ᠳᠤᠮᠳᠠᠳᠤ ᠤᠯᠤᠰ ᠤᠨ ᠠᠷᠠᠳ ᠤᠨ ᠤᠯᠤᠰ ᠲᠥᠷᠥ ᠶᠢᠨ ᠵᠥᠪᠯᠡᠯᠭᠡᠨ ᠤ ᠬᠡᠰᠢᠭᠲᠡᠨ ᠬᠤᠰᠢᠭᠤᠨ ᠤ ᠠᠷᠪᠠᠨ ᠨᠢᠭᠡᠳᠦᠭᠡᠷ ᠬᠤᠭᠤᠴᠠᠭᠠᠨ ᠤ ᠬᠤᠷᠢᠶ᠎ᠠ ᠶᠢᠨ ᠪᠠᠶᠢᠩᠭᠤ ᠶᠢᠨ ᠬᠤᠷᠢᠶ᠎ᠠ ᠶᠢᠨ ᠰᠠᠨᠠᠯ ᠵᠥᠪᠯᠡᠯᠭᠡ ᠶᠢᠨ ᠠᠵᠢᠯ ᠤᠨ ᠮᠡᠳᠡᠭᠦᠯᠦᠯᠲᠡ
ᠨᠡᠶᠢᠲᠡᠯᠡᠭᠰᠡᠨ ᠴᠠᠭ᠄
2024/2/2
—— 2024 ᠣᠨ ᠤ 1 ᠰᠠᠷ᠎ᠠ ᠶᠢᠨ 24 ᠤ ᠡᠳᠦᠷ ᠤᠯᠤᠰ ᠲᠥᠷᠥ ᠶᠢᠨ ᠵᠥᠪᠯᠡᠯᠭᠡᠨ ᠤ ᠬᠡᠰᠢᠭᠲᠡᠨ ᠬᠤᠰᠢᠭᠤᠨ ᠤ ᠠᠷᠪᠠᠨ ᠨᠢᠭᠡᠳᠦᠭᠡᠷ ᠬᠤᠭᠤᠴᠠᠭᠠᠨ ᠤ ᠬᠤᠷᠢᠶ᠎ᠠ ᠶᠢᠨ ᠭᠤᠷᠪᠠᠳᠤᠭᠠᠷ ᠤᠳᠠᠭᠠᠨ ᠤ ᠬᠤᠷᠠᠯᠳᠤᠭᠠᠨ ᠳᠡᠭᠡᠷ᠎ᠡ                                        ᠸᠠᠩ ᠦ᠋ ᠭᠡᠰᠢᠭᠦᠳ ᠠ᠋᠂ ᠨᠥᠬᠦᠳ ᠠ᠋᠄      ᠪᠢ ᠤᠯᠤᠰ ᠲᠦᠷᠦ ᠶᠢᠨ ᠵᠥᠪᠯᠡᠯᠭᠡᠨ ᠤ ᠬᠡᠰᠢᠭᠲᠡᠨ ᠬᠤᠰᠢᠭᠤᠨ ᠤ ᠠᠷᠪᠠᠨ ᠨᠢᠭᠡᠳᠦᠭᠡᠷ ᠬᠤᠭᠤᠴᠠᠭᠠᠨ ᠤ ᠬᠤᠷᠢᠶ᠎ᠠ  ᠶᠢᠨ ᠪᠠᠶᠢᠩᠭᠤ ᠶᠢᠨ ᠬᠤᠷᠢᠶ᠎ᠠ ᠶᠢᠨ ᠨᠠᠶᠢᠳᠠᠯᠭ᠎ᠠ ᠪᠠᠷ ᠶᠡᠭᠡ ᠬᠤᠷᠠᠯ ᠳᠤ ᠠᠷᠪᠠᠨ ᠨᠢᠭᠡᠳᠦᠭᠡᠷ ᠬᠤᠭᠤᠴᠠᠭᠠᠨ ᠤ ᠬᠤᠶᠠᠳᠤᠭᠠᠷ ᠤᠳᠠᠭᠠᠨ ᠤ ᠬᠤᠷᠠᠯᠳᠤᠭᠠᠨ ᠠᠴᠠ ᠨᠠᠰᠢᠬᠢ ᠰᠠᠨᠠᠯ ᠵᠥᠪᠯᠡᠯᠭᠡ ᠶᠢᠨ ᠠᠵᠢᠯ ᠤᠨ ᠪᠠᠶᠢᠳᠠᠯ ᠤᠨ ᠲᠤᠬᠠᠢ ᠮᠡᠳᠡᠭᠦᠯᠦᠯᠲᠡ ᠬᠢᠶ᠎ᠠ᠂ ᠬᠢᠨᠠᠨ ᠵᠥᠪᠯᠡᠬᠦ ᠪᠣᠯᠪᠠᠤ᠃ ᠡᠭᠦᠨ ᠤ ᠬᠠᠮᠲᠤ ᠬᠤᠷᠠᠯ ᠳᠤ ᠰᠤᠯᠠ ᠣᠷᠣᠯᠴᠠᠭᠰᠠᠨ ᠨᠥᠬᠦᠳ ᠰᠠᠨᠠᠯ ᠢᠶᠠᠨ ᠳᠤᠷᠠᠳᠬᠤ ᠪᠣᠯᠪᠠᠤ᠃      ᠨᠢᠭᠡ᠂ ᠰᠠᠨᠠᠯ ᠵᠦᠪᠯᠡᠯᠭᠡ ᠶᠢ ᠰᠢᠢᠳᠪᠦᠷᠢᠯᠡᠭᠰᠡᠨ ᠪᠠᠶᠢᠳᠠᠯ      ᠠᠷᠪᠠᠨ ᠨᠢᠭᠡᠳᠦᠭᠡᠷ ᠬᠤᠭᠤᠴᠠᠭᠠᠨ ᠤ ᠬᠤᠶᠠᠳᠤᠭᠠᠷ ᠤᠳᠠᠭᠠᠨ ᠤ ᠬᠤᠷᠠᠯᠳᠤᠭᠠᠨ ᠠᠴᠠ ᠨᠠᠰᠢ᠂ ᠥᠷᠭᠡᠨ ᠣᠯᠠᠨ ᠤᠯᠤᠰ ᠲᠥᠷᠥ ᠶᠢᠨ ᠵᠥᠪᠯᠡᠯᠭᠡᠨ ᠤ ᠭᠡᠰᠢᠭᠦᠨ᠂ ᠤᠯᠤᠰ ᠲᠥᠷᠥ ᠶᠢᠨ ᠵᠥᠪᠯᠡᠯᠭᠡᠨ ᠤ ᠡᠯ᠎ᠡ ᠤᠷᠤᠯᠴᠠᠭᠴᠢ ᠨᠢᠭᠡᠴᠡ ᠪᠠ ᠲᠤᠰᠬᠠᠢ ᠺᠣᠮᠢᠰ ᠨᠢ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠬᠤ ᠶᠢ ᠪᠠᠷᠢᠮᠲᠠᠯᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ︽ᠲᠠᠪᠤ ᠶᠢ ᠨᠢᠭᠡ ᠴᠣᠭᠴᠠᠵᠢᠭᠤᠯᠬᠤ︾ ᠶᠡᠷᠦᠩᠬᠡᠢ ᠪᠠᠶᠢᠷᠢᠰᠢᠭᠤᠯᠤᠯᠲᠠ ᠶᠢ ᠨᠢᠭᠡᠳᠦᠯᠲᠡᠢ ᠲᠥᠯᠥᠪᠵᠢᠭᠦᠯᠦᠨ ᠠᠬᠢᠭᠤᠯᠬᠤ ᠪᠠ ︽ᠲᠦᠷᠪᠡᠨ ᠪᠦᠬᠦ ᠲᠠᠯ᠎ᠠ︾ ᠶᠢᠨ ᠪᠠᠶᠢᠯᠳᠤᠬᠤ ᠪᠣᠳᠣᠯᠭ᠎ᠠ ᠶᠢᠨ ᠪᠠᠶᠢᠷᠢᠰᠢᠭᠤᠯᠤᠯᠲᠠ ᠶᠢ ᠵᠣᠬᠢᠴᠠᠭᠤᠯᠤᠨ ᠠᠬᠢᠭᠤᠯᠬᠤ ᠱᠠᠭᠠᠷᠳᠠᠯᠭ᠎ᠠ ᠶᠣᠰᠣᠭᠠᠷ᠂ ︽ᠤᠯᠤᠰ  ᠤᠨ ᠶᠡᠭᠡ ᠶᠠᠪᠤᠳᠠᠯ︾᠂ ᠠᠷᠠᠳ ᠤᠨ ᠠᠩᠬᠠᠷᠤᠯ ᠲᠠᠯᠪᠢᠵᠤ ᠪᠠᠶᠢᠭ᠎ᠠ ᠠᠰᠠᠭᠤᠳᠠᠯ ᠲᠠᠢ ᠨᠢᠭᠲᠠ ᠤᠶᠠᠯᠳᠤᠭᠤᠯᠤᠨ ᠰᠠᠨᠠᠯ ᠵᠦᠪᠯᠡᠯᠭᠡ ᠳᠤᠷᠠᠳᠴᠤ᠂ ᠦᠨᠡᠨ ᠢ ᠬᠡᠯᠡᠵᠦ᠂ ᠪᠣᠳᠠᠲᠠᠢ ᠠᠷᠭ᠎ᠠ ᠤᠬᠠᠭᠠᠨ ᠭᠠᠷᠭᠠᠨ᠂ ᠬᠠᠮᠲᠤ ᠶᠢᠨ ᠲᠠᠨᠢᠯᠲᠠ ᠶᠢ ᠲᠦᠪᠯᠡᠷᠡᠭᠦᠯᠪᠡ᠃ ᠨᠡᠶᠢᠳᠠ 74 ᠬᠤᠪᠢ ᠰᠠᠨᠠᠯ ᠵᠥᠪᠯᠡᠯᠭᠡ ᠶᠢ ᠭᠥᠯᠢᠶᠡᠨ ᠠᠪᠴᠤ᠂ ᠠᠭᠤᠯᠭ᠎ᠠ ᠨᠢ ᠳᠠᠪᠬᠤᠷᠳᠠᠭᠰᠠᠨ ᠪᠠ ᠠᠳᠠᠯᠢᠪᠲᠤᠷ 12 ᠬᠤᠪᠢ ᠰᠠᠨᠠᠯ ᠵᠥᠪᠯᠡᠯᠭᠡ ᠶᠢ ᠨᠡᠶᠢᠯᠡᠭᠦᠯᠦᠨ ᠰᠢᠢᠳᠪᠦᠷᠢᠯᠡᠵᠦ᠂ 62 ᠬᠤᠪᠢ ᠰᠠᠨᠠᠯ ᠵᠥᠪᠯᠡᠯᠭᠡ ᠶᠢ ᠬᠡᠷᠡᠭ ᠪᠣᠯᠭᠠᠨ ᠳᠠᠩᠰᠠᠯᠠᠵᠤ᠂ ᠬᠡᠷᠡᠭ ᠪᠣᠯᠭᠠᠨ ᠳᠠᠩᠰᠠᠯᠠᠭᠰᠠᠨ ᠨᠤᠷᠮ᠎ᠠ ᠨᠢ 100% ᠳᠤ ᠬᠦᠷᠴᠡᠢ᠃ 2023 ᠣᠨ ᠤ 11 ᠰᠠᠷ᠎ᠠ ᠪᠣᠯᠲᠠᠯ᠎ᠠ᠂ ᠰᠠᠨᠠᠯ ᠵᠦᠪᠯᠡᠯᠭᠡ ᠶᠢ ᠨᠢᠭᠡᠨᠲᠡ ᠰᠢᠢᠳᠪᠦᠷᠢᠯᠡᠨ ᠬᠠᠷᠢᠭᠤᠯᠲᠠ ᠥᠭᠴᠦ ᠳᠠᠭᠤᠰᠬᠠᠭᠠᠳ᠂ ᠰᠢᠢᠳᠪᠦᠷᠢᠯᠡᠭᠰᠡᠨ ᠬᠠᠷᠢᠭᠤᠯᠲᠠ ᠶᠢ ᠨᠡᠶᠢᠲᠡ 95 ᠬᠤᠪᠢ ᠬᠤᠷᠢᠶᠠᠨ ᠣᠯᠵᠠᠢ᠃ ᠰᠢᠢᠳᠪᠦᠷᠢᠯᠡᠭᠰᠡᠨ ᠪᠠᠶᠢᠳᠠᠯ ᠠᠴᠠ ᠦᠵᠡᠪᠡᠯ᠂ ᠳᠤᠷᠠᠳᠤᠭᠰᠠᠨ ᠰᠠᠨᠠᠯ ᠰᠠᠨᠠᠭᠤᠯᠭ᠎ᠠ ᠶᠢ ᠨᠢᠭᠡᠨᠲᠡ ᠰᠢᠢᠳᠪᠦᠷᠢᠯᠡᠭᠰᠡᠨ ᠪᠠ ᠦᠨᠳᠦᠰᠦᠨ ᠳᠡᠭᠡᠨ ᠰᠢᠢᠳᠪᠦᠷᠢᠯᠡᠭᠰᠡᠨ  ᠨᠢ 56 ᠬᠤᠪᠢ ᠪᠠᠶᠢᠵᠤ᠂ 90% ᠶᠢ ᠡᠵᠡᠯᠡᠪᠡ︔ ᠤᠳᠤ ᠶᠠᠭ ᠰᠢᠢᠳᠪᠦᠷᠢᠯᠡᠵᠦ ᠪᠠᠶᠢᠭ᠎ᠠ ᠪᠠ ᠠᠯᠬᠤᠮ ᠠᠯᠬᠤᠮ ᠢᠶᠠᠷ ᠰᠢᠢᠳᠪᠦᠷᠢᠯᠡᠬᠦ ᠪᠠᠷ ᠲᠥᠯᠥᠪᠯᠡᠵᠦ ᠪᠠᠶᠢᠭ᠎ᠠ ᠨᠢ 4 ᠵᠦᠢᠯ ᠪᠠᠶᠢᠵᠤ᠂ 7% ᠶᠢ ᠡᠵᠡᠯᠡᠨ᠎ᠡ︔ ᠨᠥᠬᠦᠴᠡᠯ ᠤᠨ ᠬᠢᠵᠠᠭᠠᠷᠯᠠᠯ ᠠᠴᠠ ᠪᠣᠯᠵᠤ ᠲᠦᠷ ᠴᠠᠭ ᠰᠢᠢᠳᠪᠦᠷᠢᠯᠡᠬᠦ ᠳᠤ ᠪᠡᠷᠬᠡᠲᠡᠢ ᠪᠥᠭᠡᠳ ᠲᠣᠳᠣᠷᠬᠠᠶᠢᠯᠠᠯᠲᠠ ᠬᠢᠭᠰᠡᠨ ᠨᠢ 2 ᠬᠤᠪᠢ ᠪᠠᠶᠢᠵᠤ᠂ 3% ᠶᠢ ᠡᠵᠡᠯᠡᠨ᠎ᠡ᠃ ᠰᠠᠨᠠᠯ ᠵᠦᠪᠯᠡᠯᠭᠡ ᠶᠢ ᠳᠤᠷᠠᠳᠤᠭᠰᠠᠨ ᠪᠠ ᠰᠢᠢᠳᠪᠦᠷᠢᠯᠡᠭᠰᠡᠨ ᠬᠤᠶᠠᠷ ᠲᠠᠯ᠎ᠠ ᠪᠠᠷ ᠢᠶᠠᠨ ᠦᠨᠡᠯᠡᠨ ᠶᠠᠷᠢᠯᠴᠠᠬᠤ ᠪᠠᠷ ᠳᠠᠮᠵᠢᠭᠠᠳ᠂ ᠰᠠᠨᠠᠯ ᠵᠥᠪᠯᠡᠯᠭᠡ ᠶᠢ ᠰᠢᠢᠳᠪᠦᠷᠢᠯᠡᠭᠰᠡᠨ ᠬᠠᠨᠤᠮᠵᠢ ᠶᠢᠨ ᠨᠣᠷᠮ᠎ᠠ 98% ᠳᠤ ᠬᠦᠷᠪᠡ᠃ ᠰᠠᠨᠠᠯ ᠵᠥᠪᠯᠡᠯᠭᠡ ᠶᠢᠨ ᠦᠷ᠎ᠡ ᠪᠦᠲᠦᠭᠡᠯ ᠢ ᠪᠦᠲᠦᠮᠵᠢᠲᠡᠶ ᠬᠡᠷᠡᠭᠯᠡᠵᠦ᠂ ᠨᠠᠮ ᠵᠠᠰᠠᠭ ᠤᠨ ᠰᠢᠢᠳᠪᠦᠷᠢᠲᠦ ᠪᠣᠳᠣᠯᠭ᠎ᠠ ᠲᠣᠭᠲᠠᠭᠠᠬᠤ ᠳᠤ ᠦᠢᠯᠡᠴᠢᠯᠡᠬᠦ᠂ ᠦᠵᠡᠯ ᠰᠠᠨᠠᠭᠠᠨ ᠤ ᠬᠠᠮᠲᠤ ᠶᠢᠨ ᠲᠠᠨᠢᠯᠲᠠ ᠶᠢ ᠨᠢᠭᠲᠠᠷᠠᠭᠤᠯᠬᠤ᠂ ᠠᠵᠢᠯ ᠤᠨ ᠨᠠᠶᠢᠳᠠᠪᠤᠷᠢᠵᠢᠭᠤᠯᠤᠯᠲᠠ ᠶᠢ ᠲᠦᠯᠬᠢᠨ ᠠᠬᠢᠭᠤᠯᠬᠤ ᠳᠤ ᠢᠳᠡᠪᠬᠢᠲᠡᠢ ᠦᠢᠯᠡᠳᠦᠯ ᠦᠵᠡᠭᠦᠯᠪᠡ᠃      ︵ᠨᠢᠭᠡ︶ ᠠᠵᠤ ᠦᠢᠯᠡᠰ ᠤᠨ ᠲᠠᠰ ᠳᠡᠪᠰᠢᠬᠦ ᠶᠢ ᠠᠬᠢᠭᠤᠯᠬᠤ ᠳᠤ ᠠᠩᠬᠠᠷᠤᠯ ᠢᠶᠠᠨ ᠲᠥᠪᠯᠡᠷᠡᠭᠦᠯᠵᠦ᠂ ᠠᠵᠤ ᠠᠬᠤᠢ ᠶᠢᠨ ᠡᠷᠡᠭᠦᠯ ᠢᠶᠠᠷ ᠬᠥᠭᠵᠢᠬᠦ ᠶᠢ ᠪᠡᠶᠡᠯᠡᠭᠦᠯᠬᠦ ᠶᠢᠨ ᠲᠥᠯᠥᠭᠡ ᠥᠷᠭᠡᠨ ᠢᠶᠠᠷ ᠰᠠᠨᠠᠯ ᠰᠠᠨᠠᠭᠤᠯᠭ᠎ᠠ ᠳᠤᠷᠠᠳᠪᠠ᠃ ᠭᠡᠰᠢᠭᠦᠳ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠪᠠᠷ ᠰᠠᠨᠠᠯ ᠵᠦᠪᠯᠡᠯᠭᠡ ᠶᠢᠨ ᠠᠵᠢᠯ ᠤᠨ ᠡᠬᠢᠯᠡᠯᠲᠡ ᠶᠢᠨ ᠴᠡᠭ ᠪᠣᠯᠭᠠᠵᠤ᠂ ᠣᠷᠣᠨ ᠨᠤᠲᠤᠭ ᠤᠨ ᠣᠨᠴᠠᠯᠢᠭ ᠲᠠᠢ ᠨᠡᠷᠡᠳᠦ ᠲᠡᠮᠳᠡᠭᠲᠦ ᠶᠢ ᠬᠥᠭᠵᠢᠭᠦᠯᠬᠦ᠂ ᠠᠵᠤ ᠦᠢᠯᠡᠳᠪᠦᠷᠢ ᠶᠢᠨ ᠠᠵᠤ ᠠᠬᠤᠢ ᠶᠢ ᠪᠣᠬᠢᠷᠲᠤᠯ ᠦᠭᠡᠢ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠴᠢᠭᠯᠡᠯ ᠢᠶᠠᠷ ᠬᠥᠭᠵᠢᠭᠦᠯᠬᠦ᠂ ᠮᠠᠯ ᠲᠠᠷᠢᠶᠠᠯᠠᠩ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ᠶᠠᠰᠤ ᠴᠢᠨᠠᠷ ᠢ ᠳᠡᠭᠡᠭᠰᠢᠯᠡᠭᠦᠯᠬᠦ ᠵᠡᠷᠭᠡ ᠰᠠᠨᠠᠯ ᠵᠦᠪᠯᠡᠯᠭᠡ ᠶᠢ ᠳᠤᠷᠠᠳᠴᠠᠢ᠃ ᠣᠷᠣᠨ ᠪᠦᠰᠡ ᠶᠢᠨ ᠨᠠᠷᠠᠲᠤ ᠲᠡᠮᠳᠡᠭᠲᠦ ᠶᠢᠨ ᠪᠠᠶᠢᠭᠤᠯᠤᠯᠲᠠ ᠶᠢ ᠤᠯᠠᠮ ᠨᠢᠭᠡ ᠠᠯᠬᠤᠮ ᠴᠢᠩᠭᠠᠳᠬᠠᠵᠤ᠂ ᠴᠢᠨᠠᠷ ᠰᠠᠶᠢᠲᠠᠢ ᠬᠥᠭᠵᠢᠯᠲᠡ ᠳᠤ ᠬᠦᠴᠦᠨ ᠨᠡᠮᠡᠷᠢᠯᠡᠬᠦ ᠲᠤᠬᠠᠢ ᠰᠠᠨᠠᠯ ᠵᠦᠪᠯᠡᠯᠭᠡ ᠳᠤ᠂ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠢᠨ ᠢᠳᠡᠪᠬᠢᠲᠡᠢ ᠪᠠᠷ ᠰᠠᠨᠠᠯ ᠢ ᠭᠥᠯᠢᠶᠡᠨ ᠠᠪᠴᠤ᠂ ᠨᠠᠷᠠᠲᠤ ᠲᠡᠮᠳᠡᠭᠲᠦ ᠶᠢᠨ ᠪᠠᠶᠢᠭᠤᠯᠤᠯᠲᠠ ᠶᠢ ᠴᠢᠬᠤᠯᠠᠴᠢᠯᠠᠨ᠂ ︽ᠬᠡᠰᠢᠭᠲᠡᠨ︾ ︽ᠮᠦᠷᠡᠨ ᠤ ᠵᠢᠭᠤᠯᠴᠢᠯᠠᠯ ᠤᠨ ᠪᠡᠯᠡᠭ︾ ︽ᠬᠡᠰᠢᠭᠲᠡᠨ ᠬᠤᠰᠢᠭᠤᠨ ᠤ ᠶᠤᠤᠮᠠᠢ ᠶᠢᠨ ᠭᠤᠯᠢᠷ︾ ︽ᠬᠡᠰᠢᠭᠲᠡᠨ ᠤ ᠬᠤᠷᠤᠳ︾ ︽ᠬᠡᠰᠢᠭᠲᠡᠨ ᠬᠤᠰᠢᠭᠤᠨ ᠤ ᠬᠤᠨᠴᠢᠷ︾ ᠵᠡᠷᠭᠡ ᠨᠢᠭᠡ ᠪᠦᠯᠦᠭ ᠥᠪᠡᠷᠮᠢᠴᠡ ᠨᠠᠷᠠᠲᠤ ᠲᠡᠮᠳᠡᠭᠲᠦ ᠶᠢ ᠪᠣᠶ ᠪᠣᠯᠭᠠᠵᠤ᠂ ᠨᠥᠯᠥᠭᠡᠯᠡᠬᠦ ᠬᠦᠴᠦᠨ ᠢ ᠨᠢ ᠢᠳᠡᠭ ᠢᠳᠡᠭ ᠢᠶᠠᠷ ᠴᠢᠩᠭᠠᠷᠠᠭᠤᠯᠪᠠ᠃ ᠠᠵᠤ ᠦᠢᠯᠡᠳᠪᠦᠷᠢ ᠶᠢᠨ ᠠᠵᠤ ᠠᠬᠤᠢ ᠶᠢᠨ ᠪᠣᠬᠢᠷᠲᠤᠯ ᠦᠭᠡᠢ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠬᠥᠭᠵᠢᠯᠲᠡ ᠶᠢ ᠲᠦᠯᠬᠢᠨ ᠠᠬᠢᠭᠤᠯᠬᠤ᠂ ᠠᠵᠤ ᠦᠢᠯᠡᠰ ᠤᠨ ᠬᠡᠯᠪᠡᠷᠢ ᠪᠠᠨ ᠬᠤᠪᠢᠷᠠᠭᠤᠯᠤᠨ ᠳᠡᠰ ᠳᠡᠪᠰᠢᠬᠦ ᠶᠢ ᠠᠬᠢᠭᠤᠯᠬᠤ ᠵᠡᠷᠭᠡ ᠲᠠᠯ᠎ᠠ ᠶᠢᠨ ᠰᠠᠨᠠᠯ ᠵᠦᠪᠯᠡᠯᠭᠡ ᠨᠢ ᠪᠥᠬᠦ ᠬᠤᠰᠢᠭᠤᠨ ᠤ ᠬᠥᠭᠵᠢᠯᠲᠡ ᠶᠢᠨ ᠶᠡᠭᠡ ᠪᠣᠳᠣᠯᠭ᠎ᠠ ᠳᠤ ᠨᠡᠶᠢᠴᠡᠵᠦ᠂ ᠠᠵᠤ ᠦᠢᠯᠡᠰ ᠤᠨ ᠪᠦᠲᠦᠴᠡ ᠶᠢ ᠲᠣᠬᠢᠷᠠᠭᠤᠯᠤᠨ ᠰᠢᠯᠢᠳᠡᠭᠵᠢᠭᠦᠯᠬᠦ ᠪᠠᠷ ᠳᠡᠮᠵᠢᠨ᠂ ᠬᠡᠯᠬᠢᠶᠡᠰᠦ ᠶᠢ ᠤᠷᠲᠤᠳᠬᠠᠨ ᠬᠡᠯᠬᠢᠶᠡᠰᠦ ᠶᠢ ᠨᠥᠬᠦᠪᠦᠷᠢᠯᠡᠵᠦ ᠬᠡᠯᠬᠢᠶᠡᠰᠦ ᠶᠢ ᠬᠦᠴᠦᠷᠬᠡᠭᠵᠢᠭᠦᠯᠦᠨ ᠬᠡᠯᠬᠢᠶᠡᠰᠦ ᠶᠢ ᠪᠣᠶᠢᠵᠢᠭᠤᠯᠬᠤ ᠲᠤᠰᠬᠠᠢ ᠠᠵᠢᠯᠯᠠᠭ᠎ᠠ ᠶᠢ ᠭᠦᠨᠵᠡᠭᠡᠢ ᠥᠷᠨᠢᠭᠦᠯᠵᠦ᠂ ᠰᠢᠨ᠎ᠡ ᠡᠨᠧᠷᠭᠢ ᠬᠢᠭᠡᠳ ᠨᠡᠭᠦᠷᠡᠰᠦ ᠬᠢᠮᠢ ᠶᠢᠨ ᠠᠵᠤ ᠦᠢᠯᠡᠳᠪᠦᠷᠢ ᠶᠢ ᠬᠤᠯᠪᠣᠯᠳᠤᠭᠤᠯᠤᠨ ᠬᠥᠭᠵᠢᠭᠦᠯᠬᠦ᠂ ᠠᠭᠤᠷᠬᠠᠢ ᠶᠢᠨ ᠦᠢᠯᠡᠰ ᠯᠦᠭᠡ ᠠᠭᠤᠰᠤᠯᠴᠠᠭᠤᠯᠤᠨ ᠬᠥᠭᠵᠢᠭᠦᠯᠬᠦ ᠵᠡᠷᠭᠡ ᠲᠥᠷᠥᠯ ᠵᠦᠢᠯ ᠢ ᠪᠥᠬᠦ ᠬᠦᠴᠦᠨ ᠢᠶᠠᠷ ᠢᠶᠠᠨ ᠣᠷᠣᠭᠤᠯᠤᠨ ᠠᠪᠴᠢᠷᠠᠵᠤ᠂ ᠪᠥᠬᠦ ᠬᠤᠰᠢᠭᠤᠨ ᠤ ᠪᠠᠶᠢᠯᠳᠤᠬᠤ ᠪᠣᠳᠣᠯᠭ᠎ᠠ ᠶᠢᠨ ᠴᠢᠨᠠᠷᠲᠠᠢ ᠰᠢᠨ᠎ᠡ ᠪᠠᠷ ᠬᠥᠭᠵᠢᠭᠰᠡᠨ ᠠᠵᠤ ᠦᠢᠯᠡᠰ ᠤᠨ ᠴᠣᠭᠯᠠᠷᠠᠯ ᠢ ᠪᠤᠢ ᠪᠤᠯᠭᠠᠪᠠ᠃      ︵ᠬᠤᠶᠠᠷ︶ ᠬᠤᠲᠠ ᠪᠠᠯᠭᠠᠰᠤ ᠶᠢᠨ ᠶᠠᠰᠤ ᠴᠢᠨᠠᠷ ᠢ ᠳᠡᠭᠡᠭᠰᠢᠯᠡᠭᠦᠯᠬᠦ ᠲᠠᠢ ᠨᠢᠭᠲᠠ ᠤᠶᠠᠯᠳᠤᠭᠤᠯᠤᠨ᠂ ᠠᠮᠢ ᠠᠬᠤᠢ ᠰᠠᠶᠢᠨ᠂ ᠣᠷᠤᠰᠢᠨ ᠰᠠᠭᠤᠷᠢᠰᠢᠬᠤ ᠳᠤ ᠲᠣᠬᠢᠷᠠᠮᠵᠢᠲᠠᠢ ᠬᠤᠲᠠ ᠶᠢ ᠪᠦᠲᠦᠭᠡᠨ ᠪᠠᠶᠢᠭᠤᠯᠬᠤ ᠳᠤ ᠣᠶᠤᠨ ᠤᠬᠠᠭᠠᠨ ᠢ ᠥᠷᠭᠡᠨ ᠢᠶᠠᠷ ᠲᠦᠪᠯᠡᠷᠡᠭᠦᠯᠪᠡ᠃ ᠭᠡᠰᠢᠭᠦᠳ ᠬᠤᠳᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢ ᠰᠠᠨᠠᠯ ᠵᠥᠪᠯᠡᠯᠭᠡ ᠶᠢᠨ ᠠᠵᠢᠯ ᠤᠨ ᠠᠩᠬᠠᠷᠤᠯ ᠤᠨ ᠴᠡᠭ ᠪᠣᠯᠭᠠᠵᠤ᠂ ᠠᠮᠢᠳᠤᠷᠠᠯ ᠤᠨ ᠬᠤᠭ ᠨᠣᠪᠰᠢ ᠶᠢ ᠰᠢᠢᠳᠪᠦᠷᠢᠯᠡᠬᠦ ᠶᠢ ᠵᠢᠷᠤᠮᠵᠢᠭᠤᠯᠬᠤ᠂ ᠪᠠᠯᠭᠠᠰᠤᠨ ᠲᠤᠭᠤᠷᠢᠭ ᠤᠨ ᠵᠠᠮ ᠬᠠᠷᠢᠯᠴᠠᠭᠠᠨ ᠤ ᠡᠮᠬᠢ ᠵᠢᠷᠤᠮ ᠢ ᠰᠠᠶᠢᠵᠢᠷᠠᠭᠤᠯᠬᠤ᠂ ᠰᠠᠭᠤᠭᠠᠯᠢ ᠲᠣᠭᠤᠷᠢᠭ ᠤᠨ ᠴᠡᠴᠡᠷᠯᠢᠭ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠬᠤ ᠵᠡᠷᠭᠡ ᠰᠠᠨᠠᠯ ᠵᠥᠪᠯᠡᠯᠭᠡ ᠶᠢ ᠳᠤᠷᠠᠳᠴᠠᠢ᠃ ᠬᠤᠲᠠ ᠪᠠᠯᠭᠠᠰᠤᠨ ᠤ ᠵᠠᠮ ᠬᠠᠷᠢᠯᠴᠠᠭᠠᠨ ᠤ ᠠᠮᠤᠷ ᠲᠦᠪᠰᠢᠨ ᠤ ᠬᠠᠮᠢᠶᠠᠷᠤᠯᠲᠠ ᠶᠢ ᠴᠢᠩᠭᠠᠳᠬᠠᠬᠤ ᠲᠤᠬᠠᠢ ᠰᠠᠨᠠᠯ ᠵᠦᠪᠯᠡᠯᠭᠡ ᠳᠤ ᠬᠤᠯᠪᠣᠭᠳᠠᠯ ᠪᠦᠬᠦᠢ ᠨᠢᠭᠡᠴᠡ ᠰᠠᠯᠠᠭ᠎ᠠ ᠮᠥᠴᠢᠷ ᠤᠨ ᠡᠭᠦᠷᠭᠡ ᠴᠢᠳᠠᠪᠤᠷᠢ ᠳᠤ ᠰᠠᠭᠤᠷᠢᠯᠠᠨ᠂ ᠪᠠᠶᠢᠭᠤᠯᠬᠤ ᠪᠠ ᠬᠠᠮᠢᠶᠠᠷᠬᠤ ᠶᠢ ᠵᠡᠷᠭᠡᠪᠡᠷ ᠴᠢᠩᠭᠠᠳᠬᠠᠵᠤ᠂ ᠪᠠᠯᠭᠠᠰᠤᠨ ᠤ ᠳᠣᠲᠣᠷᠠᠬᠢ ᠵᠠᠮ ᠬᠠᠷᠢᠯᠴᠠᠭᠠᠨ ᠤ ᠳᠤᠬᠢᠶᠠᠨ ᠳ᠋ᠧᠩ ᠢ ᠠᠯᠬᠤᠮ ᠠᠯᠬᠤᠮ ᠢᠶᠠᠷ ᠲᠡᠭᠦᠯᠳᠡᠷᠵᠢᠭᠦᠯᠵᠦ᠂ ᠵᠠᠮ ᠬᠠᠷᠢᠯᠴᠠᠭᠠᠨ ᠤ ᠬᠠᠮᠢᠶᠠᠷᠤᠨ ᠡᠵᠡᠮᠳᠡᠬᠦ ᠡᠷᠴᠢᠮ ᠢ ᠴᠢᠩᠭᠠᠷᠠᠭᠤᠯᠤᠨ᠂ ᠶᠠᠪᠠᠭᠠᠨ ᠬᠦᠮᠦᠨ᠂ ᠮᠠᠰᠢᠨ ᠲᠡᠷᠭᠡ ᠪᠠ ᠮᠠᠰᠢᠨ ᠪᠤᠰᠤ ᠲᠡᠷᠭᠡᠨ ᠤ ᠵᠠᠮ ᠬᠠᠷᠢᠯᠴᠠᠭᠠᠨ ᠤ ᠠᠵᠢᠯᠯᠠᠭ᠎ᠠ ᠶᠢ ᠤᠯᠠᠮ ᠴᠢᠨᠠᠭᠰᠢᠳᠠ ᠵᠢᠷᠤᠮᠵᠢᠭᠤᠯᠵᠤ᠂ ᠪᠦᠭᠦ ᠬᠤᠰᠢᠭᠤᠨ ᠤ ᠵᠠᠮ ᠬᠠᠷᠢᠯᠴᠠᠭᠠᠨ ᠤ ᠡᠮᠬᠢ ᠵᠢᠷᠤᠮ ᠦᠷᠭᠦᠯᠵᠢᠯᠡᠨ ᠰᠠᠶᠢᠵᠢᠷᠠᠪᠠ᠃ ᠣᠷᠣᠰᠢᠨ ᠰᠠᠭᠤᠬᠤ ᠳᠤ ᠲᠣᠬᠢᠷᠠᠮᠵᠢᠲᠠᠢ ᠣᠶᠤᠨᠲᠤ ᠬᠤᠲᠠ ᠪᠠᠯᠭᠠᠰᠤ ᠶᠢ ᠪᠠᠶᠢᠭᠤᠯᠬᠤ᠂ ᠬᠤᠭ ᠨᠣᠪᠰᠢ ᠶᠢ ᠰᠢᠢᠳᠪᠦᠷᠢᠯᠡᠬᠦ ᠶᠢ ᠵᠢᠷᠤᠮᠵᠢᠭᠤᠯᠬᠤ ᠵᠡᠷᠭᠡ ᠲᠠᠯ᠎ᠠ ᠶᠢᠨ ᠰᠠᠨᠠᠯ ᠵᠦᠪᠯᠡᠯᠭᠡ ᠶᠢ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠢᠨ ᠨᠠᠷᠢᠨ ᠬᠢᠨᠠᠮᠠᠭᠠᠢ ᠰᠤᠳᠤᠯᠵᠤ᠂ ᠬᠠᠭᠤᠴᠢᠨ ᠰᠠᠭᠤᠭᠠᠯᠢ ᠲᠣᠭᠤᠷᠢᠭ ᠢ ᠥᠭᠡᠷᠡᠴᠢᠯᠡᠬᠦ᠂ ᠵᠢᠵᠢᠭ ᠴᠡᠴᠡᠷᠯᠢᠭ ᠪᠠᠶᠢᠭᠤᠯᠬᠤ᠂ ᠨᠡᠶᠢᠲᠡ ᠶᠢᠨ ᠵᠣᠷᠯᠣᠩ ᠨᠡᠮᠡᠬᠦ᠂ ᠬᠤᠭ ᠨᠣᠪᠰᠢ ᠶᠢ ᠲᠥᠷᠥᠯ ᠬᠤᠪᠢᠶᠠᠬᠤ ᠬᠠᠶᠢᠷᠴᠠᠭ ᠲᠠᠯᠪᠢᠬᠤ ᠵᠡᠷᠭᠡ ᠠᠷᠭ᠎ᠠ ᠬᠡᠮᠵᠢᠶ᠎ᠡ ᠪᠠᠷ ᠳᠠᠮᠵᠢᠭᠤᠯᠤᠨ᠂ ᠮᠠᠨ ᠤ ᠬᠤᠰᠢᠭᠤᠨ ᠤ ᠬᠤᠲᠠ ᠪᠠᠯᠭᠠᠰᠤ ᠶᠢᠨ ᠣᠷᠣᠰᠢᠨ ᠰᠠᠭᠤᠬᠤ ᠳᠤ ᠲᠣᠬᠢᠷᠠᠮᠵᠢᠲᠠᠢ ᠬᠢᠷᠢ ᠬᠡᠮᠵᠢᠶ᠎ᠡ ᠶᠢ ᠲᠠᠰᠤᠷᠠᠯᠲᠠ ᠦᠭᠡᠢ ᠳᠡᠭᠡᠭᠰᠢᠯᠡᠭᠦᠯᠪᠡ᠃      ︵ᠭᠤᠷᠪᠠ︶ ᠠᠷᠠᠳ ᠤᠨ ᠠᠮᠢᠳᠤᠷᠠᠯ ᠤᠨ ᠬᠠᠷᠠᠭᠠᠯᠵᠠᠯ ᠢ ᠰᠠᠶᠢᠵᠢᠷᠠᠭᠤᠯᠬᠤ ᠪᠠᠷ ᠬᠦᠴᠦᠯᠡᠨ ᠴᠢᠷᠮᠠᠶᠢᠵᠤ᠂ ᠣᠯᠠᠨ ᠲᠦᠮᠡᠨ ᠤ ᠵᠣᠯ ᠵᠢᠷᠭᠠᠯ ᠤᠨ ᠵᠢᠭᠠᠯᠲᠠ ᠲᠤᠭ᠎ᠠ ᠶᠢ ᠳᠡᠭᠡᠭᠰᠢᠯᠡᠭᠦᠯᠬᠦ ᠳᠤ ᠪᠣᠳᠠᠲᠠᠢ ᠠᠷᠭ᠎ᠠ ᠬᠡᠮᠵᠢᠶ᠎ᠡ ᠶᠢ ᠥᠷᠭᠡᠨ ᠢᠶᠠᠷ ᠬᠡᠷᠡᠭᠯᠡᠪᠡ᠃ ᠭᠡᠰᠢᠭᠦᠳ ᠠᠷᠠᠳ ᠤᠨ ᠠᠮᠢᠳᠤᠷᠠᠯ ᠢ ᠰᠠᠶᠢᠵᠢᠷᠠᠭᠤᠯᠬᠤ ᠶᠠᠪᠤᠳᠠᠯ ᠢ ᠰᠠᠨᠠᠯ ᠵᠥᠪᠯᠡᠯᠭᠡ ᠶᠢᠨ ᠠᠵᠢᠯ ᠤᠨ ᠲᠤᠰᠤᠯᠲᠠ ᠶᠢᠨ ᠴᠡᠭ ᠪᠣᠯᠭᠠᠵᠤ᠂ ᠡᠮᠴᠢᠯᠡᠭᠡ ᠡᠷᠡᠭᠦᠯᠵᠢᠯ ᠰᠤᠪᠢᠯᠠᠯᠲᠠ ᠶᠢ ᠤᠶᠠᠯᠳᠤᠭᠤᠯᠤᠭᠰᠠᠨ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠰᠢᠰᠲ᠋ᠧᠮ ᠤᠨ ᠪᠠᠶᠢᠭᠤᠯᠤᠯᠲᠠ ᠶᠢ ᠠᠬᠢᠭᠤᠯᠬᠤ᠂ ᠬᠥᠳᠡᠭᠡ ᠲᠣᠰᠬᠤᠨ ᠤ ᠭᠡᠷ ᠢᠶᠠᠨ ᠰᠠᠬᠢᠵᠤ ᠬᠤᠴᠣᠷᠤᠭᠰᠠᠨ ᠨᠠᠰᠤᠲᠠᠨ ᠪᠠ ᠬᠡᠦᠬᠡᠳ ᠢ ᠬᠠᠯᠠᠮᠵᠢᠯᠠᠨ ᠬᠠᠶᠢᠷᠠᠯᠠᠬᠤ᠂ ᠵᠠᠯᠠᠭᠤᠴᠤᠳ ᠪᠠᠭᠠᠴᠤᠳ ᠤᠨ ᠰᠡᠳᠬᠢᠴᠡ ᠶᠢᠨ ᠡᠷᠡᠭᠦᠯ ᠮᠡᠨᠳᠦ ᠶᠢ ᠴᠢᠩᠭᠠᠳᠬᠠᠬᠤ ᠵᠡᠷᠭᠡ ᠰᠠᠨᠠᠯ ᠵᠥᠪᠯᠡᠯᠭᠡ ᠶᠢ ᠳᠤᠷᠠᠳᠤᠨ ᠭᠠᠷᠭᠠᠪᠠ᠃ ᠨᠡᠶᠢᠭᠡᠮ ᠲᠣᠭᠤᠷᠢᠭ ᠤᠨ ᠭᠡᠷ ᠲᠡᠭᠡᠨ ᠠᠵᠤ ᠲᠦᠷᠦᠵᠦ ᠪᠠᠶᠢᠭ᠎ᠠ ᠨᠠᠰᠤᠲᠠᠶᠢᠴᠤᠳ ᠢ ᠠᠰᠠᠷᠠᠬᠤ ᠦᠢᠯᠡᠴᠢᠯᠡᠭᠡᠨ ᠤ ᠲᠣᠭᠳᠠᠯᠴᠠᠭᠠᠨ ᠤ ᠪᠠᠶᠢᠭᠤᠯᠤᠯᠲᠠ ᠶᠢ ᠲᠡᠭᠦᠯᠳᠡᠷᠵᠢᠭᠦᠯᠬᠦ ᠲᠤᠬᠠᠢ ᠰᠠᠨᠠᠯ ᠵᠦᠪᠯᠡᠯᠭᠡ ᠨᠢ ᠬᠤᠰᠢᠭᠤᠨ ᠤ ᠨᠠᠮ ᠤᠨ ᠬᠤᠷᠢᠶ᠎ᠠ ᠵᠠᠰᠠᠭ ᠤᠨ ᠣᠷᠳᠣᠨ ᠤ ᠲᠥᠯᠦᠪᠵᠢᠭᠦᠯᠭᠡ ᠳᠤ ᠨᠡᠶᠢᠴᠡᠵᠦ᠂ ᠠᠷᠠᠳ ᠤᠨ ᠶᠠᠪᠤᠳᠠᠯ ᠤᠨ ᠰᠠᠯᠠᠭ᠎ᠠ ᠮᠥᠴᠢᠷ ᠰᠠᠨᠠᠯ ᠵᠦᠪᠯᠡᠯᠭᠡ ᠶᠢᠨ ᠠᠭᠤᠯᠭ᠎ᠠ ᠪᠠ ᠠᠵᠢᠯ ᠤᠨ ᠪᠣᠳᠠᠲᠠᠢ ᠲᠠᠢ ᠪᠠᠨ ᠤᠶᠠᠯᠳᠤᠭᠤᠯᠤᠨ᠂ ︽ᠬᠡᠰᠢᠭᠲᠡᠨ ᠬᠤᠰᠢᠭᠤᠨ ᠤ ᠦᠨᠳᠦᠰᠦᠨ ᠨᠠᠰᠤᠵᠢᠯ ᠤᠨ ᠦᠢᠯᠡᠴᠢᠯᠡᠭᠡᠨ ᠤ ᠬᠠᠭᠤᠳᠠᠰᠤ︾ ᠶᠢ ᠲᠣᠭᠲᠠᠭᠠᠨ ᠲᠠᠷᠬᠠᠭᠠᠵᠤ᠂ ᠪᠠᠲᠤᠯᠠᠭ᠎ᠠ ᠶᠢᠨ ᠣᠷᠣᠯᠭ᠎ᠠ ᠶᠢ ᠨᠡᠮᠡᠭᠳᠡᠭᠦᠯᠬᠦ ᠪᠠ ᠦᠢᠯᠡᠴᠢᠯᠡᠭᠡᠨ ᠤ ᠲᠤᠭᠳᠠᠯᠴᠠᠭ᠎ᠠ ᠶᠢ ᠪᠦᠷᠢᠨᠰᠢᠭᠦᠯᠬᠦ ᠬᠤᠶᠠᠷ ᠲᠠᠯ᠎ᠠ ᠪᠠᠷ ᠳᠠᠮᠵᠢᠭᠤᠯᠤᠨ᠂ ᠨᠡᠶᠢᠭᠡᠮ ᠲᠣᠭᠤᠷᠢᠭ ᠤᠨ ᠭᠡᠷ ᠲᠡᠭᠡᠨ ᠠᠵᠤ ᠲᠦᠷᠦᠵᠦ ᠪᠠᠶᠢᠭ᠎ᠠ ᠨᠠᠰᠤᠲᠠᠶᠢᠴᠤᠳ ᠢ ᠠᠰᠠᠷᠠᠬᠤ ᠳᠤ ᠳᠡᠮᠵᠢᠯᠭᠡ ᠦᠵᠡᠭᠦᠯᠪᠡ᠃ ᠨᠠᠰᠤᠨ ᠳᠤ ᠥᠯᠥ ᠭᠦᠷᠦᠭᠰᠡᠳ ᠤᠨ ᠰᠡᠳᠬᠢᠴᠡ ᠶᠢᠨ ᠡᠷᠡᠭᠦᠯ ᠮᠡᠨᠳᠦ ᠶᠢᠨ ᠲᠤᠭᠳᠠᠯᠴᠠᠭ᠎ᠠ ᠶᠢ ᠪᠠᠶᠢᠭᠤᠯᠬᠤ᠂ ᠳᠤᠮᠳᠠᠳᠤ ᠪᠠᠭ᠎ᠠ ᠰᠤᠷᠭᠠᠭᠤᠯᠢ ᠶᠢᠨ ᠦᠵᠡᠯ ᠰᠠᠨᠠᠭ᠎ᠠ ᠤᠯᠤᠰ ᠲᠥᠷᠥ ᠶᠢᠨ ᠬᠥᠮᠦᠵᠢᠯ ᠢ ᠴᠢᠩᠭᠠᠳᠬᠠᠬᠤ ᠵᠡᠷᠭᠡ ᠲᠠᠯ᠎ᠠ ᠶᠢᠨ ᠰᠠᠨᠠᠯ ᠵᠦᠪᠯᠡᠯᠭᠡ ᠳᠤ᠂ ᠬᠤᠰᠢᠭᠤᠨ ᠤ ᠰᠤᠷᠭᠠᠨ ᠬᠥᠮᠦᠵᠢᠯ ᠤᠨ ᠰᠠᠯᠠᠭ᠎ᠠ ᠮᠥᠴᠢᠷ ︽ᠬᠡᠰᠢᠭᠲᠡᠨ ᠬᠤᠰᠢᠭᠤᠨ ᠤ ᠰᠤᠷᠭᠠᠨ ᠬᠥᠮᠦᠵᠢᠯ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠠᠵᠢᠯᠯᠠᠭᠠᠨ ᠤ ᠲᠥᠯᠥᠪᠯᠡᠭᠡ︾ ᠶᠢ ᠴᠢᠩᠭ᠎ᠠ ᠨᠠᠶᠢᠳᠠᠪᠤᠷᠢᠵᠢᠭᠤᠯᠵᠤ᠂ ᠰᠤᠷᠭᠠᠭᠤᠯᠢ ᠶᠢᠨ ᠬᠦᠷᠢᠶᠡᠨ ᠤ ᠠᠵᠢᠯᠯᠠᠭ᠎ᠠ ᠶᠢ ᠪᠠᠶᠠᠯᠢᠭᠵᠢᠭᠤᠯᠬᠤ᠂ ᠪᠠᠭᠰᠢ ᠶᠢᠨ ᠨᠢᠭᠡ ᠴᠣᠭᠴᠠᠵᠢᠭᠤᠯᠬᠤ ᠪᠠᠶᠢᠭᠤᠯᠤᠯᠲᠠ ᠶᠢ ᠴᠢᠩᠭᠠᠳᠬᠠᠬᠤ᠂ ᠭᠡᠷ ᠪᠦᠯᠢ ᠪᠠ ᠰᠤᠷᠭᠠᠭᠤᠯᠢ ᠶᠢᠨ ᠬᠠᠮᠲᠤ ᠪᠠᠷ ᠪᠠᠶᠢᠭᠤᠯᠵᠤ ᠬᠠᠮᠲᠤ ᠪᠠᠷ ᠬᠦᠮᠦᠵᠢᠭᠦᠯᠬᠦ ᠶᠢ ᠭᠦᠨᠵᠡᠭᠡᠶᠢᠷᠡᠭᠦᠯᠬᠦ ᠵᠡᠷᠭᠡ ᠠᠷᠭ᠎ᠠ ᠬᠡᠮᠵᠢᠶ᠎ᠡ ᠪᠠᠷ ᠳᠠᠮᠵᠢᠭᠤᠯᠤᠨ᠂ ᠵᠠᠯᠠᠭᠤᠴᠤᠳ ᠪᠠᠭᠠᠴᠤᠳ ᠤᠨ ᠪᠡᠶ᠎ᠡ ᠰᠡᠳᠬᠢᠯ ᠤᠨ ᠡᠷᠡᠭᠦᠯ ᠢᠶᠠᠷ ᠬᠥᠭᠵᠢᠬᠦ ᠶᠢ ᠪᠡᠶᠡᠯᠡᠭᠦᠯᠪᠡ᠃      ︵ᠳᠥᠷᠪᠡ︶ ᠵᠠᠰᠠᠯᠲᠠ ᠶᠢᠨ ᠲᠣᠭᠳᠠᠯᠴᠠᠭ᠎ᠠ ᠶᠢ ᠲᠡᠭᠦᠯᠳᠡᠷᠵᠢᠭᠦᠯᠬᠦ ᠶᠢ ᠪᠣᠳᠣᠯᠬᠢᠯᠠᠵᠤ᠂ ᠬᠠᠮᠲᠤ ᠪᠠᠷ ᠪᠠᠶᠢᠭᠤᠯᠬᠤ ᠬᠠᠮᠲᠤ ᠪᠠᠷ ᠵᠠᠰᠠᠬᠤ ᠬᠠᠮᠲᠤ ᠪᠠᠷ ᠡᠳ᠋ᠯᠡᠬᠦ ᠶᠢ ᠭᠦᠨᠵᠡᠭᠡᠶᠢᠷᠡᠭᠦᠯᠬᠦ ᠳᠤ ᠰᠠᠶᠢᠨ ᠠᠷᠭ᠎ᠠ ᠪᠣᠳᠣᠯᠭ᠎ᠠ ᠶᠢ ᠥᠷᠭᠡᠨ ᠢᠶᠠᠷ ᠳᠡᠪᠰᠢᠭᠦᠯᠪᠡ᠃ ᠭᠡᠰᠢᠭᠦᠳ ᠨᠡᠶᠢᠭᠡᠮ ᠤᠨ ᠵᠠᠰᠠᠯᠲᠠ ᠶᠢᠨ ᠦᠷ᠎ᠡ ᠪᠦᠲᠦᠮᠵᠢ ᠶᠢ ᠳᠡᠭᠡᠭᠰᠢᠯᠡᠭᠦᠯᠬᠦ ᠶᠠᠪᠤᠳᠠᠯ ᠢ ᠰᠠᠨᠠᠯ ᠵᠥᠪᠯᠡᠯᠭᠡ ᠶᠢᠨ ᠠᠵᠢᠯ ᠤᠨ ᠭᠠᠷᠳᠠᠬᠤ ᠴᠡᠭ ᠪᠣᠯᠭᠠᠵᠤ᠂ ᠪᠠᠴᠢᠮ ᠪᠠᠶᠢᠳᠠᠯ ᠢ ᠠᠷᠭᠠᠴᠠᠭᠠᠬᠤ ᠭᠡᠨᠡᠳᠲᠡ ᠶᠢᠨ ᠬᠡᠷᠡᠭ ᠢ ᠰᠢᠢᠳᠪᠦᠷᠢᠯᠡᠬᠦ ᠴᠢᠳᠠᠪᠤᠷᠢ ᠶᠢ ᠳᠡᠭᠡᠭᠰᠢᠯᠡᠭᠦᠯᠬᠦ᠂ ᠦᠨᠳᠦᠰᠦᠨ ᠱᠠᠲᠤᠨ ᠤ ᠵᠠᠰᠠᠯᠲᠠ ᠶᠢ ᠴᠢᠩᠭᠠᠳᠬᠠᠬᠤ᠂ ᠰᠠᠶᠢᠨ ᠳᠤᠷ᠎ᠠ ᠶᠢᠨ ᠦᠢᠯᠡᠴᠢᠯᠡᠭᠡᠨ ᠤ ᠲᠣᠭᠳᠠᠯᠴᠠᠭ᠎ᠠ ᠶᠢ ᠲᠡᠭᠦᠯᠳᠡᠷᠵᠢᠭᠦᠯᠬᠦ ᠵᠡᠷᠭᠡ ᠰᠠᠨᠠᠯ ᠵᠥᠪᠯᠡᠯᠭᠡ ᠶᠢ ᠳᠤᠷᠠᠳᠤᠨ ᠭᠠᠷᠭᠠᠵᠠᠢ᠃ ᠨᠠᠮ ᠤᠨ ᠪᠠᠶᠢᠭᠤᠯᠤᠯᠲᠠ ᠶᠢ ᠴᠢᠩᠭᠠᠳᠬᠠᠵᠤ ᠦᠨᠳᠦᠰᠦᠨ ᠱᠠᠲᠤᠨ ᠤ ᠵᠠᠰᠠᠯᠲᠠ ᠶᠢ ᠬᠥᠲᠥᠯᠥᠨ ᠳᠠᠭᠠᠭᠤᠯᠬᠤ ᠲᠤᠬᠠᠢ ᠰᠠᠨᠠᠯ ᠵᠦᠪᠯᠡᠯᠭᠡ᠂ ᠵᠣᠬᠢᠶᠠᠨ ᠪᠠᠶᠢᠭᠤᠯᠬᠤ ᠰᠠᠯᠠᠭ᠎ᠠ ᠮᠥᠴᠢᠷ ᠤᠨ ᠬᠢᠨ ᠬᠠᠮᠢᠶ᠎ᠠ ᠪᠦᠬᠦᠢ ᠰᠠᠨᠠᠭᠤᠯᠭ᠎ᠠ ᠶᠢ ᠢᠳᠡᠪᠬᠢᠲᠡᠢ ᠬᠦᠯᠢᠶᠡᠨ ᠠᠪᠴᠤ᠂ ᠮᠠᠯᠵᠢᠬᠤ ᠲᠠᠷᠢᠶᠠᠯᠠᠬᠤ ᠣᠷᠣᠨ ᠤ ᠵᠠᠩ ᠳᠠᠳᠬᠠᠯ ᠢ ᠥᠭᠡᠷᠡᠴᠢᠯᠡᠬᠦ ᠶᠢ ᠬᠦᠴᠦᠯᠡᠨ ᠠᠬᠢᠭᠤᠯᠵᠤ᠂ 6 ᠰᠠᠯᠠᠭ᠎ᠠ ᠮᠥᠴᠢᠷ ᠲᠠᠢ ᠬᠠᠮᠲᠤᠷᠠᠨ ︽ᠬᠡᠰᠢᠭᠲᠡᠨ ᠬᠤᠰᠢᠭᠤᠨ ᠤ ᠨᠠᠮ ᠤᠨ ᠪᠠᠶᠢᠭᠤᠯᠤᠯᠲᠠ ᠪᠠᠷ ᠬᠥᠳᠡᠭᠡ ᠲᠣᠰᠬᠤᠨ ᠤ ᠵᠠᠰᠠᠯᠲᠠ ᠶᠢ ᠬᠥᠲᠥᠯᠥᠨ ᠳᠠᠭᠠᠭᠤᠯᠵᠤ ᠬᠤᠪᠢ ᠬᠤᠷᠠᠮᠳᠤᠭᠤᠯᠬᠤ ᠳᠦᠷᠢᠮ ᠤᠨ ᠬᠠᠮᠢᠶᠠᠷᠤᠯᠲᠠ ᠶᠢ ᠬᠡᠷᠡᠭᠵᠢᠭᠦᠯᠬᠦ ᠲᠥᠰᠥᠯ︾ ᠢ ᠳᠠᠷᠤᠮᠠᠯᠯᠠᠨ ᠲᠠᠷᠬᠠᠭᠠᠵᠤ᠂ ᠬᠤᠲᠠ ᠶᠢᠨ ᠨᠡᠶᠢᠭᠡᠮ ᠲᠣᠭᠤᠷᠢᠭ ᠤᠨ ᠬᠦᠷᠢᠶᠡᠨ ᠳᠤ᠂ ᠮᠡᠳᠡᠭᠡ ᠵᠠᠩᠭᠢᠵᠢᠯᠲᠠ ᠪᠠᠷ ᠬᠤᠲᠠ ᠶᠢᠨ ᠦᠨᠳᠦᠰᠦᠨ ᠱᠠᠲᠤᠨ ᠤ ᠵᠠᠰᠠᠯᠲᠠ ᠶᠢ ᠲᠦᠷᠭᠡᠳᠬᠡᠨ᠂ ︽ᠤᠶᠤᠨᠳᠤ ᠶᠢᠩᠴᠠᠩ︾ ︽ᠵᠥᠭᠡᠢ ᠶᠢᠨ ᠡᠭᠦᠷ ᠬᠡᠯᠪᠡᠷᠢᠳᠦ ᠨᠡᠶᠢᠭᠡᠮ ᠲᠣᠭᠤᠷᠢᠭ︾ ︽ᠣᠶᠤᠨᠲᠤ ᠭᠠᠯᠳᠠᠰᠤᠳᠠᠢ ᠷᠠᠰᠢᠶᠠᠨ︾ ᠵᠡᠷᠭᠡ ᠣᠶᠤᠨᠴᠢ ᠲᠠᠪᠴᠠᠩ ᠢ ᠨᠡᠭᠡᠭᠡᠨ ᠬᠥᠭᠵᠢᠭᠦᠯᠵᠦ᠂ ᠨᠠᠮ ᠤᠨ ᠵᠣᠬᠢᠶᠠᠨ ᠪᠠᠶᠢᠭᠤᠯᠤᠯᠲᠠ ᠶᠢᠨ ᠦᠨᠳᠦᠰᠦᠨ ᠱᠠᠲᠤᠨ ᠤ ᠵᠠᠰᠠᠯᠲᠠ ᠳᠠᠬᠢ ᠭᠤᠣᠯᠯᠠᠬᠤ ᠦᠢᠯᠡᠳᠦᠯ ᠢ ᠭᠦᠢᠴᠡᠳ ᠪᠠᠳᠠᠷᠠᠭᠤᠯᠪᠠ᠃ ᠡᠮᠴᠢᠯᠡᠭᠡ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠴᠢᠳᠠᠪᠤᠷᠢ ᠶᠢ ᠳᠡᠭᠡᠭᠰᠢᠯᠡᠭᠦᠯᠬᠦ᠂ ᠳᠠᠬᠢᠨ ᠶᠠᠳᠠᠭᠤᠷᠠᠬᠤ ᠶᠢ ᠰᠡᠷᠭᠡᠶᠢᠯᠡᠬᠦ ᠣᠷᠳᠣ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ ᠪᠠᠶᠢᠭᠤᠯᠬᠤ ᠵᠡᠷᠭᠡ ᠲᠠᠯ᠎ᠠ ᠶᠢᠨ ᠰᠠᠨᠠᠯ ᠵᠦᠪᠯᠡᠯᠭᠡ ᠳᠤ᠂ ᠳᠠᠭᠠᠭᠠᠨ ᠭᠦᠢᠴᠡᠳᠬᠡᠬᠦ ᠨᠢᠭᠡᠴᠡ ᠠᠴᠠ ᠭᠡᠰᠢᠭᠦᠳ ᠤᠨ ᠰᠠᠨᠠᠯ ᠢ ᠢᠳᠡᠪᠬᠢᠲᠡᠢ ᠭᠥᠯᠢᠶᠡᠨ ᠠᠪᠴᠤ᠂ ︽ᠬᠡᠰᠢᠭᠲᠡᠨ ᠬᠤᠰᠢᠭᠤᠨ ᠤ ᠡᠮᠴᠢᠯᠡᠭᠡ ᠡᠷᠡᠭᠦᠯ ᠬᠠᠮᠠᠭᠠᠯᠠᠯ ᠤᠨ ᠬᠠᠮᠲᠤ ᠶᠢᠨ ᠴᠣᠭᠴᠠ ᠶᠢ ᠪᠠᠶᠢᠭᠤᠯᠬᠤ ᠲᠥᠰᠥᠯ︾ ᠢ ᠲᠣᠭᠲᠠᠭᠠᠨ ᠨᠡᠶᠢᠲᠡᠯᠡᠵᠦ᠂ ᠨᠢᠬᠳᠠᠷᠠᠭᠰᠠᠨ ᠬᠡᠯᠪᠡᠷᠢ ᠶᠢᠨ ᠡᠮᠴᠢᠯᠡᠭᠡᠨ ᠤ ᠬᠠᠮᠲᠤ ᠶᠢᠨ ᠴᠣᠭᠴᠠ ᠶᠢ ᠪᠠᠶᠢᠭᠤᠯᠤᠨ᠂ ᠡᠮᠴᠢᠯᠡᠭᠡᠨ ᠤ ᠡᠬᠢ ᠪᠠᠶᠠᠯᠢᠭ ᠤᠨ ᠪᠦᠲᠦᠮᠵᠢᠲᠡᠶ ᠲᠣᠬᠢᠷᠠᠭᠤᠯᠤᠯᠲᠠ ᠶᠢ ᠪᠡᠶᠡᠯᠡᠭᠦᠯᠵᠦ᠂ ᠡᠪᠡᠳᠴᠢᠨ ᠡᠮᠭᠡᠭ ᠢ ᠤᠷᠢᠳᠴᠢᠯᠠᠨ ᠰᠡᠷᠭᠡᠶᠢᠯᠡᠬᠦ ᠪᠠ ᠦᠨᠳᠦᠰᠦᠨ ᠱᠠᠲᠤᠨ ᠤ ᠡᠷᠡᠭᠦᠯ ᠬᠠᠮᠠᠭᠠᠯᠠᠯ ᠤᠨ ᠳᠤᠲᠠᠭᠤᠳᠠᠯ ᠢ ᠨᠥᠬᠦᠪᠦᠷᠢᠯᠡᠪᠡ᠃      ᠬᠤᠶᠠᠷ᠂ ᠰᠠᠨᠠᠯ ᠵᠥᠪᠯᠡᠯᠭᠡ ᠶᠢᠨ ᠠᠵᠢᠯ ᠤᠨ ᠭᠤᠣᠯ ᠠᠷᠭ᠎ᠠ ᠪᠠᠷᠢᠯ      ︵ᠨᠢᠭᠡ︶ ᠤᠯᠤᠰ ᠲᠦᠷᠦ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠰᠠᠨᠠᠯ ᠵᠥᠪᠯᠡᠯᠭᠡ ᠶᠢᠨ ᠠᠵᠢᠯ ᠳᠤ ᠰᠢᠨ᠎ᠡ ᠪᠠᠶᠢᠷᠢᠰᠢᠯ ᠢ ᠪᠤᠢ ᠪᠣᠯᠭᠠᠪᠠ᠃ ᠨᠠᠮ ᠤᠨ ᠰᠠᠨᠠᠯ ᠵᠦᠪᠯᠡᠯᠭᠡ ᠶᠢᠨ ᠠᠵᠢᠯ ᠳᠠᠬᠢ ᠪᠥᠬᠦ ᠲᠠᠯ᠎ᠠ ᠶᠢᠨ ᠤᠳᠤᠷᠢᠳᠤᠯᠭ᠎ᠠ ᠶᠢ ᠪᠠᠷᠢᠮᠲᠠᠯᠠᠬᠤ ᠶᠢᠨ ᠬᠠᠮᠲᠤ᠂ ᠰᠠᠨᠠᠯ ᠵᠦᠪᠯᠡᠯᠭᠡ ᠶᠢᠨ ᠠᠵᠢᠯ ᠢ ᠶᠡᠷᠦᠩᠬᠡᠢ ᠠᠵᠢᠯ ᠤᠨ ᠪᠠᠶᠢᠷᠢᠯᠠᠭᠤᠯᠤᠯᠲᠠ ᠪᠠ ᠴᠢᠬᠤᠯᠠ ᠵᠥᠪᠯᠡᠬᠦ ᠵᠦᠢᠯ ᠳᠡᠭᠡᠨ ᠣᠷᠣᠭᠤᠯᠵᠤ᠂ ᠨᠠᠮ ᠤᠨ ᠲᠥᠪ ᠬᠤᠷᠢᠶ᠎ᠠ ᠶᠢᠨ ᠦᠨᠳᠦᠰᠦᠨ ᠪᠣᠳᠣᠯᠭ᠎ᠠ ᠴᠢᠭᠯᠡᠯᠲᠡ᠂ ᠬᠤᠰᠢᠭᠤᠨ ᠤ ᠨᠠᠮ ᠤᠨ ᠬᠤᠷᠢᠶ᠎ᠠ ᠶᠢᠨ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠰᠠᠨᠠᠯ ᠵᠦᠪᠯᠡᠯᠭᠡ ᠶᠢᠨ ᠠᠵᠢᠯ ᠳᠤ ᠲᠤᠤᠱᠯᠠᠭᠤᠯᠤᠨ ᠨᠠᠶᠢᠳᠠᠪᠤᠷᠢᠵᠢᠭᠤᠯᠬᠤ ᠶᠢ ᠪᠠᠲᠤᠯᠠᠪᠠ᠃ ᠲᠡᠷᠢᠭᠦᠯᠡᠭᠴᠢᠳ ᠤᠨ ᠬᠤᠷᠠᠯᠳᠤᠭᠠᠨ ᠠᠴᠠ ᠭᠤᠣᠯᠳᠠᠯᠭ᠎ᠠ ᠲᠠᠢ ᠰᠠᠨᠠᠯ ᠵᠥᠪᠯᠡᠯᠭᠡ ᠶᠢ ᠬᠢᠨᠠᠨ ᠶᠠᠷᠢᠯᠴᠠᠵᠤ ᠲᠣᠭᠲᠠᠭᠠᠨ᠂ ᠤᠯᠤᠰ ᠲᠦᠷᠦ ᠶᠢᠨ ᠵᠥᠪᠯᠡᠯᠭᠡᠨ ᠤ ᠪᠠᠶᠢᠩᠭᠤ ᠶᠢᠨ ᠬᠤᠷᠢᠶᠠᠨ ᠤ ᠬᠤᠷᠠᠯᠳᠤᠭᠠᠨ ᠠᠴᠠ ᠭᠤᠣᠯᠳᠠᠯᠭ᠎ᠠ ᠲᠠᠢ ᠰᠠᠨᠠᠯ ᠵᠥᠪᠯᠡᠯᠭᠡ ᠶᠢ ᠲᠤᠰᠬᠠᠢ ᠰᠡᠳᠦᠪ ᠢᠶᠠᠷ ᠬᠢᠨᠠᠨ ᠶᠠᠷᠢᠯᠴᠠᠵᠤ᠂ ᠵᠥᠪᠳᠡᠯᠴᠡᠨ ᠰᠢᠢᠳᠪᠦᠷᠢᠯᠡᠵᠦ᠂ ᠰᠠᠨᠠᠯ ᠵᠥᠪᠯᠡᠯᠭᠡ ᠶᠢ ᠤᠯᠤᠰ ᠲᠦᠷᠦ ᠶᠢᠨ ᠲᠠᠯ᠎ᠠ ᠪᠠᠷ ᠬᠡᠯᠪᠡᠶᠢᠬᠦ ᠦᠭᠡᠢ᠂ ᠠᠵᠢᠯ ᠤᠨ ᠲᠠᠯ᠎ᠠ ᠪᠠᠷ ᠦᠵᠡᠯ ᠰᠠᠨᠠᠭ᠎ᠠ ᠤᠯᠤᠰ ᠲᠦᠷᠦ ᠶᠢᠨ ᠵᠢᠯᠣᠭᠤᠳᠤᠯᠭ᠎ᠠ ᠶᠢ ᠴᠢᠩᠭᠠᠳᠬᠠᠬᠤ ᠶᠢ ᠰᠠᠨᠠᠯ ᠵᠦᠪᠯᠡᠯᠭᠡ ᠶᠢᠨ ᠠᠵᠢᠯ ᠳᠤ ᠢᠮᠠᠭᠲᠠ ᠲᠤᠤᠱᠯᠠᠭᠤᠯᠬᠤ ᠶᠢ ᠪᠠᠷᠢᠮᠲᠠᠯᠠᠵᠤ᠂ ᠰᠠᠨᠠᠯ ᠵᠦᠪᠯᠡᠯᠭᠡ ᠶᠢ ᠴᠤᠭᠯᠠᠭᠤᠯᠬᠤ ᠳᠤ ᠤᠯᠤᠰ ᠲᠦᠷᠦ ᠶᠢᠨ ᠴᠢᠭᠯᠡᠯ ᠢ ᠴᠢᠩᠭ᠎ᠠ ᠠᠳᠬᠤᠵᠤ᠂ ᠰᠠᠨᠠᠯ ᠵᠦᠪᠯᠡᠯᠭᠡ ᠳᠤᠷᠠᠳᠬᠤ ᠳᠤ ᠤᠯᠤᠰ ᠲᠦᠷᠦ ᠶᠢᠨ ᠵᠣᠭᠰᠣᠯᠲᠠ ᠶᠢ ᠴᠢᠬᠤᠯᠠᠴᠢᠯᠠᠵᠤ᠂ ᠰᠠᠨᠠᠯ ᠵᠦᠪᠯᠡᠯᠭᠡ ᠶᠢ ᠬᠢᠨᠠᠨ ᠪᠠᠶᠢᠴᠠᠭᠠᠬᠤ ᠳᠤ ᠤᠯᠤᠰ ᠲᠦᠷᠦ ᠶᠢᠨ ᠵᠠᠷᠴᠢᠮ ᠢ ᠴᠢᠩᠭ᠎ᠠ ᠰᠠᠬᠢᠵᠤ᠂ ᠰᠠᠨᠠᠯ ᠵᠦᠪᠯᠡᠯᠭᠡ ᠶᠢ ᠰᠢᠢᠳᠪᠦᠷᠢᠯᠡᠬᠦ ᠳᠤ ᠤᠯᠤᠰ ᠲᠦᠷᠦ ᠶᠢᠨ ᠱᠤᠭᠤᠮ ᠢ ᠪᠠᠷᠢᠮᠲᠠᠯᠠᠵᠤ᠂ ᠰᠠᠨᠠᠯ ᠵᠦᠪᠯᠡᠯᠭᠡ ᠶᠢ ᠵᠥᠪᠯᠡᠬᠦ ᠳᠤ ᠤᠯᠤᠰ ᠲᠦᠷᠦ ᠶᠢᠨ ᠤᠶᠤᠨ ᠤᠬᠠᠭᠠᠨ ᠢ ᠢᠯᠡᠷᠡᠭᠦᠯᠪᠡ᠃      ︵ᠬᠤᠶᠠᠷ︶ ᠪᠣᠶᠢᠵᠢᠭᠤᠯᠵᠤ ᠬᠥᠲᠥᠯᠥᠨ ᠵᠢᠯᠤᠭᠤᠳᠬᠤ ᠪᠠᠨ ᠴᠢᠩᠭᠠᠳᠬᠠᠵᠤ᠂ ᠰᠠᠨᠠᠯ ᠵᠥᠪᠯᠡᠯᠭᠡ ᠶᠢᠨ ᠶᠠᠰᠤ ᠴᠢᠨᠠᠷ ᠢ ᠰᠢᠨ᠎ᠡ ᠳᠡᠭᠲᠡᠷ ᠲᠤ ᠭᠠᠷᠭᠠᠪᠠ᠃ ︽ᠰᠠᠨᠠᠯ ᠵᠥᠪᠯᠡᠯᠭᠡ ᠨᠢ ᠲᠣᠭᠠᠨ ᠤ ᠤᠯᠠᠨ ᠳᠤ ᠪᠠᠶᠢᠬᠤ ᠪᠢᠰᠢ᠂ ᠬᠠᠷᠢᠨ ᠰᠢᠯᠢᠳᠡᠭ ᠲᠤ ᠪᠠᠶᠢᠬᠤ︾ ᠣᠶᠢᠯᠠᠭᠠᠭᠳᠠᠬᠤᠨ ᠢ ᠪᠠᠷᠢᠮᠲᠠᠯᠠᠨ᠂ ᠰᠠᠨᠠᠯ ᠵᠥᠪᠯᠡᠯᠭᠡ ᠶᠢᠨ ᠲᠤᠬᠠᠶᠢᠯᠠᠭᠰᠠᠨ ᠠᠵᠢᠯ ᠤᠨ ᠪᠣᠯᠪᠠᠰᠤᠷᠠᠭᠤᠯᠤᠯ ᠢ ᠥᠷᠨᠢᠭᠦᠯᠵᠦ᠂ ︽ᠰᠠᠨᠠᠯ ᠵᠥᠪᠯᠡᠯᠭᠡ ᠶᠢᠨ ᠮᠡᠳᠡᠯᠭᠡ ᠶᠢᠨ ᠭᠠᠷ ᠳᠡᠪᠲᠡᠷ︾ ᠢ ᠨᠠᠶᠢᠷᠠᠭᠤᠯᠤᠨ ᠬᠡᠪᠯᠡᠭᠦᠯᠵᠦ᠂ ᠭᠡᠰᠢᠭᠦᠳ ᠲᠤ ᠮᠡᠳᠡᠪᠡᠰᠦ ᠵᠣᠬᠢᠬᠤ ᠮᠡᠳᠡᠯᠭᠡ ᠶᠢ ᠡᠵᠡᠮᠰᠢᠭᠦᠯᠵᠦ᠂ ᠵᠠᠰᠠᠭ ᠤᠨ ᠶᠠᠪᠤᠳᠠᠯ ᠳᠤ ᠣᠷᠣᠯᠴᠠᠨ ᠲᠦᠷᠦ ᠶᠢᠨ ᠬᠡᠷᠡᠭ ᠢ ᠵᠥᠪᠯᠡᠬᠦ ᠦᠷ᠎ᠡ ᠪᠦᠲᠦᠮᠵᠢ ᠶᠢ ᠨᠢ ᠳᠡᠭᠡᠭᠰᠢᠯᠡᠭᠦᠯᠪᠡ᠃ ᠭᠡᠰᠢᠭᠦᠳ ᠤᠨ ᠪᠠᠭ᠎ᠠ ᠮᠥᠷᠲᠡᠭᠡᠨ ᠣᠨᠣᠪᠴᠢᠲᠠᠢ᠂ ᠤᠴᠢᠷ ᠶᠠᠪᠤᠳᠠᠯ ᠨᠢ ᠵᠢᠵᠢᠭ ᠮᠥᠷᠲᠡᠭᠡᠨ ᠪᠣᠳᠠᠲᠠᠢ ᠪᠠᠶᠢᠬᠤ ︽ᠨᠠᠷᠢᠯᠢᠭ ᠤᠨᠤᠪᠴᠢᠳᠠᠢ ᠰᠠᠨᠠᠯ ᠵᠦᠪᠯᠡᠯᠭᠡ︾ ᠲᠤᠭᠤᠷᠪᠢᠨ ᠪᠢᠴᠢᠬᠦ ᠶᠢ ᠵᠣᠷᠢᠭᠵᠢᠭᠤᠯᠪᠠ᠃ ᠭᠤᠣᠯᠳᠠᠯᠭ᠎ᠠ ᠲᠠᠢ ᠰᠠᠨᠠᠯ ᠵᠥᠪᠯᠡᠯᠭᠡ ᠶᠢ ᠭᠠᠷᠭᠠᠬᠤ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠵᠦ᠂ ︽ᠡᠲᠡᠭᠡᠳ ᠤᠨ ᠢᠯᠭᠠᠯ ᠤᠨ ᠳᠤᠭᠤᠶᠢᠯᠠᠩ ᠤᠨ ᠪᠠᠶᠢᠴᠠᠭᠠᠨ ᠰᠤᠳᠤᠯᠤᠯᠲᠠ + ᠭᠤᠣᠯᠳᠠᠯᠭ᠎ᠠ ᠲᠠᠢ ᠰᠠᠨᠠᠯ ᠵᠥᠪᠯᠡᠯᠭᠡ + ᠤᠯᠤᠰ ᠲᠦᠷᠦ ᠶᠢᠨ ᠵᠥᠪᠯᠡᠯᠭᠡᠨ ᠤ ᠲᠠᠪᠴᠠᠩ︾ ᠤᠨ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠰᠢᠨ᠎ᠡ ᠠᠷᠭ᠎ᠠ ᠵᠠᠮ ᠢ ᠥᠷᠭᠡᠳᠬᠡᠵᠦ᠂ ᠡᠯ᠎ᠡ ᠡᠲᠡᠭᠡᠳ ᠤᠨ ᠢᠯᠭᠠᠯ ᠤᠨ ᠳᠤᠭᠤᠶᠢᠯᠠᠩ ᠤᠨ ᠳᠡᠪᠰᠢᠭᠦᠯᠦᠭᠰᠡᠨ ᠬᠠᠮᠲᠤ ᠶᠢᠨ ᠰᠠᠨᠠᠯ ᠵᠥᠪᠯᠡᠯᠭᠡ 12 ᠬᠤᠪᠢ ᠪᠠᠶᠢᠵᠤ᠂ 4 ᠬᠤᠪᠢ ᠶᠢ ᠨᠢ ᠣᠨ ᠤ ᠭᠤᠣᠯᠳᠠᠯᠭ᠎ᠠ ᠲᠠᠢ ᠰᠠᠨᠠᠯ ᠵᠥᠪᠯᠡᠯᠭᠡ ᠪᠠᠷ ᠲᠣᠭᠲᠠᠭᠠᠪᠠ᠃ ᠰᠠᠨᠠᠯ ᠵᠥᠪᠯᠡᠯᠭᠡ ᠶᠢ ᠬᠡᠷᠡᠭ ᠪᠣᠯᠭᠠᠨ ᠳᠠᠩᠰᠠᠯᠠᠬᠤ ᠨᠤᠷᠮ᠎ᠠ ᠶᠢ ᠴᠢᠩᠭ᠎ᠠ ᠬᠢᠵᠠᠭᠠᠷᠯᠠᠵᠤ᠂ ᠪᠥᠬᠦᠳᠡ ᠬᠤᠷᠠᠯ ᠤᠨ ᠰᠠᠨᠠᠯ ᠵᠥᠪᠯᠡᠯᠭᠡ ᠶᠢ ᠴᠤᠭᠯᠠᠭᠤᠯᠬᠤ ᠪᠣᠭᠤᠮᠲᠠ ᠪᠠ ᠬᠢᠨᠠᠨ ᠪᠠᠶᠢᠴᠠᠭᠠᠬᠤ ᠠᠵᠢᠯ ᠢ ᠤᠯᠠᠮ ᠴᠢᠩᠭᠠᠳᠬᠠᠵᠤ᠂ ᠬᠠᠮᠲᠤ ᠪᠠᠷ ᠬᠠᠮᠲᠤᠷᠠᠨ ᠬᠢᠨᠠᠵᠤ᠂ ᠬᠠᠮᠲᠤ ᠪᠠᠷ ᠠᠳᠬᠤᠬᠤ ᠶᠢ ᠬᠡᠷᠡᠭᠵᠢᠭᠦᠯᠵᠦ᠂ ᠰᠠᠨᠠᠯ ᠵᠥᠪᠯᠡᠯᠭᠡ ᠶᠢᠨ ᠪᠦᠬᠦᠯᠢ ᠴᠣᠭᠴᠠ ᠶᠢᠨ ᠴᠢᠨᠠᠷ ᠴᠢᠨᠰᠠᠭ᠎ᠠ ᠶᠢ ᠵᠢᠯ ᠳᠠᠷᠠᠭᠠᠯᠠᠨ ᠳᠡᠭᠡᠭᠰᠢᠯᠡᠭᠦᠯᠪᠡ᠃      ︵ᠭᠤᠷᠪᠠ︶ ᠵᠥᠪᠯᠡᠬᠦ ᠣᠶᠢᠯᠠᠭᠠᠭᠳᠠᠬᠤᠨ ᠢᠶᠠᠨ ᠭᠦᠨᠵᠡᠭᠡᠶᠢᠷᠡᠭᠦᠯᠵᠦ᠂ ᠰᠠᠨᠠᠯ ᠵᠥᠪᠯᠡᠯᠭᠡ ᠶᠢᠨ ᠪᠣᠳᠠᠲᠤ ᠦᠷ᠎ᠡ ᠪᠦᠲᠦᠮᠵᠢ ᠶᠢ ᠰᠢᠨ᠎ᠡ ᠪᠠᠷ ᠳᠡᠭᠡᠭᠰᠢᠯᠡᠭᠦᠯᠪᠡ᠃ ᠵᠥᠪᠯᠡᠬᠦ ᠣᠶᠢᠯᠠᠭᠠᠭᠳᠠᠬᠤᠨ ᠢ ᠰᠠᠨᠠᠯ ᠵᠦᠪᠯᠡᠯᠭᠡ ᠶᠢᠨ ᠠᠵᠢᠯ ᠤᠨ ᠪᠦᠬᠦ ᠶᠠᠪᠤᠴᠠ ᠳᠤ ᠲᠤᠤᠱᠯᠠᠭᠤᠯᠬᠤ ᠶᠢ ᠪᠠᠷᠢᠮᠲᠠᠯᠠᠵᠤ᠂  ᠰᠠᠨᠠᠯ ᠵᠦᠪᠯᠡᠯᠭᠡ ᠶᠢ ᠨᠢᠭᠡ ᠶᠢ ᠰᠢᠢᠳᠪᠦᠷᠢᠯᠡᠪᠡᠯ᠂ ᠵᠥᠪᠳᠡᠯᠴᠡᠭᠡ ᠶᠢ ᠨᠢᠭᠡ ᠠᠯᠬᠤᠮ ᠭᠦᠨᠵᠡᠭᠡᠶᠢᠷᠡᠭᠦᠯᠵᠦ᠂ ᠬᠠᠮᠲᠤ ᠶᠢᠨ ᠲᠠᠨᠢᠯᠲᠠ ᠶᠢ ᠨᠢᠭᠡ ᠬᠤᠪᠢ ᠨᠡᠮᠡᠭᠳᠡᠭᠦᠯᠬᠦ ᠶᠢ ᠪᠡᠶᠡᠯᠡᠭᠦᠯᠪᠡ᠃ ᠰᠡᠳᠦᠪ ᠰᠣᠩᠭᠤᠬᠤ ᠵᠥᠪᠯᠡᠯᠭᠡ ᠶᠢ ᠴᠢᠩᠭᠠᠳᠬᠠᠵᠤ᠂ ᠪᠦᠬᠦ ᠵᠢᠯ ᠳᠤ ᠰᠠᠨᠠᠯ ᠵᠥᠪᠯᠡᠯᠭᠡ ᠶᠢᠨ ᠰᠡᠳᠦᠪ ᠰᠣᠩᠭᠤᠬᠤ ᠰᠦᠪᠡᠭᠴᠢ ᠶᠢ 200 ᠭᠠᠷᠤᠢ ᠬᠤᠪᠢ ᠨᠠᠶᠢᠷᠠᠭᠤᠯᠤᠨ ᠲᠠᠷᠬᠠᠭᠠᠵᠤ᠂ ᠪᠠᠶᠢᠳᠠᠯ ᠢ ᠣᠶᠢᠯᠠᠭᠠᠵᠤ ᠵᠠᠰᠠᠭ ᠤᠨ ᠶᠠᠪᠤᠳᠠᠯ ᠢ ᠣᠶᠢᠯᠠᠭᠠᠬᠤ ᠮᠡᠳᠡᠭᠡ ᠵᠠᠩᠭᠢ ᠶᠢ 54 ᠬᠤᠪᠢ ᠲᠠᠨᠢᠯᠴᠠᠭᠤᠯᠤᠨ ᠬᠦᠷᠭᠡᠵᠦ᠂ ᠰᠠᠨᠠᠯ ᠵᠥᠪᠯᠡᠯᠭᠡ ᠶᠢ ᠬᠥᠲᠥᠯᠥᠨ ᠵᠢᠯᠤᠭᠤᠳᠴᠤ ᠭᠤᠣᠯ ᠲᠦᠪ ᠶᠡᠭᠡ ᠲᠠᠯ᠎ᠠ ᠳᠤ ᠠᠩᠬᠠᠷᠤᠯ ᠢᠶᠠᠨ ᠲᠥᠪᠯᠡᠷᠡᠭᠦᠯᠦᠨ᠂ ᠠᠷᠠᠳ ᠢᠷᠭᠡᠳ᠂ ᠠᠷᠠᠳ ᠤᠨ ᠠᠮᠢᠳᠤᠷᠠᠯ ᠳᠤ ᠠᠩᠬᠠᠷᠤᠯ ᠢᠶᠠᠨ ᠬᠠᠨᠳᠤᠭᠤᠯᠪᠠ᠃ ᠬᠢᠨᠠᠨ ᠪᠠᠶᠢᠴᠠᠭᠠᠵᠤ ᠵᠥᠪᠳᠡᠯᠴᠡᠬᠦ ᠶᠢ ᠴᠢᠩᠭᠠᠳᠬᠠᠵᠤ᠂ ᠵᠦᠪᠯᠡᠯᠭᠡ ᠪᠦᠬᠦᠨ ᠢ ᠵᠠᠪᠠᠯ ᠬᠡᠷᠡᠭ ᠪᠤᠯᠭᠠᠨ ᠳᠠᠩᠰᠠᠯᠠᠬᠤ ᠶᠢ ᠳᠡᠪᠴᠢᠨ᠂ ᠰᠠᠨᠠᠯ ᠵᠥᠪᠯᠡᠯᠭᠡ ᠶᠢ 30 ᠭᠠᠷᠤᠢ ᠤᠳᠠᠭ᠎ᠠ ᠵᠥᠪᠳᠡᠯᠴᠡᠨ ᠵᠠᠰᠠᠵᠤ᠂ ᠲᠤᠰᠢᠶᠠᠨ ᠥᠭᠴᠦ ᠰᠢᠢᠳᠪᠦᠷᠢᠯᠡᠭᠦᠯᠬᠦ ᠵᠥᠪᠯᠡᠯᠭᠡ ᠶᠢ ᠴᠢᠩᠭᠠᠳᠬᠠᠵᠤ᠂ ᠰᠠᠨᠠᠯ ᠵᠥᠪᠯᠡᠯᠭᠡ ᠶᠢ ᠤᠷᠢᠳᠴᠢᠯᠠᠨ ᠲᠤᠰᠢᠶᠠᠨ ᠥᠭᠴᠦ ᠰᠢᠢᠳᠪᠦᠷᠢᠯᠡᠭᠦᠯᠬᠦ ᠬᠤᠷᠠᠯ ᠢ ᠬᠤᠷᠠᠯᠳᠤᠭᠤᠯᠵᠤ᠂ ᠰᠠᠨᠠᠯ ᠵᠥᠪᠯᠡᠯᠭᠡ ᠶᠢ ᠳᠠᠭᠠᠭᠠᠨ ᠰᠢᠢᠳᠪᠦᠷᠢᠯᠡᠬᠦ ᠨᠢᠭᠡᠴᠡ ᠶᠢ ᠤᠷᠢᠵᠤ ᠨᠢᠭᠤᠷᠳᠠᠨ ᠵᠥᠪᠳᠡᠯᠴᠡᠭᠦᠯᠵᠦ᠂ ᠳᠠᠭᠠᠭᠠᠨ ᠰᠢᠢᠳᠪᠦᠷᠢᠯᠡᠬᠦ ᠬᠠᠨᠳᠤᠯᠭ᠎ᠠ ᠶᠢ ᠲᠣᠭᠲᠠᠭᠠᠵᠤ᠂ ᠰᠢᠢᠳᠪᠦᠷᠢᠯᠡᠬᠦ ᠠᠵᠢᠯ ᠤᠨ ᠬᠤᠪᠢᠶᠠᠷᠢᠯᠠᠯ ᠢ ᠲᠣᠳᠣᠷᠬᠠᠢ ᠪᠣᠯᠭᠠᠵᠤ᠂ ᠲᠤᠰᠢᠶᠠᠨ ᠰᠢᠢᠳᠪᠦᠷᠢᠯᠡᠭᠦᠯᠬᠦ ᠶᠢᠨ ᠨᠠᠷᠢᠯᠢᠭ ᠤᠨᠤᠪᠴᠢᠳᠠᠢ ᠪᠠᠶᠢᠬᠤ ᠬᠡᠮᠵᠢᠶ᠎ᠡ ᠶᠢ ᠳᠡᠭᠡᠭᠰᠢᠯᠡᠭᠦᠯᠪᠡ᠃ ᠰᠢᠢᠳᠪᠦᠷᠢᠯᠡᠬᠦ ᠶᠢ ᠵᠥᠪᠯᠡᠬᠦ ᠶᠢ ᠴᠢᠩᠭᠠᠳᠬᠠᠵᠤ᠂ ︽ᠰᠠᠨᠠᠯ ᠵᠥᠪᠯᠡᠯᠭᠡ ᠶᠢ ᠰᠢᠢᠳᠪᠦᠷᠢᠯᠡᠬᠦ ᠠᠵᠢᠯ ᠤᠨ ᠵᠦᠭᠯᠡᠭᠦᠷ︾ ᠢ ᠨᠠᠶᠢᠷᠠᠭᠤᠯᠤᠨ ᠲᠠᠷᠬᠠᠭᠠᠵᠤ᠂  ᠳᠤᠷᠠᠳᠤᠭᠰᠠᠨ ᠪᠠ ᠰᠢᠢᠳᠪᠦᠷᠢᠯᠡᠬᠦ ᠬᠤᠶᠠᠷ ᠲᠠᠯ᠎ᠠ ᠶᠢ ᠬᠥᠲᠥᠯᠥᠨ ᠵᠢᠯᠤᠭᠤᠳᠴᠤ ᠰᠢᠢᠳᠪᠦᠷᠢᠯᠡᠬᠦ ᠠᠴᠠ ᠡᠮᠦᠨ᠎ᠡ᠂ ᠰᠢᠢᠳᠪᠦᠷᠢᠯᠡᠬᠦ ᠶᠠᠪᠤᠴᠠ ᠳᠤ᠂ ᠰᠢᠢᠳᠪᠦᠷᠢᠯᠡᠭᠰᠡᠨ ᠤ ᠲᠠᠷᠠᠭ᠎ᠠ ᠤᠯᠠᠨ ᠬᠡᠯᠪᠡᠷᠢ ᠶᠢᠨ ᠵᠥᠪᠯᠡᠯᠭᠡ ᠥᠷᠨᠢᠭᠦᠯᠵᠦ᠂ ᠰᠠᠶᠢᠨ ᠨᠥᠬᠦᠴᠡᠯᠳᠦᠯ ᠢ ᠪᠤᠢ ᠪᠣᠯᠭᠠᠪᠠ᠃      ︵ᠳᠥᠷᠪᠡ︶ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠶᠢ ᠲᠦᠯᠬᠢᠨ ᠠᠬᠢᠭᠤᠯᠵᠤ᠂ ᠰᠠᠨᠠᠯ ᠵᠥᠪᠯᠡᠯᠭᠡ ᠶᠢᠨ ᠠᠵᠢᠯ ᠰᠢᠨ᠎ᠡ ᠰᠢᠪᠲᠤᠯᠤᠯᠲᠠ ᠲᠠᠢ ᠪᠣᠯᠪᠠ᠃ ︽ᠰᠠᠨᠠᠯ ᠵᠦᠪᠯᠡᠯᠭᠡ + ᠤᠯᠤᠰ ᠲᠥᠷᠥ ᠶᠢᠨ ᠵᠥᠪᠯᠡᠯᠭᠡᠨ ᠤ ᠭᠡᠰᠢᠭᠦᠨ ᠤ ᠠᠵᠢᠯᠯᠠᠬᠤ ᠲᠠᠰᠤᠭ︾ ᠤᠨ ᠵᠠᠭᠪᠤᠷ ᠢ ᠰᠢᠨ᠎ᠡ ᠶᠢ ᠡᠭᠦᠳᠦᠨ ᠬᠡᠷᠡᠭᠵᠢᠭᠦᠯᠵᠦ᠂ ᠭᠡᠰᠢᠭᠦᠳ ᠠᠵᠢᠯᠯᠠᠬᠤ ᠲᠠᠰᠤᠭ ᠲᠤ ᠣᠴᠢᠵᠤ᠂ ᠰᠠᠨᠠᠯ ᠵᠥᠪᠯᠡᠯᠭᠡ ᠶᠢᠨ ᠰᠦᠪᠡᠭᠴᠢ ᠶᠢ ᠴᠤᠭᠯᠠᠭᠤᠯᠬᠤ ᠠᠵᠢᠯ ᠢ ᠦᠨᠳᠦᠰᠦᠨ ᠱᠠᠲᠤᠨ ᠤ ᠨᠢᠭᠡᠳᠦᠭᠡᠷ ᠹᠷᠣᠨᠲ ᠲᠤ ᠬᠦᠷᠲᠡᠯ᠎ᠡ ᠦᠷᠭᠦᠯᠵᠢᠯᠡᠭᠦᠯᠵᠦ᠂ ᠪᠦᠬᠦ ᠵᠢᠯ ᠳᠤ 30 ᠭᠠᠷᠤᠢ ᠵᠤᠷᠪᠤᠰ ᠰᠠᠨᠠᠯ ᠵᠥᠪᠯᠡᠯᠭᠡ ᠶᠢᠨ ᠰᠦᠪᠡᠭᠴᠢ ᠶᠢ ᠴᠤᠭᠯᠠᠭᠤᠯᠵᠤ᠂ 13 ᠬᠤᠪᠢ ᠴᠢᠨᠠᠷ ᠰᠠᠶᠢᠲᠠᠢ ᠰᠠᠨᠠᠯ ᠵᠥᠪᠯᠡᠯᠭᠡ᠂ 5 ᠬᠤᠪᠢ ᠵᠢᠵᠢᠭ ᠪᠢᠴᠢᠯ ᠰᠠᠨᠠᠯ ᠵᠥᠪᠯᠡᠯᠭᠡ ᠶᠢ ᠪᠤᠢ ᠪᠣᠯᠭᠠᠵᠤ᠂ ᠰᠠᠨᠠᠯ ᠵᠥᠪᠯᠡᠯᠭᠡ ᠶᠢ ᠰᠢᠢᠳᠪᠦᠷᠢᠯᠡᠬᠦ ᠵᠥᠪᠯᠡᠯᠭᠡ ᠶᠢ ᠪᠢᠴᠢᠯ ᠵᠥᠪᠯᠡᠯᠭᠡ᠂ ᠪᠢᠴᠢᠯ ᠬᠢᠨᠠᠯᠲᠠ᠂ ᠪᠢᠴᠢᠯ ᠦᠢᠯᠡᠴᠢᠯᠡᠭᠡ᠂ ᠪᠢᠴᠢᠯ ᠰᠠᠨᠠᠭᠤᠯᠭ᠎ᠠ ᠶᠢ ᠥᠷᠨᠢᠭᠦᠯᠬᠦ ᠲᠠᠢ ᠨᠢᠭᠡ ᠴᠣᠭᠴᠠᠵᠢᠭᠤᠯᠤᠨ ᠲᠥᠯᠥᠪᠵᠢᠭᠦᠯᠵᠦ᠂ ᠰᠠᠨᠠᠯ ᠵᠥᠪᠯᠡᠯᠭᠡ ᠶᠢ ᠰᠢᠢᠳᠪᠦᠷᠢᠯᠡᠬᠦ ᠵᠥᠪᠯᠡᠯᠭᠡ ᠶᠢ ᠦᠨᠳᠦᠰᠦᠨ ᠱᠠᠲᠤᠨ ᠤ ᠵᠥᠪᠯᠡᠯᠭᠡ ᠲᠠᠢ ᠵᠣᠯᠭᠠᠭᠤᠯᠬᠤ ᠶᠢ ᠲᠦᠯᠬᠢᠨ ᠠᠬᠢᠭᠤᠯᠪᠠ᠃ ᠬᠤᠩᠭᠤ ᠨᠡᠶᠢᠭᠡᠮ ᠲᠣᠭᠤᠷᠢᠭ ᠤᠨ ᠬᠠᠷᠢᠶᠠᠨ ᠳᠠᠬᠢ ᠬᠤᠶᠠᠷ ᠰᠠᠭᠤᠭᠠᠯᠢ ᠲᠣᠭᠤᠷᠢᠭ ᠤᠨ ᠬᠡᠦᠬᠡᠳ ᠤᠨ ᠵᠤᠭ᠎ᠠ ᠴᠡᠩᠭᠡᠯ ᠤᠨ ᠭᠠᠵᠠᠷ ᠤᠨ ᠪᠦᠲᠦᠭᠡᠨ ᠪᠠᠶᠢᠭᠤᠯᠤᠯᠲᠠ᠂ ᠨᠢᠭᠡ ᠬᠠᠭᠤᠴᠢᠨ ᠰᠠᠭᠤᠭᠠᠯᠢ ᠲᠣᠭᠤᠷᠢᠭ ᠤᠨ ᠭᠡᠷ ᠤᠨ ᠭᠠᠳᠠᠨᠠᠬᠢ ᠪᠡᠶ᠎ᠡ ᠴᠢᠭᠢᠷᠠᠭᠵᠢᠭᠤᠯᠬᠤ ᠪᠠᠭᠠᠵᠢ ᠬᠡᠷᠡᠭᠰᠡᠯ ᠢ ᠰᠡᠯᠪᠢᠨ ᠵᠠᠰᠠᠬᠤ ᠪᠠ ᠣᠨᠴᠠ ᠵᠠᠷᠢᠮ ᠵᠠᠮ ᠬᠠᠷᠢᠯᠴᠠᠭᠠᠨ ᠤ ᠳᠤᠬᠢᠶᠠᠨ ᠳ᠋ᠧᠩ ᠢ ᠰᠢᠯᠢᠳᠡᠭᠵᠢᠭᠦᠯᠬᠦ ᠵᠡᠷᠭᠡ ᠤᠯᠠᠨ ᠲᠦᠮᠡᠨ ᠤ ᠪᠠᠴᠢᠮ ᠲᠤᠯᠭᠠᠮ᠎ᠠ ᠰᠠᠨᠠᠭᠠᠰᠢᠷᠠᠵᠤ ᠪᠠᠶᠢᠭ᠎ᠠ ᠠᠰᠠᠭᠤᠳᠠᠯ ᠢ ᠰᠢᠢᠳᠪᠦᠷᠢᠯᠡᠬᠦ ᠶᠢ ᠠᠬᠢᠭᠤᠯᠵᠤ᠂ ᠬᠤᠯᠪᠣᠭᠳᠠᠯ ᠪᠦᠬᠦᠢ ᠲᠤᠷᠰᠢᠯᠭ᠎ᠠ ᠠᠷᠭ᠎ᠠ ᠬᠢᠳᠡᠯ ᠨᠢ ᠤᠯᠠᠭᠠᠨᠬᠠᠳᠠ ᠬᠤᠳᠠ ᠶᠢᠨ ᠤᠯᠤᠰ ᠲᠦᠷᠦ ᠶᠢᠨ ᠵᠥᠪᠯᠡᠯᠭᠡᠨ ᠤ ᠤᠳᠤᠷᠢᠳᠤᠯᠭ᠎ᠠ ᠶᠢᠨ ᠳᠡᠭᠡᠳᠦ ᠬᠡᠮᠵᠢᠶᠡᠨ ᠤ ᠨᠤᠲᠠᠯᠠᠯᠲᠠ ᠶᠢ ᠣᠯᠣᠭᠰᠠᠨ ᠪᠥᠭᠡᠳ ︽ᠴᠢᠩ ᠦᠨᠡᠨᠴᠢ ᠪᠠᠷ ᠵᠥᠪᠳᠡᠯᠴᠡᠬᠦ︾ ᠰᠣᠩᠭᠤᠳᠠᠭ ᠬᠡᠷᠡᠭ ᠤᠨ ᠵᠢᠱᠢᠶ᠎ᠡ ᠪᠣᠯᠵᠠᠢ᠃      ᠭᠡᠰᠢᠭᠦᠳ ᠠ᠋᠂ ᠨᠥᠬᠦᠳ ᠠ᠋᠂ ᠰᠠᠨᠠᠯ ᠵᠦᠪᠯᠡᠯᠭᠡ ᠶᠢᠨ ᠠᠵᠢᠯ ᠤᠨ ᠣᠯᠣᠭᠰᠠᠨ ᠠᠮᠵᠢᠯᠲᠠ ᠪᠦᠲᠦᠮᠵᠢ ᠨᠢ ᠬᠤᠰᠢᠭᠤᠨ ᠤ ᠨᠠᠮ ᠤᠨ ᠬᠤᠷᠢᠶᠠᠨ ᠤ ᠪᠠᠲᠤ ᠴᠢᠩᠭ᠎ᠠ ᠤᠳᠤᠷᠢᠳᠤᠯᠭ᠎ᠠ ᠪᠠ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ᠂ ᠵᠠᠰᠠᠭ ᠤᠨ ᠣᠷᠳᠣᠨ ᠤ ᠬᠦᠴᠦᠲᠡᠢ ᠳᠡᠮᠵᠢᠯᠭᠡ ᠠᠴᠠ ᠪᠣᠯᠤᠭᠰᠠᠨ ᠶᠤᠮ᠂ ᠡᠯ᠎ᠡ ᠳᠠᠭᠠᠭᠠᠨ ᠠᠪᠴᠤ ᠰᠢᠢᠳᠪᠦᠷᠢᠯᠡᠬᠦ ᠨᠢᠭᠡᠴᠡ ᠶᠢᠨ ᠰᠢᠷᠭᠠᠭᠤ ᠴᠢᠷᠮᠠᠶᠢᠯᠭ᠎ᠠ ᠠᠴᠠ ᠪᠣᠯᠤᠭᠰᠠᠨ ᠶᠤᠮ᠂ ᠰᠠᠨᠠᠯ ᠵᠦᠪᠯᠡᠯᠭᠡ ᠳᠤᠷᠠᠳᠤᠭᠰᠠᠳ ᠤᠨ ᠬᠠᠮᠲᠤ ᠶᠢᠨ ᠴᠢᠷᠮᠠᠶᠢᠯᠭ᠎ᠠ ᠠᠴᠠ ᠪᠣᠯᠤᠭᠰᠠᠨ ᠶᠤᠮ᠂ ᠨᠡᠶᠢᠭᠡᠮ ᠤᠨ ᠡᠯ᠎ᠡ ᠡᠲᠡᠭᠡᠳ ᠤᠨ ᠬᠢᠨ ᠤ ᠴᠢᠩ ᠰᠡᠳᠬᠢᠯ ᠤᠨ ᠠᠩᠬᠠᠷᠤᠯ ᠠᠴᠠ ᠪᠣᠯᠤᠭᠰᠠᠨ ᠶᠤᠮ᠃ ᠠᠳᠡ᠂ ᠪᠢ ᠤᠯᠤᠰ ᠲᠦᠷᠦ ᠶᠢᠨ ᠵᠥᠪᠯᠡᠯᠭᠡᠨ ᠤ  ᠬᠡᠰᠢᠭᠲᠡᠨ ᠬᠤᠰᠢᠭᠤᠨ ᠤ ᠠᠷᠪᠠᠨ ᠨᠢᠭᠡᠳᠦᠭᠡᠷ ᠬᠤᠭᠤᠴᠠᠭᠠᠨ ᠤ ᠪᠠᠶᠢᠩᠭᠤ ᠶᠢᠨ ᠬᠤᠷᠢᠶ᠎ᠠ ᠶᠢ ᠲᠥᠯᠥᠭᠡᠯᠡᠵᠦ᠂ ᠬᠤᠰᠢᠭᠤᠨ ᠤ ᠨᠠᠮ ᠤᠨ ᠬᠤᠷᠢᠶ᠎ᠠ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ᠂ ᠵᠠᠰᠠᠭ ᠤᠨ ᠣᠷᠳᠣᠨ ᠵᠢᠴᠢ ᠤᠯᠤᠰ ᠲᠦᠷᠦ ᠶᠢᠨ ᠵᠥᠪᠯᠡᠯᠭᠡᠨ ᠤ ᠰᠠᠨᠠᠯ ᠵᠦᠪᠯᠡᠯᠭᠡ ᠶᠢᠨ ᠠᠵᠢᠯ ᠢ ᠬᠠᠯᠠᠮᠵᠢᠯᠠᠨ ᠳᠡᠮᠵᠢᠭᠰᠡᠨ ᠪᠤᠢ ᠪᠦᠬᠦᠢ ᠨᠢᠭᠡᠴᠡ ᠪᠠ ᠨᠥᠬᠦᠳ ᠲᠤ ᠡᠷᠬᠢᠮ ᠳᠡᠭᠡᠳᠦ ᠬᠦᠨᠳᠦᠳᠬᠡᠯ ᠪᠠ ᠴᠢᠩ ᠰᠡᠳᠬᠢᠯ ᠤᠨ ᠲᠠᠯᠠᠷᠬᠠᠯ ᠢᠶᠠᠨ ᠳᠡᠪᠰᠢᠭᠦᠯᠦᠶ᠎ᠡ︕      ᠡᠭᠦᠨ ᠤ ᠬᠠᠮᠲᠤ᠂ ᠰᠠᠨᠠᠯ ᠵᠦᠪᠯᠡᠯᠭᠡ ᠶᠢᠨ ᠠᠵᠢᠯ ᠳᠤ ᠪᠠᠰᠠ ᠡᠳᠦᠢ ᠲᠡᠳᠦᠢ ᠠᠰᠠᠭᠤᠳᠠᠯ ᠪᠠ ᠬᠦᠷᠦᠯᠴᠡᠬᠦ ᠦᠭᠡᠢ ᠲᠠᠯ᠎ᠠ ᠣᠷᠣᠰᠢᠵᠤ ᠪᠠᠶᠢᠬᠤ ᠶᠢ ᠪᠢᠳᠡ ᠰᠡᠷᠭᠡᠭ ᠢᠶᠠᠷ ᠲᠠᠨᠢᠵᠤ ᠣᠯᠪᠠ᠄ ᠮᠠᠨ ᠤ ᠬᠤᠰᠢᠭᠤᠨ ᠤ ᠠᠯᠤᠰ ᠬᠡᠲᠤ ᠶᠢᠨ ᠬᠥᠭᠵᠢᠯᠲᠡ ᠶᠢ ᠪᠣᠳᠣᠯᠬᠢᠯᠠᠨ ᠲᠥᠰᠥᠪᠯᠡᠭᠰᠡᠨ ᠠᠯᠤᠰ ᠬᠡᠳᠦ ᠶᠢᠨ ᠴᠢᠨᠠᠷᠲᠠᠢ᠂ ᠪᠠᠶᠢᠯᠳᠤᠬᠤ ᠪᠣᠳᠣᠯᠭ᠎ᠠ ᠶᠢᠨ ᠴᠢᠨᠠᠷᠲᠠᠢ ᠰᠠᠨᠠᠯ ᠵᠦᠪᠯᠡᠯᠭᠡ ᠪᠠᠰᠠ ᠣᠯᠠᠨ ᠪᠢᠰᠢ︔ ᠵᠠᠷᠢᠮ ᠰᠠᠨᠠᠯ ᠵᠥᠪᠯᠡᠯᠭᠡ ᠶᠢᠨ ᠪᠠᠶᠢᠴᠠᠭᠠᠨ ᠰᠤᠳᠤᠯᠤᠯᠲᠠ ᠶᠢ ᠭᠦᠨᠵᠡᠭᠡᠶᠢᠷᠡᠭᠦᠯᠦᠭᠰᠡᠨ ᠢᠶᠠᠷ ᠬᠦᠷᠦᠯᠴᠡᠬᠦ ᠦᠭᠡᠢ᠂ ᠰᠠᠨᠠᠭᠤᠯᠭ᠎ᠠ ᠶᠢ ᠨᠠᠷᠢᠯᠢᠭ ᠣᠨᠣᠪᠴᠢᠳᠠᠢ ᠪᠠᠷ ᠳᠤᠷᠠᠳᠤᠭᠰᠠᠨ ᠦᠭᠡᠢ ᠠᠰᠠᠭᠤᠳᠠᠯ ᠮᠥᠨ ᠯᠡ ᠣᠷᠣᠰᠢᠭᠰᠠᠭᠠᠷ ᠪᠠᠶᠢᠨ᠎ᠠ︔ ᠰᠠᠨᠠᠯ ᠵᠥᠪᠯᠡᠯᠭᠡ ᠶᠢ ᠰᠢᠢᠳᠪᠦᠷᠢᠯᠡᠬᠦ ᠳᠤ ︽ᠬᠠᠷᠢᠭᠤᠯᠲᠠ ᠥᠭᠬᠦ ᠶᠢ ᠴᠢᠬᠤᠯᠠᠴᠢᠯᠠᠵᠤ᠂ ᠨᠠᠶᠢᠳᠠᠪᠤᠷᠢᠵᠢᠭᠤᠯᠬᠤ ᠶᠢ ᠬᠥᠩᠭᠡᠪᠴᠢᠯᠡᠬᠦ︾ ᠦᠵᠡᠭᠳᠡᠯ ᠢ ᠮᠥᠨ ᠯᠡ ᠰᠠᠶᠢᠵᠢᠷᠠᠭᠤᠯᠬᠤ ᠴᠢᠬᠤᠯᠠᠲᠠᠢ ᠪᠠᠶᠢᠨ᠎ᠠ︔ ᠰᠠᠨᠠᠯ ᠵᠥᠪᠯᠡᠯᠭᠡ ᠶᠢ ᠱᠠᠭᠠᠷᠳᠠᠨ ᠰᠢᠢᠳᠪᠦᠷᠢᠯᠡᠭᠦᠯᠵᠦ ᠨᠠᠶᠢᠳᠠᠪᠤᠷᠢᠵᠢᠭᠤᠯᠬᠤ ᠠᠷᠭ᠎ᠠ ᠮᠠᠶ᠋ᠢᠭ ᠨᠢ ᠪᠠᠰᠠ ᠨᠡᠯᠢᠶᠡᠳ ᠲᠠᠩ ᠴᠤᠯᠭᠤᠢ ᠪᠠᠶᠢᠬᠤ ᠵᠡᠷᠭᠡ ᠪᠣᠯᠣᠨ᠎ᠠ᠂ ᠡᠳᠡᠭᠡᠷ ᠢ ᠴᠥᠮ ᠬᠤᠶᠢᠰᠢᠳᠠ ᠶᠢᠨ ᠠᠵᠢᠯ ᠤᠨ ᠳᠤᠮᠳᠠ ᠪᠠᠨ ᠬᠢᠨᠠᠮᠠᠭᠠᠢ ᠰᠤᠳᠤᠯᠤᠨ ᠰᠢᠢᠳᠪᠦᠷᠢᠯᠡᠬᠦ ᠴᠢᠬᠤᠯᠠᠲᠠᠢ ᠪᠠᠶᠢᠨ᠎ᠠ᠃      ᠭᠤᠷᠪᠠ᠂ 2024 ᠣᠨ ᠤ ᠠᠵᠢᠯ ᠤᠨ ᠰᠠᠨᠠᠭᠤᠯᠭ᠎ᠠ      ᠨᠠᠮ ᠤᠨ ᠬᠤᠷᠢᠳᠤᠭᠠᠷ ᠶᠡᠭᠡ ᠬᠤᠷᠠᠯ ᠠᠴᠠ ᠨᠠᠮ ᠪᠠ ᠤᠯᠤᠰ ᠣᠷᠣᠨ ᠤ ᠠᠵᠢᠯ ᠦᠢᠯᠡᠰ ᠤᠨ ᠬᠥᠭᠵᠢᠯᠲᠡ ᠳᠤ ᠤᠷᠤᠭᠰᠢᠯᠠᠯᠲᠠ ᠶᠢᠨ ᠴᠢᠭᠯᠡᠯ ᠢ ᠲᠣᠳᠣᠷᠬᠠᠢ ᠵᠢᠭᠠᠨ ᠥᠭᠴᠦ᠂ ᠠᠷᠠᠳ ᠤᠨ ᠤᠯᠤᠰ ᠲᠦᠷᠦ ᠶᠢᠨ ᠵᠥᠪᠯᠡᠯᠭᠡᠨ ᠤ ᠠᠵᠢᠯ ᠢ ᠰᠠᠶᠢᠲᠤᠷ ᠬᠢᠬᠦ ᠳᠤ ᠨᠡᠩ ᠥᠨᠳᠥᠷ ᠰᠢᠨ᠎ᠡ ᠱᠠᠭᠠᠷᠳᠠᠯᠭ᠎ᠠ ᠳᠤᠷᠠᠳᠤᠭᠰᠠᠨ ᠪᠠᠶᠢᠨ᠎ᠠ᠃ ᠬᠤᠰᠢᠭᠤᠨ ᠤ ᠨᠠᠮ ᠤᠨ ᠬᠤᠷᠢᠶᠠᠨ ᠤ ᠠᠷᠪᠠᠨ ᠵᠢᠷᠭᠤᠳᠤᠭᠠᠷ ᠬᠤᠭᠤᠴᠠᠭᠠᠨ ᠤ ᠠᠷᠪᠠᠨ ᠨᠢᠭᠡᠳᠦᠭᠡᠷ ᠤᠳᠠᠭ᠎ᠠ ᠶᠢᠨ ᠪᠥᠬᠦᠳᠡ ᠬᠤᠷᠠᠯ ᠠᠴᠠ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠭᠰᠠᠨ ᠬᠡᠰᠢᠭᠲᠡᠨ ᠢ ᠴᠢᠷᠮᠠᠶᠢᠨ ᠪᠢᠴᠢᠭᠯᠡᠬᠦ ᠲᠤᠬᠠᠢ ᠪᠦᠭᠦ ᠲᠠᠯ᠎ᠠ ᠶᠢᠨ ᠪᠠᠶᠢᠷᠢᠯᠠᠭᠤᠯᠤᠯᠲᠠ ᠬᠢᠵᠡᠢ᠃ ᠰᠢᠨ᠎ᠡ ᠨᠢᠭᠡ ᠵᠢᠯ ᠤᠨ ᠤᠯᠤᠰ ᠲᠦᠷᠦ ᠶᠢᠨ ᠵᠥᠪᠯᠡᠯᠭᠡᠨ ᠤ ᠰᠠᠨᠠᠯ ᠵᠦᠪᠯᠡᠯᠭᠡ ᠶᠢᠨ ᠠᠵᠢᠯ ᠨᠢ ᠰᠢᠨ᠎ᠡ ᠪᠠᠶᠢᠳᠠᠯ᠂ ᠰᠢᠨ᠎ᠡ ᠡᠭᠦᠷᠭᠡ᠂ ᠰᠢᠨ᠎ᠡ ᠱᠠᠭᠠᠷᠳᠠᠯᠭ᠎ᠠ ᠳᠤ ᠰᠠᠨᠠᠭᠠᠴᠢᠯᠠᠭ᠎ᠠ ᠠᠴᠠ ᠪᠠᠨ ᠵᠣᠬᠢᠴᠠᠵᠤ᠂ ᠬᠠᠷᠢᠭᠤᠴᠠᠯᠭ᠎ᠠ ᠡᠭᠦᠷᠭᠡᠯᠡᠯ ᠢᠶᠠᠨ ᠴᠢᠩᠭᠠᠳᠬᠠᠨ᠂ ᠲᠥᠪ ᠭᠤᠣᠯᠴᠢ ᠪᠠᠷ ᠰᠢᠨ᠎ᠡ ᠶᠢ ᠡᠭᠦᠳᠬᠦ ᠶᠢ ᠪᠠᠷᠢᠮᠲᠠᠯᠠᠵᠤ᠂ ᠪᠦᠬᠦ ᠲᠠᠯ᠎ᠠ ᠪᠠᠷ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠵᠦ᠂ ᠰᠠᠨᠠᠯ ᠵᠦᠪᠯᠡᠯᠭᠡ ᠶᠢᠨ ᠠᠵᠢᠯ ᠤᠨ ᠰᠢᠨ᠎ᠡ ᠪᠠᠶᠢᠳᠠᠯ ᠢ ᠲᠠᠰᠤᠷᠠᠯᠲᠠ ᠦᠭᠡᠢ ᠡᠭᠦᠳᠬᠦ ᠬᠡᠷᠡᠭᠲᠡᠢ᠃      ︵ᠨᠢᠭᠡ︶ ᠭᠤᠣᠯᠳᠠᠯᠭ᠎ᠠ ᠲᠠᠢ ᠨᠢᠭᠲᠠ ᠤᠶᠠᠯᠳᠤᠭᠤᠯᠤᠭᠰᠠᠨ ᠰᠠᠨᠠᠯ ᠵᠥᠪᠯᠡᠯᠭᠡ ᠶᠢᠨ ᠠᠵᠢᠯ ᠤᠨ ᠡᠭᠦᠷᠭᠡ ᠬᠠᠷᠢᠭᠤᠴᠠᠯᠭ᠎ᠠ ᠶᠢ ᠪᠠᠲᠤ ᠴᠡᠭᠡᠵᠢᠯᠡᠨ᠎ᠡ᠃ ᠨᠠᠮ ᠤᠨ ᠰᠠᠨᠠᠯ ᠵᠦᠪᠯᠡᠯᠭᠡ ᠶᠢᠨ ᠠᠵᠢᠯ ᠢ ᠤᠳᠤᠷᠢᠳᠬᠤ ᠦᠨᠳᠦᠰᠦᠨ ᠵᠠᠷᠴᠢᠮ ᠢ ᠬᠢᠴᠢᠶᠡᠩᠭᠦᠶᠢᠯᠡᠨ ᠰᠠᠬᠢᠵᠤ᠂ ᠬᠡᠬᠦᠳᠡᠭ ᠴᠡᠭᠡᠵᠢᠨ ᠳᠡᠭᠡᠨ ︽ᠬᠤᠶᠠᠷ ᠶᠡᠭᠡ ᠲᠠᠯ᠎ᠠ︾ ᠶᠢ ᠪᠠᠭᠲᠠᠭᠠᠵᠤ᠂ ︽ᠤᠯᠤᠰ ᠤᠨ ᠶᠡᠭᠡ ᠶᠠᠪᠤᠳᠠᠯ︾ ᠢ ᠰᠡᠳᠬᠢᠯ ᠳᠤ ᠪᠠᠨ ᠬᠠᠳᠠᠩᠰᠢᠭᠤᠯᠤᠨ᠂ ᠨᠠᠮ ᠵᠠᠰᠠᠭ ᠤᠨ ᠠᠵᠢᠯ ᠢ ᠬᠠᠮᠢᠭ᠎ᠠ ᠬᠦᠷᠲᠡᠯ᠎ᠡ ᠠᠬᠢᠭᠤᠯᠪᠠᠯ ᠰᠠᠨᠠᠯ ᠵᠦᠪᠯᠡᠯᠭᠡ ᠶᠢᠨ ᠠᠵᠢᠯ ᠲᠡᠨᠳᠡ ᠬᠦᠷᠲᠡᠯ᠎ᠡ ᠳᠠᠭᠠᠵᠤ᠂ ᠰᠢᠨ᠎ᠡ ᠴᠠᠭ ᠦᠶ᠎ᠡ ᠶᠢᠨ ᠤᠯᠤᠰ ᠲᠦᠷᠦ ᠶᠢᠨ ᠵᠥᠪᠯᠡᠯᠭᠡᠨ ᠤ ᠦᠢᠯᠡᠰ ᠤᠨ ᠲᠠᠰᠤᠷᠠᠯᠲᠠ ᠦᠭᠡᠢ ᠬᠥᠭᠵᠢᠬᠦ ᠶᠢ ᠠᠬᠢᠭᠤᠯᠬᠤ ᠥᠨᠳᠥᠷᠴᠡ ᠠᠴᠠ ᠰᠠᠨᠠᠯ ᠵᠦᠪᠯᠡᠯᠭᠡ ᠶᠢᠨ ᠠᠵᠢᠯ ᠤᠨ ᠬᠠᠷᠢᠭᠤᠴᠠᠯᠭᠠᠲᠤ ᠰᠡᠳᠬᠢᠯᠭᠡ ᠪᠠ ᠡᠭᠦᠷᠭᠡᠲᠦ ᠰᠡᠳᠬᠢᠯᠭᠡ ᠶᠢ ᠤᠯᠠᠮ ᠴᠢᠨᠠᠭᠰᠢᠳᠠ  ᠴᠢᠩᠭᠠᠳᠬᠠᠨ᠎ᠠ᠃ ᠴᠠᠭ ᠦᠶ᠎ᠡ ᠶᠢᠨ ᠬᠥᠭᠵᠢᠯᠲᠡ ᠶᠢᠨ ᠡᠮᠦᠨ᠎ᠡ ᠡᠩᠨᠡᠭᠡᠨ ᠳᠤ ᠰᠠᠭᠤᠷᠢᠯᠠᠵᠤ᠂ ᠶᠡᠷᠦᠩᠬᠡᠢ ᠱᠦᠵᠢ ᠶᠢᠨ ᠥᠪᠥᠷ ᠮᠣᠩᠭᠤᠯ ᠳᠤ ᠲᠤᠰᠢᠶᠠᠭᠰᠠᠨ ᠬᠤᠶᠠᠷ ᠶᠡᠭᠡ ᠶᠠᠪᠤᠳᠠᠯ ᠳᠤ ᠠᠩᠬᠠᠷᠤᠯ ᠢᠶᠠᠨ ᠲᠥᠪᠯᠡᠷᠡᠭᠦᠯᠵᠦ᠂ ᠢᠳᠡᠪᠬᠢᠲᠡᠢ ᠪᠠᠷ ᠰᠠᠨᠠᠯ ᠵᠥᠪᠯᠡᠯᠭᠡ ᠳᠤᠷᠠᠳᠤᠨ ᠠᠷᠭ᠎ᠠ ᠤᠬᠠᠭᠠᠨ ᠭᠠᠷᠭᠠᠵᠤ᠂ ᠰᠡᠳᠬᠢᠯ ᠢᠶᠠᠨ ᠨᠢᠭᠡᠳᠬᠡᠨ ᠬᠦᠴᠦᠨ ᠢᠶᠠᠨ ᠲᠥᠪᠯᠡᠷᠡᠭᠦᠯᠵᠦ᠂ ᠪᠦᠷᠢᠨ ᠲᠡᠭᠦᠯᠳᠡᠷ ᠰᠠᠨᠠᠯ ᠵᠦᠪᠯᠡᠯᠭᠡ ᠶᠢᠨ ᠠᠵᠢᠯ ᠤᠨ ᠠᠯᠬᠤᠮ ᠳᠠᠷᠠᠭ᠎ᠠ ᠪᠠ ᠳᠦᠷᠢᠮ ᠤᠨ ᠦᠢᠯᠡᠳᠦᠯᠭᠡ ᠪᠠᠷ ᠳᠠᠮᠵᠢᠭᠤᠯᠤᠨ᠂ ᠨᠠᠮ ᠤᠨ ᠵᠣᠷᠢᠯᠲᠠ ᠶᠢ ᠨᠡᠶᠢᠭᠡᠮ ᠤᠨ ᠡᠯ᠎ᠡ ᠡᠲᠡᠭᠡᠳ ᠤᠨ ᠥᠷᠭᠡᠨ ᠳᠡᠯᠭᠡᠷ ᠬᠠᠮᠲᠤ ᠶᠢᠨ ᠲᠠᠨᠢᠯᠲᠠ ᠪᠠ ᠠᠵᠢᠯᠯᠠᠭᠠᠨ ᠤ ᠤᠬᠠᠮᠰᠠᠷ ᠪᠣᠯᠭᠠᠨ ᠬᠤᠪᠢᠷᠠᠭᠤᠯᠵᠤ᠂ ᠬᠤᠰᠢᠭᠤᠨ ᠤ ᠨᠠᠮ ᠤᠨ ᠬᠤᠷᠢᠶᠠᠨ ᠤ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠪᠠ ᠤᠯᠤᠰ ᠲᠥᠷᠥ ᠶᠢᠨ ᠵᠥᠪᠯᠡᠯᠭᠡᠨ ᠤ ᠠᠵᠢᠯ ᠤᠨ ᠱᠠᠭᠠᠷᠳᠠᠯᠭ᠎ᠠ ᠶᠢ ᠨᠠᠩ ᠰᠠᠶᠢᠲᠤᠷ ᠨᠠᠶᠢᠳᠠᠪᠤᠷᠢᠵᠢᠭᠤᠯᠤᠨ᠂ ᠨᠡᠶᠢᠭᠡᠮ ᠤᠨ ᠡᠯ᠎ᠡ ᠲᠠᠯ᠎ᠠ ᠶᠢᠨ ᠬᠢᠨ ᠤ ᠣᠶᠤᠨ ᠤᠬᠠᠭᠠᠨ ᠪᠠ ᠬᠦᠴᠦᠨ ᠴᠢᠳᠠᠯ ᠢ ᠨᠢᠭᠲᠠᠷᠠᠭᠤᠯᠤᠨ᠎ᠠ᠃      ︵ᠬᠤᠶᠠᠷ︶ ᠶᠠᠰᠤ ᠴᠢᠨᠠᠷ ᠢ ᠡᠷᠬᠢᠮᠯᠡᠬᠦ ᠰᠠᠨᠠᠯ ᠵᠥᠪᠯᠡᠯᠭᠡ ᠶᠢᠨ ᠠᠵᠢᠯ ᠤᠨ ᠤᠳᠤᠷᠢᠳᠤᠮᠵᠢ ᠶᠢ ᠪᠠᠷᠢᠮᠳᠠᠯᠠᠨ᠎ᠠ᠃ ᠴᠢᠨᠠᠷ ᠰᠠᠶᠢᠲᠠᠢ ᠰᠠᠨᠠᠯ ᠵᠦᠪᠯᠡᠯᠭᠡ ᠶᠢ ᠪᠣᠶᠢᠵᠢᠭᠤᠯᠬᠤ ᠲᠣᠭᠲᠠᠴᠠ ᠶᠢ ᠰᠦᠪᠡᠭᠴᠢᠯᠡᠨ ᠪᠠᠶᠢᠭᠤᠯᠵᠤ᠂ ᠲᠥᠷᠥ ᠶᠢᠨ ᠶᠠᠪᠤᠳᠠᠯ ᠤᠨ ᠬᠤᠷᠢᠶ᠎ᠠ ᠶᠢᠨ ︽ᠥᠪᠥᠷ ᠮᠣᠩᠭᠤᠯ ᠤᠨ ᠴᠢᠨᠠᠷ ᠰᠠᠶᠢᠲᠠᠢ ᠬᠥᠭᠵᠢᠯᠲᠡ ᠶᠢ ᠲᠦᠯᠬᠢᠨ ᠠᠬᠢᠭᠤᠯᠵᠤ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠬᠦ ᠲᠤᠬᠠᠢ ᠰᠠᠨᠠᠯ︾ ᠤᠨ ᠲᠣᠭᠤᠷᠢᠨ ᠳᠤ᠂ ᠮᠠᠨ ᠤ ᠬᠤᠰᠢᠭᠤᠨ ᠤ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠪᠣᠳᠠᠲᠤ ᠪᠠᠶᠢᠳᠠᠯ ᠲᠠᠢ ᠤᠶᠠᠯᠳᠤᠭᠤᠯᠤᠨ᠂ ᠭᠡᠰᠢᠭᠦᠳ ᠢ ᠵᠣᠬᠢᠶᠠᠨ ᠪᠠᠶᠢᠭᠤᠯᠵᠤ 7 ᠲᠠᠯ᠎ᠠ ᠶᠢᠨ ᠭᠤᠣᠯ ᠡᠭᠦᠷᠭᠡ ᠶᠢᠨ ᠲᠣᠭᠤᠷᠢᠨ ᠳᠤ ᠲᠤᠰᠬᠠᠢ ᠰᠡᠳᠦᠪᠲᠦ ᠪᠠᠶᠢᠴᠠᠭᠠᠨ ᠰᠤᠳᠤᠯᠤᠯᠲᠠ ᠶᠢ ᠥᠷᠨᠢᠭᠦᠯᠵᠦ᠂ ᠨᠢᠭᠡ ᠪᠦᠯᠦᠭ ᠭᠦᠨᠵᠡᠭᠡᠢ ᠵᠠᠳᠠᠯᠤᠯᠲᠠ ᠬᠢᠭᠰᠡᠨ᠂ ᠠᠵᠢᠯᠯᠠᠭᠠᠨ ᠤ ᠴᠢᠨᠠᠷ ᠢᠶᠠᠷ ᠴᠢᠩᠭ᠎ᠠ᠂ ᠪᠠᠶᠢᠯᠳᠤᠬᠤ ᠪᠣᠳᠣᠯᠭ᠎ᠠ ᠶᠢᠨ ᠴᠢᠨᠠᠷ ᠲᠠᠢ᠂ ᠠᠯᠤᠰ ᠬᠡᠳᠦ ᠶᠢᠨ ᠴᠢᠨᠠᠷ ᠲᠠᠢ ᠴᠢᠨᠠᠷ ᠰᠠᠶᠢᠲᠠᠢ ᠰᠠᠨᠠᠯ ᠵᠦᠪᠯᠡᠯᠭᠡ ᠶᠢ ᠪᠣᠶ ᠪᠣᠯᠭᠠᠬᠤ ᠶᠢ ᠬᠦᠴᠦᠯᠡᠨ ᠠᠬᠢᠭᠤᠯᠤᠨ᠎ᠠ᠃ ᠡᠯ᠎ᠡ ᠡᠲᠡᠭᠡᠳ ᠤᠨ ᠢᠯᠭᠠᠯ ᠤᠨ ᠳᠤᠭᠤᠶᠢᠯᠠᠩ ᠤᠨ ᠬᠢᠨ ᠶᠡᠷᠦᠩᠬᠡᠢ ᠱᠦᠵᠢ ᠶᠢᠨ ᠰᠢᠨ᠎ᠡ ᠵᠢᠯ ᠤᠨ ᠬᠦᠰᠡᠯ ᠡᠷᠡᠮᠡᠯᠵᠡᠯ ᠢ ᠦᠨᠳᠦᠰᠦᠯᠡᠨ᠂ ᠬᠡᠦᠬᠡᠳ ᠢ ᠠᠰᠠᠷᠠᠨ ᠲᠡᠵᠢᠭᠡᠵᠦ ᠰᠤᠷᠭᠠᠨ ᠬᠥᠮᠥᠵᠢᠭᠦᠯᠬᠦ᠂ ᠵᠠᠯᠠᠭᠤᠴᠤᠳ ᠤᠨ ᠠᠵᠢᠯ ᠣᠯᠵᠤ ᠴᠢᠳᠠᠪᠤᠷᠢᠲᠠᠨ ᠪᠣᠯᠬᠤ᠂ ᠨᠠᠰᠤᠲᠠᠶᠢᠴᠤᠳ ᠤᠨ ᠡᠮᠴᠢᠯᠡᠭᠡ ᠠᠰᠠᠷᠠᠮᠵᠢ ᠵᠡᠷᠭᠡ ᠲᠠᠯ᠎ᠠ ᠪᠠᠷ ᠴᠢᠨᠠᠷ ᠰᠠᠶᠢᠲᠠᠢ ᠰᠠᠨᠠᠯ ᠵᠦᠪᠯᠡᠯᠭᠡ ᠳᠡᠪᠰᠢᠭᠦᠯᠬᠦ ᠶᠢ ᠵᠣᠷᠢᠭᠵᠢᠭᠤᠯᠵᠤ᠂ ᠰᠢᠢᠳᠪᠦᠷᠢᠯᠡᠬᠦ ᠠᠵᠢᠯ ᠤᠨ ᠶᠠᠰᠤ ᠴᠢᠨᠠᠷ ᠤᠨ ᠤᠳᠤᠷᠢᠳᠤᠮᠵᠢ ᠶᠢ ᠪᠤᠢ ᠪᠣᠯᠭᠠᠵᠤ᠂ ᠭᠠᠷᠳᠠᠭᠰᠠᠨ ᠵᠦᠢᠯᠡᠰ ᠪᠦᠬᠦᠨ ᠢᠶᠠᠨ ᠪᠡᠶᠡᠯᠡᠭᠦᠯᠬᠦ ᠪᠠᠷ ᠴᠢᠷᠮᠠᠶᠢᠨ᠂ ᠰᠠᠨᠠᠯ ᠵᠦᠪᠯᠡᠯᠭᠡ ᠶᠢᠨ ᠦᠢᠯᠡᠳᠦᠯ ᠪᠠ ᠦᠨ᠎ᠡ ᠦᠷᠳᠡᠭ ᠢ ᠦᠨᠡᠨ ᠬᠦ ᠪᠠᠳᠠᠷᠠᠭᠤᠯᠤᠨ᠎ᠠ᠃      ︵ᠭᠤᠷᠪᠠ︶ ᠪᠦᠯᠬᠦᠮᠳᠡᠨ ᠬᠠᠮᠵᠢᠯᠴᠠᠭᠰᠠᠨ ᠰᠠᠨᠠᠯ ᠵᠥᠪᠯᠡᠯᠭᠡ ᠶᠢᠨ ᠠᠵᠢᠯ ᠤᠨ ᠬᠠᠮᠳᠤᠷᠠᠯ ᠤᠨ ᠬᠦᠴᠦᠨ ᠢ ᠨᠢᠬᠳᠠᠷᠠᠭᠤᠯᠤᠨ᠎ᠠ᠃ ᠨᠠᠮ ᠤᠨ ᠬᠤᠷᠢᠶ᠎ᠠ ᠵᠠᠰᠠᠭ ᠤᠨ ᠣᠷᠳᠣᠨ ᠤ ᠤᠳᠤᠷᠢᠳᠤᠨ ᠳᠠᠭᠠᠭᠤᠯᠵᠤ ᠰᠢᠢᠳᠪᠦᠷᠢᠯᠡᠬᠦ᠂ ᠤᠯᠤᠰ ᠲᠦᠷᠦ ᠶᠢᠨ ᠵᠥᠪᠯᠡᠯᠭᠡᠨ ᠤ ᠤᠳᠤᠷᠢᠳᠤᠨ ᠱᠠᠭᠠᠷᠳᠠᠨ ᠰᠢᠢᠳᠪᠦᠷᠢᠯᠡᠭᠦᠯᠬᠦ ᠰᠠᠨᠠᠯ ᠵᠥᠪᠯᠡᠯᠭᠡ ᠶᠢᠨ ᠠᠵᠢᠯ ᠤᠨ ᠲᠣᠭᠲᠠᠴᠠ ᠶᠢ ᠪᠦᠷᠢᠨᠰᠢᠭᠦᠯᠦᠨ ᠲᠡᠭᠦᠯᠳᠡᠷᠵᠢᠭᠦᠯᠵᠦ᠂ ᠰᠠᠨᠠᠯ ᠵᠥᠪᠯᠡᠯᠭᠡ ᠶᠢ ᠬᠦᠯᠢᠶᠡᠨ ᠠᠪᠬᠤ᠂ ᠨᠠᠶᠢᠳᠠᠪᠤᠷᠢᠵᠢᠭᠤᠯᠬᠤ ᠪᠠ ᠬᠠᠷᠢᠭᠤ ᠲᠤᠰᠬᠠᠬᠤ ᠶᠢ ᠤᠯᠠᠮ ᠨᠢᠭᠡ ᠠᠯᠬᠤᠮ ᠲᠦᠯᠬᠢᠨ ᠠᠬᠢᠭᠤᠯᠤᠨ᠎ᠠ᠃ ᠳᠠᠭᠠᠭᠠᠨ ᠠᠪᠴᠤ ᠰᠢᠢᠳᠪᠦᠷᠢᠯᠡᠬᠦ ᠨᠢᠭᠡᠴᠡ ᠶᠢ ᠬᠥᠲᠥᠯᠥᠨ ᠵᠢᠯᠤᠭᠤᠳᠴᠤ ᠰᠠᠨᠠᠯ ᠵᠥᠪᠯᠡᠯᠭᠡ ᠶᠢ ᠰᠢᠢᠳᠪᠦᠷᠢᠯᠡᠭᠰᠡᠨ ᠦᠷ᠎ᠡ ᠪᠦᠲᠦᠮᠵᠢ ᠪᠠᠷ ᠭᠤᠣᠯ ᠪᠣᠯᠭᠠᠨ᠂ ᠭᠤᠣᠯᠯᠠᠨ ᠰᠢᠢᠳᠪᠦᠷᠢᠯᠡᠬᠦ᠂ ᠬᠠᠮᠵᠢᠯᠴᠠᠨ ᠰᠢᠢᠳᠪᠦᠷᠢᠯᠡᠬᠦ ᠨᠢᠭᠡᠴᠡ ᠶᠢᠨ ᠠᠵᠢᠯ ᠬᠤᠪᠢᠶᠠᠷᠢᠯᠠᠨ ᠬᠠᠮᠵᠢᠯᠴᠠᠬᠤ ᠶᠢ ᠴᠢᠩᠭᠠᠳᠬᠠᠵᠤ᠂ ᠤᠯᠠᠨ ᠤ ᠤᠬᠠᠭᠠᠨ ᠬᠠᠮᠲᠤ ᠶᠢᠨ ᠬᠦᠴᠦᠨ ᠢᠶᠠᠷ ᠰᠠᠨᠠᠯ ᠵᠥᠪᠯᠡᠯᠭᠡ ᠶᠢᠨ ᠨᠠᠶᠢᠳᠠᠪᠤᠷᠢᠵᠢᠭᠤᠯᠤᠯᠲᠠ ᠶᠢ ᠲᠦᠯᠬᠢᠨ ᠠᠬᠢᠭᠤᠯᠤᠨ᠎ᠠ᠃ ᠰᠠᠨᠠᠯ ᠵᠥᠪᠯᠡᠯᠭᠡ ᠶᠢᠨ ᠺᠣᠮᠢᠰ ᠤᠨ ᠬᠥᠭᠦᠷᠭᠡ ᠬᠤᠯᠪᠣᠭᠠᠰᠤ ᠶᠢᠨ ᠦᠢᠯᠡᠳᠦᠯ ᠢ ᠭᠦᠢᠴᠡᠳ ᠪᠠᠳᠠᠷᠠᠭᠤᠯᠵᠤ᠂ ᠰᠠᠨᠠᠯ ᠵᠥᠪᠯᠡᠯᠭᠡ ᠴᠤᠭᠯᠠᠭᠤᠯᠬᠤ᠂ ᠵᠥᠪᠳᠡᠯᠴᠡᠨ ᠰᠣᠯᠢᠯᠴᠠᠬᠤ᠂ ᠵᠥᠪᠯᠡᠯᠭᠡ ᠬᠠᠩᠭᠠᠬᠤ ᠦᠢᠯᠡᠴᠢᠯᠡᠭᠡᠨ ᠤ ᠲᠠᠪᠴᠠᠩ ᠢ ᠢᠳᠡᠪᠬᠢᠲᠡᠢ ᠪᠠᠷ ᠪᠠᠶᠢᠭᠤᠯᠵᠤ᠂ ᠰᠠᠨᠠᠯ ᠵᠥᠪᠯᠡᠯᠭᠡ ᠳᠤᠷᠠᠳᠴᠤ ᠵᠠᠰᠠᠭ ᠲᠤ ᠲᠤᠰᠠᠯᠠᠬᠤ ᠪᠠ ᠬᠠᠮᠲᠤ ᠶᠢᠨ ᠲᠠᠨᠢᠯᠲᠠ ᠶᠢ ᠨᠢᠭᠲᠠᠷᠠᠭᠤᠯᠤᠨ ᠬᠤᠣᠰ ᠴᠢᠭᠯᠡᠯ ᠢᠶᠠᠷ ᠬᠦᠴᠦᠯᠡᠬᠦ ᠲᠠᠯ᠎ᠠ ᠪᠠᠷ ᠬᠢ ᠰᠠᠨᠠᠯ ᠵᠥᠪᠯᠡᠯᠭᠡ ᠶᠢᠨ ᠳᠠᠪᠠᠭᠤᠯᠢᠭ ᠪᠠ ᠦᠢᠯᠡᠳᠦᠯ ᠢ ᠨᠡᠩ ᠰᠠᠶᠢᠲᠤᠷ ᠪᠠᠳᠠᠷᠠᠭᠤᠯᠤᠨ᠎ᠠ᠃      ︵ᠳᠥᠷᠪᠡ︶ ᠵᠠᠮ ᠨᠡᠭᠡᠭᠡᠨ ᠰᠢᠨ᠎ᠡ ᠶᠢ ᠡᠭᠦᠳᠬᠦ ᠰᠠᠨᠠᠯ ᠵᠥᠪᠯᠡᠯᠭᠡ ᠶᠢᠨ ᠠᠵᠢᠯ ᠤᠨ ᠣᠷᠮ᠎ᠠ ᠵᠣᠷᠢᠭ ᠢ ᠪᠠᠲᠤᠯᠠᠨ᠎ᠠ᠃ ᠰᠠᠨᠠᠯ ᠵᠥᠪᠯᠡᠯᠭᠡ ᠶᠢᠨ ᠦᠢᠯᠡᠴᠢᠯᠡᠭᠡᠨ ᠤ ᠠᠵᠢᠯ ᠤᠨ ᠠᠷᠭ᠎ᠠ ᠮᠠᠶ᠋ᠢᠭ ᠤᠨ ᠲᠠᠯ᠎ᠠ ᠪᠠᠷ ᠲᠠᠰᠤᠷᠠᠯᠳᠠ ᠦᠭᠡᠢ ᠰᠢᠨ᠎ᠡ ᠶᠢ ᠡᠭᠦᠳᠴᠦ᠂ ᠭᠡᠰᠢᠭᠦᠳ ᠲᠤ ᠨᠠᠷᠢᠯᠢᠭ ᠦᠢᠯᠡᠴᠢᠯᠡᠬᠦ ᠪᠠᠨ ᠴᠢᠩᠭᠠᠳᠬᠠᠵᠤ᠂ ᠥᠷᠭᠡᠨ ᠤᠯᠠᠨ ᠭᠡᠰᠢᠭᠦᠳ ᠢ ᠬᠥᠲᠥᠯᠥᠨ ᠵᠢᠯᠤᠭᠤᠳᠴᠤ ᠪᠠᠶᠢᠭᠠᠳ ᠢᠳᠡᠪᠬᠢᠲᠡᠢ ᠪᠠᠷ ᠵᠠᠰᠠᠭ ᠤᠨ ᠶᠠᠪᠤᠳᠠᠯ ᠢ ᠵᠥᠪᠯᠡᠨ ᠰᠠᠨᠠᠯ ᠵᠥᠪᠯᠡᠯᠭᠡ ᠳᠤᠷᠠᠳᠤᠭᠤᠯᠵᠤ᠂ ᠭᠡᠰᠢᠭᠦᠳ ᠤᠨ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠠᠮᠢᠳᠤᠯᠢᠭ ᠬᠦᠴᠦᠨ ᠢ ᠪᠦᠬᠦ ᠲᠠᠯ᠎ᠠ ᠪᠠᠷ ᠬᠥᠭᠵᠢᠭᠡᠵᠦ᠂ ᠭᠡᠰᠢᠭᠦᠳ ᠤᠨ ᠰᠠᠨᠠᠯ ᠵᠥᠪᠯᠡᠯᠭᠡ ᠶᠢᠨ ᠠᠵᠢᠯ ᠳᠠᠬᠢ ᠪᠡᠶᠡᠴᠢ ᠴᠣᠭᠴᠠ ᠶᠢᠨ ᠦᠢᠯᠡᠳᠦᠯ ᠢ ᠭᠦᠢᠴᠡᠳ ᠪᠠᠳᠠᠷᠠᠭᠤᠯᠵᠤ᠂ ᠰᠠᠨᠠᠯ ᠵᠥᠪᠯᠡᠯᠭᠡ ᠶᠢᠨ ᠠᠵᠢᠯ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠤᠨ᠎ᠠ᠃ ᠰᠠᠨᠠᠯ ᠵᠥᠪᠯᠡᠯᠭᠡ ᠶᠢ ᠬᠤᠣᠰ ᠴᠢᠭᠯᠡᠯ ᠢᠶᠠᠷ ᠦᠨᠡᠯᠡᠨ ᠶᠠᠷᠢᠯᠴᠠᠬᠤ ᠳᠦᠷᠢᠮ ᠢ ᠲᠡᠭᠦᠯᠳᠡᠷᠵᠢᠭᠦᠯᠵᠦ᠂ ᠰᠢᠯᠢᠳᠡᠭ ᠰᠠᠨᠠᠯ ᠵᠥᠪᠯᠡᠯᠭᠡ᠂ ᠲᠡᠷᠢᠭᠦᠨ ᠤ ᠳᠠᠭᠠᠭᠠᠨ ᠠᠪᠴᠤ ᠰᠢᠢᠳᠪᠦᠷᠢᠯᠡᠬᠦ ᠨᠢᠭᠡᠴᠡ ᠶᠢ ᠰᠢᠯᠭᠠᠷᠠᠭᠤᠯᠬᠤ ᠠᠵᠢᠯᠯᠠᠭ᠎ᠠ ᠶᠢ ᠦᠷᠭᠦᠯᠵᠢᠯᠡᠨ ᠵᠣᠬᠢᠶᠠᠨ ᠪᠠᠶᠢᠭᠤᠯᠵᠤ ᠥᠷᠨᠢᠭᠦᠯᠦᠨ᠎ᠡ᠃ ᠰᠠᠨᠠᠯ ᠵᠥᠪᠯᠡᠯᠭᠡ ᠶᠢᠨ ᠤᠬᠠᠭᠤᠯᠭ᠎ᠠ ᠶᠢᠨ ᠠᠵᠢᠯ ᠢ ᠴᠢᠩᠭᠠᠳᠬᠠᠵᠤ᠂ ᠰᠠᠨᠠᠯ ᠵᠥᠪᠯᠡᠯᠭᠡ ᠶᠢ ᠬᠦᠯᠢᠶᠡᠨ ᠠᠪᠴᠤ ᠨᠠᠶᠢᠳᠠᠪᠤᠷᠢᠵᠢᠭᠤᠯᠤᠭᠰᠠᠨ ᠤ ᠳᠠᠷᠠᠭᠠᠬᠢ ᠠᠵᠤ ᠠᠬᠤᠢ ᠨᠡᠶᠢᠭᠡᠮ ᠤᠨ ᠦᠷ᠎ᠡ ᠠᠰᠢᠭ ᠢ ᠭᠤᠣᠯᠳᠠᠯᠭ᠎ᠠ ᠲᠠᠢ ᠪᠠᠷ ᠤᠬᠠᠭᠤᠯᠵᠤ᠂ ᠰᠢᠯᠢᠳᠡᠭ ᠨᠡᠶᠢᠲᠡᠯᠢᠭ ᠵᠢᠱᠢᠶ᠎ᠡ ᠶᠢᠨ ᠤᠷᠮᠠᠰᠢᠭᠤᠯᠬᠤ ᠪᠠ ᠬᠥᠲᠥᠯᠥᠨ ᠵᠢᠯᠤᠭᠤᠳᠬᠤ ᠦᠢᠯᠡᠳᠦᠯ ᠢ ᠭᠦᠢᠴᠡᠳ ᠪᠠᠳᠠᠷᠠᠭᠤᠯᠵᠤ᠂ ᠡᠯ᠎ᠡ ᠲᠠᠯ᠎ᠠ ᠶᠢᠨ ᠬᠢᠨ ᠤ ᠰᠠᠨᠠᠯ ᠵᠥᠪᠯᠡᠯᠭᠡ ᠶᠢᠨ ᠠᠵᠢᠯ ᠢ ᠠᠩᠬᠠᠷᠤᠨ ᠳᠡᠮᠵᠢᠭᠰᠡᠨ ᠰᠠᠶᠢᠨ ᠰᠠᠶᠢᠬᠠᠨ ᠠᠭᠤᠷ ᠠᠮᠢᠰᠬᠤᠯ ᠢ ᠪᠤᠢ ᠪᠤᠯᠭᠠᠬᠤ ᠶᠢ ᠲᠦᠯᠬᠢᠨ ᠠᠬᠢᠭᠤᠯᠤᠨ᠎ᠠ᠃      ᠭᠡᠰᠢᠭᠦᠳ ᠠ᠋᠂ ᠨᠥᠬᠦᠳ ᠠ᠋︕  ᠠᠯᠤᠰ ᠤᠨ ᠵᠠᠮ ᠢ ᠰᠢᠨᠳᠠᠷᠠᠰᠢ ᠦᠭᠡᠢ ᠠᠶᠠᠯᠠᠨ ᠪᠠᠶᠢᠵᠤ ᠡᠪᠬᠡᠨ᠎ᠡ᠂ ᠠᠷᠭ᠎ᠠ ᠤᠬᠠᠭᠠᠨ ᠢ ᠴᠣᠴᠠᠯᠳᠠ ᠦᠭᠡᠢ ᠰᠡᠳᠬᠢᠨ ᠪᠠᠶᠢᠵᠤ ᠣᠯᠣᠨ᠎ᠠ᠃ ᠤᠯᠤᠰ ᠲᠥᠷᠥ ᠶᠢᠨ ᠵᠥᠪᠯᠡᠯᠭᠡᠨ ᠤ ᠰᠠᠨᠠᠯ ᠵᠥᠪᠯᠡᠯᠭᠡ ᠶᠢᠨ ᠠᠵᠢᠯ ᠳᠤ ︽ᠭᠤᠣᠯ ᠠᠵᠢᠯ ᠲᠠᠢ ᠤᠶᠠᠯᠳᠤᠭᠤᠯᠤᠨ᠂ ᠶᠡᠭᠡ ᠲᠠᠯ᠎ᠠ ᠳᠤ ᠦᠢᠯᠡᠴᠢᠯᠡᠵᠦ᠂ ᠶᠠᠰᠤ ᠴᠢᠨᠠᠷ ᠢ ᠳᠡᠭᠡᠭᠰᠢᠯᠡᠭᠦᠯᠦᠨ᠂ ᠪᠣᠳᠠᠲᠤ ᠦᠷ᠎ᠡ ᠪᠦᠲᠦᠮᠵᠢ ᠶᠢ ᠡᠷᠬᠢᠮᠯᠡᠬᠦ︾ ᠴᠢᠭᠯᠡᠯᠲᠡ ᠶᠢᠨ ᠶᠣᠰᠣᠭᠠᠷ᠂ ᠰᠠᠨᠠᠯ ᠵᠥᠪᠯᠡᠯᠭᠡ ᠶᠢᠨ ᠠᠵᠢᠯ ᠤᠨ ᠬᠠᠶᠢᠨ ᠰᠦᠪᠡᠭᠴᠢᠯᠡᠯᠲᠡ ᠪᠠ ᠰᠢᠨ᠎ᠡ ᠶᠢ ᠡᠭᠦᠳᠬᠦ ᠶᠢ ᠤᠯᠠᠮ ᠨᠢᠭᠡ ᠠᠯᠬᠤᠮ ᠲᠦᠯᠬᠢᠨ ᠠᠬᠢᠭᠤᠯᠵᠤ᠂ ᠰᠠᠨᠠᠯ ᠵᠥᠪᠯᠡᠯᠭᠡ ᠳᠤ ᠬᠢᠨᠠᠯᠲᠠ ᠲᠠᠯᠪᠢᠬᠤ ᠦᠢᠯᠡᠳᠦᠯ ᠢ ᠤᠯᠠᠮ ᠨᠢᠭᠡ ᠠᠯᠬᠤᠮ ᠪᠠᠳᠠᠷᠠᠭᠤᠯᠤᠨ᠂ ᠰᠠᠨᠠᠯ ᠵᠥᠪᠯᠡᠯᠭᠡ ᠶᠢᠨ ᠠᠵᠢᠯ ᠤᠨ ᠬᠠᠮᠳᠤᠷᠠᠯ  ᠤᠨ ᠬᠦᠴᠦᠨ ᠢ ᠤᠯᠠᠮ ᠨᠢᠭᠡ ᠠᠯᠬᠤᠮ ᠪᠦᠷᠢᠯᠳᠦᠭᠦᠯᠵᠦ᠂ ᠰᠠᠨᠠᠯ ᠵᠥᠪᠯᠡᠯᠭᠡ ᠶᠢ ᠰᠠᠶᠢᠲᠤᠷ ᠳᠤᠷᠠᠳᠬᠤ᠂ ᠴᠢᠩᠭ᠎ᠠ ᠠᠳᠬᠤᠬᠤ᠂ ᠣᠨᠣᠪᠴᠢᠲᠠᠶ ᠦᠨᠡᠯᠡᠬᠦ ᠶᠢ ᠪᠡᠶᠡᠯᠡᠭᠦᠯᠦᠭᠰᠡᠨ ᠰᠠᠭᠤᠷᠢᠨ ᠳᠡᠭᠡᠷ᠎ᠡ᠂ ᠰᠠᠨᠠᠯ ᠵᠥᠪᠯᠡᠯᠭᠡ ᠶᠢ ᠰᠠᠶᠢᠲᠤᠷ ᠰᠢᠢᠳᠪᠦᠷᠢᠯᠡᠬᠦ᠂ ᠪᠣᠳᠠᠲᠠᠢ ᠳᠤ ᠨᠠᠶᠢᠳᠠᠪᠤᠷᠢᠵᠢᠭᠤᠯᠬᠤ᠂ ᠬᠠᠷᠢᠭᠤᠯᠳᠠ ᠲᠠᠢ ᠪᠠᠶᠢᠬᠤ ᠶᠢ ᠲᠦᠯᠬᠢᠨ ᠠᠬᠢᠭᠤᠯᠵᠤ᠂ ᠨᠡᠩ ᠴᠤᠭ ᠪᠠᠳᠠᠷᠠᠩᠭᠤᠢ ᠲᠦᠷᠢ ᠪᠠᠶᠢᠳᠠᠯ ᠢᠶᠠᠷ ᠰᠢᠨ᠎ᠡ ᠠᠶᠠᠨ ᠵᠠᠮ ᠳᠤ ᠡᠷᠡᠯᠬᠡᠭᠯᠡᠨ ᠤᠷᠤᠭᠰᠢᠯᠠᠵᠤ᠂ ᠰᠢᠨ᠎ᠡ ᠴᠠᠭ ᠦᠶ᠎ᠡ ᠳᠤ ᠭᠠᠪᠢᠶ᠎ᠠ ᠪᠠᠶᠢᠭᠤᠯᠵᠤ᠂ ᠰᠠᠨᠠᠯ ᠵᠥᠪᠯᠡᠯᠭᠡ ᠶᠢᠨ ᠠᠵᠢᠯ ᠤᠨ ᠰᠢᠨ᠎ᠡ ᠪᠠᠶᠢᠳᠠᠯ ᠢ ᠬᠦᠴᠦᠯᠡᠨ ᠨᠡᠭᠡᠬᠡᠶ᠎ᠡ᠃
 
ᠢᠷᠡᠯᠲᠡ᠄ ᠬᠡᠰᠢᠭᠲᠡᠨ ᠬᠣᠰᠢᠭᠤᠨ ᠤ ᠠᠷᠠᠳ ᠤᠨ ᠵᠠᠰᠠᠭ ᠤᠨ ᠣᠷᠳᠣᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备09001939号