ᠬᠤᠶᠠᠷ᠂ 2024 ᠣᠨ ᠤ ᠠᠵᠢᠯ ᠤᠨ ᠭᠤᠣᠯᠳᠠᠯᠭ᠎ᠠ | 2024 ᠣᠨ ᠪᠣᠯ ᠰᠢᠨ᠎ᠡ ᠳᠤᠮᠳᠠᠳᠤ ᠤᠯᠤᠰ ᠪᠠᠶᠢᠭᠤᠯᠤᠭᠳᠠᠭᠰᠠᠨ 75 ᠵᠢᠯ ᠤᠨ ᠣᠶ ᠪᠠᠶᠢᠵᠦ᠂ ︽ | ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠦᠪᠵᠢᠭᠦᠯᠭᠡ︾ ᠶᠢᠨ ᠬᠠᠷᠠᠯᠲᠠ ᠡᠭᠦᠷᠭᠡ ᠶᠢ ᠪᠡᠶᠡᠯᠡᠭᠦᠯᠬᠦ | ᠵᠠᠩᠭᠢᠯᠠᠭ᠎ᠠ ᠶᠢᠨ ᠵᠢᠯ ᠮᠥᠨ᠂ ᠡᠨᠡ ᠵᠢᠯ ᠤᠨ ᠵᠠᠰᠠᠭ ᠤᠨ ᠣᠷᠳᠣᠨ ᠤ ᠠᠵᠢᠯ ᠢ ᠪᠥᠬᠦ ᠲᠠᠯ᠎ᠠ ᠪᠠᠷ ᠰᠠᠶᠢᠲᠤᠷ ᠬᠢᠬᠦ ᠳᠤ | ᠡᠭᠦᠷᠭᠡ ᠬᠠᠲᠠᠭᠤ ᠪᠡᠷᠬᠡ᠂ ᠢᠷᠠᠭᠤ ᠠᠯᠳᠠᠷᠲᠠᠢ ᠶᠤᠮ᠃ | ᠡᠨᠡ ᠵᠢᠯ ᠤᠨ ᠵᠠᠰᠠᠭ ᠤᠨ ᠣᠷᠳᠣᠨ ᠤ ᠠᠵᠢᠯ ᠤᠨ ᠶᠡᠷᠦᠩᠬᠡᠢ ᠱᠠᠭᠠᠷᠳᠠᠯᠭ᠎ᠠ ᠪᠣᠯ᠄ ᠰᠢ ᠶᠢᠨ ᠫᠢᠩ ᠤᠨ | ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ | ᠵᠢᠯᠣᠭᠤᠳᠤᠯᠭ᠎ᠠ ᠪᠣᠯᠭᠠᠬᠤ ᠶᠢ ᠪᠠᠷᠢᠮᠲᠠᠯᠠᠵᠤ᠂ ᠨᠠᠮ ᠤᠨ ᠬᠤᠷᠢᠳᠤᠭᠠᠷ ᠶᠡᠭᠡ ᠬᠤᠷᠠᠯ᠂ ᠬᠤᠷᠢᠳᠤᠭᠠᠷ | ᠬᠤᠭᠤᠴᠠᠭᠠᠨ ᠤ ᠲᠥᠪ ᠬᠤᠷᠢᠶᠠᠨ ᠤ ᠬᠤᠶᠠᠳᠤᠭᠠᠷ ᠪᠥᠬᠦᠳᠡ ᠬᠤᠷᠠᠯ᠂ ᠲᠥᠪ ᠤᠨ ᠠᠵᠤ ᠠᠬᠤᠢ ᠶᠢᠨ ᠠᠵᠢᠯ ᠤᠨ | ᠬᠤᠷᠠᠯ ᠪᠣᠯᠣᠨ ᠤᠷᠤᠨ᠂ ᠬᠤᠲᠠ᠂ ᠬᠤᠰᠢᠭᠤ ᠭᠤᠷᠪᠠᠨ ᠱᠠᠲᠤᠨ ᠤ ᠪᠦᠬᠦ ᠭᠡᠰᠢᠭᠦᠳ ᠤᠨ ᠬᠤᠷᠠᠯ ᠵᠢᠴᠢ ᠠᠵᠤ | ᠠᠬᠤᠢ ᠶᠢᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠤᠱᠯᠠᠭᠤᠯᠵᠤ᠂ ᠰᠢ ᠶᠢᠨ ᠫᠢᠩ ᠶᠡᠷᠦᠩᠬᠡᠢ | ᠱᠦᠵᠢ ᠪᠣᠯᠣᠨ ᠨᠠᠮ ᠤᠨ ᠲᠥᠪ ᠬᠤᠷᠢᠶᠠᠨ ᠤ ᠥᠪᠥᠷ ᠮᠣᠩᠭᠤᠯ ᠳᠠᠬᠢ ᠪᠠᠶᠢᠯᠳᠤᠬᠤ ᠪᠣᠳᠣᠯᠭ᠎ᠠ ᠶᠢᠨ ᠪᠠᠶᠢᠷᠢ | ᠲᠣᠭᠲᠠᠭᠠᠯᠲᠠ ᠶᠢ ᠪᠠᠲᠤ ᠡᠵᠡᠮᠰᠢᠵᠦ᠂ ᠲᠣᠭᠲᠠᠭᠤᠨ ᠤ ᠳᠤᠮᠳᠠ ᠤᠷᠤᠭᠰᠢᠯᠠᠬᠤ ᠠᠵᠢᠯ ᠤᠨ ᠶᠡᠷᠦᠩᠬᠡᠢ ᠬᠥᠭ | ᠠᠶᠠᠰ ᠢ ᠪᠠᠷᠢᠮᠲᠠᠯᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠦ | ᠴᠤᠭᠴᠠᠯᠠᠬᠤ ᠪᠠᠷ ᠭᠤᠣᠯ ᠱᠤᠭᠤᠮ ᠪᠣᠯᠭᠠᠵᠤ᠂ ︽ᠬᠤᠶᠠᠷ ᠶᠡᠭᠡ ᠶᠠᠪᠤᠳᠠᠯ︾ ᠢ ᠰᠠᠶᠢᠲᠤᠷ ᠬᠢᠬᠦ ᠳᠤ | ᠠᠩᠬᠠᠷᠤᠯ ᠢᠶᠠᠨ ᠲᠥᠪᠯᠡᠷᠡᠭᠦᠯᠵᠦ᠂ ︽ᠰᠢᠨ᠎ᠡ ᠵᠠᠮ ᠢ ᠨᠡᠭᠡᠭᠡᠨ᠂ ᠠᠵᠤ ᠠᠬᠤᠢ ᠶᠢᠨ ᠶᠡᠷᠦᠩᠬᠡᠢ ᠬᠡᠮᠵᠢᠶ᠎ᠡ ᠪᠦᠬᠦ | ᠤᠯᠤᠰ ᠤᠨ ᠳᠤᠮᠳᠠ ᠲᠦᠪᠰᠢᠨ ᠳᠤ ᠳᠠᠪᠰᠢᠨ ᠣᠷᠣᠬᠤ︾ ᠬᠥᠭᠵᠢᠯᠲᠡ ᠶᠢᠨ ᠬᠠᠷᠠᠯᠲᠠ ᠪᠠᠨ ᠲᠣᠭᠲᠠᠭᠠᠵᠤ᠂ ︽ | ᠵᠢᠷᠭᠤᠭᠠᠨ ᠶᠡᠭᠡ ᠢᠨᠵᠧᠨᠧᠷᠢᠩ︾ ᠢ ᠪᠦᠬᠦ ᠬᠦᠴᠦᠨ ᠢᠶᠠᠷ ᠢᠶᠠᠨ ᠬᠡᠷᠡᠭᠵᠢᠭᠦᠯᠵᠦ᠂ ᠭᠤᠣᠯᠳᠠᠯᠭ᠎ᠠ ᠲᠠᠢ ᠲᠥᠷᠥᠯ | ᠵᠦᠢᠯ ᠤᠨ ᠪᠦᠲᠦᠭᠡᠨ ᠪᠠᠶᠢᠭᠤᠯᠤᠯᠲᠠ ᠶᠢ ᠬᠦᠴᠦᠲᠡᠢ ᠠᠳᠬᠤᠵᠤ᠂ ᠪᠦᠲᠦᠮᠵᠢᠲᠡᠶ ᠪᠡᠯᠡ ᠣᠷᠣᠭᠤᠯᠤᠯᠲᠠ ᠶᠢ | ᠲᠠᠰᠤᠷᠠᠯᠲᠠ ᠦᠭᠡᠢ ᠥᠷᠭᠡᠳᠬᠡᠵᠦ᠂ ᠭᠤᠣᠯᠯᠠᠬᠤ ᠠᠵᠤ ᠦᠢᠯᠡᠰ ᠤᠨ ᠬᠡᠯᠭᠢᠶᠡᠵᠢᠭᠰᠡᠨ ᠬᠥᠭᠵᠢᠯᠲᠡ ᠶᠢ ᠭᠤᠶᠢᠪᠢᠰᠢ | ᠦᠭᠡᠢ ᠠᠬᠢᠭᠤᠯᠵᠤ᠂ ᠰᠢᠨ᠎ᠡ ᠴᠠᠭ ᠦᠶ᠎ᠡ ᠶᠢᠨ ᠭᠡᠰᠢᠭᠲᠡᠨ ᠬᠤᠰᠢᠭᠤᠨ ᠤ ᠬᠥᠭᠡᠭᠡᠵᠦ ᠭᠦᠢᠴᠡᠨ ᠳᠠᠪᠠᠵᠤ ᠭᠠᠷᠬᠤ | ᠬᠥᠭᠵᠢᠯᠲᠡ ᠶᠢᠨ ᠬᠥᠳᠡᠯᠭᠡᠬᠦ ᠬᠦᠴᠦᠨ ᠢ ᠬᠤᠷᠠᠮᠳᠤᠭᠤᠯᠤᠨ᠂ ᠬᠤᠲᠠ ᠬᠥᠳᠡᠭᠡ ᠶᠢ ᠨᠢᠭᠡᠳᠦᠯᠲᠡᠢ ᠲᠥᠯᠥᠪᠯᠡᠬᠦ ᠶᠢ | ᠨᠠᠩ ᠢᠯᠡᠭᠦᠦ ᠴᠢᠬᠤᠯᠠᠴᠢᠯᠠᠵᠤ᠂ ᠥᠭᠡᠷᠡᠴᠢᠯᠡᠯᠲᠡ ᠨᠡᠭᠡᠭᠡᠯᠲᠡ ᠶᠢ ᠦᠷᠭᠦᠯᠵᠢᠯᠡᠨ ᠭᠦᠨᠵᠡᠭᠡᠶᠢᠷᠡᠭᠦᠯᠦᠨ᠂ ᠠᠷᠠᠳ ᠤᠨ | ᠠᠮᠢᠳᠤᠷᠠᠯ ᠤᠨ ᠬᠦᠷᠲᠡᠮᠵᠢ ᠶᠢ ᠦᠨᠡᠨᠬᠦ ᠰᠠᠶᠢᠵᠢᠷᠠᠭᠤᠯᠵᠤ᠂ ᠨᠡᠶᠢᠭᠡᠮ ᠤᠨ ᠡᠶ᠎ᠡ ᠵᠣᠬᠢᠴᠠᠯ ᠲᠠᠢ ᠲᠣᠭᠲᠠᠭᠤᠨ ᠢ | ᠪᠠᠲᠤᠯᠠᠵᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠠᠬᠢᠭᠤᠯᠬᠤ ᠰᠢᠨ᠎ᠡ ᠠᠶᠠᠨ ᠵᠠᠮ ᠳᠤ | ᠬᠡᠰᠢᠭᠲᠡᠨ ᠬᠤᠰᠢᠭᠤᠨ ᠤ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠪᠠᠶᠢᠳᠠᠯ ᠢ ᠴᠢᠷᠮᠠᠶᠢᠨ ᠡᠭᠦᠲᠦᠨ᠎ᠡ᠃ | ᠭᠤᠣᠯ ᠵᠢᠱᠢᠭᠰᠡᠨ ᠬᠠᠷᠠᠯᠲᠠ ᠪᠣᠯ᠄ ᠪᠥᠬᠦ ᠬᠤᠰᠢᠭᠤᠨ ᠤ ᠣᠷᠣᠨ ᠨᠤᠲᠤᠭ ᠤᠨ ᠦᠢᠯᠡᠳᠪᠦᠷᠢᠯᠡᠯ ᠤᠨ | ᠶᠡᠷᠦᠩᠬᠡᠢ ᠥᠷᠲᠡᠭ ᠢ 7% ᠪᠠᠷ ᠨᠡᠮᠡᠭᠳᠡᠭᠦᠯᠦᠨ᠎ᠡ︔ ᠡᠩ ᠤᠨ ᠤᠯᠠᠨ ᠨᠡᠶᠢᠲᠡ ᠶᠢᠨ ᠲᠥᠰᠥᠪ ᠤᠨ ᠣᠷᠣᠯᠭ᠎ᠠ ᠶᠢ | 8% ᠪᠠᠷ ᠨᠡᠮᠡᠭᠳᠡᠭᠦᠯᠦᠨ᠎ᠡ︔ ᠬᠡᠪᠴᠢᠶᠡᠵᠢᠯ ᠠᠴᠠ ᠳᠡᠭᠡᠭᠰᠢᠬᠢ ᠲᠣᠭᠲᠠᠮᠠᠯ ᠬᠥᠷᠥᠩᠭᠡ ᠶᠢᠨ ᠪᠡᠯᠡ | ᠣᠷᠣᠭᠤᠯᠤᠯᠲᠠ ᠶᠢ 40% ᠤᠷᠴᠢᠮ ᠨᠡᠮᠡᠭᠳᠡᠭᠦᠯᠦᠨ᠎ᠡ︔ ᠨᠡᠶᠢᠭᠡᠮ ᠤᠨ ᠬᠡᠷᠡᠭᠯᠡᠭᠡᠨ ᠤ ᠵᠦᠢᠯ ᠢ ᠵᠢᠵᠢᠭᠯᠡᠨ | ᠬᠤᠳᠠᠯᠳᠤᠬᠤ ᠪᠦᠬᠦ ᠲᠤᠭ᠎ᠠ ᠶᠢ 8% ᠪᠠᠷ ᠨᠡᠮᠡᠭᠳᠡᠭᠦᠯᠦᠨ᠎ᠡ︔ ᠬᠤᠲᠠ ᠪᠠᠯᠭᠠᠰᠤ ᠪᠠ ᠮᠠᠯᠵᠢᠬᠤ ᠲᠠᠷᠢᠶᠠᠯᠠᠬᠤ | ᠣᠷᠣᠨ ᠤ ᠪᠠᠶᠢᠩᠭᠤ ᠰᠠᠭᠤᠭ᠎ᠠ ᠰᠠᠭᠤᠭᠠᠯᠢ ᠠᠷᠠᠳ ᠤᠨ ᠬᠥᠮᠥᠨ ᠳᠤᠮᠳᠠᠴᠢ ᠶᠢᠨ ᠡᠵᠡᠮᠳᠡᠵᠦ ᠪᠣᠯᠬᠤ ᠳᠤᠮᠳᠠᠴᠢ | ᠣᠷᠣᠯᠭ᠎ᠠ ᠶᠢ ᠲᠣᠰ ᠲᠣᠰ 7% ᠪᠠ 8% ᠣᠷᠴᠢᠮ ᠨᠡᠮᠡᠭᠳᠡᠭᠦᠯᠦᠨ᠎ᠡ᠃ | ᠳᠡᠭᠡᠷ᠎ᠡ ᠳᠤᠷᠠᠳᠤᠭᠰᠠᠨ ᠬᠠᠷᠠᠯᠲᠠ ᠶᠢᠨ ᠲᠣᠭᠤᠷᠢᠨ ᠳᠤ ᠪᠢᠳᠡ ᠵᠢᠷᠭᠤᠭᠠᠨ ᠲᠠᠯ᠎ᠠ ᠶᠢᠨ ᠠᠵᠢᠯ ᠢ | ᠭᠤᠣᠯᠳᠠᠯᠭ᠎ᠠ ᠲᠠᠢ ᠰᠠᠶᠢᠲᠤᠷ ᠠᠳᠬᠤᠨ᠎ᠠ᠄ | ︵ᠨᠢᠭᠡ︶ ᠠᠵᠤ ᠦᠢᠯᠡᠰ ᠤᠨ ᠪᠦᠲᠦᠴᠡ ᠶᠢ ᠬᠦᠴᠦᠯᠡᠨ ᠰᠢᠯᠢᠳᠡᠭᠵᠢᠭᠦᠯᠵᠦ᠂ ᠠᠵᠤ ᠦᠢᠯᠡᠰ ᠤᠨ | ᠬᠥᠭᠵᠢᠯᠲᠡ ᠶᠢᠨ ᠰᠢᠨ᠎ᠡ ᠪᠠᠶᠢᠷᠢᠰᠢᠯ ᠢ ᠪᠣᠶ ᠪᠣᠯᠭᠠᠨ᠎ᠠ᠃ ᠠᠮᠢ ᠠᠬᠤᠢ ᠶᠢᠨ ᠳᠠᠪᠠᠭᠤᠯᠢᠭ᠂ ᠡᠬᠢ ᠪᠠᠶᠠᠯᠢᠭ ᠤᠨ | ᠳᠠᠪᠠᠭᠤᠯᠢᠭ ᠪᠠ ᠠᠵᠤ ᠦᠢᠯᠡᠰ ᠤᠨ ᠰᠠᠭᠤᠷᠢ ᠳᠤ ᠲᠦᠰᠢᠭᠯᠡᠨ᠂ ᠴᠡᠭ ᠢᠶᠠᠷ ᠨᠡᠶᠢᠳᠡᠮ ᠢ ᠳᠠᠶᠢᠴᠢᠯᠠᠨ ᠨᠡᠮᠡᠭᠳᠡᠯ ᠤᠨ | ᠲᠤᠶᠢᠯ ᠢ ᠭᠦᠭᠵᠢᠭᠦᠯᠬᠦ ᠶᠢ ᠰᠠᠶᠢᠲᠤᠷ ᠠᠳᠬᠤᠵᠤ᠂ ᠬᠡᠯᠬᠢᠶᠡᠵᠢᠭᠰᠡᠨ ᠰᠡᠳᠬᠢᠬᠦᠢ ᠪᠠᠷ ᠭᠤᠣᠯᠯᠠᠬᠤ ᠠᠵᠤ | ᠦᠢᠯᠡᠰ ᠤᠨ ᠴᠤᠭᠯᠠᠷᠠᠯ ᠤᠨ ᠬᠥᠭᠵᠢᠯᠲᠡ ᠶᠢ ᠲᠦᠯᠬᠢᠨ ᠠᠬᠢᠭᠤᠯᠵᠤ᠂ ᠣᠳᠣᠬᠢᠴᠢᠯᠠᠭᠰᠠᠨ ᠠᠵᠤ ᠦᠢᠯᠡᠰ ᠤᠨ | ᠲᠤᠭᠲᠠᠯᠴᠠᠭ᠎ᠠ ᠶᠢ ᠲᠦᠷᠭᠡᠳᠬᠡᠨ ᠪᠠᠶᠢᠭᠤᠯᠤᠨ᠎ᠠ᠃ | —— ᠮᠠᠯ ᠠᠵᠤ ᠠᠬᠤᠢ ᠲᠠᠷᠢᠶᠠᠯᠠᠩ ᠤᠨ ᠬᠡᠯᠬᠢᠶᠡᠵᠢᠭᠰᠡᠨ ᠬᠥᠭᠵᠢᠯᠲᠡ ᠶᠢ ᠠᠬᠢᠭᠤᠯᠤᠨ᠎ᠠ᠃ ︽ᠰᠠᠭᠤᠷᠢ | ᠲᠠᠯᠪᠢᠬᠤ᠂ ᠬᠡᠯᠬᠢᠶ᠎ᠡ ᠪᠠᠶᠢᠭᠤᠯᠬᠤ᠂ ᠨᠠᠷᠠᠲᠤ ᠲᠡᠮᠳᠡᠭᠲᠦ ᠶᠢ ᠡᠭᠦᠳᠬᠦ︾ ᠶᠡᠷᠦᠩᠬᠡᠢ ᠰᠡᠳᠬᠢᠮᠵᠢ ᠶᠢᠨ ᠲᠣᠭᠤᠷᠢᠨ ᠳᠤ | ᠂ ᠮᠢᠬᠠᠨ ᠤ ᠦᠬᠡᠷ ᠮᠢᠬᠠᠨ ᠤ ᠬᠤᠨᠢ᠂ ᠤᠯᠠᠮᠵᠢᠯᠠᠯᠲᠤ ᠴᠠᠭᠠᠨ ᠢᠳᠡᠭᠡ᠂ ᠡᠪᠡᠰᠦᠨ ᠡᠮ᠂ ᠬᠦᠢᠲᠡᠨ ᠰᠡᠷᠢᠭᠦᠨ | ᠣᠷᠣᠨ ᠤ ᠠᠭᠤᠷ ᠠᠮᠢᠰᠬᠤᠯ ᠳᠤ ᠵᠣᠬᠢᠴᠠᠭᠰᠠᠨ ᠢᠳᠡᠰᠢᠨ ᠨᠣᠭᠤᠭ᠎ᠠ᠂ ᠡᠯᠳᠡᠪ ᠠᠮᠤ ᠪᠤᠷᠴᠠᠭ᠂ ᠴᠢᠴᠠᠷᠭᠠᠨ᠎ᠠ | ᠵᠡᠷᠭᠡ 6 ᠠᠵᠤ ᠦᠢᠯᠡᠰ ᠤᠨ ᠬᠡᠯᠬᠢᠶ᠎ᠡ ᠶᠢ ᠪᠣᠶ ᠪᠣᠯᠭᠠᠬᠤ ᠳᠤ ᠠᠩᠬᠠᠷᠤᠯ ᠢᠶᠠᠨ ᠲᠥᠪᠯᠡᠷᠡᠭᠦᠯᠵᠦ᠂ ᠮᠠᠯ ᠠᠵᠤ ᠠᠬᠤᠢ | ᠲᠠᠷᠢᠶᠠᠯᠠᠩ ᠤᠨ ︽ᠵᠠᠯᠭᠠᠭ᠎ᠠ ᠪᠠᠷ︾ ᠠᠭᠤᠰᠤᠯᠴᠠᠨ ᠬᠥᠭᠵᠢᠬᠦ ᠶᠢ ᠪᠥᠬᠦ ᠬᠦᠴᠦᠨ ᠢᠶᠠᠷ ᠠᠬᠢᠭᠤᠯᠤᠨ᠎ᠠ᠃ | ᠤᠨᠠᠯᠲᠠ ᠶᠢ ᠲᠣᠭᠲᠠᠪᠤᠷᠢᠵᠢᠭᠤᠯᠵᠤ ᠬᠠᠩᠭᠠᠯᠭ᠎ᠠ ᠶᠢ ᠪᠠᠲᠤᠯᠠᠬᠤ ᠴᠢᠳᠠᠪᠤᠷᠢ ᠶᠢᠨ ᠪᠠᠶᠢᠭᠤᠯᠤᠯᠲᠠ ᠶᠢ ᠶᠡᠬᠡᠪᠡᠷ | ᠠᠳᠬᠤᠵᠤ᠂ ᠠᠮᠤ ᠪᠤᠳᠠᠭᠠᠨ ᠤ ᠭᠠᠷᠤᠯᠲᠠ ᠶᠢᠨ ᠲᠣᠮᠣ ᠬᠤᠰᠢᠭᠤ ᠶᠢ ᠴᠢᠷᠮᠠᠶᠢᠨ ᠪᠠᠶᠢᠭᠤᠯᠵᠤ᠂ ᠠᠮᠤ ᠪᠤᠷᠴᠠᠭ | ᠲᠠᠷᠢᠬᠤ ᠲᠠᠯᠠᠪᠠᠢ ᠶᠢ 150 ᠲᠦᠮᠡᠨ ᠮᠦ᠂ ᠤᠨᠠᠯᠲᠠ ᠶᠢ 6 ᠳ᠋ᠦᠩᠰᠢᠭᠤᠷ ᠵᠢᠩ ᠠᠴᠠ ᠳᠡᠭᠡᠭᠰᠢ ᠬᠡᠮᠵᠢᠶᠡᠨ ᠳᠤ | ᠲᠤᠭᠲᠠᠪᠤᠷᠢᠵᠢᠭᠤᠯᠤᠨ᠎ᠠ︔ 26.6 ᠲᠦᠮᠡᠨ ᠮᠦ ᠥᠨᠳᠥᠷ ᠪᠠᠷᠢᠮᠵᠢᠶᠠᠲᠤ ᠲᠠᠷᠢᠶᠠᠨ ᠭᠠᠵᠠᠷ᠂ 3.6 ᠲᠦᠮᠡᠨ ᠮᠦ | ᠶᠢᠨ ︽ᠭᠠᠵᠠᠷ ᠰᠢᠷᠣᠢ+︾ Ⅰ ᠬᠤᠭᠤᠴᠠᠭ᠎ᠠ᠂ ᠳ᠋ᠦᠩ ᠱᠧᠩ ᠤᠨ Ⅱ ᠬᠤᠭᠤᠴᠠᠭ᠎ᠠ᠂ ᠦ᠋ ᠶᠢ᠂ ᠱᠤᠸᠠᠩ | ᠾᠧ ᠤᠰᠤᠯᠠᠯᠲᠠ ᠶᠢᠨ ᠣᠷᠣᠨ ᠢ ᠳᠡᠭᠡᠭᠰᠢᠯᠡᠭᠦᠯᠦᠨ ᠥᠭᠡᠷᠡᠴᠢᠯᠡᠬᠦ ᠵᠡᠷᠭᠡ ᠮᠠᠯ ᠠᠵᠤ ᠠᠬᠤᠢ ᠲᠠᠷᠢᠶᠠᠯᠠᠩ ᠤᠨ | ᠭᠤᠣᠯᠳᠠᠯᠭ᠎ᠠ ᠲᠠᠢ ᠢᠨᠵᠧᠨᠧᠷᠢᠩ ᠤᠨ ᠪᠦᠲᠦᠭᠡᠨ ᠪᠠᠶᠢᠭᠤᠯᠤᠯᠳᠠ ᠶᠢ ᠬᠦᠴᠦᠯᠡᠨ ᠠᠬᠢᠭᠤᠯᠵᠤ᠂ ᠡᠪᠡᠰᠦᠨ ᠡᠮ᠂ | ᠬᠦᠢᠲᠡᠨ ᠰᠡᠷᠢᠭᠦᠨ ᠣᠷᠣᠨ ᠤ ᠠᠭᠤᠷ ᠠᠮᠢᠰᠬᠤᠯ ᠳᠤ ᠵᠣᠬᠢᠴᠠᠭᠰᠠᠨ ᠢᠳᠡᠰᠢᠨ ᠨᠣᠭᠤᠭ᠎ᠠ᠂ ᠨᠣᠶᠢᠯ ᠪᠤᠭᠤᠳᠠᠢ᠂ | ᠴᠢᠴᠠᠷᠭᠠᠨ᠎ᠠ ᠵᠡᠷᠭᠡ ᠣᠨᠴᠠᠯᠢᠭᠲᠤ ᠲᠠᠷᠢᠮᠠᠯ ᠢ 6 ᠲᠦᠮᠡᠨ ᠮᠦ᠂ 5 ᠲᠦᠮᠡᠨ ᠮᠦ᠂ 3 ᠲᠦᠮᠡᠨ ᠮᠦ ᠪᠠ 5 ᠲᠦᠮᠡᠨ | ᠮᠦ ᠳᠠᠷᠢᠨ᠎ᠠ᠃ ︽ᠦᠬᠡᠷ ᠢ ᠨᠡᠮᠡᠭᠳᠡᠭᠦᠯᠦᠨ ᠬᠤᠨᠢ ᠶᠢ ᠲᠣᠭᠲᠠᠪᠤᠷᠢᠵᠢᠭᠤᠯᠬᠤ︾ ᠶᠢ ᠭᠤᠶᠢᠪᠢᠰᠢ ᠦᠭᠡᠢ | ᠪᠠᠷᠢᠮᠲᠠᠯᠠᠵᠤ᠂ ᠮᠥᠩᠭᠦᠨ ᠭᠦᠢᠯᠭᠡᠭᠡᠨ ᠢᠶᠠᠷ ᠲᠡᠳᠬᠦᠬᠦ᠂ ᠬᠢᠵᠢᠭ ᠢ ᠰᠡᠷᠭᠡᠶᠢᠯᠡᠬᠦ᠂ ᠡᠪᠡᠰᠦ ᠪᠣᠷᠳᠤᠭ᠎ᠠ ᠶᠢ ᠪᠠᠲᠤᠯᠠᠬᠤ᠂ | ᠭᠠᠮᠰᠢᠭ ᠢ ᠰᠡᠷᠭᠡᠶᠢᠯᠡᠨ ᠭᠠᠮᠰᠢᠭ ᠢ ᠪᠠᠭᠠᠰᠬᠠᠬᠤ᠂ ᠵᠠᠬ᠎ᠠ ᠳᠡᠯᠭᠡᠭᠦᠷ ᠤᠨ ᠡᠵᠡᠩᠨᠡᠯᠲᠡ ᠪᠣᠷᠣᠯᠠᠭᠤᠯᠤᠯᠲᠠ ᠵᠡᠷᠭᠡ | ᠲᠠᠪᠤᠨ ᠶᠡᠭᠡ ᠪᠠᠲᠤᠯᠠᠭ᠎ᠠ ᠶᠢᠨ ᠲᠤᠭᠲᠠᠯᠴᠠᠭ᠎ᠠ ᠶᠢᠨ ᠪᠦᠲᠦᠭᠡᠨ ᠪᠠᠶᠢᠭᠤᠯᠤᠯᠲᠠ ᠶᠢ ᠬᠦᠴᠦᠯᠡᠨ ᠠᠬᠢᠭᠤᠯᠵᠤ᠂ | ᠤᠯᠤᠰ ᠤᠨ ᠣᠲᠣ ᠦᠶ᠎ᠡ ᠶᠢᠨ ᠠᠵᠤ ᠦᠢᠯᠡᠰ ᠤᠨ ᠬᠦᠷᠢᠶᠡᠯᠡᠩ ᠢ ᠪᠦᠬᠦᠨ ᠢ ᠪᠠᠶᠢᠭᠤᠯᠤᠨ ᠠᠰᠢᠭᠯᠠᠯᠲᠠ ᠳᠤ | ᠣᠷᠣᠭᠤᠯᠬᠤ ᠶᠢ ᠪᠠᠲᠤᠯᠠᠵᠤ᠂ ᠪᠥᠬᠦ ᠬᠤᠰᠢᠭᠤᠨ ᠤ ᠮᠢᠬᠠᠨ ᠤ ᠦᠬᠡᠷ᠂ ᠮᠢᠬᠠᠨ ᠤ ᠬᠤᠨᠢᠨ ᠤ ᠲᠤᠭ᠎ᠠ ᠶᠢ 258 | ᠲᠦᠮᠡ ᠳᠤ ᠬᠦᠷᠭᠡᠵᠦ᠂ ᠡᠭᠦᠨ ᠳᠤ ᠵᠣᠣ ᠤᠳᠠ ᠶᠢᠨ ᠮᠢᠬᠠᠨ ᠤ ᠬᠤᠨᠢᠨ ᠤ ᠲᠤᠭ᠎ᠠ ᠶᠢ 90 ᠲᠦᠮᠡ ᠳᠤ ᠬᠦᠷᠭᠡᠨ᠎ᠡ | ᠃ ᠠᠵᠤ ᠠᠬᠤᠶᠢᠯᠠᠯ ᠢ ᠪᠣᠶᠢᠵᠢᠭᠤᠯᠤᠨ ᠬᠡᠯᠬᠢᠶ᠎ᠡ ᠶᠢ ᠤᠷᠲᠤᠳᠬᠠᠬᠤ ᠢᠨᠵᠧᠨᠧᠷᠢᠩ ᠤᠨ ᠪᠦᠲᠦᠭᠡᠨ | ᠪᠠᠶᠢᠭᠤᠯᠤᠯᠲᠠ ᠶᠢ ᠴᠢᠩᠭ᠎ᠠ ᠠᠳᠬᠤᠵᠤ᠂ ᠲᠤᠯᠤᠭᠠᠶᠢᠯᠠᠭᠴᠢ ᠠᠵᠤ ᠠᠬᠤᠶᠢᠯᠠᠯ ᠢ ᠣᠷᠣᠭᠤᠯᠤᠨ ᠠᠪᠴᠢᠷᠠᠬᠤ ᠪᠠ | ᠲᠣᠰ ᠭᠠᠵᠠᠷ ᠣᠷᠣᠨ ᠤ ᠠᠵᠤ ᠠᠬᠤᠶᠢᠯᠠᠯ ᠢ ᠪᠣᠶᠢᠵᠢᠭᠤᠯᠬᠤ ᠶᠢ ᠬᠠᠷᠢᠯᠴᠠᠨ ᠤᠶᠠᠯᠳᠤᠭᠤᠯᠬᠤ ᠶᠢ ᠪᠠᠷᠢᠮᠲᠠᠯᠠᠨ᠂ | ᠠᠵᠤ ᠦᠢᠯᠡᠰ ᠤᠨ ᠬᠡᠯᠬᠢᠶᠡᠵᠢᠯ ᠢ ᠴᠢᠩᠭᠠᠳᠬᠠᠨ ᠬᠡᠯᠬᠢᠶᠡᠵᠢᠯ ᠢ ᠨᠥᠬᠦᠪᠦᠷᠢᠯᠡᠬᠦ ᠳᠤᠮᠳᠠ ᠬᠦᠴᠦᠨ ᠵᠦᠢᠯ ᠢ | ᠲᠥᠪᠯᠡᠷᠡᠭᠦᠯᠵᠦ᠂ ᠬᠥᠭᠵᠢᠯᠲᠡ ᠶᠢ ᠲᠦᠷᠭᠡᠳᠬᠡᠨ᠂ ᠡᠪᠡᠰᠦᠨ ᠡᠮ᠂ ᠨᠣᠶᠢᠯ ᠪᠤᠭᠤᠳᠠᠢ᠂ ᠬᠦᠢᠲᠡᠨ ᠰᠡᠷᠢᠭᠦᠨ | ᠣᠷᠣᠨ ᠤ ᠠᠭᠤᠷ ᠠᠮᠢᠰᠬᠤᠯ ᠳᠤ ᠵᠣᠬᠢᠴᠠᠭᠰᠠᠨ ᠢᠳᠡᠰᠢᠨ ᠨᠣᠭᠤᠭ᠎ᠠ ᠳᠠᠷᠢᠵᠤ ᠡᠳ᠋ᠰᠢᠭᠦᠯᠬᠦ ᠶᠢ ᠨᠢᠭᠡ | ᠴᠤᠭᠴᠠᠵᠢᠭᠤᠯᠤᠭᠰᠠᠨ ᠪᠦᠲᠦᠭᠡᠨ ᠪᠠᠶᠢᠭᠤᠯᠤᠯᠲᠠ ᠶᠢ ᠪᠥᠬᠦ ᠬᠦᠴᠦᠨ ᠢᠶᠠᠷ ᠢᠶᠠᠨ ᠬᠡᠷᠡᠭᠵᠢᠭᠦᠯᠵᠦ᠂ ᠰᠠᠭᠠᠯᠢ ᠶᠢᠨ | ᠦᠢᠯᠡᠰ ᠢ ᠬᠥᠭᠵᠢᠭᠦᠯᠬᠦ ᠨᠢᠭᠡᠳᠦᠭᠡᠷ ᠬᠤᠭᠤᠴᠠᠭᠠᠨ ᠤ ᠢᠨᠵᠧᠨᠧᠷᠢᠩ ᠢ ᠪᠠᠶᠢᠭᠤᠯᠤᠨ ᠳᠠᠭᠤᠰᠬᠠᠵᠤ ᠠᠰᠢᠭᠯᠠᠯᠲᠠ ᠳᠤ | ᠣᠷᠣᠭᠤᠯᠬᠤ ᠶᠢ ᠪᠠᠲᠤᠯᠠᠵᠤ᠂ ᠮᠠᠯ ᠲᠠᠷᠢᠶᠠᠯᠠᠩ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ᠲᠣᠰ ᠭᠠᠵᠠᠷ | ᠣᠷᠣᠨ ᠳᠤ ᠡᠳ᠋ᠰᠢᠭᠦᠯᠦᠨ ᠪᠣᠯᠪᠠᠰᠤᠷᠠᠭᠤᠯᠬᠤ ᠨᠣᠷᠮ᠎ᠠ ᠶᠢ 76% ᠠᠴᠠ ᠳᠡᠭᠡᠭᠰᠢ ᠳᠤ ᠭᠦᠷᠭᠡᠨ᠎ᠡ᠃ ᠨᠠᠷᠠᠲᠤ | ᠲᠡᠮᠳᠡᠭᠲᠦ ᠪᠠᠷ ᠬᠥᠭᠵᠢᠯᠲᠡ ᠶᠢ ᠠᠬᠢᠭᠤᠯᠬᠤ ᠠᠵᠠ ᠲᠣᠬᠢᠶᠠᠯ ᠢ ᠵᠠᠪᠳᠤᠨ ᠠᠳᠬᠤᠵᠤ᠂ ᠲᠠᠷᠢᠶᠠᠨ ᠡᠮ᠂ ᠬᠢᠮᠢ ᠶᠢᠨ | ᠪᠣᠷᠳᠣᠭᠤᠷ ᠤᠨ ︽ᠬᠤᠶᠠᠷ ᠢ ᠪᠠᠭᠠᠰᠬᠠᠬᠤ︾ ᠪᠠ ᠢᠯᠭᠠᠳᠠᠰᠤ ᠪᠣᠬᠢᠷ ᠤᠰᠤ ᠶᠢ ᠡᠬᠢ ᠪᠠᠶᠠᠯᠢᠭᠵᠢᠭᠤᠯᠤᠨ | ᠠᠰᠢᠭᠯᠠᠬᠤ᠂ ᠮᠠᠯ ᠲᠠᠷᠢᠶᠠᠯᠠᠩ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ᠶᠠᠰᠤ ᠴᠢᠨᠠᠷ ᠤᠨ ︽ᠬᠤᠶᠠᠷ ᠢ | ᠳᠡᠭᠡᠭᠰᠢᠯᠡᠭᠦᠯᠬᠦ︾ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢ ᠬᠦᠴᠦᠯᠡᠨ ᠠᠬᠢᠭᠤᠯᠵᠤ᠂ ᠮᠠᠯ ᠲᠠᠷᠢᠶᠠᠯᠠᠩ ᠤᠨ | ᠠᠰᠢᠭ ᠰᠢᠮ᠎ᠡ ᠶᠢᠨ ᠪᠦᠲᠦᠭᠡᠭᠳᠡᠬᠦᠨ ᠢ ᠪᠠᠶᠢᠴᠠᠭᠠᠨ ᠰᠢᠯᠭᠠᠬᠤ ︽ᠬᠤᠶᠠᠷ ᠭᠡᠷᠡᠴᠢᠯᠡᠯ︾ ᠢ ᠴᠢᠨᠠᠷ ᠰᠠᠶᠢᠲᠠᠢ | ᠪᠡᠶᠡᠯᠡᠭᠦᠯᠵᠦ᠂ ᠵᠢᠯ ᠤᠨ ᠳᠣᠲᠣᠷ᠎ᠠ ᠪᠣᠬᠢᠷᠲᠤᠯ ᠦᠭᠡᠢ ᠪᠦᠲᠦᠭᠡᠭᠳᠡᠬᠦᠨ᠂ ᠣᠷᠭᠠᠨᠢᠭ ᠪᠦᠲᠦᠭᠡᠭᠳᠡᠬᠦᠨ ᠢ 2 | ᠭᠡᠷᠡᠴᠢᠯᠡᠵᠦ᠂ ᠥᠪᠡᠷᠲᠡᠭᠡᠨ ᠵᠠᠰᠠᠬᠤ ᠣᠷᠣᠨ ᠤ ᠲᠠᠰ ᠤᠨ ᠭᠤᠣᠯᠳᠠᠯᠭ᠎ᠠ ᠲᠠᠢ ᠬᠥᠲᠥᠴᠢ ᠠᠵᠤ ᠠᠬᠤᠶᠢᠯᠠᠯ ᠢ 1 | ᠰᠢᠨ᠎ᠡ ᠪᠠᠷ ᠪᠣᠶᠢᠵᠢᠭᠤᠯᠵᠤ ᠮᠠᠭᠠᠳᠯᠠᠨ ᠲᠣᠭᠲᠠᠭᠠᠨ᠎ᠠ᠃ ᠲᠤᠰ ᠭᠠᠵᠠᠷ ᠤᠨ 20 ᠦᠢᠯᠡᠳᠬᠦᠨ ᠢ ︽ᠤᠯᠠᠭᠠᠨᠬᠠᠳᠠ | ᠶᠢᠨ ᠤᠬᠢ ᠰᠢᠮ᠎ᠡ︾ ᠬᠤᠲᠠ ᠶᠢᠨ ᠳᠡᠰ ᠤᠨ ᠨᠡᠷᠡᠲᠦ ᠲᠡᠮᠳᠡᠭᠲᠦ ᠶᠢᠨ ᠡᠵᠡᠩᠨᠡᠯᠲᠡ ᠶᠢᠨ ᠲᠤᠭᠲᠠᠯᠴᠠᠭ᠎ᠠ ᠳᠤ | ᠣᠷᠣᠭᠤᠯᠬᠤ ᠶᠢ ᠬᠦᠴᠦᠯᠡᠨ ᠠᠬᠢᠭᠤᠯᠵᠤ᠂ ︽ᠲᠡᠯᠡᠶ ᠨᠠᠭᠤᠷ ᠤᠨ ᠴᠠᠭᠠᠯᠵᠢ ᠵᠢᠭᠠᠰᠤ︾ ︽ᠤᠯᠠᠭᠠᠨᠬᠠᠳᠠ ᠶᠢᠨ | ᠤᠬᠢ ᠰᠢᠮ᠎ᠡ · ᠮᠦᠷᠡᠨ ᠵᠢᠭᠤᠯᠴᠢᠯᠠᠯ ᠤᠨ ᠪᠡᠯᠡᠭ︾ ᠵᠡᠷᠭᠡ ᠣᠷᠣᠨ ᠪᠦᠰᠡ ᠶᠢᠨ ᠨᠡᠶᠢᠲᠡ ᠶᠢᠨ ᠬᠡᠷᠡᠭᠯᠡᠭᠡᠨ ᠤ | ᠨᠠᠷᠠᠲᠤ ᠲᠡᠮᠳᠡᠭᠲᠦ ᠶᠢᠨ ᠤᠬᠠᠭᠤᠯᠭ᠎ᠠ ᠲᠠᠨᠢᠯᠴᠠᠭᠤᠯᠭ᠎ᠠ ᠶᠢ ᠴᠢᠩᠭᠠᠳᠬᠠᠵᠤ᠂ ᠮᠢᠬᠠᠨ ᠤ ᠦᠬᠡᠷ ᠮᠢᠬᠠᠨ ᠤ ᠬᠤᠨᠢ ᠶᠢ | ᠡᠭᠦᠯᠳᠡᠷ ᠰᠠᠶᠢᠵᠢᠷᠠᠭᠤᠯᠤᠭᠰᠠᠨ ᠦᠷ᠎ᠡ ᠪᠦᠲᠦᠭᠡᠯ ᠤᠨ ᠰᠢᠯᠭᠠᠷᠠᠭᠤᠯᠤᠯᠲᠠ ᠪᠠ ᠮᠠᠯ ᠲᠠᠷᠢᠶᠠᠯᠠᠩ ᠤᠨ ᠠᠰᠢᠭ | ᠰᠢᠮ᠎ᠡ ᠶᠢᠨ ᠪᠦᠲᠦᠭᠡᠭᠳᠡᠬᠦᠨ ᠤ ᠳᠡᠯᠭᠡᠨ ᠪᠣᠷᠣᠯᠠᠭᠤᠯᠬᠤ ᠴᠤᠭᠯᠠᠭᠠᠨ ᠢ ᠦᠷᠭᠦᠯᠵᠢᠯᠡᠨ ᠡᠷᠭᠢᠯᠡᠵᠦ᠂ ︽ᠰᠦᠯᠵᠢᠶᠡᠨ | ᠤᠲᠤᠨ ᠤ ᠬᠤᠯᠪᠣᠭ᠎ᠠ︾᠂ ᠬᠡᠰᠢᠭᠲᠡᠨ ᠤ ︽ᠡᠭᠦᠯᠡᠨ ᠰᠠᠩ︾᠂ ︽ᠮᠦᠷᠡᠨ ᠵᠢᠭᠤᠯᠴᠢᠯᠠᠯ ᠤᠨ ᠪᠡᠯᠡᠭ︾ ᠤᠨ | ᠬᠤᠰᠢᠭᠤᠴᠢ ᠳᠡᠯᠭᠡᠭᠦᠷ ᠵᠡᠷᠭᠡ ᠲᠠᠪᠴᠠᠩ ᠤᠨ ᠦᠢᠯᠡᠳᠦᠯ ᠢ ᠭᠦᠢᠴᠡᠳ ᠪᠠᠳᠠᠷᠠᠭᠤᠯᠵᠤ᠂ ᠮᠠᠯ ᠲᠠᠷᠢᠶᠠᠯᠠᠩ ᠤᠨ | ᠠᠰᠢᠭ ᠰᠢᠮ᠎ᠡ ᠶᠢᠨ ᠪᠦᠲᠦᠭᠡᠭᠳᠡᠬᠦᠨ ᠤ ᠪᠣᠷᠤᠯᠠᠭᠤᠯᠭ᠎ᠠ ᠶᠢᠨ ᠰᠢᠪᠲᠤᠯᠤᠯᠲᠠ ᠭᠠᠷᠭᠠᠬᠤ ᠶᠢ ᠬᠦᠴᠦᠯᠡᠨ ᠠᠬᠢᠭᠤᠯᠤᠨ᠎ᠠ | ᠃ | —— ᠠᠵᠤ ᠦᠢᠯᠡᠳᠪᠦᠷᠢ ᠶᠢᠨ ᠲᠤᠭ᠎ᠠ ᠬᠡᠮᠵᠢᠶ᠎ᠡ ᠶᠠᠰᠤ ᠴᠢᠨᠠᠷ ᠢ ᠵᠡᠷᠭᠡᠪᠡᠷ ᠨᠡᠮᠡᠭᠳᠡᠭᠦᠯᠬᠦ ᠶᠢ | ᠠᠬᠢᠭᠤᠯᠤᠨ᠎ᠠ᠃ ᠶᠡᠷᠦᠩᠬᠡᠢ ᠬᠡᠮᠵᠢᠶ᠎ᠡ ᠶᠢ ᠥᠷᠭᠡᠳᠬᠡᠬᠦ ᠪᠠ ᠶᠠᠰᠤ ᠴᠢᠨᠠᠷ ᠢ ᠳᠡᠭᠡᠭᠰᠢᠯᠡᠭᠦᠯᠬᠦ ᠶᠢ ᠵᠡᠷᠭᠡ ᠪᠠᠷ | ᠴᠢᠬᠤᠯᠠᠴᠢᠯᠠᠬᠤ ᠶᠢ ᠪᠠᠷᠢᠮᠲᠠᠯᠠᠵᠤ᠂ ᠬᠡᠯᠬᠢᠶᠡᠲᠦ ᠰᠡᠳᠬᠢᠬᠦᠢ ᠶᠢ ᠪᠠᠲᠤ ᠪᠣᠶ ᠪᠣᠯᠭᠠᠵᠤ᠂ ᠰᠢᠨ᠎ᠡ ᠡᠨᠧᠷᠭᠢ ᠶᠢᠨ | ᠰᠤᠷᠪᠤᠯᠵᠢ᠂ ᠠᠭᠤᠷᠬᠠᠢ ᠶᠢᠨ ᠦᠢᠯᠡᠰ᠂ ᠬᠢᠮᠢ ᠶᠢᠨ ᠠᠵᠤ ᠦᠢᠯᠡᠳᠪᠦᠷᠢ ᠶᠢᠨ ᠬᠤᠯᠪᠣᠯᠳᠤᠨ ᠬᠥᠭᠵᠢᠬᠦ ᠪᠠᠷ ᠭᠤᠣᠯ | ᠱᠤᠭᠤᠮ ᠪᠣᠯᠭᠠᠨ᠂ ︽ᠮᠢᠩᠭᠠᠨ ᠳ᠋ᠦᠩᠰᠢᠭᠤᠷ ᠲᠠᠰ ᠤᠨ 2 ᠠᠵᠤ ᠦᠢᠯᠡᠰ ᠤᠨ ᠴᠤᠭᠯᠠᠷᠠᠯ︾ ᠤᠨ ᠬᠠᠷᠠᠯᠲᠠ ᠶᠢ | ᠲᠣᠭᠲᠠᠭᠠᠵᠤ᠂ ᠠᠵᠤ ᠦᠢᠯᠡᠰ ᠤᠨ ᠬᠥᠭᠵᠢᠯᠲᠡ ᠶᠢᠨ ᠴᠢᠭᠯᠡᠯ ᠢ ᠨᠠᠷᠢᠯᠢᠭᠵᠢᠭᠤᠯᠤᠨ ᠪᠣᠳᠠᠲᠠᠶᠢᠵᠢᠭᠤᠯᠵᠤ᠂ ᠠᠵᠤ | ᠦᠢᠯᠡᠳᠪᠦᠷᠢ ᠶᠢᠨ ᠠᠵᠤ ᠠᠬᠤᠢ ᠶᠢᠨ ᠬᠥᠭᠵᠢᠨ ᠮᠠᠨᠳᠤᠬᠤ ᠶᠢ ᠠᠬᠢᠭᠤᠯᠤᠨ᠎ᠠ᠃ ᠠᠭᠤᠷᠬᠠᠢ ᠶᠢᠨ ᠦᠢᠯᠡᠰ ᠤᠨ | ᠠᠵᠤ ᠠᠬᠤᠢ ᠶᠢᠨ ᠳᠠᠪᠠᠯᠳᠠᠲᠦ ᠬᠥᠭᠵᠢᠯᠲᠡ ᠳᠤ ᠬᠦᠴᠦ ᠪᠠᠨ ᠲᠥᠪᠯᠡᠷᠡᠭᠦᠯᠦᠨ᠂ ᠠᠭᠤᠷᠬᠠᠢ ᠡᠷᠢᠬᠦ ᠲᠠᠯ᠎ᠠ ᠪᠠᠷ | ᠰᠢᠪᠲᠤᠯᠤᠯᠲᠠ ᠭᠠᠷᠭᠠᠬᠤ ᠪᠠᠶᠢᠯᠳᠤᠬᠤ ᠪᠣᠳᠣᠯᠭ᠎ᠠ ᠶᠢᠨ ᠠᠵᠢᠯᠯᠠᠭ᠎ᠠ ᠶᠢ ᠭᠦᠨᠵᠡᠭᠡᠢ ᠬᠡᠷᠡᠭᠵᠢᠭᠦᠯᠵᠦ᠂ ᠡᠯ᠎ᠡ | ᠲᠠᠯ᠎ᠠ ᠶᠢᠨ ᠬᠦᠴᠦᠨ ᠢ ᠲᠥᠪᠯᠡᠷᠡᠭᠦᠯᠦᠨ ᠨᠢᠭᠡᠳᠬᠡᠵᠦ᠂ ᠯᠢᠲ᠋ᠢ᠂ ᠴᠠᠭᠠᠨ ᠲᠤᠭᠤᠯᠭ᠎ᠠ᠂ ᠬᠠᠷ᠎ᠠ ᠲᠤᠭᠤᠯᠭ᠎ᠠ᠂ ᠴᠠᠶᠢᠷ | ᠵᠡᠷᠭᠡ ᠪᠠᠶᠢᠯᠳᠤᠬᠤ ᠪᠣᠳᠣᠯᠭ᠎ᠠ ᠶᠢᠨ ᠴᠢᠨᠠᠷᠲᠠᠢ ᠪᠠ ᠳᠠᠪᠠᠭᠤᠯᠢᠭ ᠠᠭᠤᠷᠬᠠᠢ ᠶᠢᠨ ᠲᠥᠷᠥᠯ ᠢ ᠬᠠᠶᠢᠨ ᠰᠢᠨᠵᠢᠯᠡᠵᠦ | ᠨᠡᠭᠡᠭᠡᠨ ᠬᠥᠭᠵᠢᠭᠦᠯᠬᠦ ᠪᠠ ᠨᠥᠭᠡᠴᠡ ᠪᠠᠨ ᠨᠡᠮᠡᠭᠳᠡᠭᠦᠯᠦᠨ ᠦᠢᠯᠡᠳᠪᠦᠷᠢᠯᠡᠯ ᠳᠤ ᠣᠷᠣᠭᠤᠯᠬᠤ ᠶᠢ ᠬᠦᠴᠦᠲᠡᠢ | ᠠᠬᠢᠭᠤᠯᠤᠨ᠎ᠠ︔ ︽ᠬᠤᠶᠠᠷ ᠣᠷᠣᠨ ᠬᠤᠶᠠᠷ ᠪᠦᠰᠡ︾ ᠶᠢ ᠴᠢᠩᠭ᠎ᠠ ᠠᠩᠬᠠᠷᠴᠤ᠂ ᠠᠭᠤᠷᠬᠠᠢ ᠶᠢᠨ ᠡᠷᠬᠡ ᠶᠢ | ᠰᠢᠯᠢᠳᠡᠭᠵᠢᠭᠦᠯᠦᠨ ᠨᠢᠭᠡᠳᠬᠡᠬᠦ ᠶᠢ ᠯᠠᠪᠳᠠᠭᠤᠨ ᠢᠶᠠᠷ ᠠᠬᠢᠭᠤᠯᠤᠨ᠎ᠠ︔ ᠪᠦᠬᠦ ᠤᠷᠤᠨ᠂ ᠪᠦᠬᠦ ᠬᠤᠲᠠ ᠶᠢᠨ | ᠯᠢᠲ᠋ᠢ ᠶᠢᠨ ᠠᠵᠤ ᠦᠢᠯᠡᠰ ᠤᠨ ᠨᠡᠭᠡᠭᠡᠨ ᠬᠥᠭᠵᠢᠭᠦᠯᠬᠦ ᠪᠠᠶᠢᠯᠲᠤᠬᠤ ᠪᠤᠲᠤᠯᠭ᠎ᠠ ᠶᠢᠨ ᠪᠠᠶᠢᠷᠢᠯᠠᠭᠤᠯᠤᠯᠲᠠ ᠶᠢ ᠪᠥᠬᠦ | ᠲᠠᠯ᠎ᠠ ᠪᠠᠷ ᠨᠠᠶᠢᠳᠠᠪᠤᠷᠢᠵᠢᠭᠤᠯᠵᠤ᠂ ᠤᠯᠢᠶᠠᠰᠦᠲᠠᠢ ᠠᠭᠤᠷᠬᠠᠢ ᠶᠢᠨ ᠦᠢᠯᠡᠰ ᠤᠨ ᠯᠢᠲ᠋ᠢ ᠴᠠᠭᠠᠨ ᠲᠤᠭᠤᠯᠭ᠎ᠠ ᠶᠢᠨ | ᠠᠭᠤᠷᠬᠠᠢ ᠶᠢᠨ ᠬᠦᠳᠡᠷ ᠰᠣᠩᠭᠤᠬᠤ ᠲᠥᠷᠥᠯ ᠵᠦᠢᠯ ᠤᠨ ᠠᠵᠢᠯ ᠡᠭᠢᠯᠡᠭᠦᠯᠦᠨ ᠪᠦᠲᠦᠭᠡᠨ ᠪᠠᠶᠢᠭᠤᠯᠬᠤ ᠶᠢ | ᠬᠦᠴᠦᠯᠡᠨ ᠠᠬᠢᠭᠤᠯᠵᠤ᠂ ᠨᠡᠭᠦᠷᠡᠰᠦᠬᠦ᠋ᠴᠢᠯ ᠤᠨ ᠯᠢᠲ᠋ᠢ ᠶᠢ ᠪᠣᠯᠪᠠᠰᠤᠷᠠᠭᠤᠯᠬᠤ᠂ ᠹᠣᠰᠹᠣᠷ ᠬᠦᠴᠢᠯ ᠤᠨ ᠲᠡᠮᠦᠷ | ᠯᠢᠲ᠋ᠢ ᠵᠡᠷᠭᠡ ᠠᠵᠤ ᠦᠢᠯᠡᠰ ᠤᠨ ᠢᠵᠢ ᠪᠦᠷᠢᠳᠦᠭᠦᠯᠬᠦ ᠲᠥᠷᠥᠯ ᠵᠦᠢᠯ ᠢ ᠵᠡᠷᠭᠡ ᠳᠤᠨᠢ ᠰᠦᠪᠡᠭᠴᠢᠯᠡᠨ | ᠠᠬᠢᠭᠤᠯᠤᠨ᠎ᠠ︔ ᠬᠤᠸ ᠣᠪᠣᠭᠲᠤ᠂ ᠰᠢᠨ ᠢᠦᠢ ᠠᠭᠤᠷᠬᠠᠢ ᠶᠢᠨ ᠦᠢᠯᠡᠰ ᠢ ᠡᠷᠭᠢᠯᠲᠡ ᠳᠤ ᠣᠷᠣᠭᠤᠯᠤᠨ ᠡᠮᠬᠢᠯᠡᠨ | ᠨᠡᠶᠢᠯᠡᠭᠦᠯᠬᠦ ᠶᠢ ᠲᠦᠷᠭᠡᠳᠬᠡᠵᠦ᠂ ᠶᠢᠨ ᠰᠢᠩ ᠠᠭᠤᠷᠬᠠᠢ ᠶᠢᠨ ᠦᠢᠯᠡᠰ ᠤᠨ ᠮᠡᠷᠭᠡᠵᠢᠯ ᠢ ᠥᠭᠡᠷᠡᠴᠢᠯᠡᠨ ᠴᠢᠳᠠᠪᠤᠷᠢ ᠶᠢ | ᠥᠷᠭᠡᠳᠬᠡᠬᠦ᠂ ᠳ᠋ᠦᠩ ᠱᠧᠩ ᠠᠭᠤᠷᠬᠠᠢ ᠶᠢᠨ ᠦᠢᠯᠡᠰ ᠤᠨ ᠮᠦᠩᠭᠦ ᠪᠠᠷ ᠭᠤᠤᠯᠯᠠᠭᠰᠠᠨ ᠲᠡᠮᠦᠷᠯᠢᠭ ᠤᠨ | ᠠᠭᠤᠷᠬᠠᠢ ᠶᠢᠨ ᠬᠦᠳᠡᠷ ᠰᠣᠩᠭᠤᠬᠤ᠂ ᠳ᠋ᠠ ᠽᠥᠩ ᠤᠨ ᠬᠠᠲᠠᠭᠤ ᠪᠡᠶᠡᠲᠦ ᠬᠠᠶᠠᠭᠳᠠᠮᠠᠯ ᠪᠣᠳᠠᠰ ᠢ ᠶᠡᠷᠦᠩᠬᠡᠶᠢᠯᠡᠨ | ᠠᠰᠢᠭᠯᠠᠬᠤ᠂ ᠵᠥᠩ ᠶᠢ ᠶᠢᠨ ᠳᠡᠳ᠋ ᠴᠠᠶᠢᠷ ᠤᠨ ᠢᠰᠦᠯ ᠤᠨ ᠬᠤᠶᠠᠳᠤᠭᠠᠷ ᠬᠤᠭᠤᠴᠠᠭᠠᠨ ᠤ ᠲᠥᠷᠥᠯ ᠵᠦᠢᠯ ᠢ | ᠪᠠᠷᠢᠯᠭ᠎ᠠ ᠡᠬᠢᠯᠡᠭᠦᠯᠦᠨ ᠪᠦᠲᠦᠭᠡᠨ ᠪᠠᠶᠢᠭᠤᠯᠬᠤ ᠶᠢ ᠪᠦᠬᠦ ᠭᠦᠴᠦᠨ ᠢᠶᠠᠷ ᠠᠬᠢᠭᠤᠯᠵᠦ᠂ ︽ᠬᠡᠰᠢᠭᠲᠡᠨ | ᠬᠤᠰᠢᠭᠤᠨ ᠤ ᠠᠵᠤ ᠦᠢᠯᠡᠳᠪᠦᠷᠢ ᠶᠢ ᠳᠠᠬᠢᠨ ᠴᠣᠭᠴᠠᠯᠠᠬᠤ︾ ᠶᠢ ᠪᠡᠶᠡᠯᠡᠭᠦᠯᠬᠦ ᠳᠤ ᠪᠠᠲᠤ ᠪᠠᠬᠢ ᠰᠠᠭᠤᠷᠢ | ᠲᠠᠯᠪᠢᠨ᠎ᠠ᠃ ᠬᠦᠴᠦᠨ ᠢᠶᠠᠨ ᠲᠥᠪᠯᠡᠷᠡᠭᠦᠯᠦᠨ ᠡᠨᠧᠷᠭᠢ ᠬᠢᠮᠢ ᠶᠢᠨ ᠠᠵᠤ ᠦᠢᠯᠡᠳᠪᠦᠷᠢ ᠶᠢ ᠨᠠᠷᠢᠯᠢᠭ ᠭᠦᠨᠵᠡᠭᠡᠢ | ᠬᠥᠭᠵᠢᠭᠦᠯᠵᠦ᠂ ᠪᠦᠭᠦ ᠬᠤᠲᠠ ᠶᠢᠨ ᠰᠢᠨ᠎ᠡ ᠡᠨᠧᠷᠭᠢ ᠶᠢᠨ ︽ᠬᠤᠶᠠᠷ ᠳᠠᠬᠢᠨ ᠢᠶᠠᠷ ᠨᠡᠮᠡᠭᠳᠡᠭᠦᠯᠬᠦ︾ | ᠲᠥᠯᠥᠪᠯᠡᠭᠡ ᠶᠢᠨ ᠲᠣᠭᠤᠷᠢᠨ ᠳᠤ᠂ ᠪᠠᠲᠤᠯᠠᠭ᠎ᠠ ᠶᠢᠨ ᠴᠢᠨᠠᠷᠲᠠᠢ ᠪᠠᠷ ᠲᠣᠣᠷ ᠲᠤ ᠨᠡᠶᠢᠯᠡᠭᠦᠯᠬᠦ᠂ ᠰᠢᠨ᠎ᠡ ᠡᠨᠧᠷᠭᠢ ᠶᠢᠨ | ᠣᠷᠭᠢᠯ ᠦᠶ᠎ᠡ ᠶᠢ ᠲᠣᠬᠢᠷᠠᠭᠤᠯᠬᠤ᠂ ᠵᠠᠬ᠎ᠠ ᠳᠡᠯᠭᠡᠭᠦᠷᠴᠢᠯᠡᠨ ᠲᠣᠣᠷ ᠲᠤ ᠨᠡᠶᠢᠯᠡᠭᠦᠯᠦᠨ ᠰᠢᠩᠭᠡᠭᠡᠬᠦ ᠠᠷᠭ᠎ᠠ | ᠮᠠᠶ᠋ᠢᠭ ᠲᠤ ᠲᠦᠰᠢᠭᠯᠡᠨ᠂ ᠰᠢᠨ᠎ᠡ ᠡᠨᠧᠷᠬᠢ ᠶᠢᠨ ᠨᠡᠭᠡᠭᠡᠯᠳᠡ ᠶᠢ ᠶᠡᠬᠡᠪᠡᠷ ᠠᠬᠢᠭᠤᠯᠵᠦ᠂ ᠬᠦᠷᠢᠶᠡᠯᠡᠩ ᠲᠣᠭᠤᠷᠢᠭ ᠤᠨ | ᠪᠣᠬᠢᠷᠲᠤᠯ ᠦᠭᠡᠢ ᠴᠠᠬᠢᠯᠭᠠᠨ᠂ ︽ᠡᠬᠢ ᠪᠠᠶᠠᠯᠢᠭ+ ᠪᠤᠬᠢᠷᠲᠦᠯ ᠦᠬᠡᠢ ᠴᠠᠭᠢᠯᠭᠠᠨ+ ᠵᠠᠬ᠎ᠠ ᠳᠡᠯᠭᠡᠭᠦᠷ︾ ᠤᠨ | ᠪᠤᠬᠢᠷᠲᠦᠯ ᠦᠬᠡᠢ ᠭᠦᠭᠵᠢᠯᠳᠡ ᠶᠢᠨ ᠭᠡᠪ ᠵᠠᠭᠪᠤᠷ ᠢ ᠴᠢᠷᠮᠡᠶᠢᠨ ᠡᠭᠦᠳᠴᠦ᠂ ᠰᠢᠨ᠎ᠡ ᠡᠨᠧᠷᠭᠢ ᠬᠢᠭᠡᠳ ᠬᠢᠮᠢ ᠶᠢᠨ | ᠠᠵᠤ ᠦᠢᠯᠡᠳᠪᠦᠷᠢ ᠶᠢᠨ ᠬᠤᠯᠪᠣᠯᠳᠤᠨ ᠬᠥᠭᠵᠢᠬᠦ᠂ ᠠᠵᠤ ᠦᠢᠯᠡᠰ ᠤᠨ ᠬᠡᠯᠬᠢᠶ᠎ᠡ ᠶᠢ ᠤᠷᠲᠤᠳᠬᠠᠬᠤ ᠶᠢ ᠭᠦᠨᠵᠡᠭᠡᠢ | ᠠᠬᠢᠭᠤᠯᠵᠤ᠂ ᠰᠢᠨ᠎ᠡ ᠡᠨᠧᠷᠬᠢ ᠶᠢᠨ ᠰᠤᠷᠪᠤᠯᠵᠢ ᠶᠢ ᠲᠤᠬᠠᠢ ᠶᠢᠨ ᠭᠠᠵᠠᠷ ᠲᠤᠨᠢ ᠰᠢᠩᠭᠡᠭᠡᠨ ᠠᠪᠬᠤ ᠬᠠᠷᠢᠴᠠᠯ ᠢ | ᠳᠡᠭᠡᠭᠰᠢᠯᠡᠭᠦᠯᠦᠨ᠎ᠡ᠃ ᠲᠤᠤᠷᠯᠢᠭ ᠪᠦᠲᠦᠴᠡ ᠶᠢ ᠦᠷᠭᠦᠯᠵᠢᠯᠡᠨ ᠰᠢᠯᠢᠳᠡᠭᠵᠢᠭᠦᠯᠵᠦ᠂ ᠴᠠᠭᠢᠯᠭᠠᠨ ᠲᠤᠤᠷᠵᠢᠯ ᠤᠨ | ᠪᠠᠭᠳᠠᠭᠠᠨ ᠰᠢᠩᠭᠡᠭᠡᠬᠦ ᠴᠢᠳᠠᠪᠤᠷᠢ ᠶᠢ ᠨᠡᠮᠡᠭᠳᠡᠭᠦᠯᠵᠦ᠂ ᠭᠡᠰᠢᠭᠲᠡᠨ ᠬᠤᠰᠢᠭᠤᠨ ᠤ 500 ᠺᠢᠯᠣᠸᠠᠲ ᠤᠨ ᠴᠠᠬᠢᠯᠭᠠᠨ | ᠬᠦᠷᠭᠡᠬᠦ ᠬᠦᠴᠦᠳᠡᠯ ᠥᠭᠡᠷᠡᠴᠢᠯᠡᠬᠦ ᠢᠨᠵᠧᠨᠧᠷᠢᠩ ᠤᠨ ᠲᠥᠷᠥᠯ ᠵᠦᠢᠯ ᠤᠨ ᠠᠬᠢᠴᠠ ᠶᠢ ᠲᠦᠷᠭᠡᠳᠬᠡᠨ | ᠠᠬᠢᠭᠤᠯᠤᠨ᠎ᠠ᠃ ᠵᠣᠬᠢᠶᠠᠮᠠᠯ ᠨᠡᠶᠢᠯᠡᠮᠡᠯ ᠬᠥᠷᠥᠩᠭᠡ ᠶᠢᠨ ᠤᠭᠤᠷᠠᠭ ᠤᠨ ᠲᠥᠷᠥᠯ ᠵᠦᠢᠯ ᠤᠨ ᠪᠣᠳᠠᠲᠠᠢ ᠠᠬᠢᠯᠲᠠ ᠲᠠᠢ | ᠪᠣᠯᠬᠤ ᠶᠢ ᠬᠦᠴᠦᠯᠡᠨ ᠠᠬᠢᠭᠤᠯᠤᠨ᠎ᠠ᠃ ᠭᠤᠸᠠᠩ ᠰᠢᠩ ᠶᠤᠸᠠᠨ ᠤ ᠤᠰᠤ ᠲᠠᠲᠠᠵᠤ ᠡᠨᠧᠷᠭᠢ ᠬᠠᠳᠠᠭᠠᠯᠠᠬᠤ | ᠴᠠᠬᠢᠯᠭᠠᠨ ᠥᠷᠲᠡᠭᠡᠨ ᠤ ᠲᠥᠷᠥᠯ ᠵᠦᠢᠯ ᠤᠨ ᠡᠮᠦᠨᠡᠬᠢ ᠬᠤᠭᠤᠴᠠᠭᠠᠨ ᠤ ᠠᠵᠢᠯ ᠢ ᠯᠠᠪᠳᠠᠭᠤᠨ ᠪᠠᠲᠤᠲᠠᠢ ᠰᠠᠶᠢᠲᠤᠷ | ᠬᠢᠨ᠎ᠡ᠃᠂ ᠳ᠋ᠠ ᠲᠠᠩ ᠤᠨ 8.5 ᠲᠦᠮᠡᠨ ᠺᠢᠯᠣᠸᠠᠲ ᠤᠨ ᠢᠯᠴᠢ ᠶᠢᠨ ᠴᠠᠬᠢᠯᠭᠠᠨ ᠢᠶᠠᠷ ᠣᠷᠣᠯᠠᠭᠤᠯᠬᠤ᠂ ᠮᠧᠩ | ᠨᠧᠩ ᠤᠨ 100 ᠲᠦᠮᠡᠨ ᠺᠢᠯᠣᠸᠠᠲ ᠤᠨ ᠰᠠᠯᠬᠢᠨ ᠴᠠᠬᠢᠯᠭᠠᠨ ᠤ ᠨᠥᠭᠡᠴᠡ ᠶᠢᠨ ᠰᠠᠭᠤᠷᠢᠨ ᠭᠠᠵᠠᠷ ᠤᠨ ᠠᠵᠢᠯ | ᠡᠭᠢᠯᠡᠭᠦᠯᠦᠨ ᠪᠦᠲᠦᠭᠡᠨ ᠪᠠᠶᠢᠭᠤᠯᠬᠤ ᠶᠢ ᠪᠠᠲᠤᠯᠠᠨ᠎ᠠ᠃ ᠳ᠋ᠠ ᠲᠠᠩ ᠤᠨ ᠨᠡᠭᠦᠷᠡᠰᠦ ᠶᠢ ᠬᠡᠶᠢᠵᠢᠭᠦᠯᠬᠦ ᠺᠣᠮᠫᠠᠨᠢ ᠶᠢᠨ | ᠲᠦᠭᠦᠬᠡᠢ ᠮᠠᠲ᠋ᠧᠷᠢᠶᠠᠯ ᠤᠨ ᠨᠡᠭᠦᠷᠡᠰᠦᠨ ᠤ ᠬᠠᠩᠭᠠᠯᠭ᠎ᠠ ᠬᠦᠷᠦᠯᠴᠡᠬᠦ ᠦᠭᠡᠢ ᠪᠠᠶᠢᠬᠤ ᠠᠰᠠᠭᠤᠳᠠᠯ ᠢ ᠬᠦᠴᠦ ᠪᠠᠨ | ᠬᠠᠮᠲᠤᠳᠬᠠᠨ ᠰᠢᠢᠳᠪᠦᠷᠢᠯᠡᠵᠦ᠂Ⅰ᠂ Ⅱ ᠰᠢᠷᠢᠰ ᠤᠨ ᠲᠣᠭᠲᠠᠭᠤᠨ ᠢᠶᠠᠷ ᠦᠢᠯᠡᠳᠪᠦᠷᠢᠯᠡᠬᠦ ᠶᠢ ᠪᠠᠲᠤᠯᠠᠵᠦ᠂ | ᠵᠠᠭᠤᠨ ᠲᠦᠮᠡᠨ ᠲᠣᠨ ᠤ ᠳᠡᠰ ᠤᠨ LNG ᠨᠠᠷᠢᠯᠢᠭ ᠬᠢᠮᠢ ᠶᠢᠨ ᠠᠵᠤ ᠦᠢᠯᠡᠳᠪᠦᠷᠢ᠂ ᠹᠧᠨᠤᠯ ᠢᠶᠠᠷ ᠤᠳᠠᠨ | ᠬᠦᠴᠢᠯ ᠦᠢᠯᠡᠳᠬᠦ᠂ ᠰᠢᠭᠡᠰᠦᠯᠢᠭ ᠠᠯᠳᠧᠭᠢᠳ᠋ ᠳᠠᠪᠠᠷᠬᠠᠢ ᠵᠡᠷᠭᠡ ᠶᠢᠨ ᠳᠠᠭᠠᠯᠳᠠ ᠠᠵᠦ ᠤᠶᠢᠯᠡᠰ ᠤᠨ ᠲᠦᠷᠦᠯ | ᠵᠦᠢᠯ ᠢ ᠢᠳᠡᠪᠬᠢᠲᠡᠢ ᠰᠦᠪᠡᠭᠴᠢᠯᠡᠬᠦ ᠶᠢᠨ ᠬᠠᠮᠲᠤ ᠠᠬᠢᠭᠤᠯᠤᠨ᠎ᠠ᠃ ᠬᠦᠴᠦᠨ ᠢᠶᠠᠨ ᠲᠥᠪᠯᠡᠷᠡᠭᠦᠯᠦᠨ ᠬᠦᠷᠢᠶᠡᠯᠡᠩ | ᠲᠣᠭᠤᠷᠢᠭ ᠤᠨ ᠲᠠᠪᠴᠠᠩ ᠢ ᠬᠥᠭᠵᠢᠭᠦᠯᠵᠦ᠂ ᠬᠢᠮᠢ ᠶᠢᠨ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠢ | ᠨᠤᠲᠠᠯᠠᠨ ᠲᠣᠭᠲᠠᠭᠠᠵᠤ ᠠᠮᠵᠢᠯᠲᠠ ᠣᠯᠬᠤ ᠶᠢ ᠪᠥᠬᠦ ᠬᠦᠴᠦᠨ ᠢᠶᠠᠷ ᠢᠶᠠᠨ ᠪᠠᠲᠤᠯᠠᠨ᠎ᠠ᠃ ᠬᠦᠷᠢᠶᠡᠯᠡᠩ | ᠲᠣᠭᠤᠷᠢᠭ ᠤᠨ ᠬᠡᠷᠡᠭᠯᠡᠬᠦ ᠭᠠᠵᠠᠷ ᠰᠢᠷᠣᠢ ᠶᠢᠨ ᠨᠥᠭᠡᠴᠡ ᠶᠢ ᠤᠷᠢᠳᠴᠢᠯᠠᠨ ᠲᠥᠯᠥᠪᠯᠡᠵᠦ᠂ ᠠᠯᠤᠰ ᠬᠡᠲᠦ ᠶᠢᠨ | ᠬᠥᠭᠵᠢᠯᠲᠡ ᠳᠤ ᠭᠦᠢᠴᠡᠳ ᠣᠷᠣᠨ ᠵᠠᠢ ᠦᠯᠡᠳᠡᠭᠡᠵᠦ ᠥᠭᠭᠦᠨ᠎ᠡ᠃ ᠬᠦᠷᠢᠶᠡᠯᠡᠩ ᠲᠣᠭᠤᠷᠢᠭ ᠤᠨ ᠭᠠᠵᠠᠷ ᠬᠡᠷᠡᠭᠯᠡᠬᠦ | ᠭᠠᠷᠳᠠᠮ ᠢ ᠭᠦᠢᠴᠡᠳᠬᠡᠬᠦ ᠶᠢ ᠲᠦᠷᠭᠡᠳᠬᠡᠵᠦ᠂ ᠬᠦᠷᠢᠶᠡᠯᠡᠩ ᠳᠤ ᠣᠷᠣᠭᠰᠠᠨ ᠠᠵᠤ ᠠᠬᠤᠶᠢᠯᠠᠯ ᠤᠨ ︽ᠭᠠᠵᠠᠷ | ᠣᠯᠣᠮᠠᠭᠴᠠ ᠠᠵᠢᠯ ᠢᠶᠠᠨ ᠡᠬᠢᠯᠡᠭᠦᠯᠵᠦ ᠪᠣᠯᠬᠤ︾ ᠶᠢ ᠦᠨᠡᠨᠬᠦ ᠪᠠᠲᠤᠯᠠᠨ᠎ᠠ᠃ ᠮᠠᠯ ᠲᠠᠷᠢᠶᠠᠯᠠᠩ ᠤᠨ ᠠᠰᠢᠭ | ᠰᠢᠮ᠎ᠡ ᠶᠢᠨ ᠪᠦᠲᠦᠭᠡᠭᠳᠡᠬᠦᠨ ᠢ ᠡᠳ᠋ᠰᠢᠭᠦᠯᠬᠦ ᠬᠦᠷᠢᠶᠡᠯᠡᠩ᠂ ᠶᠡᠷᠦᠩᠬᠡᠶᠢᠯᠡᠭᠰᠡᠨ ᠠᠵᠤ ᠦᠢᠯᠡᠰ ᠤᠨ ᠬᠦᠷᠢᠶᠡᠯᠡᠩ᠂ | ᠬᠢᠮᠢ ᠶᠢᠨ ᠠᠵᠤ ᠦᠢᠯᠡᠳᠪᠦᠷᠢ ᠶᠢᠨ ᠲᠥᠪᠯᠡᠷᠡᠭᠰᠡᠨ ᠣᠷᠣᠨ ᠳᠠᠬᠢ ᠪᠡᠯᠡ ᠣᠷᠣᠭᠤᠯᠤᠯᠲᠠ ᠶᠢᠨ ᠡᠷᠴᠢᠮ ᠢ | ᠦᠷᠭᠦᠯᠵᠢᠯᠡᠨ ᠴᠢᠩᠭᠠᠷᠠᠭᠤᠯᠵᠤ᠂ ᠰᠠᠭᠤᠷᠢ ᠲᠦᠭᠦᠭᠡᠷᠦᠮᠵᠢ ᠶᠢᠨ ᠳᠤᠲᠠᠭᠤᠳᠠᠯ ᠢ ᠬᠦᠴᠦᠯᠡᠨ ᠨᠥᠬᠦᠪᠦᠷᠢᠯᠡᠵᠦ᠂ | ᠦᠨᠳᠦᠰᠦ ᠶᠢ ᠪᠠᠬᠢᠵᠢᠭᠦᠯᠦᠨ ᠰᠠᠭᠤᠷᠢ ᠶᠢ ᠪᠠᠲᠤᠳᠬᠠᠬᠤ᠂ ᠨᠦᠭᠦᠴᠡᠯ ᠢ ᠪᠦᠷᠢᠯᠲᠦᠭᠦᠯᠦᠨ ᠠᠵᠦ ᠠᠬᠤᠶᠢᠯᠠᠯ ᠢ | ᠲᠠᠲᠠᠵᠤ ᠠᠪᠴᠢᠷᠠᠬᠤ ᠶᠢ ᠦᠨᠡᠨᠬᠦ ᠪᠡᠶᠡᠯᠡᠭᠦᠯᠦᠨ᠎ᠡ᠃ | —— ᠦᠢᠯᠡᠴᠢᠯᠡᠭᠡᠨ ᠤ ᠦᠢᠯᠡᠰ ᠤᠨ ᠲᠠᠰ ᠳᠡᠪᠰᠢᠬᠦ ᠶᠢ ᠠᠬᠢᠭᠤᠯᠤᠨ᠎ᠠ᠃ ︽ᠵᠢᠷᠤᠮᠵᠢᠭᠤᠯᠬᠤ᠂ | ᠳᠡᠭᠡᠭᠰᠢᠯᠡᠭᠦᠯᠬᠦ᠂ ᠬᠥᠭᠵᠢᠭᠦᠯᠬᠦ︾ ᠭᠤᠷᠪᠠᠨ ᠶᠡᠭᠡ ᠢᠨᠵᠧᠨᠧᠷᠢᠩ ᠢ ᠬᠦᠴᠦᠯᠡᠨ ᠬᠡᠷᠡᠭᠵᠢᠭᠦᠯᠵᠦ᠂ ᠦᠢᠯᠡᠴᠢᠯᠡᠭᠡᠨ ᠤ | ᠦᠢᠯᠡᠰ ᠤᠨ ᠬᠡᠯᠪᠡᠷᠢ ᠪᠠᠶᠢᠳᠠᠯ ᠢ ᠪᠦᠲᠦᠮᠵᠢᠲᠡᠶ ᠪᠠᠷ ᠥᠷᠭᠡᠳᠬᠡᠨ᠂ ᠬᠡᠷᠡᠭᠯᠡᠭᠡᠨ ᠤ ᠳᠠᠯᠳᠠ ᠬᠦᠴᠦᠨ ᠢ ᠲᠠᠰᠤᠷᠠᠯᠲᠠ | ᠦᠭᠡᠢ ᠬᠥᠭᠵᠢᠭᠡᠵᠦ᠂ ᠦᠢᠯᠡᠴᠢᠯᠡᠭᠡᠨ ᠤ ᠦᠢᠯᠡᠰ ᠤᠨ ᠶᠠᠰᠤ ᠴᠢᠨᠠᠷ ᠪᠠ ᠬᠢᠷᠢ ᠬᠡᠮᠵᠢᠶ᠎ᠡ ᠶᠢ ᠪᠦᠬᠦᠯᠢ ᠴᠣᠭᠴᠠ ᠪᠠᠷ | ᠨᠢ ᠳᠡᠭᠡᠭᠰᠢᠯᠡᠭᠦᠯᠦᠨ᠎ᠡ᠃ ᠵᠢᠭᠤᠯᠴᠢᠯᠠᠯ ᠤᠨ ᠠᠵᠢᠯ ᠲᠥᠷᠥᠯ ᠢ ᠵᠢᠷᠤᠮᠵᠢᠭᠤᠯᠤᠨ ᠵᠠᠰᠠᠬᠤ ᠲᠤᠰᠬᠠᠢ ᠠᠵᠢᠯᠯᠠᠭ᠎ᠠ ᠶᠢ | ᠪᠠᠶᠢᠩᠭᠤᠵᠢᠭᠤᠯᠤᠨ ᠥᠷᠨᠢᠭᠦᠯᠵᠦ᠂ ᠵᠢᠭᠤᠯᠴᠢᠯᠠᠯ ᠤᠨ ᠦᠢᠯᠡᠴᠢᠯᠡᠭᠡᠨ ᠤ ᠵᠠᠬ᠎ᠠ ᠳᠡᠯᠭᠡᠭᠦᠷ ᠢ ᠪᠦᠬᠦ ᠲᠠᠯ᠎ᠠ ᠪᠠᠷ | ᠴᠡᠪᠡᠷᠰᠢᠭᠦᠯᠦᠨ᠎ᠡ᠃ ᠪᠥᠬᠦ ᠣᠷᠣᠨ ᠪᠦᠰᠡ ᠶᠢᠨ᠂ ᠪᠥᠬᠦ ᠤᠯᠠᠷᠢᠯ ᠤᠨ᠂ ᠵᠦᠷᠢᠶᠡᠴᠢᠯᠡᠭᠰᠡᠨ᠂ ᠳᠡᠭᠡᠳᠦ ᠳᠡᠰ ᠤᠨ | ᠬᠥᠭᠵᠢᠯᠲᠡ ᠶᠢᠨ ᠪᠠᠶᠢᠷᠢ ᠲᠣᠭᠲᠠᠭᠠᠯᠲᠠ ᠶᠢ ᠪᠠᠷᠢᠮᠲᠠᠯᠠᠵᠤ᠂ ᠤᠮᠠᠷᠠᠲᠤ ᠬᠢᠯᠢ ᠶᠢᠨ ᠦᠵᠡᠮᠵᠢᠲᠦ ᠶᠡᠭᠡ ᠵᠠᠮ ᠢᠶᠠᠷ | ᠭᠤᠣᠯ ᠱᠤᠭᠤᠮ ᠪᠣᠯᠭᠠᠨ᠂ ᠵᠢᠭᠤᠯᠴᠢᠯᠠᠯ ᠤᠨ ᠦᠢᠯᠡᠰ ᠤᠨ ᠬᠡᠯᠪᠡᠷᠢ ᠶᠢᠨ ᠬᠥᠭᠵᠢᠯᠲᠡ ᠶᠢ ᠤᠷᠲᠤᠳᠬᠠᠵᠤ᠂ ᠭᠦᠨ | ᠲᠠᠰ ᠳᠠᠪᠬᠤᠷᠭ᠎ᠠ ᠶᠢᠨ᠂ ᠪᠡᠶᠡᠴᠢᠯᠡᠨ ᠣᠶᠢᠯᠠᠭᠠᠬᠤ ᠮᠠᠶ᠋ᠢᠭ ᠤᠨ ᠵᠢᠭᠤᠯᠴᠢᠯᠠᠯ ᠤᠨ ᠦᠢᠯᠡᠳᠬᠦᠨ ᠢ ᠰᠦᠪᠡᠭᠴᠢᠯᠡᠨ | ᠨᠡᠭᠡᠭᠡᠨ ᠬᠥᠭᠵᠢᠭᠦᠯᠵᠦ᠂ ᠵᠢᠭᠤᠯᠴᠢᠯᠠᠯ ᠤᠨ ᠠᠵᠤ ᠦᠢᠯᠡᠰ ᠤᠨ ᠪᠦᠬᠦᠯᠢ ᠴᠣᠭᠴᠠ ᠶᠢᠨ ᠬᠥᠭᠵᠢᠯᠲᠡ ᠶᠢᠨ ᠬᠢᠷᠢ | ᠬᠡᠮᠵᠢᠶ᠎ᠡ ᠶᠢ ᠲᠠᠰᠤᠷᠠᠯᠲᠠ ᠦᠭᠡᠢ ᠳᠡᠭᠡᠭᠰᠢᠯᠡᠭᠦᠯᠦᠨ᠎ᠡ᠃ ᠠᠰᠬᠠᠲᠤ᠂ ᠤᠯᠠᠭᠠᠨᠪᠤᠲᠤᠩ᠂ ᠳᠠᠯᠠᠢ ᠨᠠᠭᠤᠷ᠂ | ᠰᠢᠷᠠᠮᠦ᠋ᠷᠡᠨ ᠤ ᠶᠡᠭᠡ ᠬᠠᠪᠴᠢᠯ ᠵᠡᠷᠭᠡ ᠳᠥᠷᠪᠡᠨ ᠶᠡᠭᠡ ᠦᠵᠡᠮᠵᠢ ᠶᠢᠨ ᠣᠷᠣᠨ ᠤ ᠴᠤᠭᠯᠠᠷᠠᠯ ᠤᠨ ᠬᠡᠯᠪᠡᠷᠢ ᠶᠢᠨ | ᠨᠡᠭᠡᠭᠡᠨ ᠬᠥᠭᠵᠢᠭᠦᠯᠦᠯᠲᠡ ᠶᠢ ᠪᠥᠬᠦ ᠬᠦᠴᠦᠨ ᠢᠶᠠᠷ ᠢᠶᠠᠨ ᠠᠬᠢᠭᠤᠯᠤᠨ᠎ᠠ︔ ᠬᠤᠰᠦᠲᠦ ᠬᠦᠷᠢᠶ᠎ᠡ ᠦᠵᠡᠮᠵᠢ ᠶᠢᠨ | ᠣᠷᠣᠨ ᠢ A ᠳᠡᠰ ᠲᠤ ᠳᠡᠭᠡᠭᠰᠢᠯᠡᠭᠦᠯᠬᠦ ᠠᠵᠢᠯ ᠢ ᠯᠠᠪᠳᠠᠭᠤᠨ ᠢᠶᠠᠷ ᠲᠦᠯᠬᠢᠨ ᠠᠬᠢᠭᠤᠯᠵᠤ᠂ ᠰᠢᠷᠠᠮᠦ᠋ᠷᠡᠨ ᠤ ᠶᠡᠭᠡ | ᠬᠠᠪᠴᠢᠯ ᠤᠨ ᠠᠮᠢ ᠠᠬᠤᠢ ᠶᠢᠨ ᠵᠢᠭᠤᠯᠴᠢᠯᠠᠯ ᠤᠨ ᠣᠷᠣᠨ ᠢ ᠭᠦᠨᠵᠡᠭᠡᠢ ᠨᠡᠭᠡᠭᠡᠨ ᠬᠥᠭᠵᠢᠭᠦᠯᠦᠨ᠎ᠡ᠃ ᠰᠣᠶᠣᠯ | ᠵᠢᠭᠤᠯᠴᠢᠯᠠᠯ ᠤᠨ ᠴᠢᠳᠠᠪᠤᠷᠢ ᠶᠢᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠵᠤ᠂ ᠮᠣᠩᠭᠤᠯ | ᠨᠤᠲᠤᠭ ᠤᠨ ᠡᠳ᠋ ᠭᠠᠷᠤᠯᠳᠠ ᠶᠢᠨ ᠨᠠᠶᠢᠷ ᠵᠢᠴᠢ ᠤᠯᠠᠭᠠᠨᠪᠦᠲᠦᠩ ᠤᠨ ᠲᠠᠯ᠎ᠠ ᠨᠤᠲᠤᠭ ᠤᠨ ᠳᠠᠭᠤᠤ ᠬᠥᠭᠵᠢᠮ ᠤᠨ | ᠨᠠᠶᠢᠷ᠂ ᠲᠡᠯᠡᠶ ᠨᠠᠭᠤᠷ ᠤᠨ ᠡᠪᠦᠯ ᠤᠨ ᠤᠯᠠᠷᠢᠯ ᠤᠨ ᠵᠢᠭᠠᠰᠦ ᠠᠩᠨᠠᠬᠤ ᠨᠠᠶᠢᠷ ᠵᠡᠷᠭᠡ ᠴᠢᠬᠤᠯᠠ ᠶᠡᠭᠡ ᠰᠣᠶᠣᠯ | ᠵᠢᠭᠤᠯᠴᠢᠯᠠᠯ ᠤᠨ ᠠᠵᠢᠯᠯᠠᠭ᠎ᠠ ᠶᠢ ᠦᠷᠭᠦᠯᠵᠢᠯᠡᠨ ᠡᠷᠭᠢᠯᠡᠵᠦ᠂ ᠣᠷᠣᠨ ᠪᠦᠰᠡ ᠶᠢᠨ ᠨᠠᠷᠠᠲᠤ ᠲᠡᠮᠳᠡᠭᠲᠦ ᠶᠢ | ᠡᠭᠦᠳᠴᠦ᠂ ᠬᠡᠲᠦ ᠲᠠᠰ ᠤᠨ ᠰᠣᠶᠣᠯ ᠵᠢᠭᠤᠯᠴᠢᠯᠠᠯ ᠤᠨ IP ᠢ ᠪᠣᠶ ᠪᠣᠯᠭᠠᠵᠤ᠂ ᠰᠣᠶᠣᠯ ᠵᠢᠭᠤᠯᠴᠢᠯᠠᠯ ᠤᠨ ᠰᠢᠨ᠎ᠡ | ᠦᠷᠨᠢᠯᠳᠡ ᠶᠢ ᠪᠤᠢ ᠪᠤᠯᠭᠠᠨ᠎ᠠ᠃ ᠵᠢᠭᠤᠯᠴᠢᠯᠠᠯ ᠤᠨ ᠬᠡᠷᠡᠭᠴᠡᠭᠡ ᠱᠠᠭᠠᠷᠳᠠᠯᠭ᠎ᠠ ᠶᠢ ᠭᠦᠨᠵᠡᠭᠡᠢ ᠠᠭᠤᠳᠠᠯᠵᠤ᠂ | ᠵᠢᠭᠤᠯᠴᠢᠯᠠᠯ ᠤᠨ ᠭᠡᠷᠡᠭᠯᠡᠭᠡᠨ ᠢ ᠥᠷᠭᠡᠳᠬᠡᠵᠦ᠂ ᠠᠷᠠᠳ ᠤᠨ ᠣᠷᠣᠨ ᠰᠠᠭᠤᠴᠠ ᠶᠢᠨ ᠲᠥᠪᠯᠡᠷᠡᠭᠰᠡᠨ ᠲᠣᠭᠤᠷᠢᠭ ᠢ | ᠬᠦᠴᠦᠯᠡᠨ ᠪᠠᠶᠢᠭᠤᠯᠵᠤ᠂ ᠵᠢᠭᠤᠯᠴᠢᠯᠠᠯ ᠤᠨ ᠡᠯ᠎ᠡ ᠡᠵᠡᠩᠨᠡᠯᠲᠡ ᠶᠢᠨ ᠬᠡᠯᠪᠡᠷᠢ ᠪᠠᠶᠢᠳᠠᠯ ᠤᠨ ᠠᠭᠤᠰᠤᠯᠴᠠᠨ | ᠬᠥᠭᠵᠢᠬᠦ ᠶᠢ ᠠᠬᠢᠭᠤᠯᠤᠨ᠎ᠠ︔ ᠤᠷᠢᠳᠴᠢᠯᠠᠨ ᠬᠢᠭᠰᠡᠨ ᠨᠣᠭᠤᠭ᠎ᠠ᠂ ᠣᠨᠴᠠᠯᠢᠭᠲᠤ ᠮᠠᠯ ᠲᠠᠷᠢᠶᠠᠯᠠᠩ ᠤᠨ ᠠᠰᠢᠭ | ᠰᠢᠮ᠎ᠡ ᠶᠢᠨ ᠪᠦᠲᠦᠭᠡᠭᠳᠡᠬᠦᠨ ᠵᠡᠷᠭᠡ ᠵᠢᠭᠤᠯᠴᠢᠯᠠᠯ ᠤᠨ ᠲᠠᠸᠠᠷ ᠢ ᠢᠳᠡᠪᠬᠢᠲᠡᠢ ᠪᠠᠷ ᠰᠤᠳᠤᠯᠤᠨ ᠨᠡᠭᠡᠭᠡᠵᠦ᠂ | ᠦᠢᠯᠡᠳᠪᠦᠷᠢᠯᠡᠬᠦ᠂ ᠪᠣᠷᠣᠯᠠᠭᠤᠯᠬᠤ᠂ ᠪᠠᠷᠠᠭᠠᠨ ᠤ ᠭᠦᠢᠯᠭᠡᠭᠡᠨ ᠵᠡᠷᠭᠡ ᠪᠥᠬᠦ ᠠᠵᠤ ᠦᠢᠯᠡᠰ ᠤᠨ ᠬᠡᠯᠬᠢᠶ᠎ᠡ ᠶᠢ | ᠪᠦᠷᠢᠨᠰᠢᠭᠦᠯᠦᠨ᠎ᠡ᠃ ᠪᠥᠬᠦ ᠵᠢᠯ ᠳᠤ ᠵᠢᠭᠤᠯᠴᠢᠯᠠᠭᠰᠠᠳ ᠢ 590 ᠲᠦᠮᠡᠨ ᠬᠥᠮᠥᠨ ᠤᠳᠠᠭ᠎ᠠ ᠭᠥᠯᠢᠶᠡᠨ ᠠᠪᠴᠤ᠂ | ᠵᠢᠭᠤᠯᠴᠢᠯᠠᠯ ᠤᠨ ᠶᠡᠷᠦᠩᠬᠡᠢ ᠣᠷᠣᠯᠭ᠎ᠠ ᠶᠢ 70.5 ᠳ᠋ᠦᠩᠰᠢᠭᠤᠷ ᠲᠥᠭᠦᠷᠢᠭ ᠲᠤ ᠬᠦᠷᠭᠡᠵᠦ᠂ ᠠᠳᠠᠯᠢ | ᠬᠤᠭᠤᠴᠠᠭᠠᠨ ᠤ ᠬᠢ ᠠᠴᠠ ᠲᠣᠰ ᠲᠣᠰ 7.7% ᠪᠠ 7.3% ᠪᠠᠷ ᠨᠡᠮᠡᠭᠳᠡᠭᠦᠯᠦᠨ᠎ᠡ᠃ ︽ᠢᠨᠲ᠋ᠧᠷ | ᠰᠦᠯᠵᠢᠶ᠎ᠡ+︾ ᠬᠡᠷᠡᠭᠯᠡᠭᠡᠨ ᠤ ᠰᠢᠨ᠎ᠡ ᠵᠠᠭᠪᠤᠷ ᠢ ᠬᠦᠴᠦᠯᠡᠨ ᠪᠣᠶᠢᠵᠢᠭᠤᠯᠤᠨ ᠪᠤᠵᠠᠭᠠᠶᠢᠷᠠᠭᠤᠯᠵᠤ᠂ ᠡᠯᠧᠺᠲᠷᠣᠨ | ᠬᠤᠳᠠᠯᠳᠤᠭᠠᠨ ᠤ 7 ᠠᠵᠤ ᠠᠬᠤᠶᠢᠯᠠᠯ ᠢ ᠭᠤᠣᠯᠳᠠᠯᠭ᠎ᠠ ᠲᠠᠢ ᠲᠡᠳᠬᠦᠨ ᠳᠡᠮᠵᠢᠵᠦ᠂ ︽ᠰᠦᠯᠵᠢᠶᠡᠨ ᠤᠲᠤᠨ ᠤ | ᠬᠤᠯᠪᠣᠭ᠎ᠠ︾ ᠶᠢᠨ ᠳᠠᠪᠠᠭᠤᠯᠢᠭ ᠢ ᠭᠦᠢᠴᠡᠳ ᠪᠠᠳᠠᠷᠠᠭᠤᠯᠤᠨ᠂ ᠰᠦᠯᠵᠢᠶᠡᠨ ᠳᠡᠭᠡᠷᠡᠬᠢ ᠪᠠ ᠰᠦᠯᠵᠢᠶᠡᠨ ᠠᠴᠠ | ᠭᠠᠳᠠᠭᠤᠷᠬᠢ ᠬᠡᠷᠡᠭᠯᠡᠭᠡᠨ ᠤ ᠠᠭᠤᠰᠤᠯᠴᠠᠯ ᠢ ᠪᠦᠲᠦᠮᠵᠢᠲᠡᠶ ᠠᠬᠢᠭᠤᠯᠵᠤ᠂ ᠰᠠᠭᠤᠭᠠᠯᠢ ᠠᠷᠠᠳ ᠤᠨ ᠬᠡᠷᠡᠭᠯᠡᠭᠡᠨ ᠤ | ᠳᠠᠯᠳᠠ ᠬᠦᠴᠦᠨ ᠢ ᠭᠦᠨᠵᠡᠭᠡᠢ ᠬᠥᠭᠵᠢᠭᠡᠨ᠎ᠡ᠃ ᠪᠠᠷᠠᠭᠠᠨ ᠤ ᠭᠦᠢᠯᠭᠡᠭᠡᠨ ᠤ ᠲᠣᠬᠢᠷᠠᠭᠤᠯᠤᠨ ᠬᠦᠷᠭᠡᠬᠦ | ᠲᠤᠭᠲᠠᠯᠴᠠᠭ᠎ᠠ ᠶᠢᠨ ᠪᠦᠲᠦᠭᠡᠨ ᠪᠠᠶᠢᠭᠤᠯᠤᠯᠲᠠ ᠶᠢ ᠦᠷᠭᠦᠯᠵᠢᠯᠡᠨ ᠴᠢᠩᠭᠠᠳᠬᠠᠵᠤ᠂ ᠪᠢᠷᠠᠭᠤ ᠪᠠᠯᠭᠠᠰᠤ ᠶᠢᠨ | ᠲᠠᠷᠢᠶᠠᠯᠠᠩ ᠤᠨ ᠪᠦᠲᠦᠭᠡᠭᠳᠡᠬᠦᠨ ᠤ ᠪᠥᠭᠡᠮ ᠢᠶᠠᠷ ᠬᠤᠳᠠᠯᠳᠤᠬᠤ ᠵᠠᠬ᠎ᠠ ᠳᠡᠯᠭᠡᠭᠦᠷ ᠵᠢᠴᠢ ᠬᠥᠯᠳᠡᠭᠦᠦ ᠶᠢ ᠪᠠᠲᠤᠯᠠᠬᠤ | ᠪᠠᠷᠠᠭᠠᠨ ᠤ ᠭᠦᠢᠯᠭᠡᠭᠡᠨ ᠤ ᠲᠥᠪᠯᠡᠷᠡᠭᠦᠯᠵᠦ ᠲᠠᠷᠬᠠᠭᠠᠬᠤ ᠲᠥᠪ ᠤᠨ ᠲᠥᠷᠥᠯ ᠵᠦᠢᠯ ᠢ ᠪᠠᠶᠢᠭᠤᠯᠤᠨ ᠠᠰᠢᠭᠯᠠᠯᠳᠠ | ᠳᠤ ᠤᠷᠤᠭᠤᠯᠬᠤ ᠶᠢ ᠦᠨᠡᠨᠬᠦ ᠪᠠᠲᠤᠯᠠᠵᠤ᠂ ᠬᠤᠰᠢᠭᠤ ᠬᠡᠪᠴᠢᠶᠡᠨ ᠤ ᠬᠤᠳᠠᠯᠳᠤᠭᠠᠨ ᠤ ᠲᠤᠭᠲᠠᠯᠴᠠᠭ᠎ᠠ ᠶᠢᠨ | ᠲᠤᠷᠰᠢᠯᠲᠠ ᠶᠢᠨ ᠬᠤᠰᠢᠭᠤ ᠶᠢᠨ ᠪᠦᠲᠦᠭᠡᠨ ᠪᠠᠶᠢᠭᠤᠯᠤᠯᠲᠠ ᠶᠢ ᠥᠨᠳᠥᠷ ᠦᠷ᠎ᠡ ᠪᠦᠲᠦᠮᠵᠢᠲᠡᠶ ᠪᠠᠷ ᠠᠬᠢᠭᠤᠯᠵᠤ᠂ | 5 ᠠᠷᠠᠯᠵᠢᠶ᠎ᠠ ᠬᠤᠳᠠᠯᠳᠤᠭᠠᠨ ᠤ ᠠᠵᠤ ᠠᠬᠤᠶᠢᠯᠠᠯ ᠢ ᠪᠣᠶᠢᠵᠢᠭᠤᠯᠤᠨ᠂ ᠦᠢᠯᠡᠴᠢᠯᠡᠭᠡᠨ ᠤ ᠦᠢᠯᠡᠰ ᠤᠨ ︽ᠣᠯᠠᠨ | ᠲᠠᠯ᠎ᠠ ᠪᠠᠷ ᠭᠦᠭᠵᠢᠭᠦᠯᠬᠦ︾ ᠶᠢ ᠪᠥᠬᠦ ᠬᠦᠴᠦᠨ ᠢᠶᠠᠷ ᠳᠡᠮᠵᠢᠨ ᠠᠬᠢᠭᠤᠯᠤᠨ᠎ᠠ᠃ | ︵ᠬᠤᠶᠠᠷ︶ ᠪᠦᠲᠦᠮᠵᠢᠲᠡᠶ ᠪᠡᠯᠡ ᠣᠷᠣᠭᠤᠯᠤᠯᠲᠠ ᠶᠢ ᠥᠷᠭᠡᠳᠬᠡᠬᠦ ᠶᠢ ᠴᠢᠩᠭ᠎ᠠ ᠠᠩᠬᠠᠷᠴᠤ᠂ ᠠᠵᠤ | ᠠᠬᠤᠢ ᠶᠢᠨ ᠬᠥᠭᠵᠢᠯᠲᠡ ᠶᠢᠨ ᠰᠢᠨ᠎ᠡ ᠬᠥᠳᠡᠯᠭᠡᠭᠴᠢ ᠡᠨᠧᠷᠭᠢ ᠶᠢ ᠬᠤᠷᠠᠮᠳᠤᠭᠤᠯᠤᠨ᠎ᠠ᠃ ᠠᠵᠤ ᠠᠬᠤᠢ ᠶᠢᠨ | ᠲᠣᠭᠲᠠᠭᠤᠨ ᠨᠡᠮᠡᠭᠳᠡᠯ ᠳᠤ ᠠᠩᠬᠠᠷᠤᠯ ᠢᠶᠠᠨ ᠲᠥᠪᠯᠡᠷᠡᠭᠦᠯᠵᠦ᠂ ᠲᠦᠷᠦᠯ ᠵᠦᠢᠯ ᠤᠨ ᠪᠡᠯᠡ ᠣᠷᠣᠭᠤᠯᠤᠯᠲᠠ ᠶᠢ | ᠥᠷᠭᠡᠳᠬᠡᠬᠦ ᠶᠢ ᠴᠢᠩᠭ᠎ᠠ ᠠᠳᠬᠤᠵᠤ᠂ ᠠᠷᠠᠯᠵᠢᠶᠠᠴᠢᠨ ᠤᠷᠢᠵᠤ ᠪᠡᠯᠡ ᠣᠷᠣᠭᠤᠯᠬᠤ ᠶᠠᠰᠤ ᠴᠢᠨᠠᠷ ᠪᠣᠯᠣᠨ ᠬᠢᠷᠢ | ᠲᠦᠪᠰᠢᠨ ᠢ ᠦᠷᠭᠦᠯᠵᠢᠯᠡᠨ ᠳᠡᠭᠡᠭᠰᠢᠯᠡᠭᠦᠯᠵᠦ᠂ ᠥᠭᠡᠷᠡᠴᠢᠯᠡᠯᠲᠡ ᠶᠢ ᠭᠤᠶᠢᠪᠢᠰᠢ ᠦᠭᠡᠢ ᠭᠦᠨᠵᠡᠭᠡᠶᠢᠷᠡᠭᠦᠯᠵᠦ᠂ | ᠵᠠᠬ᠎ᠠ ᠳᠡᠯᠭᠡᠭᠦᠷᠴᠢᠯᠡᠭᠰᠡᠨ᠂ ᠬᠠᠤᠯᠢᠵᠢᠭᠰᠠᠨ᠂ ᠢᠲᠡᠭᠡᠮᠵᠢᠲᠡᠢ ᠡᠵᠡᠩᠨᠡᠯᠲᠡ ᠶᠢᠨ ᠣᠷᠴᠢᠨ ᠲᠣᠭᠤᠷᠢᠨ ᠢ ᠦᠨᠡᠨᠬᠦ ᠪᠤᠢ | ᠪᠣᠯᠭᠠᠵᠤ᠂ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠬᠥᠳᠡᠯᠭᠡᠭᠦᠷ ᠢ ᠬᠥᠭᠵᠢᠭᠡᠨ᠎ᠡ᠃ | ︱︱ ᠭᠤᠣᠯᠳᠠᠯᠭ᠎ᠠ ᠲᠠᠢ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢ ᠪᠦᠬᠦ ᠬᠦᠴᠦᠨ ᠢᠶᠠᠷ | ᠠᠬᠢᠭᠤᠯᠤᠨ᠎ᠠ᠃ ︽ᠲᠦᠷᠦᠯ ᠵᠦᠢᠯ ᠢ ᠠᠳᠬᠤᠬᠤ ᠪᠣᠯ ᠳᠠᠷᠤᠢ ᠬᠥᠭᠵᠢᠯᠲᠡ ᠶᠢ ᠠᠳᠬᠤᠵᠤ᠂ ᠪᠡᠯᠡ | ᠣᠷᠣᠭᠤᠯᠤᠯᠲᠠ ᠶᠢ ᠠᠳᠬᠤᠬᠤ ᠪᠣᠯ ᠳᠠᠷᠤᠢ ᠦᠢᠯᠡᠳᠪᠦᠷᠢᠯᠡᠯ ᠢ ᠠᠳᠬᠤᠬᠤ︾ ᠣᠶᠢᠯᠠᠭᠠᠭᠳᠠᠬᠤᠨ ᠢ ᠪᠠᠲᠤ ᠪᠤᠢ | ᠪᠣᠯᠭᠠᠵᠤ᠂ ᠭᠤᠣᠯᠳᠠᠯᠭ᠎ᠠ ᠲᠠᠢ ᠲᠦᠷᠦᠯ ᠵᠦᠢᠯ ᠤᠨ ᠡᠮᠦᠨᠡᠬᠢ ᠬᠤᠭᠤᠴᠠᠭᠠᠨ ᠤ ᠭᠦᠢᠴᠡᠳᠬᠡᠯ ᠢ ᠠᠬᠢᠭᠤᠯᠬᠤ | ᠠᠵᠢᠯ ᠤᠨ ᠲᠤᠰᠬᠠᠢ ᠪᠠᠭ ᠤᠨ ᠦᠢᠯᠡᠳᠦᠯ ᠢ ᠭᠦᠢᠴᠡᠳ ᠪᠠᠳᠠᠷᠠᠭᠤᠯᠵᠤ᠂ ᠨᠢᠭᠡ ᠲᠦᠷᠦᠯ ᠵᠦᠢᠯ ᠳᠤ ᠨᠢᠭᠡ ᠨᠠᠷᠢᠨ | ᠳᠠᠩᠰᠠ ᠶᠢ ᠲᠣᠭᠲᠠᠭᠠᠵᠤ᠂ ᠲᠣᠳᠣᠷᠬᠠᠢ ᠲᠥᠯᠥᠪᠯᠡᠭᠡ ᠲᠠᠢ ᠠᠵᠢᠯᠯᠠᠵᠤ᠂ ᠰᠢᠨ᠎ᠡ ᠪᠠᠷ ᠪᠠᠶᠢᠭᠤᠯᠬᠤ ᠲᠦᠷᠦᠯ | ᠵᠦᠢᠯ ᠤᠨ ᠡᠮᠦᠨᠡᠬᠢ ᠬᠤᠭᠤᠴᠠᠭᠠᠨ ᠤ ᠭᠦᠢᠴᠡᠳᠬᠡᠯ ᠢ ᠭᠦᠢᠴᠡᠳᠬᠡᠬᠦ ᠶᠢ ᠬᠦᠴᠦᠲᠡᠢ ᠠᠬᠢᠭᠤᠯᠤᠨ᠎ᠠ︔ | ᠬᠥᠮᠥᠷᠭᠡ ᠶᠢᠨ ᠲᠥᠷᠥᠯ ᠵᠦᠢᠯ ᠤᠨ ᠲᠤᠯᠭᠠᠭᠤᠷᠢᠯᠠᠯ ᠢ ᠪᠣᠳᠠᠲᠠᠢ ᠠᠳᠬᠤᠵᠤ᠂ ᠪᠡᠯᠡ ᠮᠥᠩᠭᠦ᠂ ᠭᠠᠵᠠᠷ ᠰᠢᠷᠣᠢ | ᠵᠡᠷᠭᠡ ᠬᠦᠴᠦᠨ ᠵᠦᠢᠯ ᠤᠨ ᠪᠠᠲᠤᠯᠠᠭ᠎ᠠ ᠶᠢ ᠴᠢᠩᠭᠠᠳᠬᠠᠵᠤ᠂ ᠪᠥᠬᠦ ᠶᠠᠪᠤᠴᠠ ᠶᠢᠨ ᠲᠥᠷᠥᠯ ᠵᠦᠢᠯ ᠤᠨ | ᠬᠠᠮᠢᠶᠠᠷᠤᠭᠴᠢ ᠶᠢᠨ ᠦᠢᠯᠡᠴᠢᠯᠡᠭᠡ ᠶᠢ ᠴᠢᠩᠭᠠᠳᠬᠠᠵᠤ᠂ ︽ᠲᠠᠪᠤᠨ ᠨᠣᠷᠮ᠎ᠠ︾ ᠶᠢ ᠳᠡᠭᠡᠭᠰᠢᠯᠡᠭᠦᠯᠬᠦ ᠪᠠᠷ | ᠤᠳᠤᠷᠢᠳᠤᠮᠵᠢ ᠪᠣᠯᠭᠠᠵᠤ᠂ ︽ᠭᠠᠷᠠᠭ ᠢᠶᠠᠷ ᠲᠣᠬᠢᠷᠠᠭᠤᠯᠬᠤ᠂ ᠰᠠᠷ᠎ᠠ ᠪᠠᠷ ᠮᠡᠳᠡᠭᠡᠯᠡᠬᠦ᠂ ᠤᠯᠠᠷᠢᠯ ᠢᠶᠠᠷ ᠳ᠋ᠦᠩᠨᠡᠬᠦ᠂ | ᠵᠢᠯ ᠢᠶᠠᠷ ᠬᠢᠨᠠᠨ ᠰᠢᠯᠭᠠᠬᠤ︾ ᠳᠦᠷᠢᠮ ᠢ ᠪᠦᠷᠢᠨᠰᠢᠭᠦᠯᠵᠦ᠂ ᠭᠡᠷ᠎ᠡ ᠲᠣᠭᠲᠠᠭᠰᠠᠨ ᠲᠥᠷᠥᠯ ᠵᠦᠢᠯ ᠢ ᠡᠷᠲᠡ | ᠨᠠᠶᠢᠳᠠᠪᠤᠷᠢᠵᠢᠭᠤᠯᠬᠤ᠂ ᠨᠠᠶᠢᠳᠠᠪᠤᠷᠢᠵᠢᠭᠤᠯᠬᠤ ᠲᠥᠷᠥᠯ ᠵᠦᠢᠯ ᠢ ᠡᠷᠲᠡ ᠠᠵᠢᠯ ᠡᠬᠢᠯᠡᠭᠦᠯᠬᠦ᠂ ᠠᠵᠢᠯ ᠡᠬᠢᠯᠡᠭᠦᠯᠬᠦ | ᠲᠥᠷᠥᠯ ᠵᠦᠢᠯ ᠢ ᠡᠷᠲᠡ ᠦᠢᠯᠡᠳᠪᠦᠷᠢᠯᠡᠯ ᠳᠤ ᠣᠷᠣᠭᠤᠯᠬᠤ ᠶᠢ ᠪᠥᠬᠦ ᠬᠦᠴᠦᠨ ᠢᠶᠠᠷ ᠢᠶᠠᠨ ᠠᠬᠢᠭᠤᠯᠵᠤ᠂ ᠨᠠᠩ | ᠣᠯᠠᠨ ᠪᠣᠳᠠᠲᠤ ᠪᠣᠳᠠᠰ ᠤᠨ ᠬᠡᠮᠵᠢᠶ᠎ᠡ ᠪᠠ ᠨᠡᠮᠡᠭᠳᠡᠯ ᠤᠨ ᠴᠡᠭ ᠢ ᠴᠢᠷᠮᠠᠶᠢᠨ ᠪᠣᠶ ᠪᠣᠯᠭᠠᠨ᠎ᠠ᠃ 130 | ᠭᠤᠣᠯᠳᠠᠯᠭ᠎ᠠ ᠲᠠᠢ ᠲᠥᠷᠥᠯ ᠵᠦᠢᠯ ᠤᠨ ᠪᠠᠷᠢᠯᠭ᠎ᠠ ᠡᠬᠢᠯᠡᠭᠦᠯᠵᠦ ᠪᠦᠲᠦᠭᠡᠨ ᠪᠠᠶᠢᠭᠤᠯᠬᠤ ᠪᠠ ᠪᠠᠷᠢᠯᠭ᠎ᠠ ᠳᠠᠭᠤᠰᠬᠠᠵᠤ | ᠠᠰᠢᠭᠯᠠᠯᠲᠠ ᠳᠤ ᠣᠷᠣᠭᠤᠯᠬᠤ ᠳᠤ ᠠᠩᠬᠠᠷᠤᠯ ᠢᠶᠠᠨ ᠲᠥᠪᠯᠡᠷᠡᠭᠦᠯᠵᠦ᠂ ᠬᠡᠪᠴᠢᠶᠡᠵᠢᠯ ᠠᠴᠠ ᠳᠡᠭᠡᠭᠰᠢᠬᠢ ᠲᠣᠭᠲᠠᠮᠠᠯ | ᠬᠥᠷᠥᠩᠭᠡ ᠶᠢᠨ ᠪᠡᠯᠡ ᠣᠷᠣᠭᠤᠯᠤᠯᠲᠠ ᠶᠢ 115 ᠳ᠋ᠦᠩᠰᠢᠭᠤᠷ ᠲᠥᠭᠦᠷᠢᠭ ᠲᠤ ᠬᠦᠷᠭᠡᠬᠦ ᠶᠢ ᠦᠨᠡᠨᠬᠦ ᠪᠠᠲᠤᠯᠠᠨ᠎ᠠ᠃ | ᠭᠤᠣᠯᠳᠠᠯᠭ᠎ᠠ ᠲᠠᠢ ᠲᠥᠷᠥᠯ ᠵᠦᠢᠯ ᠢ ᠤᠷᠢᠳᠴᠢᠯᠠᠨ ᠲᠥᠯᠥᠪᠯᠡᠵᠦ᠂ ︽ᠨᠢᠭᠡ ᠪᠦᠯᠦᠭ ᠢ ᠠᠵᠢᠯ ᠡᠬᠢᠯᠡᠭᠦᠯᠦᠨ᠂ | ᠨᠢᠭᠡ ᠪᠦᠯᠦᠭ ᠢ ᠨᠥᠭᠡᠴᠡᠯᠡᠨ᠂ ᠨᠢᠭᠡ ᠪᠦᠯᠦᠭ ᠢ ᠲᠥᠯᠥᠪᠵᠢᠭᠦᠯᠬᠦ︾ ᠱᠠᠲᠤᠯᠠᠨ ᠠᠬᠢᠭᠤᠯᠬᠤ ᠪᠠᠶᠢᠷᠢᠰᠢᠯ ᠢ ᠪᠥᠬᠦ | ᠬᠦᠴᠦᠨ ᠢᠶᠠᠷ ᠢᠶᠠᠨ ᠪᠣᠶ ᠪᠣᠯᠭᠠᠨ᠎ᠠ᠃ | ︱︱ ᠣᠨᠣᠪᠴᠢᠲᠠᠢ ᠪᠠᠷ ᠠᠷᠠᠯᠵᠢᠶᠠᠴᠢᠨ ᠤᠷᠢᠵᠤ ᠪᠡᠯᠡ ᠣᠷᠣᠭᠤᠯᠬᠤ ᠶᠢ ᠥᠷᠨᠢᠭᠦᠯᠦᠨ᠎ᠡ᠃ ᠵᠡᠭᠦᠨ | ᠬᠤᠶᠢᠲᠤ ᠶᠢᠨ ᠭᠤᠷᠪᠠᠨ ᠮᠤᠵᠢ᠂ ᠪᠡᠭᠡᠵᠢᠩ ᠲᠢᠶᠠᠨᠵᠢᠨ ᠾᠧᠪᠧᠢ᠂ ᠬᠥᠬᠡᠮᠥ᠋ᠷᠡᠨ ᠤ ᠭᠤᠷᠪᠠᠯᠵᠢᠨ ᠬᠤᠶᠢᠭ᠂ ᠶᠡᠭᠡ | ᠪᠣᠯᠣᠩ ᠣᠷᠣᠨ ᠵᠡᠷᠭᠡ ᠭᠤᠣᠯᠳᠠᠯᠭ᠎ᠠ ᠲᠠᠢ ᠣᠷᠣᠨ ᠪᠦᠰᠡ ᠶᠢ ᠴᠢᠩᠭ᠎ᠠ ᠠᠩᠬᠠᠷᠴᠤ᠂ ᠠᠵᠤ ᠦᠢᠯᠡᠰ ᠤᠨ ᠬᠡᠯᠬᠢᠶ᠎ᠡ | ᠪᠠ ᠳᠡᠭᠡᠳᠦ ᠳᠣᠣᠷᠠᠳᠤ ᠤᠷᠤᠰᠬᠠᠯ ᠤᠨ ᠢᠵᠢ ᠪᠦᠷᠢᠳᠦᠭᠰᠡᠨ ᠬᠤᠯᠪᠣᠯᠳᠤᠭᠰᠠᠨ ᠠᠵᠤ ᠠᠬᠤᠶᠢᠯᠠᠯ ᠳᠤ ᠴᠢᠭᠯᠡᠭᠦᠯᠵᠦ | ᠂ ᠠᠵᠤ ᠦᠢᠯᠡᠰ ᠤᠨ ᠬᠡᠯᠬᠢᠶ᠎ᠡ ᠪᠠᠷ ᠠᠷᠠᠯᠵᠢᠶᠠᠴᠢᠨ ᠤᠷᠢᠬᠤ᠂ ᠠᠷᠠᠯᠵᠢᠶ᠎ᠠ ᠬᠤᠳᠠᠯᠳᠤᠭ᠎ᠠ ᠪᠠᠷ ᠠᠷᠠᠯᠵᠢᠶᠠᠴᠢᠨ | ᠤᠷᠢᠬᠤ ᠵᠡᠷᠭᠡ ᠠᠷᠭ᠎ᠠ ᠮᠠᠶ᠋ᠢᠭ ᠢ ᠠᠪᠴᠤ᠂ ᠨᠢᠭᠡ ᠪᠦᠯᠦᠭ ︽ᠬᠡᠯᠬᠢᠶ᠎ᠡ ᠪᠠᠷ ᠭᠤᠣᠯᠯᠠᠭᠰᠠᠨ ᠬᠡᠯᠪᠡᠷᠢ︾᠂ ︽ | ᠪᠦᠯᠦᠭᠯᠡᠯ ᠢᠶᠠᠷ ᠭᠤᠣᠯᠯᠠᠭᠰᠠᠨ ᠬᠡᠯᠪᠡᠷᠢ︾ ᠶᠢᠨ ᠠᠵᠢᠯ ᠲᠦᠷᠦᠯ ᠤᠨ ᠲᠣᠯᠣᠭᠠᠶᠢᠯᠠᠭᠴᠢ ᠠᠵᠤ ᠠᠬᠤᠶᠢᠯᠠᠯ ᠢ | ᠢᠳᠡᠪᠬᠢᠲᠡᠢ ᠪᠠᠷ ᠣᠷᠣᠭᠤᠯᠵᠤ᠂ ᠡᠬᠢ ᠠᠳᠠᠭ ᠨᠢ ᠬᠤᠯᠪᠣᠯᠳᠤᠭᠰᠠᠨ᠂ ᠳᠡᠭᠡᠳᠦ ᠳᠣᠣᠷᠠᠳᠤ ᠱᠠᠲᠤ ᠨᠢ ᠬᠠᠷᠢᠯᠴᠠᠨ | ᠲᠦᠰᠢᠭᠯᠡᠭᠰᠡᠨ᠂ ᠡᠷᠴᠢᠮᠵᠢᠭᠦᠯᠦᠨ ᠲᠥᠪᠯᠡᠷᠡᠭᠦᠯᠦᠭᠰᠡᠨ ᠠᠵᠤ ᠦᠢᠯᠡᠰ ᠤᠨ ᠲᠣᠭᠲᠠᠯᠴᠠᠭ᠎ᠠ ᠶᠢ ᠲᠦᠷᠭᠡᠪᠴᠢᠯᠡᠨ | ᠪᠠᠶᠢᠭᠤᠯᠤᠨ᠎ᠠ᠃ ᠠᠷᠠᠯᠵᠢᠶᠠᠴᠢᠨ ᠤᠷᠢᠵᠤ ᠪᠡᠯᠡ ᠣᠷᠣᠭᠤᠯᠬᠤ ᠲᠥᠷᠥᠯ ᠵᠦᠢᠯ ᠢ ᠲᠥᠰᠥᠪᠯᠡᠬᠦ᠂ ᠪᠣᠭᠤᠳᠠᠯᠯᠠᠬᠤ᠂ | ᠨᠥᠭᠡᠴᠡᠯᠡᠬᠦ᠂ ᠲᠠᠨᠢᠯᠴᠠᠭᠤᠯᠬᠤ ᠠᠵᠢᠯ ᠢ ᠴᠢᠩᠭ᠎ᠠ ᠠᠳᠬᠤᠵᠤ᠂ ᠲᠥᠷᠥᠯ ᠵᠦᠢᠯ ᠤᠨ ᠬᠥᠮᠥᠷᠭᠡ᠂ ᠠᠵᠤ | ᠦᠢᠯᠡᠰ ᠤᠨ ᠬᠡᠯᠬᠢᠶ᠎ᠡ ᠶᠢᠨ ᠵᠢᠷᠤᠭ ᠢ ᠬᠥᠳᠡᠯᠦᠩᠭᠦᠢ ᠪᠠᠷ ᠰᠢᠨᠡᠳᠬᠡᠵᠦ᠂ ᠡᠯ᠎ᠡ ᠱᠠᠲᠤᠨ ᠤ ᠡᠯ᠎ᠡ ᠲᠥᠷᠥᠯ ᠤᠨ | ᠠᠷᠠᠯᠵᠢᠶᠠᠴᠢᠨ ᠤᠷᠢᠬᠤ ᠠᠵᠢᠯᠯᠠᠭ᠎ᠠ ᠳᠤ ᠢᠳᠡᠪᠬᠢᠲᠡᠢ ᠣᠷᠣᠯᠴᠠᠨ᠎ᠠ᠃ ᠪᠥᠬᠦ ᠦᠶᠡᠯᠡᠯ ᠤᠨ ᠬᠤᠭᠤᠴᠠᠭᠠᠨ ᠳᠤ | ᠬᠢᠨᠠᠨ ᠵᠥᠪᠰᠢᠶᠡᠷᠡᠨ ᠬᠠᠷᠭᠤᠭᠤᠯᠬᠤ᠂ ᠪᠡᠯᠡ ᠣᠷᠣᠭᠤᠯᠤᠯᠲᠠ ᠪᠡᠯᠡ ᠲᠣᠬᠢᠷᠠᠭᠤᠯᠭ᠎ᠠ ᠶᠢᠨ ᠠᠰᠠᠭᠤᠳᠠᠯ ᠢ ᠳᠠᠭᠠᠭᠠᠨ | ᠰᠢᠢᠳᠪᠦᠷᠢᠯᠡᠵᠦ᠂ ᠭᠡᠷ᠎ᠡ ᠭᠦᠢᠴᠡᠳᠬᠡᠬᠦ ᠨᠣᠷᠮ᠎ᠠ ᠪᠠ ᠨᠠᠶᠢᠳᠠᠪᠤᠷᠢᠵᠢᠭᠤᠯᠬᠤ ᠨᠣᠷᠮ᠎ᠠ ᠶᠢ ᠦᠨᠡᠨᠬᠦ ᠳᠡᠭᠡᠭᠰᠢᠯᠡᠭᠦᠯᠵᠦ᠂ | ᠵᠢᠯ ᠤᠨ ᠳᠣᠲᠣᠷ᠎ᠠ ᠠᠷᠠᠯᠵᠢᠶᠠᠴᠢᠨ ᠤᠷᠢᠵᠤ ᠪᠡᠯᠡ ᠣᠷᠣᠭᠤᠯᠬᠤ ᠭᠤᠣᠯᠳᠠᠯᠭ᠎ᠠ ᠲᠠᠢ ᠲᠥᠷᠥᠯ ᠵᠦᠢᠯ 40 ᠶᠢ | ᠣᠷᠣᠭᠤᠯᠤᠨ᠂ ᠪᠣᠳᠠᠲᠠᠶᠢᠵᠢᠭᠤᠯᠤᠭᠰᠠᠨ ᠪᠡᠯᠡ ᠮᠥᠩᠭᠦ ᠶᠢ 65 ᠳ᠋ᠦᠩᠰᠢᠭᠤᠷ ᠲᠥᠭᠦᠷᠢᠭ ᠠᠴᠠ ᠳᠡᠭᠡᠭᠰᠢ | ᠣᠷᠣᠭᠤᠯᠬᠤ ᠶᠢ ᠦᠨᠡᠨᠬᠦ ᠪᠠᠲᠤᠯᠠᠨ᠎ᠠ᠃ | ︱︱ ᠥᠭᠡᠷᠡᠴᠢᠯᠡᠯᠲᠡ ᠬᠥᠭᠵᠢᠯᠲᠡ ᠶᠢᠨ ᠠᠮᠢᠵᠢᠷᠠᠯ ᠤᠨ ᠬᠦᠴᠦᠨ ᠢ ᠪᠦᠲᠦᠮᠵᠢᠲᠡᠢ ᠬᠥᠭᠵᠢᠭᠡᠨ᠎ᠡ᠃ | ᠥᠪᠥᠷ ᠮᠣᠩᠭᠤᠯ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠲᠤᠬᠠᠢ ᠲᠥᠷᠥ ᠶᠢᠨ ᠶᠠᠪᠤᠳᠠᠯ ᠤᠨ | ᠬᠤᠷᠢᠶ᠎ᠠ ᠶᠢᠨ ᠰᠠᠨᠠᠯ᠂ ᠵᠡᠭᠦᠨ ᠬᠤᠶᠢᠲᠤ ᠣᠷᠣᠨ ᠢ ᠪᠥᠬᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ᠂ ᠰᠢᠨ᠎ᠡ ᠨᠢᠭᠡ | ᠡᠭᠡᠯᠵᠢ ᠶᠢᠨ ᠠᠭᠤᠷᠬᠠᠢ ᠬᠠᠶᠢᠬᠤ ᠵᠡᠷᠭᠡ ᠠᠰᠢᠭᠲᠠᠢ ᠲᠥᠷᠥ ᠶᠢᠨ ᠪᠣᠳᠣᠯᠭ᠎ᠠ ᠶᠢ ᠭᠦᠢᠴᠡᠳ ᠰᠠᠶᠢᠲᠤᠷ ᠠᠰᠢᠭᠯᠠᠵᠤ᠂ | ᠰᠠᠨᠠᠭᠠᠴᠢᠯᠠᠭ᠎ᠠ ᠠᠴᠠ ᠪᠠᠨ ︽ᠣᠷᠣᠨ ᠪᠠᠶᠢᠷᠢ ᠳᠠᠭᠠᠨ ᠣᠷᠣᠵᠤ︾᠂ ᠵᠤᠷᠪᠤᠰ ᠳᠠᠷᠠᠭᠠᠯᠠᠨ ᠨᠠᠷᠢᠯᠢᠭᠵᠢᠭᠤᠯᠤᠨ | ᠵᠠᠳᠠᠯᠵᠤ᠂ ᠲᠥᠷᠥ ᠶᠢᠨ ᠪᠣᠳᠣᠯᠭ᠎ᠠ ᠨᠢᠭᠡᠪᠦᠷᠢ ᠶᠢ ᠦᠨᠡᠨ ᠪᠣᠳᠠᠲᠠᠢ ᠲᠥᠷᠥᠯ ᠵᠦᠢᠯ ᠤᠨ ᠲᠦᠰᠢᠭ ᠲᠤᠯᠭᠠᠭᠤᠷᠢ | ᠪᠣᠯᠭᠠᠨ᠎ᠠ᠃ ᠡᠵᠡᠩᠨᠡᠯᠲᠡ ᠶᠢᠨ ᠣᠷᠴᠢᠨ ᠲᠣᠭᠤᠷᠢᠨ ᠢ ᠦᠷᠭᠦᠯᠵᠢᠯᠡᠨ ᠰᠢᠯᠢᠳᠡᠭᠵᠢᠭᠦᠯᠵᠦ᠂ ︽ᠪᠠᠭᠤᠯᠭᠠᠬᠤ | ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ︽ᠨᠢᠭᠡ ᠰᠦᠯᠵᠢᠶ᠎ᠡ ᠪᠠᠷ ᠰᠢᠭᠤᠳ | ᠭᠦᠢᠴᠡᠳᠬᠡᠬᠦ︾ ︽ᠨᠢᠭᠡ ᠰᠦᠯᠵᠢᠶ᠎ᠡ ᠪᠠᠷ ᠨᠢᠭᠡᠳᠦᠯᠲᠡᠢ ᠬᠠᠮᠢᠶᠠᠷᠬᠤ︾ ᠶᠢ ᠥᠨᠳᠥᠷ ᠪᠦᠲᠦᠮᠵᠢᠲᠡᠶ ᠪᠠᠷ ᠠᠬᠢᠭᠤᠯᠵᠤ | ᠂ ︽ᠪᠥᠬᠦ ᠣᠷᠣᠨ ᠤ ᠬᠡᠪᠴᠢᠶᠡᠨ ᠳᠤ ᠰᠠᠭᠠᠳ ᠦᠭᠡᠢ ᠭᠦᠢᠴᠡᠳᠬᠡᠬᠦ︾ ᠶᠢ ᠲᠦᠷᠭᠡᠳᠬᠡᠨ ᠬᠡᠷᠡᠭᠵᠢᠭᠦᠯᠵᠦ᠂ | ᠵᠠᠰᠠᠭ ᠤᠨ ᠶᠠᠪᠤᠳᠠᠯ ᠤᠨ ᠦᠢᠯᠡᠴᠢᠯᠡᠭᠡ ᠶᠢ ᠨᠠᠩ ᠳᠥᠭᠦᠮ ᠳᠥᠲᠡ᠂ ᠨᠠᠩ ᠥᠨᠳᠥᠷ ᠪᠦᠲᠦᠮᠵᠢᠲᠡᠶ ᠪᠣᠯᠭᠠᠬᠤ ᠶᠢ | ᠪᠥᠬᠦ ᠬᠦᠴᠦᠨ ᠢᠶᠠᠷ ᠢᠶᠠᠨ ᠠᠬᠢᠭᠤᠯᠤᠨ᠎ᠠ︔ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ᠢᠨᠵᠧᠨᠧᠷᠢᠩ ᠢ | ᠡᠬᠢᠯᠡᠨ ᠬᠡᠷᠡᠭᠵᠢᠭᠦᠯᠵᠦ᠂ ᠵᠠᠰᠠᠭ ᠤᠨ ᠶᠠᠪᠤᠳᠠᠯ᠂ ᠬᠤᠳᠠᠯᠳᠤᠭᠠᠨ ᠤ ᠶᠠᠪᠤᠳᠠᠯ᠂ ᠨᠡᠶᠢᠭᠡᠮ᠂ ᠬᠠᠤᠯᠢ ᠴᠠᠭᠠᠵᠠ ᠶᠢᠨ | ᠤᠯᠠᠨ ᠨᠡᠶᠢᠲᠡ ᠶᠢᠨ ᠢᠲᠡᠭᠡᠮᠵᠢ ᠶᠢᠨ ᠪᠠᠶᠢᠭᠤᠯᠤᠯᠲᠠ ᠶᠢ ᠨᠢᠭᠡᠳᠦᠯᠲᠡᠢ ᠲᠥᠯᠥᠪᠯᠡᠨ ᠠᠬᠢᠭᠤᠯᠵᠤ᠂ ᠦᠨᠡᠨᠴᠢ | ᠢᠲᠡᠭᠡᠮᠵᠢᠲᠡᠢ ᠪᠠᠶᠢᠬᠤ ᠢᠲᠡᠭᠡᠮᠵᠢ ᠶᠢᠨ ᠣᠷᠴᠢᠨ ᠨᠥᠬᠦᠴᠡᠯ ᠢ ᠬᠦᠴᠦᠯᠡᠨ ᠪᠤᠢ ᠪᠣᠯᠭᠠᠨ᠎ᠠ᠃ ᠭᠤᠣᠯ | ᠬᠠᠷᠢᠭᠤᠴᠠᠯᠭ᠎ᠠ ᠭᠤᠣᠯ ᠠᠵᠢᠯ ᠳᠤ ᠠᠩᠬᠠᠷᠤᠯ ᠢᠶᠠᠨ ᠲᠥᠪᠯᠡᠷᠡᠭᠦᠯᠵᠦ᠂ ᠤᠯᠤᠰ ᠤᠨ ᠥᠮᠴᠢᠯᠡᠯ ᠤᠨ ᠠᠵᠤ | ᠠᠬᠤᠶᠢᠯᠠᠯ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠰᠣᠶᠣᠯ ᠵᠢᠭᠤᠯᠴᠢᠯᠠᠯ ᠤᠨ ᠺᠣᠮᠫᠠᠨᠢ ᠶᠢᠨ ᠵᠠᠬ᠎ᠠ | ᠳᠡᠯᠭᠡᠭᠦᠷ ᠲᠤ ᠭᠠᠷᠬᠤ ᠶᠢ ᠰᠦᠪᠡᠭᠴᠢᠯᠡᠨ ᠠᠬᠢᠭᠤᠯᠵᠤ᠂ ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ | ᠡᠵᠡᠩᠨᠡᠯᠲᠡ ᠶᠢᠨ ᠲᠦᠪᠰᠢᠨ ᠢ ᠪᠦᠬᠦ ᠲᠠᠯ᠎ᠠ ᠪᠠᠷ ᠳᠡᠭᠡᠭᠰᠢᠯᠡᠭᠦᠯᠵᠦ᠂ ᠡᠵᠡᠩᠨᠡᠯᠲᠡ ᠶᠢᠨ ᠣᠷᠣᠯᠭ᠎ᠠ ᠶᠢᠨ ᠲᠣᠭᠲᠠᠭᠤᠨ | ᠨᠡᠮᠡᠭᠳᠡᠯ ᠢ ᠪᠦᠬᠦ ᠬᠦᠴᠦᠨ ᠢᠶᠠᠷ ᠪᠠᠲᠤᠯᠠᠵᠤ᠂ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢ ᠬᠥᠲᠥᠯᠥᠨ ᠵᠢᠯᠣᠭᠤᠳᠤᠨ | ᠦᠢᠯᠡᠴᠢᠯᠡᠭᠡᠨ ᠤ ᠵᠠᠭᠪᠤᠷ ᠲᠤ ᠰᠢᠨ᠎ᠡ ᠶᠢ ᠡᠭᠦᠳᠴᠦ᠂ ᠮᠥᠩᠭᠦᠨ ᠭᠦᠢᠯᠭᠡᠭᠡᠨ ᠤ ᠪᠡᠯᠡ ᠮᠥᠩᠭᠦ ᠶᠢ ᠪᠣᠳᠠᠲᠤ | ᠴᠣᠭᠴᠠ ᠶᠢᠨ ᠠᠵᠤ ᠠᠬᠤᠢ ᠶᠢᠨ ᠠᠷᠭ᠎ᠠ ᠵᠠᠮ ᠳᠤ ᠣᠷᠣᠭᠤᠯᠬᠤ ᠶᠢ ᠬᠦᠴᠦᠯᠡᠨ ᠠᠬᠢᠭᠤᠯᠵᠤ᠂ ᠳᠤᠮᠳᠠ ᠵᠢᠵᠢᠭ | ᠪᠢᠴᠢᠯ ᠠᠵᠤ ᠠᠬᠤᠶᠢᠯᠠᠯ᠂ ᠬᠤᠪᠢ ᠶᠢᠨ ᠠᠵᠤ ᠦᠢᠯᠡᠳᠪᠦᠷᠢ ᠬᠤᠳᠠᠯᠳᠤᠭᠠᠨ ᠤ ᠡᠷᠦᠬᠡ᠂ ᠠᠷᠠᠳ ᠠᠴᠠ | ᠡᠵᠡᠩᠨᠡᠭᠰᠡᠨ ᠠᠵᠤ ᠠᠬᠤᠶᠢᠯᠠᠯ ᠤᠨ ᠶᠠᠰᠤ ᠴᠢᠨᠠᠷ ᠢ ᠳᠡᠭᠡᠭᠰᠢᠯᠡᠭᠦᠯᠦᠨ ᠣᠷᠣᠯᠭ᠎ᠠ ᠶᠢ ᠨᠡᠮᠡᠭᠳᠡᠭᠦᠯᠬᠦ ᠶᠢ ᠠᠬᠢᠭᠤᠯᠤᠨ᠎ᠠ᠃ | ᠭᠠᠶᠢᠯᠢ ᠶᠢ ᠬᠥᠩᠭᠡᠯᠡᠨ ᠰᠦᠢᠳᠬᠡᠯ ᠢ ᠪᠠᠭᠤᠷᠠᠭᠤᠯᠬᠤ ᠲᠦᠷᠦ ᠶᠢᠨ ᠪᠣᠳᠣᠯᠭ᠎ᠠ ᠶᠢ ᠡᠷᠡᠰ ᠨᠠᠶᠢᠳᠠᠪᠤᠷᠢᠵᠢᠭᠤᠯᠵᠤ᠂ | ᠵᠠᠬ᠎ᠠ ᠳᠡᠯᠭᠡᠭᠦᠷ ᠤᠨ ᠪᠡᠶᠡᠴᠢ ᠴᠣᠭᠴᠠ ᠶᠢ ᠢᠳᠡᠪᠬᠢᠲᠡᠢ ᠪᠠᠷ ᠬᠥᠭᠵᠢᠭᠦᠯᠦᠨ ᠪᠤᠵᠠᠭᠠᠶᠢᠷᠠᠭᠤᠯᠤᠨ᠎ᠠ᠃ | ︵ᠭᠤᠷᠪᠠ︶ ᠠᠮᠢ ᠠᠬᠤᠢ ᠶᠢᠨ ᠣᠷᠴᠢᠨ ᠲᠣᠭᠤᠷᠢᠨ ᠤ ᠶᠠᠰᠤ ᠴᠢᠨᠠᠷ ᠢ ᠰᠠᠶᠢᠵᠢᠷᠠᠭᠤᠯᠬᠤ ᠶᠢ ᠪᠠᠷᠢᠮᠲᠠᠯᠠᠵᠤ᠂ | ᠪᠣᠬᠢᠷᠲᠤᠯ ᠦᠭᠡᠢ ᠬᠥᠭᠵᠢᠯᠲᠡ ᠶᠢᠨ ᠰᠢᠨ᠎ᠡ ᠰᠢᠪᠲᠤᠯᠤᠯᠲᠠ ᠶᠢ ᠠᠬᠢᠭᠤᠯᠤᠨ᠎ᠠ᠃ ᠠᠮᠢ ᠠᠬᠤᠢ ᠶᠢᠨ ᠪᠣᠯᠪᠠᠰᠤᠨ ᠤ | ᠪᠠᠶᠢᠭᠤᠯᠤᠯᠲᠠ ᠶᠢ ᠴᠢᠩᠭᠠᠳᠬᠠᠬᠤ ᠪᠠᠶᠢᠯᠳᠤᠬᠤ ᠪᠣᠳᠣᠯᠭ᠎ᠠ ᠶᠢᠨ ᠲᠣᠭᠲᠠᠯ ᠬᠦᠴᠦᠨ ᠢ ᠪᠠᠲᠤᠯᠠᠵᠤ᠂ ᠨᠡᠩ ᠥᠨᠳᠥᠷ | ᠪᠠᠷᠢᠮᠵᠢᠶ᠎ᠠ ᠪᠠᠷ ᠨᠡᠭᠦᠷᠡᠰᠦᠲᠥ᠋ᠷᠥᠭᠴᠢ ᠶᠢ ᠪᠠᠭᠠᠰᠬᠠᠬᠤ᠂ ᠪᠣᠬᠢᠷᠲᠤᠯ ᠢ ᠪᠠᠭᠠᠰᠬᠠᠬᠤ᠂ ᠨᠣᠭᠤᠭᠠᠷᠠᠭᠤᠯᠤᠯᠲᠠ ᠶᠢ | ᠥᠷᠭᠡᠳᠬᠡᠬᠦ᠂ ᠨᠡᠮᠡᠭᠳᠡᠭᠦᠯᠬᠦ ᠶᠢ ᠬᠠᠮᠵᠢᠯᠴᠠᠨ ᠠᠬᠢᠭᠤᠯᠵᠤ᠂ ᠪᠣᠬᠢᠷᠲᠤᠯ ᠦᠭᠡᠢ ᠬᠥᠭᠵᠢᠯᠲᠡ ᠶᠢᠨ ᠰᠠᠭᠤᠷᠢ ᠶᠢ | ᠪᠠᠲᠤᠳᠬᠠᠵᠤ᠂ ᠲᠡᠭᠷᠢ ᠨᠢ ᠴᠡᠯᠮᠡᠭ᠂ ᠤᠰᠤ ᠨᠢ ᠲᠤᠩᠭᠠᠯᠠᠭ᠂ ᠲᠠᠯ᠎ᠠ ᠨᠢ ᠨᠣᠭᠤᠭᠠᠨ ᠰᠠᠶᠢᠨ ᠰᠠᠶᠢᠬᠠᠨ ᠭᠡᠷ | ᠣᠷᠣᠨ ᠢ ᠴᠢᠷᠮᠠᠶᠢᠨ ᠪᠦᠲᠦᠭᠡᠨ ᠪᠠᠶᠢᠭᠤᠯᠤᠨ᠎ᠠ᠃ | ︱︱ ᠠᠮᠢ ᠠᠬᠤᠢ ᠶᠢᠨ ᠬᠠᠮᠠᠭᠠᠯᠠᠯᠲᠠ ᠶᠢᠨ ᠬᠦᠴᠦᠯᠡᠴᠡ ᠶᠢ ᠨᠡᠮᠡᠭᠳᠡᠭᠦᠯᠦᠨ᠎ᠡ᠃ ᠮᠠᠯ ᠪᠡᠯᠴᠢᠭᠡᠷ ᠢ | ᠲᠡᠩᠴᠡᠭᠦᠷᠢᠰᠢᠭᠦᠯᠬᠦ ᠪᠠ ᠪᠡᠯᠴᠢᠭᠡᠷᠯᠡᠭᠦᠯᠬᠦ ᠶᠢ ᠴᠠᠭᠠᠵᠠᠯᠠᠨ ᠪᠡᠯᠴᠢᠭᠡᠷ ᠰᠡᠷᠭᠦᠭᠡᠬᠦ ᠲᠦᠷᠦ ᠶᠢᠨ ᠪᠣᠳᠣᠯᠭ᠎ᠠ ᠶᠢ | ᠨᠠᠶᠢᠳᠠᠪᠤᠷᠢᠵᠢᠭᠤᠯᠤᠨ ᠦᠷ᠎ᠡ ᠪᠦᠲᠦᠮᠵᠢ ᠭᠠᠷᠭᠠᠬᠤ ᠶᠢ ᠡᠷᠡᠰ ᠭᠤᠶᠢᠪᠢᠰᠢ ᠦᠭᠡᠢ ᠠᠬᠢᠭᠤᠯᠤᠨ᠎ᠠ᠃ ᠣᠶ ᠰᠢᠭᠤᠢ | ᠨᠤᠲᠤᠭ ᠪᠡᠯᠴᠢᠭᠡᠷ ᠤᠨ ᠳᠠᠷᠤᠭ᠎ᠠ᠂ ᠭᠤᠣᠯ ᠮᠥᠷᠡᠨ ᠨᠠᠭᠤᠷ ᠴᠥᠭᠦᠷᠥᠮ ᠤᠨ ᠳᠠᠷᠤᠭ᠎ᠠ ᠶᠢᠨ ᠳᠦᠷᠢᠮ ᠢ ᠪᠦᠬᠦ | ᠲᠠᠯ᠎ᠠ ᠪᠠᠷ ᠨᠠᠶᠢᠳᠠᠪᠤᠷᠢᠵᠢᠭᠤᠯᠵᠤ᠂ ︽ᠣᠶ ᠰᠢᠭᠤᠢ ᠨᠤᠲᠤᠭ ᠪᠡᠯᠴᠢᠭᠡᠷ ᠢ ᠱᠠᠭᠠᠷᠳᠠᠨ ᠪᠠᠶᠢᠴᠠᠭᠠᠬᠤ ᠪᠠᠲᠤᠯᠠᠭ᠎ᠠ ᠶᠢᠨ | ᠲᠥᠪ + ᠰᠤᠮᠤ ᠰᠢᠶᠠᠩ ᠪᠠᠯᠭᠠᠰᠤ ᠶᠢᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠲᠣᠪᠴᠢᠶ᠎ᠠ + ᠲᠣᠣᠷᠴᠢᠯᠭᠰᠠᠨ | ᠬᠠᠮᠢᠶᠠᠷᠤᠯᠲᠠ ᠶᠢᠨ ᠠᠵᠢᠯᠲᠠᠨ︾ ᠤ ᠪᠡᠶᠡᠴᠢᠯᠡᠭᠰᠡᠨ ᠬᠠᠤᠯᠢ ᠬᠡᠷᠡᠭᠵᠢᠭᠦᠯᠦᠯᠲᠡ ᠶᠢᠨ ᠬᠢᠨᠠᠯᠲᠠ ᠲᠠᠯᠪᠢᠬᠤ | ᠲᠣᠭᠲᠠᠯᠴᠠᠭ᠎ᠠ ᠶᠢᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ ᠭᠤᠣᠯᠳᠠᠯᠭ᠎ᠠ ᠲᠠᠢ ᠨᠡᠶᠢᠲᠡ ᠶᠢᠨ | ᠠᠰᠠᠷᠠᠮᠵᠢ ᠶᠢᠨ ᠣᠶᠢᠲᠤ ᠣᠷᠣᠨ᠂ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ᠂ ᠭᠤᠣᠯ ᠮᠥᠷᠡᠨ ᠤ ᠡᠬᠢ | ᠰᠤᠷᠪᠤᠯᠵᠢ ᠶᠢᠨ ᠨᠤᠭᠤ ᠭᠠᠵᠠᠷ᠂ ᠤᠰᠤᠨ ᠤ ᠡᠬᠢ ᠰᠤᠷᠪᠤᠯᠵᠢ ᠶᠢ ᠬᠠᠳᠠᠭᠠᠯᠠᠬᠤ ᠭᠠᠵᠠᠷ᠂ ᠭᠤᠣᠯᠳᠠᠯᠭ᠎ᠠ ᠲᠠᠢ | ᠲᠦᠷᠦᠯ ᠵᠦᠢᠯ ᠤᠨ ᠣᠷᠣᠨ ᠵᠡᠷᠭᠡ ᠶᠢᠨ ᠬᠠᠮᠢᠶᠠᠷᠤᠯᠲᠠ ᠬᠠᠮᠠᠭᠠᠯᠠᠯᠲᠠ ᠶᠢᠨ ᠬᠦᠴᠦᠯᠡᠴᠡ ᠪᠠᠨ ᠦᠷᠭᠦᠯᠵᠢᠯᠡᠨ | ᠨᠡᠮᠡᠭᠳᠡᠭᠦᠯᠵᠦ᠂ ᠪᠡᠯᠴᠢᠭᠡᠷ ᠵᠢᠭᠡᠯᠡᠨ ᠮᠠᠯᠵᠢᠬᠤ᠂ ᠳᠠᠭᠠᠭᠠᠴᠠ ᠠᠴᠠ ᠬᠡᠲᠦᠷᠡᠭᠦᠯᠦᠨ ᠮᠠᠯᠵᠢᠬᠤ᠂ ᠳᠤᠷ᠎ᠠ ᠪᠠᠷ ᠢᠶᠠᠨ | ᠠᠭᠤᠳᠠᠯᠯᠠᠨ ᠮᠠᠯᠲᠠᠬᠤ᠂ ᠬᠠᠤᠯᠢ ᠪᠤᠰᠤ ᠪᠠᠷ ᠳᠠᠭᠠᠷᠢᠵᠤ ᠥᠩᠭᠡᠷᠡᠬᠦ ᠵᠡᠷᠭᠡ ᠠᠮᠢ ᠠᠬᠤᠢ ᠶᠢᠨ ᠣᠷᠴᠢᠨ ᠲᠣᠭᠤᠷᠢᠨ ᠢ | ᠡᠪᠳᠡᠬᠦ ᠬᠠᠤᠯᠢ ᠠᠴᠠ ᠵᠥᠷᠢᠴᠡᠭᠰᠡᠨ ᠠᠵᠢᠯᠯᠠᠭ᠎ᠠ ᠳᠤ ᠡᠷᠡᠰ ᠴᠣᠬᠢᠯᠲᠠ ᠥᠭᠴᠦ᠂ ︽ᠨᠢᠭᠡ ᠭᠠᠵᠠᠷ ᠲᠤ ᠤᠯᠠᠨ | ᠦᠨᠡᠮᠯᠡᠯ ᠲᠠᠢ︾᠂ ︽ᠤᠢ ᠰᠢᠭᠤᠢ ᠨᠤᠲᠤᠭ ᠪᠡᠯᠴᠢᠭᠡᠷ ᠳᠠᠪᠬᠤᠴᠠᠬᠤ︾ ᠵᠡᠷᠭᠡ ᠲᠡᠦᠬᠡᠨ ᠠᠴᠠ ᠦᠯᠡᠳᠡᠭᠳᠡᠵᠦ | ᠢᠷᠡᠭᠰᠡᠨ ᠠᠰᠠᠭᠤᠳᠠᠯ ᠢ ᠬᠦᠴᠦᠯᠡᠨ ᠰᠢᠢᠳᠪᠦᠷᠢᠯᠡᠵᠦ᠂ ᠬᠢᠯᠪᠠᠷ ᠪᠤᠰᠤ ᠪᠠᠷ ᠣᠯᠣᠭᠰᠠᠨ ᠠᠮᠢ ᠠᠬᠤᠢ ᠶᠢᠨ | ᠪᠦᠲᠦᠭᠡᠨ ᠪᠠᠶᠢᠭᠤᠯᠤᠯᠲᠠ ᠶᠢᠨ ᠦᠷ᠎ᠡ ᠪᠦᠲᠦᠭᠡᠯ ᠢ ᠬᠠᠮᠠᠭᠠᠯᠠᠨ᠎ᠠ᠃ | ︱︱ ᠠᠮᠢ ᠠᠬᠤᠢ ᠶᠢ ᠰᠡᠷᠭᠦᠭᠡᠨ ᠵᠠᠰᠠᠬᠤ ᠶᠢ ᠴᠢᠩᠭᠠᠳᠬᠠᠨ᠎ᠠ᠃ ᠬᠤᠶᠠᠷ ᠶᠡᠭᠡ ᠡᠯᠡᠰᠦᠷᠬᠡᠭ ᠭᠠᠵᠠᠷ ᠢ | ᠵᠠᠰᠠᠬᠤ ᠠᠵᠢᠯ ᠢ ᠡᠷᠡᠰ ᠰᠠᠶᠢᠨ ᠬᠢᠵᠦ᠂ ᠳᠡᠭᠡᠳᠦ ᠱᠠᠲᠤᠨ ᠤ ᠲᠤᠰᠬᠠᠢ ᠪᠡᠯᠡ ᠮᠥᠩᠭᠦ ᠶᠢ ᠡᠮᠬᠢᠯᠡᠵᠦ᠂ | ᠰᠢᠷᠭᠤᠯᠵᠢ ᠶᠢᠨ ᠣᠶ ᠰᠢᠭᠤᠢ ᠵᠡᠷᠭᠡ ᠨᠡᠶᠢᠭᠡᠮ ᠤᠨ ᠬᠥᠷᠥᠩᠭᠡ ᠶᠢ ᠥᠷᠭᠡᠨ ᠢᠶᠠᠷ ᠰᠢᠩᠭᠡᠬᠡᠨ ᠠᠪᠴᠤ᠂ ᠮᠥᠩᠭᠦᠨ | ᠭᠦᠢᠯᠭᠡᠭᠡᠨ ᠤ ︽ᠠᠮᠢᠵᠢᠷᠠᠯ ᠤᠨ ᠬᠦᠴᠦᠨ︾ ᠢ ᠪᠦᠲᠦᠮᠵᠢᠲᠡᠶ ᠪᠠᠷ ᠬᠥᠳᠡᠯᠭᠡᠵᠦ᠂ ᠳᠤᠮᠳᠠᠳᠤ ᠤᠯᠤᠰ ᠤᠨ | ᠰᠢᠨᠵᠢᠯᠡᠬᠦ ᠤᠬᠠᠭᠠᠨ ᠤ ᠬᠦᠷᠢᠶᠡᠯᠡᠩ ᠤᠨ ᠤᠷᠭᠤᠮᠠᠯ ᠤᠨ ᠰᠤᠳᠤᠯᠭᠠᠨ ᠤ ᠭᠠᠵᠠᠷ᠂ ᠪᠡᠭᠡᠵᠢᠩ ᠶᠡᠭᠡ ᠰᠤᠷᠭᠠᠭᠤᠯᠢ᠂ | ᠤᠯᠠᠭᠠᠨᠬᠠᠳᠠ ᠬᠤᠲᠠ ᠶᠢᠨ ᠣᠶ ᠰᠢᠭᠤᠢ ᠶᠢᠨ ᠰᠤᠳᠤᠯᠭᠠᠨ ᠤ ᠭᠠᠵᠠᠷ ᠵᠡᠷᠭᠡ ᠰᠢᠨᠵᠢᠯᠡᠬᠦ ᠤᠬᠠᠭᠠᠨ ᠤ ᠰᠤᠳᠤᠯᠭᠠᠨ ᠤ | ᠬᠦᠷᠢᠶᠡᠯᠡᠩ ᠭᠠᠵᠠᠷ ᠪᠣᠯᠣᠨ ᠶᠡᠭᠡ ᠳᠡᠭᠡᠳᠦ ᠰᠤᠷᠭᠠᠭᠤᠯᠢ ᠯᠤᠭ᠎ᠠ ᠶᠢᠨ ᠪᠣᠳᠠᠲᠠᠢ ᠬᠠᠮᠲᠤᠷᠠᠯᠴᠠᠭ᠎ᠠ ᠪᠠᠨ ᠦᠨᠡᠨᠬᠦ | ᠴᠢᠩᠭᠠᠳᠬᠠᠵᠤ᠂ ︽ᠭᠤᠷᠪᠠᠨ ᠤᠮᠠᠷᠠᠲᠤ︾ ᠶᠢᠨ ᠬᠠᠯᠬᠠᠪᠴᠢ ᠣᠶ ᠶᠢᠨ ᠵᠢᠷᠭᠤᠳᠤᠭᠠᠷ ᠬᠤᠭᠤᠴᠠᠭ᠎ᠠ᠂ ᠥᠪᠥᠷ | ᠮᠣᠩᠭᠤᠯ ᠤᠨ ᠵᠡᠭᠦᠨ ᠬᠡᠰᠡᠭ ᠤᠨ ᠲᠠᠯ᠎ᠠ ᠨᠤᠲᠤᠭ ᠤᠨ ᠡᠯᠡᠰᠦᠷᠬᠡᠭ ᠭᠠᠵᠠᠷ ᠢ ᠶᠡᠷᠦᠩᠬᠡᠶᠢᠯᠡᠨ ᠵᠠᠰᠠᠬᠤ᠂ ᠤᠯᠤᠰ ᠤᠨ | ᠪᠠᠶᠢᠯᠳᠤᠬᠤ ᠪᠣᠳᠣᠯᠭ᠎ᠠ ᠶᠢᠨ ᠨᠥᠭᠡᠴᠡ ᠣᠶ᠂ ︽ᠡᠯᠡᠰᠦᠷᠬᠡᠭ ᠭᠠᠵᠠᠷ +︾ Ⅰ ᠬᠤᠭᠤᠴᠠᠭ᠎ᠠ᠂ ᠳᠠᠯᠠᠢ | ᠨᠠᠭᠤᠷ ᠤᠨ ᠵᠡᠭᠦᠨ ᠡᠷᠭᠢ ᠶᠢᠨ ᠤᠰᠤᠨ ᠤ ᠠᠮᠢ ᠠᠬᠤᠢ ᠶᠢᠨ ᠣᠷᠴᠢᠨ ᠲᠣᠭᠤᠷᠢᠨ ᠢ ᠬᠠᠮᠠᠭᠠᠯᠠᠬᠤ ᠪᠠ ᠵᠠᠰᠠᠨ | ᠰᠡᠷᠭᠦᠭᠡᠬᠦ ᠵᠡᠷᠭᠡ ᠭᠤᠣᠯᠳᠠᠯᠭ᠎ᠠ ᠲᠠᠢ ᠠᠮᠢ ᠠᠬᠤᠢ ᠶᠢᠨ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢ ᠶᠡᠬᠡᠪᠡᠷ | ᠬᠡᠷᠡᠭᠵᠢᠭᠦᠯᠵᠦ᠂ ᠵᠢᠯ ᠤᠨ ᠳᠣᠲᠣᠷ᠎ᠠ 10 ᠲᠦᠮᠡᠨ ᠮᠦ ᠡᠯᠡᠰᠦᠷᠬᠡᠭᠵᠢᠭᠰᠡᠨ ᠭᠠᠵᠠᠷ ᠰᠢᠷᠣᠢ ᠶᠢ ᠵᠠᠰᠠᠵᠤ᠂ 5.8 | ᠲᠦᠮᠡᠨ ᠮᠦ ᠣᠶᠢᠵᠢᠭᠤᠯᠵᠤ᠂ 12 ᠲᠦᠮᠡᠨ ᠮᠦ ᠮᠠᠭᠤᠳᠠᠭᠰᠠᠨ ᠨᠤᠲᠤᠭ ᠪᠡᠯᠴᠢᠭᠡᠷ ᠢ ᠵᠠᠰᠠᠨ ᠰᠡᠷᠭᠦᠭᠡᠨ᠎ᠡ᠃ 615. | 5 ᠮᠦ ᠠᠭᠤᠷᠬᠠᠢ ᠶᠢᠨ ᠠᠮᠢ ᠠᠬᠤᠢ ᠶᠢ ᠰᠡᠷᠭᠦᠭᠡᠨ ᠵᠠᠰᠠᠬᠤ ᠶᠢ ᠪᠡᠶᠡᠯᠡᠭᠦᠯᠦᠨ᠎ᠡ᠃ ᠣᠶ ᠰᠢᠭᠤᠢ ᠶᠢᠨ | ᠪᠦᠷᠬᠦᠴᠡ ᠶᠢᠨ ᠨᠣᠷᠮ᠎ᠠ ᠪᠠ ᠨᠤᠲᠤᠭ ᠪᠡᠯᠴᠢᠭᠡᠷ ᠤᠨ ᠤᠷᠭᠤᠮᠠᠯ ᠤᠨ ᠬᠤᠴᠢᠯᠭ᠎ᠠ ᠶᠢ ᠲᠣᠰ ᠲᠣᠰ 31.9% ᠪᠠ | 53.5% ᠳᠤ ᠬᠦᠷᠭᠡᠨ᠎ᠡ᠃ | ︱︱ ᠪᠣᠬᠢᠷᠲᠤᠯ ᠦᠭᠡᠢ ᠳᠣᠣᠷ᠎ᠠ ᠨᠡᠭᠦᠷᠡᠰᠦᠲᠥ᠋ᠷᠥᠭᠴᠢᠲᠦ ᠬᠥᠭᠵᠢᠯᠲᠡ ᠶᠢ ᠭᠦᠨᠵᠡᠭᠡᠶᠢᠷᠡᠭᠦᠯᠦᠨ᠎ᠡ᠃ | ᠲᠥᠪ ᠤᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠱᠠᠭᠠᠷᠳᠠᠨ ᠪᠠᠶᠢᠴᠠᠭᠠᠵᠤ ᠬᠠᠷᠢᠭᠤ ᠲᠤᠰᠬᠠᠭᠰᠠᠨ | ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠶᠢ ᠯᠠᠪᠳᠠᠭᠤᠨ ᠪᠠᠲᠤᠲᠠᠢ ᠠᠬᠢᠭᠤᠯᠵᠤ᠂ 2024 ᠣᠨ ᠤ ᠥᠪᠡᠷᠲᠡᠭᠡᠨ | ᠵᠠᠰᠠᠬᠤ ᠣᠷᠣᠨ ᠤ ᠣᠷᠴᠢᠨ ᠲᠣᠭᠤᠷᠢᠨ ᠤ ᠬᠠᠮᠠᠭᠠᠯᠠᠯᠲᠠ ᠶᠢᠨ ᠱᠠᠭᠠᠷᠳᠠᠨ ᠪᠠᠶᠢᠴᠠᠭᠠᠵᠤ ᠰᠢᠯᠭᠠᠨ ᠪᠠᠶᠢᠴᠠᠭᠠᠬᠤ ᠶᠢ | ᠤᠭᠲᠤᠬᠤ ᠠᠵᠢᠯ ᠢ ᠨᠢᠭᠡᠳᠦᠯᠲᠡᠢ ᠲᠥᠯᠥᠪᠯᠡᠨ ᠰᠠᠶᠢᠲᠤᠷ ᠬᠢᠨ᠎ᠡ᠃ ᠣᠶ ᠰᠢᠭᠤᠢ ᠨᠤᠲᠤᠭ ᠪᠡᠯᠴᠢᠭᠡᠷ ᠤᠨ | ᠨᠡᠭᠦᠷᠡᠰᠦᠲᠥ᠋ᠷᠥᠭᠴᠢ ᠶᠢ ᠰᠢᠩᠭᠡᠭᠡᠬᠦ ᠨᠡᠭᠡᠭᠡᠨ ᠬᠥᠭᠵᠢᠭᠦᠯᠬᠦ ᠠᠬᠢᠴᠠ ᠶᠢ ᠲᠦᠷᠭᠡᠳᠬᠡᠵᠦ᠂ ᠨᠡᠭᠦᠷᠡᠰᠦᠲᠥ᠋ᠷᠥᠭᠴᠢ | ᠭᠠᠳᠠᠭᠰᠢᠯᠠᠭᠤᠯᠬᠤ ᠶᠢᠨ ᠬᠤᠣᠰ ᠡᠵᠡᠮᠳᠡᠯ ᠤᠨ ᠲᠥᠷᠥ ᠶᠢᠨ ᠪᠣᠳᠣᠯᠭ᠎ᠠ ᠶᠢᠨ ᠱᠠᠭᠠᠷᠳᠠᠯᠭ᠎ᠠ ᠳᠤ ᠰᠠᠨᠠᠭᠠᠴᠢᠯᠠᠭ᠎ᠠ | ᠠᠴᠠ ᠪᠠᠨ ᠵᠣᠬᠢᠴᠠᠵᠤ᠂ ᠰᠢᠨ᠎ᠡ ᠪᠠᠷ ᠪᠠᠶᠢᠭᠤᠯᠬᠤ ᠲᠥᠷᠥᠯ ᠵᠦᠢᠯ ᠤᠨ ︽ᠵᠥᠪᠰᠢᠶᠡᠷᠡᠯ ᠤᠨ ᠪᠣᠭᠤᠮᠲᠠ︾ ᠶᠢ | ᠴᠢᠩᠭ᠎ᠠ ᠰᠠᠬᠢᠵᠤ᠂ ᠡᠳᠦᠭᠡ ᠪᠠᠶᠢᠭ᠎ᠠ ᠠᠵᠤ ᠠᠬᠤᠶᠢᠯᠠᠯ ᠤᠨ ᠡᠨᠧᠷᠭᠢ ᠠᠷᠪᠢᠯᠠᠬᠤ ᠮᠡᠷᠭᠡᠵᠢᠯ ᠤᠨ ᠥᠭᠡᠷᠡᠴᠢᠯᠡᠯᠲᠡ | ᠥᠷᠨᠢᠭᠦᠯᠬᠦ ᠶᠢ ᠵᠣᠷᠢᠭᠵᠢᠭᠤᠯᠤᠨ᠎ᠠ᠃ ︽ᠪᠣᠬᠢᠷᠲᠤᠯ ᠦᠭᠡᠢ ᠴᠠᠬᠢᠯᠭᠠᠨ +︾ ᠠᠵᠤ ᠦᠢᠯᠡᠰ ᠤᠨ ᠣᠷᠣᠭᠤᠯᠬᠤ | ᠵᠠᠭᠪᠤᠷ ᠢ ᠢᠳᠡᠪᠬᠢᠲᠡᠢ ᠪᠠᠷ ᠨᠡᠭᠡᠭᠡᠨ ᠬᠥᠭᠵᠢᠭᠦᠯᠵᠦ᠂ ᠴᠠᠬᠢᠯᠭᠠᠨ ᠤ ᠦᠨ᠎ᠡ ᠶᠢᠨ ︽ᠳᠣᠣᠷ᠎ᠠ ᠪᠠᠷᠢᠮᠵᠢᠶ᠎ᠠ︾ ᠶᠢ ᠪᠣᠶ | ᠪᠣᠯᠭᠠᠵᠤ᠂ ︽ᠳᠣᠣᠷ᠎ᠠ ᠨᠡᠭᠦᠷᠡᠰᠦᠲᠥ᠋ᠷᠥᠭᠴᠢᠲᠦ︾ ᠣᠨᠴᠠᠯᠢᠭ ᠢᠶᠠᠷ ᠠᠵᠤ ᠠᠬᠤᠶᠢᠯᠠᠯ ᠢ ᠲᠡᠳᠡᠨ ᠣᠷᠣᠭᠤᠯᠤᠨ᠎ᠠ᠃ | ᠴᠡᠯᠮᠡᠭ ᠲᠡᠭᠷᠢ᠂ ᠲᠤᠩᠭᠠᠯᠠᠭ ᠤᠰᠤ᠂ ᠴᠡᠪᠡᠷ ᠬᠥᠷᠥᠰᠥ ᠶᠢ ᠬᠠᠮᠠᠭᠠᠯᠠᠬᠤ ᠠᠵᠢᠯ ᠢ ᠡᠷᠡᠰ ᠰᠠᠶᠢᠲᠤᠷ ᠬᠢᠵᠦ᠂ | ᠰᠢᠯᠢᠳᠡᠭ ᠰᠠᠶᠢᠨ ᠴᠠᠭ ᠠᠭᠤᠷ ᠤᠨ ᠬᠠᠷᠢᠴᠠᠯ ᠢ 95% ᠠᠴᠠ ᠳᠡᠭᠡᠭᠰᠢ ᠳᠤ ᠬᠦᠷᠭᠡᠬᠦ ᠶᠢ ᠪᠠᠲᠤᠯᠠᠵᠤ᠂ ᠭᠠᠵᠠᠷ ᠤᠨ | ᠭᠠᠳᠠᠷᠭᠤ ᠶᠢᠨ ᠤᠰᠤᠨ ᠤ ᠤᠯᠤᠰ ᠤᠨ ᠡᠵᠡᠮᠰᠢᠯ ᠤᠨ ᠬᠥᠨᠳᠡᠯᠡᠨ ᠣᠭᠲᠣᠯᠣᠭᠠᠰᠤ ᠶᠢᠨ ᠤᠰᠤᠨ ᠤ ᠣᠷᠴᠢᠨ | ᠲᠣᠭᠤᠷᠢᠨ ᠤ ᠶᠠᠰᠤ ᠴᠢᠨᠠᠷ ᠢ ᠪᠦᠲᠦᠮᠵᠢᠲᠡᠶ ᠪᠠᠷ ᠳᠡᠭᠡᠭᠰᠢᠯᠡᠭᠦᠯᠵᠦ᠂ ᠪᠥᠬᠦ ᠬᠤᠰᠢᠭᠤᠨ ᠤ ᠬᠥᠷᠥᠰᠥ ᠰᠢᠷᠣᠢ ᠶᠢᠨ | ᠣᠷᠴᠢᠨ ᠲᠣᠭᠤᠷᠢᠨ ᠤ ᠶᠠᠰᠤ ᠴᠢᠨᠠᠷ ᠢ ᠶᠡᠷᠦᠩᠬᠡᠢ ᠳᠡᠭᠡᠨ ᠲᠣᠭᠲᠠᠭᠤᠨ ᠪᠠᠶᠢᠯᠭᠠᠬᠤ ᠶᠢ ᠪᠠᠲᠤᠯᠠᠨ᠎ᠠ᠃ ︽ᠤᠰᠤᠨ ᠤ | ᠡᠬᠢ ᠪᠠᠶᠠᠯᠢᠭ ᠢᠶᠠᠷ ᠳᠥᠷᠪᠡ ᠶᠢ ᠲᠣᠭᠲᠠᠭᠠᠬᠤ︾ ᠵᠠᠷᠴᠢᠮ ᠢ ᠪᠠᠷᠢᠮᠲᠠᠯᠠᠵᠤ᠂ ᠭᠠᠵᠠᠷ ᠳᠣᠣᠷᠠᠬᠢ ᠤᠰᠤᠨ ᠤ | ᠶᠡᠷᠦᠩᠬᠡᠢ ᠬᠡᠮᠵᠢᠶ᠎ᠡ ᠶᠢ ᠡᠵᠡᠮᠳᠡᠬᠦ ᠪᠠ ᠬᠡᠷᠡᠭᠴᠡᠭᠡ ᠶᠢ ᠬᠠᠮᠢᠶᠠᠷᠤᠨ ᠡᠵᠡᠮᠳᠡᠬᠦ ᠶᠢ ᠢᠳᠡᠪᠬᠢᠲᠡᠢ ᠬᠡᠷᠡᠭᠵᠢᠭᠦᠯᠵᠦ᠂ ︽ | ᠴᠠᠬᠢᠯᠭᠠᠨ ᠢᠶᠠᠷ ᠤᠰᠤ ᠶᠢ ᠵᠠᠳᠠᠷᠠᠭᠤᠯᠬᠤ︾᠂ ᠲᠠᠷᠢᠶᠠᠯᠠᠩ ᠤᠨ ᠤᠰᠤᠨ ᠤ ᠦᠨ᠎ᠡ ᠶᠢᠨ ᠶᠡᠷᠦᠩᠬᠡᠶᠢᠯᠡᠭᠰᠡᠨ | ᠥᠭᠡᠷᠡᠴᠢᠯᠡᠯᠲᠡ ᠶᠢ ᠬᠦᠴᠦᠯᠡᠨ ᠠᠬᠢᠭᠤᠯᠤᠨ᠎ᠠ᠃ ᠤᠯᠤᠰ ᠤᠨ ᠭᠠᠵᠠᠷ ᠰᠢᠷᠣᠢ ᠶᠢᠨ ᠣᠷᠣᠨ ᠵᠠᠢ ᠶᠢᠨ | ᠲᠥᠯᠦᠪᠵᠢᠭᠦᠯᠭᠡ᠂ ᠬᠡᠷᠡᠭᠯᠡᠯᠲᠡ ᠶᠢᠨ ᠬᠠᠮᠢᠶᠠᠷᠤᠯᠲᠠ ᠪᠠ ᠠᠮᠢ ᠠᠬᠤᠢ ᠶᠢᠨ ᠣᠷᠴᠢᠨ ᠲᠣᠭᠤᠷᠢᠨ ᠤ ᠣᠷᠣᠨ | ᠬᠤᠪᠢᠶᠠᠨ ᠬᠠᠮᠢᠶᠠᠷᠤᠨ ᠡᠵᠡᠮᠳᠡᠬᠦ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠡᠨᠧᠷᠭᠢ ᠶᠢᠨ ᠡᠬᠢ | ᠪᠠᠶᠠᠯᠢᠭ ᠤᠨ ᠰᠠᠭᠤᠷᠢᠨ ᠭᠠᠵᠠᠷ᠂ ᠤᠯᠤᠰ ᠤᠨ ᠲᠥᠯᠥᠪᠵᠢᠭᠦᠯᠦᠭᠰᠡᠨ ᠠᠭᠤᠷᠬᠠᠢ ᠶᠢᠨ ᠣᠷᠣᠨ᠂ ᠭᠤᠣᠯᠳᠠᠯᠭ᠎ᠠ ᠲᠠᠢ | ᠬᠠᠶᠢᠨ ᠪᠠᠶᠢᠴᠠᠭᠠᠵᠤ ᠨᠡᠭᠡᠭᠡᠨ ᠠᠭᠤᠳᠠᠯᠯᠠᠬᠤ ᠣᠷᠣᠨ ᠬᠢᠭᠡᠳ ᠠᠮᠢ ᠠᠬᠤᠢ ᠶᠢᠨ ᠬᠠᠮᠠᠭᠠᠯᠠᠯᠲᠠ ᠶᠢᠨ ᠤᠯᠠᠭᠠᠨ | ᠱᠤᠭᠤᠮ᠂ ᠪᠠᠶᠢᠭᠠᠯᠢ ᠶᠢᠨ ᠬᠠᠮᠠᠭᠠᠯᠠᠯᠲᠠ ᠶᠢᠨ ᠭᠠᠵᠠᠷ ᠢ ᠪᠦᠲᠦᠮᠵᠢᠲᠡᠶ ᠵᠣᠯᠭᠠᠭᠤᠯᠬᠤ ᠶᠢ ᠪᠥᠬᠦ ᠬᠦᠴᠦᠨ ᠢᠶᠠᠷ ᠢᠶᠠᠨ | ᠰᠠᠶᠢᠲᠤᠷ ᠬᠢᠵᠦ᠂ ᠡᠨᠧᠷᠭᠢ ᠶᠢᠨ ᠡᠬᠢ ᠪᠠᠶᠠᠯᠢᠭ ᠤᠨ ᠠᠷᠪᠢᠲᠠᠢ ᠡᠷᠴᠢᠮᠯᠢᠭ᠌ ᠣᠷᠴᠢᠯ ᠬᠥᠭᠵᠢᠯᠲᠡ ᠶᠢ ᠪᠥᠬᠦ | ᠬᠦᠴᠦᠨ ᠢᠶᠠᠷ ᠢᠶᠠᠨ ᠠᠬᠢᠭᠤᠯᠤᠨ᠎ᠠ᠃ | ︵ᠳᠥᠷᠪᠡ︶ ᠣᠷᠣᠨ ᠪᠦᠰᠡ ᠶᠢᠨ ᠵᠣᠬᠢᠴᠠᠩᠭᠤᠢ ᠬᠥᠭᠵᠢᠯᠲᠡ ᠶᠢ ᠪᠥᠬᠦ ᠲᠠᠯ᠎ᠠ ᠪᠠᠷ ᠨᠢᠭᠡᠳᠦᠯᠲᠡᠢ | ᠲᠥᠯᠥᠪᠯᠡᠵᠦ᠂ ᠬᠤᠲᠠ ᠬᠥᠳᠡᠭᠡ ᠶᠢᠨ ᠳᠦᠷᠰᠦ ᠪᠠᠶᠢᠳᠠᠯ ᠤᠨ ᠰᠢᠨ᠎ᠡ ᠠᠮᠢᠵᠢᠷᠠᠯ ᠤᠨ ᠬᠦᠴᠦᠨ ᠢ ᠪᠠᠳᠠᠷᠠᠭᠤᠯᠤᠨ᠎ᠠ᠃ | ᠲᠡᠰ ᠳᠡᠪᠰᠢᠭᠦᠯᠦᠨ ᠥᠭᠡᠷᠡᠴᠢᠯᠡᠬᠦ ᠪᠠ ᠨᠡᠭᠡᠭᠡᠨ ᠬᠥᠭᠵᠢᠭᠦᠯᠵᠦ ᠪᠦᠲᠦᠭᠡᠨ ᠪᠠᠶᠢᠭᠤᠯᠬᠤ ︽ᠬᠤᠣᠰ ᠬᠥᠳᠡᠯᠭᠡᠭᠦᠷ︾ | ᠢ ᠪᠠᠷᠢᠮᠲᠠᠯᠠᠵᠤ᠂ ᠲᠥᠬᠦᠭᠡᠷᠦᠮᠵᠢ ᠶᠢ ᠲᠡᠭᠦᠯᠳᠡᠷᠵᠢᠭᠦᠯᠵᠦ᠂ ᠶᠠᠰᠤ ᠴᠢᠨᠠᠷ ᠢ ᠳᠡᠭᠡᠭᠰᠢᠯᠡᠭᠦᠯᠵᠦ᠂ ︽ᠬᠤᠳᠠ ᠪᠠᠷ | ᠬᠥᠳᠡᠭᠡ ᠲᠣᠰᠬᠤᠨ ᠢ ᠳᠠᠶᠢᠴᠢᠯᠠᠬᠤ᠂ ᠬᠥᠳᠡᠭᠡ ᠲᠣᠰᠬᠤᠨ ᠢᠶᠠᠷ ᠬᠤᠳᠠ ᠶᠢ ᠠᠬᠢᠭᠤᠯᠬᠤ᠂ ᠬᠤᠳᠠ ᠬᠥᠳᠡᠭᠡ ᠶᠢ | ᠬᠠᠮᠲᠤᠪᠠᠷ ᠤᠷᠤᠭᠰᠢᠯᠠᠭᠤᠯᠬᠤ︾ ᠨᠢᠭᠡ ᠴᠣᠭᠴᠠᠵᠢᠭᠤᠯᠤᠭᠰᠠᠨ ᠬᠥᠭᠵᠢᠯᠲᠡ ᠶᠢᠨ ᠪᠠᠶᠢᠷᠢᠰᠢᠯ ᠢ ᠬᠦᠴᠦᠯᠡᠨ | ᠪᠠᠶᠢᠭᠤᠯᠤᠨ᠎ᠠ᠃ | ︱︱ ᠬᠤᠲᠠ ᠪᠠᠯᠭᠠᠰᠤ ᠶᠢᠨ ᠪᠦᠲᠦᠭᠡᠨ ᠪᠠᠶᠢᠭᠤᠯᠤᠯᠲᠠ ᠶᠢᠨ ᠳᠤᠲᠠᠭᠤᠳᠠᠯ ᠢ ᠬᠦᠴᠦᠯᠡᠨ ᠨᠥᠬᠦᠪᠦᠷᠢᠯᠡᠨ᠎ᠡ | ᠃ ᠴᠢᠳᠠᠯ ᠤᠨ ᠢᠶᠠᠨ ᠬᠢᠷᠢ ᠪᠠᠷ ᠴᠢᠷᠮᠠᠶᠢᠬᠤ ᠵᠠᠷᠴᠢᠮ ᠢ ᠪᠠᠷᠢᠮᠲᠠᠯᠠᠵᠤ᠂ ᠨᠠᠷᠢᠯᠢᠭ ᠪᠠᠶᠢᠬᠤ ᠶᠢ ᠬᠤᠲᠠ ᠶᠢᠨ ᠪᠦᠲᠦᠭᠡᠨ | ᠪᠠᠶᠢᠭᠤᠯᠤᠯᠲᠠ ᠶᠢᠨ ᠬᠠᠮᠢᠶᠠᠷᠤᠯᠲᠠ ᠶᠢᠨ ᠡᠯ᠎ᠡ ᠬᠦᠷᠢᠶ᠎ᠡ᠂ ᠪᠦᠬᠦ ᠶᠠᠪᠤᠴᠠ ᠳᠤ ᠲᠤᠤᠱᠯᠠᠭᠤᠯᠵᠤ᠂ ᠬᠤᠲᠠ | ᠪᠠᠯᠭᠠᠰᠤ ᠶᠢᠨ ᠣᠷᠣᠰᠢᠨ ᠰᠠᠭᠤᠬᠤ ᠣᠷᠴᠢᠨ ᠲᠣᠭᠤᠷᠢᠨ ᠢ ᠪᠥᠬᠦ ᠲᠠᠯ᠎ᠠ ᠪᠠᠷ ᠰᠠᠶᠢᠵᠢᠷᠠᠭᠤᠯᠤᠨ᠎ᠠ᠃ ᠪᠢᠷᠠᠭᠤ | ᠬᠤᠶᠠᠳᠤᠭᠠᠷ ᠵᠡᠭᠡᠯᠢ ᠶᠢᠨ ᠵᠡᠭᠦᠨ ᠬᠡᠰᠡᠭ᠂ ᠪᠢᠷᠠᠭᠤ ᠲᠠᠪᠤᠳᠤᠭᠠᠷ ᠵᠡᠭᠡᠯᠢ ᠶᠢ ᠵᠡᠭᠦᠨᠰᠢ ᠤᠷᠲᠤᠳᠬᠠᠬᠤ᠂ ᠪᠢᠷᠠᠭᠤ | ᠠᠷᠪᠠᠨ ᠭᠤᠷᠪᠠᠳᠤᠭᠠᠷ ᠵᠡᠭᠡᠯᠢ ᠶᠢᠨ ᠪᠠᠷᠠᠭᠤᠨ ᠬᠡᠰᠡᠭ᠂ ᠪᠢᠷᠠᠭᠤ ᠠᠷᠪᠠᠨ ᠳᠥᠷᠪᠡᠳᠦᠭᠡᠷ ᠵᠡᠭᠡᠯᠢ ᠵᠡᠷᠭᠡ 4 | ᠬᠤᠲᠠ ᠶᠢᠨ ᠶᠠᠪᠤᠳᠠᠯ ᠤᠨ ᠵᠠᠮ ᠤᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠢ ᠡᠬᠢᠯᠡᠭᠦᠯᠦᠨ ᠬᠡᠷᠡᠭᠵᠢᠭᠦᠯᠵᠦ | ᠂ ᠵᠡᠭᠦᠨ ᠠᠭᠤᠯᠠ ᠶᠢᠨ ᠤᠰᠤ ᠶᠢ ᠵᠠᠯᠠᠬᠤ᠂ ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠢᠨᠵᠧᠨᠧᠷᠢᠩ᠂ | ᠭᠤᠣᠯ ᠤᠨ ᠪᠠᠷᠠᠭᠤᠨᠳᠠᠬᠢ ᠲᠣᠭᠤᠷᠢᠭ ᠤᠨ ᠪᠣᠷᠣᠭᠠᠨ ᠤ ᠤᠰᠤᠨ ᠤ ᠬᠤᠭᠤᠯᠠᠢ ᠶᠢᠨ ᠲᠣᠣᠷᠵᠢᠯ᠂ ᠾᠧᠩ ᠲᠠᠢ | ᠰᠠᠭᠤᠭᠠᠯᠢ ᠲᠣᠭᠤᠷᠢᠭ ᠤᠨ ᠭᠤᠷᠪᠠᠳᠤᠭᠠᠷ ᠬᠤᠭᠤᠴᠠᠭᠠᠨ ᠤ ᠨᠣᠭᠤᠭᠠᠷᠠᠭᠤᠯᠤᠯᠲᠠ ᠶᠢᠨ ᠴᠡᠴᠡᠷᠯᠢᠭ᠂ ᠠᠪᠳᠠᠷᠠᠲᠤ | ᠵᠡᠭᠡᠯᠢ ᠶᠢᠨ ᠪᠠᠷᠠᠭᠤᠨ ᠬᠡᠰᠡᠭ ᠤᠨ ᠵᠡᠮ ᠤᠨ ᠬᠤᠶᠠᠷ ᠬᠠᠵᠠᠭᠤ ᠶᠢᠨ ᠬᠤᠲᠠ ᠶᠢᠨ ᠶᠠᠪᠤᠳᠠᠯ ᠤᠨ ᠢᠵᠢ ᠪᠦᠷᠢᠳᠦᠭᠦᠯᠬᠦ | ᠬᠤᠶᠠᠳᠤᠭᠠᠷ ᠬᠤᠭᠤᠴᠠᠭ᠎ᠠ ᠵᠡᠷᠭᠡ 5 ᠰᠠᠭᠤᠷᠢ ᠲᠥᠬᠦᠭᠡᠷᠦᠮᠵᠢ ᠶᠢᠨ ᠢᠨᠵᠧᠨᠧᠷᠢᠩ ᠤᠨ ᠪᠦᠲᠦᠭᠡᠨ | ᠪᠠᠶᠢᠭᠤᠯᠤᠯᠲᠠ ᠶᠢ ᠭᠤᠣᠯᠳᠠᠯᠭ᠎ᠠ ᠲᠠᠢ ᠠᠬᠢᠭᠤᠯᠤᠨ᠎ᠠ᠃ ᠬᠤᠲᠠ ᠶᠢᠨ ᠨᠠᠷᠢᠯᠢᠭᠵᠢᠭᠤᠯᠤᠭᠰᠠᠨ ᠬᠠᠮᠢᠶᠠᠷᠤᠯᠲᠠ ᠶᠢ | ᠪᠥᠬᠦ ᠲᠠᠯ᠎ᠠ ᠪᠠᠷ ᠠᠬᠢᠭᠤᠯᠵᠤ᠂ ᠶᠡᠭᠡ ᠳᠥᠷᠪᠡᠳᠦᠭᠡᠷ ᠳᠤᠭᠤᠶᠢᠯᠠᠩ᠂ ᠰᠢᠨ᠎ᠡ ᠲᠣᠰᠬᠤᠨ ᠤ ᠬᠤᠶᠢᠲᠤ ᠬᠡᠰᠡᠭ ᠵᠡᠷᠭᠡ | 2 ᠲᠣᠭᠤᠷᠢᠭ ᠤᠨ ᠨᠡᠭᠡᠭᠡᠨ ᠬᠥᠭᠵᠢᠭᠦᠯᠦᠯᠲᠡ ᠶᠢ ᠬᠦᠴᠦᠲᠡᠢ ᠠᠬᠢᠭᠤᠯᠵᠤ᠂ 11 ᠪᠤᠶᠢᠳᠠ ᠵᠢᠵᠢᠭ ᠭᠤᠳᠤᠮᠵᠢ ᠶᠢ | ᠥᠭᠡᠷᠡᠴᠢᠯᠡᠨ ᠪᠠᠶᠢᠭᠤᠯᠬᠤ᠂ 32 ᠬᠠᠭᠤᠴᠢᠨ ᠰᠠᠭᠤᠭᠠᠯᠢ ᠲᠣᠭᠤᠷᠢᠭ ᠢ ᠥᠭᠡᠷᠡᠴᠢᠯᠡᠨ ᠪᠠᠶᠢᠭᠤᠯᠬᠤ ᠶᠢ | ᠪᠡᠶᠡᠯᠡᠭᠦᠯᠵᠦ᠂ 2 ᠲᠡᠷᠭᠡᠨ ᠵᠣᠭᠰᠣᠭᠠᠯ᠂ 3 ᠵᠢᠵᠢᠭ ᠴᠡᠴᠡᠷᠯᠢᠭ᠂ 8 ᠤᠰᠤ ᠪᠠᠷ ᠤᠬᠢᠶᠠᠬᠤ ᠵᠣᠷᠯᠣᠩ᠂ 14 | ᠲᠡᠷᠭᠡᠨ ᠵᠣᠭᠰᠣᠭᠠᠯ ᠤᠨ ᠭᠡᠷᠡᠯᠲᠦᠭᠦᠯᠭᠡ ᠶᠢᠨ ᠢᠨᠵᠧᠨᠧᠷᠢᠩ ᠢ ᠰᠢᠨ᠎ᠡ ᠪᠠᠷ ᠪᠠᠶᠢᠭᠤᠯᠤᠨ᠎ᠠ︔ ᠳᠤᠯᠠᠭᠠᠯᠠᠭ᠎ᠠ ᠶᠢᠨ | ᠬᠡᠯᠪᠡᠷᠢ ᠶᠢᠨ ᠥᠭᠡᠷᠡᠴᠢᠯᠡᠯᠲᠡ ᠶᠢ ᠠᠬᠢᠭᠤᠯᠵᠤ᠂ ᠬᠤᠲᠠ ᠶᠢᠨ ᠲᠣᠭᠤᠷᠢᠭ ᠤᠨ ᠳᠤᠯᠠᠭᠠᠯᠠᠭ᠎ᠠ ᠶᠢᠨ ᠪᠠᠲᠤᠯᠠᠭ᠎ᠠ ᠶᠢᠨ | ᠴᠢᠳᠠᠪᠤᠷᠢ ᠶᠢ ᠳᠡᠭᠡᠭᠰᠢᠯᠡᠭᠦᠯᠵᠦ᠂ ᠣᠯᠠᠨ ᠲᠦᠮᠡᠨ ᠤ ᠨᠢᠭᠲᠠ ᠠᠩᠬᠠᠷᠴᠤ ᠪᠠᠶᠢᠭ᠎ᠠ ︽ᠬᠠᠶᠢᠷ᠎ᠠ ᠬᠠᠯᠠᠮᠵᠢ ᠶᠢᠨ | ᠢᠨᠵᠧᠨᠧᠷᠢᠩ︾ ᠢ ᠴᠣᠭᠴᠠᠯᠠᠨ᠎ᠠ︔ ᠵᠠᠮᠪᠠᠷᠠᠭ᠎ᠠ ᠦᠭᠡᠢ ᠴᠠᠬᠢᠯᠭᠠᠨ ᠤᠲᠠᠰᠤ ᠪᠠ ᠴᠠᠬᠢᠯᠭᠠᠨ ᠴᠡᠨᠡᠭᠯᠡᠬᠦ | ᠲᠥᠬᠦᠭᠡᠷᠦᠮᠵᠢ ᠤᠭᠰᠠᠷᠠᠬᠤ ᠵᠡᠷᠭᠡ ᠢᠵᠢ ᠪᠦᠷᠢᠳᠦᠭᠦᠯᠬᠦ ᠲᠥᠬᠦᠭᠡᠷᠦᠮᠵᠢ ᠶᠢ ᠴᠡᠭᠴᠡᠯᠡᠨ ᠵᠠᠰᠠᠵᠤ᠂ ᠰᠠᠭᠤᠭᠠᠯᠢ | ᠲᠣᠭᠤᠷᠢᠭ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠰᠢᠯᠢᠳᠡᠭᠵᠢᠭᠦᠯᠦᠨ᠎ᠡ︔ ᠰᠠᠭᠤᠭᠠᠯᠢ ᠲᠣᠭᠤᠷᠢᠭ ᠤᠨ | ᠵᠠᠭᠠᠭ ᠬᠢᠵᠠᠭᠠᠷ ᠢ ᠡᠪᠳᠡᠵᠦ᠂ ᠬᠡᠰᠡᠭ ᠪᠤᠰᠠᠭ ᠰᠠᠭᠤᠭᠠᠯᠢ ᠲᠣᠭᠤᠷᠢᠭ ᠢ ᠨᠡᠶᠢᠳᠬᠡᠵᠦ᠂ ᠲᠠᠷᠠᠬᠠᠢ ᠶᠢ ᠨᠢᠭᠡᠳᠬᠡᠬᠦ ᠶᠢ | ᠪᠡᠶᠡᠯᠡᠭᠦᠯᠵᠦ᠂ ᠴᠡᠪᠡᠷ᠂ ᠲᠡᠭᠰᠢ᠂ ᠲᠠᠭᠠᠯᠠᠮᠵᠢᠲᠠᠢ ᠠᠮᠢᠳᠤᠷᠠᠯ ᠤᠨ ᠣᠷᠣᠨ ᠵᠠᠢ ᠶᠢ ᠴᠢᠷᠮᠠᠶᠢᠨ ᠴᠣᠭᠴᠠᠯᠠᠨ᠎ᠠ᠃ | ︱︱ ᠬᠤᠳᠠ ᠬᠥᠳᠡᠭᠡ ᠶᠢᠨ ᠰᠠᠭᠤᠷᠢ ᠲᠥᠬᠦᠭᠡᠷᠦᠮᠵᠢ ᠶᠢ ᠲᠠᠰᠤᠷᠠᠯᠳᠠ ᠦᠭᠡᠢ ᠲᠡᠭᠦᠯᠳᠡᠷᠵᠢᠭᠦᠯᠦᠨ᠎ᠡ᠃ | ᠥᠨᠳᠥᠷ ᠬᠤᠷᠳᠤᠴᠠᠲᠤ ᠵᠠᠰᠠᠮᠠᠯ ᠵᠠᠮ᠂ ᠤᠯᠤᠰ ᠮᠤᠵᠢ ᠶᠢᠨ ᠭᠤᠣᠯ ᠱᠤᠭᠤᠮ ᠤᠨ ᠵᠠᠰᠠᠮᠠᠯ ᠵᠠᠮ ᠢᠶᠠᠷ ᠬᠤᠣᠰ | ᠲᠣᠨᠣᠯᠵᠢᠨ ᠲᠤᠯᠭᠠᠭᠤᠷᠢ ᠪᠣᠯᠭᠠᠭᠰᠠᠨ᠂ ᠤᠮᠠᠷᠠᠲᠤ ᠬᠢᠯᠢ ᠶᠢᠨ ᠦᠵᠡᠮᠵᠢ ᠶᠢᠨ ᠶᠡᠭᠡ ᠵᠠᠮ ᠢᠶᠠᠷ ᠲᠣᠮᠣ ᠲᠣᠭᠤᠷᠢᠯ | ᠵᠠᠮ ᠪᠣᠯᠭᠠᠭᠰᠠᠨ᠂ ᠰᠢᠶᠠᠨ ᠰᠢᠶᠠᠩ ᠲᠣᠰᠬᠤᠨ ᠤ ᠲᠠᠰ ᠤᠨ ᠵᠠᠰᠠᠮᠠᠯ ᠵᠠᠮ ᠢᠶᠠᠷ ᠪᠠᠭ᠎ᠠ ᠡᠷᠭᠢᠯᠲᠡ ᠪᠣᠯᠭᠠᠭᠰᠠᠨ | ᠵᠠᠮ ᠤᠨ ᠲᠣᠣᠷᠵᠢᠯ ᠤᠨ ᠪᠠᠶᠢᠷᠢᠰᠢᠯ ᠢ ᠬᠦᠴᠦᠨ ᠢᠶᠠᠨ ᠲᠥᠪᠯᠡᠷᠡᠭᠦᠯᠦᠨ ᠴᠣᠭᠴᠠᠯᠠᠵᠤ᠂ 233 ᠤᠯᠤᠰ ᠤᠨ | ᠵᠠᠮ ᠤᠨ ᠪᠢᠷᠠᠭᠤ ᠠᠴᠠ ᠬᠤᠰᠤᠲᠤ ᠬᠦᠷᠢᠶ᠎ᠡ ᠬᠦᠷᠬᠦ ᠬᠡᠰᠡᠭ ᠤᠨ ᠵᠠᠰᠠᠮᠠᠯ ᠵᠠᠮ ᠤᠨ ᠢᠨᠵᠧᠨᠧᠷᠢᠩ ᠢ ᠠᠵᠢᠯ | ᠡᠬᠢᠯᠡᠭᠦᠯᠦᠨ ᠪᠠᠶᠢᠭᠤᠯᠵᠤ᠂ 220 ᠮᠤᠵᠢ ᠶᠢᠨ ᠵᠠᠮ ᠤᠨ ᠬᠠᠨᠳᠤᠬᠤ ᠠᠴᠠ ᠤᠯᠠᠭᠠᠨᠪᠤᠲᠤᠩ ᠬᠦᠷᠬᠦ ᠬᠡᠰᠡᠭ ᠤᠨ | ᠵᠠᠰᠠᠮᠠᠯ ᠵᠠᠮ ᠤᠨ ᠲᠥᠷᠥᠯ ᠵᠦᠢᠯ ᠢ ᠯᠠᠪᠳᠠᠭᠤᠨ ᠢᠶᠠᠷ ᠬᠡᠷᠡᠭᠵᠢᠭᠦᠯᠵᠦ᠂ ᠮᠠᠯᠵᠢᠬᠤ ᠲᠠᠷᠢᠶᠠᠯᠠᠬᠤ ᠣᠷᠣᠨ ᠤ ᠵᠠᠰᠠᠮᠠᠯ | ᠵᠠᠮ ᠢ 54.5 ᠺᠢᠯᠣᠮᠧᠲᠷ ᠰᠢᠨ᠎ᠡ ᠪᠠᠷ ᠥᠭᠡᠷᠡᠴᠢᠯᠡᠨ ᠵᠠᠰᠠᠨ᠎ᠠ︔ ᠵᠢᠨᠢᠩ ᠠᠴᠠ ᠲᠦᠩᠯᠢᠶᠣᠣ ᠬᠦᠷᠬᠦ ᠲᠡᠮᠦᠷ | ᠵᠠᠮ ᠤᠨ ᠴᠠᠬᠢᠯᠭᠠᠨᠵᠢᠭᠤᠯᠤᠯᠲᠠ ᠶᠢᠨ ᠥᠭᠡᠷᠡᠴᠢᠯᠡᠯᠲᠡ ᠶᠢᠨ ᠢᠨᠵᠧᠨᠧᠷᠢᠩ ᠤᠨ ᠬᠡᠰᠢᠭᠲᠡᠨ ᠬᠤᠰᠢᠭᠤᠨ ᠤ ᠬᠡᠰᠡᠭ ᠢ | ᠪᠠᠶᠢᠭᠤᠯᠤᠨ ᠳᠠᠭᠤᠰᠬᠠᠵᠤ ᠲᠡᠷᠭᠡ ᠨᠡᠪᠲᠡᠷᠡᠭᠦᠯᠬᠦ᠂ ᠠᠰᠬᠠᠲᠤ ᠪᠣᠯᠣᠨ ᠤᠯᠠᠭᠠᠨᠪᠦᠲᠦᠩ ᠤᠨ ᠨᠡᠶᠢᠳᠡᠮ ᠤᠨ | ᠬᠡᠷᠡᠭᠯᠡᠭᠡᠨ ᠤ ᠨᠢᠰᠬᠡᠯ ᠤᠨ ᠪᠠᠭᠤᠳᠠᠯ ᠢ ᠠᠰᠢᠭᠯᠠᠯᠲᠠ ᠳᠤ ᠣᠷᠣᠭᠤᠯᠬᠤ ᠶᠢ ᠦᠨᠡᠨᠬᠦ ᠪᠠᠲᠤᠯᠠᠵᠤ᠂ ᠪᠡᠶᠡᠴᠢᠯᠡᠭᠰᠡᠨ | ᠵᠠᠮ ᠬᠠᠷᠢᠯᠴᠠᠭᠠᠨ ᠤ ᠲᠣᠣᠷᠵᠢᠯ ᠢ ᠴᠣᠭᠴᠠᠯᠠᠨ᠎ᠠ︔ ᠣᠯᠠᠨ ᠨᠡᠶᠢᠲᠡ ᠶᠢᠨ ᠬᠦᠷᠢᠶ᠎ᠡ ᠴᠠᠷᠠᠭ᠎ᠠ ᠳᠠᠬᠢ ᠲᠡᠷᠭᠡ | ᠬᠥᠰᠬᠡ ᠶᠢᠨ ᠴᠠᠬᠢᠯᠭᠠᠨᠵᠢᠭᠤᠯᠤᠭᠰᠠᠨ ᠬᠡᠷᠡᠭᠯᠡᠭᠡ ᠶᠢ ᠢᠳᠡᠪᠬᠢᠲᠡᠢ ᠪᠠᠷ ᠰᠦᠪᠡᠭᠴᠢᠯᠡᠨ᠎ᠡ︔ ᠴᠠᠬᠢᠯᠭᠠᠨ ᠤ ᠲᠣᠣᠷ ᠢ | ᠲᠠᠰ ᠳᠡᠪᠰᠢᠭᠦᠯᠦᠨ ᠥᠭᠡᠷᠡᠴᠢᠯᠡᠬᠦ ᠢᠨᠵᠧᠨᠧᠷᠢᠩ ᠢ ᠪᠠᠲᠤᠲᠠᠢ ᠬᠡᠷᠡᠭᠵᠢᠭᠦᠯᠵᠦ᠂ ᠬᠥᠳᠡᠭᠡ ᠲᠣᠰᠬᠤᠨ ᠤ ᠴᠠᠬᠢᠯᠭᠠᠨ | ᠲᠣᠣᠷ ᠢ 168 ᠺᠢᠯᠣᠮᠧᠲᠷ ᠰᠢᠨ᠎ᠡ ᠪᠠᠷ ᠥᠭᠡᠷᠡᠴᠢᠯᠡᠨ ᠪᠠᠶᠢᠭᠤᠯᠵᠤ᠂ 5G ᠶᠢᠨ ᠰᠠᠭᠤᠷᠢ ᠥᠷᠲᠡᠭᠡ 30 ᠶᠢ | ᠰᠢᠨ᠎ᠡ ᠪᠠᠷ ᠪᠠᠶᠢᠭᠤᠯᠵᠤ᠂ ᠬᠤᠲᠠ ᠬᠥᠳᠡᠭᠡ ᠶᠢᠨ ᠴᠢᠨᠠᠷ ᠰᠠᠶᠢᠲᠠᠢ ᠬᠥᠭᠵᠢᠯᠲᠡ ᠳᠤ ᠪᠠᠲᠤ ᠪᠠᠬᠢ ᠪᠠᠲᠤᠯᠠᠭ᠎ᠠ ᠶᠢᠨ | ᠰᠠᠭᠤᠷᠢ ᠶᠢ ᠲᠠᠯᠪᠢᠬᠤ ᠪᠠᠷ ᠴᠢᠷᠮᠠᠶᠢᠨ᠎ᠠ᠃ | ︱︱ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠰᠠᠭᠤᠷᠢ ᠶᠢ ᠦᠷᠭᠦᠯᠵᠢᠯᠡᠨ ᠪᠠᠬᠢᠵᠢᠭᠦᠯᠦᠨ᠎ᠡ᠃ | ᠬᠤᠳᠠ ᠬᠥᠳᠡᠭᠡ ᠶᠢᠨ ᠠᠭᠤᠰᠤᠯᠴᠠᠯ᠂ ᠣᠷᠣᠨ ᠪᠦᠰᠡ ᠶᠢᠨ ᠵᠣᠬᠢᠴᠠᠩᠭᠤᠢ ᠬᠥᠭᠵᠢᠯᠲᠡ ᠶᠢ ᠬᠦᠴᠦᠯᠡᠨ | ᠠᠬᠢᠭᠤᠯᠵᠤ᠂ ᠡᠯ᠎ᠡ ᠲᠦᠷᠦᠯ ᠤᠨ ᠡᠯᠧᠮᠧᠨ᠋ᠲ ᠤᠨ ᠬᠤᠣᠰ ᠴᠢᠭᠯᠡᠯ ᠢᠶᠠᠷ ᠰᠢᠯᠵᠢᠬᠦ ᠶᠢ ᠠᠬᠢᠭᠤᠯᠵᠤ᠂ ᠬᠤᠳᠠ | ᠬᠥᠳᠡᠭᠡ ᠶᠢᠨ ᠠᠭᠤᠰᠤᠯᠴᠠᠨ ᠬᠥᠭᠵᠢᠬᠦ ᠰᠢᠨ᠎ᠡ ᠪᠠᠶᠢᠷᠢᠰᠢᠯ ᠢ ᠪᠤᠢ ᠪᠣᠯᠭᠠᠨ᠎ᠠ᠃ ᠨᠠᠷᠢᠯᠢᠭ ᠪᠥᠭᠡᠳ | ᠪᠠᠶᠢᠩᠭᠤᠵᠢᠭᠤᠯᠤᠭᠰᠠᠨ ᠬᠥᠳᠡᠯᠦᠩᠭᠦᠢ ᠬᠢᠨᠠᠨ ᠬᠡᠮᠵᠢᠯᠲᠡ ᠪᠠ ᠣᠨᠣᠪᠴᠢᠲᠠᠢ ᠬᠠᠪᠰᠤᠷᠤᠨ ᠲᠡᠳᠬᠦᠬᠦ ᠠᠷᠭ᠎ᠠ | ᠬᠡᠮᠵᠢᠶ᠎ᠡ ᠶᠢ ᠨᠠᠶᠢᠳᠠᠪᠤᠷᠢᠵᠢᠭᠤᠯᠵᠤ᠂ ᠭᠠᠳᠠᠭᠰᠢ ᠭᠠᠷᠴᠤ ᠠᠵᠢᠯ ᠬᠥᠳᠡᠯᠮᠦᠷᠢ ᠬᠢᠬᠦ ᠳᠤ ᠨᠥᠬᠦᠪᠦᠷᠢ ᠥᠭᠬᠦ᠂ | ᠵᠢᠭᠤᠯᠴᠢᠯᠠᠯ ᠤᠨ ᠡᠳ᠋ ᠬᠥᠷᠥᠩᠭᠡ ᠶᠢᠨ ᠠᠰᠢᠭ ᠣᠷᠣᠯᠭ᠎ᠠ᠂ ᠬᠤᠷ᠎ᠠ ᠶᠢᠨ ᠰᠢᠮ᠎ᠡ ᠲᠥᠯᠥᠪᠯᠡᠭᠡ ᠵᠡᠷᠭᠡ ᠲᠥᠷᠥ ᠶᠢᠨ | ᠪᠣᠳᠣᠯᠭ᠎ᠠ ᠪᠠᠷ ᠬᠥᠲᠥᠯᠥᠨ ᠵᠢᠯᠤᠭᠤᠳᠬᠤ ᠶᠢ ᠦᠷᠭᠦᠯᠵᠢᠯᠡᠨ ᠴᠢᠩᠭᠠᠳᠬᠠᠵᠤ᠂ ᠡᠯ᠎ᠡ ᠲᠥᠷᠥᠯ ᠤᠨ ᠠᠪᠤᠷᠠᠨ | ᠲᠤᠰᠠᠯᠠᠬᠤ ᠳᠠᠭᠠᠳᠬᠠᠯ ᠪᠠ ︽ᠬᠡᠰᠢᠭᠲᠡᠨ ᠬᠤᠰᠢᠭᠤᠨ ᠤ ᠠᠷᠠᠳ ᠲᠤ ᠠᠰᠢᠭ ᠬᠦᠷᠲᠡᠭᠡᠵᠦ ᠬᠦᠴᠢᠷᠳᠡᠯᠲᠡᠢ ᠶᠢ | ᠲᠤᠰᠠᠯᠠᠬᠤ ᠨᠡᠶᠢᠲᠡ ᠶᠢᠨ ᠠᠰᠠᠷᠠᠮᠵᠢ ᠶᠢᠨ ᠰᠠᠭᠤᠷᠢ ᠮᠥᠩᠭᠦᠨ ᠤ ᠨᠡᠶᠢᠭᠡᠮᠯᠢᠭ︾ ᠤᠨ ᠬᠠᠪᠰᠤᠷᠤᠨ ᠲᠡᠳᠬᠦᠬᠦ ᠦᠷ᠎ᠡ | ᠪᠦᠲᠦᠮᠵᠢ ᠶᠢ ᠲᠠᠰᠤᠷᠠᠯᠲᠠ ᠦᠭᠡᠢ ᠳᠡᠭᠡᠭᠰᠢᠯᠡᠭᠦᠯᠵᠦ᠂ ᠬᠠᠰᠢᠶᠠᠨ ᠤ ᠠᠵᠤ ᠠᠬᠤᠢ ᠶᠢ ᠶᠡᠬᠡᠪᠡᠷ ᠬᠥᠭᠵᠢᠭᠦᠯᠵᠦ᠂ | ᠬᠡᠪᠴᠢᠶᠡᠵᠢᠭᠰᠡᠨ ᠴᠢᠨᠠᠷᠲᠠᠢ ᠳᠠᠬᠢᠨ ᠶᠠᠳᠠᠭᠤᠷᠠᠬᠤ ᠬᠤᠷᠢᠭ᠎ᠠ ᠱᠤᠭᠤᠮ ᠢ ᠡᠷᠡᠰ ᠰᠠᠬᠢᠨ᠎ᠠ᠃ ︽ᠮᠢᠩᠭᠠᠨ | ᠲᠣᠰᠬᠤᠨ ᠢᠶᠠᠷ ᠵᠢᠱᠢᠶ᠎ᠡ ᠦᠵᠡᠭᠦᠯᠵᠦ᠂ ᠲᠦᠮᠡᠨ ᠲᠣᠰᠬᠤᠨ ᠢ ᠴᠡᠭᠴᠡᠯᠡᠨ ᠵᠠᠰᠠᠬᠤ ᠢᠨᠵᠧᠨᠧᠷᠢᠩ︾ ᠤᠨ | ᠲᠤᠷᠰᠢᠯᠭ᠎ᠠ ᠶᠢ ᠰᠤᠷᠤᠯᠴᠠᠨ ᠬᠡᠷᠡᠭᠯᠡᠵᠦ᠂ ᠴᠡᠭ ᠢᠶᠠᠷ ᠱᠤᠭᠤᠮ ᠢ ᠬᠤᠯᠪᠣᠨ᠂ ᠱᠤᠭᠤᠮ ᠢᠶᠠᠷ ᠨᠡᠶᠢᠳᠡᠮ ᠢ | ᠲᠠᠶᠢᠴᠢᠯᠠᠵᠤ᠂ ᠪᠡᠯᠡ ᠮᠥᠩᠭᠦ ᠶᠢᠨ ᠡᠬᠢ ᠪᠠᠶᠠᠯᠢᠭ ᠤᠨ ᠣᠷᠣᠭᠤᠯᠤᠯᠲᠠ ᠶᠢ ᠨᠡᠶᠢᠳᠬᠡᠵᠦ᠂ ᠳᠠᠪᠠᠭᠤᠯᠢᠭ | ᠣᠨᠴᠠᠯᠢᠭᠲᠤ ᠠᠵᠤ ᠦᠢᠯᠡᠰ ᠤᠨ ᠬᠥᠭᠵᠢᠯᠲᠡ᠂ ᠰᠠᠭᠤᠷᠢ ᠲᠥᠬᠦᠭᠡᠷᠦᠮᠵᠢ ᠶᠢ ᠲᠡᠭᠦᠯᠳᠡᠷᠵᠢᠭᠦᠯᠬᠦ᠂ ᠣᠷᠣᠰᠢᠨ | ᠰᠠᠭᠤᠬᠤ ᠳᠤ ᠲᠠᠭᠠᠯᠠᠮᠵᠢᠲᠠᠢ ᠦᠢᠯᠡᠰ ᠪᠣᠰᠬᠠᠬᠤ ᠳᠤ ᠲᠣᠬᠢᠷᠠᠮᠵᠢᠲᠠᠢ ᠪᠠ ᠦᠵᠡᠰᠬᠦᠯᠡᠩᠲᠦ ᠰᠠᠶᠢᠬᠠᠨ ᠬᠥᠳᠡᠭᠡ | ᠲᠣᠰᠬᠤᠨ ᠤ ᠪᠦᠲᠦᠭᠡᠨ ᠪᠠᠶᠢᠭᠤᠯᠤᠯᠲᠠ ᠶᠢ ᠬᠦᠴᠦᠲᠡᠢ ᠠᠬᠢᠭᠤᠯᠤᠨ᠎ᠠ᠃ 2500 ᠡᠷᠦᠬᠡ ᠶᠢᠨ ᠵᠣᠷᠯᠣᠩ ᠢ | ᠰᠢᠨ᠎ᠡ ᠪᠠᠷ ᠥᠭᠡᠷᠡᠴᠢᠯᠡᠨ ᠪᠠᠶᠢᠭᠤᠯᠵᠤ᠂ ᠵᠠᠰᠠᠭ ᠵᠠᠬᠢᠷᠭᠠᠨ ᠤ ᠲᠣᠰᠬᠤᠨ ᠤ ᠬᠤᠭ ᠨᠣᠪᠰᠢ ᠶᠢ ᠬᠤᠷᠢᠶᠠᠨ | ᠴᠤᠭᠯᠠᠭᠤᠯᠵᠤ ᠰᠢᠢᠳᠪᠦᠷᠢᠯᠡᠬᠦ ᠨᠣᠷᠮ᠎ᠠ ᠶᠢ 75% ᠳᠤ ᠬᠦᠷᠭᠡᠵᠦ᠂ ᠲᠣᠰᠬᠤᠨ ᠤ ᠰᠤᠷᠲᠠᠯ᠂ ᠠᠷᠠᠳ ᠤᠨ | ᠰᠤᠷᠲᠠᠯ ᠢ ᠢᠳᠡᠪᠬᠢᠲᠡᠢ ᠪᠠᠷ ᠰᠠᠶᠢᠵᠢᠷᠠᠭᠤᠯᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠵᠢᠯ ᠤᠨ | ᠯᠠᠪᠳᠠᠭᠤᠨ ᠪᠠᠲᠤᠲᠠᠢ ᠦᠷᠭᠦᠯᠵᠢᠯᠡᠬᠦ ᠶᠢ ᠪᠥᠬᠦ ᠬᠦᠴᠦᠨ ᠢᠶᠠᠷ ᠢᠶᠠᠨ ᠠᠬᠢᠭᠤᠯᠤᠨ᠎ᠠ᠃ | ︵ᠲᠠᠪᠤ︶ ᠠᠷᠠᠳ ᠤᠨ ᠠᠮᠢᠳᠤᠷᠠᠯ ᠤᠨ ᠬᠦᠷᠲᠡᠮᠵᠢ ᠶᠢ ᠨᠡᠮᠡᠭᠳᠡᠭᠦᠯᠬᠦ ᠶᠢ ᠪᠠᠷᠢᠮᠲᠠᠯᠠᠵᠤ᠂ ᠣᠯᠠᠨ ᠲᠦᠮᠡᠨ ᠤ | ᠠᠮᠢᠳᠤᠷᠠᠯ ᠤᠨ ᠰᠢᠨ᠎ᠡ ᠬᠦᠰᠡᠯ ᠱᠠᠭᠠᠷᠳᠠᠯᠭ᠎ᠠ ᠶᠢ ᠬᠠᠩᠭᠠᠨ᠎ᠠ᠃ ᠠᠷᠠᠳ ᠤᠨ ᠠᠮᠢᠳᠤᠷᠠᠯ ᠤᠨ ᠬᠡᠷᠡᠭᠴᠡᠭᠡ ᠲᠠᠢ | ᠨᠢᠭᠲᠠ ᠤᠶᠠᠯᠳᠤᠭᠤᠯᠵᠤ᠂ ᠠᠷᠠᠳ ᠤᠨ ᠠᠮᠢᠳᠤᠷᠠᠯ ᠤᠨ ᠳᠤᠲᠠᠭᠤᠳᠠᠯ ᠢ ᠠᠩᠬᠠᠷᠴᠤ᠂ ᠬᠥᠮᠥᠨ ᠤ ᠬᠦᠴᠦᠨ | ᠡᠳ᠋ ᠤᠨ ᠬᠦᠴᠦᠨ ᠪᠣᠳᠠᠰ ᠤᠨ ᠬᠦᠴᠦᠨ ᠢ ᠠᠷᠠᠳ ᠤᠨ ᠠᠮᠢᠳᠤᠷᠠᠯ ᠤᠨ ᠬᠦᠷᠢᠶᠡᠨ ᠳᠤ ᠤᠷᠢᠳᠴᠢᠯᠠᠨ ᠣᠷᠣᠭᠤᠯᠵᠤ | ᠂ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠢ ᠰᠠᠶᠢᠲᠤᠷ ᠬᠢᠵᠦ᠂ ᠥᠷᠭᠡᠨ ᠤᠯᠠᠨ ᠠᠷᠠᠳ ᠲᠦᠮᠡᠨ ᠳᠤ | ᠥᠭᠡᠷᠡᠴᠢᠯᠡᠯᠲᠡ ᠬᠥᠭᠵᠢᠯᠲᠡ ᠶᠢᠨ ᠠᠰᠢᠭ ᠲᠤᠰᠠ ᠶᠢ ᠬᠠᠮᠲᠤ ᠪᠠᠷ ᠡᠳ᠋ᠯᠡᠭᠦᠯᠦᠨ᠎ᠡ᠃ | —— ᠭᠦᠢᠴᠡᠳ ᠠᠵᠢᠯ ᠣᠯᠭᠤᠯᠲᠠ ᠶᠢ ᠢᠳᠡᠪᠬᠢᠲᠡᠢ ᠠᠬᠢᠭᠤᠯᠤᠨ᠎ᠠ᠃ ᠠᠵᠢᠯ ᠣᠯᠭᠤᠯᠲᠠ ᠶᠢ | ᠲᠡᠷᠢᠭᠦᠨ ᠳᠤ ᠲᠠᠯᠪᠢᠬᠤ ᠪᠠᠶᠢᠯᠳᠤᠬᠤ ᠪᠣᠳᠣᠯᠭ᠎ᠠ ᠶᠢ ᠭᠦᠨᠵᠡᠭᠡᠢ ᠬᠡᠷᠡᠭᠵᠢᠭᠦᠯᠵᠦ᠂ ᠤᠷ᠎ᠠ ᠴᠢᠳᠠᠪᠤᠷᠢ ᠶᠢᠨ | ᠪᠣᠯᠪᠠᠰᠤᠷᠠᠭᠤᠯᠤᠯ ᠪᠠ ᠠᠳᠠᠯ ᠦᠢᠯᠡᠰ ᠴᠣᠭᠴᠠᠯᠠᠬᠤ ᠠᠵᠢᠯ ᠣᠯᠭᠤᠬᠤ ᠬᠤᠶᠠᠷ ᠶᠡᠭᠡ ᠲᠣᠭᠲᠠᠯᠴᠠᠭ᠎ᠠ ᠶᠢ | ᠪᠦᠷᠢᠨᠰᠢᠭᠦᠯᠵᠤ᠂ ᠠᠵᠢᠯ ᠡᠷᠢᠬᠦ ᠠᠵᠢᠯᠲᠠᠨ ᠡᠯᠰᠡᠬᠦ ᠰᠦᠯᠵᠢᠶᠡᠨ ᠳᠡᠭᠡᠷᠡᠬᠢ ᠪᠠ ᠰᠦᠯᠵᠢᠶᠡᠨ ᠠᠴᠠ ᠭᠠᠳᠠᠭᠤᠷᠬᠢ | ᠬᠤᠶᠠᠷ ᠲᠠᠪᠴᠠᠩ ᠢ ᠪᠠᠶᠢᠭᠤᠯᠵᠤ᠂ ᠲᠦᠷ ᠴᠠᠭ ᠤᠨ ᠠᠵᠢᠯ ᠤᠨ ᠵᠠᠬ᠎ᠠ ᠳᠡᠯᠭᠡᠭᠦᠷ ᠪᠠ ᠬᠥᠳᠡᠯᠮᠦᠷᠢ | ᠦᠢᠯᠡᠴᠢᠯᠡᠭᠡᠨ ᠤ ᠬᠠᠮᠵᠢᠯᠴᠠᠭ᠎ᠠ ᠶᠢ ᠣᠨᠣᠪᠴᠢᠲᠠᠢ ᠪᠠᠷ ᠵᠣᠯᠭᠠᠭᠤᠯᠵᠤ᠂ ︽ᠬᠠᠪᠤᠷ ᠤᠨ ᠰᠠᠯᠬᠢᠨ ᠠᠵᠢᠯᠯᠠᠭ᠎ᠠ︾ | ᠵᠡᠷᠭᠡ ᠥᠪᠡᠷᠮᠢᠴᠡ ᠣᠨᠴᠠᠯᠢᠭ ᠲᠠᠢ ᠠᠵᠢᠯᠲᠠᠨ ᠡᠯᠰᠡᠬᠦ ᠠᠵᠢᠯᠯᠠᠭᠠᠨ ᠢ ᠥᠷᠨᠢᠭᠦᠯᠵᠦ᠂ ᠠᠮᠢᠳᠤᠯᠢᠭ ᠠᠵᠢᠯ | ᠣᠯᠭᠤᠯᠲᠠ ᠶᠢᠨ ᠦᠢᠯᠡᠴᠢᠯᠡᠭᠡᠨ ᠤ ᠬᠢᠷᠢ ᠲᠦᠪᠰᠢᠨ ᠢ ᠳᠡᠭᠡᠭᠰᠢᠯᠡᠭᠦᠯᠵᠦ᠂ ᠬᠤᠳᠠ ᠪᠠᠯᠭᠠᠰᠤᠨ ᠤ 800 | ᠬᠥᠮᠥᠨ ᠳᠤ ᠰᠢᠨ᠎ᠡ ᠪᠠᠷ ᠠᠵᠢᠯ ᠣᠯᠭᠤᠵᠤ᠂ 750 ᠬᠥᠮᠥᠨ ᠳᠤ ᠲᠠᠬᠢᠨ ᠠᠵᠢᠯ ᠣᠯᠭᠤᠵᠤ᠂ ᠠᠵᠢᠯ ᠲᠠᠢ ᠬᠦᠮᠦᠨ | ᠦᠭᠡᠢ ᠭᠡᠷ ᠪᠦᠯᠢ ᠳᠤ ᠬᠥᠳᠡᠯᠦᠩᠭᠦᠢ ᠪᠠᠷ ᠠᠵᠢᠯ ᠤᠯᠭᠤᠬᠤ ᠶᠢ ᠪᠠᠷᠢᠮᠲᠠᠯᠠᠨ᠎ᠠ᠃ | ︱︱ ᠨᠡᠶᠢᠭᠡᠮ ᠤᠨ ᠪᠠᠲᠤᠯᠠᠭ᠎ᠠ ᠶᠢᠨ ᠲᠣᠭᠲᠠᠯᠴᠠᠭ᠎ᠠ ᠶᠢ ᠲᠠᠰᠤᠷᠠᠯᠳᠠ ᠦᠭᠡᠢ ᠲᠡᠭᠦᠯᠳᠡᠷᠵᠢᠭᠦᠯᠦᠨ᠎ᠡ᠃ | ᠪᠦᠬᠦ ᠠᠷᠠᠳ ᠢᠶᠠᠷ ᠢᠶᠠᠨ ᠳᠠᠭᠠᠳᠬᠠᠯ ᠳᠤ ᠣᠷᠣᠯᠴᠠᠬᠤ ᠲᠥᠯᠥᠪᠯᠡᠭᠡ ᠶᠢ ᠦᠷᠭᠦᠯᠵᠢᠯᠡᠨ ᠠᠬᠢᠭᠤᠯᠵᠤ᠂ | ᠨᠠᠰᠤᠵᠢᠯ ᠤᠨ ᠠᠰᠠᠷᠠᠮᠵᠢ᠂ ᠡᠮ ᠡᠮᠨᠡᠯᠭᠡ ᠶᠢᠨ ᠦᠨᠳᠦᠰᠦᠨ ᠳᠠᠭᠠᠳᠬᠠᠯ ᠤᠨ ᠳᠠᠭᠠᠳᠬᠠᠯ ᠳᠤ ᠣᠷᠣᠯᠴᠠᠬᠤ | ᠨᠤᠷᠮ᠎ᠠ ᠶᠢ ᠳᠡᠭᠡᠭᠰᠢᠯᠡᠭᠦᠯᠦᠨ᠎ᠡ᠃ ︽ᠶᠡᠷᠦᠩᠬᠡᠶᠢᠯᠡᠭᠰᠡᠨ ᠨᠢᠭᠤᠷᠲᠠᠨ ᠦᠢᠯᠡᠴᠢᠯᠡᠭᠴᠢ ᠶᠢᠨ ᠳᠦᠷᠢᠮ︾ ᠤᠨ | ᠦᠢᠯᠡᠴᠢᠯᠡᠭᠡᠨ ᠤ ᠵᠠᠭᠪᠤᠷ ᠢ ᠪᠥᠬᠦ ᠲᠠᠯ᠎ᠠ ᠪᠠᠷ ᠬᠡᠷᠡᠭᠵᠢᠭᠦᠯᠵᠦ᠂ ᠨᠡᠶᠢᠭᠡᠮ ᠤᠨ ᠪᠠᠲᠤᠯᠠᠭ᠎ᠠ ᠶᠢᠨ ᠭᠠᠷᠲᠠᠨ | ᠭᠦᠢᠴᠡᠳᠬᠡᠬᠦ ᠦᠢᠯᠡᠴᠢᠯᠡᠭᠡ ᠶᠢ ︽ᠣᠯᠠᠨ ᠴᠡᠭ ᠲᠤ ᠭᠦᠢᠴᠡᠳᠬᠡᠬᠦ᠂ ᠣᠶᠢᠷ᠎ᠠ ᠬᠠᠪᠢ ᠳᠤᠨᠢ ᠭᠦᠢᠴᠡᠳᠬᠡᠬᠦ᠂ | ᠳᠠᠷᠤᠶᠢᠬᠠᠨ ᠭᠦᠢᠴᠡᠳᠬᠡᠬᠦ︾ ᠶᠢ ᠪᠡᠶᠡᠯᠡᠭᠦᠯᠦᠨ᠎ᠡ᠃ ᠪᠥᠬᠦ ᠬᠦᠷᠢᠶ᠎ᠡ ᠴᠠᠷᠠᠭ᠎ᠠ᠂ ᠪᠥᠬᠦ ᠶᠠᠪᠤᠴᠠ ᠶᠢᠨ ᠰᠠᠭᠤᠷᠢ | ᠮᠥᠩᠭᠦᠨ ᠤ ᠠᠮᠤᠷ ᠲᠦᠪᠰᠢᠨ ᠤ ᠰᠡᠷᠭᠡᠶᠢᠯᠡᠨ ᠡᠵᠡᠮᠳᠡᠬᠦ ᠵᠣᠬᠢᠴᠠᠮᠵᠢ ᠶᠢ ᠬᠦᠴᠦᠯᠡᠨ ᠪᠠᠶᠢᠭᠤᠯᠵᠤ᠂ ᠠᠷᠠᠳ | ᠣᠯᠠᠨ ᠤ ︽ᠨᠠᠰᠤᠵᠢᠯ ᠤᠨ ᠠᠰᠠᠷᠠᠮᠵᠢ ᠶᠢᠨ ᠮᠥᠩᠭᠦ︾ ︽ᠠᠮᠢᠳᠤᠷᠠᠯ ᠤᠨ ᠪᠠᠲᠤᠯᠠᠭ᠎ᠠ ᠶᠢᠨ ᠮᠥᠩᠭᠦ︾ ᠶᠢ ᠡᠷᠡᠰ | ᠰᠠᠬᠢᠨ ᠬᠠᠮᠠᠭᠠᠯᠠᠨ᠎ᠠ᠃ ᠨᠡᠶᠢᠭᠡᠮ ᠤᠨ ᠠᠪᠤᠷᠠᠨ ᠲᠤᠰᠠᠯᠠᠬᠤ ᠲᠣᠭᠲᠠᠯᠴᠠᠭ᠎ᠠ ᠶᠢ ᠲᠠᠰᠤᠷᠠᠯᠲᠠ ᠦᠭᠡᠢ | ᠲᠡᠭᠦᠯᠳᠡᠷᠵᠢᠭᠦᠯᠵᠦ᠂ ᠠᠪᠤᠷᠠᠨ ᠲᠤᠰᠠᠯᠠᠬᠤ ᠬᠦᠷᠢᠶ᠎ᠡ ᠬᠡᠪᠴᠢᠶ᠎ᠡ ᠶᠢ ᠪᠦᠲᠦᠮᠵᠢᠲᠡᠶ ᠪᠠᠷ ᠥᠷᠭᠡᠳᠬᠡᠨ᠎ᠡ᠃ | ᠤᠯᠠᠭᠠᠨᠬᠠᠳᠠ ᠬᠤᠲᠠ ᠶᠢᠨ ᠶᠢ ᠺᠠᠩ ᠨᠠᠰᠤᠲᠠᠨ ᠢ ᠠᠰᠠᠷᠠᠬᠤ ᠬᠦᠷᠢᠶᠡᠯᠡᠩ ᠤᠨ ᠪᠠᠷᠢᠯᠭ᠎ᠠ ᠡᠬᠢᠯᠡᠭᠦᠯᠦᠨ ᠪᠦᠲᠦᠭᠡᠨ | ᠪᠠᠶᠢᠭᠤᠯᠬᠤ ᠶᠢ ᠠᠬᠢᠭᠤᠯᠵᠤ᠂ ᠠᠯᠪᠠᠨ ᠠᠴᠠ ᠡᠷᠭᠢᠯᠡᠭᠰᠡᠨ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠬᠢᠷᠢ | ᠬᠡᠮᠵᠢᠶ᠎ᠡ ᠶᠢ ᠳᠡᠭᠡᠭᠰᠢᠯᠡᠭᠦᠯᠦᠨ᠎ᠡ᠃ | ︱︱ ᠠᠷᠠᠳ ᠲᠦᠮᠡᠨ ᠳᠤ ᠲᠠᠭᠠᠰᠢᠶᠠᠭᠳᠠᠭᠰᠠᠨ ᠰᠤᠷᠭᠠᠨ ᠬᠥᠮᠦᠵᠢᠯ ᠢ ᠬᠦᠴᠦᠯᠡᠨ ᠰᠠᠶᠢᠲᠤᠷ ᠡᠷᠬᠢᠯᠡᠨ᠎ᠡ᠃ | ᠠᠷᠭ᠎ᠠ ᠪᠦᠬᠦᠨ ᠢ ᠰᠦᠪᠡᠭᠴᠢᠯᠡᠨ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠪᠥᠬᠦ ᠬᠤᠲᠠ ᠶᠢᠨ ᠲᠡᠷᠢᠭᠦᠨ ᠤ | ᠬᠢᠷᠢ ᠲᠦᠪᠰᠢᠨ ᠢ ᠪᠠᠲᠤᠯᠠᠵᠤ᠂ ᠬᠠᠢ ᠯᠢᠶᠠᠩ ᠤᠨ ᠰᠤᠷᠭᠠᠨ ᠬᠥᠮᠦᠵᠢᠯ ᠤᠨ ᠰᠢᠯᠢᠳᠡᠭ ᠡᠬᠢ ᠪᠠᠶᠠᠯᠢᠭ ᠲᠤ | ᠲᠦᠰᠢᠭᠯᠡᠵᠦ᠂ 2024 ᠣᠨ ᠤ ᠵᠢᠩᠬᠢᠨᠢ ᠠᠩᠭᠢ ᠶᠢᠨ ᠬᠤᠪᠢ ᠶᠢᠨ ᠱᠤᠭᠤᠮ ᠳᠤ ᠬᠦᠷᠦᠭᠰᠡᠨ ᠨᠣᠷᠮ᠎ᠠ ᠶᠢ | 69% ᠳᠤ ᠬᠦᠷᠭᠡᠵᠦ᠂ ᠵᠢᠩᠬᠢᠨᠢ ᠠᠩᠭᠢ ᠶᠢᠨ ᠨᠢᠭᠡᠳᠦᠭᠡᠷ ᠤᠲᠠᠰᠤᠨ ᠤ ᠬᠤᠪᠢ ᠶᠢᠨ ᠪᠠᠷᠢᠮᠵᠢᠶ᠎ᠠ ᠳᠤ ᠬᠦᠷᠦᠭᠰᠡᠨ | ᠨᠣᠷᠮ᠎ᠠ ᠶᠢ 28% ᠳᠤ ᠬᠦᠷᠭᠡᠬᠦ ᠶᠢ ᠦᠨᠡᠨᠬᠦ ᠪᠠᠲᠤᠯᠠᠨ᠎ᠠ᠃ ᠰᠤᠷᠭᠠᠨ ᠬᠥᠮᠦᠵᠢᠯ ᠤᠨ ᠰᠠᠭᠤᠷᠢ ᠮᠥᠩᠭᠦ ᠶᠢᠨ | ᠤᠷᠮᠠᠰᠢᠭᠤᠯᠬᠤ ᠦᠢᠯᠡᠳᠦᠯ ᠢ ᠭᠦᠢᠴᠡᠳ ᠪᠠᠳᠠᠷᠠᠭᠤᠯᠵᠤ᠂ ᠬᠢᠴᠢᠶᠡᠯ ᠲᠥᠷᠥᠯ ᠤᠨ ᠳᠠᠭᠠᠭᠤᠯᠤᠭᠴᠢ ᠶᠢ | ᠬᠥᠮᠥᠵᠢᠭᠦᠯᠦᠨ ᠰᠢᠯᠢᠳᠡᠭᠵᠢᠭᠦᠯᠵᠦ᠂ ︽ᠭᠤᠷᠪᠠᠨ ᠶᠡᠭᠡ ᠦᠨᠡᠯᠡᠯᠲᠡ ᠶᠢᠨ ᠲᠣᠭᠲᠠᠯᠴᠠᠭ᠎ᠠ︾ ᠶᠢ ᠭᠦᠢᠴᠡᠳ | ᠬᠡᠷᠡᠭᠯᠡᠵᠦ᠂ ᠪᠠᠭᠰᠢ ᠶᠢᠨ ᠮᠣᠷᠠᠯ ᠡᠷᠬᠢᠮ ᠳᠡᠭᠡᠳᠦ᠂ ᠲᠤᠬᠠᠶᠢᠯᠠᠭᠰᠠᠨ ᠠᠵᠢᠯ ᠳᠠᠭᠠᠨ ᠴᠠᠭᠠᠷᠠᠭᠰᠠᠨ ᠨᠢᠭᠡᠨ ᠰᠠᠯᠠᠭ᠎ᠠ | ᠪᠠᠭᠰᠢ ᠶᠢᠨ ᠡᠩᠨᠡᠭᠡ ᠶᠢ ᠬᠦᠴᠦᠯᠡᠨ ᠪᠠᠶᠢᠭᠤᠯᠤᠨ᠎ᠠ᠃ ᠡᠯ᠎ᠡ ᠲᠦᠷᠦᠯ ᠤᠨ ᠰᠤᠷᠭᠠᠨ ᠬᠥᠮᠦᠵᠢᠯ ᠢ ᠵᠡᠷᠭᠡᠪᠡᠷ | ᠬᠥᠭᠵᠢᠭᠦᠯᠬᠦ᠂ ᠡᠯ᠎ᠡ ᠱᠠᠲᠤᠨ ᠤ ᠰᠤᠷᠭᠠᠨ ᠬᠥᠮᠦᠵᠢᠯ ᠢ ᠨᠡᠪᠲᠡᠷᠡᠯᠴᠡᠭᠦᠯᠦᠨ ᠵᠣᠯᠭᠠᠭᠤᠯᠬᠤ ᠶᠢ ᠠᠬᠢᠭᠤᠯᠵᠤ᠂ | ᠰᠤᠷᠭᠠᠨ ᠬᠥᠮᠦᠵᠢᠯ ᠤᠨ ᠵᠢᠭᠠᠨ ᠰᠤᠷᠭᠠᠯᠲᠠ ᠶᠢᠨ ᠶᠠᠰᠤ ᠴᠢᠨᠠᠷ ᠪᠠ ᠰᠤᠷᠭᠠᠭᠤᠯᠢ ᠡᠷᠬᠢᠯᠡᠬᠦ ᠬᠢᠷᠢ ᠲᠦᠪᠰᠢᠨ ᠢ | ᠦᠨᠡᠨᠬᠦ ᠳᠡᠭᠡᠭᠰᠢᠯᠡᠭᠦᠯᠦᠨ᠎ᠡ᠃ ︽ᠬᠤᠶᠠᠷ ᠢ ᠬᠥᠩᠭᠡᠷᠡᠭᠦᠯᠬᠦ︾ ᠪᠠ ᠬᠢᠴᠢᠶᠡᠯ ᠤᠨ ᠭᠠᠳᠠᠨᠠᠬᠢ ᠦᠢᠯᠡᠴᠢᠯᠡᠭᠡ ᠶᠢ | ᠯᠠᠪᠳᠠᠭᠤᠨ ᠢᠶᠠᠷ ᠠᠬᠢᠭᠤᠯᠵᠤ᠂ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠢ ᠳᠡᠯᠭᠡᠷᠡᠭᠦᠯᠦᠨ | ᠲᠦᠭᠡᠮᠡᠯᠵᠢᠭᠦᠯᠬᠦ ᠠᠵᠢᠯ ᠢ ᠠᠬᠢᠭᠤᠯᠤᠨ᠎ᠠ᠃ 3.68 ᠳ᠋ᠦᠩᠰᠢᠭᠤᠷ ᠲᠥᠭᠦᠷᠢᠭ ᠤᠨ ᠶᠡᠷᠦᠩᠬᠡᠢ ᠪᠡᠯᠡ | ᠣᠷᠣᠭᠤᠯᠤᠯᠲᠠ ᠪᠦᠬᠦᠢ ᠶᠡᠭᠡ ᠳᠡᠭᠡᠳᠦ ᠰᠤᠷᠭᠠᠭᠤᠯᠢ ᠳᠤ ᠰᠤᠷᠤᠭᠴᠢ ᠡᠯᠰᠡᠬᠦ ᠨᠢᠭᠡᠳᠦᠯᠲᠡᠢ ᠰᠢᠯᠭᠠᠯᠲᠠ ᠶᠢᠨ | ᠶᠡᠷᠦᠩᠬᠡᠶᠢᠯᠡᠭᠰᠡᠨ ᠥᠭᠡᠷᠡᠴᠢᠯᠡᠯᠲᠡ᠂ ᠰᠤᠷᠭᠠᠭᠤᠯᠢ ᠶᠢᠨ ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠤᠨ | ᠬᠥᠭᠵᠢᠯᠲᠡ᠂ ᠭᠤᠷᠪᠠᠨ ᠶᠡᠭᠡ ᠬᠦᠷᠢᠶᠡᠨ ᠳᠠᠬᠢ 18 ᠭᠤᠣᠯᠳᠠᠯᠭ᠎ᠠ ᠲᠠᠢ ᠲᠥᠷᠥᠯ ᠵᠦᠢᠯ ᠢ ᠶᠡᠷᠦᠩᠬᠡᠶᠢᠯᠡᠨ | ᠰᠠᠶᠢᠵᠢᠷᠠᠭᠤᠯᠤᠨ ᠪᠦᠲᠦᠭᠡᠨ ᠪᠠᠶᠢᠭᠤᠯᠬᠤ ᠪᠦᠲᠦᠭᠡᠨ ᠪᠠᠶᠢᠭᠤᠯᠤᠯᠲᠠ ᠶᠢ ᠪᠦᠬᠦ ᠬᠦᠴᠦᠨ ᠢᠶᠠᠷ ᠲᠦᠷᠭᠡᠳᠬᠡᠵᠦ᠂ | ᠬᠤᠶᠠᠳᠤᠭᠠᠷ ᠪᠠᠭ᠎ᠠ ᠰᠤᠷᠭᠠᠭᠤᠯᠢ ᠶᠢ ᠨᠡᠭᠦᠯᠭᠡᠨ ᠰᠢᠨ᠎ᠡ ᠪᠠᠷ ᠪᠠᠶᠢᠭᠤᠯᠬᠤ᠂ ᠠᠵᠢᠯ ᠮᠡᠷᠭᠡᠵᠢᠯ ᠤᠨ ᠰᠤᠷᠭᠠᠭᠤᠯᠢ ᠶᠢᠨ | ᠠᠵᠤ ᠦᠢᠯᠡᠰ ᠪᠠ ᠰᠤᠷᠭᠠᠨ ᠬᠥᠮᠦᠵᠢᠯ ᠢ ᠠᠭᠤᠰᠤᠯᠴᠠᠭᠤᠯᠤᠭᠰᠠᠨ ᠳᠠᠳᠤᠯᠭ᠎ᠠ ᠪᠣᠯᠪᠠᠰᠤᠷᠠᠯ ᠤᠨ ᠠᠰᠠᠷ᠂ | ᠲᠠᠪᠤᠳᠤᠭᠠᠷ ᠬᠡᠦᠬᠡᠳ ᠤᠨ ᠴᠡᠴᠡᠷᠯᠢᠭ ᠵᠡᠷᠭᠡ ᠲᠥᠷᠥᠯ ᠵᠦᠢᠯ ᠢ ᠪᠠᠶᠢᠭᠤᠯᠤᠨ ᠳᠠᠭᠤᠰᠬᠠᠵᠤ ᠠᠰᠢᠭᠯᠠᠯᠲᠠ ᠳᠤ | ᠣᠷᠣᠭᠤᠯᠬᠤ ᠶᠢ ᠦᠨᠡᠨᠬᠦ ᠪᠠᠲᠤᠯᠠᠵᠤ᠂ ᠰᠤᠷᠭᠠᠭᠤᠯᠢ ᠡᠷᠭᠢᠯᠡᠬᠦ ᠨᠥᠬᠦᠴᠡᠯ ᠢ ᠪᠥᠬᠦ ᠲᠠᠯ᠎ᠠ ᠪᠠᠷ ᠰᠠᠶᠢᠵᠢᠷᠠᠭᠤᠯᠤᠨ᠎ᠠ᠃ | | ︱︱ ᠡᠷᠡᠭᠦᠯ ᠡᠩᠬᠡ ᠬᠡᠰᠢᠭᠲᠡᠨ ᠬᠤᠰᠢᠭᠤ ᠶᠢ ᠪᠦᠬᠦ ᠬᠦᠴᠦᠨ ᠢᠶᠠᠷ ᠴᠣᠭᠴᠠᠯᠠᠨ᠎ᠠ᠃ ᠡᠷᠡᠭᠦᠯ ᠡᠩᠬᠡ | ᠬᠡᠰᠢᠭᠲᠡᠨ ᠬᠤᠰᠢᠭᠤ ᠶᠢ ᠴᠣᠭᠴᠠᠯᠠᠬᠤ ᠠᠵᠢᠯᠯᠠᠭ᠎ᠠ ᠶᠢ ᠭᠦᠨᠵᠡᠭᠡᠢ ᠥᠷᠨᠢᠭᠦᠯᠵᠦ᠂ ᠡᠪᠡᠳᠴᠢᠨ ᠡᠮᠭᠡᠭ ᠢ ᠰᠡᠷᠭᠡᠶᠢᠯᠡᠨ | ᠡᠵᠡᠮᠳᠡᠬᠦ ᠲᠣᠭᠲᠠᠯᠴᠠᠭ᠎ᠠ ᠶᠢ ᠲᠠᠰᠤᠷᠠᠯᠲᠠ ᠦᠭᠡᠢ ᠪᠦᠷᠢᠨᠰᠢᠭᠦᠯᠦᠨ ᠲᠡᠭᠦᠯᠳᠡᠷᠵᠢᠭᠦᠯᠵᠦ᠂ ᠴᠢᠳᠠᠪᠤᠷᠢᠲᠠᠨ ᠤ ᠡᠩᠨᠡᠭᠡ᠂ | ᠭᠤᠣᠯᠳᠠᠯᠭ᠎ᠠ ᠲᠠᠢ ᠲᠤᠰᠬᠠᠢ ᠰᠠᠯᠠᠭ᠎ᠠ᠂ ᠠᠯᠪᠠᠨ ᠠᠴᠠ ᠪᠠᠶᠢᠭᠤᠯᠤᠭᠰᠠᠨ ᠡᠮᠨᠡᠯᠭᠡ ᠶᠢᠨ ᠬᠤᠷᠢᠶ᠎ᠠ ᠶᠢᠨ ᠡᠵᠡᠩᠨᠡᠯᠲᠡ | ᠬᠠᠮᠢᠶᠠᠷᠤᠯᠲᠠ ᠶᠢ ᠦᠷᠭᠦᠯᠵᠢᠯᠡᠨ ᠴᠢᠩᠭᠠᠳᠬᠠᠵᠤ᠂ ᠨᠢᠭᠲᠠᠷᠠᠭᠰᠠᠨ ᠬᠡᠯᠪᠡᠷᠢ ᠶᠢᠨ ᠡᠮᠨᠡᠯᠭᠡ ᠶᠢᠨ ᠬᠠᠮᠲᠤ ᠶᠢᠨ | ᠴᠣᠭᠴᠠ ᠶᠢᠨ ᠪᠠᠶᠢᠭᠤᠯᠤᠯᠲᠠ ᠶᠢ ᠢᠳᠡᠪᠬᠢᠲᠡᠢ ᠠᠬᠢᠭᠤᠯᠵᠤ᠂ ᠡᠮᠴᠢᠯᠡᠭᠡ ᠡᠷᠡᠭᠦᠯ ᠬᠠᠮᠠᠭᠠᠯᠠᠯ ᠤᠨ ᠪᠠᠶᠢᠭᠤᠯᠤᠯ ᠤᠨ | ᠥᠭᠡᠷᠡᠴᠢᠯᠡᠯᠲᠡ ᠶᠢᠨ ᠭᠦᠨᠵᠡᠭᠡᠶᠢᠷᠡᠨ ᠬᠥᠭᠵᠢᠬᠦ ᠶᠢ ᠬᠦᠴᠦᠯᠡᠨ ᠠᠬᠢᠭᠤᠯᠤᠨ᠎ᠠ᠃ ᠬᠢᠲᠠᠳ ᠮᠣᠩᠭᠤᠯ ᠡᠮᠨᠡᠯᠭᠡ ᠶᠢᠨ | ᠬᠤᠷᠢᠶ᠎ᠠ ᠶᠢᠨ ᠡᠪᠡᠳᠴᠢᠲᠡᠨ ᠤ ᠥᠷᠥᠭᠡ ᠶᠢᠨ ᠠᠰᠠᠷ ᠵᠢᠴᠢ ᠶᠡᠷᠦᠩᠬᠡᠶᠢᠯᠡᠭᠰᠡᠨ ᠠᠰᠠᠷ᠂ ᠡᠪᠡᠳᠴᠢᠨ ᠡᠮᠭᠡᠭ ᠢ | ᠰᠡᠷᠭᠡᠶᠢᠯᠡᠨ ᠡᠵᠡᠮᠳᠡᠬᠦ ᠲᠥᠪ ᠤᠨ ᠬᠤᠶᠠᠳᠤᠭᠠᠷ ᠬᠤᠭᠤᠴᠠᠭᠠᠨ ᠤ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ | ᠯᠠᠪᠳᠠᠭᠤᠨ ᠪᠠᠲᠤᠲᠠᠢ ᠠᠬᠢᠭᠤᠯᠵᠤ᠂ ᠬᠢᠲᠠᠳ ᠮᠣᠩᠭᠤᠯ ᠡᠮᠨᠡᠯᠭᠡ ᠶᠢᠨ ᠬᠤᠷᠢᠶ᠎ᠠ ᠶᠢᠨ ︽ᠭᠤᠷᠪᠠᠳᠤᠭᠠᠷ ᠳᠡᠰ ᠤᠨ | ᠬᠥᠬᠡ ᠲᠠᠰ︾ ᠤᠨ ᠡᠮᠨᠡᠯᠭᠡ ᠶᠢᠨ ᠬᠤᠷᠢᠶ᠎ᠠ ᠶᠢ ᠴᠣᠭᠴᠠᠯᠠᠬᠤ ᠶᠢ ᠳᠡᠮᠵᠢᠵᠦ᠂ ︽ᠤᠯᠤᠰ ᠤᠨ ᠡᠷᠡᠭᠦᠯ ᠬᠠᠮᠠᠭᠠᠯᠠᠯ ᠤᠨ | ᠬᠤᠰᠢᠭᠤ ᠰᠢᠶᠠᠨ︾ ︽ᠪᠥᠬᠦ ᠤᠯᠤᠰ ᠤᠨ ᠦᠨᠳᠦᠰᠦᠨ ᠱᠠᠲᠤᠨ ᠤ ᠬᠢᠲᠠᠳ ᠡᠮ ᠡᠮᠨᠡᠯᠭᠡ ᠶᠢᠨ ᠠᠵᠢᠯ ᠤᠨ ᠵᠢᠱᠢᠶ᠎ᠡ | ᠦᠵᠡᠭᠦᠯᠬᠦ ᠰᠢᠶᠠᠨ︾ ᠢ ᠪᠥᠬᠦ ᠬᠦᠴᠦᠨ ᠢᠶᠠᠷ ᠢᠶᠠᠨ ᠴᠢᠷᠮᠠᠶᠢᠨ ᠪᠠᠶᠢᠭᠤᠯᠤᠨ᠎ᠠ᠃ | ︱︱ ᠰᠣᠶᠣᠯ ᠤᠨ ᠦᠢᠯᠡᠰ ᠤᠨ ᠬᠥᠭᠵᠢᠯᠲᠡ ᠶᠢ ᠪᠦᠬᠦ ᠲᠠᠯ᠎ᠠ ᠪᠠᠷ ᠠᠬᠢᠭᠤᠯᠤᠨ᠎ᠠ᠃ ᠤᠮᠠᠷᠠᠲᠤ ᠬᠢᠯᠢ ᠶᠢᠨ | ᠰᠣᠶᠣᠯ ᠤᠨ ᠪᠠᠶᠢᠭᠤᠯᠤᠯᠲᠠ ᠶᠢ ᠠᠬᠢᠭᠤᠯᠵᠤ᠂ ᠬᠡᠰᠢᠭᠲᠡᠨ ᠬᠤᠰᠢᠭᠤᠨ ᠤ ᠣᠨᠴᠠᠯᠢᠭᠲᠤ ᠨᠠᠷᠠᠲᠤ ᠲᠡᠮᠳᠡᠭᠲᠦ ᠶᠢ | ᠴᠣᠭᠴᠠᠯᠠᠨ᠎ᠠ᠃ ᠤᠯᠠᠨ ᠲᠦᠮᠡᠨᠴᠢ ᠴᠢᠨᠠᠷᠲᠠᠢ ᠰᠣᠶᠣᠯ ᠤᠨ ᠠᠵᠢᠯᠯᠠᠭ᠎ᠠ ᠶᠢᠨ ᠵᠣᠬᠢᠴᠠᠮᠵᠢ ᠶᠢ ᠲᠡᠭᠦᠯᠳᠡᠷᠵᠢᠭᠦᠯᠵᠦ᠂ | ᠤᠯᠠᠨ ᠲᠦᠮᠡᠨ ᠤ ᠤᠶᠤᠨ ᠤ ᠰᠣᠶᠣᠯ ᠤᠨ ᠠᠮᠢᠳᠤᠷᠠᠯ ᠢ ᠪᠠᠶᠠᠯᠢᠭᠵᠢᠭᠤᠯᠤᠨ᠎ᠠ᠃ ᠣᠯᠠᠨ ᠨᠡᠶᠢᠲᠡ ᠶᠢᠨ ᠰᠣᠶᠣᠯ ᠤᠨ | ᠦᠢᠯᠡᠴᠢᠯᠡᠭᠡᠨ ᠤ ᠬᠠᠩᠭᠠᠯᠭ᠎ᠠ ᠶᠢ ᠴᠢᠩᠭᠠᠳᠬᠠᠵᠤ᠂ ᠤᠯᠠᠭᠠᠨᠮᠥ᠋ᠴᠢᠷ ᠤᠨ ᠰᠢᠨ᠎ᠡ ᠶᠢ ᠡᠭᠦᠳᠦᠨ ᠪᠦᠲᠦᠭᠡᠬᠦ | ᠴᠢᠳᠠᠪᠤᠷᠢ ᠶᠢ ᠬᠥᠭᠵᠢᠭᠡᠵᠦ᠂ ᠰᠣᠳᠣᠨ ᠪᠦᠲᠦᠭᠡᠯ ᠵᠣᠬᠢᠶᠠᠨ ᠪᠦᠲᠦᠭᠡᠵᠦ᠂ ᠡᠯᠪᠡᠭ ᠪᠠᠶᠠᠯᠢᠭ ᠰᠣᠶᠣᠯ ᠢᠶᠠᠷ | ᠠᠷᠠᠳ ᠲᠤ ᠠᠰᠢᠭ ᠬᠦᠷᠲᠡᠭᠡᠬᠦ ᠲᠣᠭᠯᠠᠯᠲᠠ ᠪᠠ ᠪᠡᠶ᠎ᠡ ᠶᠢᠨ ᠲᠠᠮᠢᠷ ᠤᠨ ᠤᠷᠤᠯᠳᠤᠭᠠᠨ ᠤ ᠠᠵᠢᠯᠯᠠᠭᠠᠨ ᠢ ᠡᠷᠭᠢᠯᠡᠨ᠎ᠡ᠃ | ᠶᠢᠩᠴᠠᠩ ᠤᠨ ᠪᠡᠶ᠎ᠡ ᠶᠢᠨ ᠲᠠᠮᠢᠷ ᠤᠨ ᠴᠡᠴᠡᠷᠯᠢᠭ᠂ ᠬᠠᠲᠠᠨ ᠵᠢᠷᠤᠭ ᠤᠨ ᠲᠣᠭᠠᠴᠢᠯᠠᠯᠲᠠ ᠶᠢᠨ ᠲᠥᠷᠥᠯ ᠵᠦᠢᠯ ᠢ | ᠠᠵᠢᠯ ᠡᠬᠢᠯᠡᠭᠦᠯᠦᠨ ᠪᠠᠶᠢᠭᠤᠯᠵᠤ᠂ ᠤᠯᠠᠭᠠᠨᠮᠥ᠋ᠴᠢᠷ ᠤᠨ ᠣᠷᠳᠣᠨ ᠤ ᠲᠥᠷᠥᠯ ᠵᠦᠢᠯ ᠢ ᠪᠠᠶᠢᠭᠤᠯᠤᠨ ᠳᠠᠭᠤᠰᠬᠠᠵᠤ | ᠠᠰᠢᠭᠯᠠᠯᠲᠠ ᠳᠤ ᠣᠷᠣᠭᠤᠯᠬᠤ ᠶᠢ ᠦᠨᠡᠨᠬᠦ ᠪᠠᠲᠤᠯᠠᠨ᠎ᠠ᠃ ᠲᠡᠦᠬᠡ ᠶᠢᠨ ᠳᠤᠷᠠᠰᠬᠠᠯᠲᠤ ᠵᠦᠢᠯ ᠤᠨ ᠬᠠᠮᠠᠭᠠᠯᠠᠯᠲᠠ ᠶᠢ | ᠴᠢᠩᠭᠠᠳᠬᠠᠵᠤ᠂ ᠳᠥᠷᠪᠡᠳᠦᠭᠡᠷ ᠤᠳᠠᠭᠠᠨ ᠤ ᠪᠦᠬᠦ ᠤᠯᠤᠰ ᠤᠨ ᠲᠡᠦᠬᠡ ᠶᠢᠨ ᠳᠤᠷᠠᠰᠬᠠᠯᠲᠤ ᠵᠦᠢᠯ ᠢ ᠨᠡᠶᠢᠳᠡᠮ | ᠪᠠᠶᠢᠴᠠᠭᠠᠬᠤ ᠠᠵᠢᠯ ᠢ ᠰᠠᠶᠢᠲᠤᠷ ᠬᠢᠨ᠎ᠡ᠃ | ︵ᠵᠢᠷᠭᠤᠭ᠎ᠠ︶ ᠠᠶᠤᠯ ᠲᠦᠭᠰᠢᠭᠦᠷᠢ ᠶᠢᠨ ᠳᠠᠯᠳᠠ ᠬᠡᠮ ᠢ ᠪᠥᠬᠦ ᠬᠦᠴᠦᠨ ᠢᠶᠠᠷ ᠢᠶᠠᠨ ᠰᠡᠷᠭᠡᠶᠢᠯᠡᠨ | ᠠᠷᠢᠯᠭᠠᠵᠤ᠂ ᠠᠮᠤᠷ ᠲᠦᠪᠰᠢᠨ ᠲᠣᠭᠲᠠᠭᠤᠨ ᠤ ᠰᠢᠨ᠎ᠡ ᠰᠡᠷᠭᠡᠶᠢᠯᠡᠯᠲᠡ ᠶᠢᠨ ᠱᠤᠭᠤᠮ ᠢ ᠪᠠᠬᠢᠵᠢᠭᠦᠯᠦᠨ᠎ᠡ᠃ | ᠬᠤᠷᠢᠭ᠎ᠠ ᠱᠤᠭᠤᠮ ᠤᠨ ᠰᠡᠳᠬᠢᠬᠦᠢ ᠶᠢ ᠪᠠᠲᠤ ᠪᠤᠢ ᠪᠣᠯᠭᠠᠵᠤ᠂ ᠰᠠᠨᠠᠭᠠᠰᠢᠷᠠᠨ ᠵᠣᠪᠠᠨᠢᠬᠤ ᠤᠬᠠᠮᠰᠠᠷ ᠢᠶᠠᠨ | ᠴᠢᠩᠭᠠᠳᠬᠠᠵᠤ᠂ ᠬᠦᠨᠳᠦ ᠶᠡᠭᠡ ᠠᠶᠤᠯ ᠲᠦᠭᠰᠢᠭᠦᠷᠢ ᠶᠢ ᠪᠦᠬᠦ ᠬᠦᠴᠦᠨ ᠢᠶᠠᠷ ᠢᠶᠠᠨ ᠰᠡᠷᠭᠡᠶᠢᠯᠡᠨ ᠠᠷᠢᠯᠭᠠᠵᠤ᠂ | ᠨᠡᠶᠢᠭᠡᠮ ᠤᠨ ᠵᠠᠰᠠᠯᠲᠠ ᠶᠢᠨ ᠰᠢᠨᠵᠢᠯᠡᠬᠦ ᠤᠬᠠᠭᠠᠨᠴᠢᠯᠠᠬᠤ᠂ ᠣᠨᠣᠪᠴᠢᠲᠠᠢ ᠪᠣᠯᠭᠠᠬᠤ᠂ ᠨᠠᠷᠢᠯᠢᠭᠵᠢᠭᠤᠯᠬᠤ ᠬᠢᠷᠢ | ᠲᠦᠪᠰᠢᠨ ᠢ ᠳᠡᠭᠡᠭᠰᠢᠯᠡᠭᠦᠯᠵᠦ᠂ ᠨᠡᠶᠢᠭᠡᠮ ᠤᠨ ᠶᠡᠭᠡ ᠲᠠᠯ᠎ᠠ ᠶᠢᠨ ᠡᠶ᠎ᠡ ᠵᠣᠬᠢᠴᠠᠩᠭᠤᠢ ᠲᠣᠭᠲᠠᠭᠤᠨ ᠢ ᠡᠷᠡᠰ | ᠬᠠᠮᠠᠭᠠᠯᠠᠨ᠎ᠠ᠃ | ︱︱ ᠡᠳ᠋ ᠤᠨ ᠵᠠᠰᠠᠭ ᠮᠥᠩᠭᠦᠨ ᠭᠦᠢᠯᠭᠡᠭᠡᠨ ᠤ ᠠᠶᠤᠯ ᠲᠦᠭᠰᠢᠭᠦᠷᠢ ᠶᠢ ᠰᠡᠷᠭᠡᠶᠢᠯᠡᠨ ᠠᠷᠢᠯᠭᠠᠨ᠎ᠠ᠃ ︽ | ᠠᠷᠪᠢᠴᠢ ᠭᠠᠮᠲᠠᠢ ᠠᠮᠢᠳᠤᠷᠠᠬᠤ︾ ᠦᠵᠡᠯ ᠰᠠᠨᠠᠭ᠎ᠠ ᠶᠢ ᠪᠠᠲᠤ ᠪᠠᠬᠢ ᠪᠤᠢ ᠪᠣᠯᠭᠠᠵᠤ᠂ ᠡᠳ᠋ ᠤᠨ ᠵᠠᠰᠠᠭ ᠤᠨ | ᠣᠷᠣᠯᠭ᠎ᠠ ᠵᠠᠷᠤᠯᠭ᠎ᠠ ᠶᠢᠨ ︽ᠨᠡᠮᠡᠬᠦ ᠬᠠᠰᠤᠬᠤ ᠠᠷᠭ᠎ᠠ︾ ᠶᠢ ᠨᠢᠭᠡᠳᠦᠯᠲᠡᠢ ᠲᠥᠯᠥᠪᠯᠡᠨ ᠰᠠᠶᠢᠲᠤᠷ ᠬᠢᠵᠦ᠂ | ᠲᠥᠰᠥᠪ ᠤᠨ ᠬᠠᠲᠠᠭᠤ ᠬᠢᠵᠠᠭᠠᠷᠯᠠᠯ ᠢ ᠴᠢᠩᠳᠠᠯᠠᠵᠤ᠂ ᠡᠳ᠋ ᠤᠨ ᠵᠠᠰᠠᠭ ᠤᠨ ᠵᠠᠷᠤᠯᠭ᠎ᠠ ᠶᠢᠨ ᠪᠦᠲᠦᠴᠡ ᠶᠢ | ᠦᠷᠭᠦᠯᠵᠢᠯᠡᠨ ᠰᠢᠯᠢᠳᠡᠭᠵᠢᠭᠦᠯᠵᠦ᠂ ᠴᠢᠬᠤᠯᠠ ᠪᠤᠰᠤ ᠪᠠᠴᠢᠮ ᠪᠤᠰᠤ ᠵᠦᠢ ᠵᠣᠬᠢᠰ ᠦᠭᠡᠢ ᠵᠠᠷᠤᠯᠭ᠎ᠠ ᠶᠢ ᠪᠦᠬᠦ | ᠬᠦᠴᠦᠨ ᠢᠶᠠᠷ ᠢᠶᠠᠨ ᠪᠠᠭᠠᠰᠬᠠᠵᠤ᠂ ᠦᠨᠳᠦᠰᠦᠨ ᠠᠷᠠᠳ ᠤᠨ ᠠᠮᠢᠳᠤᠷᠠᠯ ᠢ ᠪᠠᠲᠤᠯᠠᠬᠤ᠂ ᠴᠠᠯᠢᠩ ᠢ ᠪᠠᠲᠤᠯᠠᠬᠤ᠂ | ᠡᠷᠭᠢᠯᠲᠡ ᠶᠢ ᠪᠠᠲᠤᠯᠠᠬᠤ ︽ᠭᠤᠷᠪᠠ ᠶᠢ ᠪᠠᠲᠤᠯᠠᠬᠤ︾ ᠬᠤᠷᠢᠭ᠎ᠠ ᠱᠤᠭᠤᠮ ᠢ ᠡᠷᠡᠰ ᠪᠠᠲᠤ ᠰᠠᠬᠢᠵᠤ᠂ ᠬᠢᠵᠠᠭᠠᠷᠲᠠᠢ | ᠪᠡᠯᠡ ᠮᠥᠩᠭᠦ ᠶᠢ ᠬᠥᠭᠵᠢᠯᠲᠡ ᠶᠢᠨ ᠴᠢᠬᠤᠯᠠ ᠭᠠᠵᠠᠷ᠂ ᠠᠷᠠᠳ ᠤᠨ ᠠᠮᠢᠳᠤᠷᠠᠯ ᠤᠨ ᠪᠠᠴᠢᠮ ᠬᠡᠷᠡᠭᠴᠡᠭᠡᠨ ᠤ | ᠭᠠᠵᠠᠷ ᠲᠤ ᠬᠡᠷᠡᠭᠯᠡᠨ᠎ᠡ᠃ ᠭᠠᠶᠢᠯᠢ ᠰᠦᠢᠳᠬᠡᠯ ᠤᠨ ᠦᠢᠯᠡᠴᠢᠯᠡᠭᠡ ᠶᠢ ᠦᠷᠭᠦᠯᠵᠢᠯᠡᠨ ᠰᠢᠯᠢᠳᠡᠭᠵᠢᠭᠦᠯᠵᠦ᠂ ᠭᠠᠶᠢᠯᠢ | ᠰᠦᠢᠳᠬᠡᠯ ᠢ ᠲᠠᠲᠠᠪᠤᠷᠢᠯᠠᠨ ᠬᠠᠮᠢᠶᠠᠷᠬᠤ ᠠᠵᠢᠯ ᠢ ᠴᠢᠩᠭᠠᠳᠬᠠᠵᠤ᠂ ᠬᠤᠷᠢᠶᠠᠬᠤ ᠶᠣᠰᠣᠲᠠᠢ ᠶᠢ ᠴᠥᠮ | ᠬᠤᠷᠢᠶᠠᠬᠤ ᠶᠢ ᠦᠨᠡᠨᠬᠦ ᠪᠠᠲᠤᠯᠠᠨ᠎ᠠ᠃ ᠡᠳ᠋ ᠤᠨ ᠵᠠᠰᠠᠭ ᠮᠥᠩᠭᠦᠨ ᠭᠦᠢᠯᠭᠡᠭᠡᠨ ᠤ ᠲᠤᠰᠬᠠᠢ ᠮᠡᠷᠭᠡᠵᠢᠯ ᠤᠨ | ᠴᠢᠳᠠᠪᠤᠷᠢᠲᠠᠨ ᠢ ᠬᠥᠮᠥᠵᠢᠭᠦᠯᠬᠦ ᠶᠢ ᠴᠢᠩᠭᠠᠳᠬᠠᠵᠤ᠂ ᠳᠡᠭᠡᠳᠦ ᠱᠠᠲᠤᠨ ᠤ ᠪᠡᠯᠡ ᠮᠥᠩᠭᠦ ᠶᠢᠨ ᠣᠷᠣᠭᠤᠯᠤᠯᠲᠠ ᠶᠢᠨ | ᠬᠠᠨᠳᠤᠰᠢ ᠶᠢ ᠣᠨᠣᠪᠴᠢᠲᠠᠢ ᠡᠵᠡᠮᠳᠡᠵᠦ᠂ ᠲᠦᠷᠦᠯ ᠵᠦᠢᠯ ᠢ ᠲᠥᠰᠥᠪᠯᠡᠨ ᠰᠣᠩᠭᠤᠬᠤ ᠶᠢ ᠰᠢᠨᠵᠢᠯᠡᠬᠦ | ᠤᠬᠠᠭᠠᠨᠴᠢ ᠪᠠᠷ ᠰᠦᠪᠡᠭᠴᠢᠯᠡᠨ᠎ᠡ᠃ ᠬᠤᠰᠢᠭᠤᠨ ᠳᠤ ᠬᠠᠷᠢᠶᠠᠯᠠᠭᠳᠠᠬᠤ ᠤᠯᠤᠰ ᠤᠨ ᠥᠮᠴᠢᠯᠡᠯ ᠤᠨ ᠠᠵᠤ | ᠠᠬᠤᠢ ᠶᠢ ᠰᠠᠶᠢᠲᠤᠷ ᠬᠠᠮᠢᠶᠠᠷᠤᠨ ᠬᠡᠷᠡᠭᠯᠡᠵᠦ᠂ ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ ᠰᠤᠯᠠ ᠡᠳ᠋ | ᠬᠥᠷᠥᠩᠭᠡ ᠶᠢ ᠠᠮᠢᠯᠠᠭᠤᠯᠬᠤ᠂ ᠭᠤᠣᠯᠳᠠᠯᠭ᠎ᠠ ᠲᠠᠢ ᠲᠥᠷᠥᠯ ᠵᠦᠢᠯ ᠢ ᠨᠡᠭᠡᠭᠡᠨ ᠬᠥᠭᠵᠢᠭᠦᠯᠵᠦ ᠪᠦᠲᠦᠭᠡᠨ | ᠪᠠᠶᠢᠭᠤᠯᠵᠤ ᠡᠵᠡᠩᠨᠡᠬᠦ ᠳᠤ ᠣᠯᠠᠨ ᠬᠦᠷᠢᠶ᠎ᠡ ᠴᠠᠷᠠᠭ᠎ᠠ᠂ ᠭᠦᠨ ᠲᠠᠰ ᠳᠠᠪᠬᠤᠷᠭ᠎ᠠ ᠪᠠᠷ ᠣᠷᠣᠯᠴᠠᠬᠤ ᠶᠢ ᠢᠳᠡᠪᠬᠢᠲᠡᠢ | ᠳᠡᠮᠵᠢᠨ᠎ᠡ︔ ᠮᠥᠩᠭᠦᠨ ᠭᠦᠢᠯᠭᠡᠭᠡᠨ ᠤ ᠲᠦᠷᠦ ᠶᠢᠨ ᠪᠣᠳᠣᠯᠭ᠎ᠠ ᠶᠢ ᠰᠠᠶᠢᠲᠤᠷ ᠬᠡᠷᠡᠭᠯᠡᠵᠦ᠂ ᠪᠡᠯᠡ ᠮᠥᠩᠭᠦ | ᠴᠤᠭᠯᠠᠭᠤᠯᠬᠤ ᠠᠷᠭ᠎ᠠ ᠪᠠᠷᠢᠯ ᠤᠨ ᠰᠢᠨ᠎ᠡ ᠶᠢ ᠡᠭᠦᠳᠴᠦ᠂ ᠮᠥᠩᠭᠦᠨ ᠭᠦᠢᠯᠭᠡᠭᠡ ᠶᠢ ᠬᠥᠭᠵᠢᠯᠲᠡ ᠶᠢ ᠠᠬᠢᠭᠤᠯᠬᠤ | ᠪᠡᠯᠡ ᠮᠥᠩᠭᠦᠨ ᠤ ᠭᠤᠣᠯ ᠢᠷᠡᠯᠲᠡ ᠪᠣᠯᠭᠠᠨ᠎ᠠ︔ ᠡᠬᠢ ᠪᠠᠶᠠᠯᠢᠭ ᠤᠨ ᠬᠥᠷᠥᠩᠭᠡ ᠶᠢ ᠢᠯᠭᠠᠷᠠᠭᠤᠯᠤᠨ ᠪᠠᠶᠢᠴᠠᠭᠠᠬᠤ | ᠠᠵᠢᠯ ᠢ ᠰᠠᠶᠢᠲᠤᠷ ᠬᠢᠵᠦ᠂ ᠲᠠᠷᠢᠶᠠᠨ ᠭᠠᠵᠠᠷ ᠢ ᠡᠵᠡᠯᠡᠬᠦ ᠪᠠ ᠨᠥᠬᠦᠪᠦᠷᠢᠯᠡᠬᠦ ᠶᠢ ᠲᠡᠩᠴᠡᠭᠦᠷᠢᠲᠡᠢ ᠪᠠᠶᠢᠯᠭᠠᠬᠤ᠂ | ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠤᠨ ᠨᠡᠮᠡᠭᠳᠡᠯ ᠬᠠᠰᠤᠭᠳᠠᠯ ᠢ ᠭᠦᠢᠴᠡᠳᠬᠡᠯ | ᠲᠤᠭ᠎ᠠ ᠲᠠᠢ ᠬᠤᠯᠪᠣᠭᠳᠠᠭᠤᠯᠬᠤ ᠰᠣᠯᠢᠯᠴᠠᠭ᠎ᠠ ᠶᠢ ᠯᠠᠪᠳᠠᠭᠤᠨ ᠢᠶᠠᠷ ᠠᠬᠢᠭᠤᠯᠵᠤ᠂ ᠠᠵᠤ ᠠᠬᠤᠢ ᠨᠡᠶᠢᠭᠡᠮ ᠤᠨ | ᠴᠢᠨᠠᠷ ᠰᠠᠶᠢᠲᠠᠢ ᠬᠥᠭᠵᠢᠯᠲᠡ ᠶᠢᠨ ︽ᠰᠤᠷᠪᠤᠯᠵᠢ ᠠᠮᠢᠵᠢᠷᠠᠯ ᠤᠨ ᠬᠦᠴᠦᠨ︾ ᠢ ᠲᠥᠪᠯᠡᠷᠡᠭᠦᠯᠦᠨ᠎ᠡ᠃ ︽ᠰᠢᠨ᠎ᠡ | ᠳᠦᠷᠢ ᠲᠥᠷᠬᠦ ᠶᠢᠨ ᠢᠨᠵᠧᠨᠧᠷᠢᠩ︾ ᠢ ᠰᠡᠷᠭᠡᠶᠢᠯᠡᠬᠦ ᠪᠠ ᠵᠠᠯᠠᠷᠠᠭᠤᠯᠤᠨ ᠵᠠᠰᠠᠬᠤ ᠲᠤᠬᠠᠢ ᠬᠤᠯᠪᠣᠭᠳᠠᠯ ᠪᠦᠬᠦᠢ | ᠱᠠᠭᠠᠷᠳᠠᠯᠭ᠎ᠠ ᠶᠢ ᠴᠢᠩᠭ᠎ᠠ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠵᠠᠰᠠᠭ ᠤᠨ ᠣᠷᠳᠣᠨ ᠤ ᠪᠡᠯᠡ | ᠣᠷᠣᠭᠤᠯᠤᠯᠲᠠ ᠶᠢᠨ ᠶᠡᠷᠦᠩᠬᠡᠶᠢᠯᠡᠭᠰᠡᠨ ᠦᠷ᠎ᠡ ᠠᠰᠢᠭ ᠢ ᠦᠨᠡᠨ ᠬᠦ ᠪᠠᠲᠤᠯᠠᠨ᠎ᠠ᠃ ᠣᠷᠣᠨ ᠲᠣᠭᠠᠨ ᠠᠴᠠ | ᠭᠠᠳᠠᠨᠠᠬᠢ ᠬᠥᠮᠥᠰ ᠤᠨ ᠬᠡᠪᠴᠢᠶ᠎ᠡ ᠪᠠ ᠵᠠᠷᠤᠳᠠᠯ ᠤᠨ ᠶᠡᠷᠦᠩᠬᠡᠢ ᠬᠡᠮᠵᠢᠶ᠎ᠡ ᠶᠢᠨ ᠬᠤᠣᠰ ᠡᠵᠡᠮᠳᠡᠯ ᠢ ᠴᠢᠩᠭ᠎ᠠ | ᠬᠡᠷᠡᠭᠵᠢᠭᠦᠯᠵᠦ᠂ ᠨᠡᠮᠡᠭᠳᠡᠭᠦᠯᠬᠦ ᠦᠭᠡᠢ᠃ ᠥᠷᠢ ᠥᠭᠴᠡᠭᠡᠨ ᠤ ᠲᠦᠭᠰᠢᠭᠦᠷᠢ ᠶᠢ ᠬᠦᠴᠦᠯᠡᠨ ᠰᠡᠷᠭᠡᠶᠢᠯᠡᠵᠦ᠂ | ᠡᠳ᠋ ᠤᠨ ᠵᠠᠰᠠᠭ ᠤᠨ ᠲᠦᠷ ᠴᠠᠭ ᠤᠨ ᠲᠣᠭᠠᠴᠠᠭ᠎ᠠ ᠶᠢᠨ ᠬᠠᠮᠢᠶᠠᠷᠤᠯᠲᠠ ᠶᠢ ᠦᠨᠡᠨᠬᠦ ᠴᠢᠩᠭᠠᠳᠬᠠᠵᠤ᠂ | ᠬᠠᠳᠠᠭᠠᠯᠠᠯᠲᠠ ᠶᠢᠨ ᠬᠡᠮᠵᠢᠶ᠎ᠡ ᠶᠢ ᠢᠳᠡᠪᠬᠢᠲᠡᠢ ᠪᠠᠷ ᠰᠢᠩᠭᠡᠭᠡᠵᠦ᠂ ᠨᠡᠮᠡᠭᠳᠡᠯ ᠤᠨ ᠬᠡᠮᠵᠢᠶ᠎ᠡ ᠶᠢ ᠪᠦᠲᠦᠮᠵᠢᠲᠡᠶ ᠪᠠᠷ | ᠬᠤᠷᠢᠭᠯᠠᠵᠤ᠂ ᠣᠷᠣᠨ ᠪᠦᠰᠡ ᠶᠢᠨ ᠴᠢᠨᠠᠷᠲᠠᠢ ᠰᠢᠰᠲ᠋ᠧᠮ ᠤᠨ ᠴᠢᠨᠠᠷᠲᠠᠢ ᠲᠦᠭᠰᠢᠭᠦᠷᠢ ᠦᠯᠦ ᠭᠠᠷᠭᠠᠬᠤ ᠬᠢᠵᠠᠭᠠᠷ | ᠱᠤᠭᠤᠮ ᠢ ᠡᠷᠡᠰ ᠰᠠᠬᠢᠨ᠎ᠠ᠃ | ︱︱ ᠠᠶᠤᠯᠭᠦᠢ ᠦᠢᠯᠡᠳᠪᠦᠷᠢᠯᠡᠯ ᠤᠨ ᠠᠵᠢᠯ ᠢ ᠦᠷᠭᠦᠯᠵᠢᠯᠡᠨ ᠴᠢᠩᠭᠠᠳᠬᠠᠨ᠎ᠠ᠃ ︽ᠭᠤᠷᠪᠠᠨ | ᠬᠠᠮᠢᠶᠠᠷᠤᠯᠲᠠ ᠭᠤᠷᠪᠠᠨ ᠡᠷᠬᠡᠪᠰᠢ︾ ᠶᠢᠨ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠠᠶᠤᠯᠭᠦᠢ | ᠦᠢᠯᠡᠳᠪᠦᠷᠢᠯᠡᠯ ᠤᠨ ᠦᠨᠳᠦᠰᠦᠨ ᠠᠴᠠ ᠨᠢ ᠵᠠᠰᠠᠬᠤ ᠪᠡᠷᠬᠡ ᠠᠰᠠᠭᠤᠳᠠᠯ ᠢ ᠰᠢᠢᠳᠪᠦᠷᠢᠯᠡᠬᠦ ᠭᠤᠷᠪᠠᠨ ᠵᠢᠯ ᠤᠨ | ᠠᠵᠢᠯᠯᠠᠭ᠎ᠠ ᠶᠢ ᠪᠦᠬᠦ ᠲᠠᠯ᠎ᠠ ᠪᠠᠷ ᠥᠷᠨᠢᠭᠦᠯᠵᠦ᠂ ᠠᠶᠤᠯᠭᠦᠢ ᠦᠢᠯᠡᠳᠪᠦᠷᠢᠯᠡᠯ ᠤᠨ ᠦᠨᠳᠦᠰᠦᠨ ᠱᠠᠲᠤᠨ ᠤ ᠰᠠᠭᠤᠷᠢ | ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢᠨ ᠣᠨ ᠤ ᠠᠵᠢᠯᠯᠠᠭ᠎ᠠ ᠶᠢ ᠯᠠᠪᠳᠠᠭᠤᠨ ᠪᠠᠲᠤᠲᠠᠢ ᠠᠬᠢᠭᠤᠯᠵᠤ᠂ | ᠠᠶᠤᠯᠭᠦᠢ ᠦᠢᠯᠡᠳᠪᠦᠷᠢᠯᠡᠯ ᠤᠨ ᠶᠡᠭᠡ ᠵᠢᠭᠰᠠᠭᠠᠨ ᠪᠠᠶᠢᠴᠠᠭᠠᠯᠲᠠ ᠶᠡᠭᠡ ᠴᠡᠭᠴᠡᠯᠡᠨ ᠵᠠᠰᠠᠯᠲᠠ ᠶᠢ ᠪᠠᠶᠢᠩᠭᠤᠵᠢᠭᠤᠯᠤᠨ | ᠥᠷᠨᠢᠭᠦᠯᠵᠦ᠂ ᠨᠠᠮ ᠵᠠᠰᠠᠭ ᠤᠳᠤᠷᠢᠳᠬᠤ᠂ ᠰᠠᠯᠠᠭ᠎ᠠ ᠮᠥᠴᠢᠷ ᠬᠢᠨᠠᠨ ᠬᠠᠮᠢᠶᠠᠷᠬᠤ᠂ ᠬᠠᠷᠢᠶ᠎ᠠ ᠣᠷᠣᠨ ᠬᠠᠮᠢᠶᠠᠷᠬᠤ᠂ | ᠠᠵᠤ ᠠᠬᠤᠶᠢᠯᠠᠯ ᠭᠤᠣᠯ ᠴᠣᠭᠴᠠ ᠶᠢᠨ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠨᠡᠭᠦᠷᠡᠰᠦᠨ ᠤ ᠪᠤᠰᠤ ᠠᠭᠤᠷᠬᠠᠢ | ᠂ ᠠᠶᠤᠯᠲᠠᠢ ᠬᠢᠮᠢ ᠶᠢᠨ ᠪᠣᠳᠠᠰ᠂ ᠵᠠᠮ ᠬᠠᠷᠢᠯᠴᠠᠭ᠎ᠠ ᠵᠡᠷᠭᠡ ᠭᠤᠣᠯᠳᠠᠯᠭ᠎ᠠ ᠲᠠᠢ ᠠᠵᠢᠯ ᠲᠥᠷᠥᠯ ᠤᠨ ᠬᠦᠷᠢᠶ᠎ᠡ | ᠴᠠᠷᠠᠭ᠎ᠠ ᠶᠢᠨ ᠲᠦᠭᠰᠢᠭᠦᠷᠢ ᠶᠢ ᠢᠯᠭᠠᠨ ᠲᠠᠨᠢᠬᠤ ᠶᠢ ᠬᠦᠴᠦᠯᠡᠨ ᠠᠬᠢᠭᠤᠯᠵᠤ᠂ ᠠᠰᠠᠭᠤᠳᠠᠯ ᠪᠠ ᠳᠠᠯᠳᠠ ᠬᠡᠮ ᠢ | ᠵᠢᠭᠰᠠᠭᠠᠨ ᠪᠠᠶᠢᠴᠠᠭᠠᠬᠤ ᠪᠠ ᠴᠡᠭᠴᠡᠯᠡᠨ ᠰᠠᠶᠢᠵᠢᠷᠠᠭᠤᠯᠬᠤ ᠠᠵᠢᠯ ᠢ ᠪᠥᠬᠦ ᠲᠠᠯ᠎ᠠ ᠪᠠᠷ ᠰᠠᠶᠢᠲᠤᠷ ᠬᠢᠨ᠎ᠡ᠃ ︽ | ᠭᠤᠷᠪᠠᠨ ᠲᠥᠪ᠂ ᠬᠤᠶᠠᠷ ᠰᠠᠭᠤᠷᠢᠨ ᠭᠠᠵᠠᠷ︾ ᠪᠠ ᠭᠠᠯ ᠤᠨᠲᠠᠷᠠᠭᠠᠬᠤ ᠠᠪᠤᠷᠠᠨ ᠲᠤᠰᠠᠯᠠᠬᠤ ᠥᠷᠲᠡᠭᠡ ᠶᠢᠨ | ᠪᠦᠲᠦᠭᠡᠨ ᠪᠠᠶᠢᠭᠤᠯᠤᠯᠲᠠ ᠶᠢ ᠯᠠᠪᠳᠠᠭᠤᠨ ᠪᠠᠲᠤᠲᠠᠢ ᠠᠬᠢᠭᠤᠯᠵᠤ᠂ ᠦᠨᠳᠦᠰᠦᠨ ᠱᠠᠲᠤᠨ ᠤ ᠶᠡᠷᠦᠩᠬᠡᠶᠢᠯᠡᠭᠰᠡᠨ | ᠴᠢᠨᠠᠷᠲᠠᠢ ᠲᠤᠰᠬᠠᠢ ᠲᠤᠰᠢᠶᠠᠯᠲᠤ ᠪᠠᠴᠢᠮ ᠪᠠᠶᠢᠳᠠᠯ ᠢ ᠠᠷᠭᠠᠴᠠᠭᠠᠨ ᠠᠪᠤᠷᠠᠨ ᠲᠤᠰᠠᠯᠠᠬᠤ ᠠᠩᠭᠢ ᠶᠢ ᠵᠣᠬᠢᠶᠠᠨ | ᠪᠠᠶᠢᠭᠤᠯᠵᠤ᠂ ᠪᠥᠬᠦ ᠬᠤᠰᠢᠭᠤᠨ ᠤ ᠭᠠᠮᠰᠢᠭ ᠢ ᠰᠡᠷᠭᠡᠶᠢᠯᠡᠨ ᠭᠠᠮᠰᠢᠭ ᠢ ᠪᠠᠭᠠᠰᠬᠠᠬᠤ ᠪᠠ ᠪᠠᠴᠢᠮ ᠪᠠᠶᠢᠳᠠᠯ ᠢ | ᠠᠷᠭᠠᠴᠠᠭᠠᠨ ᠠᠪᠤᠷᠠᠨ ᠲᠤᠰᠠᠯᠠᠬᠤ ᠴᠢᠳᠠᠪᠤᠷᠢ ᠶᠢ ᠦᠨᠡᠨᠬᠦ ᠳᠡᠭᠡᠭᠰᠢᠯᠡᠭᠦᠯᠦᠨ᠎ᠡ᠃ | ︱︱ ᠨᠡᠶᠢᠭᠡᠮ ᠤᠨ ᠵᠠᠰᠠᠯᠲᠠ ᠶᠢᠨ ᠦᠷ᠎ᠡ ᠪᠦᠲᠦᠮᠵᠢ ᠶᠢ ᠪᠦᠲᠦᠮᠵᠢᠲᠡᠢ ᠳᠡᠭᠡᠭᠰᠢᠯᠡᠭᠦᠯᠦᠨ᠎ᠡ᠃ ᠵᠥᠷᠢᠴᠡᠯ | ᠵᠢᠭᠤᠷᠠᠯᠳᠤᠭᠠᠨ ᠢ ᠦᠷᠭᠦᠯᠵᠢᠯᠡᠨ ᠵᠢᠭᠰᠠᠭᠠᠨ ᠪᠠᠶᠢᠴᠠᠭᠠᠬᠤ ᠶᠢ ᠴᠢᠩᠭᠠᠳᠬᠠᠵᠤ᠂ ᠬᠠᠷ᠎ᠠ ᠪᠦᠯᠦᠭᠲᠡᠨ ᠬᠠᠷᠭᠢᠰ | ᠬᠦᠴᠦᠨ ᠢ ᠠᠷᠢᠯᠭᠠᠬᠤ ᠪᠠᠶᠢᠩᠭᠤ ᠶᠢᠨ ᠠᠵᠢᠯ᠂ ᠬᠦᠨᠳᠦ ᠨᠣᠴᠢᠲᠠᠢ ᠡᠷᠡᠭᠦᠦ ᠶᠢᠨ ᠶᠠᠯᠠᠲᠤ ᠬᠡᠷᠡᠭ ᠤᠨ ᠪᠡᠷᠬᠡ | ᠠᠰᠠᠭᠤᠳᠠᠯ ᠢ ᠰᠢᠢᠳᠪᠦᠷᠢᠯᠡᠬᠦ ᠠᠵᠢᠯ᠂ ᠡᠳ᠋ ᠬᠥᠷᠥᠩᠭᠡ ᠳᠤ ᠬᠠᠯᠳᠠᠭᠰᠠᠨ ᠤᠯᠠᠮᠵᠢᠯᠠᠯᠲᠤ ᠶᠠᠯᠠᠲᠤ ᠠᠵᠢᠯᠯᠠᠭ᠎ᠠ ᠳᠤ | ᠴᠣᠬᠢᠯᠲᠠ ᠥᠭᠬᠦ ᠠᠷᠠᠳ ᠤᠨ ᠠᠮᠢᠳᠤᠷᠠᠯ ᠤᠨ ᠠᠵᠢᠯ ᠢ ᠰᠠᠶᠢᠲᠤᠷ ᠬᠢᠨ᠎ᠡ᠃ ᠢᠳᠡᠭᠡᠨ ᠤ ᠵᠦᠢᠯ ᠡᠮ ᠤᠨ ᠵᠦᠢᠯ ᠤᠨ | ᠠᠮᠤᠷ ᠲᠦᠪᠰᠢᠨ ᠤ ᠰᠡᠷᠭᠡᠶᠢᠯᠡᠯᠲᠡ ᠶᠢᠨ ᠱᠤᠭᠤᠮ ᠢ ᠦᠷᠭᠦᠯᠵᠢᠯᠡᠨ ᠪᠠᠬᠢᠵᠢᠭᠦᠯᠵᠦ᠂ ᠠᠷᠠᠳ ᠤᠯᠠᠨ ᠤ ︽ᠢᠳᠡᠭᠡᠨ | ᠤᠮᠳᠠᠭᠠᠨ ᠤ ᠠᠮᠤᠷ ᠲᠦᠪᠰᠢᠨ︾ ᠢ ᠦᠨᠡᠨᠬᠦ ᠪᠠᠲᠤᠯᠠᠨ᠎ᠠ᠃ ᠣᠶᠤᠨᠲᠤ ᠳᠣᠲᠣᠭᠠᠳᠤ ᠶᠢ ᠬᠠᠮᠠᠭᠠᠯᠠᠬᠤ | ᠪᠠᠶᠢᠭᠤᠯᠤᠯᠲᠠ ᠶᠢᠨ ᠬᠦᠴᠦᠯᠡᠴᠡ ᠶᠢ ᠨᠡᠮᠡᠭᠳᠡᠭᠦᠯᠵᠦ᠂ ᠨᠡᠶᠢᠭᠡᠮ ᠤᠨ ᠠᠮᠤᠷ ᠲᠦᠪᠰᠢᠨ ᠤ ᠰᠡᠷᠭᠡᠶᠢᠯᠡᠨ ᠡᠵᠡᠮᠳᠡᠬᠦ | ᠲᠣᠭᠲᠠᠯᠴᠠᠭ᠎ᠠ ᠶᠢ ᠲᠡᠭᠦᠯᠳᠡᠷᠵᠢᠭᠦᠯᠵᠦ᠂ ᠪᠠᠶᠢᠴᠠᠭᠠᠬᠤ ᠥᠷᠲᠡᠭᠡ᠂ ᠸᠢᠳᠢᠤ᠋ ᠬᠢᠨᠠᠨ ᠡᠵᠡᠮᠳᠡᠯ᠂ ᠣᠶᠤᠨᠲᠤ ᠠᠮᠤᠷ | ᠲᠦᠪᠰᠢᠨ ᠤ ᠰᠡᠷᠭᠡᠶᠢᠯᠡᠯᠲᠡ ᠶᠢᠨ ᠲᠣᠭᠤᠷᠢᠭ ᠵᠡᠷᠭᠡ ᠭᠤᠣᠯᠳᠠᠯᠭ᠎ᠠ ᠲᠠᠢ ᠲᠥᠷᠥᠯ ᠵᠦᠢᠯ ᠤᠨ ᠪᠦᠲᠦᠭᠡᠨ | ᠪᠠᠶᠢᠭᠤᠯᠤᠯᠲᠠ ᠶᠢ ᠪᠡᠶᠡᠯᠡᠭᠦᠯᠦᠨ᠎ᠡ᠃ 12345 ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠰᠢᠭᠤᠳ | ᠤᠲᠠᠰᠤᠨ ᠤ ᠠᠵᠢᠯ ᠤᠨ ᠬᠠᠭᠤᠳᠠᠰᠤ ᠶᠢ ᠬᠢᠨᠠᠮᠠᠭᠠᠢ ᠰᠢᠢᠳᠪᠦᠷᠢᠯᠡᠵᠦ᠂ ᠤᠯᠠᠨ ᠲᠦᠮᠡᠨ ᠤ ᠬᠦᠰᠡᠯ ᠱᠠᠭᠠᠷᠳᠠᠯᠭ᠎ᠠ ᠶᠢ | ᠴᠠᠭ ᠲᠤᠬᠠᠢ ᠳᠤᠨᠢ ᠰᠢᠢᠳᠪᠦᠷᠢᠯᠡᠨ᠎ᠡ᠃ ᠰᠢᠨ᠎ᠡ ᠴᠠᠭ ᠦᠶ᠎ᠡ ᠶᠢᠨ ︽ᠹᠧᠩ ᠴᠢᠶᠣᠣ ᠶᠢᠨ ᠲᠤᠷᠰᠢᠯᠭ᠎ᠠ︾ ᠶᠢ | ᠪᠠᠷᠢᠮᠲᠠᠯᠠᠨ ᠬᠥᠭᠵᠢᠭᠦᠯᠵᠦ᠂ ᠵᠠᠬᠢᠳᠠᠯ ᠰᠣᠷᠪᠤᠯᠵᠢᠯᠠᠭ᠎ᠠ ᠶᠢᠨ ᠣᠷᠣᠯᠠᠨ ᠭᠦᠢᠴᠡᠳᠬᠡᠬᠦ ᠳᠦᠷᠢᠮ ᠢ ᠴᠢᠩᠭ᠎ᠠ | ᠬᠡᠷᠡᠭᠵᠢᠭᠦᠯᠵᠦ᠂ ᠵᠠᠬᠢᠳᠠᠯ ᠰᠣᠷᠪᠤᠯᠵᠢᠯᠠᠭ᠎ᠠ ᠶᠢᠨ ᠬᠠᠤᠯᠢ ᠪᠠᠷ ᠵᠠᠰᠠᠬᠤ ᠪᠠᠶᠢᠭᠤᠯᠤᠯᠲᠠ ᠶᠢ ᠠᠬᠢᠭᠤᠯᠵᠤ᠂ ︽ᠪᠥᠬᠦ | ᠤᠯᠤᠰ ᠤᠨ ᠵᠠᠬᠢᠳᠠᠯ ᠰᠣᠷᠪᠤᠯᠵᠢᠯᠠᠭ᠎ᠠ ᠶᠢᠨ ᠠᠵᠢᠯ ᠤᠨ ᠵᠢᠱᠢᠶ᠎ᠡ ᠦᠵᠡᠭᠦᠯᠬᠦ ᠰᠢᠶᠠᠨ︾ ᠢ ᠴᠢᠷᠮᠠᠶᠢᠨ ᠴᠣᠭᠴᠠᠯᠠᠨ᠎ᠠ᠃ | ᠬᠠᠤᠯᠢ ᠴᠠᠭᠠᠵᠠ ᠶᠢᠨ ᠶᠡᠷᠦ ᠶᠢᠨ ᠮᠡᠳᠡᠯᠭᠡ ᠶᠢ ᠲᠦᠭᠡᠮᠡᠯᠵᠢᠭᠦᠯᠬᠦ ᠵᠠᠰᠠᠯᠲᠠ ᠶᠢ ᠦᠷᠭᠦᠯᠵᠢᠯᠡᠨ ᠴᠢᠩᠭᠠᠳᠬᠠᠵᠤ᠂ | ᠵᠥᠷᠢᠴᠡᠯ ᠵᠢᠭᠤᠷᠠᠯᠳᠤᠭᠠᠨ ᠢ ᠵᠢᠭᠰᠠᠭᠠᠨ ᠪᠠᠶᠢᠴᠠᠭᠠᠵᠤ ᠨᠠᠮᠳᠠᠭᠤᠯᠬᠤ ᠶᠢ ᠴᠢᠩᠭᠠᠳᠬᠠᠨ᠎ᠠ᠃ ᠳᠤᠮᠳᠠᠳᠤ ᠶᠢᠨ | ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠭᠤᠣᠯ ᠰᠢᠵᠢᠮ ᠢ ᠪᠠᠲᠤ ᠡᠵᠡᠮᠳᠡᠵᠦ | ᠂ ︽ᠵᠢᠱᠢᠶᠡᠴᠢ ᠥᠪᠡᠷᠲᠡᠭᠡᠨ ᠵᠠᠰᠠᠬᠤ ᠣᠷᠣᠨ︾ ᠢ ᠪᠦᠬᠦ ᠲᠠᠯ᠎ᠠ ᠪᠠᠷ ᠪᠦᠲᠦᠭᠡᠨ ᠪᠠᠶᠢᠭᠤᠯᠬᠤ ᠳᠤ ᠠᠩᠬᠠᠷᠤᠯ ᠢᠶᠠᠨ | ᠲᠥᠪᠯᠡᠷᠡᠭᠦᠯᠵᠦ᠂ ᠪᠦᠬᠦ ᠤᠯᠤᠰ ᠤᠨ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢᠨ ᠵᠢᠱᠢᠶ᠎ᠡ ᠦᠵᠡᠭᠦᠯᠬᠦ | ᠬᠤᠰᠢᠭᠤ ᠶᠢ ᠴᠢᠷᠮᠠᠶᠢᠨ ᠴᠣᠭᠴᠠᠯᠠᠨ᠎ᠠ᠃ | | |