠤ᠂ ᠠᠶᠤᠯᠭᠦᠢ ᠦᠢᠯᠡᠳᠪᠦᠷᠢᠯᠡᠯ ᠤᠨ ᠬᠤᠯᠪᠤᠭᠠᠯᠠᠨ | ᠬᠥᠳᠡᠯᠦᠯᠴᠡᠵᠦ ᠵᠠᠰᠠᠬᠤ ᠪᠠᠶᠢᠷᠢᠰᠢᠯ ᠢ ᠠᠩᠬ᠎ᠠ ᠠᠯᠬᠤᠮ ᠪᠣᠶ ᠪᠣᠯᠭᠠᠵᠤ᠂ ᠬᠠᠮᠢᠶ᠎ᠠ ᠪᠦᠬᠦᠢ ᠬᠠᠤᠯᠢ ᠬᠡᠷᠡᠭᠵᠢᠭᠦᠯᠦᠯᠲᠡ ᠶᠢᠨ | ᠡᠪᠬᠡᠮᠡᠯ ᠢ ᠰᠤᠭᠤᠴᠢᠨ ᠪᠠᠶᠢᠴᠠᠭᠠᠬᠤ ᠪᠠᠷ ᠳᠠᠮᠵᠢᠭᠤᠯᠵᠤ᠂ 10 ᠲᠥᠷᠥᠯ ᠤᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ | ᠵᠢᠷᠤᠮ ᠤᠨ ᠴᠢᠨᠠᠷᠲᠠᠢ ᠠᠰᠠᠭᠤᠳᠠᠯ ᠢ ᠢᠯᠡᠷᠡᠭᠦᠯᠵᠦ᠂ ᠴᠥᠮ ᠬᠢᠨᠠᠯᠲᠠ ᠲᠠᠯᠪᠢᠬᠤ ᠪᠠᠷ ᠳᠠᠮᠵᠢᠭᠤᠯᠤᠨ ᠵᠠᠯᠠᠷᠠᠭᠤᠯᠤᠭᠰᠠᠨ | ᠪᠠᠶᠢᠨ᠎ᠠ᠃ ᠬᠡᠷᠡᠭ ᠰᠢᠢᠳᠪᠦᠷᠢᠯᠡᠬᠦ ᠪᠠ ᠵᠠᠰᠠᠬᠤ ᠶᠢ ᠵᠡᠷᠭᠡᠪᠡᠷ ᠴᠢᠬᠤᠯᠠᠴᠢᠯᠠᠬᠤ ᠶᠢ ᠪᠠᠷᠢᠮᠲᠠᠯᠠᠵᠤ᠂ ᠲᠣᠮᠣ ᠳ᠋ᠠᠶᠢᠲ᠋ᠠ ᠶᠢᠨ | ᠬᠦᠴᠦᠨ ᠢ ᠠᠰᠢᠭᠯᠠᠵᠤ᠂ ᠰᠢᠭᠦᠬᠦ ᠬᠤᠷᠢᠶ᠎ᠠ ᠠᠴᠠ ᠲᠤᠬᠠᠢ ᠶᠢᠨ ᠬᠥᠮᠥᠨ ᠢ ᠤᠷᠤᠭ ᠰᠠᠯᠬᠤ ᠪᠠᠷ ᠰᠢᠭᠦᠨ ᠲᠠᠰᠤᠯᠤᠭᠰᠠᠨ ︵ | ᠡᠶᠡᠳᠡᠭᠦᠯᠦᠭᠰᠡᠨ︶ ᠤ ᠳᠠᠷᠠᠭ᠎ᠠ᠂ ᠲᠤᠬᠠᠢ ᠶᠢᠨ ᠬᠥᠮᠥᠨ ᠳᠠᠬᠢᠨᠲᠠ ᠠᠷᠠᠳ ᠤᠨ ᠶᠠᠪᠤᠳᠠᠯ ᠤᠨ ᠲᠣᠪᠴᠢᠶ᠎ᠠ ᠳᠤ ᠬᠦᠷᠴᠦ | ᠤᠷᠤᠭ ᠤᠨ ᠦᠨᠡᠮᠯᠡᠯ ᠢᠶᠠᠨ ᠨᠥᠬᠦᠵᠦ ᠠᠪᠤᠭᠰᠠᠨ ᠠᠰᠠᠭᠤᠳᠠᠯ ᠳᠤ᠂ ᠮᠠᠨ ᠤ ᠬᠤᠰᠢᠭᠤᠨ ᠤ 10 ᠵᠢᠯ ᠤᠨ ᠲᠤᠷᠰᠢᠬᠢ | ᠰᠢᠭᠦᠬᠦ ᠬᠤᠷᠢᠶ᠎ᠠ ᠪᠣᠯᠣᠨ ᠠᠷᠠᠳ ᠤᠨ ᠶᠠᠪᠤᠳᠠᠯ ᠤᠨ ᠲᠣᠪᠴᠢᠶ᠎ᠠ ᠶᠢᠨ ᠬᠠᠮᠢᠶ᠎ᠠ ᠪᠦᠬᠦᠢ ᠲᠤᠭ᠎ᠠ ᠪᠠᠷᠢᠮᠲᠠ ᠶᠢ ᠬᠠᠷᠢᠴᠠᠭᠤᠯᠤᠨ | ᠪᠠᠶᠢᠴᠠᠭᠠᠵᠤ᠂ ᠪᠤᠷᠤᠭᠤ ᠪᠠᠷ ᠨᠥᠬᠦᠪᠦᠷᠢᠯᠡᠭᠰᠡᠨ ᠤᠷᠤᠭ ᠤᠨ ᠦᠨᠡᠮᠯᠡᠯ ᠢ 8 ᠬᠤᠪᠢ ᠢᠯᠡᠷᠡᠭᠦᠯᠵᠦ᠂ ᠬᠠᠤᠯᠢ ᠠᠴᠠ | ᠵᠥᠷᠢᠴᠡᠭᠰᠡᠨ ᠢ ᠵᠠᠯᠠᠷᠠᠭᠤᠯᠬᠤ ᠪᠠᠶᠢᠴᠠᠭᠠᠬᠤ ᠰᠠᠨᠠᠭᠤᠯᠭ᠎ᠠ ᠶᠢ 1 ᠬᠤᠪᠢ ᠲᠣᠭᠲᠠᠭᠠᠨ ᠲᠠᠷᠬᠠᠭᠠᠵᠤ᠂ ᠬᠤᠰᠢᠭᠤᠨ ᠤ | ᠠᠷᠠᠳ ᠤᠨ ᠶᠠᠪᠤᠳᠠᠯ ᠤᠨ ᠲᠣᠪᠴᠢᠶ᠎ᠠ ᠶᠢᠨ ᠪᠤᠷᠤᠭᠤ ᠪᠠᠷ ᠨᠥᠬᠦᠪᠦᠷᠢᠯᠡᠭᠰᠡᠨ ᠤᠷᠤᠭ ᠤᠨ ᠦᠨᠡᠮᠯᠡᠯ ᠢ ᠬᠦᠴᠦᠨ ᠦᠭᠡᠢ | ᠪᠣᠯᠭᠠᠬᠤ ᠶᠢ ᠱᠠᠭᠠᠷᠳᠠᠬᠤ ᠶᠢᠨ ᠬᠠᠮᠲᠤ ᠰᠢᠭᠦᠬᠦ ᠬᠤᠷᠢᠶ᠎ᠠ ᠯᠤᠭ᠎ᠠ ᠲᠤᠭ᠎ᠠ ᠪᠠᠷᠢᠮᠲᠠ ᠶᠢ ᠬᠠᠮᠲᠤ ᠪᠠᠷ ᠡᠳ᠋ᠯᠡᠬᠦ ᠶᠢ | ᠴᠢᠩᠭᠠᠳᠬᠠᠬᠤ ᠰᠠᠨᠠᠭᠤᠯᠭ᠎ᠠ ᠭᠠᠷᠭᠠᠵᠤ᠂ ᠵᠠᠰᠠᠭ ᠵᠠᠬᠢᠷᠭᠠᠨ ᠤ ᠬᠠᠮᠢᠶᠠᠷᠤᠯᠲᠠ ᠶᠢᠨ ᠳᠤᠲᠠᠭᠳᠠᠯ ᠢ ᠪᠦᠲᠦᠮᠵᠢᠲᠡᠶ | ᠨᠥᠬᠦᠪᠦᠷᠢᠯᠡᠪᠡ᠃ ᠲᠣᠭᠠᠴᠢᠯᠠᠬᠤ ᠪᠠᠷ ᠴᠢᠳᠠᠪᠤᠷᠢ ᠶᠢ ᠳᠡᠭᠡᠭᠰᠢᠯᠡᠭᠦᠯᠬᠦ ᠶᠢ ᠪᠠᠷᠢᠮᠲᠠᠯᠠᠵᠤ᠂ ᠣᠶ ᠰᠢᠭᠤᠢ ᠨᠤᠲᠤᠭ | ᠪᠡᠯᠴᠢᠭᠡᠷ ᠲᠤ ᠬᠤᠯᠪᠣᠭᠳᠠᠭᠰᠠᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠳᠤ ᠬᠢᠨᠠᠯᠲᠠ ᠲᠠᠯᠪᠢᠬᠤ ᠵᠠᠭᠪᠤᠷ ᠢ | ᠪᠡᠶ᠎ᠡ ᠪᠠᠨ ᠳᠠᠭᠠᠭᠠᠨ ᠰᠤᠳᠤᠯᠤᠨ ᠨᠡᠭᠡᠭᠡᠵᠦ᠂ ᠬᠤᠰᠢᠭᠤᠨ ᠤ ᠣᠶ ᠰᠢᠭᠤᠢ ᠨᠤᠲᠤᠭ ᠪᠡᠯᠴᠢᠭᠡᠷ ᠤᠨ ᠲᠣᠪᠴᠢᠶ᠎ᠠ ᠶᠢᠨ | 2964 ᠵᠤᠷᠪᠤᠰ ᠣᠶᠢᠲᠤ ᠭᠠᠵᠠᠷ ᠨᠤᠲᠤᠭ ᠪᠡᠯᠴᠢᠭᠡᠷ ᠢ ᠡᠪᠳᠡᠭᠰᠡᠨ ᠬᠠᠤᠯᠢ ᠲᠣᠭᠲᠠᠭᠠᠯ ᠠᠴᠠ ᠵᠥᠷᠢᠴᠡᠭᠰᠡᠨ ᠲᠤᠭ᠎ᠠ | ᠪᠠᠷᠢᠮᠲᠠ ᠶᠢ ᠳᠣᠲᠣᠭᠠᠳᠤ ᠶᠢ ᠬᠠᠮᠠᠭᠠᠯᠠᠬᠤ ᠲᠣᠪᠴᠢᠶ᠎ᠠ᠂ ᠪᠠᠶᠢᠴᠠᠭᠠᠬᠤ ᠬᠤᠷᠢᠶ᠎ᠠ ᠶᠢᠨ 57 ᠬᠤᠪᠢ ᠲᠠᠷᠢᠶᠠᠯᠠᠩ ᠳᠤ | ᠬᠡᠷᠡᠭᠯᠡᠬᠦ ᠭᠠᠵᠠᠷ ᠢ ᠬᠠᠤᠯᠢ ᠪᠤᠰᠤ ᠪᠠᠷ ᠡᠵᠡᠯᠡᠨ ᠬᠡᠷᠡᠭᠯᠡᠭᠰᠡᠨ ᠬᠡᠷᠡᠭ ᠲᠠᠢ ᠬᠠᠷᠢᠴᠠᠭᠤᠯᠤᠨ ᠰᠢᠭᠰᠢᠨ ᠪᠠᠶᠢᠴᠠᠭᠠᠬᠤ ᠪᠠᠷ | ᠳᠠᠮᠵᠢᠭᠤᠯᠵᠤ᠂ ᠲᠣᠷᠭᠠᠭᠰᠠᠨ ᠤ ᠳᠠᠷᠠᠭ᠎ᠠ ᠵᠠᠰᠠᠨ ᠰᠡᠷᠭᠦᠭᠡᠭᠰᠡᠨ ᠦᠭᠡᠢ ᠨᠡᠶᠢᠲᠡ ᠶᠢᠨ ᠠᠰᠠᠷᠠᠮᠵᠢ ᠶᠢᠨ ᠵᠠᠷᠭᠤ ᠶᠢᠨ | ᠰᠦᠪᠡᠭᠴᠢ ᠶᠢ 16 ᠬᠤᠪᠢ᠂ ᠲᠣᠷᠭᠠᠭᠤᠯᠢ ᠪᠠᠷ ᠡᠷᠡᠭᠦᠦ ᠶᠢ ᠣᠷᠣᠯᠠᠭᠤᠯᠤᠭᠰᠠᠨ ᠰᠦᠪᠡᠭᠴᠢ ᠶᠢ 4 ᠬᠤᠪᠢ ᠢᠯᠡᠷᠡᠭᠦᠯᠵᠦ᠂ | ᠪᠣᠶ ᠪᠦᠬᠦᠢ ᠰᠦᠪᠡᠭᠴᠢ ᠶᠢᠨ ᠬᠡᠷᠡᠭ ᠢ ᠴᠥᠮ ᠬᠠᠤᠯᠢ ᠶᠣᠰᠣᠭᠠᠷ ᠰᠢᠢᠳᠪᠦᠷᠢᠯᠡᠵᠦ ᠳᠠᠭᠤᠰᠬᠠᠪᠠ᠃ ᠲᠣᠰ ᠵᠠᠭᠪᠤᠷ ᠨᠢ | ᠪᠥᠬᠦ ᠬᠤᠲᠠ ᠶᠢᠨ ᠪᠠᠶᠢᠴᠠᠭᠠᠬᠤ ᠪᠠᠶᠢᠭᠤᠯᠤᠯᠭ᠎ᠠ ᠶᠢᠨ ᠲᠣᠮᠣ ᠳ᠋ᠠᠶᠢᠲ᠋ᠠ ᠶᠢᠨ ᠬᠠᠤᠯᠢ ᠴᠠᠭᠠᠵᠠ ᠶᠢᠨ ᠬᠢᠨᠠᠯᠲᠠ ᠶᠢᠨ | ᠵᠠᠭᠪᠤᠷ ᠤᠨ ᠤᠷᠤᠯᠳᠤᠭᠠᠨ ᠤ ᠨᠢᠭᠡᠳᠦᠭᠡᠷ ᠳᠡᠰ ᠤᠨ ᠱᠠᠩᠨᠠᠯ᠂ ᠪᠥᠬᠦ ᠣᠷᠣᠨ ᠤ ᠬᠤᠶᠠᠳᠤᠭᠠᠷ ᠳᠡᠰ ᠤᠨ ᠱᠠᠩᠨᠠᠯ ᠢ | ᠭᠥᠷᠳᠡᠭᠰᠡᠨ ᠪᠥᠭᠡᠳ ᠪᠥᠬᠦ ᠣᠷᠣᠨ ᠳᠤ ᠳᠡᠯᠭᠡᠷᠡᠭᠦᠯᠦᠭᠳᠡᠵᠦ᠂ ᠲᠣᠰ ᠵᠠᠭᠪᠤᠷ ᠢᠶᠠᠷ ᠳᠠᠮᠵᠢᠭᠤᠯᠤᠨ ᠪᠥᠬᠦ ᠣᠷᠣᠨ ᠤ 2 | ᠲᠦᠮᠡᠨ ᠮᠦ ᠨᠤᠲᠤᠭ ᠪᠡᠯᠴᠢᠭᠡᠷ ᠣᠶᠢᠲᠤ ᠭᠠᠵᠠᠷ ᠢ ᠰᠡᠷᠭᠦᠭᠡᠬᠦ ᠳᠤ ᠬᠢᠨᠠᠯᠲᠠ ᠲᠠᠯᠪᠢᠵᠤ᠂ ᠠᠮᠢ ᠠᠬᠤᠢ ᠶᠢᠨ ᠣᠷᠴᠢᠨ | ᠲᠣᠭᠤᠷᠢᠨ ᠢ ᠬᠤᠬᠢᠷᠠᠭᠤᠯᠤᠭᠰᠠᠨ 1000 ᠭᠠᠷᠤᠢ ᠲᠦᠮᠡᠨ ᠲᠥᠭᠦᠷᠢᠭ ᠤᠨ ᠲᠥᠯᠥᠪᠦᠷᠢ ᠮᠥᠩᠭᠦ ᠶᠢ ᠨᠡᠬᠡᠮᠵᠢᠯᠡᠨ | ᠲᠥᠯᠥᠭᠦᠯᠪᠡ᠃ | ︵ᠳᠥᠷᠪᠡ︶ ᠨᠡᠶᠢᠲᠡ ᠶᠢᠨ ᠠᠰᠠᠷᠠᠮᠵᠢ ᠶᠢᠨ ᠬᠠᠮᠠᠭᠠᠯᠠᠯᠲᠠ ᠶᠢ ᠪᠣᠳᠠᠲᠠᠶᠢᠵᠢᠭᠤᠯᠵᠤ᠂ ᠨᠡᠶᠢᠲᠡ ᠶᠢᠨ ᠠᠰᠠᠷᠠᠮᠵᠢ ᠶᠢᠨ | ᠵᠠᠷᠭᠤ ᠶᠢᠨ ᠪᠠᠶᠢᠴᠠᠭᠠᠯᠲᠠ ᠶᠢ ᠨᠡᠩ ᠲᠣᠪᠣᠶᠢᠮ᠎ᠠ ᠪᠣᠯᠭᠠᠪᠠ᠃ ᠤᠯᠠᠨ ᠨᠡᠶᠢᠲᠡ ᠶᠢᠨ ᠠᠰᠢᠭ ᠲᠤᠰᠠ ᠶᠢ ᠬᠠᠮᠠᠭᠠᠯᠠᠬᠤ | ᠬᠠᠤᠯᠢ ᠪᠠᠷ ᠲᠣᠭᠲᠠᠭᠠᠭᠰᠠᠨ ᠲᠤᠰᠢᠶᠠᠯ ᠬᠠᠷᠢᠭᠤᠴᠠᠯᠭ᠎ᠠ ᠪᠠᠨ ᠢᠳᠡᠪᠬᠢᠲᠡᠢ ᠭᠦᠢᠴᠡᠳᠬᠡᠵᠦ᠂ ︽ᠨᠡᠮᠡᠭᠳᠡᠯ ᠢ | ᠲᠣᠭᠲᠠᠪᠤᠷᠢᠵᠢᠭᠤᠯᠬᠤ᠂ ᠶᠠᠰᠤ ᠴᠢᠨᠠᠷ ᠦᠷ᠎ᠡ ᠪᠦᠲᠦᠮᠵᠢ ᠶᠢ ᠳᠡᠭᠡᠭᠰᠢᠯᠡᠭᠦᠯᠬᠦ᠂ ᠬᠦᠷᠢᠶ᠎ᠡ ᠬᠡᠪᠴᠢᠶ᠎ᠡ ᠶᠢ ᠥᠷᠭᠡᠳᠬᠡᠬᠦ᠂ | ᠬᠠᠮᠵᠢᠯᠴᠠᠭ᠎ᠠ ᠶᠢ ᠴᠢᠩᠭᠠᠳᠬᠠᠬᠤ︾ ᠠᠷᠪᠠᠨ ᠬᠤᠶᠠᠷ ᠦᠰᠦᠭ ᠤᠨ ᠴᠢᠭᠯᠡᠯᠲᠡ ᠶᠢ ᠬᠢᠨᠠᠮᠠᠭᠠᠢ ᠨᠠᠶᠢᠳᠠᠪᠤᠷᠢᠵᠢᠭᠤᠯᠵᠤ᠂ | ᠨᠡᠶᠢᠲᠡ ᠶᠢᠨ ᠠᠰᠠᠷᠠᠮᠵᠢ ᠶᠢᠨ ᠵᠠᠷᠭᠤ ᠶᠢᠨ ᠨᠡᠷᠡᠳᠤ ᠲᠡᠮᠳᠡᠭᠲᠦ ᠶᠢᠨ ᠨᠡᠷ᠎ᠡ ᠶᠢᠨ ᠬᠠᠭᠤᠳᠠᠰᠤ ᠶᠢ ᠬᠦᠴᠦᠯᠡᠨ ᠠᠯᠳᠠᠷᠰᠢᠭᠤᠯᠵᠤ | ᠂ ᠨᠡᠶᠢᠲᠡ ᠶᠢᠨ ᠠᠰᠠᠷᠠᠮᠵᠢ ᠶᠢᠨ ᠵᠠᠷᠭᠤ ᠶᠢᠨ ᠪᠠᠶᠢᠴᠠᠭᠠᠬᠤ ᠨᠥᠯᠥᠭᠡᠯᠡᠬᠦ ᠬᠦᠴᠦᠨ ᠢ ᠳᠡᠭᠡᠭᠰᠢᠯᠡᠭᠦᠯᠪᠡ᠃ ᠪᠦᠬᠦ ᠵᠢᠯ ᠳᠤ | ᠠᠮᠢ ᠠᠬᠤᠢ ᠶᠢᠨ ᠣᠷᠴᠢᠨ ᠲᠣᠭᠤᠷᠢᠨ ᠪᠠ ᠡᠬᠢ ᠪᠠᠶᠠᠯᠢᠭ ᠤᠨ ᠬᠠᠮᠠᠭᠠᠯᠠᠯᠲᠠ᠂ ᠠᠶᠤᠯᠭᠦᠢ ᠦᠢᠯᠡᠳᠪᠦᠷᠢᠯᠡᠯ᠂ ᠢᠳᠡᠭᠡᠨ ᠤ | ᠵᠦᠢᠯ ᠡᠮ ᠤᠨ ᠵᠦᠢᠯ ᠤᠨ ᠠᠮᠤᠷ ᠲᠦᠪᠰᠢᠨ᠂ ᠨᠠᠰᠤᠨ ᠳᠤ ᠦᠯᠦ ᠬᠦᠷᠦᠭᠰᠡᠳ ᠤᠨ ᠬᠠᠤᠯᠢ ᠶᠣᠰᠣᠨ ᠤ ᠡᠷᠬᠡ | ᠠᠰᠢᠭ ᠤᠨ ᠬᠠᠮᠠᠭᠠᠯᠠᠯᠲᠠ᠂ ᠤᠯᠤᠰ ᠤᠨ ᠥᠮᠴᠢᠯᠡᠯ ᠤᠨ ᠡᠳ᠋ ᠬᠥᠷᠥᠩᠭᠡ ᠶᠢᠨ ᠬᠠᠮᠠᠭᠠᠯᠠᠯᠲᠠ᠂ ᠲᠡᠦᠬᠡ ᠶᠢᠨ ᠳᠤᠷᠠᠰᠬᠠᠯᠲᠤ | ᠵᠦᠢᠯ ᠪᠠ ᠰᠣᠶᠣᠯ ᠤᠨ ᠥᠪ ᠤᠨ ᠬᠠᠮᠠᠭᠠᠯᠠᠯᠲᠠ᠂ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠯ ᠤᠨ ᠡᠷᠬᠡ ᠶᠢᠨ | ᠬᠠᠮᠠᠭᠠᠯᠠᠯᠲᠠ ᠵᠡᠷᠭᠡ ᠳᠤ ᠬᠤᠯᠪᠣᠭᠳᠠᠭᠰᠠᠨ ᠨᠡᠶᠢᠲᠡ ᠶᠢᠨ ᠠᠰᠠᠷᠠᠮᠵᠢ ᠶᠢᠨ ᠵᠠᠷᠭᠤ ᠶᠢᠨ ᠬᠡᠷᠡᠭ ᠢ ᠨᠡᠶᠢᠳᠡ 55 ᠬᠤᠪᠢ | ᠰᠢᠢᠳᠪᠦᠷᠢᠯᠡᠵᠦ᠂ ᠠᠳᠠᠯᠢ ᠬᠤᠭᠤᠴᠠᠭᠠᠨ ᠤ ᠬᠢ ᠠᠴᠠ 103% ᠪᠠᠷ ᠨᠡᠮᠡᠭᠳᠡᠪᠡ᠃ ᠪᠠᠶᠢᠴᠠᠭᠠᠨ ᠰᠤᠳᠤᠯᠤᠯᠲᠠ ᠬᠢᠬᠦ ᠪᠠᠷ | ᠡᠭᠦᠷᠭᠡ ᠲᠤᠰᠢᠶᠠᠯ ᠢᠶᠠᠨ ᠭᠦᠢᠴᠡᠳ ᠭᠦᠢᠴᠡᠳᠬᠡᠬᠦ ᠶᠢ ᠠᠬᠢᠭᠤᠯᠵᠤ᠂ ᠳᠠᠯᠠᠢ ᠨᠠᠭᠤᠷ᠂ ᠶᠡᠭᠡ ᠬᠢᠩᠭᠠᠨ ᠳᠠᠪᠠᠭ᠎ᠠ᠂ | ᠰᠢᠷᠠᠮᠥ᠋ᠷᠡᠨ ᠤ ᠰᠠᠪᠠ ᠭᠠᠵᠠᠷ ᠵᠡᠷᠭᠡ ᠭᠤᠷᠪᠠᠨ ᠶᠡᠭᠡ ᠭᠤᠣᠯᠳᠠᠯᠭ᠎ᠠ ᠲᠠᠢ ᠠᠮᠢ ᠠᠬᠤᠢ ᠶᠢᠨ ᠣᠷᠴᠢᠨ ᠲᠣᠭᠤᠷᠢᠨ ᠤ ᠣᠷᠣᠨ | ᠪᠦᠰᠡ ᠳᠤ ᠭᠦᠨᠵᠡᠭᠡᠶᠢᠷᠡᠵᠦ᠂ ᠪᠠᠶᠢᠴᠠᠭᠠᠬᠤ᠂ ᠦᠵᠡᠬᠦ᠂ ᠰᠤᠷᠪᠤᠯᠵᠢᠯᠠᠬᠤ ᠵᠡᠷᠭᠡ ᠬᠡᠯᠪᠡᠷᠢ ᠪᠠᠷ ᠪᠣᠳᠠᠲᠤ ᠪᠠᠶᠢᠳᠠᠯ ᠢ | ᠣᠶᠢᠯᠠᠭᠠᠵᠤ᠂ ᠠᠰᠠᠭᠤᠳᠠᠯ ᠢ ᠡᠷᠢᠵᠦ᠂ ᠬᠤᠯᠪᠣᠭᠳᠠᠯ ᠪᠦᠬᠦᠢ ᠨᠢᠭᠡᠴᠡ ᠲᠠᠢ 5 ᠤᠳᠠᠭ᠎ᠠ ᠢᠳᠡᠪᠬᠢᠲᠡᠢ ᠪᠠᠷ ᠶᠠᠷᠢᠯᠴᠠᠵᠤ᠂ | ᠲᠤᠰᠬᠠᠢ ᠰᠡᠳᠦᠪᠲᠦ ᠬᠤᠷᠠᠯ ᠢ 4 ᠤᠳᠠᠭ᠎ᠠ ᠬᠤᠷᠠᠯᠳᠤᠭᠤᠯᠵᠤ᠂ ᠠᠰᠠᠭᠤᠳᠠᠯ ᠲᠠᠢ᠂ ᠠᠷᠭ᠎ᠠ ᠬᠡᠮᠵᠢᠶ᠎ᠡ ᠲᠠᠢ ᠪᠠᠶᠢᠴᠠᠭᠠᠨ | ᠰᠤᠳᠤᠯᠤᠯᠲᠠ ᠶᠢᠨ ᠮᠡᠳᠡᠭᠦᠯᠦᠯᠲᠡ ᠶᠢ 3 ᠬᠤᠪᠢ ᠪᠦᠷᠢᠯᠳᠦᠭᠦᠯᠵᠦ᠂ ᠠᠮᠢ ᠠᠬᠤᠢ ᠶᠢᠨ ᠣᠷᠴᠢᠨ ᠨᠥᠬᠦᠴᠡᠯ ᠤᠨ | ᠬᠠᠮᠠᠭᠠᠯᠠᠯᠲᠠ ᠶᠢᠨ ᠬᠡᠷᠡᠭᠵᠢᠭᠦᠯᠬᠦ ᠲᠥᠰᠥᠯ ᠢ 3 ᠬᠤᠪᠢ᠂ ᠣᠷᠣᠨ ᠪᠦᠰᠡ ᠠᠯᠤᠰᠯᠠᠨ ᠬᠠᠮᠵᠢᠯᠴᠠᠬᠤ ᠵᠣᠬᠢᠴᠠᠮᠵᠢ ᠶᠢ 3 | ᠬᠤᠪᠢ ᠲᠣᠭᠲᠠᠭᠠᠵᠤ᠂ ᠪᠠᠶᠢᠴᠠᠭᠠᠬᠤ ᠠᠵᠢᠯ ᠤᠨ ᠡᠭᠦᠷᠭᠡ ᠲᠤᠰᠢᠶᠠᠯ ᠢᠶᠠᠨ ᠭᠦᠢᠴᠡᠳᠬᠡᠵᠦ ᠠᠮᠢ ᠠᠬᠤᠢ ᠶᠢᠨ ᠣᠷᠴᠢᠨ | ᠨᠥᠬᠦᠴᠡᠯ ᠤᠨ ᠵᠠᠰᠠᠯᠲᠠ ᠶᠢ ᠠᠬᠢᠭᠤᠯᠬᠤ ᠳᠤ ᠪᠠᠲᠤ ᠪᠠᠬᠢ ᠰᠠᠭᠤᠷᠢ ᠶᠢ ᠲᠠᠯᠪᠢᠪᠠ᠃ ᠲᠤᠰᠬᠠᠢ ᠠᠵᠢᠯᠯᠠᠭᠠᠨ ᠢᠶᠠᠷ | ᠠᠰᠠᠭᠤᠳᠠᠯ ᠢ ᠵᠠᠰᠠᠬᠤ ᠶᠢ ᠠᠬᠢᠭᠤᠯᠵᠤ᠂ ᠭᠤᠣᠯ ᠮᠥᠷᠡᠨ ᠨᠠᠭᠤᠷ ᠴᠥᠭᠦᠷᠥᠮ ᠢ ᠬᠠᠮᠠᠭᠠᠯᠠᠬᠤ᠂ ᠬᠥᠳᠡᠭᠡ ᠲᠣᠰᠬᠤᠨ ᠤ | ᠬᠥᠮᠥᠰ ᠤᠨ ᠣᠷᠣᠰᠢᠨ ᠰᠠᠭᠤᠬᠤ ᠣᠷᠴᠢᠨ ᠨᠥᠬᠦᠴᠡᠯ ᠢ ᠵᠠᠰᠠᠬᠤ᠂ ᠲᠠᠷᠢᠶᠠᠯᠠᠩ ᠳᠤ ᠬᠡᠷᠡᠭᠯᠡᠬᠦ ᠭᠠᠵᠠᠷ ᠢ ᠬᠠᠤᠯᠢ ᠪᠤᠰᠤ ᠪᠠᠷ | ᠡᠵᠡᠯᠡᠨ ᠬᠡᠷᠡᠭᠯᠡᠭᠰᠡᠨ ᠬᠡᠷᠡᠭ ᠢ ︽ᠡᠷᠭᠢᠵᠦ ᠪᠠᠶᠢᠴᠠᠭᠠᠬᠤ︾ ᠵᠡᠷᠭᠡ ᠲᠤᠰᠬᠠᠢ ᠠᠵᠢᠯᠯᠠᠭ᠎ᠠ ᠶᠢ ᠥᠷᠨᠢᠭᠦᠯᠵᠦ᠂ 20 ᠬᠤᠪᠢ | ᠬᠡᠷᠡᠭ ᠪᠣᠯᠭᠠᠨ ᠲᠠᠩᠰᠠᠯᠠᠵᠤ᠂ ᠵᠠᠰᠠᠭ ᠵᠠᠬᠢᠷᠭᠠᠨ ᠤ ᠪᠠᠶᠢᠭᠤᠯᠤᠯᠭ᠎ᠠ ᠶᠢ ᠱᠠᠭᠠᠷᠳᠠᠨ 150 ᠭᠠᠷᠤᠢ ᠲᠣᠨ ᠬᠤᠭ ᠨᠣᠪᠰᠢ ᠶᠢ | ᠴᠡᠪᠡᠷᠯᠡᠭᠦᠯᠵᠦ᠂ 980 ᠭᠠᠷᠤᠢ ᠮᠦ ᠣᠶᠢᠲᠤ ᠭᠠᠵᠠᠷ ᠪᠡᠯᠴᠢᠭᠡᠷ ᠢ ᠰᠡᠷᠭᠦᠭᠡᠪᠡ᠃ ᠤᠯᠤᠰ ᠤᠨ ᠥᠮᠴᠢᠯᠡᠯᠲᠦ ᠡᠳ᠋ | ᠬᠥᠷᠥᠩᠭᠡ ᠶᠢ ᠬᠠᠮᠠᠭᠠᠯᠠᠬᠤ ᠲᠤᠰᠬᠠᠢ ᠠᠵᠢᠯᠯᠠᠭ᠎ᠠ ᠶᠢ ᠦᠷᠭᠦᠯᠵᠢᠯᠡᠨ ᠥᠷᠨᠢᠭᠦᠯᠵᠦ᠂ ᠰᠢᠭᠦᠬᠦ ᠬᠤᠷᠢᠶ᠎ᠠ ᠶᠢᠨ ᠭᠦᠢᠴᠡᠳᠬᠡᠬᠦ | ᠲᠠᠩᠰᠠ ᠡᠪᠬᠡᠮᠡᠯ ᠢ ᠰᠢᠯᠵᠢᠭᠦᠯᠦᠨ ᠠᠪᠬᠤ ᠪᠠᠷ ᠳᠠᠮᠵᠢᠭᠤᠯᠵᠤ᠂ ᠭᠠᠶᠢᠯᠢ ᠶᠢᠨ ᠶᠠᠪᠤᠳᠠᠯ ᠤᠨ ᠪᠠᠶᠢᠭᠤᠯᠤᠯᠭ᠎ᠠ ᠲᠠᠢ ᠭᠠᠶᠢᠯᠢ | ᠲᠤᠰᠢᠶᠠᠬᠤ ᠬᠠᠷᠢᠴᠠᠭᠤᠯᠤᠯ ᠬᠢᠵᠦ᠂ ᠲᠤᠬᠠᠢ ᠶᠢᠨ ᠬᠥᠮᠥᠨ ᠬᠦᠦ ᠮᠥᠩᠭᠦ ᠶᠢᠨ ᠵᠣᠭᠤᠰ ᠢ ᠭᠦᠢᠴᠡᠳᠬᠡᠬᠦ ᠳᠤ ᠬᠤᠪᠢ | ᠬᠥᠮᠥᠨ ᠤ ᠠᠰᠢᠭ ᠣᠷᠣᠯᠭ᠎ᠠ ᠶᠢᠨ ᠭᠠᠶᠢᠯᠢ ᠲᠤᠰᠢᠶᠠᠭᠰᠠᠨ ᠦᠭᠡᠢ ᠪᠠᠶᠢᠬᠤ ᠶᠢ ᠢᠯᠡᠷᠡᠭᠦᠯᠵᠦ᠂ ᠭᠠᠶᠢᠯᠢ ᠶᠢᠨ ᠶᠠᠪᠤᠳᠠᠯ ᠤᠨ | ᠪᠠᠶᠢᠭᠤᠯᠤᠯᠭ᠎ᠠ ᠶᠢ ᠱᠠᠭᠠᠷᠳᠠᠨ 5000 ᠭᠠᠷᠤᠢ ᠲᠥᠭᠦᠷᠢᠭ ᠤᠨ ᠭᠠᠶᠢᠯᠢ ᠶᠢᠨ ᠵᠣᠭᠤᠰ ᠲᠤᠰᠢᠶᠠᠯᠭᠠᠪᠠ᠃ ᠵᠣᠬᠢᠴᠠᠮᠵᠢ ᠶᠢᠨ | ᠪᠠᠶᠢᠭᠤᠯᠤᠯᠲᠠ ᠪᠠᠷ ᠬᠡᠷᠡᠭ ᠤᠨ ᠢᠷᠡᠯᠲᠡ ᠶᠢᠨ ᠰᠠᠭᠠᠳ ᠦᠭᠡᠢ ᠨᠡᠪᠲᠡᠷᠡᠬᠦ ᠶᠢ ᠠᠬᠢᠭᠤᠯᠵᠤ᠂ ︽ᠲᠦᠷᠪᠡᠨ ᠶᠡᠭᠡ | ᠪᠠᠶᠢᠴᠠᠭᠠᠯᠲᠠ︾ ᠶᠢᠨ ᠰᠦᠪᠡᠭᠴᠢ ᠶᠢ ᠬᠤᠣᠰ ᠴᠢᠭᠯᠡᠯ ᠢᠶᠠᠷ ᠰᠢᠯᠵᠢᠭᠦᠯᠦᠨ ᠲᠤᠰᠢᠶᠠᠬᠤ᠂ ᠬᠠᠮᠵᠢᠯᠴᠠᠨ ᠰᠢᠢᠳᠪᠦᠷᠢᠯᠡᠬᠦ | ᠵᠣᠬᠢᠴᠠᠮᠵᠢ ᠶᠢ ᠢᠳᠡᠪᠬᠢᠲᠡᠢ ᠪᠠᠷ ᠰᠦᠪᠡᠭᠴᠢᠯᠡᠨ ᠪᠠᠶᠢᠭᠤᠯᠪᠠ᠃ ᠡᠷᠡᠭᠦᠦ ᠶᠢᠨ ᠬᠡᠷᠡᠭ ᠤᠨ ᠳᠠᠭᠠᠯᠳᠤᠭᠰᠠᠨ ᠢᠷᠭᠡᠨ ᠤ | ᠬᠡᠷᠡᠭ ᠤᠨ ᠨᠡᠶᠢᠲᠡ ᠶᠢᠨ ᠠᠰᠠᠷᠠᠮᠵᠢ ᠶᠢᠨ ᠵᠠᠷᠭᠤ ᠶᠢᠨ ᠬᠡᠷᠡᠭ ᠢ 5 ᠬᠤᠪᠢ ᠰᠢᠢᠳᠪᠦᠷᠢᠯᠡᠵᠦ᠂ ᠠᠮᠢ ᠠᠬᠤᠢ ᠶᠢᠨ ᠣᠷᠴᠢᠨ | ᠲᠣᠭᠤᠷᠢᠨ ᠤ ᠦᠢᠯᠡᠴᠢᠯᠡᠭᠡᠨ ᠤ ᠴᠢᠳᠠᠮᠵᠢ ᠶᠢᠨ ᠬᠤᠬᠢᠷᠠᠯ ᠤᠨ ᠵᠠᠷᠤᠳᠠᠯ ᠢ 60 ᠲᠦᠮᠡᠨ ᠲᠥᠭᠦᠷᠢᠭ ᠪᠤᠴᠠᠭᠠᠨ ᠠᠪᠴᠢᠷᠠᠪᠠ | ᠃ ᠡᠭᠦᠨ ᠳᠤ ᠨᠢᠭᠡᠨ ᠺᠣᠮᠫᠠᠨᠢ ᠶᠢᠨ ᠲᠠᠷᠢᠶᠠᠯᠠᠩ ᠳᠤ ᠬᠡᠷᠡᠭᠯᠡᠬᠦ ᠭᠠᠵᠠᠷ ᠢ ᠬᠠᠤᠯᠢ ᠪᠤᠰᠤ ᠪᠠᠷ ᠡᠵᠡᠯᠡᠨ ᠬᠡᠷᠡᠭᠯᠡᠭᠰᠡᠨ | ᠡᠷᠡᠭᠦᠦ ᠶᠢᠨ ᠬᠡᠷᠡᠭ ᠤᠨ ᠳᠠᠭᠠᠯᠳᠤᠭᠰᠠᠨ ᠢᠷᠭᠡᠨ ᠤ ᠬᠡᠷᠡᠭ ᠤᠨ ᠨᠡᠶᠢᠲᠡ ᠶᠢᠨ ᠠᠰᠠᠷᠠᠮᠵᠢ ᠶᠢᠨ ᠵᠠᠷᠭᠤ ᠶᠢᠨ ᠬᠡᠷᠡᠭ ᠢ | ᠰᠢᠢᠳᠪᠦᠷᠢᠯᠡᠭᠰᠡᠨ ᠨᠢ ᠥᠪᠡᠷᠲᠡᠭᠡᠨ ᠵᠠᠰᠠᠬᠤ ᠣᠷᠣᠨ ᠤ ᠪᠠᠶᠢᠴᠠᠭᠠᠬᠤ ᠬᠤᠷᠢᠶ᠎ᠠ ᠳᠤ ︽ᠪᠥᠬᠦ ᠣᠷᠣᠨ ᠤ ᠪᠠᠶᠢᠴᠠᠭᠠᠬᠤ | ᠪᠠᠶᠢᠭᠤᠯᠤᠯᠭ᠎ᠠ ᠶᠢᠨ ᠨᠤᠲᠤᠭ ᠪᠡᠯᠴᠢᠭᠡᠷ ᠤᠨ ᠬᠠᠮᠠᠭᠠᠯᠠᠯᠲᠠ ᠶᠢᠨ ᠨᠡᠶᠢᠲᠡ ᠶᠢᠨ ᠠᠰᠠᠷᠠᠮᠵᠢ ᠶᠢᠨ ᠵᠠᠷᠭᠤ ᠶᠢᠨ ᠨᠡᠶᠢᠲᠡᠯᠢᠭ | ᠬᠡᠷᠡᠭ︾ ᠢᠶᠠᠷ ᠦᠨᠡᠯᠡᠭᠳᠡᠪᠡ᠃ | ᠭᠤᠷᠪᠠ᠂ ᠠᠷᠠᠳ ᠤᠨ ᠲᠥᠯᠥᠭᠡ ᠬᠠᠤᠯᠢ ᠪᠠᠷᠢᠬᠤ ᠶᠢ ᠦᠢᠯᠡᠳᠦᠯᠭᠡᠵᠢᠭᠦᠯᠵᠦ᠂ ᠭᠤᠣᠯᠳᠠᠯᠭ᠎ᠠ ᠲᠠᠢ ᠬᠥᠮᠥᠰ ᠤᠨ | ᠦᠨᠳᠦᠰᠦᠨ ᠡᠷᠬᠡ ᠠᠰᠢᠭ ᠢ ᠬᠠᠮᠠᠭᠠᠯᠠᠪᠠ | ᠢᠮᠠᠭᠲᠠ ᠠᠷᠠᠳ ᠲᠦᠮᠡᠨ ᠤ ᠵᠣᠭᠰᠣᠯᠲᠠ ᠲᠠᠢ ᠨᠢᠭᠡᠳᠦᠯᠲᠡᠢ ᠪᠠᠶᠢᠬᠤ ᠶᠢ ᠪᠠᠲᠤ ᠪᠠᠷᠢᠮᠲᠠᠯᠠᠵᠤ᠂ ᠪᠠᠶᠢᠴᠠᠭᠠᠬᠤ | ᠠᠵᠢᠯ ᠤᠨ ᠬᠠᠯᠠᠮᠵᠢ ᠶᠢ ᠤᠯᠠᠮ ᠨᠢᠭᠡ ᠠᠯᠬᠤᠮ ᠢᠯᠡᠷᠡᠭᠦᠯᠵᠦ᠂ ᠠᠷᠠᠳ ᠤᠯᠠᠨ ᠤ ᠣᠯᠣᠯᠲᠠᠲᠤ ᠲᠥᠷᠥᠭᠳᠡᠯ᠂ ᠵᠣᠯ | ᠵᠢᠷᠭᠠᠯᠲᠤ ᠲᠥᠷᠥᠭᠳᠡᠯ᠂ ᠠᠮᠤᠷ ᠲᠦᠪᠰᠢᠨ ᠤ ᠲᠥᠷᠥᠭᠳᠡᠯ ᠢ ᠨᠡᠩ ᠲᠡᠭᠦᠯᠳᠡᠷ᠂ ᠨᠡᠩ ᠪᠠᠲᠤᠯᠠᠭ᠎ᠠ ᠲᠠᠢ᠂ ᠨᠡᠩ | ᠦᠷᠭᠦᠯᠵᠢᠯᠡᠬᠦᠶᠢᠴᠡ ᠪᠣᠯᠭᠠᠪᠠ᠃ | ︵ᠨᠢᠭᠡ︶ ︽ᠨᠢᠭᠡᠳᠦᠭᠡᠷ ᠲᠣᠭᠠᠲᠤ ᠪᠠᠶᠢᠴᠠᠭᠠᠬᠤ ᠰᠠᠨᠠᠭᠤᠯᠭ᠎ᠠ︾ ᠶᠢ ᠨᠠᠶᠢᠳᠠᠪᠤᠷᠢᠵᠢᠭᠤᠯᠵᠤ᠂ ᠨᠠᠰᠤᠨ ᠳᠤ ᠦᠯᠤ | ᠬᠥᠷᠦᠭᠰᠡᠳ ᠤᠨ ᠡᠷᠡᠭᠦᠯ ᠢᠶᠠᠷ ᠦᠰᠦᠨ ᠪᠣᠶᠢᠵᠢᠬᠤ ᠶᠢ ᠰᠡᠳᠬᠢᠯ ᠲᠠᠯᠪᠢᠨ ᠬᠠᠮᠠᠭᠠᠯᠠᠪᠠ᠃ ︽ᠰᠤᠷᠭᠠᠨ ᠬᠥᠮᠥᠵᠢᠭᠦᠯᠬᠦ ᠪᠠᠷ | ᠭᠤᠣᠯ ᠪᠣᠯᠭᠠᠵᠤ᠂ ᠵᠠᠯᠬᠠᠭᠠᠨ ᠰᠢᠢᠳᠬᠡᠬᠦ ᠪᠠᠷ ᠬᠠᠪᠰᠤᠷᠤᠮᠵᠢ ᠪᠣᠯᠭᠠᠬᠤ︾ ᠬᠡᠷᠡᠭ ᠰᠢᠢᠳᠪᠦᠷᠢᠯᠡᠬᠦ ᠵᠠᠷᠴᠢᠮ ᠢ ᠪᠠᠷᠢᠮᠲᠠᠯᠠᠨ᠂ | ᠨᠠᠰᠤᠨ ᠳᠤ ᠦᠯᠤ ᠬᠥᠷᠦᠭᠰᠡᠳ ᠤᠨ ᠡᠷᠡᠭᠦᠦ ᠶᠢᠨ ᠬᠡᠷᠡᠭ ᠢ ᠪᠣᠯᠭᠤᠮᠵᠢᠲᠠᠢ ᠰᠢᠢᠳᠪᠦᠷᠢᠯᠡᠵᠦ᠂ ᠪᠦᠬᠦ ᠵᠢᠯ ᠳᠤ ᠨᠠᠰᠤᠨ ᠳᠤ | ᠦᠯᠤ ᠬᠥᠷᠦᠭᠰᠡᠳ ᠤᠨ ᠶᠠᠯ᠎ᠠ ᠬᠢᠭᠰᠡᠨ 3 ᠬᠡᠷᠡᠭ ᠤᠨ 4 ᠬᠥᠮᠥᠨ ᠢ ᠬᠢᠨᠠᠨ ᠪᠠᠶᠢᠴᠠᠭᠠᠨ ᠪᠠᠷᠢᠪᠴᠢᠯᠠᠬᠤ ᠶᠢ ᠭᠦᠢᠴᠡᠳᠬᠡᠵᠦ᠂ | 1 ᠬᠡᠷᠡᠭ ᠤᠨ 1 ᠬᠥᠮᠥᠨ ᠢ ᠪᠠᠷᠢᠪᠴᠢᠯᠠᠬᠤ ᠶᠢ ᠡᠰᠡ ᠵᠥᠪᠰᠢᠶᠡᠷᠡᠪᠡ︔ ᠨᠠᠰᠤᠨ ᠳᠤ ᠥᠯᠥ ᠬᠦᠷᠦᠭᠰᠡᠦᠠ ᠤᠨ ᠶᠠᠯ᠎ᠠ | ᠬᠢᠭᠰᠡᠨ 6 ᠬᠡᠷᠡᠭ ᠤᠨ 7 ᠬᠥᠮᠥᠨ ᠢ ᠬᠢᠨᠠᠨ ᠪᠠᠶᠢᠴᠠᠭᠠᠨ ᠵᠠᠭᠠᠯᠳᠤᠵᠤ᠂ 2 ᠬᠡᠷᠡᠭ ᠤᠨ 2 ᠬᠥᠮᠥᠨ ᠢ ᠥᠯᠥ ᠵᠠᠭᠠᠯᠳᠤᠪᠠ︔ | ᠨᠠᠰᠤᠨ ᠳᠤ ᠦᠯᠤ ᠬᠥᠷᠦᠭᠰᠡᠳ ᠤᠨ ᠣᠨᠴᠠ ᠵᠢᠷᠤᠮ ᠢ ᠨᠠᠶᠢᠳᠠᠪᠤᠷᠢᠵᠢᠭᠤᠯᠵᠤ᠂ ᠨᠠᠰᠤᠨ ᠳᠤ ᠦᠯᠤ ᠬᠥᠷᠦᠭᠰᠡᠳ ᠤᠨ | ᠶᠠᠯ᠎ᠠ ᠬᠢᠭᠰᠡᠨ ᠰᠡᠵᠢᠭᠲᠡᠨ ᠳᠤ ᠴᠠᠭ ᠲᠤᠬᠠᠢ ᠳᠤᠨᠢ ᠬᠠᠤᠯᠢ ᠴᠠᠭᠠᠵᠠ ᠶᠢᠨ ᠲᠤᠰᠠᠯᠠᠮᠵᠢ ᠶᠢ 10 ᠭᠠᠷᠤᠢ ᠤᠳᠠᠭ᠎ᠠ | ᠬᠠᠩᠭᠠᠵᠤ᠂ ᠨᠡᠶᠢᠭᠡᠮ ᠤᠨ ᠪᠠᠶᠢᠴᠠᠭᠠᠯᠲᠠ ᠶᠢ 70 ᠬᠥᠮᠥᠨ ᠤᠳᠠᠭ᠎ᠠ ᠥᠷᠨᠢᠭᠦᠯᠵᠦ᠂ ᠰᠡᠳᠬᠢᠴᠡ ᠶᠢᠨ ᠵᠢᠯᠣᠭᠤᠳᠤᠯᠭ᠎ᠠ ᠶᠢ | 3 ᠤᠳᠠᠭ᠎ᠠ ᠬᠢᠵᠦ᠂ ᠶᠠᠯ᠎ᠠ ᠬᠢᠭᠰᠡᠨ ᠲᠡᠮᠳᠡᠭᠯᠡᠯ ᠢ 5 ᠬᠥᠮᠥᠨ ᠤᠳᠠᠭ᠎ᠠ ᠪᠢᠲᠡᠭᠦᠮᠵᠢᠯᠡᠨ ᠬᠠᠳᠠᠭᠠᠯᠠᠪᠠ᠃ ᠨᠠᠰᠤᠨ ᠳᠤ ᠥᠯᠥ | ᠬᠦᠷᠦᠭᠰᠡᠦᠠ ᠲᠤ ᠬᠠᠯᠳᠠᠭᠰᠠᠨ ᠶᠠᠯᠠᠲᠤ ᠠᠵᠢᠯᠯᠠᠭ᠎ᠠ ᠶᠢ ᠴᠢᠩᠭ᠎ᠠ ᠰᠢᠢᠳᠬᠡᠵᠦ᠂ ᠨᠠᠰᠤᠨ ᠳᠤ ᠥᠯᠥ ᠬᠦᠷᠦᠭᠰᠡᠦᠠ ᠲᠤ | ᠬᠠᠯᠳᠠᠭᠰᠠᠨ ᠶᠠᠯᠠᠲᠤ ᠬᠡᠷᠡᠭ ᠤᠨ 8 ᠬᠡᠷᠡᠭ ᠤᠨ 13 ᠬᠥᠮᠥᠨ ᠢ ᠰᠢᠢᠳᠪᠦᠷᠢᠯᠡᠵᠦ᠂ 13 ᠬᠥᠮᠥᠨ ᠢ ᠨᠢᠭᠡᠨᠲᠡ ᠪᠦᠬᠦᠠ ᠢ | ᠪᠣᠳᠠᠲᠤ ᠡᠷᠡᠭᠦᠦ ᠪᠠᠷ ᠴᠢᠩᠭ᠎ᠠ ᠰᠢᠢᠳᠬᠡᠪᠡ᠃ ᠬᠠᠮᠵᠢᠯᠴᠠᠨ ᠬᠤᠯᠪᠣᠭᠠᠯᠠᠨ ᠬᠥᠳᠡᠯᠦᠯᠴᠡᠬᠦ ᠶᠢ ᠴᠢᠩᠭᠠᠳᠬᠠᠵᠤ᠂ ᠨᠠᠰᠤᠨ ᠳᠤ | ᠥᠯᠥ ᠭᠦᠷᠦᠭᠰᠡᠳ ᠤᠨ ᠶᠡᠷᠦᠩᠬᠡᠶᠢᠯᠡᠭᠰᠡᠨ ᠬᠠᠮᠠᠭᠠᠯᠠᠯᠲᠠ ᠶᠢᠨ ᠬᠠᠮᠲᠤᠷᠠᠯ ᠬᠦᠴᠦᠨ ᠢ ᠳᠡᠭᠡᠭᠰᠢᠯᠡᠭᠦᠯᠵᠦ᠂ ᠡᠷᠬᠡ | ᠲᠤᠰᠢᠶᠠᠯᠲᠤ ᠰᠠᠯᠠᠭ᠎ᠠ ᠮᠥᠴᠢᠷ ᠲᠠᠢ ᠬᠠᠮᠲᠤᠷᠠᠨ 3 ᠤᠳᠠᠭ᠎ᠠ ᠲᠤᠰᠬᠠᠢ ᠪᠠᠶᠢᠴᠠᠭᠠᠯᠲᠠ ᠥᠷᠨᠢᠭᠦᠯᠵᠦ᠂ ᠰᠤᠷᠭᠠᠭᠤᠯᠢ ᠶᠢᠨ | ᠬᠦᠷᠢᠶᠡᠨ ᠤ ᠡᠷᠬᠢᠨ ᠲᠣᠭᠤᠷᠢᠨ ᠤ ᠣᠷᠴᠢᠨ ᠲᠣᠭᠤᠷᠢᠨ ᠤ ᠵᠠᠰᠠᠯᠲᠠ᠂ ᠵᠤᠭ᠎ᠠ ᠴᠡᠩᠭᠡᠯ ᠤᠨ ᠲᠠᠯᠠᠪᠤᠷ ᠲᠤ ᠲᠣᠭᠲᠠᠭᠠᠯ | ᠠᠴᠠ ᠵᠥᠷᠢᠴᠡᠨ ᠨᠠᠰᠤᠨ ᠳᠤ ᠥᠯᠥ ᠭᠦᠷᠦᠭᠰᠡᠳ ᠢ ᠭᠥᠯᠢᠶᠡᠨ ᠠᠪᠤᠭᠰᠠᠨ᠂ ᠬᠤᠳᠠᠯᠳᠤᠭᠠᠴᠢᠨ ᠲᠣᠭᠲᠠᠭᠠᠯ ᠠᠴᠠ | ᠵᠥᠷᠢᠴᠡᠨ ᠨᠠᠰᠤᠨ ᠳᠤ ᠥᠯᠥ ᠭᠦᠷᠦᠭᠰᠡᠳ ᠲᠤ ᠠᠷᠢᠬᠢ ᠬᠤᠳᠠᠯᠳᠤᠭᠰᠠᠨ ᠵᠡᠷᠭᠡ 5 ᠠᠰᠠᠭᠤᠳᠠᠯ ᠢ ᠢᠯᠡᠷᠡᠭᠦᠯᠵᠦ᠂ ᠬᠠᠤᠯᠢ | ᠴᠠᠭᠠᠵᠠ ᠶᠢᠨ ᠬᠢᠨᠠᠯᠲᠠ ᠲᠠᠯᠪᠢᠬᠤ ᠬᠡᠷᠡᠭ ᠢ 5 ᠬᠤᠪᠢ ᠰᠢᠢᠳᠪᠦᠷᠢᠯᠡᠵᠦ᠂ ᠪᠠᠶᠢᠴᠠᠭᠠᠬᠤ ᠰᠠᠨᠠᠭᠤᠯᠭ᠎ᠠ 3 ᠬᠤᠪᠢ | ᠲᠠᠷᠬᠠᠭᠠᠵᠤ᠂ ᠡᠳᠦᠭᠡ ᠨᠢᠭᠡᠨᠲᠡ ᠪᠦᠬᠦᠨ ᠢ ᠴᠡᠭᠴᠡᠯᠡᠨ ᠰᠠᠶᠢᠵᠢᠷᠠᠭᠤᠯᠬᠤ ᠪᠠᠷ ᠱᠠᠭᠠᠷᠳᠠᠪᠠ︔ ᠮᠠᠨ ᠤ ᠬᠤᠰᠢᠭᠤᠨ ᠳᠤ | ᠡᠭᠦᠰᠦᠭᠰᠡᠨ ᠰᠤᠷᠭᠠᠭᠤᠯᠢ ᠶᠢᠨ ᠬᠦᠷᠢᠶᠡᠨ ᠤ ᠪᠡᠯᠭᠡ ᠶᠢᠨ ᠬᠠᠯᠳᠠᠯᠭ᠎ᠠ ᠪᠠ ᠲᠦᠷᠢᠶᠡᠰᠦᠨ ᠮᠠᠰᠢᠨ ᠲᠡᠷᠭᠡᠨ ᠤ ᠠᠵᠢᠯᠲᠠᠨ | ᠨᠠᠰᠤᠨ ᠳᠤ ᠥᠯᠥ ᠭᠦᠷᠦᠭᠰᠡᠳ ᠢ ᠲᠠᠨᠢᠯᠴᠠᠭᠤᠯᠵᠤ᠂ ᠦᠯᠡᠳᠡᠭᠡᠵᠦ ᠶᠠᠩᠬᠠᠯᠠᠭᠤᠯᠤᠭᠰᠠᠨ ᠠᠰᠠᠭᠤᠳᠠᠯ ᠳᠤ ᠴᠢᠭᠯᠡᠭᠦᠯᠵᠦ᠂ | ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ᠂ ᠵᠠᠮ ᠬᠠᠷᠢᠯᠴᠠᠭᠠᠨ ᠤ ᠲᠣᠪᠴᠢᠶ᠎ᠠ᠂ ᠰᠤᠷᠭᠠᠨ ᠬᠥᠮᠦᠵᠢᠯ ᠤᠨ | ᠲᠣᠪᠴᠢᠶ᠎ᠠ ᠵᠡᠷᠭᠡ ᠣᠯᠠᠨ ᠰᠠᠯᠠᠭ᠎ᠠ ᠮᠥᠴᠢᠷ ᠲᠠᠢ ᠬᠠᠮᠲᠤᠷᠠᠨ ᠬᠡᠷᠡᠭ ᠢᠶᠠᠷ ᠵᠠᠰᠠᠬᠤ ᠶᠢ ᠠᠬᠢᠭᠤᠯᠬᠤ ᠠᠵᠢᠯᠯᠠᠭᠠᠨ ᠢ 2 | ᠤᠳᠠᠭ᠎ᠠ ᠥᠷᠨᠢᠭᠦᠯᠵᠦ᠂ ᠠᠵᠢᠯ ᠲᠥᠷᠥᠯ ᠤᠨ ᠵᠠᠰᠠᠯᠲᠠ ᠶᠢ ᠠᠬᠢᠭᠤᠯᠪᠠ᠃ ᠨᠠᠰᠤᠨ ᠳᠤ ᠥᠯᠥ ᠭᠦᠷᠦᠭᠰᠡᠳ ᠤᠨ | ᠬᠠᠮᠠᠭᠠᠯᠠᠯᠲᠠ ᠶᠢ ᠨᠡᠶᠢᠭᠡᠮᠴᠢᠯᠡᠬᠦ ᠠᠵᠢᠯᠯᠠᠭ᠎ᠠ ᠶᠢ ᠯᠠᠪᠳᠠᠭᠤᠨ ᠪᠠᠲᠤᠲᠠᠢ ᠥᠷᠨᠢᠭᠦᠯᠵᠦ᠂ ᠬᠦᠴᠢᠷᠳᠡᠯ ᠳᠤ ᠲᠤᠯᠭᠠᠷᠠᠭᠰᠠᠨ | ᠬᠡᠦᠬᠡᠳ ᠢ ᠲᠣᠬᠤᠨᠢᠭᠤᠯᠬᠤ ᠠᠵᠢᠯᠯᠠᠭᠠᠨ ᠢ 3 ᠤᠳᠠᠭ᠎ᠠ ᠥᠷᠨᠢᠭᠦᠯᠵᠦ᠂ ᠭᠡᠷ ᠪᠦᠯᠢ ᠶᠢᠨ ᠬᠥᠮᠦᠵᠢᠯ ᠤᠨ | ᠵᠢᠯᠣᠭᠤᠳᠤᠯᠭ᠎ᠠ ᠶᠢ 3 ᠤᠳᠠᠭ᠎ᠠ ᠥᠷᠨᠢᠭᠦᠯᠵᠦ᠂ ︽ᠬᠠᠤᠯᠢ ᠪᠠᠷ ᠵᠠᠰᠠᠬᠤ ᠶᠢ ᠰᠤᠷᠭᠠᠭᠤᠯᠢ ᠶᠢᠨ ᠬᠦᠷᠢᠶᠡᠨ ᠳᠤ | ᠭᠦᠨᠵᠡᠭᠡᠶᠢᠷᠡᠭᠦᠯᠬᠦ︾ ᠥᠪᠡᠷᠮᠢᠴᠡ ᠣᠨᠴᠠᠯᠢᠭᠲᠤ ᠤᠬᠠᠭᠤᠯᠭ᠎ᠠ ᠶᠢᠨ ᠠᠵᠢᠯᠯᠠᠭᠠᠨ ᠢ 10 ᠭᠠᠷᠤᠢ ᠤᠳᠠᠭ᠎ᠠ ᠥᠷᠨᠢᠭᠦᠯᠵᠦ᠂ | ᠳᠠᠭᠤᠷᠢᠶᠠᠮᠠᠯ ᠰᠢᠭᠦᠬᠦ ᠲᠢᠩᠬᠢᠮ᠂ ᠲᠢᠩᠬᠢᠮ ᠤᠨ ᠰᠢᠭᠦᠯᠲᠡ ᠶᠢᠨ ᠲᠣᠭᠤᠷᠢᠨ ᠦᠵᠡᠬᠦ ᠠᠵᠢᠯᠯᠠᠭᠠᠨ ᠢ 5 ᠤᠳᠠᠭ᠎ᠠ ᠵᠣᠬᠢᠶᠠᠨ | ᠪᠠᠶᠢᠭᠤᠯᠵᠤ᠂ ᠨᠠᠰᠤᠨ ᠳᠤ ᠥᠯᠥ ᠭᠦᠷᠦᠭᠰᠡᠳ ᠤᠨ ᠬᠠᠤᠯᠢ ᠪᠠᠷ ᠵᠠᠰᠠᠬᠤ ᠦᠵᠡᠯ ᠤᠬᠠᠮᠰᠠᠷ ᠢ ᠦᠨᠡᠨᠬᠦ ᠳᠡᠭᠡᠭᠰᠢᠯᠡᠭᠦᠯᠪᠡ᠃ | | ︵ᠬᠤᠶᠠᠷ︶ ᠬᠥᠳᠡᠯᠮᠦᠷᠢᠴᠢᠳ ᠤᠨ ᠡᠷᠬᠡ ᠠᠰᠢᠭ ᠤᠨ ᠬᠠᠮᠠᠭᠠᠯᠠᠯᠲᠠ ᠶᠢ ᠲᠡᠭᠦᠯᠳᠡᠷᠵᠢᠭᠦᠯᠵᠦ᠂ ᠬᠥᠯᠥᠰᠦᠨ | ᠠᠵᠢᠯᠴᠢᠨ ᠤ ︽ᠴᠠᠯᠢᠩ ᠢᠶᠠᠨ ᠣᠯᠬᠤ ᠳᠤ ᠬᠦᠴᠢᠷᠲᠡᠢ︾ ᠪᠠᠶᠢᠬᠤ ᠠᠰᠠᠭᠤᠳᠠᠯ ᠢ ᠬᠦᠴᠦᠯᠡᠨ ᠰᠢᠢᠳᠪᠦᠷᠢᠯᠡᠪᠡ᠃ ︽ | ᠪᠠᠶᠢᠴᠠᠭᠠᠬᠤ ᠡᠭᠦᠷᠭᠡ ᠴᠢᠳᠠᠪᠤᠷᠢ ᠪᠠᠨ ᠭᠦᠢᠴᠡᠳ ᠪᠠᠳᠠᠷᠠᠭᠤᠯᠵᠤ ᠬᠥᠯᠥᠰᠦᠨ ᠠᠵᠢᠯᠴᠢᠨ ᠤ ᠴᠠᠯᠢᠩ ᠢ ᠤᠳᠠᠭᠠᠰᠢᠷᠠᠭᠤᠯᠤᠨ | ᠥᠷᠢᠲᠦᠵᠦ ᠪᠠᠶᠢᠭ᠎ᠠ ᠠᠰᠠᠭᠤᠳᠠᠯ ᠢ ᠰᠢᠢᠳᠪᠦᠷᠢᠯᠡᠬᠦ ᠳᠤ ᠬᠠᠤᠯᠢ ᠶᠣᠰᠣᠭᠠᠷ ᠬᠦᠴᠦᠨ ᠨᠡᠮᠡᠷᠢᠯᠡᠬᠦ ᠲᠤᠬᠠᠢ ᠲᠤᠰᠬᠠᠢ | ᠠᠵᠢᠯᠯᠠᠭᠠᠨ ᠤ ᠠᠵᠢᠯ ᠤᠨ ᠲᠥᠰᠥᠯ︾ ᠢ ᠲᠣᠭᠲᠠᠭᠠᠵᠤ᠂ ᠵᠠᠬᠢᠳᠠᠯ ᠰᠣᠷᠪᠤᠯᠵᠢᠯᠠᠭ᠎ᠠ᠂ ᠬᠥᠮᠥᠨ ᠤ ᠬᠦᠴᠦᠨ ᠤ ᠡᠬᠢ | ᠪᠠᠶᠠᠯᠢᠭ ᠵᠡᠷᠭᠡ ᠰᠠᠯᠠᠭ᠎ᠠ ᠮᠥᠴᠢᠷ ᠲᠠᠢ ᠮᠡᠳᠡᠭᠡ ᠵᠠᠩᠭᠢ ᠨᠡᠪᠲᠡᠷᠡᠯᠴᠡᠬᠦ᠂ ᠬᠡᠷᠡᠭ ᠢ ᠵᠥᠪᠳᠡᠯᠴᠡᠬᠦ᠂ ᠰᠦᠪᠡᠭᠴᠢ ᠰᠢᠯᠵᠢᠭᠦᠯᠦᠨ | ᠬᠦᠷᠭᠡᠬᠦ ᠵᠡᠷᠭᠡ ᠵᠣᠬᠢᠴᠠᠭᠤᠯᠤᠨ ᠬᠤᠯᠪᠣᠭᠠᠯᠠᠨ ᠬᠥᠳᠡᠯᠦᠯᠴᠡᠬᠦ ᠵᠣᠬᠢᠴᠠᠮᠵᠢ ᠶᠢ ᠪᠠᠶᠢᠭᠤᠯᠤᠨ ᠪᠦᠷᠢᠨᠰᠢᠭᠦᠯᠵᠤ᠂ ᠬᠥᠯᠥᠰᠦᠨ | ᠠᠵᠢᠯᠴᠢᠨ ᠤ ᠬᠠᠤᠯᠢ ᠴᠠᠭᠠᠵᠠ ᠶᠢᠨ ᠮᠡᠳᠡᠯᠭᠡ ᠳᠤᠲᠠᠮᠠᠭ᠂ ᠭᠡᠷᠡᠴᠢ ᠪᠠᠷᠢᠮᠲᠠ ᠶᠢ ᠬᠠᠳᠠᠭᠠᠯᠠᠬᠤ ᠤᠬᠠᠮᠰᠠᠷ ᠪᠠᠭᠤᠷᠠᠢ ᠵᠡᠷᠭᠡ | ᠪᠠᠶᠢᠳᠠᠯ ᠳᠤ ᠴᠢᠭᠯᠡᠭᠦᠯᠵᠦ᠂ ᠬᠠᠤᠯᠢ ᠴᠠᠭᠠᠵᠠ ᠶᠢᠨ ᠵᠥᠪᠯᠡᠯᠭᠡ ᠬᠠᠩᠭᠠᠬᠤ᠂ ᠭᠡᠷᠡᠴᠢ ᠪᠠᠷᠢᠮᠲᠠ ᠶᠢ ᠬᠠᠮᠵᠢᠨ ᠴᠤᠭᠯᠠᠭᠤᠯᠬᠤ᠂ | ᠵᠠᠭᠠᠯᠳᠤᠯᠭ᠎ᠠ ᠶᠢ ᠳᠡᠮᠵᠢᠬᠦ ᠰᠠᠨᠠᠯ ᠳᠤᠷᠠᠳᠬᠤ᠂ ᠬᠠᠤᠯᠢ ᠴᠠᠭᠠᠵᠠ ᠶᠢᠨ ᠲᠤᠰᠠᠯᠠᠮᠵᠢ ᠵᠣᠬᠢᠴᠠᠭᠤᠯᠤᠨ ᠬᠠᠩᠭᠠᠬᠤ ᠵᠡᠷᠭᠡ | ᠠᠷᠭ᠎ᠠ ᠮᠠᠶ᠋ᠢᠭ ᠢᠶᠠᠷ ᠳᠠᠮᠵᠢᠭᠤᠯᠤᠨ᠂ ᠴᠠᠯᠢᠩ ᠢᠶᠠᠨ ᠨᠡᠬᠡᠬᠦ ᠬᠥᠯᠥᠰᠦᠨ ᠠᠵᠢᠯᠴᠢᠨ ᠳᠤ ᠬᠠᠪᠰᠤᠷᠤᠯᠭ᠎ᠠ ᠬᠠᠩᠭᠠᠵᠤ᠂ | ᠲᠤᠬᠠᠢ ᠶᠢᠨ ᠬᠥᠮᠥᠨ ᠤ ᠵᠠᠭᠠᠯᠳᠤᠬᠤ ᠡᠷᠬᠡ ᠶᠢᠨ ᠦᠨᠡᠨᠬᠦ ᠡᠷᠬᠡ ᠲᠡᠭᠰᠢ ᠪᠠᠶᠢᠬᠤ ᠶᠢ ᠪᠦᠬᠦ ᠬᠦᠴᠦᠨ ᠢᠶᠠᠷ ᠢᠶᠠᠨ ᠪᠠᠲᠤᠯᠠᠪᠠ᠃ | ᠪᠦᠬᠦ ᠵᠢᠯ ᠳᠤ ᠵᠠᠭᠠᠯᠳᠤᠯᠭ᠎ᠠ ᠶᠢ ᠳᠡᠮᠵᠢᠭᠰᠡᠨ 15 ᠬᠡᠷᠡᠭ ᠢ ᠰᠢᠢᠳᠪᠦᠷᠢᠯᠡᠵᠦ᠂ 15 ᠬᠡᠷᠡᠭ ᠢ ᠰᠢᠭᠦᠨ ᠳᠠᠭᠤᠰᠬᠠᠵᠤ᠂ | 12 ᠲᠦᠮᠡ ᠭᠠᠷᠤᠢ ᠲᠥᠭᠦᠷᠢᠭ ᠤᠨ ᠬᠥᠳᠡᠯᠮᠦᠷᠢ ᠶᠢᠨ ᠬᠥᠯᠥᠰᠦ ᠣᠯᠭᠤᠮᠵᠢ ᠶᠢ ᠨᠡᠬᠡᠮᠵᠢᠯᠡᠨ ᠠᠪᠴᠢᠷᠠᠪᠠ᠃ ᠭᠤᠷᠪᠠᠨ | ᠵᠢᠯ ᠤᠨ ᠲᠤᠷᠰᠢ᠂ ᠬᠥᠯᠥᠰᠦᠨ ᠠᠵᠢᠯᠴᠢᠨ ᠢ ᠬᠠᠪᠰᠤᠷᠤᠨ ᠵᠠᠭᠤᠨ ᠲᠦᠮᠡᠨ ᠲᠥᠭᠦᠷᠢᠭ ᠤᠨ ᠴᠠᠯᠢᠩ ᠢ ᠨᠢ ᠪᠤᠴᠠᠭᠠᠨ | ᠠᠪᠴᠢᠷᠠᠵᠤ᠂ ᠬᠥᠯᠥᠰᠦᠨ ᠠᠵᠢᠯᠴᠢᠨ ᠢ ︽ᠴᠠᠯᠢᠩ︾ ᠤᠨ ᠲᠥᠯᠥᠭᠡ ᠰᠠᠨᠠᠭᠠᠰᠢᠷᠠᠵᠤ ︽ᠬᠠᠷᠠᠮᠵᠢ︾ ᠶᠢᠨ ᠲᠥᠯᠥᠭᠡ | ᠵᠣᠪᠠᠨᠢᠬᠤ ᠦᠭᠡᠢ ᠪᠠᠶᠢᠯᠭᠠᠬᠤ ᠪᠠᠷ ᠴᠢᠷᠮᠠᠶᠢᠪᠠ᠃ | ︵ᠭᠤᠷᠪᠠ︶ ᠠᠷᠠᠳ ᠤᠨ ᠲᠥᠯᠥᠭᠡ ᠪᠠᠶᠢᠴᠠᠭᠠᠬᠤ ᠬᠠᠯᠠᠮᠵᠢ ᠶᠢ ᠳᠠᠮᠵᠢᠭᠤᠯᠵᠤ᠂ ᠬᠦᠴᠢᠷᠳᠡᠯ ᠲᠠᠢ ᠤᠯᠠᠨ | ᠲᠦᠮᠡᠨ ᠳᠤ ᠬᠠᠤᠯᠢ ᠴᠠᠭᠠᠵᠠ ᠶᠢᠨ ᠲᠤᠰᠠᠯᠠᠮᠵᠢ ᠦᠵᠡᠭᠦᠯᠬᠦ ᠶᠢ ᠢᠳᠡᠪᠬᠢᠲᠡᠢ ᠠᠬᠢᠭᠤᠯᠪᠠ᠃ ᠬᠠᠤᠯᠢ ᠴᠠᠭᠠᠵᠠ ᠶᠢᠨ | ᠠᠪᠤᠷᠠᠨ ᠲᠤᠰᠠᠯᠠᠬᠤ ᠣᠶᠢᠯᠠᠭᠠᠭᠳᠠᠬᠤᠨ ᠢ ᠬᠤᠪᠢᠷᠠᠭᠤᠯᠵᠤ᠂ ︽ᠠᠪᠤᠷᠠᠨ ᠲᠤᠰᠠᠯᠠᠬᠤ ᠶᠣᠰᠣᠲᠠᠢ ᠪᠦᠬᠦᠨ ᠳᠤ ᠲᠤᠰᠠᠯᠠᠮᠵᠢ | ᠦᠵᠡᠭᠦᠯᠬᠦ︾ ᠵᠠᠷᠴᠢᠮ ᠢ ᠪᠠᠷᠢᠮᠲᠠᠯᠠᠵᠤ᠂ ᠬᠠᠤᠯᠢ ᠴᠠᠭᠠᠵᠠ ᠶᠢᠨ ᠠᠪᠤᠷᠠᠨ ᠲᠤᠰᠠᠯᠠᠬᠤ ᠠᠵᠢᠯ ᠤᠨ ᠵᠣᠬᠢᠴᠠᠮᠵᠢ ᠶᠢ ᠤᠯᠠᠮ | ᠨᠢᠭᠡ ᠠᠯᠬᠤᠮ ᠲᠡᠭᠦᠯᠳᠡᠷᠵᠢᠭᠦᠯᠵᠦ᠂ ᠠᠪᠤᠷᠠᠨ ᠲᠤᠰᠠᠯᠠᠬᠤ ᠰᠦᠪᠡᠭᠴᠢ ᠶᠢ ᠰᠠᠯᠠᠭ᠎ᠠ ᠮᠥᠴᠢᠷ ᠠᠯᠤᠰᠯᠠᠨ᠂ ᠨᠢᠭᠡᠴᠡ | ᠠᠯᠤᠰᠯᠠᠨ ᠰᠢᠯᠵᠢᠭᠦᠯᠦᠨ ᠬᠦᠷᠭᠡᠬᠦ ᠶᠢ ᠴᠢᠩᠭᠠᠳᠬᠠᠵᠤ᠂ ᠣᠨᠣᠪᠴᠢᠲᠠᠢ ᠪᠠᠷ ᠪᠦᠲᠦᠮᠵᠢᠲᠡᠶ ᠪᠠᠷ ᠠᠪᠤᠷᠠᠨ ᠲᠤᠰᠠᠯᠠᠬᠤ ᠶᠢ | ᠪᠡᠶᠡᠯᠡᠭᠦᠯᠪᠡ᠃ ᠪᠥᠬᠦ ᠵᠢᠯ ᠳᠤ ᠤᠯᠤᠰ ᠤᠨ ᠬᠠᠤᠯᠢ ᠴᠠᠭᠠᠵᠠ ᠶᠢᠨ ᠠᠪᠤᠷᠠᠨ ᠲᠤᠰᠠᠯᠠᠯᠲᠠ ᠶᠢᠨ ᠬᠡᠷᠡᠭ ᠢ ᠨᠡᠶᠢᠲᠡ 38 | ᠬᠡᠷᠡᠭ ᠤᠨ 38 ᠬᠥᠮᠥᠨ ᠢ ᠰᠢᠢᠳᠪᠦᠷᠢᠯᠡᠵᠦ᠂ 32.3 ᠲᠦᠮᠡᠨ ᠲᠥᠭᠦᠷᠢᠭ ᠤᠨ ᠠᠪᠤᠷᠠᠨ ᠲᠤᠰᠠᠯᠠᠯᠲᠠ ᠶᠢᠨ ᠮᠥᠩᠭᠦ | ᠲᠠᠷᠬᠠᠭᠠᠵᠤ᠂ ᠠᠳᠠᠯᠢ ᠬᠤᠭᠤᠴᠠᠭᠠᠨ ᠤ ᠬᠢ ᠠᠴᠠ ᠲᠣᠰ ᠲᠣᠰ 530% ᠪᠠ 181% ᠪᠠᠷ ᠨᠡᠮᠡᠭᠳᠡᠪᠡ᠃ ᠬᠦᠴᠢᠷᠳᠡᠯ | ᠲᠠᠢ ᠡᠮᠡᠭᠲᠡᠶᠢᠴᠦᠳ ᠪᠠ ᠬᠡᠦᠬᠡᠳ ᠢ ᠠᠪᠤᠷᠠᠨ ᠲᠤᠰᠠᠯᠠᠬᠤ ᠡᠷᠴᠢᠮ ᠢᠶᠠᠨ ᠴᠢᠩᠭᠠᠷᠠᠭᠤᠯᠵᠤ᠂ ᠪᠥᠬᠦ ᠵᠢᠯ ᠳᠤ ᠨᠠᠰᠤᠨ ᠳᠤ | ᠥᠯᠥ ᠬᠦᠷᠦᠭᠰᠡᠨ 9 ᠬᠥᠮᠥᠨ᠂ ᠬᠦᠴᠢᠷᠳᠡᠯ ᠲᠠᠢ ᠡᠮᠡᠭᠲᠡᠶᠢᠴᠦᠳ 13 ᠬᠥᠮᠥᠨ ᠢ ᠠᠪᠤᠷᠠᠨ ᠲᠤᠰᠠᠯᠠᠵᠤ᠂ ᠪᠥᠬᠦ ᠠᠪᠤᠷᠠᠨ | ᠲᠤᠰᠠᠯᠠᠭᠰᠠᠨ ᠬᠥᠮᠥᠨ ᠤ ᠲᠣᠭᠠᠨ ᠤ 57.8% ᠶᠢ ᠡᠵᠡᠯᠡᠪᠡ᠃ ᠠᠪᠤᠷᠠᠨ ᠲᠤᠰᠠᠯᠠᠬᠤ ᠪᠡᠯᠡ ᠮᠥᠩᠭᠦᠨ ᠤ ᠢᠷᠡᠯᠲᠡ ᠶᠢ | ᠥᠷᠭᠡᠳᠬᠡᠵᠦ᠂ ᠬᠤᠰᠢᠭᠤᠨ ᠤ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ ᠲᠠᠢ ᠬᠤᠯᠪᠣᠭᠠᠯᠠᠨ ᠬᠠᠶᠢᠷ᠎ᠠ ᠬᠠᠯᠠᠮᠵᠢ ᠶᠢᠨ ᠠᠵᠤ | ᠠᠬᠤᠶᠢᠯᠠᠯ ᠠᠴᠠ ᠬᠠᠤᠯᠢ ᠴᠠᠭᠠᠵᠠ ᠶᠢᠨ ᠠᠪᠤᠷᠠᠨ ᠲᠤᠰᠠᠯᠠᠬᠤ ᠲᠤᠰᠬᠠᠢ ᠰᠠᠭᠤᠷᠢ ᠮᠥᠩᠭᠦ 9 ᠲᠦᠮᠡᠨ ᠲᠥᠭᠦᠷᠢᠭ | ᠴᠤᠭᠯᠠᠭᠤᠯᠵᠤ᠂ ᠬᠠᠤᠯᠢ ᠴᠠᠭᠠᠵᠠ ᠶᠢᠨ ᠠᠪᠤᠷᠠᠨ ᠲᠤᠰᠠᠯᠠᠬᠤ ᠴᠢᠳᠠᠪᠤᠷᠢ ᠶᠢ ᠤᠯᠠᠮ ᠨᠢᠭᠡ ᠠᠯᠬᠤᠮ ᠳᠡᠭᠡᠭᠰᠢᠯᠡᠭᠦᠯᠪᠡ᠃ | ᠰᠠᠨᠠᠭᠠᠴᠢᠯᠠᠭ᠎ᠠ ᠠᠴᠠ ᠪᠠᠨ ᠬᠤᠰᠢᠭᠤᠨ ᠤ ᠠᠷᠠᠳ ᠤᠨ ᠶᠠᠪᠤᠳᠠᠯ ᠤᠨ ᠲᠣᠪᠴᠢᠶ᠎ᠠ᠂ ᠨᠡᠶᠢᠭᠡᠮ ᠤᠨ ᠪᠠᠲᠤᠯᠠᠭ᠎ᠠ ᠶᠢᠨ | ᠲᠣᠪᠴᠢᠶ᠎ᠠ ᠵᠡᠷᠭᠡ ᠡᠷᠬᠡ ᠲᠤᠰᠢᠶᠠᠯᠲᠤ ᠰᠠᠯᠠᠭ᠎ᠠ ᠮᠥᠴᠢᠷ ᠲᠠᠢ ᠨᠡᠪᠲᠡᠷᠡᠯᠴᠡᠨ ᠵᠣᠬᠢᠴᠠᠭᠤᠯᠵᠤ᠂ ᠲᠣᠭᠲᠠᠮᠠᠯ | ᠬᠤᠭᠤᠴᠠᠭ᠎ᠠ ᠲᠠᠢ ᠪᠠᠷ ᠮᠥᠷᠳᠡᠨ ᠬᠠᠷᠢᠭᠤ ᠰᠤᠷᠪᠤᠯᠵᠢᠯᠠᠵᠤ᠂ 3 ᠬᠥᠮᠥᠨ ᠢ ᠳᠠᠬᠢᠨᠲᠠ ᠠᠪᠤᠷᠠᠨ ᠲᠤᠰᠠᠯᠠᠵᠤ᠂ ᠬᠠᠤᠯᠢ | ᠴᠠᠭᠠᠵᠠ ᠶᠢᠨ ᠠᠪᠤᠷᠠᠨ ᠲᠤᠰᠠᠯᠠᠯᠲᠠ ᠶᠢᠨ ︽ᠪᠠᠴᠢᠮ ᠬᠦᠴᠢᠷᠳᠡᠯ ᠠᠴᠠ ᠠᠪᠤᠷᠠᠬᠤ︾ ᠴᠢᠳᠠᠮᠵᠢ ᠪᠠ ᠨᠡᠶᠢᠭᠡᠮ ᠤᠨ ᠠᠪᠤᠷᠠᠨ | ᠲᠤᠰᠠᠯᠠᠯᠲᠠ ᠶᠢᠨ ︽ᠦᠨᠳᠦᠰᠦᠨ ᠵᠦᠢᠯ ᠢ ᠪᠠᠲᠤᠯᠠᠬᠤ︾ ᠴᠢᠳᠠᠮᠵᠢ ᠶᠢ ᠪᠦᠲᠦᠮᠵᠢᠲᠡᠶ ᠵᠣᠯᠭᠠᠭᠤᠯᠵᠤ᠂ ᠠᠪᠤᠷᠠᠨ | ᠲᠤᠰᠠᠯᠠᠬᠤ ᠬᠠᠮᠲᠤᠷᠠᠯ ᠬᠦᠴᠦᠨ ᠢ ᠨᠢᠭᠲᠠᠷᠠᠭᠤᠯᠪᠠ᠃ | ᠳᠥᠷᠪᠡ᠂ ᠴᠢᠳᠠᠪᠤᠷᠢᠲᠠᠨ ᠢᠶᠠᠷ ᠪᠠᠶᠢᠴᠠᠭᠠᠬᠤ ᠠᠵᠢᠯ ᠢ ᠬᠦᠴᠦᠷᠬᠡᠭᠵᠢᠭᠦᠯᠬᠦ ᠶᠢ ᠪᠠᠷᠢᠮᠲᠠᠯᠠᠵᠤ᠂ ᠣᠳᠣᠬᠢᠴᠢᠯᠠᠭᠰᠠᠨ | ᠥᠨᠳᠥᠷ ᠬᠡᠪ ᠴᠢᠨᠠᠷ ᠪᠦᠬᠦᠢ ᠪᠠᠶᠢᠴᠠᠭᠠᠬᠤ ᠡᠩᠨᠡᠭᠡ ᠶᠢ ᠳᠠᠪᠲᠠᠨ ᠪᠣᠯᠪᠠᠰᠤᠷᠠᠭᠤᠯᠪᠠ | ᠲᠠᠰᠤᠷᠠᠯᠲᠠ ᠦᠭᠡᠢ ᠪᠠᠷ ᠥᠪᠡᠷ ᠢ ᠪᠠᠨ ᠴᠡᠪᠡᠷᠰᠢᠭᠦᠯᠵᠦ᠂ ᠥᠪᠡᠷ ᠢ ᠪᠠᠨ ᠲᠡᠭᠦᠯᠳᠡᠷᠵᠢᠭᠦᠯᠵᠦ᠂ ᠥᠪᠡᠷ ᠢ ᠪᠠᠨ | ᠰᠢᠨᠡᠴᠢᠯᠡᠵᠦ᠂ ᠥᠪᠡᠷ ᠢ ᠪᠠᠨ ᠳᠡᠭᠡᠭᠰᠢᠯᠡᠭᠦᠯᠵᠦ᠂ ᠶᠡᠭᠡ ᠲᠠᠯ᠎ᠠ ᠳᠤ ᠦᠢᠯᠡᠴᠢᠯᠡᠬᠦ᠂ ᠠᠷᠠᠳ ᠤᠨ ᠲᠥᠯᠥᠭᠡ ᠬᠠᠤᠯᠢ ᠪᠠᠷᠢᠬᠤ | ᠂ ᠬᠠᠤᠯᠢ ᠪᠠᠷ ᠵᠠᠰᠠᠬᠤ ᠶᠢᠨ ᠲᠥᠯᠥᠭᠡ ᠬᠠᠷᠢᠭᠤᠴᠠᠯᠭ᠎ᠠ ᠡᠭᠦᠷᠭᠡᠯᠡᠳᠡᠭ ᠪᠠᠶᠢᠴᠠᠭᠠᠬᠤ ᠠᠵᠢᠯ ᠤᠨ ᠪᠠᠲᠤ ᠴᠢᠩᠭ᠎ᠠ ᠡᠩᠨᠡᠭᠡ ᠶᠢ | ᠴᠢᠷᠮᠠᠶᠢᠨ ᠪᠠᠶᠢᠭᠤᠯᠪᠠ᠃ | ︵ᠨᠢᠭᠡ︶ ᠣᠶᠢᠯᠠᠭᠠᠭᠳᠠᠬᠤᠨ ᠤ ᠣᠳᠣᠬᠢᠴᠢᠯᠠᠯᠲᠠ ᠶᠢ ᠠᠬᠢᠭᠤᠯᠪᠠ᠂ ᠣᠶᠢᠯᠠᠭᠠᠭᠳᠠᠬᠤᠨ ᠪᠣᠯ ᠬᠠᠤᠯᠢ ᠪᠠᠷᠢᠵᠤ | ᠬᠡᠷᠡᠭ ᠰᠢᠢᠳᠪᠦᠷᠢᠯᠡᠬᠦ ᠶᠢ ᠬᠥᠲᠥᠯᠥᠨ ᠳᠠᠭᠠᠭᠤᠯᠬᠤ ᠠᠮᠢᠨ ᠰᠦᠨᠡᠰᠦ ᠮᠥᠨ᠂ ᠣᠳᠣᠬᠢᠴᠢᠯᠠᠭᠰᠠᠨ ᠬᠠᠤᠯᠢ ᠪᠠᠷᠢᠬᠤ | ᠣᠶᠢᠯᠠᠭᠠᠭᠳᠠᠬᠤᠨ ᠤ ᠬᠠᠮᠤᠭ ᠤᠨ ᠲᠣᠪᠣᠶᠢᠮ᠎ᠠ ᠣᠨᠴᠠᠯᠢᠭ ᠪᠣᠯ ᠳᠠᠷᠤᠢ ᠲᠤᠭ ᠲᠡᠮᠳᠡᠭ ᠲᠣᠳᠣᠷᠬᠠᠢ ᠪᠠᠷ ᠤᠯᠤᠰ ᠲᠦᠷᠦ ᠶᠢ | ᠡᠷᠬᠢᠮᠯᠡᠬᠦ ᠶᠠᠪᠤᠳᠠᠯ ᠪᠣᠯᠣᠨ᠎ᠠ᠃ ᠨᠡᠶᠢᠭᠡᠮ ᠵᠢᠷᠤᠮ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ | ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠲᠤᠤᠱᠯᠠᠭᠤᠯᠬᠤ ᠭᠤᠣᠯ ᠰᠡᠳᠦᠪᠲᠦ ᠬᠥᠮᠦᠵᠢᠯ ᠢ ᠭᠦᠨᠵᠡᠭᠡᠢ | ᠥᠷᠨᠢᠭᠦᠯᠵᠦ᠂ ᠮᠠᠷᠺᠰ ᠤᠨ ᠦᠵᠡᠯ ᠢ ᠳᠤᠮᠳᠠᠳᠤ ᠤᠯᠤᠰᠴᠢᠯᠠᠭᠰᠠᠨ ᠴᠠᠭ ᠦᠶᠡᠴᠢᠯᠡᠭᠰᠡᠨ ᠬᠠᠮᠤᠭ ᠤᠨ ᠰᠢᠨ᠎ᠡ ᠦᠷ᠎ᠡ | ᠪᠦᠲᠦᠭᠡᠯ ᠢᠶᠠᠷ ᠲᠠᠷᠢᠬᠢ ᠲᠣᠯᠣᠭᠠᠢ ᠪᠠᠨ ᠵᠡᠪᠰᠡᠭᠯᠡᠵᠦ᠂ ᠦᠢᠯᠡᠳᠦᠯᠭᠡ ᠪᠠᠨ ᠵᠢᠯᠣᠭᠤᠳᠤᠭᠤᠯᠵᠤ᠂ ᠠᠵᠢᠯ ᠢᠶᠠᠨ ᠠᠬᠢᠭᠤᠯᠵᠤ᠂ | ᠤᠨᠤᠯ ᠤᠨ ᠲᠠᠯ᠎ᠠ ᠪᠠᠷ ᠰᠡᠷᠭᠡᠭ ᠪᠠᠶᠢᠬᠤ ᠪᠠᠷ ᠤᠯᠤᠰ ᠲᠦᠷᠦ ᠶᠢᠨ ᠲᠠᠯ᠎ᠠ ᠪᠠᠷ ᠡᠷᠡᠰ ᠪᠠᠲᠤ ᠪᠠᠶᠢᠬᠤ ᠶᠢ ᠪᠠᠲᠤᠯᠠᠵᠤ᠂ | ᠲᠡᠭᠦᠨ ᠤ ᠰᠢᠨᠵᠢᠯᠡᠬᠦ ᠤᠬᠠᠭᠠᠨᠴᠢ ᠰᠡᠳᠬᠢᠬᠦᠢ ᠶᠢᠨ ᠠᠷᠭ᠎ᠠ ᠮᠠᠶ᠋ᠢᠭ ᠪᠠ ᠠᠵᠢᠯᠯᠠᠬᠤ ᠠᠷᠭ᠎ᠠ ᠶᠢ ᠡᠵᠡᠮᠰᠢᠵᠦ᠂ ᠪᠦᠬᠦ | ᠲᠠᠯ᠎ᠠ ᠶᠢᠨ᠂ ᠠᠯᠤᠰ ᠬᠡᠳᠦ ᠶᠢᠨ᠂ ᠶᠡᠭᠡ ᠬᠠᠨᠳᠤᠰᠢ ᠶᠢᠨ ᠲᠠᠯ᠎ᠠ ᠠᠴᠠ ᠰᠢᠢᠳᠪᠦᠷᠢᠲᠦ ᠪᠣᠳᠣᠯᠭ᠎ᠠ ᠲᠣᠭᠲᠠᠭᠠᠵᠤ᠂ ᠦᠨᠡᠨ | ᠶᠣᠰᠣ᠂ ᠤᠯᠤᠰ ᠤᠨ ᠬᠠᠤᠯᠢ᠂ ᠬᠥᠮᠥᠨᠴᠢ ᠬᠠᠯᠠᠮᠵᠢᠯᠠᠯ ᠤᠨ ᠲᠠᠯ᠎ᠠ ᠠᠴᠠ ᠬᠡᠷᠡᠭ ᠰᠢᠢᠳᠪᠦᠷᠢᠯᠡᠵᠦ᠂ ᠤᠯᠤᠰ ᠲᠦᠷᠦ ᠶᠢ | ᠡᠷᠬᠢᠮᠯᠡᠬᠦ ᠪᠠ ᠲᠤᠬᠠᠶᠢᠯᠠᠭᠰᠠᠨ ᠠᠵᠢᠯ ᠢ ᠠᠳᠬᠤᠬᠤ ᠶᠢ ᠨᠢᠭᠡᠳᠬᠡᠬᠦ ᠶᠢ ᠦᠨᠡᠨᠬᠦ ᠪᠡᠶᠡᠯᠡᠭᠦᠯᠪᠡ᠃ ᠢᠳᠡᠪᠬᠢᠲᠡᠢ ᠪᠠᠷ ᠬᠠᠤᠯᠢ | ᠪᠠᠷᠢᠬᠤ ᠶᠢ ᠪᠠᠷᠢᠮᠲᠠᠯᠠᠵᠤ᠂ ︽ᠳᠥᠷᠪᠡᠨ ᠶᠡᠭᠡ ᠪᠠᠶᠢᠴᠠᠭᠠᠬᠤ︾ ᠶᠢ ᠨᠢᠭᠡ ᠴᠣᠭᠴᠠᠵᠢᠭᠤᠯᠤᠨ ᠲᠤᠰᠢᠶᠠᠯ | ᠬᠠᠷᠢᠭᠤᠴᠠᠯᠭ᠎ᠠ ᠪᠠᠨ ᠭᠦᠢᠴᠡᠳᠬᠡᠬᠦ ᠶᠢ ᠪᠠᠷᠢᠮᠲᠠᠯᠠᠵᠤ᠂ ︽ᠬᠡᠷᠡᠭ ᠰᠢᠢᠳᠪᠦᠷᠢᠯᠡᠬᠦ ᠶᠠᠪᠤᠴᠠ ᠳᠤ ᠬᠢᠨᠠᠯᠲᠠ ᠲᠠᠯᠪᠢᠬᠤ᠂ | ᠬᠢᠨᠠᠯᠲᠠ ᠲᠠᠯᠪᠢᠬᠤ ᠶᠠᠪᠤᠴᠠ ᠳᠤ ᠬᠡᠷᠡᠭ ᠰᠢᠢᠳᠪᠦᠷᠢᠯᠡᠬᠦ︾ ᠶᠢ ᠪᠠᠷᠢᠮᠲᠠᠯᠠᠵᠤ᠂ ᠪᠤᠰᠤᠳᠴᠢ ᠪᠥᠭᠡᠳ ᠲᠥᠪ ᠭᠤᠣᠯᠴᠢ | ᠵᠣᠭᠰᠣᠯᠲᠠ ᠶᠢ ᠪᠠᠷᠢᠮᠲᠠᠯᠠᠵᠤ᠂ ᠴᠥᠭᠡᠨ ᠪᠠᠷᠢᠪᠴᠢᠯᠠᠬᠤ ᠪᠣᠯᠭᠤᠮᠵᠢᠲᠠᠢ ᠬᠤᠷᠢᠬᠤ ᠪᠣᠯᠭᠤᠮᠵᠢᠲᠠᠢ ᠵᠠᠭᠠᠯᠳᠤᠬᠤ᠂ ᠶᠠᠯᠠᠯᠠᠬᠤ | ᠪᠠ ᠵᠠᠰᠠᠬᠤ ᠶᠢ ᠵᠡᠷᠭᠡ ᠪᠠᠷ ᠴᠢᠬᠤᠯᠠᠴᠢᠯᠠᠬᠤ ᠵᠡᠷᠭᠡ ᠬᠠᠤᠯᠢ ᠪᠠᠷᠢᠬᠤ ᠣᠶᠢᠯᠠᠭᠠᠭᠳᠠᠬᠤᠨ ᠢ ᠪᠣᠳᠠᠲᠠᠢ ᠪᠠᠷ | ᠨᠠᠶᠢᠳᠠᠪᠤᠷᠢᠵᠢᠭᠤᠯᠵᠤ᠂ ᠬᠡᠷᠡᠭ ᠢ ᠰᠢᠢᠳᠪᠦᠷᠢᠯᠡᠬᠦ ᠶᠢᠨ ᠲᠥᠯᠥᠭᠡ ᠬᠡᠷᠡᠭ ᠰᠢᠢᠳᠪᠦᠷᠢᠯᠡᠬᠦ᠂ ᠮᠧᠬᠠᠨᠢᠭ ᠢᠶᠠᠷ ᠬᠠᠤᠯᠢ ᠪᠠᠷᠢᠬᠤ᠂ | ᠨᠣᠮᠯᠠᠯ ᠤᠨ ᠦᠵᠡᠯ᠂ ᠲᠤᠷᠰᠢᠯᠭ᠎ᠠ ᠶᠢᠨ ᠦᠵᠡᠯ ᠵᠡᠷᠭᠡ ᠲᠠᠩ ᠴᠣᠯᠭᠤᠢ ᠲᠤᠬᠠᠶᠢᠯᠠᠭᠰᠠᠨ ᠠᠵᠢᠯ ᠤᠨ ᠦᠵᠡᠯᠲᠡ ᠶᠢ | ᠬᠦᠴᠦᠯᠡᠨ ᠲᠡᠪᠴᠢᠵᠦ᠂ ᠣᠳᠣᠬᠢᠴᠢᠯᠠᠭᠰᠠᠨ ᠬᠠᠤᠯᠢ ᠪᠠᠷᠢᠬᠤ ᠣᠶᠢᠯᠠᠭᠠᠭᠳᠠᠬᠤᠨ ᠢᠶᠠᠷ ᠪᠠᠶᠢᠴᠠᠭᠠᠬᠤ ᠠᠵᠢᠯ ᠤᠨ | ᠯᠠᠪᠳᠠᠭᠤᠨ ᠢᠶᠠᠷ ᠤᠷᠤᠭᠰᠢᠯᠠᠬᠤ ᠶᠢ ᠬᠥᠲᠥᠯᠥᠨ ᠳᠠᠭᠠᠭᠤᠯᠪᠠ᠃ | ︵ᠬᠤᠶᠠᠷ︶ ᠬᠠᠮᠢᠶᠠᠷᠤᠯᠲᠠ ᠶᠢᠨ ᠣᠳᠣᠬᠢᠴᠢᠯᠠᠯᠲᠠ ᠶᠢ ᠠᠬᠢᠭᠤᠯᠵᠤ᠂ ᠬᠡᠷᠡᠭ ᠢ ᠬᠠᠮᠢᠶᠠᠷᠬᠤ ᠪᠠ ᠬᠥᠮᠥᠨ ᠢ | ᠬᠠᠮᠢᠶᠠᠷᠬᠤ ᠶᠢ ᠤᠶᠠᠯᠳᠤᠭᠤᠯᠬᠤ ᠶᠢ ᠪᠠᠷᠢᠮᠲᠠᠯᠠᠪᠠ᠃ ᠪᠠᠶᠢᠴᠠᠭᠠᠬᠤ ᠲᠤᠬᠠᠶᠢᠯᠠᠭᠰᠠᠨ ᠠᠵᠢᠯ ᠤᠨ ᠬᠠᠮᠢᠶᠠᠷᠤᠯᠲᠠ ᠶᠢ | ᠴᠢᠩᠭᠠᠳᠬᠠᠵᠤ᠂ ᠲᠤᠭ᠎ᠠ ᠪᠠᠷᠢᠮᠲᠠ ᠶᠢᠨ ᠭᠦᠢᠴᠡᠳᠬᠡᠯ ᠲᠤᠭ᠎ᠠ ᠶᠢᠨ ᠬᠤᠷᠸ᠎ᠠ ᠬᠠᠮᠢᠶᠠᠷᠤᠯᠲᠠ ᠪᠠ ᠣᠨᠴᠠᠭᠠᠶ ᠬᠡᠷᠡᠭ ᠢ | ᠦᠨᠡᠯᠡᠨ ᠪᠠᠶᠢᠴᠠᠭᠠᠬᠤ ᠬᠤᠮᠠᠬᠢ ᠬᠠᠮᠢᠶᠠᠷᠤᠯᠲᠠ ᠶᠢ ᠨᠢᠭᠡᠳᠦᠯᠲᠡᠢ ᠲᠥᠯᠥᠪᠯᠡᠨ ᠰᠠᠶᠢᠲᠤᠷ ᠬᠢᠵᠦ᠂ ᠪᠠᠶᠢᠴᠠᠭᠠᠬᠤ | ᠲᠤᠬᠠᠶᠢᠯᠠᠭᠰᠠᠨ ᠠᠵᠢᠯ ᠤᠨ ᠲᠤᠭ᠎ᠠ ᠪᠠᠷᠢᠮᠲᠠ ᠶᠢ ᠵᠠᠳᠠᠯᠤᠨ ᠰᠤᠳᠤᠯᠵᠤ ᠮᠠᠭᠠᠳᠯᠠᠬᠤ ᠪᠠᠷ ᠳᠠᠮᠵᠢᠭᠤᠯᠵᠤ᠂ ︽ᠠᠮᠤᠷ | ᠲᠠᠶᠢᠪᠤᠩ ᠬᠡᠰᠢᠭᠲᠡᠨ ᠬᠤᠰᠢᠭᠤ︾᠂ ︽ᠬᠠᠤᠯᠢ ᠪᠠᠷ ᠵᠠᠰᠠᠭᠰᠠᠨ ᠬᠡᠰᠢᠭᠲᠡᠨ ᠬᠤᠰᠢᠭᠤ︾ ᠶᠢᠨ ᠪᠠᠶᠢᠭᠤᠯᠤᠯᠲᠠ ᠶᠢᠨ | ᠳᠤᠮᠳᠠᠬᠢ ᠪᠦᠬᠦᠯᠢ ᠴᠣᠭᠴᠠᠲᠤ ᠴᠢᠨᠠᠷᠲᠠᠢ᠂ ᠬᠠᠨᠳᠤᠰᠢ ᠶᠢᠨ ᠴᠢᠨᠠᠷᠲᠠᠢ᠂ ᠴᠤᠬᠤᠶᠢᠯᠲᠠ ᠶᠢᠨ ᠴᠢᠨᠠᠷᠲᠠᠢ ᠠᠰᠠᠭᠤᠳᠠᠯ ᠢ ᠴᠠᠭ | ᠲᠤᠬᠠᠢ ᠳᠤᠨᠢ ᠢᠯᠡᠷᠡᠭᠦᠯᠵᠦ᠂ ᠪᠠᠷᠠᠭᠠᠯᠠᠯ ᠤᠨ ᠴᠢᠨᠠᠷᠲᠠᠢ ᠰᠢᠢᠳᠪᠦᠷᠢᠯᠡᠬᠦ ᠰᠠᠨᠠᠯ ᠪᠠ ᠠᠷᠭ᠎ᠠ ᠬᠡᠮᠵᠢᠶ᠎ᠡ ᠶᠢ ᠬᠠᠨᠳᠤᠯᠭᠠᠲᠤ | ᠴᠢᠨᠠᠷᠲᠠᠢ ᠪᠠᠷ ᠳᠤᠷᠠᠳᠤᠨ ᠭᠠᠷᠭᠠᠵᠤ᠂ ᠬᠠᠤᠯᠢ ᠴᠠᠭᠠᠵᠠ ᠶᠢᠨ ᠵᠠᠰᠠᠯᠲᠠ ᠶᠢᠨ ᠴᠢᠳᠠᠪᠤᠷᠢ ᠪᠠ ᠵᠠᠰᠠᠯᠲᠠ ᠶᠢᠨ ᠬᠢᠷᠢ | ᠬᠡᠮᠵᠢᠶ᠎ᠡ ᠶᠢ ᠳᠡᠭᠡᠭᠰᠢᠯᠡᠭᠦᠯᠪᠡ᠃ ᠣᠨᠴᠠᠭᠠᠶ ᠬᠡᠷᠡᠭ ᠢ ᠦᠨᠡᠯᠡᠨ ᠪᠠᠶᠢᠴᠠᠭᠠᠬᠤ ᠪᠠᠷ ᠳᠠᠮᠵᠢᠭᠤᠯᠤᠨ᠂ ᠪᠣᠳᠠᠲᠠᠢ ᠬᠡᠷᠡᠭ ᠤᠨ | ᠶᠠᠰᠤ ᠴᠢᠨᠠᠷ ᠢ ᠣᠨᠣᠪᠴᠢᠲᠠᠢ ᠪᠠᠷ ᠦᠨᠡᠯᠡᠵᠦ᠂ ᠪᠣᠳᠠᠲᠠᠢ ᠬᠡᠷᠡᠭ ᠤᠨ ᠳᠤᠮᠳᠠ ᠣᠷᠣᠰᠢᠵᠤ ᠪᠠᠶᠢᠭ᠎ᠠ ᠠᠰᠠᠭᠤᠳᠠᠯ ᠢ ᠴᠠᠭ | ᠲᠤᠬᠠᠢ ᠳᠤᠨᠢ ᠢᠯᠡᠷᠡᠭᠦᠯᠦᠨ ᠵᠠᠯᠠᠷᠠᠭᠤᠯᠵᠤ᠂ ᠣᠨᠴᠠᠭᠠᠶ ᠬᠡᠷᠡᠭ ᠢ ᠰᠢᠢᠳᠪᠦᠷᠢᠯᠡᠬᠦ ᠶᠠᠰᠤ ᠴᠢᠨᠠᠷ ᠢ ᠦᠨᠡᠨᠬᠦ ᠳᠡᠭᠡᠭᠰᠢᠯᠡᠭᠦᠯᠪᠡ᠃ | ᠪᠠᠶᠢᠴᠠᠭᠠᠬᠤ ᠡᠩᠨᠡᠭᠡ ᠶᠢᠨ ᠬᠠᠮᠢᠶᠠᠷᠤᠯᠲᠠ ᠶᠢ ᠴᠢᠩᠭᠠᠳᠬᠠᠵᠤ᠂ ᠵᠢᠷᠤᠮᠵᠢᠯ ᠳᠤ ᠨᠡᠶᠢᠴᠡᠭᠰᠡᠨ᠂ ᠠᠵᠢᠯᠯᠠᠭᠠᠨ ᠨᠢ | ᠪᠦᠲᠦᠮᠵᠢᠲᠡᠶ ᠬᠠᠮᠢᠶᠠᠷᠤᠯᠲᠠ ᠶᠢᠨ ᠲᠣᠭᠲᠠᠯᠴᠠᠭ᠎ᠠ ᠶᠢ ᠪᠠᠶᠢᠭᠤᠯᠬᠤ ᠪᠠᠷ ᠬᠠᠷᠠᠯᠲᠠ ᠪᠣᠯᠭᠠᠵᠤ᠂ ᠠᠵᠢᠯ ᠤᠨ ᠠᠮᠵᠢᠯᠲᠠ | ᠪᠦᠲᠦᠮᠵᠢ ᠶᠢᠨ ᠬᠢᠨᠠᠨ ᠰᠢᠯᠭᠠᠯᠲᠠ᠂ ᠮᠡᠳᠡᠭᠡ ᠵᠠᠩᠭᠢ ᠶᠢᠨ ᠤᠬᠠᠭᠤᠯᠭ᠎ᠠ᠂ ᠠᠵᠢᠯ ᠳᠤ ᠭᠠᠷᠬᠤ ᠶᠢ ᠬᠢᠨᠠᠨ ᠰᠢᠯᠭᠠᠬᠤ | ᠬᠠᠮᠢᠶᠠᠷᠤᠯᠲᠠ᠂ ᠡᠳ᠋ ᠤᠨ ᠶᠠᠪᠤᠳᠠᠯ ᠤᠨ ᠬᠠᠮᠢᠶᠠᠷᠤᠯᠲᠠ ᠵᠡᠷᠭᠡ ᠤᠯᠠᠨ ᠲᠥᠷᠥᠯ ᠤᠨ ᠳᠦᠷᠢᠮ ᠢ ᠤᠯᠠᠮ ᠨᠢᠭᠡ ᠠᠯᠬᠤᠮ | ᠲᠡᠭᠦᠯᠳᠡᠷᠵᠢᠭᠦᠯᠪᠡ᠃ ᠬᠠᠤᠯᠢ ᠪᠠᠷᠢᠬᠤ ᠬᠠᠷᠢᠭᠤᠴᠠᠯᠭ᠎ᠠ ᠶᠢᠨ ᠳᠦᠷᠢᠮ ᠢ ᠪᠦᠬᠦ ᠲᠠᠯ᠎ᠠ ᠪᠠᠷ ᠣᠨᠣᠪᠴᠢᠲᠠᠶ | ᠨᠠᠶᠢᠳᠠᠪᠤᠷᠢᠵᠢᠭᠤᠯᠬᠤ ᠪᠠᠷ ᠭᠠᠷᠳᠠᠴᠠ ᠪᠣᠯᠭᠠᠵᠤ᠂ ᠲᠤᠬᠠᠶᠢᠯᠠᠭᠰᠠᠨ ᠠᠵᠢᠯ ᠤᠨ ᠲᠤᠭ᠎ᠠ ᠪᠠᠷᠢᠮᠲᠠ ᠶᠢ ᠵᠥᠪᠳᠡᠯᠴᠡᠬᠦ᠂ | ᠭᠤᠮᠣᠳᠠᠯ ᠲᠣᠭᠠᠴᠢᠬᠤ ᠵᠠᠬᠢᠳᠠᠯ ᠰᠣᠷᠪᠤᠯᠵᠢᠯᠠᠭ᠎ᠠ ᠶᠢ ᠡᠰᠡᠷᠭᠦ ᠴᠢᠭᠯᠡᠯ ᠢᠶᠠᠷ ᠬᠢᠨᠠᠨ ᠪᠠᠶᠢᠴᠠᠭᠠᠬᠤ᠂ ︽ᠭᠤᠷᠪᠠᠨ ᠲᠣᠭᠲᠠᠭᠠᠯ︾ | ᠤᠨ ᠴᠢᠬᠤᠯᠠ ᠶᠡᠭᠡ ᠵᠦᠢᠯᠡᠰ ᠢ ᠮᠡᠳᠡᠭᠦᠯᠬᠦ ᠵᠡᠷᠭᠡ ᠠᠷᠭ᠎ᠠ ᠪᠠᠷᠢᠯ ᠢ ᠬᠠᠷᠢᠯᠴᠠᠨ ᠨᠢᠭᠡᠳᠬᠡᠭᠰᠡᠨ ᠬᠢᠨᠠᠯᠲᠠ ᠬᠠᠮᠢᠶᠠᠷᠤᠯᠲᠠ ᠶᠢᠨ | ᠵᠣᠬᠢᠴᠠᠮᠵᠢ ᠶᠢ ᠪᠦᠷᠢᠨᠰᠢᠭᠦᠯᠵᠦ᠂ ᠪᠠᠶᠢᠴᠠᠭᠠᠬᠤ ᠲᠤᠰᠢᠶᠠᠯᠲᠠᠨ ᠢ ᠵᠠᠯᠬᠠᠭᠠᠨ ᠴᠡᠭᠡᠷᠯᠡᠭᠦᠯᠬᠦ ᠪᠠ ᠪᠤᠷᠤᠭᠤ ᠬᠡᠷᠡᠭ ᠤᠨ | ᠬᠠᠷᠢᠭᠤᠴᠠᠯᠭ᠎ᠠ ᠶᠢ ᠨᠡᠬᠡᠮᠵᠢᠯᠡᠬᠦ ᠶᠢ ᠴᠢᠩᠭᠠᠳᠬᠠᠵᠤ᠂ ᠪᠠᠶᠢᠴᠠᠭᠠᠬᠤ ᠲᠤᠰᠢᠶᠠᠯᠲᠠᠨ ᠢ ᠬᠥᠲᠥᠯᠥᠨ ᠵᠢᠯᠣᠭᠤᠳᠤᠨ ᠴᠢᠨᠠᠷ | ᠰᠠᠶᠢᠲᠠᠢ ᠦᠷ᠎ᠡ ᠪᠦᠲᠦᠮᠵᠢᠲᠡᠶ ᠠᠷᠢᠭᠤᠨ ᠴᠢᠬᠡᠴᠢ ᠪᠠᠷ ᠬᠡᠷᠡᠭ ᠰᠢᠢᠳᠪᠦᠷᠢᠯᠡᠭᠦᠯᠪᠡ᠃ | ︵ᠭᠤᠷᠪᠠ︶ ᠴᠢᠳᠠᠪᠤᠷᠢ ᠶᠢᠨ ᠣᠳᠣᠬᠢᠴᠢᠯᠠᠯᠲᠠ ᠶᠢ ᠠᠬᠢᠭᠤᠯᠵᠤ᠂ ︽ᠬᠡᠪ ᠴᠢᠨᠠᠷ ᠪᠠ ᠴᠢᠳᠠᠪᠤᠷᠢ ᠶᠢ | ᠳᠡᠭᠡᠭᠰᠢᠯᠡᠭᠦᠯᠬᠦ ᠢᠨᠵᠧᠨᠧᠷᠢᠩ︾ ᠢ ᠢᠳᠡᠪᠬᠢᠲᠡᠢ ᠬᠡᠷᠡᠭᠵᠢᠭᠦᠯᠪᠡ᠃ ︽ᠪᠠᠶᠢᠯᠳᠤᠬᠤ︾ ᠪᠠ ︽ᠰᠤᠷᠭᠠᠭᠤᠯᠢᠯᠠᠬᠤ︾ ᠶᠢ | ᠴᠢᠩᠭᠠᠳᠬᠠᠵᠤ᠂ ᠵᠠᠯᠠᠭᠤ ᠴᠢᠳᠠᠪᠤᠷᠢᠲᠠᠨ ᠤ ᠶᠠᠷᠢᠶᠠᠨ ᠤ ᠲᠠᠪᠴᠠᠩ ᠳᠤ ᠭᠠᠷᠬᠤ᠂ ᠲᠤᠬᠠᠶᠢᠯᠠᠭᠰᠠᠨ ᠠᠵᠢᠯ ᠤᠨ ᠤᠷ᠎ᠠ | ᠴᠢᠳᠠᠪᠤᠷᠢ ᠶᠢᠨ ᠤᠷᠤᠯᠳᠤᠭᠠᠨ᠂ ᠡᠷᠡᠭᠦᠦ ᠶᠢᠨ ᠬᠡᠷᠡᠭ ᠤᠨ ᠮᠠᠷᠭᠤᠯᠳᠤᠬᠤ ᠤᠷᠤᠯᠳᠤᠭᠠᠨ᠂ ︽ᠵᠠᠯᠠᠭᠤ ᠪᠠ ᠠᠬᠠᠮᠠᠳ ᠤᠨ | ᠨᠥᠬᠦᠷᠯᠡᠯ︾ ᠵᠡᠷᠭᠡ ᠠᠵᠢᠯᠯᠠᠭᠠᠨ ᠢ ᠨᠡᠶᠢᠲᠡ 34 ᠲᠠᠯᠠᠪᠤᠷ ᠵᠣᠬᠢᠶᠠᠨ ᠪᠠᠶᠢᠭᠤᠯᠵᠤ ᠥᠷᠨᠢᠭᠦᠯᠪᠡ︔ 2 ᠨᠡᠷ᠎ᠡ ᠰᠢᠯᠢᠳᠡᠭ | ᠪᠠᠶᠢᠴᠠᠭᠠᠬᠤ ᠠᠵᠢᠯᠲᠠᠨ ᠢ ᠰᠣᠩᠭᠤᠨ ᠲᠣᠮᠢᠯᠠᠵᠤ ᠰᠢᠭᠦᠬᠦ ᠬᠤᠷᠢᠶᠠᠨ ᠳᠤ ᠲᠤᠰᠢᠶᠠᠯ ᠡᠭᠦᠷᠭᠡᠯᠡᠭᠦᠯᠦᠨ ᠰᠣᠯᠢᠯᠴᠠᠭᠤᠯᠪᠠ᠃ ︽ | ᠲᠣᠬᠢᠷᠠᠭᠤᠯᠬᠤ︾ ᠪᠠ ︽ᠰᠤᠳᠤᠯᠬᠤ︾ ᠶᠢ ᠴᠢᠩᠭᠠᠳᠬᠠᠵᠤ᠂ ᠬᠠᠷᠠᠯᠲᠠ ᠶᠢᠨ ᠤᠳᠤᠷᠢᠳᠤᠮᠵᠢ᠂ ᠠᠰᠠᠭᠤᠳᠠᠯ ᠤᠨ | ᠤᠳᠤᠷᠢᠳᠤᠮᠵᠢ ᠶᠢ ᠪᠠᠷᠢᠮᠲᠠᠯᠠᠨ᠂ 14 ᠨᠡᠷ᠎ᠡ ᠪᠠᠶᠢᠴᠠᠭᠠᠬᠤ ᠠᠵᠢᠯᠲᠠᠨ ᠱᠠᠨᠳᠦ᠋ᠩ᠂ ᠴᠧᠩᠳᠦ᠋ ᠵᠡᠷᠭᠡ ᠭᠠᠵᠠᠷ ᠲᠤ ᠬᠦᠷᠴᠦ᠂ | ᠲᠡᠷᠢᠭᠦᠨ ᠤ ᠬᠠᠮᠢᠶᠠᠷᠤᠯᠲᠠ ᠶᠢᠨ ᠣᠶᠢᠯᠠᠭᠠᠭᠳᠠᠬᠤᠨ ᠪᠠ ᠬᠡᠷᠡᠭ ᠰᠢᠢᠳᠪᠦᠷᠢᠯᠡᠭᠰᠡᠨ ᠲᠤᠷᠰᠢᠯᠭ᠎ᠠ ᠶᠢ ᠰᠤᠷᠤᠯᠴᠠᠵᠤ᠂ 4 | ᠬᠤᠪᠢ ᠪᠠᠶᠢᠴᠠᠭᠠᠯᠲᠠ ᠶᠢᠨ ᠮᠡᠳᠡᠭᠦᠯᠦᠯᠲᠡ ᠶᠢ ᠪᠦᠷᠢᠯᠳᠦᠭᠦᠯᠵᠦ᠂ ᠮᠠᠨ ᠤ ᠬᠤᠷᠢᠶ᠎ᠠ ᠶᠢᠨ ᠠᠵᠢᠯ ᠤᠨ ᠶᠠᠰᠤ ᠴᠢᠨᠠᠷ ᠦᠷ᠎ᠡ | ᠪᠦᠲᠦᠮᠵᠢ ᠶᠢᠨ ᠳᠡᠭᠡᠭᠰᠢᠯᠡᠯᠲᠡ ᠶᠢ ᠬᠦᠴᠦᠲᠡᠢ ᠠᠬᠢᠭᠤᠯᠪᠠ᠃ ︽ᠭᠠᠳᠠᠨᠠᠬᠢ ᠲᠤᠷᠰᠢᠯᠭ᠎ᠠ︾ ᠶᠢ ᠵᠢᠭᠡᠯᠡᠨ ᠬᠡᠷᠡᠭᠯᠡᠵᠦ᠂ 18 | ᠨᠡᠷ᠎ᠡ ᠲᠤᠰᠬᠠᠢ ᠮᠡᠷᠭᠡᠵᠢᠯ ᠤᠨ ᠴᠢᠳᠠᠪᠤᠷᠢᠲᠠᠨ ᠢ ᠤᠷᠢᠨ ᠮᠠᠨ ᠤ ᠬᠤᠷᠢᠶ᠎ᠠ ᠶᠢᠨ ᠣᠨᠴᠠ ᠤᠷᠢᠭᠰᠠᠨ ᠪᠠᠶᠢᠴᠠᠭᠠᠬᠤ | ᠲᠤᠰᠢᠶᠠᠯᠲᠠᠨ ᠤ ᠲᠤᠰᠠᠯᠠᠭᠴᠢ ᠪᠣᠯᠭᠠᠵᠤ᠂ ᠲᠤᠰᠬᠠᠢ ᠮᠡᠷᠭᠡᠵᠢᠯ ᠤᠨ ᠴᠢᠨᠠᠷ ᠢᠶᠠᠷ ᠨᠡᠯᠢᠶᠡᠳ ᠴᠢᠩᠭ᠎ᠠ 10 ᠬᠡᠷᠡᠭ ᠤᠨ | ᠳᠤᠮᠳᠠ ᠲᠤᠰᠬᠠᠢ ᠮᠡᠷᠭᠡᠵᠢᠯ ᠤᠨ ᠯᠠᠪᠯᠠᠯᠲᠠ ᠬᠠᠩᠭᠠᠪᠠ᠃ ᠪᠠᠶᠢᠴᠠᠭᠠᠬᠤ ᠲᠤᠰᠢᠶᠠᠯᠲᠠᠨ ᠤ ᠬᠠᠮᠲᠤᠷᠠᠭᠰᠠᠨ ᠬᠤᠷᠠᠯᠳᠤᠭᠠᠨ ᠤ | ᠳᠦᠷᠢᠮ ᠤᠨ ᠦᠢᠯᠡᠳᠦᠯ ᠢ ᠭᠦᠢᠴᠡᠳ ᠪᠠᠳᠠᠷᠠᠭᠤᠯᠵᠤ᠂ ᠲᠣᠭᠲᠠᠮᠠᠯ ᠬᠤᠭᠤᠴᠠᠭ᠎ᠠ ᠲᠠᠢ ᠪᠠᠷ ᠲᠦᠷᠦ ᠶᠢᠨ ᠪᠣᠳᠣᠯᠭ᠎ᠠ ᠬᠠᠤᠯᠢ | ᠵᠦᠢ᠂ ᠲᠤᠬᠠᠶᠢᠯᠠᠭᠰᠠᠨ ᠠᠵᠢᠯ ᠤᠨ ᠮᠡᠳᠡᠯᠭᠡ᠂ ᠨᠡᠶᠢᠲᠡᠯᠢᠭ ᠬᠡᠷᠡᠭ ᠤᠨ ᠵᠢᠱᠢᠶ᠎ᠡ ᠪᠠ ᠴᠢᠬᠤᠯᠠ ᠶᠡᠭᠡ ᠬᠦᠴᠢᠷ ᠲᠦᠪᠡᠭᠲᠡᠢ | ᠪᠤᠳᠤᠯᠢᠶᠠᠨᠲᠠᠢ ᠬᠡᠷᠡᠭ ᠲᠠᠢ ᠤᠶᠠᠯᠳᠤᠭᠤᠯᠤᠨ ᠰᠤᠳᠤᠯᠤᠨ ᠶᠠᠷᠢᠯᠴᠠᠵᠤ᠂ ᠬᠡᠷᠡᠭ ᠢᠶᠠᠷ ᠰᠤᠷᠤᠯᠴᠠᠯᠭ᠎ᠠ ᠶᠢ ᠠᠬᠢᠭᠤᠯᠬᠤ᠂ | ᠰᠤᠳᠤᠯᠬᠤ ᠪᠠᠷ ᠦᠷ᠎ᠡ ᠪᠦᠲᠦᠮᠵᠢ ᠶᠢ ᠳᠡᠭᠡᠭᠰᠢᠯᠡᠭᠦᠯᠬᠦ ᠶᠢ ᠦᠨᠡᠨᠬᠦ ᠪᠡᠶᠡᠯᠡᠭᠦᠯᠪᠡ᠃ | 2023 ᠣᠨ ᠳᠤ ᠮᠠᠨ ᠤ ᠬᠤᠷᠢᠶ᠎ᠠ ᠨᠢ ᠥᠪᠡᠷᠲᠡᠭᠡᠨ ᠵᠠᠰᠠᠬᠤ ᠣᠷᠣᠨ ᠤ ᠱᠠᠩᠨᠠᠯ ᠢ 3 ᠬᠥᠮᠥᠨ ᠤᠳᠠᠭ᠎ᠠ | ᠭᠥᠷᠳᠡᠵᠦ᠂ ᠬᠤᠲᠠ ᠶᠢᠨ ᠲᠠᠰ ᠤᠨ ᠱᠠᠩᠨᠠᠯ ᠢ 8 ᠬᠥᠮᠥᠨ ᠤᠳᠠᠭ᠎ᠠ ᠭᠥᠷᠳᠡᠪᠡ᠂ ᠡᠭᠦᠨ ᠳᠤ 1 ᠨᠥᠬᠦᠷ ︽ᠭᠤᠷᠪᠠᠳᠤᠭᠠᠷ | ᠬᠤᠭᠤᠴᠠᠭᠠᠨ ᠤ ᠪᠥᠬᠦ ᠣᠷᠣᠨ ᠤ ᠪᠠᠶᠢᠴᠠᠭᠠᠬᠤ ᠪᠠᠶᠢᠭᠤᠯᠤᠯᠭ᠎ᠠ ᠶᠢᠨ ᠬᠡᠷᠡᠭ ᠤᠨ ᠬᠠᠮᠢᠶᠠᠷᠤᠯᠲᠠ ᠶᠢᠨ ᠲᠤᠬᠠᠶᠢᠯᠠᠭᠰᠠᠨ | ᠠᠵᠢᠯ ᠤᠨ ᠤᠷᠤᠯᠳᠤᠭᠠᠨ︾ ᠳᠤ ᠪᠥᠬᠦ ᠣᠷᠣᠨ ᠳᠤ ᠲᠡᠷᠢᠭᠦᠯᠡᠵᠦ᠂ ︽ᠲᠤᠬᠠᠶᠢᠯᠠᠭᠰᠠᠨ ᠠᠵᠢᠯ ᠤᠨ ᠳᠠᠭᠤᠷᠢᠶᠠᠯ︾ ᠤᠨ | ᠴᠣᠯᠠ ᠭᠥᠷᠳᠡᠵᠦ᠂ ᠡᠩᠨᠡᠭᠡ ᠶᠢᠨ ᠪᠠᠶᠢᠭᠤᠯᠤᠯᠲᠠ ᠢᠯᠡᠷᠬᠡᠢ ᠦᠷ᠎ᠡ ᠪᠦᠲᠦᠮᠵᠢ ᠣᠯᠪᠠ᠃ | ᠲᠠᠪᠤ᠂ ᠢᠯᠡ ᠪᠠᠷ ᠬᠠᠤᠯᠢ ᠪᠠᠷᠢᠬᠤ ᠶᠢ ᠪᠠᠷᠢᠮᠲᠠᠯᠠᠵᠤ᠂ ᠪᠠᠶᠢᠴᠠᠭᠠᠬᠤ ᠡᠷᠬᠡ ᠶᠢᠨ ᠥᠨᠳᠥᠷ ᠪᠠᠷᠢᠮᠵᠢᠶ᠎ᠠ ᠪᠠᠷ | ᠶᠠᠪᠤᠭᠳᠠᠬᠤ ᠶᠢ ᠦᠨᠡᠨᠬᠦ ᠪᠠᠲᠤᠯᠠᠪᠠ | ᠪᠥᠬᠦ ᠶᠠᠪᠤᠴᠠ ᠶᠢᠨ ᠠᠷᠠᠳ ᠤᠨ ᠠᠷᠠᠳᠴᠢᠯᠠᠯ ᠢ ᠦᠢᠯᠡᠳᠦᠯᠭᠡᠵᠢᠭᠦᠯᠵᠦ᠂ ᠬᠤᠰᠢᠭᠤᠨ ᠤ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠳᠤ ᠠᠵᠢᠯ ᠢᠶᠠᠨ ᠮᠡᠳᠡᠭᠦᠯᠬᠦ ᠳᠦᠷᠢᠮ ᠢ ᠪᠠᠷᠢᠮᠲᠠᠯᠠᠵᠤ᠂ ᠬᠤᠰᠢᠭᠤᠨ ᠤ ︽ᠬᠤᠶᠠᠷ | ᠬᠤᠷᠠᠯ︾ ᠤᠨ ᠬᠤᠭᠤᠴᠠᠭᠠᠨ ᠳᠤ ᠲᠥᠯᠥᠭᠡᠯᠡᠭᠴᠢᠳ ᠤᠨ ᠳᠤᠷᠠᠳᠤᠭᠰᠠᠨ ᠢᠳᠡᠭᠡᠨ ᠤ ᠵᠦᠢᠯ ᠡᠮ ᠤᠨ ᠵᠦᠢᠯ ᠤᠨ ᠠᠮᠤᠷ | ᠲᠦᠪᠰᠢᠨ ᠤ ᠬᠦᠷᠢᠶ᠎ᠡ ᠴᠠᠷᠠᠭ᠎ᠠ ᠪᠠ ᠲᠡᠦᠬᠡ ᠶᠢᠨ ᠳᠤᠷᠠᠰᠬᠠᠯᠲᠤ ᠵᠦᠢᠯᠡᠰ ᠤᠨ ᠬᠠᠮᠠᠭᠠᠯᠠᠯᠲᠠ ᠶᠢ ᠴᠢᠩᠭᠠᠳᠬᠠᠬᠤ ᠲᠠᠯ᠎ᠠ ᠪᠠᠷ | ᠬᠢ ᠰᠠᠨᠠᠯ ᠰᠠᠨᠠᠭᠤᠯᠭ᠎ᠠ ᠶᠢ ᠨᠠᠷᠢᠨ ᠬᠢᠨᠠᠮᠠᠭᠠᠢ ᠭᠦᠢᠴᠡᠳᠬᠡᠵᠦ᠂ ᠵᠤᠷᠪᠤᠰ ᠳᠠᠷᠠᠭᠠᠯᠠᠨ ᠴᠡᠭᠴᠡᠯᠡᠨ ᠰᠠᠶᠢᠵᠢᠷᠠᠭᠤᠯᠵᠤ | ᠨᠠᠶᠢᠳᠠᠪᠤᠷᠢᠵᠢᠭᠤᠯᠬᠤ ᠶᠢᠨ ᠬᠠᠮᠲᠤ ᠬᠠᠷᠢᠭᠤ ᠲᠤᠰᠬᠠᠪᠠ᠃ ᠬᠤᠰᠢᠭᠤᠨ ᠤ ᠤᠯᠤᠰ ᠲᠥᠷᠥ ᠶᠢᠨ ᠵᠥᠪᠯᠡᠯᠭᠡᠨ ᠳᠤ | ᠪᠠᠶᠢᠴᠠᠭᠠᠬᠤ ᠠᠵᠢᠯ ᠢᠶᠠᠨ ᠮᠡᠳᠡᠭᠦᠯᠬᠦ ᠶᠢ ᠪᠠᠷᠢᠮᠲᠠᠯᠠᠵᠤ᠂ ᠶᠡᠭᠡ ᠲᠠᠯ᠎ᠠ ᠳᠤ ᠦᠢᠯᠡᠴᠢᠯᠡᠭᠰᠡᠨ᠂ ᠪᠠᠶᠢᠴᠠᠭᠠᠬᠤ ᠡᠭᠦᠷᠭᠡ | ᠴᠢᠳᠠᠪᠤᠷᠢ ᠪᠠᠨ ᠭᠦᠢᠴᠡᠳᠬᠡᠭᠰᠡᠨ᠂ ᠡᠩᠨᠡᠭᠡ ᠶᠢᠨ ᠪᠠᠶᠢᠭᠤᠯᠤᠯᠲᠠ ᠪᠠᠨ ᠴᠢᠩᠭᠠᠳᠬᠠᠭᠰᠠᠨ ᠵᠡᠷᠭᠡ ᠪᠠᠶᠢᠳᠠᠯ ᠢᠶᠠᠨ | ᠰᠠᠨᠠᠭᠠᠴᠢᠯᠠᠭ᠎ᠠ ᠠᠴᠠ ᠪᠠᠨ ᠮᠡᠳᠡᠭᠦᠯᠵᠦ᠂ ᠰᠠᠨᠠᠯ ᠰᠠᠨᠠᠭᠤᠯᠭ᠎ᠠ ᠶᠢ ᠴᠢᠩ ᠦᠨᠡᠨᠴᠢ ᠪᠠᠷ ᠰᠣᠨᠣᠰᠪᠠ᠃ ᠨᠢᠭᠡ ᠵᠢᠯ ᠤᠨ | ᠲᠤᠷᠰᠢ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢᠳ᠂ ᠤᠯᠤᠰ ᠲᠦᠷᠦ ᠶᠢᠨ ᠵᠥᠪᠯᠡᠯᠭᠡᠨ ᠤ | ᠭᠡᠰᠢᠭᠦᠳ ᠢ ᠨᠡᠶᠢᠳᠡ 14 ᠬᠥᠮᠥᠨ ᠤᠳᠠᠭ᠎ᠠ ᠤᠷᠢᠵᠤ ᠶᠠᠷᠢᠯᠴᠠᠭᠤᠯᠤᠨ ᠰᠣᠯᠢᠯᠴᠠᠭᠤᠯᠵᠤ᠂ ᠠᠷᠠᠳ ᠤᠨ ᠬᠢᠨᠠᠭᠴᠢ᠂ | ᠨᠡᠶᠢᠭᠡᠮ ᠤᠨ ᠡᠯ᠎ᠡ ᠡᠲᠡᠭᠡᠳ ᠤᠨ ᠲᠥᠯᠥᠭᠡᠯᠡᠭᠴᠢᠳ ᠢ ᠤᠷᠢᠵᠤ ᠬᠡᠷᠡᠭ ᠤᠨ ᠭᠡᠷᠡᠴᠢᠯᠡᠭᠡ ᠰᠣᠨᠣᠰᠬᠤ᠂ ᠪᠠᠶᠢᠴᠠᠭᠠᠬᠤ | ᠠᠵᠢᠯ ᠤᠨ ᠨᠡᠭᠡᠭᠡᠯᠲᠡᠲᠤ ᠡᠳᠦᠷ ᠵᠡᠷᠭᠡ ᠠᠵᠢᠯᠯᠠᠭ᠎ᠠ ᠳᠤ 60 ᠤᠳᠠᠭ᠎ᠠ ᠣᠷᠣᠯᠴᠠᠭᠤᠯᠪᠠ᠃ ᠪᠠᠶᠢᠴᠠᠭᠠᠬᠤ ᠠᠵᠢᠯ ᠢ ᠢᠯᠡ | ᠪᠣᠯᠭᠠᠬᠤ ᠶᠢ ᠭᠦᠨᠵᠡᠭᠡᠶᠢᠷᠡᠭᠦᠯᠵᠦ᠂ 410 ᠵᠤᠷᠪᠤᠰ ᠬᠡᠷᠡᠭ ᠤᠨ ᠵᠢᠷᠤᠮᠵᠢᠯ ᠤᠨ ᠴᠢᠨᠠᠷᠲᠠᠢ ᠮᠡᠳᠡᠭᠡ ᠵᠠᠩᠭᠢ ᠶᠢ ᠨᠡᠶᠢᠭᠡᠮ ᠳᠤ | ᠢᠯᠡ ᠪᠣᠯᠭᠠᠪᠠ᠃ 12309 ᠪᠠᠶᠢᠴᠠᠭᠠᠬᠤ ᠦᠢᠯᠡᠴᠢᠯᠡᠭᠡᠨ ᠤ ᠰᠢᠭᠤᠳ ᠤᠲᠠᠰᠤ ᠶᠢ ᠪᠠᠶᠢᠩᠭᠤᠵᠢᠭᠤᠯᠬᠤ ᠪᠠᠷ | ᠳᠠᠮᠵᠢᠭᠤᠯᠵᠤ᠂ ᠤᠯᠠᠨ ᠲᠦᠮᠡᠨ ᠤ ᠢᠯᠡᠴᠢᠯᠡᠨ ᠮᠡᠳᠡᠭᠦᠯᠦᠯᠲᠡ ᠬᠢᠨᠠᠯᠲᠠ ᠶᠢ ᠬᠦᠯᠢᠶᠡᠵᠦ᠂ ᠨᠡᠩ ᠨᠡᠭᠡᠭᠡᠯᠲᠡᠲᠡᠢ᠂ | ᠬᠥᠳᠡᠯᠦᠩᠭᠦᠢ᠂ ᠲᠣᠳᠣᠷᠬᠠᠢ᠂ ᠠᠷᠠᠳ ᠲᠤ ᠲᠦᠬᠦᠮ ᠦᠵᠡᠭᠦᠯᠬᠦ ᠢᠯᠡ ᠲᠣᠳᠣ ᠪᠠᠶᠢᠴᠠᠭᠠᠬᠤ ᠠᠵᠢᠯ ᠤᠨ ᠵᠣᠬᠢᠴᠠᠮᠵᠢ ᠶᠢ | ᠢᠳᠡᠪᠬᠢᠲᠡᠢ ᠪᠠᠷ ᠪᠠᠶᠢᠭᠤᠯᠵᠤ᠂ ᠪᠠᠶᠢᠴᠠᠭᠠᠬᠤ ᠡᠷᠬᠡ ᠶᠢᠨ ᠢᠯᠡ ᠪᠠᠷ ᠶᠠᠪᠤᠭᠳᠠᠬᠤ ᠶᠢ ᠦᠨᠡᠨᠬᠦ ᠪᠠᠲᠤᠯᠠᠪᠠ᠃ | ᠲᠥᠯᠥᠭᠡᠯᠡᠭᠴᠢᠳ ᠠ᠋᠂ 2023 ᠣᠨ ᠳᠤ᠂ ᠬᠡᠰᠢᠭᠲᠡᠨ ᠬᠤᠰᠢᠭᠤᠨ ᠤ ᠪᠠᠶᠢᠴᠠᠭᠠᠬᠤ ᠠᠵᠢᠯ ᠵᠣᠬᠢᠬᠤ ᠠᠮᠵᠢᠯᠲᠠ | ᠣᠯᠣᠭᠰᠠᠨ ᠪᠠᠶᠢᠨ᠎ᠠ᠂ ᠡᠲᠡᠭᠡᠷ ᠠᠮᠵᠢᠯᠲᠠ ᠶᠢ ᠣᠯᠣᠭᠰᠠᠨ ᠨᠢ ᠬᠤᠰᠢᠭᠤᠨ ᠤ ᠨᠠᠮ ᠤᠨ ᠬᠤᠷᠢᠶ᠎ᠠ᠂ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ᠂ ᠵᠠᠰᠠᠭ ᠤᠨ ᠣᠷᠳᠣᠨ᠂ ᠤᠯᠤᠰ ᠲᠥᠷᠥ ᠶᠢᠨ ᠵᠥᠪᠯᠡᠯᠭᠡᠨ ᠤ ᠬᠠᠯᠠᠮᠵᠢᠯᠠᠨ | ᠴᠢᠬᠤᠯᠠᠴᠢᠯᠠᠭᠰᠠᠨ ᠤ ᠠᠴᠢ ᠲᠤᠰᠠ᠂ ᠤᠯᠤᠰ ᠲᠥᠷᠥ ᠬᠠᠤᠯᠢ ᠴᠠᠭᠠᠵᠠ ᠶᠢᠨ ᠡᠯ᠎ᠡ ᠪᠠᠶᠢᠭᠤᠯᠤᠯᠭ᠎ᠠ ᠪᠣᠯᠣᠨ ᠵᠠᠰᠠᠭ | ᠵᠠᠬᠢᠷᠭᠠᠨ ᠤ ᠬᠠᠤᠯᠢ ᠬᠡᠷᠡᠭᠵᠢᠭᠦᠯᠬᠦ ᠰᠠᠯᠠᠭ᠎ᠠ ᠮᠥᠴᠢᠷ ᠤᠨ ᠬᠦᠴᠦᠲᠡᠢ ᠬᠠᠮᠵᠢᠯᠴᠠᠭᠰᠠᠨ ᠤ ᠠᠴᠢ ᠲᠤᠰᠠ᠂ ᠨᠠᠩ ᠴᠤ | ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢᠳ᠂ ᠤᠯᠤᠰ ᠲᠥᠷᠥ ᠶᠢᠨ ᠵᠥᠪᠯᠡᠯᠭᠡᠨ ᠤ ᠭᠡᠰᠢᠭᠦᠳ | ᠪᠣᠯᠣᠨ ᠨᠡᠶᠢᠭᠡᠮ ᠤᠨ ᠡᠯ᠎ᠡ ᠡᠲᠡᠭᠡᠳ ᠤᠨ ᠬᠢᠨ ᠤ ᠬᠦᠴᠦᠲᠡᠢ ᠳᠡᠮᠵᠢᠯᠭᠡ ᠶᠢᠨ ᠠᠴᠢ ᠲᠤᠰᠠ ᠪᠣᠯᠣᠨ᠎ᠠ᠃ ᠠᠳᠡ᠂ ᠪᠢ | ᠬᠡᠰᠢᠭᠲᠡᠨ ᠬᠤᠰᠢᠭᠤᠨ ᠤ ᠠᠷᠠᠳ ᠤᠨ ᠪᠠᠶᠢᠴᠠᠭᠠᠬᠤ ᠬᠤᠷᠢᠶ᠎ᠠ ᠶᠢ ᠲᠥᠯᠥᠭᠡᠯᠡᠨ ᠲᠥᠯᠥᠭᠡᠯᠡᠭᠴᠢᠳ ᠪᠣᠯᠣᠨ ᠪᠠᠶᠢᠴᠠᠭᠠᠬᠤ | ᠠᠵᠢᠯ ᠢ ᠬᠠᠯᠠᠮᠵᠢᠯᠠᠨ ᠳᠡᠮᠵᠢᠭᠰᠡᠨ ᠪᠤᠢ ᠪᠦᠬᠦᠢ ᠤᠳᠤᠷᠢᠳᠤᠯᠭ᠎ᠠ᠂ ᠨᠥᠬᠦᠳ ᠲᠤ ᠴᠢᠩ ᠰᠡᠳᠬᠢᠯ ᠤᠨ ᠲᠠᠯᠠᠷᠬᠠᠯ ᠢᠶᠠᠨ | ᠳᠡᠪᠰᠢᠭᠦᠯᠦᠶ᠎ᠡ︕ | ᠠᠮᠵᠢᠯᠲᠠ ᠪᠠᠨ ᠣᠯᠵᠤ ᠬᠠᠷᠠᠬᠤ ᠶᠢᠨ ᠵᠡᠷᠭᠡ᠂ ᠪᠢᠳᠡ ᠪᠠᠰᠠ ᠬᠤᠷᠴᠠ ᠰᠡᠷᠭᠡᠭ ᠢᠶᠠᠷ ᠲᠠᠨᠢᠵᠤ ᠣᠯᠣᠭᠰᠠᠨ ᠨᠢ᠂ | ᠬᠡᠰᠢᠭᠲᠡᠨ ᠬᠤᠰᠢᠭᠤᠨ ᠤ ᠪᠠᠶᠢᠴᠠᠭᠠᠬᠤ ᠠᠵᠢᠯ ᠳᠤ ᠪᠠᠰᠠ ᠵᠣᠬᠢᠬᠤ ᠠᠰᠠᠭᠤᠳᠠᠯ ᠪᠣᠯᠣᠨ ᠬᠦᠷᠦᠯᠴᠡᠬᠦ ᠦᠭᠡᠢ ᠵᠦᠢᠯᠡᠰ | ᠣᠷᠣᠰᠢᠵᠤ ᠪᠣᠢ᠄ ᠨᠢᠭᠡ ᠳᠤ ᠦᠢᠯᠡᠴᠢᠯᠡᠭᠡᠨ ᠤ ᠲᠣᠭᠤᠷᠢᠨ ᠳᠤ ︽ᠬᠤᠶᠠᠷ ᠶᠡᠭᠡ ᠶᠠᠪᠤᠳᠠᠯ︾ ᠢ ᠰᠠᠶᠢᠲᠤᠷ ᠬᠢᠬᠦ ᠲᠠᠯ᠎ᠠ ᠪᠠᠷ | ᠪᠣᠳᠣᠯᠬᠢᠯᠠᠯ ᠬᠦᠷᠦᠯᠴᠡᠬᠦ ᠦᠭᠡᠢ᠂ ᠠᠷᠭ᠎ᠠ ᠬᠡᠮᠵᠢᠶ᠎ᠡ ᠣᠯᠠᠨ ᠪᠤᠰᠤ︔ ᠬᠤᠶᠠᠷ ᠲᠤ ︽ᠬᠡᠷᠡᠭ ᠨᠢᠭᠡᠪᠦᠷᠢ ᠶᠢ ᠴᠢᠨᠠᠷ ᠰᠠᠶᠢᠲᠠᠢ | ᠦᠷ᠎ᠡ ᠪᠦᠲᠦᠮᠵᠢᠲᠡᠶ ᠰᠠᠶᠢᠲᠤᠷ ᠰᠢᠢᠳᠪᠦᠷᠢᠯᠡᠬᠦ︾ ᠱᠠᠭᠠᠷᠳᠠᠯᠭ᠎ᠠ ᠠᠴᠠ ᠪᠠᠰᠠ ᠵᠥᠷᠢᠶ᠎ᠡ ᠲᠠᠢ ᠪᠣᠢ︔ ᠭᠤᠷᠪᠠ ᠳᠤ ᠬᠠᠤᠯᠢ | ᠴᠠᠭᠠᠵᠠ ᠶᠢᠨ ᠬᠢᠨᠠᠯᠲᠠ ᠶᠢᠨ ᠶᠠᠰᠤ ᠴᠢᠨᠠᠷ ᠦᠷ᠎ᠡ ᠪᠦᠲᠦᠮᠵᠢ ᠮᠥᠨᠬᠦ ᠬᠦᠷᠦᠯᠴᠡᠬᠦ ᠦᠭᠡᠢ ᠪᠠᠶᠢᠵᠤ᠂ ᠬᠠᠮᠵᠢᠯᠴᠠᠭ᠎ᠠ ᠶᠢ | ᠴᠢᠬᠤᠯᠠᠴᠢᠯᠠᠨ ᠬᠢᠵᠠᠭᠠᠷᠯᠠᠯ ᠢ ᠬᠥᠩᠭᠡᠪᠴᠢᠯᠡᠬᠦ ᠵᠡᠷᠭᠡ ᠠᠰᠠᠭᠤᠳᠠᠯ ᠮᠥᠨᠬᠦ ᠣᠷᠣᠰᠢᠵᠤ᠂ ᠲᠥᠪ ᠭᠤᠣᠯᠴᠢ ᠪᠠᠷ ᠬᠠᠤᠯᠢ | ᠪᠠᠷᠢᠬᠤ ᠶᠢ ᠬᠠᠮᠠᠭᠠᠯᠠᠬᠤ ᠴᠢᠳᠠᠪᠤᠷᠢ ᠶᠢ ᠳᠡᠭᠡᠭᠰᠢᠯᠡᠭᠦᠯᠬᠦ ᠴᠢᠬᠤᠯᠠᠲᠠᠢ ᠪᠣᠢ᠃ ᠲᠠᠷᠠᠭᠠᠴᠢ ᠶᠢᠨ ᠠᠯᠬᠤᠮ ᠳᠤ᠂ ᠪᠢᠳᠡ | ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠦᠷᠭᠦᠯᠵᠢᠯᠡᠨ ᠴᠢᠷᠮᠠᠶᠢᠵᠤ᠂ ᠬᠦᠴᠦᠲᠡᠢ ᠠᠷᠭ᠎ᠠ ᠬᠡᠮᠵᠢᠶ᠎ᠡ | ᠠᠪᠴᠤ᠂ ᠪᠥᠬᠦ ᠬᠦᠴᠦᠨ ᠢᠶᠠᠷ ᠢᠶᠠᠨ ᠰᠢᠢᠳᠪᠦᠷᠢᠯᠡᠬᠦ ᠶᠢ ᠠᠬᠢᠭᠤᠯᠤᠨ᠎ᠠ᠃ | 2024 ᠣᠨ ᠤ ᠠᠵᠢᠯ ᠤᠨ ᠲᠣᠬᠢᠷᠠᠭᠤᠯᠤᠯᠲᠠ | 2024 ᠣᠨ ᠳᠤ᠂ ᠬᠡᠰᠢᠭᠲᠡᠨ ᠬᠤᠰᠢᠭᠤᠨ ᠤ ᠠᠷᠠᠳ ᠤᠨ ᠪᠠᠶᠢᠴᠠᠭᠠᠬᠤ ᠬᠤᠷᠢᠶ᠎ᠠ ᠨᠢ ᠰᠢ ᠶᠢᠨ ᠫᠢᠩ ᠤᠨ ᠰᠢᠨ᠎ᠡ | ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠶᠡᠷᠦᠩᠬᠡᠢ | ᠵᠢᠯᠣᠭᠤᠳᠤᠯᠭ᠎ᠠ ᠪᠣᠯᠭᠠᠬᠤ ᠶᠢ ᠦᠷᠭᠦᠯᠵᠢᠯᠡᠨ ᠪᠠᠷᠢᠮᠲᠠᠯᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ | ᠭᠦᠨᠵᠡᠭᠡᠢ ᠰᠤᠷᠤᠯᠴᠠᠨ ᠲᠤᠤᠱᠯᠠᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ | ᠪᠠᠲᠤ ᠴᠣᠭᠴᠠᠯᠠᠬᠤ ᠪᠠᠷ ᠭᠤᠣᠯ ᠰᠢᠵᠢᠮ ᠪᠣᠯᠭᠠᠵᠤ᠂ ᠰᠢ ᠶᠢᠨ ᠫᠢᠩ ᠶᠡᠷᠦᠩᠬᠡᠢ ᠱᠦᠵᠢ ᠶᠢᠨ ᠥᠪᠥᠷ ᠮᠣᠩᠭᠤᠯ ᠳᠤ | ᠰᠢᠨᠵᠢᠯᠡᠨ ᠪᠠᠶᠢᠴᠠᠭᠠᠬᠤ ᠦᠶ᠎ᠡ ᠶᠢᠨ ᠴᠢᠬᠤᠯᠠ ᠶᠠᠷᠢᠶ᠎ᠠ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠬᠢᠨᠠᠮᠠᠭᠠᠢ | ᠨᠠᠶᠢᠳᠠᠪᠤᠷᠢᠵᠢᠭᠤᠯᠵᠤ᠂ ︽ᠬᠤᠶᠠᠷ ᠶᠡᠭᠡ ᠶᠠᠪᠤᠳᠠᠯ︾ ᠢ ᠰᠠᠶᠢᠲᠤᠷ ᠬᠢᠬᠦ ᠳᠤ ᠦᠢᠯᠡᠴᠢᠯᠡᠵᠦ᠂ ︽ᠬᠠᠤᠯᠢ ᠪᠠᠷ ᠵᠠᠰᠠᠭᠰᠠᠨ | ᠬᠡᠰᠢᠭᠲᠡᠨ ᠬᠤᠰᠢᠭᠤ︾ ᠶᠢᠨ ᠪᠦᠲᠦᠭᠡᠨ ᠪᠠᠶᠢᠭᠤᠯᠤᠯᠲᠠ ᠳᠤ ᠠᠩᠬᠠᠷᠤᠯ ᠢᠶᠠᠨ ᠲᠥᠪᠯᠡᠷᠡᠭᠦᠯᠵᠦ᠂ ᠴᠢᠨᠠᠷ ᠰᠠᠶᠢᠲᠠᠢ ᠪᠠᠷ | ᠪᠠᠶᠢᠴᠠᠭᠠᠬᠤ ᠠᠵᠢᠯ ᠤᠨ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠪᠠᠷ ᠬᠡᠰᠢᠭᠲᠡᠨ ᠬᠤᠰᠢᠭᠤ ᠶᠢᠨ ᠣᠳᠣᠬᠢᠴᠢᠯᠠᠭᠰᠠᠨ | ᠬᠥᠭᠵᠢᠯᠲᠡ ᠳᠤ ᠦᠢᠯᠡᠴᠢᠯᠡᠨ᠎ᠡ᠃ | ᠨᠢᠭᠡ ᠳᠤ ᠥᠨᠳᠥᠷ ᠪᠦᠲᠦᠮᠵᠢᠲᠡᠢ ᠪᠠᠷ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠪᠠᠷ ᠠᠮᠤᠷ ᠲᠦᠪᠰᠢᠨ ᠪᠠ | ᠲᠣᠭᠲᠠᠭᠤᠨ ᠪᠠᠶᠢᠳᠠᠯ ᠢ ᠬᠠᠮᠠᠭᠠᠯᠠᠨ᠎ᠠ᠃ ᠠᠭᠤᠴᠢᠯᠠᠨ ᠰᠢᠢᠳᠬᠡᠬᠦ ᠪᠠ ᠴᠢᠩᠭ᠎ᠠ ᠰᠢᠢᠳᠬᠡᠬᠦ ᠶᠢ ᠬᠤᠣᠰᠯᠠᠭᠤᠯᠤᠭᠰᠠᠨ | ᠡᠷᠡᠭᠦᠦ ᠶᠢᠨ ᠬᠡᠷᠡᠭ ᠤᠨ ᠬᠠᠤᠯᠢ ᠪᠠᠷᠢᠬᠤ ᠲᠦᠷᠦ ᠶᠢᠨ ᠪᠣᠳᠣᠯᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠠᠭᠤᠴᠢᠯᠠᠨ | ᠰᠢᠢᠳᠬᠡᠬᠦ ᠶᠣᠰᠣᠲᠠᠢ ᠶᠢ ᠠᠭᠤᠴᠢᠯᠠᠨ ᠰᠢᠢᠳᠬᠡᠵᠦ᠂ ᠴᠢᠩᠭ᠎ᠠ ᠰᠢᠢᠳᠬᠡᠬᠦ ᠶᠣᠰᠣᠲᠠᠢ ᠶᠢ ᠴᠢᠩᠭ᠎ᠠ ᠰᠢᠢᠳᠬᠡᠵᠦ᠂ ᠶᠠᠯ᠎ᠠ | ᠳᠤᠨᠢ ᠲᠣᠬᠢᠷᠠᠭᠤᠯᠤᠨ ᠰᠢᠢᠳᠬᠡᠨ᠎ᠡ᠃ ᠡᠯ᠎ᠡ ᠲᠦᠷᠦᠯ ᠤᠨ ᠡᠷᠡᠭᠦᠦ ᠶᠢᠨ ᠶᠠᠯᠠᠲᠤ ᠠᠵᠢᠯᠯᠠᠭ᠎ᠠ ᠳᠤ ᠬᠠᠤᠯᠢ ᠶᠣᠰᠣᠭᠠᠷ | ᠴᠣᠬᠢᠯᠲᠠ ᠥᠭᠴᠦ᠂ ᠬᠠᠷ᠎ᠠ ᠪᠦᠯᠦᠭᠲᠡᠨ ᠬᠠᠷᠭᠢᠰ ᠬᠦᠴᠦᠨ ᠳᠤ ᠬᠤᠯᠪᠣᠭᠳᠠᠭᠰᠠᠨ᠂ ᠬᠦᠨᠳᠦ ᠨᠣᠴᠢᠲᠠᠢ ᠬᠦᠴᠦᠷᠬᠡᠭᠯᠡᠯ᠂ | ︽ᠬᠤᠯᠠᠭᠠᠶᠢᠯᠠᠬᠤ ᠪᠤᠯᠢᠶᠠᠬᠤ ᠮᠡᠬᠡᠯᠡᠬᠦ︾᠂ ︽ᠱᠠᠯᠢᠭ ᠵᠠᠪᠬᠠᠢ᠂ ᠵᠣᠭᠤᠰ ᠮᠥᠷᠥᠢ᠂ ᠬᠤᠣᠷᠲᠤ ᠡᠳ᠋︾ ᠵᠡᠷᠭᠡ ᠠᠷᠠᠳ | ᠤᠯᠠᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠳᠤ ᠬᠤᠣᠷ ᠬᠥᠨᠥᠭᠡᠯ ᠤᠴᠠᠷᠠᠭᠤᠯᠤᠭᠰᠠᠨ ᠶᠠᠯᠠᠲᠤ | ᠠᠵᠢᠯᠯᠠᠭ᠎ᠠ ᠶᠢ ᠴᠢᠩᠭ᠎ᠠ ᠵᠠᠯᠬᠠᠭᠠᠨ ᠰᠢᠢᠳᠬᠡᠵᠦ᠂ ᠠᠷᠠᠳ ᠤᠯᠠᠨ ᠤ ᠠᠮᠤᠷ ᠲᠦᠪᠰᠢᠨ ᠤ ᠲᠥᠷᠥᠭᠳᠡᠯ ᠢ ᠦᠨᠡᠨᠬᠦ | ᠳᠡᠭᠡᠭᠰᠢᠯᠡᠭᠦᠯᠦᠨ᠎ᠡ︔ ᠰᠤᠷᠭᠠᠨ ᠬᠥᠮᠦᠵᠢᠯ᠂ ᠡᠮ ᠡᠮᠨᠡᠯᠭᠡ᠂ ᠨᠡᠶᠢᠭᠡᠮ ᠤᠨ ᠪᠠᠲᠤᠯᠠᠭ᠎ᠠ᠂ ᠴᠠᠬᠢᠯᠭᠠᠨ ᠬᠤᠯᠪᠣᠭ᠎ᠠ ᠲᠣᠣᠷ | ᠰᠦᠯᠵᠢᠶ᠎ᠡ ᠵᠡᠷᠭᠡ ᠬᠦᠷᠢᠶᠡᠨ ᠳᠠᠬᠢ ᠶᠠᠯᠠᠲᠤ ᠠᠵᠢᠯᠯᠠᠭ᠎ᠠ ᠶᠢ ᠴᠢᠩᠭ᠎ᠠ ᠵᠠᠯᠬᠠᠭᠠᠨ ᠰᠢᠢᠳᠬᠡᠵᠦ᠂ ᠠᠷᠠᠳ ᠤᠨ ᠠᠮᠢᠳᠤᠷᠠᠯ ᠤᠨ | ᠨᠠᠭᠠᠲᠤ ᠵᠠᠬ᠎ᠠ ᠶᠢᠨ ᠪᠠᠷᠢᠮᠵᠢᠶ᠎ᠠ ᠶᠢ ᠰᠠᠬᠢᠨ ᠬᠠᠮᠠᠭᠠᠯᠠᠨ᠎ᠠ᠃ ᠠᠵᠤ ᠠᠬᠤᠶᠢᠯᠠᠯ ᠤᠨ ᠲᠣᠭᠲᠠᠭᠠᠯ ᠳᠤ ᠨᠡᠶᠢᠴᠡᠬᠦ ᠳᠦᠷᠢᠮ ᠤᠨ | ᠬᠡᠷᠡᠭᠯᠡᠭᠳᠡᠬᠦ ᠬᠡᠪᠴᠢᠶ᠎ᠡ ᠪᠠ ᠪᠦᠷᠬᠦᠴᠡ ᠶᠢᠨ ᠨᠤᠷᠮ᠎ᠠ ᠶᠢ ᠥᠷᠭᠡᠳᠬᠡᠵᠦ᠂ ᠠᠵᠤ ᠠᠬᠤᠶᠢᠯᠠᠯ ᠤᠨ ᠬᠠᠤᠯᠢ ᠶᠣᠰᠣᠭᠠᠷ | ᠡᠵᠡᠩᠨᠡᠬᠦ ᠶᠢ ᠬᠥᠲᠥᠯᠥᠨ ᠵᠢᠯᠤᠭᠤᠳᠴᠤ ᠤᠷᠮᠠᠰᠢᠭᠤᠯᠤᠨ ᠵᠣᠷᠢᠭᠵᠢᠭᠤᠯᠤᠨ᠎ᠠ᠃ ᠬᠥᠩᠭᠡᠨ ᠶᠠᠯ᠎ᠠ ᠶᠢ ᠵᠠᠰᠠᠬᠤ ᠰᠢᠰᠲ᠋ᠧᠮ ᠤᠨ | ᠪᠠᠶᠢᠭᠤᠯᠤᠯᠲᠠ ᠶᠢ ᠦᠷᠭᠦᠯᠵᠢᠯᠡᠨ ᠠᠬᠢᠭᠤᠯᠵᠤ᠂ ᠶᠠᠯ᠎ᠠ ᠪᠠᠨ ᠮᠡᠳᠡᠷᠡᠵᠦ ᠰᠢᠢᠳᠬᠡᠯ ᠢ ᠮᠡᠳᠡᠷᠡᠭᠰᠡᠨ ᠢ ᠠᠭᠤᠴᠢᠯᠠᠨ ᠰᠢᠢᠳᠬᠡᠬᠦ | ᠳᠦᠷᠢᠮ ᠪᠠ ᠴᠥᠭᠡᠨ ᠪᠠᠷᠢᠪᠴᠢᠯᠠᠬᠤ ᠪᠣᠯᠭᠤᠮᠵᠢᠲᠠᠢ ᠵᠠᠭᠠᠯᠳᠤᠬᠤ ᠪᠣᠯᠭᠤᠮᠵᠢᠲᠠᠢ ᠬᠤᠷᠢᠬᠤ ᠡᠷᠡᠭᠦᠦ ᠶᠢᠨ ᠬᠡᠷᠡᠭ ᠤᠨ ᠬᠠᠤᠯᠢ | ᠪᠠᠷᠢᠬᠤ ᠲᠦᠷᠦ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠵᠤ᠂ ᠢᠯᠡ ᠪᠠᠷ ᠭᠡᠷᠡᠴᠢᠯᠡᠭᠡ ᠰᠣᠨᠣᠰᠬᠤ᠂ ᠡᠷᠡᠭᠦᠦ ᠶᠢᠨ ᠬᠡᠷᠡᠭ ᠤᠨ | ᠡᠶᠡᠳᠡᠯ᠂ ᠬᠠᠤᠯᠢ ᠴᠠᠭᠠᠵᠠ ᠶᠢᠨ ᠠᠪᠤᠷᠠᠨ ᠲᠤᠰᠠᠯᠠᠯᠲᠠ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠵᠤ᠂ ᠵᠥᠷᠢᠴᠡᠯ ᠢ | ᠨᠠᠮᠳᠠᠭᠤᠯᠬᠤ ᠶᠢ ᠴᠢᠩᠭᠠᠳᠬᠠᠵᠤ᠂ ᠨᠡᠶᠢᠭᠡᠮ ᠤᠨ ᠡᠶ᠎ᠡ ᠵᠣᠬᠢᠴᠠᠯ ᠲᠠᠢ ᠲᠣᠭᠲᠠᠭᠤᠨ ᠪᠠᠶᠢᠬᠤ ᠶᠢᠨ ᠰᠠᠭᠤᠷᠢ ᠶᠢ | ᠪᠠᠬᠢᠵᠢᠭᠦᠯᠦᠨ᠎ᠡ᠃ | ᠬᠤᠶᠠᠷ ᠲᠤ ᠰᠢᠯᠢᠳᠡᠭ ᠬᠢᠨᠠᠯᠲᠠ ᠪᠠᠷ ᠬᠠᠤᠯᠢ ᠴᠠᠭᠠᠵᠠ ᠶᠢᠨ ᠠᠩᠬᠠᠷᠤᠯ ᠬᠠᠯᠠᠮᠵᠢᠯᠠᠯ ᠳᠤ ᠬᠠᠷᠢᠭᠤ ᠲᠤᠰᠬᠠᠨ᠎ᠠ᠃ | ᠠᠷᠠᠳ ᠲᠦᠮᠡᠨ ᠢ ᠳᠡᠭᠡᠳᠦᠯᠡᠬᠦ ᠶᠢ ᠪᠠᠷᠢᠮᠲᠠᠯᠠᠵᠤ᠂ ᠪᠠᠶᠢᠴᠠᠭᠠᠬᠤ ᠠᠵᠢᠯ ᠤᠨ ᠨᠡᠶᠢᠲᠡ ᠶᠢᠨ ᠠᠰᠠᠷᠠᠮᠵᠢ ᠶᠢᠨ ᠡᠭᠦᠷᠭᠡ | ᠴᠢᠳᠠᠪᠤᠷᠢ ᠶᠢ ᠭᠦᠢᠴᠡᠳ ᠪᠠᠳᠠᠷᠠᠭᠤᠯᠵᠤ᠂ ᠠᠶᠤᠯᠭᠦᠢ ᠦᠢᠯᠡᠳᠪᠦᠷᠢᠯᠡᠯ᠂ ᠠᠮᠢ ᠠᠬᠤᠢ ᠶᠢᠨ ᠣᠷᠴᠢᠨ ᠨᠥᠬᠦᠴᠡᠯ᠂ | ᠢᠳᠡᠭᠡᠨ ᠤ ᠵᠦᠢᠯ ᠡᠮ ᠤᠨ ᠵᠦᠢᠯ ᠤᠨ ᠠᠮᠤᠷ ᠲᠦᠪᠰᠢᠨ᠂ ᠬᠤᠪᠢ ᠬᠥᠮᠥᠨ ᠤ ᠮᠡᠳᠡᠭᠡ ᠵᠠᠩᠭᠢ ᠶᠢᠨ ᠬᠠᠮᠠᠭᠠᠯᠠᠯᠲᠠ ᠵᠡᠷᠭᠡ | ᠬᠦᠷᠢᠶᠡᠨ ᠳᠠᠬᠢ ᠬᠡᠷᠡᠭ ᠰᠢᠢᠳᠪᠦᠷᠢᠯᠡᠬᠦ ᠡᠷᠴᠢᠮ ᠢᠶᠠᠨ ᠴᠢᠩᠭᠠᠷᠠᠭᠤᠯᠵᠤ᠂ ᠤᠯᠠᠨ ᠨᠡᠶᠢᠲᠡ ᠶᠢᠨ ᠠᠰᠢᠭ ᠲᠤᠰᠠ ᠶᠢ ᠪᠦᠬᠦ | ᠬᠦᠴᠦᠨ ᠢᠶᠠᠷ ᠢᠶᠠᠨ ᠬᠠᠮᠠᠭᠠᠯᠠᠨ᠎ᠠ᠃ ᠬᠠᠤᠯᠢ ᠴᠠᠭᠠᠵᠠ ᠶᠢᠨ ᠬᠢᠨᠠᠯᠲᠠ ᠲᠠᠯᠪᠢᠬᠤ ᠡᠭᠦᠷᠭᠡ ᠴᠢᠳᠠᠪᠤᠷᠢ ᠪᠠᠨ ᠦᠨᠡᠨᠬᠦ | ᠭᠦᠢᠴᠡᠳᠬᠡᠵᠦ᠂ ᠮᠥᠷᠳᠡᠨ ᠪᠠᠶᠢᠴᠠᠭᠠᠯᠲᠠ ᠳᠤ ᠬᠢᠨᠠᠯᠲᠠ ᠲᠠᠯᠪᠢᠬᠤ ᠶᠢ ᠴᠢᠩᠭᠠᠳᠬᠠᠵᠤ᠂ ᠮᠥᠷᠳᠡᠨ ᠪᠠᠶᠢᠴᠠᠭᠠᠯᠲᠠ ᠳᠤ | ᠬᠢᠨᠠᠯᠲᠠ ᠲᠠᠯᠪᠢᠬᠤ ᠪᠠ ᠬᠠᠮᠵᠢᠯᠴᠠᠬᠤ ᠠᠯᠪᠠᠨ ᠭᠡᠷ ᠤᠨ ᠦᠢᠯᠡᠳᠦᠯ ᠢ ᠭᠦᠢᠴᠡᠳ ᠪᠠᠳᠠᠷᠠᠭᠤᠯᠵᠤ᠂ ᠬᠡᠷᠡᠭ ᠪᠠᠶᠢᠲᠠᠯ᠎ᠠ ᠦᠯᠦ | ᠳᠠᠩᠰᠠᠯᠠᠬᠤ᠂ ᠬᠡᠷᠡᠭ ᠪᠣᠯᠭᠠᠨ ᠳᠠᠩᠰᠠᠯᠠᠭᠠᠳ ᠦᠯᠦ ᠪᠠᠶᠢᠴᠠᠭᠠᠬᠤ᠂ ᠡᠷᠡᠭᠦᠦ ᠶᠢᠨ ᠬᠡᠷᠡᠭ ᠤᠨ ᠠᠷᠭ᠎ᠠ ᠪᠠᠷᠢᠯ ᠢᠶᠠᠷ ᠢᠷᠭᠡᠨ ᠤ | ᠬᠡᠷᠡᠭ ᠤᠨ ᠠᠵᠤ ᠠᠬᠤᠢ ᠶᠢᠨ ᠵᠢᠭᠤᠷᠠᠭᠠᠨ ᠳᠤ ᠭᠠᠷ ᠲᠦᠷᠦᠭᠦ ᠵᠡᠷᠭᠡ ᠠᠰᠠᠭᠤᠳᠠᠯ ᠳᠤ ᠭᠤᠣᠯᠳᠠᠯᠭ᠎ᠠ ᠲᠠᠢ ᠪᠠᠷ ᠬᠢᠨᠠᠯᠲᠠ | ᠲᠠᠯᠪᠢᠨ᠎ᠠ︔ ᠰᠢᠭᠦᠨ ᠲᠠᠰᠤᠯᠬᠤ ᠠᠵᠢᠯᠯᠠᠭᠠᠨ ᠳᠤ ᠬᠢᠨᠠᠯᠲᠠ ᠲᠠᠯᠪᠢᠬᠤ ᠪᠠᠨ ᠴᠢᠩᠭᠠᠳᠬᠠᠵᠤ᠂ ᠲᠠᠰᠤᠯᠤᠯᠲᠠ ᠶᠢᠨ ᠦᠷ᠎ᠡ | ᠳ᠋ᠦᠩ ᠨᠢ ᠢᠯᠡᠳᠲᠡ ᠭᠤᠣᠯᠴᠢ ᠪᠤᠰᠤ᠂ ᠭᠦᠢᠴᠡᠳᠬᠡᠭᠰᠡᠨ ᠨᠢ ᠬᠦᠴᠦᠨ ᠦᠭᠡᠢ ᠵᠡᠷᠭᠡ ᠠᠰᠠᠭᠤᠳᠠᠯ ᠳᠤ | ᠭᠤᠣᠯᠳᠠᠯᠭ᠎ᠠ ᠲᠠᠢ ᠪᠠᠷ ᠬᠢᠨᠠᠯᠲᠠ ᠲᠠᠯᠪᠢᠨ᠎ᠠ︔ ᠵᠠᠰᠠᠭ ᠵᠠᠬᠢᠷᠭᠠᠨ ᠤ ᠬᠠᠤᠯᠢ ᠶᠢ ᠵᠥᠷᠢᠴᠡᠭᠰᠡᠨ ᠠᠵᠢᠯᠯᠠᠭ᠎ᠠ ᠳᠤ ᠬᠢᠨᠠᠯᠲᠠ | ᠲᠠᠯᠪᠢᠬᠤ ᠶᠢ ᠢᠳᠡᠪᠬᠢᠲᠡᠢ ᠪᠠᠷ ᠲᠡᠭᠦᠯᠳᠡᠷᠵᠢᠭᠦᠯᠵᠦ᠂ ᠨᠡᠪᠲᠡᠯᠬᠦ ᠮᠠᠶ᠋ᠢᠭ ᠤᠨ ᠬᠢᠨᠠᠯᠲᠠ᠂ ᠡᠷᠡᠭᠦᠦ ᠰᠢᠢᠳᠬᠡᠯ ᠢ ᠬᠡᠷᠡᠭᠵᠢᠭᠦᠯᠬᠦ | ᠶᠠᠪᠤᠳᠠᠯ ᠢ ᠡᠰᠡᠷᠭᠦ ᠴᠢᠭᠯᠡᠯ ᠢᠶᠠᠷ ᠵᠣᠯᠭᠠᠭᠤᠯᠬᠤ ᠵᠡᠷᠭᠡ ᠵᠣᠬᠢᠴᠠᠮᠵᠢ ᠪᠠᠷ ᠭᠠᠷᠳᠠᠴᠠ ᠪᠣᠯᠭᠠᠵᠤ᠂ ᠵᠠᠰᠠᠭ ᠵᠠᠬᠢᠷᠭᠠᠨ ᠤ | ᠪᠠᠶᠢᠭᠤᠯᠤᠯᠭ᠎ᠠ ᠶᠢᠨ ᠬᠠᠤᠯᠢ ᠶᠢ ᠵᠥᠷᠢᠴᠡᠨ ᠡᠷᠬᠡ ᠲᠤᠰᠢᠶᠠᠯ ᠢᠶᠠᠨ ᠬᠡᠷᠡᠭᠵᠢᠭᠦᠯᠦᠭᠰᠡᠨ ᠪᠤᠶᠤ ᠡᠷᠬᠡ ᠲᠤᠰᠢᠶᠠᠯ ᠢᠶᠠᠨ ᠡᠰᠡ | ᠬᠡᠷᠡᠭᠵᠢᠭᠦᠯᠦᠭᠰᠡᠨ ᠠᠵᠢᠯᠯᠠᠭ᠎ᠠ ᠳᠤ ᠭᠤᠣᠯᠳᠠᠯᠭ᠎ᠠ ᠲᠠᠢ ᠪᠠᠷ ᠬᠢᠨᠠᠯᠲᠠ ᠲᠠᠯᠪᠢᠵᠤ᠂ ᠬᠠᠤᠯᠢ ᠶᠣᠰᠣᠭᠠᠷ ᠵᠠᠰᠠᠭ ᠶᠠᠪᠤᠭᠤᠯᠬᠤ ᠶᠢ | ᠠᠬᠢᠭᠤᠯᠤᠨ᠎ᠠ᠃ ᠲᠣᠭᠠᠴᠢᠯᠠᠭᠰᠠᠨ ᠪᠠᠶᠢᠴᠠᠭᠠᠬᠤ ᠬᠢᠨᠠᠯᠲᠠ ᠲᠠᠯᠪᠢᠬᠤ ᠴᠢᠳᠠᠪᠤᠷᠢ ᠶᠢ ᠴᠢᠩᠭᠠᠳᠬᠠᠵᠤ᠂ ᠲᠣᠭᠠᠴᠢᠯᠠᠭᠰᠠᠨ | ᠪᠠᠶᠢᠴᠠᠭᠠᠬᠤ ᠪᠠᠶᠢᠯᠳᠤᠬᠤ ᠪᠣᠳᠣᠯᠭ᠎ᠠ ᠶᠢ ᠪᠦᠬᠦ ᠬᠦᠴᠦᠨ ᠢᠶᠠᠷ ᠬᠡᠷᠡᠭᠵᠢᠭᠦᠯᠵᠦ᠂ ᠵᠠᠰᠠᠭ ᠵᠠᠬᠢᠷᠭᠠᠨ ᠤ ᠪᠠᠶᠢᠭᠤᠯᠤᠯᠭ᠎ᠠ | ᠯᠤᠭ᠎ᠠ ᠶᠢᠨ ᠬᠤᠭᠤᠷᠣᠨᠳᠣᠬᠢ ︽ᠲᠤᠭ᠎ᠠ ᠪᠠᠷᠢᠮᠲᠠ ᠶᠢᠨ ᠪᠠᠬᠢᠯᠡᠯᠲᠡ︾ ᠶᠢ ᠨᠠᠪᠲᠠᠷᠡᠭᠦᠯᠵᠦ᠂ ᠲᠤᠭ᠎ᠠ ᠪᠠᠷᠢᠮᠲᠠ ᠶᠢ | ᠬᠠᠮᠲᠤ ᠪᠠᠷ ᠡᠳ᠋ᠯᠡᠬᠦ᠂ ᠲᠤᠭ᠎ᠠ ᠪᠠᠷᠢᠮᠲᠠ ᠶᠢ ᠡᠮᠬᠢᠯᠡᠬᠦ᠂ ᠬᠠᠷᠢᠴᠠᠭᠤᠯᠤᠨ ᠰᠢᠭᠰᠢᠨ ᠪᠠᠶᠢᠴᠠᠭᠠᠬᠤ ᠪᠠᠷ ᠳᠠᠮᠵᠢᠭᠤᠯᠵᠤ᠂ | ᠬᠡᠷᠡᠭ ᠤᠨ ᠰᠦᠪᠡᠭᠴᠢ ᠶᠢ ᠭᠦᠨᠵᠡᠭᠡᠢ ᠠᠭᠤᠳᠠᠯᠵᠤ᠂ ᠪᠠᠶᠢᠴᠠᠭᠠᠬᠤ ᠬᠢᠨᠠᠯᠲᠠ ᠶᠢᠨ ᠬᠡᠪᠴᠢᠶ᠎ᠡ ᠶᠢ ᠥᠷᠭᠡᠳᠬᠡᠨ ᠶᠠᠰᠤ | ᠴᠢᠨᠠᠷ ᠢ ᠳᠡᠭᠡᠭᠰᠢᠯᠡᠭᠦᠯᠬᠦ ᠶᠢ ᠪᠡᠶᠡᠯᠡᠭᠦᠯᠦᠨ᠎ᠡ᠃ | ᠭᠤᠷᠪᠠ ᠳᠤ᠂ ᠬᠡᠪ ᠴᠢᠨᠠᠷ ᠴᠢᠳᠠᠪᠤᠷᠢ ᠪᠠᠷ ᠢᠶᠠᠨ ᠰᠢᠯᠭᠠᠷᠠᠭᠰᠠᠨ ᠡᠩᠨᠡᠭᠡ ᠶᠢ ᠳᠠᠪᠲᠠᠨ ᠪᠣᠯᠪᠠᠰᠤᠷᠠᠭᠤᠯᠤᠨ᠎ᠠ᠃ | ᠨᠠᠮ ᠠᠴᠠ ᠴᠢᠳᠠᠪᠤᠷᠢᠲᠠᠨ ᠢ ᠬᠠᠮᠢᠶᠠᠷᠬᠤ᠂ ᠪᠠᠶᠢᠴᠠᠭᠠᠬᠤ ᠠᠵᠢᠯ ᠳᠤ ᠴᠢᠳᠠᠪᠤᠷᠢᠲᠠᠨ ᠢ ᠬᠥᠮᠥᠵᠢᠭᠦᠯᠬᠦ ᠶᠢ ᠪᠠᠷᠢᠮᠲᠠᠯᠠᠵᠤ᠂ | ᠨᠠᠮ ᠤᠨ ᠪᠠᠶᠢᠴᠠᠭᠠᠬᠤ ᠠᠵᠢᠯ ᠳᠠᠬᠢ ᠬᠠᠷᠢᠴᠠᠯᠠᠰᠢ ᠦᠭᠡᠢ ᠤᠳᠤᠷᠢᠳᠤᠯᠭ᠎ᠠ ᠶᠢ ᠪᠠᠷᠢᠮᠲᠠᠯᠠᠵᠤ᠂ ᠤᠯᠤᠰ ᠲᠦᠷᠦ ᠶᠢᠨ | ᠦᠨᠡᠨᠴᠢ ᠰᠢᠳᠤᠷᠭᠤ ᠶᠢ ᠪᠠᠲᠤ ᠪᠤᠢ ᠪᠣᠯᠭᠠᠵᠤ᠂ ᠨᠡᠩ ᠥᠨᠳᠥᠷ ᠤᠯᠤᠰ ᠲᠦᠷᠦ ᠶᠢᠨ ᠤᠬᠠᠮᠰᠠᠷ ᠢᠶᠠᠷ ᠪᠠᠶᠢᠴᠠᠭᠠᠬᠤ | ᠦᠢᠯᠡᠰ ᠤᠨ ᠬᠥᠭᠵᠢᠯᠲᠡ ᠶᠢ ᠵᠠᠮᠴᠢᠯᠠᠨ᠎ᠠ᠃ ᠪᠥᠬᠦ ᠠᠵᠢᠯᠲᠠᠨ ᠤ ᠪᠥᠬᠦ ᠵᠢᠯ ᠤᠨ ᠶᠡᠷᠦᠩᠬᠡᠢ ᠰᠠᠯᠠᠭ᠎ᠠ ᠶᠢᠨ ︽ᠭᠤᠷᠪᠠᠨ | ᠪᠦᠷᠢᠨ ᠬᠡᠯᠪᠡᠷᠢ︾ ᠶᠢᠨ ᠪᠣᠯᠪᠠᠰᠤᠷᠠᠭᠤᠯᠤᠯ ᠪᠠ ᠦᠨᠡᠨ ᠬᠥᠮᠥᠨ ᠦᠨᠡᠨ ᠬᠡᠷᠡᠭ ᠦᠨᠡᠨ ᠲᠢᠩᠬᠢᠮ ᠤᠨ ︽ᠭᠤᠷᠪᠠᠨ ᠦᠨᠡᠨ | ᠬᠡᠯᠪᠡᠷᠢ︾ ᠶᠢᠨ ᠪᠣᠳᠠᠲᠠᠢ ᠪᠣᠯᠪᠠᠰᠤᠷᠠᠭᠤᠯᠤᠯ ᠢ ᠦᠷᠭᠦᠯᠵᠢᠯᠡᠨ ᠥᠷᠨᠢᠭᠦᠯᠵᠦ᠂ ᠲᠤᠬᠠᠶᠢᠯᠠᠭᠰᠠᠨ ᠠᠵᠢᠯ ᠤᠨ | ᠪᠣᠯᠪᠠᠰᠤᠷᠠᠭᠤᠯᠤᠯ ᠤᠨ ᠨᠠᠷᠢᠯᠢᠭ ᠣᠨᠣᠪᠴᠢᠲᠤ ᠴᠢᠨᠠᠷ᠂ ᠪᠣᠳᠠᠲᠤ ᠦᠷ᠎ᠡ ᠪᠦᠲᠦᠮᠵᠢᠲᠦ ᠴᠢᠨᠠᠷ ᠢ ᠴᠢᠩᠭᠠᠳᠬᠠᠨ᠎ᠠ᠃ ︽ | ᠠᠵᠢᠯ ᠤᠨ ᠪᠠᠶᠢᠷᠢ ᠶᠢᠨ ᠰᠤᠷᠭᠠᠭᠤᠯᠢᠯᠠᠯ︾᠂ ᠴᠢᠳᠠᠪᠤᠷᠢᠲᠠᠨ ᠢ ᠠᠵᠢᠯ ᠤᠨ ᠪᠠᠶᠢᠷᠢ ᠡᠭᠡᠯᠵᠢᠯᠡᠭᠦᠯᠬᠦ ᠵᠡᠷᠭᠡ ᠠᠵᠢᠯᠯᠠᠭᠠᠨ ᠢ | ᠥᠷᠨᠢᠭᠦᠯᠵᠦ᠂ ᠪᠠᠶᠢᠴᠠᠭᠠᠬᠤ ᠠᠵᠢᠯᠲᠠᠨ ᠤ ᠴᠢᠳᠠᠪᠤᠷᠢᠲᠠᠨ ᠪᠣᠯᠵᠤ ᠬᠥᠮᠥᠵᠢᠬᠦ ᠳᠤ ︽ᠡᠭᠦᠷᠭᠡ ᠲᠤᠰᠢᠶᠠᠨ︾ ︽ᠲᠠᠪᠴᠠᠩ | ᠬᠠᠩᠭᠠᠵᠤ︾᠂ ᠤᠯᠤᠰ ᠲᠦᠷᠦ ᠶᠢᠨ ᠬᠡᠪ ᠴᠢᠨᠠᠷ ᠪᠠ ᠲᠤᠬᠠᠶᠢᠯᠠᠭᠰᠠᠨ ᠠᠵᠢᠯ ᠤᠨ ᠴᠢᠳᠠᠪᠤᠷᠢ ᠶᠢ ᠲᠠᠰᠤᠷᠠᠯᠳᠠ ᠦᠭᠡᠢ | ᠳᠡᠭᠡᠭᠰᠢᠯᠡᠭᠦᠯᠦᠨ᠎ᠡ᠃ ᠰᠠᠬᠢᠯᠭ᠎ᠠ ᠪᠠᠲᠤ ᠣᠪᠣᠷ ᠰᠤᠷᠲᠠᠯ ᠤᠨ ᠪᠠᠶᠢᠭᠤᠯᠤᠯᠲᠠ ᠶᠢ ᠰᠠᠶᠢᠲᠤᠷ ᠠᠳᠬᠤᠵᠤ᠂ ᠴᠢᠬᠡᠴᠢ | ᠵᠠᠰᠠᠭ ᠤᠨ ᠲᠤᠰᠬᠠᠢ ᠰᠡᠳᠦᠪᠲᠦ ᠰᠤᠷᠤᠯᠴᠠᠯᠭ᠎ᠠ ᠬᠥᠮᠦᠵᠢᠯ ᠢ ᠬᠢᠨᠠᠮᠠᠭᠠᠢ ᠥᠷᠨᠢᠭᠦᠯᠵᠦ᠂ ᠴᠢᠬᠡᠴᠢ ᠵᠠᠰᠠᠭ ᠤᠨ ᠠᠶᠤᠯ | ᠲᠦᠭᠰᠢᠭᠦᠷᠢ ᠶᠢ ᠰᠡᠷᠭᠡᠶᠢᠯᠡᠨ ᠡᠵᠡᠮᠳᠡᠬᠦ ᠵᠣᠬᠢᠴᠠᠮᠵᠢ ᠶᠢ ᠲᠡᠭᠦᠯᠳᠡᠷᠵᠢᠭᠦᠯᠵᠦ᠂ ᠣᠨᠴᠠᠭᠠᠢ ᠦᠨᠡᠨᠴᠢ ᠰᠢᠳᠤᠷᠭᠤ᠂ ᠣᠨᠴᠠᠭᠠᠢ | ᠬᠠᠤᠯᠢ ᠶᠢ ᠪᠠᠷᠢᠮᠲᠠᠯᠠᠭᠰᠠᠨ᠂ ᠣᠨᠴᠠᠭᠠᠢ ᠬᠦᠴᠦᠲᠡᠢ᠂ ᠣᠨᠴᠠᠭᠠᠢ ᠲᠥᠪ ᠰᠤᠷᠲᠠᠯ ᠲᠠᠢ ᠨᠢᠭᠡᠨ ᠰᠠᠯᠠᠭ᠎ᠠ ᠪᠠᠶᠢᠴᠠᠭᠠᠬᠤ | ᠠᠵᠢᠯ ᠤᠨ ᠪᠠᠲᠤ ᠡᠩᠨᠡᠭᠡ ᠶᠢ ᠬᠦᠴᠦᠯᠡᠨ ᠳᠠᠪᠲᠠᠨ ᠪᠣᠯᠪᠠᠰᠤᠷᠠᠭᠤᠯᠤᠨ᠎ᠠ᠃ | ᠢᠷᠡᠭᠰᠡᠨ ᠵᠠᠮ ᠢᠶᠠᠨ ᠦᠯᠦ ᠮᠠᠷᠲᠠᠵᠤ᠂ ᠰᠢᠨ᠎ᠡ ᠠᠶᠠᠨ ᠳᠤ ᠬᠦᠰᠡᠯ ᠢᠶᠠᠨ ᠲᠡᠷᠭᠡᠯᠰᠢᠭᠦᠯᠦᠨ᠎ᠡ᠃ ᠲᠥᠯᠥᠭᠡᠯᠡᠭᠴᠢᠳ | ᠠ᠋᠂ ᠰᠢᠨ᠎ᠡ ᠨᠢᠭᠡᠨ ᠵᠢᠯ ᠳᠤ᠂ ᠬᠡᠰᠢᠭᠲᠡᠨ ᠬᠤᠰᠢᠭᠤᠨ ᠤ ᠪᠠᠶᠢᠴᠠᠭᠠᠬᠤ ᠦᠢᠯᠡᠰ ᠢ ᠳᠠᠬᠢᠨᠲᠠ ᠬᠥᠭᠵᠢᠭᠦᠯᠵᠦ᠂ ᠰᠢᠨ᠎ᠡ | ᠳᠡᠭᠲᠡᠷ ᠲᠤ ᠭᠠᠷᠭᠠᠬᠤ ᠭᠡᠪᠡᠯ᠂ ᠮᠥᠨᠬᠦ ᠬᠤᠰᠢᠭᠤᠨ ᠤ ᠨᠠᠮ ᠤᠨ ᠬᠤᠷᠢᠶ᠎ᠠ ᠶᠢᠨ ᠪᠠᠲᠤ ᠴᠢᠩᠭ᠎ᠠ ᠤᠳᠤᠷᠢᠳᠤᠯᠭ᠎ᠠ ᠪᠣᠯᠣᠨ | ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠦᠴᠦᠲᠡᠢ ᠬᠢᠨᠠᠯᠲᠠ ᠠᠴᠠ ᠰᠠᠯᠵᠤ ᠴᠢᠳᠠᠬᠤ ᠦᠭᠡᠢ ᠶᠤᠮ᠂ | ᠲᠥᠯᠥᠭᠡᠯᠡᠭᠴᠢᠳ᠂ ᠭᠡᠰᠢᠭᠦᠳ ᠤᠨ ᠬᠠᠯᠠᠮᠵᠢᠯᠠᠯ ᠳᠡᠮᠵᠢᠯᠭᠡ ᠠᠴᠠ ᠰᠠᠯᠵᠤ ᠴᠢᠳᠠᠬᠤ ᠦᠭᠡᠢ ᠶᠤᠮ᠂ ᠪᠢᠳᠡ ᠪᠥᠬᠦ | ᠲᠠᠯ᠎ᠠ ᠪᠠᠷ ᠡᠭᠦᠷᠭᠡ ᠲᠤᠰᠢᠶᠠᠯ ᠢᠶᠠᠨ ᠭᠦᠢᠴᠡᠳᠬᠡᠵᠦ᠂ ᠡᠭᠦᠷᠭᠡ ᠲᠤᠰᠢᠶᠠᠯ ᠢᠶᠠᠨ ᠴᠢᠳᠠᠮᠠᠭᠠᠢ ᠭᠦᠢᠴᠡᠳᠬᠡᠵᠦ᠂ ᠦᠨᠡᠨᠴᠢ ᠪᠠᠷ | ᠡᠭᠦᠷᠭᠡ ᠲᠤᠰᠢᠶᠠᠯ ᠢᠶᠠᠨ ᠭᠦᠢᠴᠡᠳᠬᠡᠵᠦ᠂ ᠦᠨᠡᠨ ᠢ ᠪᠠᠷᠢᠮᠲᠠᠯᠠᠨ ᠪᠣᠳᠠᠲᠠᠢ ᠶᠢ ᠡᠷᠬᠢᠮᠯᠡᠵᠦ᠂ ᠬᠠᠷᠢᠭᠤᠴᠠᠯᠭ᠎ᠠ ᠡᠭᠦᠷᠭᠡᠯᠡᠨ | ᠪᠣᠳᠠᠲᠠᠢ ᠠᠵᠢᠯᠯᠠᠵᠤ᠂ ᠬᠡᠰᠢᠭᠲᠡᠨ ᠬᠤᠰᠢᠭᠤᠨ ᠤ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠳᠤ | ᠦᠢᠯᠡᠴᠢᠯᠡᠬᠦ ᠳᠤ ᠨᠠᠩ ᠶᠡᠭᠡ ᠬᠤᠪᠢ ᠨᠡᠮᠡᠷᠢ ᠦᠵᠡᠭᠦᠯᠰᠦᠭᠡᠢ᠃ | | |