ᠳᠤᠮᠳᠠᠳᠤ ᠤᠯᠤᠰ ᠤᠨ ᠠᠷᠠᠳ ᠤᠨ ᠤᠯᠤᠰ ᠲᠦᠷᠦ ᠶᠢᠨ ᠵᠥᠪᠯᠡᠯᠭᠡᠨ ᠤ ᠬᠡᠰᠢᠭᠲᠡᠨ ᠬᠤᠰᠢᠭᠤᠨ ᠤ ᠠᠷᠪᠠᠨ ᠨᠢᠭᠡᠳᠦᠭᠡᠷ ᠬᠤᠭᠤᠴᠠᠭᠠᠨ ᠤ ᠬᠤᠷᠢᠶ᠎ᠠ ᠶᠢᠨ ᠪᠠᠶᠢᠩᠭᠤ ᠶᠢᠨ ᠬᠤᠷᠢᠶ᠎ᠠ ᠶᠢᠨ ᠠᠵᠢᠯ ᠤᠨ ᠮᠡᠳᠡᠭᠦᠯᠦᠯᠲᠡ ︵ᠬᠤᠶᠠᠷ︶
ᠨᠡᠶᠢᠲᠡᠯᠡᠭᠰᠡᠨ ᠴᠠᠭ᠄
2024/2/2
     ᠬᠤᠶᠠᠷ᠂ 2024 ᠣᠨ ᠤ ᠭᠤᠣᠯ ᠡᠭᠦᠷᠭᠡ      2024 ᠣᠨ ᠪᠣᠯ ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠪᠠᠶᠢᠭᠤᠯᠤᠭᠳᠠᠭᠰᠠᠨ 75 ᠵᠢᠯ ᠤᠨ ᠤᠢ ᠮᠥᠨ᠂ ᠠᠷᠠᠳ ᠤᠨ ᠤᠯᠤᠰ ᠲᠦᠷᠦ ᠶᠢᠨ ᠵᠥᠪᠯᠡᠯᠭᠡᠨ ᠪᠠᠶᠢᠭᠤᠯᠤᠭᠳᠠᠭᠰᠠᠨ 75 ᠵᠢᠯ ᠤᠨ ᠤᠢ ᠮᠥᠨ᠂ ᠪᠠᠰᠠ ᠴᠤ ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠦᠪᠵᠢᠭᠦᠯᠭᠡ ᠶᠢᠨ ᠬᠠᠷᠠᠯᠲᠠ ᠡᠭᠦᠷᠭᠡ ᠶᠢ ᠪᠡᠶᠡᠯᠡᠭᠦᠯᠬᠦ ᠵᠠᠩᠭᠢᠯᠠᠭ᠎ᠠ ᠶᠢᠨ ᠨᠢᠭᠡ ᠵᠢᠯ ᠮᠥᠨ᠂ ᠪᠦᠬᠦ ᠵᠢᠯ ᠤᠨ ᠠᠵᠢᠯ ᠢᠶᠠᠨ ᠰᠠᠶᠢᠲᠤᠷ ᠬᠢᠬᠦ ᠨᠢ ᠴᠢᠬᠤᠯᠠ ᠶᠡᠭᠡ ᠠᠴᠢ ᠬᠤᠯᠪᠣᠭᠳᠠᠯ ᠲᠠᠢ ᠶᠤᠮ᠃ ᠬᠤᠰᠢᠭᠤᠨ ᠤ ᠤᠯᠤᠰ ᠲᠥᠷᠥ ᠶᠢᠨ ᠵᠥᠪᠯᠡᠯᠭᠡᠨ ᠤ ᠠᠵᠢᠯ ᠤᠨ ᠶᠡᠷᠦᠩᠬᠡᠢ ᠱᠠᠭᠠᠷᠳᠠᠯᠭ᠎ᠠ ᠪᠣᠯ᠄ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠬᠤ ᠶᠢ ᠪᠠᠷᠢᠮᠳᠠᠯᠠᠵᠣ᠂ ᠨᠠᠮ ᠤᠨ ᠬᠤᠷᠢᠳᠤᠭᠠᠷ ᠶᠡᠭᠡ ᠬᠤᠷᠠᠯ᠂ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠬᠤᠶᠠᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠤᠱᠯᠠᠭᠤᠯᠵᠤ᠂ ᠰᠢ ᠶᠢᠨ ᠫᠢᠩ ᠶᠡᠷᠦᠩᠬᠡᠢ ᠱᠦᠵᠢ ᠶᠢᠨ ᠥᠪᠥᠷ ᠮᠣᠩᠭᠤᠯ ᠳᠤ ᠲᠤᠰᠢᠶᠠᠭᠰᠠᠨ ᠲᠠᠪᠤᠨ ᠶᠡᠭᠡ ᠡᠭᠦᠷᠭᠡ ᠪᠣᠯᠣᠨ ︽ᠵᠢᠱᠢᠶᠡᠴᠢ ᠥᠪᠡᠷᠲᠡᠭᠡᠨ ᠵᠠᠰᠠᠬᠤ ᠣᠷᠣᠨ︾ ᠢ ᠪᠦᠬᠦ ᠲᠠᠯ᠎ᠠ ᠪᠠᠷ ᠪᠦᠲᠦᠭᠡᠨ ᠪᠠᠶᠢᠭᠤᠯᠬᠤ ᠬᠤᠶᠠᠷ ᠶᠡᠭᠡ ᠶᠠᠪᠤᠳᠠᠯ ᠳᠤ ᠦᠷᠭᠦᠯᠵᠢᠯᠡᠨ ᠠᠩᠬᠠᠷᠤᠯ ᠢᠶᠠᠨ ᠲᠥᠪᠯᠡᠷᠡᠭᠦᠯᠵᠦ᠂ ᠨᠠᠮ ᠤᠨ ᠤᠳᠤᠷᠢᠳᠤᠯᠭ᠎ᠠ᠂ ᠨᠢᠭᠡᠳᠦᠮᠡᠯ ᠹᠷᠣᠨᠲ᠂ ᠵᠥᠪᠯᠡᠬᠦ ᠠᠷᠠᠳᠴᠢᠯᠠᠯ ᠢ ᠣᠷᠭᠠᠨᠢᠭ ᠢᠶᠠᠷ ᠤᠶᠠᠯᠳᠣᠭᠤᠯᠬᠤ ᠶᠢ ᠪᠠᠷᠢᠮᠲᠠᠯᠠᠵᠤ᠂ ᠦᠵᠡᠯ ᠰᠠᠨᠠᠭ᠎ᠠ ᠤᠯᠤᠰ ᠲᠥᠷᠥ ᠶᠢᠨ ᠵᠢᠯᠣᠭᠤᠳᠤᠯᠭ᠎ᠠ ᠶᠢ ᠦᠨᠡᠨᠬᠦ ᠴᠢᠩᠭᠠᠳᠬᠠᠨ᠂ ᠲᠤᠰᠬᠠᠢ ᠵᠥᠪᠯᠡᠯᠭᠡᠨ ᠤ ᠪᠠᠶᠢᠭᠤᠯᠤᠮᠵᠢ ᠶᠢᠨ ᠡᠭᠦᠷᠭᠡ ᠴᠢᠳᠠᠪᠤᠷᠢ ᠶᠢ ᠭᠦᠢᠴᠡᠳ ᠪᠠᠳᠠᠷᠠᠭᠤᠯᠵᠤ᠂ ᠬᠤᠣᠰ ᠴᠢᠭᠯᠡᠯ ᠢᠶᠠᠷ ᠬᠦᠴᠦᠯᠡᠬᠦ ᠶᠠᠰᠣ ᠴᠢᠨᠠᠷ ᠦᠷ᠎ᠡ ᠪᠦᠳᠦᠮᠵᠢ ᠶᠢ ᠪᠦᠬᠦ ᠲᠠᠯ᠎ᠠ ᠪᠠᠷ ᠳᠡᠭᠡᠭᠰᠢᠯᠡᠭᠦᠯᠵᠦ᠂ ᠦᠵᠡᠯ ᠰᠠᠨᠠᠭᠠᠨ ᠤ ᠵᠢᠯᠣᠭᠤᠳᠤᠯᠭ᠎ᠠ ᠶᠢ ᠨᠡᠩ ᠡᠷᠴᠢᠮ ᠲᠠᠢ ᠪᠣᠯᠭᠠᠨ᠂ ᠤᠯᠤᠰ ᠲᠦᠷᠦ ᠶᠢᠨ ᠵᠥᠪᠯᠡᠯᠭᠡ ᠶᠢ ᠨᠡᠩ ᠥᠨᠳᠥᠷᠴᠡ ᠲᠠᠢ ᠪᠣᠯᠭᠠᠵᠤ᠂ ᠵᠠᠰᠠᠭ ᠤᠨ ᠶᠠᠪᠤᠳᠠᠯ ᠳᠤ ᠣᠷᠣᠯᠴᠠᠨ ᠵᠠᠰᠠᠭ ᠤᠨ ᠶᠠᠪᠤᠳᠠᠯ ᠢ ᠵᠥᠪᠯᠡᠬᠦ ᠶᠢ ᠨᠡᠩ ᠭᠦᠨᠴᠡ ᠲᠠᠢ ᠪᠣᠯᠭᠠᠨ᠂ ᠬᠠᠮᠲᠤ ᠶᠢᠨ ᠲᠠᠨᠢᠯᠲᠠ ᠶᠢ ᠨᠢᠭᠲᠠᠷᠠᠭᠤᠯᠬᠤ ᠶᠢ ᠨᠡᠩ ᠥᠷᠭᠡᠴᠡ ᠲᠠᠢ ᠪᠣᠯᠭᠠᠵᠤ᠂ ᠬᠡᠰᠢᠭᠳᠡᠨ ᠬᠤᠰᠢᠭᠤᠨ ᠤ ᠬᠤᠪᠢᠷᠠᠯᠳᠠ᠂ ᠳᠠᠪᠠᠯᠳᠠᠳᠣ ᠬᠦᠭᠵᠢᠯᠳᠡ ᠶᠢ ᠳᠦᠯᠬᠢᠨ ᠠᠬᠢᠭᠤᠯᠵᠣ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠰᠢᠨ᠎ᠡ ᠦᠢᠯᠡᠳᠦᠯᠭᠡ ᠶᠢ ᠪᠦᠬᠦ ᠲᠠᠯ᠎ᠠ ᠪᠠᠷ ᠠᠬᠢᠭᠤᠯᠬᠤ ᠳᠤ ᠲᠠᠰᠤᠷᠠᠯᠳᠡ ᠦᠭᠡᠢ ᠤᠶᠤᠨ ᠰᠠᠨᠠᠭᠠᠨ ᠤ ᠬᠥᠳᠡᠯᠭᠡᠬᠦ ᠬᠦᠴᠦᠨ ᠪᠠ ᠤᠶᠤᠨ ᠮᠡᠳᠡᠯᠭᠡ ᠶᠢᠨ ᠳᠡᠮᠵᠢᠯᠭᠡ ᠬᠠᠩᠭᠠᠨ᠎ᠠ᠃      ︵ᠨᠢᠭᠡ︶ ᠨᠠᠮ ᠤᠨ ᠤᠳᠤᠷᠢᠳᠤᠯᠭ᠎ᠠ ᠶᠢ ᠢᠮᠠᠭᠲᠠ ᠪᠠᠷᠢᠮᠲᠠᠯᠠᠵᠤ᠂ ᠤᠯᠤᠰ ᠲᠦᠷᠦ ᠶᠢᠨ ᠵᠢᠯᠣᠭᠤᠳᠤᠯᠭ᠎ᠠ ᠶᠢ ᠴᠢᠩᠭᠠᠳᠬᠠᠬᠤ ᠲᠠᠯ᠎ᠠ ᠪᠠᠷ ᠰᠢᠨ᠎ᠡ ᠦᠷ᠎ᠡ ᠪᠦᠲᠦᠮᠵᠢ ᠣᠯᠣᠨ᠎ᠠ᠃ᠨᠠᠮ ᠤᠨ ᠤᠳᠤᠷᠢᠳᠤᠯᠭ᠎ᠠ ᠶᠢ ᠪᠠᠷᠢᠮᠲᠠᠯᠠᠬᠤ ᠪᠣᠯ ᠠᠷᠠᠳ ᠤᠨ ᠤᠯᠤᠰ ᠲᠦᠷᠦ ᠶᠢᠨ ᠵᠥᠪᠯᠡᠯᠭᠡᠨ ᠤ ᠦᠢᠯᠡᠰ ᠤᠨ ᠬᠥᠭᠵᠢᠯᠲᠡ ᠲᠠᠪᠰᠢᠯᠳᠠ ᠶᠢᠨ ᠦᠨᠳᠦᠰᠦᠨ ᠪᠠᠲᠤᠯᠠᠭ᠎ᠠ ᠮᠥᠨ᠃ ᠪᠢᠳᠡ ᠨᠠᠮ ᠤᠨ ᠤᠳᠤᠷᠢᠳᠤᠯᠭ᠎ᠠ ᠶᠢ ᠪᠠᠷᠢᠮᠲᠠᠯᠠᠬᠤ ᠶᠠᠪᠤᠳᠠᠯ ᠢ ᠤᠯᠤᠰ ᠲᠦᠷᠦ ᠶᠢᠨ ᠵᠥᠪᠯᠡᠯᠭᠡᠨ ᠤ ᠪᠦᠬᠦ ᠠᠵᠢᠯ ᠳᠤ ᠲᠤᠤᠱᠯᠠᠭᠤᠯᠵᠤ᠂ ᠠᠷᠠᠳ ᠤᠨ ᠤᠯᠤᠰ ᠲᠦᠷᠦ ᠶᠢᠨ ᠵᠥᠪᠯᠡᠯᠭᠡᠨ ᠤ ᠠᠵᠢᠯ ᠳᠠᠬᠢ ᠨᠠᠮ ᠤᠨ ᠡᠯ᠎ᠡ ᠵᠦᠢᠯ ᠤᠨ ᠱᠠᠭᠠᠷᠳᠠᠯᠭ᠎ᠠ ᠶᠢ ᠪᠦᠬᠦ ᠲᠠᠯ᠎ᠠ ᠪᠠᠷ ᠨᠠᠶᠢᠳᠠᠪᠣᠷᠢᠵᠢᠭᠤᠯᠣᠨ᠎ᠠ᠃      ᠦᠵᠡᠯ ᠰᠠᠨᠠᠭ᠎ᠠ ᠤᠯᠤᠰ ᠲᠦᠷᠦ ᠶᠢᠨ ᠪᠠᠶᠢᠭᠤᠯᠤᠯᠲᠠ ᠶᠢᠨ ᠬᠥᠲᠥᠯᠥᠨ ᠳᠠᠭᠠᠭᠤᠯᠬᠤ ᠬᠦᠴᠦᠨ ᠢ ᠴᠢᠩᠭᠠᠷᠠᠭᠤᠯᠤᠨ᠎ᠠ ᠃ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠬᠤ ᠶᠢ ᠪᠠᠷᠢᠮᠳᠠᠯᠠᠵᠣ᠂ ᠰᠤᠷᠤᠯᠴᠠᠬᠤ ᠳᠣᠭᠳᠠᠯᠴᠠᠭ᠎ᠠ ᠶᠢ ᠣᠯᠠᠮ ᠨᠢᠬᠡ ᠠᠯᠬᠤᠮ ᠪᠦᠷᠢᠨᠰᠢᠭᠦᠯᠵᠦ᠂ ᠰᠤᠷᠤᠯᠴᠠᠬᠤ ᠠᠭᠤᠯᠭ᠎ᠠ ᠶᠢ ᠪᠠᠶᠠᠯᠢᠭᠵᠢᠭᠤᠯᠵᠤ᠂ ᠰᠤᠷᠤᠯᠴᠠᠬᠤ ᠬᠡᠯᠪᠡᠷᠢ ᠶᠢᠨ ᠰᠢᠨ᠎ᠡ ᠶᠢ ᠡᠭᠦᠳᠴᠦ᠂ ᠨᠠᠮ ᠤᠨ ᠬᠤᠷᠢᠳᠤᠭᠠᠷ ᠶᠡᠭᠡ ᠬᠤᠷᠠᠯ᠂ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠬᠤᠶᠠᠳᠤᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠤᠱᠯᠠᠭᠤᠯᠵᠤ᠂ ᠤᠶᠤᠨ ᠰᠠᠨᠠᠭᠠᠨ ᠤ ᠺᠠᠯᠼ ᠢ ᠭᠦᠢᠴᠡᠳ ᠨᠥᠬᠦᠪᠦᠷᠢᠯᠡᠵᠦ᠂ ᠦᠵᠡᠯ ᠰᠠᠨᠠᠭᠠᠨ ᠤ ᠵᠠᠯᠠᠭᠤᠷ ᠢ ᠯᠠᠪᠳᠠᠭᠤᠨ ᠡᠵᠡᠮᠳᠡᠵᠦ᠂ ᠢᠲᠡᠭᠡᠯ ᠪᠢᠰᠢᠷᠡᠯ ᠤᠨ ᠰᠠᠭᠤᠷᠢ ᠶᠢ ᠪᠠᠲᠤ ᠴᠣᠭᠴᠠᠯᠠᠨ᠂ ᠶᠠᠮᠠᠷᠪᠠ ᠬᠡᠯᠪᠡᠷᠢ ᠶᠢᠨ ︽ᠳᠣᠣᠷ᠎ᠠ ᠳᠡᠰ ᠤᠨ ᠤᠯᠠᠭᠠᠨ︾ ︽ᠳᠡᠭᠡᠳᠦ ᠳᠡᠰ ᠤᠨ ᠬᠠᠷ᠎ᠠ︾ ᠶᠢ ᠲᠡᠪᠴᠢᠵᠦ᠂ ᠦᠵᠡᠰᠬᠦᠯᠡᠩᠲᠦ ᠰᠠᠶᠢᠬᠠᠨ ᠥᠪᠥᠷ ᠮᠣᠩᠭᠤᠯ ᠢ ᠪᠦᠲᠦᠭᠡᠨ ᠪᠠᠶᠢᠭᠤᠯᠵᠤ᠂ ᠰᠢᠨ᠎ᠡ ᠠᠶᠠᠨ ᠳᠤ ᠡᠷᠡᠯᠬᠡᠭᠯᠡᠨ ᠤᠷᠤᠭᠰᠢᠯᠠᠬᠤ ᠶᠢᠨ ᠲᠥᠯᠥᠭᠡ᠂ ᠨᠡᠩ ᠤᠯᠠᠨ ᠰᠡᠳᠬᠢᠯ ᠢᠶᠠᠨ ᠨᠢᠭᠡᠳᠬᠡᠭᠴᠢ᠂ ᠬᠦᠴᠦᠨ ᠢᠶᠠᠨ ᠨᠢᠭᠡᠳᠬᠡᠭᠴᠢ᠂ ᠬᠠᠮᠲᠤ ᠠᠵᠢᠯᠯᠠᠭᠰᠠᠳ ᠢ ᠨᠢᠭᠳᠠᠷᠠᠭᠤᠯᠣᠨ᠎ᠠ᠃      ᠤᠯᠤᠰ ᠲᠦᠷᠦ ᠶᠢᠨ ᠵᠥᠪᠯᠡᠯᠭᠡᠨ ᠤ ᠠᠵᠢᠯ ᠳᠠᠬᠢ ᠨᠠᠮ ᠤᠨ ᠤᠳᠤᠷᠢᠳᠬᠤ ᠬᠦᠴᠦᠨ ᠢ ᠴᠢᠩᠭᠠᠳᠬᠠᠨ᠎ᠠ᠃ ︽ᠭᠤᠷᠪᠠᠨ ᠡᠷᠬᠡᠪᠰᠢ︾ ᠶᠢ ᠢᠮᠠᠭᠲᠠ ᠪᠠᠲᠤ ᠴᠡᠭᠡᠵᠢᠯᠡᠵᠦ᠂ ᠲᠤᠭ ᠲᠡᠮᠳᠡᠭ ᠲᠣᠳᠣᠷᠬᠠᠢ ᠪᠠᠷ ᠤᠯᠤᠰ ᠲᠥᠷᠥ ᠶᠢ ᠡᠷᠬᠢᠮᠯᠡᠵᠦ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠪᠣᠯᠣᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠬᠤᠲᠠ ᠶᠢᠨ ᠨᠠᠮ ᠤᠨ ᠬᠤᠷᠢᠶ᠎ᠠ᠂ ᠬᠤᠰᠢᠭᠤᠨ ᠤ ᠨᠠᠮ ᠤᠨ ᠬᠤᠷᠢᠶ᠎ᠠ ᠶᠢᠨ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠣᠯᠳᠠ ᠶᠢ ᠡᠷᠡᠰ ᠳᠣᠣᠱᠯᠠᠭᠤᠯᠣᠨ ᠬᠡᠷᠡᠭᠵᠢᠬᠦᠯᠵᠣ᠂ ᠴᠢᠬᠤᠯᠠ ᠶᠡᠭᠡ ᠤᠴᠢᠷ ᠶᠠᠪᠤᠳᠠᠯ ᠳᠤ ᠵᠢᠭᠠᠪᠤᠷᠢ ᠠᠪᠬᠤ ᠪᠠ ᠮᠡᠳᠡᠭᠦᠯᠦᠯᠲᠡ ᠬᠢᠬᠦ ᠳᠦᠷᠢᠮ ᠢ ᠴᠢᠩᠭ᠎ᠠ ᠬᠡᠷᠡᠭᠵᠢᠭᠦᠯᠵᠦ᠂ ᠤᠬᠠᠮᠰᠠᠷ ᠠᠴᠠ ᠪᠠᠨ ᠤᠯᠤᠰ ᠲᠥᠷᠥ ᠶᠢᠨ ᠵᠥᠪᠯᠡᠯᠭᠡᠨ ᠤ ᠠᠵᠢᠯ ᠢ ᠪᠥᠬᠦ ᠬᠤᠰᠢᠭᠤᠨ ᠤ ᠠᠵᠢᠯ ᠤᠨ ᠶᠡᠭᠡ ᠲᠠᠯ᠎ᠠ ᠳᠤ ᠳᠠᠯᠪᠢᠨ ᠠᠷᠭ᠎ᠠ ᠰᠦᠪᠡᠭᠴᠢᠯᠡᠨ ᠠᠬᠢᠭᠤᠯᠵᠤ᠂ ᠨᠠᠷᠢᠨ ᠨᠢᠮᠪᠠᠢ ᠰᠡᠳᠦᠪ ᠰᠣᠩᠭᠤᠨ᠂ ᠨᠠᠷᠢᠯᠢᠭ ᠣᠨᠣᠪᠴᠢᠳᠠᠢ ᠪᠠᠷ ᠬᠦᠴᠦᠯᠡᠵᠦ᠂ ᠬᠤᠰᠢᠭᠤᠨ ᠤ ᠨᠠᠮ ᠤᠨ ᠬᠤᠷᠢᠶ᠎ᠠ ᠤᠷᠢᠶᠠᠯᠠᠭ᠎ᠠ ᠲᠠᠢ᠂ ᠤᠯᠤᠰ ᠲᠥᠷᠥ ᠶᠢᠨ ᠵᠥᠪᠯᠡᠯᠭᠡᠨ ᠠᠵᠢᠯᠯᠠᠭ᠎ᠠ ᠲᠠᠢ᠂ ᠬᠤᠰᠢᠭᠤᠨ ᠤ ᠨᠠᠮ ᠤᠨ ᠬᠤᠷᠢᠶ᠎ᠠ ᠪᠠᠶᠢᠷᠢᠯᠠᠭᠤᠯᠤᠯᠲᠠ ᠲᠠᠢ᠂ ᠤᠯᠤᠰ ᠲᠥᠷᠥ ᠶᠢᠨ ᠵᠥᠪᠯᠡᠯᠭᠡᠨ ᠨᠠᠶᠢᠳᠠᠪᠤᠷᠢᠵᠢᠭᠤᠯᠤᠯᠲᠠ ᠲᠠᠢ ᠪᠠᠶᠢᠬᠤ ᠶᠢ ᠦᠨᠡᠨᠬᠦ ᠪᠡᠶᠡᠯᠡᠭᠦᠯᠵᠦ᠂ ᠢᠮᠠᠭᠲᠠ ᠬᠤᠰᠢᠭᠤᠨ ᠤ ᠨᠠᠮ ᠤᠨ ᠬᠤᠷᠢᠶ᠎ᠠ ᠲᠠᠢ ᠬᠠᠮᠲᠤ ᠪᠣᠳᠣᠯᠬᠢᠯᠠᠵᠤ᠂ ᠬᠠᠮᠲᠤ ᠰᠡᠳᠬᠢᠵᠦ᠂ ᠬᠠᠮᠲᠤ ᠠᠵᠢᠯᠯᠠᠨ᠎ᠠ᠃      ᠨᠠᠮ ᠤᠨ ᠪᠠᠶᠢᠭᠤᠯᠤᠯᠲᠠ ᠶᠢᠨ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠶᠢ ᠠᠭᠤᠰᠤᠯᠴᠠᠭᠤᠯᠬᠤ ᠭᠦᠢᠴᠡᠳᠬᠡᠬᠦ ᠬᠦᠴᠦᠨ ᠢ ᠳᠡᠭᠡᠭᠰᠢᠯᠡᠭᠦᠯᠦᠨ᠎ᠡ᠃ ᠤᠯᠤᠰ ᠲᠥᠷᠥ ᠶᠢᠨ ᠵᠥᠪᠯᠡᠯᠭᠡᠨ ᠤ ᠨᠠᠮ ᠤᠨ ᠤᠳᠤᠷᠢᠳᠬᠤ ᠳᠤᠭᠤᠶᠢᠯᠠᠩ ᠤᠨ ᠴᠢᠭᠯᠡᠯ ᠢ ᠡᠵᠡᠮᠳᠡᠬᠦ᠂ ᠶᠡᠭᠡ ᠲᠠᠯ᠎ᠠ ᠶᠢ ᠬᠠᠮᠢᠶᠠᠷᠬᠤ᠂ ᠨᠠᠶᠢᠳᠠᠪᠤᠷᠢᠵᠢᠭᠤᠯᠤᠯᠲᠠ ᠶᠢ ᠪᠠᠲᠤᠯᠠᠬᠤ ᠦᠢᠯᠡᠳᠦᠯ ᠢ ᠪᠠᠳᠠᠷᠠᠭᠤᠯᠵᠤ᠂ ᠤᠯᠤᠰ ᠲᠦᠷᠦ ᠶᠢᠨ ᠵᠥᠪᠯᠡᠯᠭᠡᠨ ᠤ ᠨᠠᠮ ᠤᠨ ᠤᠳᠤᠷᠢᠳᠬᠤ ᠳᠤᠭᠤᠶᠢᠯᠠᠩ᠂ ᠪᠠᠶᠢᠭᠤᠯᠣᠯᠭ᠎ᠠ ᠶᠢᠨ ᠨᠠᠮ ᠤᠨ ᠤᠳᠤᠷᠢᠳᠬᠤ ᠳᠤᠭᠤᠶᠢᠯᠠᠩ᠂ ᠪᠠᠶᠢᠭᠤᠯᠣᠯᠭ᠎ᠠ ᠶᠢᠨ ᠨᠠᠮ ᠤᠨ ᠡᠭᠦᠷ ᠢ ᠬᠠᠮᠤᠷᠤᠭᠰᠠᠨ ᠵᠣᠬᠢᠶᠠᠨ ᠪᠠᠶᠢᠭᠤᠯᠤᠯᠲᠠ ᠶᠢᠨ ᠳᠣᠭᠳᠠᠯᠴᠠᠭ᠎ᠠ ᠪᠠ ᠬᠠᠷᠢᠭᠤᠴᠠᠯᠭ᠎ᠠ ᠶᠢᠨ ᠳᠣᠭᠳᠠᠯᠴᠠᠭ᠎ᠠ ᠶᠢ ᠲᠡᠭᠦᠯᠳᠡᠷᠵᠢᠭᠦᠯᠵᠦ᠂ ᠨᠠᠮ ᠤᠨ ᠪᠠᠶᠢᠭᠤᠯᠤᠯᠲᠠ ᠶᠢᠨ ᠡᠭᠦᠷᠭᠡ ᠶᠢᠨ ᠲᠣᠳᠣᠷᠬᠠᠢ ᠬᠠᠭᠤᠳᠠᠰᠤ ᠪᠠ ᠭᠤᠣᠯᠳᠠᠯᠭ᠎ᠠ ᠲᠠᠢ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠠᠵᠢᠯ ᠢ ᠪᠦᠬᠦ ᠲᠠᠯ᠎ᠠ ᠪᠠᠷ ᠲᠥᠯᠥᠪᠯᠡᠬᠦ᠂ ᠪᠠᠶᠢᠷᠢᠯᠠᠭᠤᠯᠬᠤ ᠪᠠ ᠲᠦᠯᠬᠢᠨ ᠠᠬᠢᠭᠤᠯᠬᠤ ᠶᠢ ᠴᠢᠬᠤᠯᠠᠴᠢᠯᠠᠵᠤ᠂ ᠰᠤᠷᠤᠯᠴᠠᠬᠤ ᠠᠵᠢᠯᠯᠠᠭ᠎ᠠ ᠪᠠ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠠᠵᠢᠯ ᠢ ᠨᠢᠭᠡᠳᠦᠯᠲᠡᠢ ᠲᠥᠯᠥᠪᠯᠡᠨ ᠲᠣᠬᠢᠷᠠᠭᠤᠯᠵᠤ᠂ ᠨᠠᠮ ᠤᠨ ᠭᠡᠰᠢᠭᠦᠨ ᠪᠠ ᠭᠡᠰᠢᠭᠦᠳ ᠢ ᠬᠥᠲᠥᠯᠥᠨ ᠳᠠᠭᠠᠭᠤᠯᠵᠤ ᠵᠢᠱᠢᠶ᠎ᠡ ᠦᠵᠡᠭᠦᠯᠬᠦ ᠠᠵᠢᠯ ᠤᠨ ᠲᠣᠭᠲᠠᠴᠠ ᠶᠢ ᠰᠦᠪᠡᠭᠴᠢᠯᠡᠨ ᠲᠡᠭᠦᠯᠳᠡᠷᠵᠢᠭᠦᠯᠵᠦ᠂ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠵᠦ ᠨᠠᠮ ᠤᠨ ᠪᠠᠶᠢᠭᠤᠯᠤᠯᠲᠠ ᠶᠢ ᠠᠳᠬᠤᠬᠤ ᠳᠤ ᠨᠡᠩ ᠰᠠᠶᠢᠲᠤᠷ ᠠᠭᠤᠰᠤᠯᠴᠠᠭᠤᠯᠵᠤ᠂ ᠨᠠᠮ ᠤᠨ ᠪᠠᠶᠢᠭᠤᠯᠤᠯᠲᠠ ᠶᠢ ᠰᠠᠶᠢᠲᠤᠷ ᠠᠳᠬᠤᠵᠤ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠶᠢ ᠠᠬᠢᠭᠤᠯᠣᠨ᠎ᠠ᠃      ︵ᠬᠤᠶᠠᠷ︶ ᠢᠮᠠᠭᠲᠠ ᠶᠡᠭᠡ ᠲᠠᠯ᠎ᠠ ᠳᠤ ᠦᠢᠯᠡᠴᠢᠯᠡᠵᠦ᠂ ᠴᠢᠨᠠᠷ ᠰᠠᠶᠢᠲᠠᠢ ᠬᠥᠭᠵᠢᠯᠲᠡ ᠳᠤ ᠦᠢᠯᠡᠴᠢᠯᠡᠬᠦ ᠲᠠᠯ᠎ᠠ ᠪᠠᠷ ᠰᠢᠨ᠎ᠡ ᠬᠤᠪᠢ ᠨᠡᠮᠡᠷᠢ ᠦᠵᠡᠭᠦᠯᠦᠨ᠎ᠡ᠃ ᠭᠤᠣᠯᠳᠠᠯᠭ᠎ᠠ ᠲᠠᠢ ᠤᠶᠠᠯᠳᠤᠭᠤᠯᠤᠨ᠂ ᠶᠡᠭᠡ ᠲᠠᠯ᠎ᠠ ᠳᠤ ᠦᠢᠯᠡᠴᠢᠯᠡᠬᠦ ᠪᠣᠯ ᠤᠯᠤᠰ ᠲᠦᠷᠦ ᠶᠢᠨ ᠵᠥᠪᠯᠡᠯᠭᠡᠨ ᠤ ᠪᠠᠶᠢᠪᠠᠰᠤ ᠵᠣᠬᠢᠬᠤ ᠬᠠᠷᠢᠭᠤᠴᠠᠯᠭ᠎ᠠ ᠡᠭᠦᠷᠭᠡᠯᠡᠯ ᠮᠥᠨ᠃ ᠪᠢᠳᠡ ᠬᠤᠰᠢᠭᠤᠨ ᠤ ᠨᠠᠮ ᠤᠨ ᠬᠤᠷᠢᠶᠠᠨ ᠤ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ᠂ ᠠᠷᠠᠳ ᠣᠯᠠᠨ ᠤ ᠬᠦᠰᠡᠯ ᠱᠠᠭᠠᠷᠳᠠᠯᠭ᠎ᠠ ᠪᠠ ᠬᠡᠰᠢᠭᠳᠡᠨ ᠬᠤᠰᠢᠭᠤᠨ ᠤ ᠬᠥᠭᠵᠢᠯᠲᠡ ᠶᠢᠨ ᠭᠤᠣᠯᠳᠠᠯᠭ᠎ᠠ ᠲᠠᠢ ᠳᠦᠪᠡᠭ ᠲᠠᠢ ᠠᠰᠠᠭᠤᠳᠠᠯ ᠤᠨ ᠲᠣᠭᠤᠷᠢᠨ ᠳᠤ ᠦᠨᠡᠨ ᠦᠭᠡ ᠬᠡᠯᠡᠵᠦ᠂ ᠰᠠᠶᠢᠨ ᠠᠷᠭ᠎ᠠ ᠪᠣᠳᠣᠯᠭ᠎ᠠ ᠶᠢ ᠰᠦᠪᠡᠭᠴᠢᠯᠡᠨ᠂ ᠪᠣᠳᠠᠲᠠᠢ ᠠᠷᠭ᠎ᠠ ᠤᠬᠠᠭᠠᠨ ᠭᠠᠷᠭᠠᠨ᠎ᠠ᠃      ᠶᠡᠭᠡ ᠶᠠᠪᠤᠳᠠᠯ ᠴᠢᠬᠤᠯᠠ ᠶᠠᠪᠤᠳᠠᠯ ᠲᠠᠢ ᠤᠶᠠᠯᠳᠤᠭᠤᠯᠤᠨ ᠵᠥᠪᠯᠡᠯᠭᠡ ᠬᠢᠵᠦ ᠵᠠᠰᠠᠭ ᠤᠨ ᠶᠠᠪᠤᠳᠠᠯ ᠢ ᠵᠥᠪᠯᠡᠬᠦ ᠠᠵᠢᠯ ᠢ ᠦᠷᠨᠢᠬᠦᠯᠦᠨ᠎ᠡ᠃ ᠪᠦᠬᠦ ᠭᠡᠰᠢᠭᠦᠳ ᠤᠨ ᠬᠤᠷᠠᠯ ᠢᠶᠠᠷ ᠥᠷᠭᠡᠨ ᠢᠶᠠᠷ ᠵᠥᠪᠯᠡᠬᠦ᠂ ᠪᠠᠶᠢᠩᠭᠤ ᠶᠢᠨ ᠭᠡᠰᠢᠭᠦᠳ ᠤᠨ ᠬᠤᠷᠠᠯ ᠢᠶᠠᠷ ᠲᠤᠰᠬᠠᠢ ᠰᠡᠳᠦᠪ ᠢᠶᠠᠷ ᠵᠥᠪᠯᠡᠬᠦ᠂ ᠲᠡᠷᠢᠭᠦᠯᠡᠭᠴᠢᠳ ᠤᠨ ᠬᠤᠷᠠᠯ ᠢᠶᠠᠷ ᠭᠤᠣᠯᠳᠠᠯᠭ᠎ᠠ ᠲᠠᠢ ᠵᠥᠪᠯᠡᠬᠦ᠂ ᠲᠤᠰᠬᠠᠢ ᠵᠦᠪᠯᠡᠯ ᠤᠨ ᠬᠤᠷᠠᠯ ᠢᠶᠠᠷ ᠠᠵᠢᠯ ᠲᠦᠷᠦᠯ ᠤᠨ ᠳᠣᠭᠳᠠᠯᠴᠠᠭ᠎ᠠ ᠪᠠᠷ ᠵᠥᠪᠯᠡᠬᠦ ᠡᠭᠦᠷᠭᠡ ᠴᠢᠳᠠᠪᠬᠢ ᠶᠢ ᠦᠨᠡᠨᠬᠦ ᠭᠦᠢᠴᠡᠳᠬᠡᠵᠦ᠂ ᠬᠤᠶᠠᠷ ᠶᠡᠭᠡ ᠶᠠᠪᠤᠳᠠᠯ᠂ ᠬᠤᠶᠠᠷ ᠶᠡᠭᠡ ᠡᠯᠡᠰᠦᠷᠬᠡᠭ ᠭᠠᠵᠠᠷ ᠢ ᠵᠠᠰᠠᠨ ᠨᠣᠭᠤᠭᠠᠷᠠᠭᠤᠯᠬᠤ ᠶᠢ ᠠᠬᠢᠭᠤᠯᠬᠤ ᠵᠡᠷᠭᠡ ᠴᠢᠬᠤᠯᠠ ᠶᠡᠭᠡ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠬᠡᠰᠢᠭᠳᠡᠨ ᠬᠤᠰᠢᠭᠤᠨ ᠳᠤ ᠨᠠᠶᠢᠳᠠᠪᠤᠷᠢᠵᠢᠭᠤᠯᠤᠨ ᠪᠣᠳᠠᠲᠠᠶᠢᠵᠢᠭᠤᠯᠵᠤ᠂ ︽ᠤᠮᠠᠷᠠᠲᠤ ᠬᠢᠯᠢ ᠶᠢᠨ ᠨᠣᠮᠢᠨ ᠨᠣᠭᠤᠭᠠᠨ︾ ᠢ   ᠨᠡᠩ ᠦᠳᠬᠡᠷᠡᠬᠦᠯᠦᠨ᠂ ︽ᠳᠤᠮᠳᠠᠳᠤ ᠤᠯᠤᠰ ᠤᠨ ᠴᠡᠩᠬᠡᠷ ᠬᠥᠬᠡ︾ ᠳᠤ ᠥᠩᠭᠡ ᠨᠡᠮᠡᠷᠢᠯᠡᠵᠦ᠂ ︽ᠰᠢᠨ᠎ᠡ ᠬᠠᠭᠤᠳᠠᠰᠤ︾ ᠶᠢ ᠪᠢᠴᠢᠭᠯᠡᠨ ︽ᠳᠤᠮᠳᠠᠳᠤ ᠶᠢᠨ ᠬᠦᠰᠡᠯᠡᠩ︾ ᠢ ᠪᠡᠶᠡᠯᠡᠬᠦᠯᠬᠦ ᠳᠤ ᠰᠡᠳᠬᠢᠯ ᠢᠶᠠᠨ ᠨᠢᠬᠡᠳᠬᠡᠨ᠂ ᠤᠶᠤᠨ ᠤᠬᠠᠭᠠᠨ ᠢᠶᠠᠨ ᠬᠤᠷᠠᠮᠳᠤᠭᠤᠯᠵᠤ᠂ ᠬᠦᠴᠦᠨ ᠴᠢᠳᠠᠯ ᠢᠶᠠᠨ ᠨᠢᠭᠲᠠᠷᠠᠭᠤᠯᠤᠨ᠎ᠠ᠃      ᠰᠢᠢᠳᠪᠦᠷᠢᠲᠦ ᠪᠣᠳᠣᠯᠭ᠎ᠠ ᠶᠢ ᠬᠡᠷᠡᠭᠵᠢᠭᠦᠯᠬᠦ ᠳᠤ ᠠᠩᠬᠠᠷᠤᠯ ᠢᠶᠠᠨ ᠲᠥᠪᠯᠡᠷᠡᠭᠦᠯᠵᠦ ᠠᠷᠠᠳᠴᠢᠯᠠᠯ ᠢᠶᠠᠷ ᠬᠢᠨᠠᠯᠳᠠ ᠳᠠᠯᠪᠢᠬᠤ ᠶᠢ ᠴᠢᠩᠭᠠᠳᠬᠠᠨ᠎ᠠ᠃ ᠠᠷᠠᠳ ᠤᠨ ᠤᠯᠤᠰ ᠲᠦᠷᠦ ᠶᠢᠨ ᠵᠥᠪᠯᠡᠯᠭᠡᠨ ᠤ ᠠᠷᠠᠳᠴᠢᠯᠠᠯ ᠢᠶᠠᠷ ᠬᠢᠨᠠᠯᠲᠠ ᠲᠠᠯᠪᠢᠬᠤ ᠳᠦᠷᠢᠮ ᠤᠨ ᠲᠣᠭᠲᠠᠴᠠ ᠶᠢ ᠲᠡᠭᠦᠯᠳᠡᠷᠵᠢᠭᠦᠯᠵᠦ᠂ ᠬᠢᠨᠠᠯᠲᠠ ᠲᠠᠯᠪᠢᠬᠤ ᠴᠢᠭᠯᠡᠯ ᠪᠠ ᠵᠠᠷᠴᠢᠮ᠂ ᠠᠶᠢᠵᠠᠮ ᠪᠠ ᠡᠷᠴᠢᠮ ᠢ ᠣᠨᠣᠪᠴᠢᠲᠠᠢ ᠡᠵᠡᠮᠳᠡᠵᠦ᠂ ᠵᠥᠪᠯᠡᠬᠦ ᠮᠠᠶ᠋ᠢᠭ ᠤᠨ ᠬᠢᠨᠠᠯᠲᠠ ᠶᠢᠨ ᠳᠠᠪᠠᠭᠤᠯᠢᠭ ᠦᠢᠯᠡᠳᠦᠯ ᠢ ᠨᠡᠩ ᠰᠠᠶᠢᠲᠤᠷ ᠪᠠᠳᠠᠷᠠᠭᠤᠯᠵᠤ᠂ ᠭᠤᠣᠯᠳᠠᠯᠭ᠎ᠠ ᠲᠠᠢ ᠥᠭᠡᠷᠡᠴᠢᠯᠡᠯᠲᠡ ᠶᠢ ᠨᠠᠶᠢᠳᠠᠪᠤᠷᠢᠵᠢᠭᠤᠯᠬᠤ᠂ ᠴᠢᠬᠤᠯᠠ ᠶᠡᠭᠡ ᠳᠦᠷᠦᠯ ᠵᠦᠢᠯ ᠢ ᠠᠬᠢᠭᠤᠯᠬᠤ᠂ ᠴᠢᠬᠤᠯᠠ ᠲᠦᠷᠦ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠬᠤ ᠵᠡᠷᠭᠡ ᠳᠤ ᠴᠢᠭᠯᠡᠭᠦᠯᠦᠨ ᠲᠤᠰᠬᠠᠢ ᠵᠦᠢᠯ ᠤᠨ ᠬᠢᠨᠠᠯᠲᠠ ᠲᠠᠯᠪᠢᠬᠤ ᠶᠢ ᠭᠤᠣᠯᠳᠠᠯᠭ᠎ᠠ ᠲᠠᠢ ᠪᠠᠷ ᠥᠷᠨᠢᠭᠦᠯᠦᠨ᠎ᠡ︔ ᠳᠣᠭᠤᠷᠢᠨ ᠪᠠᠶᠢᠴᠠᠭᠠᠵᠣ ᠪᠠᠶᠢᠴᠠᠭᠠᠨ ᠰᠤᠳᠤᠯᠤᠯᠲᠠ ᠬᠢᠬᠦ᠂ ᠬᠤᠷᠠᠯ ᠢᠶᠠᠷ ᠬᠢᠨᠠᠯᠲᠠ ᠲᠠᠯᠪᠢᠬᠤ᠂ ᠰᠠᠨᠠᠯ ᠵᠥᠪᠯᠡᠯᠭᠡ ᠳᠤ ᠬᠢᠨᠠᠯᠲᠠ ᠲᠠᠯᠪᠢᠬᠤ ᠵᠡᠷᠭᠡ ᠤᠯᠠᠨ ᠵᠦᠢᠯ ᠤᠨ ᠬᠡᠯᠪᠡᠷᠢ ᠶᠢ ᠠᠮᠢᠳᠤᠯᠢᠭ ᠢᠶᠠᠷ ᠬᠡᠷᠡᠭᠯᠡᠨ ᠠᠷᠠᠳᠴᠢᠯᠠᠯ ᠢᠶᠠᠷ ᠬᠢᠨᠠᠯᠲᠠ ᠲᠠᠯᠪᠢᠬᠤ ᠠᠵᠢᠯ ᠢ ᠦᠷᠨᠢᠬᠦᠯᠦᠨ᠎ᠡ᠃ ︽ᠤᠯᠤᠰ ᠲᠦᠷᠦ ᠶᠢᠨ ᠵᠥᠪᠯᠡᠯᠭᠡᠨ +ᠰᠢᠭᠦᠬᠦ ᠬᠤᠷᠢᠶ᠎ᠠ︾ ᠶᠢᠨ ᠵᠢᠭᠤᠷᠠᠯᠳᠤᠭᠠᠨ ᠢ ᠰᠢᠢᠳᠪᠦᠷᠢᠯᠡᠬᠦ ᠤᠯᠠᠨ ᠡᠰᠢᠴᠢᠯᠡᠭᠰᠡᠨ ᠰᠢᠨ᠎ᠡ ᠬᠡᠪ ᠵᠠᠭᠪᠤᠷ ᠢ ᠦᠷᠭᠦᠯᠵᠢᠯᠡᠨ ᠬᠡᠷᠡᠭᠵᠢᠭᠦᠯᠵᠦ᠂ ︽ᠤᠯᠤᠰ ᠲᠦᠷᠦ ᠶᠢᠨ ᠵᠥᠪᠯᠡᠯᠭᠡᠨ ᠤ ᠭᠡᠰᠢᠭᠦᠨ +ᠡᠷᠬᠡ ᠳᠣᠰᠢᠶᠠᠯᠳᠦ ᠰᠠᠯᠠᠭ᠎ᠠ ᠮᠥᠴᠢᠷ︾ ᠤᠨ ᠳᠠᠪᠬᠤᠴᠠᠯ ᠦᠢᠯᠡᠳᠦᠯ ᠢ ᠪᠠᠳᠠᠷᠠᠭᠤᠯᠬᠤ ᠶᠢ ᠴᠢᠬᠤᠯᠠᠴᠢᠯᠠᠵᠤ᠂ ᠬᠠᠲᠠᠭᠤ ᠵᠥᠭᠡᠯᠡᠨ ᠢ  ᠬᠠᠮᠳᠣᠳᠬᠠᠨ᠂ ᠠᠳᠠᠯᠢ ᠴᠢᠭᠯᠡᠯ ᠢᠶᠠᠷ ᠬᠦᠴᠦᠯᠡᠵᠦ᠂ ︽1+1 > 2︾ ᠤᠨ ᠦᠷ᠎ᠡ ᠳ᠋ᠦᠩ ᠳᠤ ᠬᠦᠷᠭᠡᠨ᠎ᠡ᠃      ᠠᠷᠠᠳ ᠤᠨ ᠠᠮᠢᠳᠤᠷᠠᠯ ᠢ ᠰᠠᠶᠢᠵᠢᠷᠠᠭᠤᠯᠬᠤ ᠲᠠᠢ ᠨᠢᠭᠲᠠ ᠤᠶᠠᠯᠳᠤᠭᠤᠯᠤᠨ ᠢᠳᠡᠪᠬᠢᠳᠡᠢ ᠪᠠᠷ ᠵᠠᠰᠠᠭ ᠤᠨ ᠶᠠᠪᠤᠳᠠᠯ ᠳᠤ ᠣᠷᠣᠯᠴᠠᠨ ᠵᠠᠰᠠᠭ ᠤᠨ ᠶᠠᠪᠣᠳᠠᠯ ᠢ ᠵᠦᠪᠯᠡᠨ᠎ᠡ᠃ ᠨᠡᠶᠢᠭᠡᠮ ᠤᠨ ᠪᠠᠶᠢᠳᠠᠯ ᠠᠷᠠᠳ ᠤᠨ ᠰᠠᠨᠠᠭ᠎ᠠ ᠶᠢ ᠲᠤᠰᠬᠠᠬᠤ ᠮᠡᠳᠡᠭᠡ ᠵᠠᠩᠭᠢ ᠶᠢᠨ ᠳᠦᠷᠢᠮ ᠤᠨ ᠲᠣᠭᠲᠠᠴᠠ ᠶᠢ ᠲᠡᠭᠦᠯᠳᠡᠷᠵᠢᠭᠦᠯᠵᠦ᠂ ᠢᠯᠡᠳᠬᠡᠬᠦ ᠠᠷᠭ᠎ᠠ ᠵᠠᠮ ᠢ ᠦᠷᠬᠡᠳᠬᠡᠨ᠂ ᠨᠡᠶᠢᠭᠡᠮ ᠤᠨ ᠡᠯ᠎ᠡ ᠦᠨᠳᠦᠰᠦᠲᠡᠨ ᠡᠯ᠎ᠡ ᠡᠲᠡᠭᠡᠳ ᠤᠨ ᠬᠦᠰᠡᠯ ᠱᠠᠭᠠᠷᠳᠠᠯᠭ᠎ᠠ ᠶᠢ ᠴᠠᠭ ᠲᠤᠬᠠᠢ ᠳᠤᠨᠢ ᠣᠨᠣᠪᠴᠢᠲᠠᠶ᠂ ᠪᠦᠬᠦ ᠲᠠᠯ᠎ᠠ ᠪᠠᠷ ᠪᠤᠰᠤᠳᠴᠢ ᠪᠠᠷ ᠳᠣᠰᠬᠠᠨ᠎ᠠ᠃ ︽ᠶᠡᠭᠡ ᠶᠠᠪᠤᠳᠠᠯ ᠢ ᠵᠥᠪᠯᠡᠬᠦ᠂ ᠤᠯᠠᠨ ᠲᠦᠮᠡᠨ ᠲᠠᠢ ᠣᠶᠢᠷᠠᠲᠤᠬᠤ᠂ ᠶᠠᠰᠤ ᠴᠢᠨᠠᠷ ᠢ ᠴᠢᠬᠤᠯᠠᠴᠢᠯᠠᠬᠤ᠂ ᠰᠣᠳᠣᠨ ᠪᠦᠲᠦᠭᠡᠯ ᠭᠠᠷᠭᠠᠬᠤ︾ ᠵᠠᠷᠴᠢᠮ ᠶᠣᠰᠣᠭᠠᠷ᠂ ᠰᠠᠨᠠᠯ ᠵᠥᠪᠯᠡᠯᠭᠡ ᠶᠢᠨ ᠰᠡᠳᠦᠪ ᠰᠣᠩᠭᠤᠵᠤ ᠪᠠᠶᠢᠴᠠᠭᠠᠨ ᠰᠤᠳᠤᠯᠬᠤ᠂ ᠬᠢᠨᠠᠨ ᠪᠠᠶᠢᠴᠠᠭᠠᠵᠤ ᠲᠤᠰᠢᠶᠠᠨ ᠰᠢᠢᠳᠪᠦᠷᠢᠯᠡᠭᠦᠯᠬᠦ᠂ ᠳᠠᠭᠠᠭᠤᠯᠤᠨ ᠰᠢᠢᠳᠪᠦᠷᠢᠯᠡᠵᠦ ᠱᠠᠭᠠᠷᠳᠠᠨ ᠰᠢᠢᠳᠪᠦᠷᠢᠯᠡᠭᠦᠯᠬᠦ ᠵᠡᠷᠭᠡ ᠭᠤᠣᠯᠳᠠᠯᠭ᠎ᠠ ᠲᠠᠢ ᠵᠠᠩᠭᠢᠯᠠᠭ᠎ᠠ ᠶᠢᠨ ᠠᠵᠢᠯ ᠢ ᠰᠠᠶᠢᠲᠤᠷ ᠬᠢᠵᠦ᠂ ᠬᠡᠷᠡᠭ ᠪᠣᠯᠭᠠᠨ ᠳᠠᠩᠰᠠᠯᠠᠭᠰᠠᠨ ᠪᠦᠬᠦᠨ ᠢ ᠴᠢᠷᠮᠠᠶᠢᠨ ᠪᠡᠶᠡᠯᠡᠭᠦᠯᠵᠦ᠂ ᠥᠪᠡᠷᠮᠢᠴᠡ ᠴᠢᠨᠠᠷ ᠤᠨ ᠳᠣᠲᠣᠷ᠎ᠠ ᠠᠴᠠ ᠨᠡᠶᠢᠲᠡᠯᠢᠭ ᠴᠢᠨᠠᠷ ᠢ ᠡᠷᠢᠬᠦ ᠪᠠᠷ ᠴᠢᠷᠮᠡᠶᠢᠨ᠂ ︽ᠨᠢᠭᠡ ᠵᠦᠢᠯ ᠤᠨ ᠶᠠᠪᠤᠳᠠᠯ︾ ᠢ ᠰᠠᠶᠢᠲᠤᠷ ᠰᠢᠢᠳᠪᠦᠷᠢᠯᠡᠬᠦ ᠠᠴᠠ ︽ᠨᠢᠭᠡ ᠳᠦᠷᠦᠯ ᠤᠨ ᠶᠠᠪᠤᠳᠠᠯ︾ ᠢ ᠰᠠᠶᠢᠲᠤᠷ ᠰᠢᠢᠳᠪᠦᠷᠢᠯᠡᠬᠦ ᠬᠦᠷᠲᠡᠯ᠎ᠡ ᠲᠦᠯᠬᠢᠨ ᠠᠬᠢᠭᠤᠯᠵᠤ᠂ ︽ᠵᠠᠩᠬᠢᠯᠠᠭ᠎ᠠ ᠶᠢᠨ ᠵᠠᠢ︾ ᠶᠢ ᠨᠡᠪᠲᠡᠷᠡᠭᠦᠯᠬᠦ ᠳᠤ ᠬᠦᠴᠦ ᠨᠡᠮᠡᠷᠢᠯᠡᠵᠦ᠂ ︽ᠬᠠᠮᠤᠭ ᠡᠴᠦᠰ ᠤᠨ ᠨᠢᠭᠡ ᠡᠭᠦᠳᠡ︾ ᠶᠢ ᠨᠡᠭᠡᠭᠡᠨ᠎ᠡ᠃      ︵ᠭᠤᠷᠪᠠ︶ ᠪᠦᠯᠬᠦᠮᠳᠡᠯ ᠠᠷᠠᠳᠴᠢᠯᠠᠯ ᠢ ᠢᠮᠠᠭᠲᠠ ᠪᠠᠳᠠᠷᠠᠭᠤᠯᠵᠤ᠂ ᠬᠠᠮᠲᠤ ᠶᠢᠨ ᠲᠠᠨᠢᠯᠲᠠ ᠶᠢ ᠥᠷᠭᠡᠨ ᠢᠶᠠᠷ ᠨᠢᠭᠲᠠᠷᠠᠭᠤᠯᠬᠤ ᠲᠠᠯ᠎ᠠ ᠪᠠᠷ ᠰᠢᠨ᠎ᠡ ᠬᠠᠭᠤᠳᠠᠰᠤ ᠶᠢ ᠪᠢᠴᠢᠭᠯᠡᠨ᠎ᠡ᠃ᠬᠠᠮᠲᠤ ᠶᠢᠨ ᠲᠠᠨᠢᠯᠲᠠ ᠶᠢ ᠥᠷᠭᠡᠨ ᠢᠶᠠᠷ ᠨᠢᠭᠲᠠᠷᠠᠭᠤᠯᠬᠤ ᠪᠣᠯ ᠰᠢᠨ᠎ᠡ ᠴᠠᠭ ᠦᠶ᠎ᠡ ᠶᠢᠨ ᠤᠯᠤᠰ ᠲᠥᠷᠥ ᠶᠢᠨ ᠵᠥᠪᠯᠡᠯᠭᠡᠨ ᠤ ᠠᠵᠢᠯ ᠤᠨ ᠢᠯᠡ ᠲᠣᠳᠣ ᠤᠳᠤᠷᠢᠳᠤᠮᠵᠢ ᠪᠠ ᠲᠣᠪᠣᠶᠢᠮ᠎ᠠ ᠣᠨᠴᠠᠯᠢᠭ ᠮᠥᠨ᠃ ᠪᠢᠳᠡ ᠨᠢᠭᠡᠳᠦᠮᠡᠯ ᠹᠷᠣᠨᠲ ᠤᠨ ᠵᠣᠬᠢᠶᠠᠨ ᠪᠠᠶᠢᠭᠤᠯᠤᠯᠲᠠ ᠶᠢᠨ ᠴᠢᠳᠠᠮᠵᠢ ᠶᠢ ᠬᠦᠴᠦᠯᠡᠨ ᠪᠠᠳᠠᠷᠠᠭᠤᠯᠵᠤ᠂ ᠨᠠᠮ ᠤᠨ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠨᠠᠶᠢᠳᠠᠪᠤᠷᠢᠵᠢᠭᠤᠯᠬᠤ᠂ ᠡᠯ᠎ᠡ ᠲᠠᠯ᠎ᠠ ᠶᠢᠨ ᠤᠶᠤᠨ ᠤᠬᠠᠭᠠᠨ ᠬᠦᠴᠦᠨ ᠴᠢᠳᠠᠯ ᠢ ᠨᠢᠭᠲᠠᠷᠠᠭᠤᠯᠬᠤ ᠤᠯᠤᠰ ᠲᠦᠷᠦ ᠶᠢᠨ ᠬᠠᠷᠢᠭᠤᠴᠠᠯᠭ᠎ᠠ ᠶᠢ ᠡᠷᠡᠰ ᠡᠬᠦᠷᠬᠡᠯᠡᠨ᠎ᠡ᠃      ︽ᠪᠦᠯᠬᠦᠮᠳᠡᠯ︾ ᠢᠶᠠᠷ ᠬᠠᠮᠲᠤ ᠶᠢᠨ ᠲᠠᠨᠢᠯᠲᠠ ᠶᠢ ᠥᠷᠭᠡᠨ ᠢᠶᠠᠷ ᠨᠢᠭᠲᠠᠷᠠᠭᠤᠯᠤᠨ᠎ᠠ᠃ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠪᠠᠷ ᠭᠤᠣᠯ ᠰᠢᠵᠢᠮ ᠪᠣᠯᠭᠠᠵᠤ᠂ ᠨᠢᠭᠡᠳᠦᠮᠡᠯ ᠹᠷᠣᠨᠲ ᠤᠨ ᠴᠢᠳᠠᠮᠵᠢ ᠶᠢ ᠨᠡᠩ ᠰᠠᠶᠢᠲᠤᠷ ᠪᠠᠳᠠᠷᠠᠭᠤᠯᠤᠨ᠎ᠠ᠃ ᠠᠵᠣ ᠦᠢᠯᠡᠳᠪᠦᠷᠢ ᠬᠤᠳᠠᠯᠳᠤᠭᠠᠨ ᠤ ᠬᠤᠯᠪᠣᠭᠠᠳᠣ ᠬᠤᠷᠠᠯ ᠪᠠ ᠨᠠᠮ ᠪᠦᠯᠦᠭ ᠤᠨ ᠪᠤᠰᠤ ᠲᠥᠯᠥᠭᠡᠯᠡᠭᠴᠢ ᠬᠥᠮᠥᠰ ᠤᠨ ᠤᠯᠤᠰ ᠲᠦᠷᠦ ᠶᠢᠨ ᠵᠥᠪᠯᠡᠯᠭᠡᠨ ᠤ ᠲᠠᠪᠴᠠᠩ ᠳᠡᠭᠡᠷ᠎ᠡ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠠᠵᠢᠯᠯᠠᠭ᠎ᠠ ᠥᠷᠨᠢᠭᠦᠯᠬᠦ ᠶᠢ ᠲᠡᠮᠵᠢᠨ ᠪᠠᠲᠤᠯᠠᠵᠤ᠂ ᠨᠡᠶᠢᠲᠡ ᠶᠢᠨ ᠥᠮᠴᠢᠯᠡᠯ ᠤᠨ ᠪᠤᠰᠤ ᠠᠵᠤ ᠠᠬᠤᠢ ᠶᠢᠨ ᠬᠥᠮᠥᠰ᠂ ᠨᠡᠶᠢᠭᠡᠮ ᠤᠨ ᠰᠢᠨ᠎ᠡ ᠳᠠᠪᠬᠤᠷᠭ᠎ᠠ ᠶᠢᠨ ᠬᠥᠮᠥᠰ ᠤᠨ ᠭᠤᠮᠣᠳᠠᠯ ᠱᠠᠭᠠᠷᠳᠠᠯᠭ᠎ᠠ ᠪᠠᠨ ᠢᠯᠡᠳᠬᠡᠬᠦ ᠠᠷᠭ᠎ᠠ ᠵᠠᠮ ᠢ ᠰᠠᠭᠠᠳ ᠦᠭᠡᠢ ᠨᠡᠪᠲᠡᠷᠡᠭᠦᠯᠦᠨ᠎ᠡ᠃ ᠦᠨᠳᠦᠰᠦᠲᠡᠨ ᠱᠠᠰᠢᠨ ᠰᠤᠷᠲᠠᠬᠤᠨ ᠤ ᠡᠲᠡᠭᠡᠳ ᠤᠨ ᠭᠡᠰᠢᠭᠦᠳ ᠤᠨ ᠲᠣᠰ ᠪᠡᠶ᠎ᠡ ᠶᠢᠨ ᠳᠠᠪᠠᠭᠤᠯᠢᠭ ᠢᠶᠠᠨ ᠪᠠᠳᠠᠷᠠᠭᠤᠯᠬᠤ ᠶᠢ ᠬᠥᠲᠥᠯᠥᠨ ᠵᠢᠯᠤᠭᠤᠳᠴᠤ᠂ ᠵᠥᠪᠯᠡᠯᠭᠡᠨ ᠤ ᠵᠠᠰᠠᠭ ᠤᠨ ᠶᠠᠪᠤᠳᠠᠯ ᠢ ᠵᠥᠪᠯᠡᠬᠦ ᠠᠵᠢᠯᠯᠠᠭ᠎ᠠ ᠶᠢ ᠥᠷᠨᠢᠭᠦᠯᠵᠦ᠂ ᠬᠤᠰᠢᠭᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠢ ᠬᠠᠮᠵᠢᠨ ᠦᠨᠳᠦᠰᠦᠲᠡᠨ ᠱᠠᠰᠢᠨ ᠰᠣᠷᠳᠠᠬᠤᠨ ᠤ ᠠᠵᠢᠯ ᠢ ᠰᠠᠶᠢᠳᠦᠷ ᠬᠢᠨ᠎ᠡ᠃      ︽ᠨᠣᠮ ᠤᠨ ᠣᠶᠠᠩᠭ᠎ᠠ︾ ᠪᠠᠷ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠣᠷ᠎ᠠ ᠣᠬᠠᠭᠠᠨ ᠢ ᠬᠤᠷᠴᠠᠯᠠᠨ᠎ᠠ᠃ ᠤᠯᠤᠰ ᠲᠦᠷᠦ ᠶᠢᠨ ᠵᠥᠪᠯᠡᠯᠭᠡᠨ ᠤ ᠰᠤᠷᠤᠯᠴᠠᠬᠤ ᠳᠠᠭᠠᠨ ᠴᠢᠳᠠᠮᠠᠭᠠᠢ᠂ ᠲᠠᠪᠰᠢᠬᠤ ᠳᠤᠷᠠᠲᠠᠢ ᠪᠠᠶᠢᠳᠠᠭ ᠰᠢᠯᠢᠳᠡᠭ ᠤᠯᠠᠮᠵᠢᠯᠠᠯ ᠢ ᠪᠠᠳᠠᠷᠠᠭᠤᠯᠤᠨ᠂ ︽ᠨᠣᠮ ᠤᠨ ᠣᠶᠠᠩᠭᠠᠳᠣ ᠤᠯᠤᠰ ᠲᠦᠷᠦ ᠶᠢᠨ ᠵᠥᠪᠯᠡᠯᠭᠡᠨ︾ ᠰᠡᠳᠦᠪᠳᠦ ᠭᠡᠰᠢᠭᠦᠳ ᠤᠨ ᠨᠣᠮ ᠤᠩᠰᠢᠬᠤ ᠠᠵᠢᠯᠯᠠᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠵᠦ᠂ ︽ᠨᠣᠮ ᠤᠩᠰᠢᠬᠤ + ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ︾ ᠶᠢ ᠭᠦᠨᠵᠡᠭᠡᠢ ᠠᠭᠤᠰᠤᠯᠴᠠᠭᠤᠯᠬᠤ᠂ ᠬᠠᠷᠢᠯᠴᠠᠨ ᠴᠢᠳᠠᠪᠤᠷᠢ ᠣᠯᠭᠤᠬᠤ ᠶᠢ ᠲᠦᠯᠬᠢᠨ ᠠᠬᠢᠭᠤᠯᠵᠤ᠂ ᠨᠣᠮ ᠤᠩᠰᠢᠭᠠᠳ ᠣᠯᠣᠭᠰᠠᠨ ᠦᠷ᠎ᠡ ᠠᠰᠢᠭ ᠢ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠴᠢᠳᠠᠪᠤᠷᠢ ᠪᠠ ᠠᠵᠢᠯ ᠤᠨ ᠦᠷ᠎ᠡ ᠪᠦᠲᠦᠭᠡᠯ ᠪᠣᠯᠭᠠᠨ ᠬᠤᠪᠢᠷᠠᠭᠤᠯᠤᠨ᠎ᠠ᠃ ︽ᠬᠡᠰᠢᠬᠦᠳ ᠤᠨ ᠣᠩᠰᠢᠭᠰᠠᠨ ᠨᠣᠮ ᠢᠶᠠᠨ ᠬᠠᠮᠲᠤ ᠪᠠᠷ ᠡᠳ᠋ᠯᠡᠬᠦ ᠬᠤᠷᠠᠯ︾ ᠢ ᠬᠤᠷᠠᠯᠳᠤᠭᠤᠯᠵᠤ᠂ ᠤᠩᠰᠢᠯᠭ᠎ᠠ ᠶᠢᠨ ᠴᠤᠭᠯᠠᠭᠠᠨ ᠤ ᠠᠷᠭ᠎ᠠ ᠮᠠᠶ᠋ᠢᠭ ᠢᠶᠠᠷ ᠳᠦᠷᠦᠯ ᠢᠯᠭᠠᠯ᠂ ᠰᠢᠨᠵᠢᠯᠡᠭᠡᠨ ᠤ ᠰᠠᠯᠠᠭ᠎ᠠ᠂ ᠬᠦᠷᠢᠶ᠎ᠡ ᠬᠡᠪᠴᠢᠶ᠎ᠡ ᠠᠯᠤᠰᠯᠠᠨ ᠭᠦᠨᠵᠡᠭᠡᠢ ᠰᠤᠳᠤᠯᠤᠨ ᠶᠠᠷᠢᠯᠴᠠᠵᠤ᠂ ᠬᠠᠷᠢᠯᠴᠠᠨ ᠮᠠᠷᠭᠤᠵᠣ ᠬᠠᠷᠢᠯᠴᠠᠨ ᠠᠭᠤᠰᠤᠯᠴᠠᠬᠤ ᠳᠤᠮᠳᠠ ᠨᠣᠮ ᠤᠩᠰᠢᠭᠰᠠᠨ ᠲᠥᠷᠥᠭᠳᠡᠯ ᠢᠶᠠᠨ ᠬᠤᠪᠢᠶᠠᠯᠴᠠᠵᠤ᠂ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠭᠰᠡᠨ ᠣᠯᠣᠯᠲᠠ ᠲᠥᠷᠥᠭᠳᠡᠯ ᠢᠶᠠᠨ ᠰᠣᠯᠢᠯᠴᠠᠨ᠂ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠬᠠᠯᠠᠭᠤᠨ ᠰᠡᠳᠬᠢᠯᠭᠡ ᠶᠢ ᠬᠦᠭᠵᠢᠬᠡᠨ᠎ᠡ᠃      ᠬᠡᠰᠢᠭᠳᠡᠨ ᠬᠤᠰᠢᠭᠤᠨ ᠤ ᠦᠯᠢᠭᠡᠷ ᠢ ︽ᠦᠰᠦᠭ ᠪᠢᠴᠢᠭ︾ ᠢᠶᠠᠷ ᠳᠡᠮᠳᠡᠭᠯᠡᠨ ᠦᠯᠡᠳᠡᠬᠡᠨ᠎ᠡ᠃ ᠰᠣᠶᠣᠯ ᠲᠡᠦᠬᠡ ᠶᠢᠨ ᠮᠠᠲ᠋ᠧᠷᠢᠶᠠᠯ ᠤᠨ ︽ᠲᠡᠦᠬᠡ ᠶᠢ ᠬᠠᠳᠠᠭᠠᠯᠠᠬᠤ᠂ ᠵᠠᠰᠠᠭ ᠲᠤ ᠲᠤᠰᠠᠯᠠᠬᠤ᠂ ᠪᠦᠯᠬᠦᠮᠳᠡᠬᠦ᠂ ᠬᠥᠮᠥᠨ ᠢ ᠬᠥᠮᠥᠵᠢᠭᠦᠯᠬᠦ︾ ᠨᠡᠶᠢᠭᠡᠮ ᠤᠨ ᠴᠢᠳᠠᠮᠵᠢ ᠶᠢ ᠬᠦᠴᠦᠯᠡᠨ ᠪᠠᠳᠠᠷᠠᠭᠤᠯᠤᠨ᠎ᠠ᠃ ᠬᠠᠮᠢᠶ᠎ᠠ ᠪᠦᠬᠦᠢ ᠰᠠᠯᠠᠭ᠎ᠠ ᠮᠥᠴᠢᠷ ᠯᠦᠭᠡ ᠵᠣᠬᠢᠴᠠᠯᠳᠤᠨ ᠬᠤᠯᠪᠤᠭᠠᠯᠠᠨ ᠬᠥᠳᠡᠯᠦᠯᠴᠡᠬᠦ ᠶᠢ ᠴᠢᠩᠭᠠᠳᠬᠠᠵᠤ᠂ ᠲᠡᠦᠬᠡ ᠶᠢᠨ ᠮᠠᠲ᠋ᠧᠷᠢᠶᠠᠯ ᠢ ᠴᠤᠭᠯᠠᠭᠤᠯᠬᠤ᠂ ᠡᠮᠬᠢᠳᠬᠡᠬᠦ᠂ ᠨᠠᠶᠢᠷᠠᠭᠤᠯᠤᠨ ᠪᠢᠴᠢᠬᠦ ᠠᠵᠢᠯ ᠢ ᠬᠦᠴᠦ ᠪᠠᠨ ᠬᠠᠮᠲᠤᠳᠬᠠᠨ ᠠᠬᠢᠭᠤᠯᠤᠨ᠎ᠠ᠃ ᠰᠣᠶᠣᠯ ᠲᠡᠦᠬᠡ ᠶᠢᠨ ᠣᠷᠳᠣᠨ ᠤ ᠬᠠᠮᠢᠶᠠᠷᠤᠯᠲᠠ᠂ ᠲᠣᠭᠤᠷᠢᠨ ᠦᠵᠡᠬᠦ ᠵᠡᠷᠭᠡ ᠡᠯ᠎ᠡ ᠵᠦᠢᠯ ᠤᠨ ᠠᠵᠢᠯ ᠤᠨ ᠳᠦᠷᠢᠮ ᠢ ᠪᠠᠶᠢᠭᠤᠯᠤᠨ ᠲᠡᠭᠦᠯᠳᠡᠷᠵᠢᠭᠦᠯᠵᠦ᠂ ᠳᠡᠯᠭᠡᠨ ᠦᠵᠡᠭᠦᠯᠬᠦ ᠦᠷ᠎ᠡ ᠪᠦᠲᠦᠮᠵᠢ ᠶᠢ ᠦᠷᠭᠦᠯᠵᠢᠯᠡᠨ ᠰᠠᠶᠢᠵᠢᠷᠠᠭᠤᠯᠤᠨ᠎ᠠ᠃ ᠬᠡᠰᠢᠭᠲᠡᠨ ᠬᠤᠰᠢᠭᠤᠨ ᠤ ᠤᠷᠠᠨ ᠪᠢᠴᠢᠯᠭᠡ ᠤᠷᠠᠨ ᠵᠢᠷᠤᠭ ᠤᠨ ᠬᠦᠷᠢᠶᠡᠯᠡᠩ ᠤᠨ ᠰᠠᠭᠤᠷᠢ ᠲᠥᠬᠦᠭᠡᠷᠦᠮᠵᠢ ᠶᠢᠨ ᠪᠠᠶᠢᠭᠤᠯᠤᠯᠲᠠ ᠶᠢ ᠴᠢᠩᠭᠠᠳᠬᠠᠵᠣ᠂ ᠬᠤᠰᠢᠭᠤᠨ ᠤ ᠳᠣᠲᠣᠨ᠎ᠠ ᠭᠠᠳᠠᠨᠠᠬᠢ ᠨᠡᠷᠡᠲᠤ ᠬᠥᠮᠥᠰ ᠢ ᠤᠷᠢᠵᠤ ︽ᠮᠣᠩᠭᠤᠯ ᠮᠣᠷᠢᠨ ᠤ ᠵᠣᠷᠢᠭ ᠰᠠᠨᠠᠭ᠎ᠠ︾᠂ ︽ᠤᠮᠠᠷᠠᠲᠤ ᠶᠢᠨ ᠭᠤᠷᠪᠠᠨ ᠣᠷᠣᠨ ᠤ ᠵᠣᠷᠢᠭ ᠰᠠᠨᠠᠭ᠎ᠠ︾᠂ ᠦᠨᠳᠦᠰᠦᠲᠡᠨ ᠨᠦᠭᠦᠳ ᠪᠦᠯᠬᠦᠮᠳᠡᠨ ᠨᠢᠬᠡ ᠬᠡᠷ ᠮᠡᠳᠦ ᠳᠣᠳᠣᠨᠣ ᠂ ᠦᠵᠡᠰᠬᠦᠯᠡᠩᠳᠦ ᠬᠡᠰᠢᠭᠳᠡᠨ ᠬᠤᠰᠢᠭᠤ ᠵᠡᠷᠭᠡ ᠭᠤᠣᠯ ᠰᠡᠳᠦᠪ ᠤᠨ ᠲᠣᠭᠤᠷᠢᠨ ᠳᠤ ᠤᠷᠠᠨ ᠪᠢᠴᠢᠯᠭᠡ ᠤᠷᠠᠨ ᠵᠢᠷᠤᠭ ᠤᠨ ᠦᠵᠡᠰᠬᠦᠯᠡᠩ᠂ ᠰᠣᠯᠢᠯᠴᠠᠭᠠᠨ ᠤ ᠬᠤᠷᠠᠯ ᠡᠷᠭᠢᠯᠡᠵᠦ᠂ ᠮᠠᠨ ᠤ ᠬᠤᠰᠢᠭᠤᠨ ᠤ ᠰᠣᠶᠣᠯ ᠤᠨ ᠵᠥᠭᠡᠯᠡᠨ ᠪᠣᠳᠠᠲᠤ ᠬᠦᠴᠦᠨ ᠢ ᠳᠡᠯᠭᠡᠨ ᠦᠵᠡᠭᠦᠯᠬᠦ ᠳᠤ ᠤᠷᠠᠯᠢᠭ ᠤᠨ ᠠᠭᠤᠰᠤᠯᠴᠠᠯ ᠤᠨ ᠦᠢᠯᠡᠳᠦᠯ ᠢ ᠪᠠᠳᠠᠷᠠᠭᠤᠯᠤᠨ᠎ᠠ᠃      ︵ᠳᠥᠷᠪᠡ︶ ᠵᠠᠮ ᠨᠡᠭᠡᠭᠡᠨ ᠰᠢᠨ᠎ᠡ ᠶᠢ ᠡᠭᠦᠳᠬᠦ ᠶᠢ ᠢᠮᠠᠭᠲᠠ ᠪᠠᠷᠢᠮᠲᠠᠯᠠᠵᠤ᠂ ᠲᠤᠰ ᠪᠡᠶ᠎ᠡ ᠶᠢᠨ ᠪᠠᠶᠢᠭᠤᠯᠤᠯᠲᠠ ᠪᠠᠨ ᠴᠢᠩᠭᠠᠳᠬᠠᠬᠤ ᠲᠠᠯ᠎ᠠ ᠪᠠᠷ ᠰᠢᠨ᠎ᠡ ᠨᠢᠬᠡᠨ ᠳᠡᠭᠲᠡᠷ ᠲᠤ  ᠭᠠᠷᠣᠨ᠎ᠠ᠃ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠴᠢᠳᠠᠪᠤᠷᠢ ᠶᠢᠨ ᠪᠠᠶᠢᠭᠤᠯᠤᠯᠲᠠ ᠪᠣᠯ ᠤᠯᠤᠰ ᠲᠦᠷᠦ ᠶᠢᠨ ᠵᠥᠪᠯᠡᠯᠭᠡᠨ ᠤ ᠠᠵᠢᠯ ᠤᠨ ᠶᠠᠰᠤ ᠴᠢᠨᠠᠷ ᠢ ᠳᠡᠭᠡᠭᠰᠢᠯᠡᠭᠦᠯᠵᠦ ᠦᠷ᠎ᠡ ᠠᠰᠢᠭ ᠢ ᠨᠡᠮᠡᠭᠳᠡᠭᠦᠯᠬᠦ ᠶᠢᠨ ᠦᠨᠳᠦᠰᠦ ᠮᠥᠨ᠃ ᠪᠢᠳᠡ ᠤᠯᠤᠰ ᠲᠦᠷᠦ ᠶᠢᠨ ᠵᠥᠪᠯᠡᠯᠭᠡᠨ ᠤ ᠠᠵᠢᠯ ᠳᠤ ᠬᠥᠳᠡᠯᠭᠡᠬᠦ ᠬᠦᠴᠦᠨ ᠨᠡᠮᠡᠷᠢᠯᠡᠬᠦ᠂ ᠠᠮᠢᠵᠢᠷᠠᠯ ᠤᠨ ᠬᠦᠴᠦᠨ ᠢ ᠨᠡᠮᠡᠭᠳᠡᠭᠦᠯᠬᠦ ᠶᠢ ᠪᠣᠳᠣᠯᠬᠢᠯᠠᠵᠤ᠂ ᠤᠷᠳᠤ ᠬᠤᠭᠤᠴᠠᠭ᠎ᠠ ᠪᠠᠷ ᠪᠠᠷᠢᠮᠲᠠᠯᠠᠨ᠂ ᠤᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠨ ᠡᠩᠨᠡᠭᠡ ᠶᠢ ᠠᠳᠬᠤᠵᠤ᠂ ᠬᠡᠪ ᠴᠢᠨᠠᠷ ᠢ ᠴᠢᠩᠭᠠᠳᠬᠠᠨ᠂ ᠳᠦᠷᠢ ᠲᠥᠷᠬᠦ ᠶᠢ ᠪᠤᠢ ᠪᠣᠯᠭᠠᠵᠤ᠂ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠰᠠᠭᠤᠷᠢ ᠶᠢ ᠦᠨᠡᠨᠬᠦ ᠪᠠᠳᠣᠳᠬᠠᠨ᠎ᠠ᠃      ᠭᠡᠰᠢᠭᠦᠳ ᠤᠨ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠲᠠᠪᠴᠠᠩ ᠢ ᠳᠡᠬᠦᠯᠳᠡᠷᠵᠢᠬᠦᠯᠦᠨ᠎ᠡ᠃ ︽ᠦᠨᠡᠨᠴᠢ ᠪᠠᠷ ᠵᠥᠪᠳᠡᠯᠴᠡᠬᠦ · ᠤᠴᠢᠷ ᠪᠠᠶᠢᠪᠠᠯ ᠰᠠᠶᠢᠬᠠᠨ ᠵᠥᠪᠳᠡᠯᠴᠡᠬᠦ︾ ᠭᠡᠰᠢᠭᠦᠨ ᠤ ᠠᠵᠢᠯᠯᠠᠬᠤ ᠲᠠᠰᠤᠭ ᠤᠨ ᠴᠢᠳᠠᠮᠵᠢ ᠶᠢ ᠦᠷᠭᠦᠯᠵᠢᠯᠡᠨ ᠲᠡᠭᠦᠯᠳᠡᠷᠵᠢᠭᠦᠯᠵᠦ᠂ ᠡᠯ᠎ᠡ ᠲᠦᠷᠦᠯ ᠤᠨ ᠡᠬᠢ ᠪᠠᠶᠠᠯᠢᠭ ᠢ ᠪᠦᠲᠦᠮᠵᠢᠲᠡᠶ ᠪᠠᠷ ᠡᠮᠬᠢᠳᠬᠡᠨ ᠨᠡᠶᠢᠯᠡᠭᠦᠯᠵᠦ᠂ ᠠᠵᠢᠯ ᠤᠨ ᠳᠦᠷᠢᠮ ᠢ ᠨᠡᠶᠢᠲᠡᠯᠡᠨ ᠬᠡᠷᠡᠭᠵᠢᠭᠦᠯᠵᠦ᠂ ᠠᠵᠢᠯ ᠤᠨ ᠪᠠᠷᠢᠮᠵᠢᠶ᠎ᠠ ᠪᠠ ᠱᠠᠭᠠᠷᠳᠠᠯᠭ᠎ᠠ ᠶᠢ ᠲᠣᠳᠣᠷᠬᠠᠢ ᠪᠣᠯᠭᠠᠵᠤ᠂ ᠭᠤᠷᠪᠠᠨ ᠱᠠᠲᠤᠨ ᠤ ᠬᠠᠮᠲᠤᠷᠠᠨ ᠬᠥᠳᠡᠯᠦᠯᠴᠡᠬᠦ ᠵᠥᠪᠯᠡᠬᠦ ᠠᠵᠢᠯ ᠤᠨ ᠪᠠᠶᠢᠷᠢᠰᠢᠯ ᠢ ᠠᠯᠬᠤᠮ ᠠᠯᠬᠤᠮ ᠢᠶᠠᠷ ᠲᠡᠭᠦᠯᠳᠡᠷᠵᠢᠭᠦᠯᠦᠭᠰᠡᠨ ᠰᠠᠭᠤᠷᠢᠨ ᠳᠡᠭᠡᠷ᠎ᠡ᠂ ᠰᠦᠯᠵᠢᠶ᠎ᠡ ᠪᠠᠷ ᠠᠯᠤᠰ ᠠᠴᠠ ᠵᠥᠪᠯᠡᠬᠦ ᠶᠢ ᠬᠠᠶᠢᠨ ᠰᠦᠪᠡᠭᠴᠢᠯᠡᠵᠦ᠂ ᠵᠥᠪᠯᠡᠬᠦ ᠲᠠᠪᠴᠠᠩ ᠤᠨ ᠤᠯᠤᠰ ᠲᠦᠷᠦ ᠶᠢᠨ ᠵᠥᠪᠯᠡᠯᠭᠡᠨ ᠤ ᠠᠵᠢᠯ ᠢ ᠦᠨᠳᠦᠰᠦᠨ ᠱᠠᠲᠤ ᠳᠡᠰᠢ ᠥᠷᠭᠡᠳᠬᠡᠬᠦ ᠶᠢ ᠭᠦᠨᠵᠡᠭᠡᠶᠢᠷᠡᠭᠦᠯᠬᠦ᠂ ᠤᠯᠤᠰ ᠲᠦᠷᠦ ᠶᠢᠨ ᠵᠥᠪᠯᠡᠯᠭᠡᠨ ᠤ ᠵᠥᠪᠯᠡᠯᠭᠡ ᠬᠢᠭᠡᠳ ᠦᠨᠳᠦᠰᠦᠨ ᠱᠠᠲᠤᠨ ᠤ ᠵᠥᠪᠯᠡᠯᠭᠡ ᠶᠢ ᠵᠣᠯᠭᠠᠯᠳᠤᠭᠤᠯᠬᠤ ᠶᠢ ᠲᠦᠯᠬᠢᠨ ᠠᠬᠢᠭᠤᠯᠬᠤ ᠳᠤᠮᠳᠠᠬᠢ ᠲᠤᠯᠭᠠᠭᠤᠷᠢᠯᠠᠬᠤ ᠦᠢᠯᠡᠳᠦᠯ ᠢ ᠪᠠᠳᠠᠷᠠᠭᠤᠯᠤᠨ᠎ᠠ᠃      ᠭᠡᠰᠢᠭᠦᠳ ᠤᠨ ᠬᠠᠷᠢᠭᠤᠴᠠᠯᠭ᠎ᠠ ᠡᠭᠦᠷᠭᠡᠯᠡᠯ ᠢ ᠴᠢᠩᠭᠠᠳᠬᠠᠨ᠎ᠠ᠃ ᠭᠡᠰᠢᠭᠦᠳ ᠤᠨ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠶᠢ ᠬᠢᠨᠠᠨ ᠰᠢᠯᠭᠠᠬᠤ᠂ ᠬᠢᠵᠠᠭᠠᠷᠯᠠᠬᠤ ᠪᠠ ᠪᠣᠯᠪᠠᠰᠤᠷᠠᠭᠤᠯᠬᠤ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠵᠦ ᠂ ︽ᠭᠡᠰᠢᠭᠦᠳ ᠤᠨ ᠠᠵᠢᠯ︾ ᠳᠤ ᠬᠡᠮᠵᠢᠶᠡᠵᠢᠭᠦᠯᠦᠭᠰᠡᠨ ᠬᠠᠮᠢᠶᠠᠷᠤᠯᠲᠠ ᠶᠢ ᠬᠡᠷᠡᠭᠵᠢᠭᠦᠯᠵᠦ᠂ ᠲᠣᠭᠲᠠᠮᠠᠯ ᠬᠤᠭᠤᠴᠠᠭ᠎ᠠ ᠲᠠᠢ ᠪᠠᠷ ᠲᠤᠰᠬᠠᠢ ᠰᠡᠳᠦᠪᠲᠦ ᠪᠣᠯᠪᠠᠰᠣᠷᠠᠯ ᠢ ᠡᠷᠬᠢᠯᠡᠨ᠎ᠡ᠃ ᠭᠡᠰᠢᠭᠦᠳ ᠢ ᠵᠣᠬᠢᠶᠠᠨ ᠪᠠᠶᠢᠭᠤᠯᠵᠤ ᠴᠢᠬᠤᠯᠠ ᠶᠡᠭᠡ ᠠᠷᠠᠳ ᠤᠨ ᠠᠮᠢᠳᠤᠷᠠᠯ ᠤᠨ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠲᠤᠤᠱᠯᠠᠭᠤᠯᠤᠨ ᠨᠠᠶᠢᠳᠠᠪᠤᠷᠢᠵᠢᠭᠤᠯᠬᠤ ᠪᠠ ᠠᠷᠠᠳ ᠣᠯᠠᠨ ᠤ ᠬᠠᠮᠤᠭ ᠠᠴᠠ ᠢᠯᠡᠭᠦᠦ ᠰᠢᠢᠳᠪᠦᠷᠢᠯᠡᠬᠦ ᠴᠢᠬᠤᠯᠠᠲᠠᠢ ᠠᠰᠠᠭᠤᠳᠠᠯ ᠤᠨ ᠲᠣᠭᠤᠷᠢᠨ ᠳᠤ ᠪᠠᠶᠢᠴᠠᠭᠠᠨ ᠰᠤᠳᠤᠯᠬᠤ᠂ ᠰᠠᠨᠠᠯ ᠵᠥᠪᠯᠡᠯᠭᠡ ᠳᠤᠷᠠᠳᠤᠨ ᠠᠷᠭ᠎ᠠ ᠤᠬᠠᠭᠠᠨ ᠭᠠᠷᠭᠠᠬᠤ ᠪᠠ ᠠᠷᠠᠳᠴᠢᠯᠠᠯ ᠢᠶᠠᠷ ᠬᠢᠨᠠᠯᠲᠠ ᠲᠠᠯᠪᠢᠬᠤ ᠶᠢ ᠭᠦᠨᠵᠡᠭᠡᠢ ᠥᠷᠨᠢᠭᠦᠯᠵᠦ᠂ ᠬᠤᠰᠢᠭᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠢ ᠬᠠᠪᠰᠤᠷᠤᠨ ᠠᠷᠠᠳ ᠤᠨ ᠠᠮᠢᠳᠤᠷᠠᠯ ᠤᠨ ᠠᠰᠢᠭ ᠲᠤᠰᠠ ᠶᠢ ᠢᠯᠡᠭᠦᠬᠡᠨ ᠪᠣᠳᠣᠯᠬᠢᠯᠠᠵᠤ᠂ ᠠᠷᠠᠳ ᠤᠨ ᠠᠮᠢᠳᠤᠷᠠᠯ ᠤᠨ ᠬᠦᠴᠢᠷᠳᠠᠯ ᠢ ᠢᠯᠡᠭᠦᠬᠡᠨ ᠰᠢᠢᠳᠪᠦᠷᠢᠯᠡᠵᠦ᠂ ᠪᠣᠳᠠᠲᠠᠢ ᠠᠰᠠᠭᠤᠳᠠᠯ ᠢ ᠴᠠᠭ ᠲᠤᠬᠠᠢ ᠳᠤᠨᠢ ᠲᠣᠬᠢᠲᠠᠢ ᠰᠢᠢᠳᠪᠦᠷᠢᠯᠡᠵᠦ᠂ ᠣᠯᠠᠨ ᠲᠦᠮᠡᠨ ᠤ ᠰᠠᠭᠤᠷᠢ ᠶᠢ ᠲᠠᠰᠤᠷᠠᠯᠲᠠ ᠦᠭᠡᠢ ᠪᠠᠲᠤᠳᠬᠠᠨ᠎ᠠ᠃      ᠺᠠᠳ᠋ᠷ ᠤᠨ ᠡᠩᠨᠡᠭᠡᠨ ᠤ ᠪᠠᠶᠢᠭᠤᠯᠤᠯᠲᠠ ᠶᠢ ᠴᠢᠩᠭᠠᠳᠬᠠᠨ᠎ᠠ᠃ ᠵᠢᠱᠢᠶᠡᠴᠢ ᠪᠠᠶᠢᠭᠤᠯᠤᠯᠭ᠎ᠠ ᠶᠢᠨ ᠪᠠᠶᠢᠭᠤᠯᠤᠯᠲᠠ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠪᠠᠶᠢᠭᠤᠯᠤᠯᠭ᠎ᠠ ᠶᠢᠨ ᠨᠠᠮ ᠤᠨ ᠪᠠᠶᠢᠭᠤᠯᠤᠯᠲᠠ ᠶᠢᠨ ᠠᠵᠢᠯ ᠤᠨ ᠲᠦᠪᠰᠢᠨ ᠢ ᠪᠦᠬᠦ ᠲᠠᠯ᠎ᠠ ᠪᠠᠷ ᠳᠡᠭᠡᠭᠰᠢᠯᠡᠭᠦᠯᠵᠦ᠂ ᠦᠨᠡᠨ ᠢ ᠪᠠᠷᠢᠮᠲᠠᠯᠠᠨ ᠪᠣᠳᠠᠲᠠᠢ ᠶᠢ ᠡᠷᠬᠢᠮᠯᠡᠵᠦ᠂ ᠠᠵᠢᠯ ᠬᠢᠵᠦ ᠦᠢᠯᠡᠰ ᠪᠣᠰᠬᠠᠬᠤ ᠰᠠᠶᠢᠨ ᠰᠠᠶᠢᠬᠠᠨ ᠠᠭᠤᠷ ᠠᠮᠢᠰᠬᠤᠯ ᠢ ᠬᠦᠴᠦᠯᠡᠨ ᠪᠤᠢ ᠪᠣᠯᠭᠠᠨ᠎ᠠ᠃ ᠵᠠᠯᠠᠭᠤ ᠺᠠᠳ᠋ᠷᠴᠤᠳ ᠢ ᠬᠥᠮᠥᠵᠢᠭᠦᠯᠦᠨ ᠪᠣᠯᠪᠠᠰᠤᠷᠠᠭᠤᠯᠬᠤ ᠶᠢ ᠴᠢᠩᠭᠠᠳᠬᠠᠵᠤ᠂ ᠪᠠᠶᠢᠭᠤᠯᠣᠯᠭ᠎ᠠ ᠶᠢᠨ ᠺᠠᠳ᠋ᠷᠴᠤᠳ ᠤᠨ ᠤᠯᠤᠰ ᠲᠦᠷᠦ ᠶᠢᠨ ᠵᠥᠪᠯᠡᠯᠭᠡᠨ ᠢ ᠨᠡᠩ ᠰᠠᠶᠢᠨ ᠣᠶᠢᠯᠠᠭᠠᠬᠤ᠂ ᠭᠡᠰᠢᠭᠦᠳ ᠢ ᠨᠡᠩ ᠰᠠᠶᠢᠨ ᠣᠶᠢᠯᠠᠭᠠᠬᠤ᠂ ᠦᠢᠯᠡᠴᠢᠯᠡᠬᠦ ᠳᠡᠭᠡᠨ ᠴᠢᠳᠠᠮᠠᠭᠠᠢ ᠪᠠᠶᠢᠬᠤ ᠶᠢ ᠲᠦᠯᠬᠢᠨ ᠠᠬᠢᠭᠤᠯᠤᠨ᠎ᠠ᠃ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠤᠯᠤᠰ ᠲᠦᠷᠦ ᠶᠢᠨ ᠬᠠᠷᠢᠭᠤᠴᠠᠯᠭ᠎ᠠ ᠶᠢ ᠴᠢᠩᠭ᠎ᠠ ᠪᠣᠳᠠᠲᠠᠢ ᠠᠳᠬᠤᠵᠤ᠂ ᠨᠠᠮ ᠤᠨ ᠰᠤᠷᠲᠠᠯ ᠪᠠ ᠠᠷᠢᠭᠤᠨ ᠴᠢᠬᠡᠴᠢ ᠪᠠᠷ ᠵᠠᠰᠠᠭ ᠪᠠᠷᠢᠬᠤ ᠪᠠᠶᠢᠭᠤᠯᠤᠯᠲᠠ ᠶᠢ ᠦᠨᠡᠨᠬᠦ ᠴᠢᠩᠭᠠᠳᠬᠠᠵᠤ᠂ ᠪᠠᠶᠢᠩᠭᠤ ᠶᠢᠨ ᠴᠢᠨᠠᠷᠲᠠᠢ ᠰᠠᠬᠢᠯᠭ᠎ᠠ ᠪᠠᠲᠤ ᠶᠢᠨ ᠬᠥᠮᠦᠵᠢᠯ ᠪᠣᠯᠣᠨ ᠰᠡᠷᠡᠮᠵᠢᠯᠡᠭᠦᠯᠬᠦ ᠬᠥᠮᠦᠵᠢᠯ ᠢ ᠥᠷᠨᠢᠭᠦᠯᠵᠦ᠂ ᠬᠠᠳᠠᠭᠠᠰᠤ ᠬᠠᠳᠠᠬᠤ ᠵᠣᠷᠢᠭ ᠰᠠᠨᠠᠭ᠎ᠠ ᠪᠠᠷ ︽ᠲᠦᠷᠪᠡᠨ ᠰᠤᠷᠲᠠᠯ︾ ᠢ ᠵᠠᠯᠠᠷᠠᠭᠤᠯᠤᠨ ᠵᠠᠰᠠᠵᠤ᠂ ᠰᠢᠨ᠎ᠡ ᠰᠤᠷᠲᠠᠯ ᠢ ᠪᠤᠢ ᠪᠣᠯᠭᠠᠨ᠂ ᠰᠤᠷᠲᠠᠯ ᠴᠢᠬᠡᠴᠢ ᠣᠪᠣᠷ ᠲᠥᠪ ᠤᠯᠤᠰ ᠲᠦᠷᠦ ᠶᠢᠨ ᠠᠮᠢ ᠠᠬᠤᠢ ᠶᠢ ᠪᠤᠢ ᠪᠣᠯᠭᠠᠨ᠎ᠠ᠃      ᠭᠡᠰᠢᠭᠦᠳ ᠠ᠋᠂ ᠨᠥᠬᠦᠳ ᠠ᠋᠂ ᠴᠠᠭ ᠦᠶ᠎ᠡ ᠴᠢᠷᠮᠡᠶᠢᠨ ᠲᠡᠮᠡᠴᠡᠭᠰᠡᠳ ᠢ ᠬᠥᠰᠡᠷᠳᠡᠭᠦᠯᠬᠦ ᠦᠭᠡᠢ᠃ ᠲᠡᠦᠬᠡ ᠶᠢᠨ ᠰᠢᠨ᠎ᠡ ᠭᠠᠷᠤᠭ᠎ᠠ ᠳᠡᠭᠡᠷ᠎ᠡ ᠵᠣᠭᠰᠣᠵᠤ᠂ ᠰᠢᠨ᠎ᠡ ᠡᠭᠦᠷᠭᠡ ᠬᠠᠷᠢᠭᠤᠴᠠᠯᠭ᠎ᠠ ᠶᠢᠨ ᠤᠷᠢᠶᠠᠯᠠᠭ᠎ᠠ ᠶᠢᠨ ᠡᠮᠦᠨ᠎ᠡ᠂ ᠪᠢᠳᠡ ᠳᠣᠰᠢᠶᠠᠯ ᠬᠠᠷᠢᠭᠤᠴᠠᠯᠭ᠎ᠠ ᠮᠦᠷᠦᠨ ᠳᠡᠬᠡᠷ᠎ᠡ ᠪᠠᠶᠢᠵᠣ᠂ ᠡᠭᠦᠷᠭᠡ ᠬᠦᠨᠳᠦ ᠵᠠᠮ ᠬᠤᠯᠠ ᠪᠠᠶᠢᠨ᠎ᠠ ᠭᠡᠳᠡᠭ ᠢ ᠭᠦᠨ ᠮᠡᠳᠡᠷᠡᠪᠡ᠃ ᠠᠷᠠᠳ ᠤᠨ ᠤᠯᠤᠰ ᠲᠦᠷᠦ ᠶᠢᠨ ᠵᠥᠪᠯᠡᠯᠭᠡᠨ ᠪᠣᠯ ᠪᠦᠯᠬᠦᠮᠳᠡᠯ ᠢᠶᠠᠷ ᠪᠤᠢ ᠪᠣᠯᠵᠤ᠂ ᠪᠦᠯᠬᠦᠮᠳᠡᠯ ᠢᠶᠠᠷ ᠣᠷᠣᠰᠢᠨ ᠲᠣᠭᠲᠠᠨᠢᠵᠤ᠂ ᠪᠦᠯᠬᠦᠮᠳᠡᠯ ᠢᠶᠠᠷ ᠬᠥᠭᠵᠢᠨ ᠮᠠᠨᠳᠤᠵᠤ᠂ ᠪᠦᠯᠬᠦᠮᠳᠡᠯ ᠢᠶᠠᠷ ᠬᠦᠴᠦᠷᠬᠡᠭᠵᠢᠳᠡᠭ᠃ ᠪᠢᠳᠡ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶᠠᠨ ᠤ ᠲᠣᠭᠤᠷᠢᠨ ᠳᠤ ᠨᠡᠩ ᠨᠢᠭᠲᠠᠷᠠᠨ ᠪᠦᠯᠬᠦᠮᠳᠡᠵᠦ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠪᠣᠯᠣᠨ ᠡᠯ᠎ᠡ ᠱᠠᠲᠤᠨ ᠤ ᠨᠠᠮ ᠤᠨ ᠬᠤᠷᠢᠶ᠎ᠠ ᠶᠢᠨ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠪᠦᠬᠦ ᠲᠠᠯ᠎ᠠ ᠪᠠᠷ ᠲᠤᠤᠱᠯᠠᠭᠤᠯᠵᠤ᠂ ᠬᠤᠰᠢᠭᠤᠨ ᠤ ᠨᠠᠮ ᠤᠨ ᠬᠤᠷᠢᠶ᠎ᠠ ᠶᠢᠨ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠰᠢᠨ᠎ᠡ ᠦᠵᠡᠯ ᠰᠠᠨᠠᠭ᠎ᠠ ᠶᠢ ᠭᠦᠨᠵᠡᠭᠡᠢ ᠰᠤᠷᠤᠯᠴᠠᠵᠤ᠂ ᠰᠢᠨ᠎ᠡ ᠪᠠᠶᠢᠷᠢᠯᠠᠭᠤᠯᠤᠯᠲᠠ ᠳᠤ ᠠᠩᠬᠠᠷᠤᠯ ᠢᠶᠠᠨ ᠲᠥᠪᠯᠡᠷᠡᠭᠦᠯᠵᠦ᠂ ᠰᠢᠨ᠎ᠡ ᠱᠠᠭᠠᠷᠳᠠᠯᠭ᠎ᠠ ᠶᠢ ᠡᠵᠡᠮᠳᠡᠵᠦ᠂ ᠰᠢᠨ᠎ᠡ ᠳᠠᠪᠠᠯᠲᠠ ᠶᠢ ᠠᠬᠢᠭᠤᠯᠵᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠭᠰᠠᠨ ᠬᠡᠰᠢᠭᠳᠡᠨ ᠬᠤᠰᠢᠭᠤᠨ ᠤ ᠰᠢᠨ᠎ᠡ ᠬᠠᠭᠤᠳᠠᠰᠤ ᠶᠢ ᠪᠢᠴᠢᠭᠯᠡᠬᠦ ᠳᠤ ᠰᠢᠨ᠎ᠡ ᠬᠤᠪᠢ ᠨᠡᠮᠡᠷᠢ ᠦᠵᠡᠬᠦᠯᠰᠦᠬᠡᠢ︕
 
ᠢᠷᠡᠯᠲᠡ᠄ ᠬᠡᠰᠢᠭᠲᠡᠨ ᠬᠣᠰᠢᠭᠤᠨ ᠤ ᠠᠷᠠᠳ ᠤᠨ ᠵᠠᠰᠠᠭ ᠤᠨ ᠣᠷᠳᠣᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备09001939号