︽ᠰᠢᠭᠦᠬᠦ ᠬᠤᠷᠢᠶ᠎ᠠ ᠶᠢᠨ ᠠᠵᠢᠯ ᠤᠨ ᠮᠡᠳᠡᠭᠦᠯᠦᠯᠲᠡ︾ ᠶᠢᠨ ᠨᠡᠷᠡᠰ ᠤᠨ ᠲᠠᠶᠢᠯᠪᠤᠷᠢ
ᠨᠡᠶᠢᠲᠡᠯᠡᠭᠰᠡᠨ ᠴᠠᠭ᠄
2024/2/2
     1. ︽5+N︾ ᠶᠡᠭᠡ ᠡᠶᠡᠳᠡᠭᠦᠯᠭᠡ ᠶᠢᠨ ᠠᠵᠢᠯ ᠤᠨ ᠵᠣᠬᠢᠴᠠᠮᠵᠢ᠂ ᠬᠡᠰᠢᠭᠲᠡᠨ ᠬᠤᠰᠢᠭᠤᠨ ᠤ ᠰᠢᠭᠦᠬᠦ ᠬᠤᠷᠢᠶ᠎ᠠ ᠵᠠᠷᠭᠤ ᠶᠢᠨ ᠢᠷᠡᠯᠲᠡ ᠶᠢ ᠵᠠᠰᠠᠬᠤ ᠠᠵᠢᠯ ᠢ ᠥᠷᠨᠢᠭᠦᠯᠦᠭᠰᠡᠨ ᠠᠴᠠ ᠨᠠᠰᠢ᠂ ᠬᠤᠰᠢᠭᠤᠨ ᠤ ᠨᠠᠮ ᠤᠨ ᠬᠤᠷᠢᠶᠠᠨ ᠤ ᠨᠢᠭᠡᠳᠦᠯᠲᠡᠢ ᠤᠳᠤᠷᠢᠳᠤᠯᠭ᠎ᠠ ᠳᠣᠣᠷ᠎ᠠ ᠪᠦᠬᠦ ᠬᠤᠰᠢᠭᠤᠨ ᠳᠤ 8 ᠶᠡᠭᠡ ᠡᠶᠡᠳᠡᠭᠦᠯᠬᠦ ᠲᠥᠪ ᠪᠠᠶᠢᠭᠤᠯᠵᠤ᠂ ᠶᠡᠭᠡ ᠡᠶᠡᠳᠡᠭᠦᠯᠭᠡ ᠶᠢᠨ ᠲᠥᠪ ᠨᠢ ︽5+N︾ ᠪᠦᠯᠬᠦᠮ ᠤᠨ ᠪᠦᠷᠢᠯᠳᠦᠯ ᠤᠨ ᠵᠠᠭᠪᠤᠷ ᠢ ᠬᠡᠷᠡᠭᠯᠡᠵᠦ᠂ ᠰᠠᠭᠤᠭ᠎ᠠ ᠭᠠᠵᠠᠷ ᠤᠨ ᠰᠢᠭᠦᠬᠦ ᠲᠢᠩᠬᠢᠮ᠂ ᠶᠡᠷᠦᠩᠬᠡᠶᠢᠯᠡᠨ ᠵᠠᠰᠠᠬᠤ ᠲᠥᠪ᠂ ᠲᠣᠮᠢᠯᠠᠭᠰᠠᠨ ᠰᠠᠯᠪᠤᠷᠢ᠂ ᠬᠠᠤᠯᠢ ᠴᠠᠭᠠᠵᠠ ᠶᠢᠨ ᠭᠠᠵᠠᠷ᠂ ᠰᠠᠭᠤᠭ᠎ᠠ ᠭᠠᠵᠠᠷ ᠤᠨ ᠪᠠᠶᠢᠴᠠᠭᠠᠬᠤ ᠭᠡᠷ ᠵᠡᠷᠭᠡ 5 ᠨᠢᠭᠡᠴᠡ ᠶᠢᠨ ᠠᠵᠢᠯᠲᠠᠨ ᠢᠶᠠᠷ ᠲᠣᠭᠲᠠᠮᠠᠯ ᠪᠡᠶᠡᠴᠢ ᠴᠣᠭᠴᠠ ᠪᠣᠯᠭᠠᠵᠤ᠂ ︽N︾ ᠲᠣᠭᠠᠨ ᠤ ᠪᠤᠰᠤᠳ ᠬᠤᠶᠠᠳᠤᠭᠠᠷ ᠳᠡᠰ ᠤᠨ ᠨᠢᠭᠡᠴᠡ᠂ ᠰᠠᠯᠠᠭ᠎ᠠ ᠮᠥᠴᠢᠷ ᠵᠢᠴᠢ ᠬᠤᠯᠪᠣᠭᠳᠠᠯ ᠪᠦᠬᠦᠢ ᠰᠠᠭᠤᠭᠠᠯᠢ ᠠᠷᠠᠳ ᠤᠨ ᠵᠥᠪᠯᠡᠯ᠂ ᠭᠠᠴᠠᠭᠠᠨ ᠤ ᠠᠷᠠᠳ ᠤᠨ ᠵᠥᠪᠯᠡᠯ ᠤᠨ ᠬᠤᠶᠠᠷ ᠵᠥᠪᠯᠡᠯ ᠤᠨ ᠪᠦᠷᠢᠯᠳᠦᠭᠦᠨ ᠢ ᠨᠡᠮᠡᠵᠦ᠂ ᠰᠢᠭᠦᠬᠦ ᠬᠤᠷᠢᠶ᠎ᠠ ᠪᠠᠷ ᠵᠥᠷᠢᠴᠡᠯ ᠢ ᠰᠢᠢᠳᠪᠦᠷᠢᠯᠡᠬᠦ ᠭᠤᠣᠯ ᠴᠡᠭ ᠪᠣᠯᠭᠠᠵᠤ᠂ ᠵᠥᠷᠢᠴᠡᠯ ᠵᠢᠭᠤᠷᠠᠯᠳᠤᠭᠠᠨ ᠢ ᠬᠥᠳᠡᠯᠦᠨ ᠵᠢᠯᠣᠭᠤᠳᠤᠨ ᠂ ᠵᠣᠬᠢᠴᠠᠭᠤᠯᠬᠤ ᠶᠢᠨ ᠰᠢᠢᠳᠪᠦᠷᠢᠯᠡᠬᠦ ᠵᠣᠬᠢᠴᠠᠮᠵᠢ᠃      2. ︽ᠬᠠᠮᠲᠤ ᠪᠠᠷ ᠡᠳ᠋ᠯᠡᠬᠦ ᠰᠢᠭᠦᠬᠦ ᠲᠢᠩᠬᠢᠮ︾᠂ ᠰᠤᠮᠤ ᠰᠢᠶᠠᠩ ᠪᠠᠯᠭᠠᠰᠤ ᠵᠡᠭᠡᠯᠢ ᠭᠤᠳᠤᠮᠵᠢ ᠭᠠᠴᠠᠭ᠎ᠠ ᠲᠣᠰᠬᠤᠨ ᠨᠡᠶᠢᠭᠡᠮ ᠲᠣᠭᠤᠷᠢᠭ᠂ ᠠᠵᠢᠯ ᠲᠥᠷᠥᠯ ᠤᠨ ᠵᠣᠬᠢᠶᠠᠨ ᠪᠠᠶᠢᠭᠤᠯᠤᠯᠲᠠ ᠶᠢᠨ ᠣᠳᠣ ᠶᠢᠨ ᠪᠠᠶᠢᠭ᠎ᠠ ᠬᠠᠲᠠᠭᠤ ᠲᠣᠨᠤᠭ ᠤᠨ ᠲᠥᠬᠦᠭᠡᠷᠦᠮᠵᠢ ᠳᠤ ᠲᠦᠰᠢᠭᠯᠡᠵᠦ᠂ ︽ᠨᠢᠭᠡ ᠤᠲᠠᠰᠤ᠂ ᠨᠢᠭᠡ ᠳᠡᠯᠭᠡᠴᠡ︾ ᠪᠠᠷ ᠪᠠᠷᠢᠮᠵᠢᠶ᠎ᠠ ᠪᠣᠯᠭᠠᠨ ᠲᠣᠬᠢᠷᠠᠭᠤᠯᠵᠤ᠂ ᠠᠷᠠᠳ ᠤᠨ ᠰᠢᠭᠦᠬᠦ ᠲᠢᠩᠬᠢᠮ᠂ ᠶᠡᠭᠡ ᠡᠶᠡᠳᠡᠭᠦᠯᠭᠡ ᠶᠢᠨ ᠲᠥᠪ᠂ ᠠᠵᠢᠯ ᠲᠦᠷᠦᠯ ᠤᠨ ᠨᠡᠶᠢᠭᠡᠮᠯᠢᠭ᠂ ᠦᠨᠳᠦᠰᠦᠨ ᠱᠠᠲᠤᠨ ᠤ ᠵᠣᠬᠢᠶᠠᠨ ᠪᠠᠶᠢᠭᠤᠯᠤᠯᠲᠠ ᠵᠢᠴᠢ ᠰᠢᠭᠦᠭᠴᠢ᠂ ᠡᠶᠡᠳᠡᠭᠦᠯᠦᠭᠴᠢ᠂ ᠬᠠᠤᠯᠢ ᠪᠠᠷ ᠵᠠᠰᠠᠬᠤ ᠳᠠᠭᠠᠭᠤᠯᠤᠭᠴᠢ ᠵᠡᠷᠭᠡ ᠵᠢᠭᠤᠷᠠᠯᠳᠤᠭᠠᠨ ᠢ ᠰᠢᠢᠳᠪᠦᠷᠢᠯᠡᠬᠦ ᠡᠬᠢ ᠪᠠᠶᠠᠯᠢᠭ ᠢ ᠬᠤᠯᠪᠣᠭᠠᠯᠠᠭᠤᠯᠵᠤ᠂ ᠰᠦᠯᠵᠢᠶᠡᠨ ᠳᠡᠭᠡᠷ᠎ᠡ ᠸᠢᠳᠢᠤ᠋ ᠪᠠᠷ ᠵᠠᠯᠭᠠᠵᠤ᠂ ᠬᠠᠤᠯᠢ ᠴᠠᠭᠠᠵᠠ ᠶᠢᠨ ᠶᠡᠷᠦ ᠶᠢᠨ ᠮᠡᠳᠡᠯᠭᠡ ᠶᠢ ᠲᠦᠭᠡᠮᠡᠯᠵᠢᠭᠦᠯᠬᠦ ᠤᠬᠠᠭᠤᠯᠭ᠎ᠠ᠂ ᠡᠶᠡᠳᠡᠭᠦᠯᠭᠡ ᠶᠢᠨ ᠵᠢᠯᠣᠭᠤᠳᠤᠯᠭ᠎ᠠ᠂ ᠰᠦᠯᠵᠢᠶᠡᠨ ᠳᠡᠭᠡᠷ᠎ᠡ ᠵᠠᠷᠭᠤᠯᠳᠤᠬᠤ᠂ ᠬᠠᠮᠵᠢᠯᠴᠠᠨ ᠵᠠᠰᠠᠬᠤ᠂ ᠲᠦᠷᠦᠯ ᠬᠡᠯᠪᠡᠷᠢ ᠪᠠᠷ ᠵᠢᠭᠤᠷᠠᠯᠳᠤᠭᠠᠨ ᠢ ᠰᠢᠢᠳᠪᠦᠷᠢᠯᠡᠬᠦ᠂ ᠱᠠᠭᠠᠷᠳᠠᠨ ᠭᠦᠢᠴᠡᠳᠬᠡᠬᠦ ᠵᠢᠷᠭᠤᠭᠠᠨ ᠲᠠᠯ᠎ᠠ ᠶᠢᠨ ᠴᠢᠳᠠᠮᠵᠢ ᠲᠠᠢ᠃      3. ︽ᠨᠢᠭᠡ ᠬᠡᠷᠡᠭ ᠲᠤ ᠨᠢᠭᠡ ᠳᠠᠩᠰᠠᠨ ᠨᠣᠮᠧᠷ ᠪᠠᠶᠢᠬᠤ︾᠂ ᠳᠠᠷᠤᠢ ᠭᠦᠢᠴᠡᠳᠬᠡᠬᠦ ᠬᠡᠷᠡᠭ ᠨᠢᠭᠡᠪᠦᠷᠢ ᠶᠢᠨ ᠵᠣᠭᠤᠰ ᠢ ᠴᠥᠮ ᠲᠤᠰᠬᠠᠢ ᠪᠠᠩᠬᠢ ᠶᠢᠨ ᠳᠠᠩᠰᠠᠨ ᠨᠣᠮᠧᠷ ᠢᠶᠠᠷ ᠬᠠᠮᠢᠶᠠᠷᠤᠭᠤᠯᠬᠤ ᠶᠢ ᠵᠢᠭᠠᠵᠤ ᠪᠣᠢ᠃ ᠭᠦᠢᠴᠡᠳᠬᠡᠭᠦᠯᠬᠦ ᠪᠠᠷ ᠭᠤᠶᠤᠴᠢᠯᠠᠭᠴᠢ ᠪᠠ ᠭᠦᠢᠴᠡᠳᠬᠡᠭᠳᠡᠭᠴᠢ ᠶᠢᠨ ᠵᠣᠭᠤᠰ ᠬᠤᠷᠢᠶᠠᠬᠤ᠂ ᠵᠣᠭᠤᠰ ᠭᠤᠪᠢᠭᠤᠯᠬᠤ ᠶᠢ ᠴᠥᠮ ᠲᠤᠰ ᠲᠠᠩᠰᠠᠨ ᠨᠣᠮᠧᠷ ᠢᠶᠠᠷ ᠳᠠᠮᠵᠢᠭᠤᠯᠤᠨ ᠲᠤᠰᠢᠶᠠᠬᠤ ᠪᠠ ᠬᠦᠯᠢᠶᠡᠨ ᠰᠢᠯᠵᠢᠭᠦᠯᠦᠨ᠎ᠡ᠃      4. ᠲᠤᠰ ᠭᠦᠢᠴᠡᠳᠬᠡᠬᠦ ᠵᠢᠷᠤᠮ ᠢ ᠳᠠᠭᠤᠰᠬᠠᠬᠤ᠂ ᠲᠤᠬᠠᠶᠢᠯᠠᠪᠠᠯ ᠭᠦᠢᠴᠡᠳᠬᠡᠬᠦ ᠬᠡᠷᠡᠭ ᠤᠨ ᠲᠤᠰ ᠤᠳᠠᠭᠠᠨ ᠤ ᠭᠦᠢᠴᠡᠳᠬᠡᠬᠦ ᠵᠢᠷᠤᠮ ᠢ ᠳᠠᠭᠤᠰᠬᠠᠬᠤ ᠶᠢᠨ ᠲᠣᠪᠴᠢ ᠨᠡᠷᠡᠶᠢᠳᠦᠯ ᠪᠣᠯᠣᠨ᠎ᠠ᠂ ᠡᠨᠡ ᠨᠢ ᠭᠤᠣᠯᠳᠠᠭᠤ ᠭᠦᠢᠴᠡᠳᠬᠡᠬᠦ ᠡᠳ᠋ ᠬᠥᠷᠥᠩᠭᠡ ᠦᠨᠡᠬᠡᠷ ᠪᠠᠶᠢᠬᠤ ᠦᠭᠡᠢ ᠬᠡᠷᠡᠭ ᠲᠤ ᠴᠢᠭᠯᠡᠭᠦᠯᠵᠦ᠂ ᠰᠢᠭᠦᠬᠦ ᠬᠤᠷᠢᠶ᠎ᠠ ᠠᠴᠠ ᠭᠦᠢᠴᠡᠳᠬᠡᠬᠦ ᠵᠢᠷᠤᠮ ᠢ ᠲᠦᠷ ᠳᠠᠭᠤᠰᠬᠠᠬᠤ ᠶᠢᠨ ᠬᠠᠮᠲᠤ ᠬᠡᠷᠡᠭ ᠢ ᠳᠠᠭᠤᠰᠬᠠᠨ ᠰᠢᠢᠳᠪᠦᠷᠢᠯᠡᠵᠦ᠂ ᠡᠳ᠋ ᠬᠥᠷᠥᠩᠭᠡ ᠶᠢ ᠣᠯᠵᠤ ᠮᠡᠳᠡᠭᠰᠡᠨ ᠤ ᠲᠠᠷᠠᠭ᠎ᠠ ᠭᠦᠢᠴᠡᠳᠬᠡᠬᠦ ᠶᠢ ᠦᠷᠭᠦᠯᠵᠢᠯᠡᠨ ᠰᠡᠷᠭᠦᠭᠡᠬᠦ‍ ᠨᠢᠭᠡ ᠵᠦᠢᠯ ᠤᠨ ᠳᠦᠷᠢᠮ ᠢ ᠵᠢᠭᠠᠵᠤ ᠪᠣᠢ᠃      5. ᠴᠢᠬᠤᠯᠠ ᠡᠯᠧᠮᠧᠨ᠋ᠲ ᠤᠨ ᠬᠡᠯᠪᠡᠷᠢ ᠶᠢᠨ ᠰᠢᠭᠦᠨ ᠳᠠᠰᠤᠯᠤᠯᠳᠠ᠂ ᠬᠠᠤᠯᠢ ᠶᠣᠰᠣᠭᠠᠷ ᠳᠥᠭᠦᠮᠴᠢᠯᠡᠭᠰᠡᠨ ᠵᠢᠷᠤᠮ ᠢ ᠬᠡᠷᠡᠭᠯᠡᠨ ᠰᠢᠭᠦᠨ ᠲᠠᠰᠤᠯᠤᠭᠰᠠᠨ ᠬᠡᠷᠡᠭ ᠪᠣᠯᠣᠨ᠎ᠠ᠂ ᠲᠣᠭᠲᠠᠮᠠᠯ ᠬᠡᠷᠡᠭ ᠤᠨ ᠪᠠᠶᠢᠳᠠᠯ ᠤᠨ ᠦᠨᠳᠦᠰᠦᠨ ᠪᠣᠳᠠᠲᠤ ᠶᠠᠪᠤᠳᠠᠯ ᠤᠨ ᠡᠯᠧᠮᠧᠨ᠋ᠲ ᠢ ᠰᠢᠭᠰᠢᠵᠦ᠂ ᠡᠯᠧᠮᠧᠨ᠋ᠲ ᠤᠨ ᠬᠦᠰᠦᠨᠦᠭ ᠵᠣᠬᠢᠶᠠᠵᠤ᠂ ᠡᠯ᠎ᠡ ᠡᠯᠧᠮᠧᠨ᠋ᠲ ᠤᠨ ᠮᠠᠷᠭᠤᠯᠳᠤᠭᠠᠨ ᠣᠷᠣᠰᠢᠵᠤ ᠪᠠᠶᠢᠬᠤ ᠡᠰᠡᠬᠦ ᠶᠢ ᠬᠤᠷᠢᠶᠠᠩᠭᠤᠶᠢᠯᠠᠬᠤ ᠶᠢᠨ ᠬᠠᠮᠲᠤ᠂ ᠮᠠᠷᠭᠤᠯᠳᠤᠭᠠᠨ ᠤ ᠡᠯᠧᠮᠧᠨ᠋ᠲ ᠤᠨ ᠲᠣᠭᠤᠷᠢᠨ ᠳᠤ ᠰᠢᠭᠦᠯᠲᠡ ᠬᠢᠵᠦ᠂ ᠳᠠᠰᠤᠯᠤᠨ ᠲᠣᠭᠲᠠᠭᠠᠯᠲᠠ ᠶᠢᠨ ᠪᠢᠴᠢᠭ ᠬᠠᠷ᠎ᠠ ᠵᠣᠬᠢᠶᠠᠬᠤ ᠶᠢ ᠳᠥᠭᠦᠮᠴᠢᠯᠡᠵᠦ᠂ ᠡᠭᠦᠨ ᠤ ᠤᠯᠠᠮ ᠠᠴᠠ ᠰᠢᠭᠦᠬᠦ ᠶᠠᠪᠤᠴᠠ ᠶᠢ ᠳᠥᠭᠦᠮᠴᠢᠯᠡᠵᠦ᠂ ᠵᠠᠷᠭᠤ ᠶᠢᠨ ᠦᠷ᠎ᠡ ᠪᠦᠲᠦᠮᠵᠢ ᠶᠢ ᠳᠡᠭᠡᠭᠰᠢᠯᠡᠭᠦᠯᠬᠦ ᠵᠣᠷᠢᠯᠭ᠎ᠠ ᠳᠤ ᠬᠦᠷᠦᠨ᠎ᠡ᠃      6. 12469 ᠱᠠᠭᠠᠷᠳᠠᠨ ᠰᠢᠢᠳᠪᠦᠷᠢᠯᠡᠭᠦᠯᠬᠦ ᠳᠦᠷᠢᠮ᠂ ᠤᠷᠲᠤ ᠬᠤᠭᠤᠴᠠᠭ᠎ᠠ ᠳᠠᠭᠤᠰᠬᠠᠭᠠᠳᠤᠢ ᠬᠡᠷᠡᠭ ᠲᠤ ᠴᠢᠭᠯᠡᠭᠦᠯᠦᠨ ︽ᠨᠢᠭᠡ ᠬᠡᠷᠡᠭ ᠲᠤ ᠨᠢᠭᠡ ᠳᠠᠩᠰᠠᠨ ᠨᠣᠮᠧᠷ ᠪᠠᠶᠢᠬᠤ︾ ᠶᠢ ᠬᠡᠷᠡᠭᠵᠢᠭᠦᠯᠵᠦ᠂ ᠨᠠᠮ ᠤᠨ ᠤᠳᠤᠷᠢᠳᠬᠤ ᠳᠤᠭᠤᠶᠢᠯᠠᠩ ᠤᠨ ᠬᠤᠷᠠᠯ ᠠᠴᠠ 9 ᠰᠠᠷ᠎ᠠ ᠠᠴᠠ ᠳᠡᠭᠡᠭᠰᠢ ᠤᠷᠳᠤ ᠬᠤᠭᠤᠴᠠᠭ᠎ᠠ ᠪᠠᠷ ᠳᠠᠭᠤᠰᠬᠠᠭᠠᠳᠤᠢ ᠬᠡᠷᠡᠭ ᠢ ᠱᠠᠭᠠᠷᠳᠠᠨ ᠰᠢᠢᠳᠪᠦᠷᠢᠯᠡᠭᠦᠯᠵᠦ᠂ ᠰᠢᠭᠦᠨ ᠲᠠᠰᠤᠯᠬᠤ ᠺᠣᠮᠢᠰ ᠠᠴᠠ 6 ᠰᠠᠷ᠎ᠠ ᠠᠴᠠ ᠳᠡᠭᠡᠭᠰᠢ ᠤᠷᠳᠤ ᠬᠤᠭᠤᠴᠠᠭ᠎ᠠ ᠪᠠᠷ ᠳᠠᠭᠤᠰᠬᠠᠭᠠᠳᠤᠢ ᠬᠡᠷᠡᠭ ᠢ ᠱᠠᠭᠠᠷᠳᠠᠨ ᠰᠢᠢᠳᠪᠦᠷᠢᠯᠡᠭᠦᠯᠵᠦ᠂ ᠬᠤᠷᠢᠶᠠᠨ ᠤ ᠤᠳᠤᠷᠢᠳᠤᠯᠭ᠎ᠠ ᠶᠢᠨ ᠱᠠᠭᠠᠷᠳᠠᠨ ᠰᠢᠢᠳᠪᠦᠷᠢᠯᠡᠭᠦᠯᠬᠦ ᠬᠤᠷᠠᠯ ᠠᠴᠠ 4 ᠰᠠᠷ᠎ᠠ ᠠᠴᠠ ᠳᠡᠭᠡᠭᠰᠢ ᠳᠠᠭᠤᠰᠬᠠᠭᠠᠳᠤᠢ ᠬᠡᠷᠡᠭ ᠢ ᠱᠠᠭᠠᠷᠳᠠᠨ ᠰᠢᠢᠳᠪᠦᠷᠢᠯᠡᠭᠦᠯᠵᠦ᠂ ᠬᠤᠪᠢᠶᠠᠨ ᠬᠠᠮᠢᠶᠠᠷᠬᠤ ᠬᠤᠷᠢᠶᠠᠨ ᠤ ᠤᠳᠤᠷᠢᠳᠤᠯᠭ᠎ᠠ ᠶᠢᠨ ᠱᠠᠭᠠᠷᠳᠠᠨ ᠰᠢᠢᠳᠪᠦᠷᠢᠯᠡᠭᠦᠯᠬᠦ ᠬᠤᠷᠠᠯ ᠠᠴᠠ 2 ᠰᠠᠷ᠎ᠠ ᠠᠴᠠ ᠳᠡᠭᠡᠭᠰᠢ ᠳᠠᠭᠤᠰᠬᠠᠭᠠᠳᠤᠢ ᠬᠡᠷᠡᠭ ᠢ ᠱᠠᠭᠠᠷᠳᠠᠨ ᠰᠢᠢᠳᠪᠦᠷᠢᠯᠡᠭᠦᠯᠵᠦ᠂ ᠲᠢᠩᠬᠢᠮ ᠤᠨ ᠳᠠᠷᠤᠭ᠎ᠠ ᠲᠦᠷᠭᠡᠨ ᠲᠠᠰᠤᠯᠬᠤ ᠵᠢᠴᠢ ᠳᠥᠭᠦᠮᠴᠢᠯᠡᠭᠰᠡᠨ ᠵᠠᠷᠭᠤ ᠶᠢᠨ ᠵᠢᠷᠤᠮ ᠢ ᠬᠡᠷᠡᠭᠯᠡᠨ 1 ᠰᠠᠷ᠎ᠠ ᠠᠴᠠ ᠳᠡᠭᠡᠭᠰᠢ ᠳᠠᠭᠤᠰᠬᠠᠭᠠᠳᠤᠢ ᠬᠡᠷᠡᠭ ᠢ ᠱᠠᠭᠠᠷᠳᠠᠨ ᠰᠢᠢᠳᠪᠦᠷᠢᠯᠡᠭᠦᠯᠦᠨ᠎ᠡ᠃      7. ᠬᠡᠷᠡᠭ ᠢ ᠬᠢᠨᠠᠨ ᠬᠠᠷᠭᠤᠭᠤᠯᠬᠤ ᠳᠦᠷᠢᠮ᠂ ᠰᠢᠭᠦᠬᠦ ᠬᠤᠷᠢᠶᠠᠨ ᠤ ᠲᠢᠩᠬᠢᠮ ᠤᠨ ᠳᠠᠷᠤᠭ᠎ᠠ ᠰᠢᠭᠦᠨ ᠲᠠᠰᠤᠯᠤᠯᠲᠠ ᠶᠢ ᠬᠢᠨᠠᠨ ᠬᠠᠮᠢᠶᠠᠷᠬᠤ ᠡᠷᠬᠡ ᠪᠠ ᠬᠠᠷᠢᠭᠤᠴᠠᠯᠭ᠎ᠠ ᠶᠢᠨ ᠨᠠᠷᠢᠨ ᠲᠠᠩᠰᠠ ᠶᠢ ᠦᠨᠳᠦᠰᠦᠯᠡᠨ ᠬᠠᠮᠲᠤᠷᠠᠨ ᠵᠥᠪᠯᠡᠬᠦ ᠲᠢᠩᠬᠢᠮ᠂ ᠲᠤᠰᠠᠭᠠᠷ ᠰᠢᠭᠦᠬᠦ ᠰᠢᠭᠦᠭᠴᠢ ᠶᠢᠨ ᠭᠠᠷᠭᠠᠭᠰᠠᠨ ᠲᠠᠰᠤᠯᠤᠨ ᠲᠣᠭᠲᠠᠭᠠᠯᠲᠠ ᠶᠢᠨ ᠪᠢᠴᠢᠭ ᠬᠠᠷ᠎ᠠ᠂ ᠵᠢᠷᠤᠮ᠂ ᠪᠣᠳᠠᠲᠤ ᠶᠠᠪᠤᠳᠠᠯ ᠢ ᠮᠠᠭᠠᠳᠯᠠᠨ ᠲᠣᠭᠲᠠᠭᠠᠬᠤ᠂ ᠬᠠᠤᠯᠢ ᠴᠠᠭᠠᠵᠠ ᠶᠢ ᠬᠡᠷᠡᠭᠯᠡᠬᠦ᠂ ᠲᠠᠰᠤᠯᠤᠨ ᠲᠣᠭᠲᠠᠭᠠᠯᠲᠠ ᠶᠢᠨ ᠦᠷ᠎ᠡ ᠳ᠋ᠦᠩ᠂ ᠪᠢᠴᠢᠭ ᠬᠠᠷ᠎ᠠ ᠶᠢᠨ ᠬᠡᠪ ᠵᠠᠭᠪᠤᠷ᠂ ᠪᠢᠴᠢᠭ ᠬᠠᠷ᠎ᠠ ᠶᠢᠨ ᠶᠠᠰᠤ ᠴᠢᠨᠠᠷ ᠵᠡᠷᠭᠡ ᠲᠠᠯ᠎ᠠ ᠪᠠᠷ ᠬᠢᠨᠠᠨ ᠪᠠᠶᠢᠴᠠᠭᠠᠬᠤ ᠳᠣᠲᠣᠭᠠᠳᠤ ᠶᠢᠨ ᠬᠢᠨᠠᠨ ᠬᠠᠮᠢᠶᠠᠷᠤᠯᠲᠠ ᠶᠢᠨ ᠵᠣᠬᠢᠴᠠᠮᠵᠢ ᠪᠣᠯᠣᠨ᠎ᠠ᠃      8. ᠬᠡᠷᠡᠭ ᠢ ᠳᠠᠭᠤᠰᠬᠠᠬᠤ ᠨᠡᠷᠡᠰ ᠤᠨ ᠵᠢᠭᠰᠠᠭᠠᠯᠲᠠ ᠶᠢ ᠵᠠᠷᠯᠠᠨ ᠨᠡᠶᠢᠲᠡᠯᠡᠬᠦ ᠳᠦᠷᠢᠮ᠂ ᠠᠷᠪᠠᠨ ᠡᠳᠦᠷ ᠲᠤ ᠨᠢᠭᠡ ᠤᠳᠠᠭ᠎ᠠ ᠲᠣᠬᠢᠷᠠᠭᠤᠯᠬᠤ ᠬᠡᠯᠪᠡᠷᠢ ᠪᠠᠷ ᠳᠠᠮᠵᠢᠭᠤᠯᠵᠤ᠂ ᠦᠶᠡᠯᠡᠯ ᠤᠨ ᠬᠤᠭᠤᠴᠠᠭᠠᠨ ᠳᠠᠬᠢ ᠠᠵᠢᠯ ᠢᠶᠠᠨ ᠪᠡᠶᠡᠯᠡᠭᠦᠯᠦᠭᠰᠡᠨ ᠬᠡᠮᠵᠢᠶ᠎ᠡ ᠳᠤ ᠨᠡᠷᠡᠰ ᠤᠨ ᠵᠢᠭᠰᠠᠭᠠᠯᠲᠠ ᠶᠢᠨ ᠬᠢᠨᠠᠨ ᠰᠢᠯᠭᠠᠯᠲᠠ ᠬᠢᠬᠦ ᠳᠣᠲᠣᠭᠠᠳᠤ ᠶᠢᠨ ᠬᠢᠨᠠᠨ ᠬᠠᠮᠢᠶᠠᠷᠤᠯᠲᠠ ᠶᠢᠨ ᠵᠣᠬᠢᠴᠠᠮᠵᠢ ᠪᠣᠯᠣᠨ᠎ᠠ᠃      9. ᠶᠠᠷᠰᠢᠭ ᠲᠦᠪᠡᠭᠲᠡᠢ ᠪᠠ ᠲᠦᠭᠦᠮ ᠢ ᠰᠠᠯᠭᠠᠬᠤ ᠳᠦᠷᠢᠮ᠂ ᠬᠡᠷᠡᠭ ᠪᠣᠯᠭᠠᠨ ᠳᠠᠩᠰᠠᠯᠠᠬᠤ ᠠᠴᠠ ᠡᠮᠦᠨ᠎ᠡ ᠡᠶᠡᠳᠡᠭᠦᠯᠬᠦ ᠳᠦᠷᠢᠮ ᠢ ᠲᠣᠭᠲᠠᠭᠠᠵᠤ᠂ ᠡᠶᠡᠳᠡᠭᠦᠯᠬᠦ ᠳᠤ ᠲᠣᠬᠢᠷᠠᠮᠵᠢᠲᠠᠢ ᠬᠡᠷᠡᠭ ᠢ ᠤᠯᠠᠨ ᠡᠰᠢᠴᠢᠯᠡᠭᠰᠡᠨ ᠡᠶᠡᠳᠡᠭᠦᠯᠬᠦ ᠵᠣᠬᠢᠶᠠᠨ ᠪᠠᠶᠢᠭᠤᠯᠤᠯᠲᠠ ᠪᠠᠷ ᠳᠠᠮᠵᠢᠭᠤᠯᠤᠨ ᠡᠶᠡᠳᠡᠭᠦᠯᠵᠦ᠂ ᠠᠮᠵᠢᠯᠲᠠ ᠲᠠᠢ ᠡᠶᠡᠳᠡᠭᠦᠯᠦᠭᠰᠡᠨ ᠪᠣᠯ᠂ ᠬᠠᠤᠯᠢ ᠴᠠᠭᠠᠵᠠ ᠪᠠᠷ ᠨᠤᠲᠠᠯᠠᠨ᠎ᠠ︔ ᠡᠶᠡᠳᠡᠭᠦᠯᠦᠭᠡᠳ ᠪᠦᠲᠦᠭᠰᠡᠨ ᠦᠭᠡᠢ ᠪᠤᠶᠤ ᠡᠶᠡᠳᠡᠭᠦᠯᠬᠦ ᠳᠤ ᠲᠣᠬᠢᠷᠠᠬᠤ ᠦᠭᠡᠢ ᠪᠣᠯ᠂ ᠴᠠᠭ ᠲᠤᠬᠠᠢ ᠳᠤᠨᠢ ᠬᠡᠷᠡᠭ ᠪᠣᠯᠭᠠᠨ ᠳᠠᠩᠰᠠᠯᠠᠬᠤ ᠶᠢᠨ ᠬᠠᠮᠲᠤ᠂ ᠬᠡᠷᠡᠭ ᠤᠨ ᠲᠦᠷᠦᠯ᠂ ᠣᠨᠴᠠᠯᠢᠭ ᠵᠡᠷᠭᠡ ᠪᠠᠶᠢᠳᠠᠯ ᠢ ᠦᠨᠳᠦᠰᠦᠯᠡᠨ ᠵᠣᠬᠢᠰᠲᠠᠢ ᠵᠢᠷᠤᠮ ᠢ ᠰᠣᠩᠭᠤᠨ ᠶᠠᠷᠰᠢᠭ ᠲᠦᠪᠡᠭᠲᠡᠢ ᠪᠠ ᠲᠦᠭᠦᠮ ᠢ ᠰᠠᠯᠭᠠᠬᠤ ᠳᠦᠷᠢᠮ ᠢ ᠬᠡᠷᠡᠭᠵᠢᠭᠦᠯᠦᠨ᠎ᠡ᠃      10. ᠵᠠᠭᠠᠯᠳᠤᠬᠤ ᠠᠴᠠ ᠡᠮᠦᠨᠡᠬᠢ ᠨᠠᠶᠢᠳᠠᠯᠭ᠎ᠠ ᠪᠠᠷ ᠬᠢᠨᠠᠨ ᠲᠣᠭᠲᠠᠭᠠᠯᠭᠠᠵᠤ ᠦᠨᠡᠯᠡᠨ ᠵᠢᠱᠢᠬᠦ ᠳᠦᠷᠢᠮ᠂ ᠳᠠᠷᠤᠢ ᠵᠠᠭᠠᠯᠳᠤᠬᠤ ᠠᠴᠠ ᠡᠮᠦᠨ᠎ᠡ ᠨᠠᠶᠢᠳᠠᠯᠭ᠎ᠠ ᠪᠠᠷ ᠬᠢᠨᠠᠨ ᠲᠣᠭᠲᠠᠭᠠᠯᠭᠠᠬᠤ᠂ ᠦᠨᠡᠯᠡᠨ ᠵᠢᠱᠢᠬᠦ ᠬᠡᠷᠡᠭ ᠲᠤ ᠨᠡᠶᠢᠴᠡᠬᠦ ᠲᠤᠬᠠᠢ ᠶᠢᠨ ᠬᠥᠮᠥᠨ ᠨᠢ ᠵᠠᠭᠠᠯᠳᠤᠬᠤ ᠠᠴᠠ ᠡᠮᠦᠨ᠎ᠡ ᠡᠶᠡᠳᠡᠭᠦᠯᠬᠦ ᠱᠠᠲᠤᠨ ᠳᠤ ᠡᠶᠡᠳᠡᠭᠦᠯᠬᠦ ᠵᠣᠬᠢᠶᠠᠨ ᠪᠠᠶᠢᠭᠤᠯᠤᠯᠲᠠ ᠪᠤᠶᠤ ᠡᠶᠡᠳᠡᠭᠦᠯᠦᠭᠴᠢ ᠳᠤ ᠭᠤᠶᠤᠴᠢᠯᠠᠯ ᠭᠠᠷᠭᠠᠵᠤ᠂ ᠡᠶᠡᠳᠡᠭᠦᠯᠬᠦ ᠵᠣᠬᠢᠶᠠᠨ ᠪᠠᠶᠢᠭᠤᠯᠤᠯᠲᠠ ᠪᠤᠶᠤ ᠡᠶᠡᠳᠡᠭᠦᠯᠦᠭᠴᠢ ᠠᠴᠠ ᠠᠷᠠᠳ ᠤᠨ ᠰᠢᠭᠦᠬᠦ ᠬᠤᠷᠢᠶᠠᠨ ᠳᠤ ᠮᠡᠳᠡᠭᠦᠯᠵᠦ᠂ ᠠᠷᠠᠳ ᠤᠨ ᠰᠢᠭᠦᠬᠦ ᠬᠤᠷᠢᠶ᠎ᠠ ᠬᠢᠨᠠᠨ ᠪᠠᠶᠢᠴᠠᠭᠠᠭᠠᠳ ᠬᠡᠷᠡᠭ ᠤᠨ ᠪᠣᠳᠠᠲᠤ ᠶᠠᠪᠤᠳᠠᠯ ᠢ ᠡᠷᠬᠡᠪᠰᠢ ᠲᠤᠰᠬᠠᠢ ᠪᠠᠶᠢᠭᠤᠯᠤᠮᠵᠢ ᠪᠠᠷ ᠰᠢᠯᠭᠠᠨ ᠲᠣᠭᠲᠠᠭᠠᠯᠭᠠᠵᠤ᠂ ᠦᠨᠡᠯᠡᠨ ᠵᠢᠱᠢᠭᠦᠯᠪᠡᠯ ᠰᠠᠶ᠋ᠢ ᠬᠠᠷᠢᠭᠤᠴᠠᠯᠭ᠎ᠠ ᠶᠢ ᠲᠣᠳᠣᠷᠬᠠᠶᠢᠯᠠᠵᠤ᠂ ᠪᠣᠳᠠᠲᠠᠢ ᠡᠷᠬᠡ ᠡᠭᠦᠷᠭᠡ ᠶᠢ ᠲᠣᠭᠲᠠᠭᠠᠵᠤ ᠴᠢᠳᠠᠨ᠎ᠠ ᠭᠡᠵᠦ ᠦᠵᠡᠪᠡᠯ᠂ ᠨᠢᠭᠡ ᠲᠠᠯ᠎ᠠ ᠶᠢᠨ ᠲᠤᠬᠠᠢ ᠶᠢᠨ ᠬᠥᠮᠥᠨ ᠤ ᠭᠤᠶᠤᠴᠢᠯᠠᠯ ᠢ ᠦᠨᠳᠦᠰᠦᠯᠡᠬᠦ ᠪᠤᠶᠤ ᠡᠯ᠎ᠡ ᠲᠠᠯ᠎ᠠ ᠶᠢᠨ ᠲᠤᠬᠠᠢ ᠶᠢᠨ ᠬᠥᠮᠥᠨ ᠵᠥᠪᠳᠡᠯᠴᠡᠭᠡᠳ ᠰᠠᠨᠠᠯ ᠨᠢᠭᠡᠳᠦᠭᠰᠡᠨ ᠤ ᠲᠠᠷᠠᠭ᠎ᠠ᠂ ᠠᠷᠠᠳ ᠤᠨ ᠰᠢᠭᠦᠬᠦ ᠬᠤᠷᠢᠶ᠎ᠠ ᠠᠴᠠ ᠬᠤᠯᠪᠣᠭᠳᠠᠯ ᠪᠦᠬᠦᠢ ᠵᠢᠷᠤᠮ ᠶᠣᠰᠣᠭᠠᠷ ᠲᠤᠰᠬᠠᠢ ᠪᠠᠶᠢᠭᠤᠯᠤᠮᠵᠢ ᠳᠤ ᠨᠠᠶᠢᠳᠠᠨ ᠬᠤᠯᠪᠣᠭᠳᠠᠯ ᠪᠦᠬᠦᠢ ᠬᠡᠷᠡᠭ ᠤᠨ ᠳᠤᠮᠳᠠᠬᠢ ᠲᠤᠰᠬᠠᠢ ᠠᠰᠠᠭᠤᠳᠠᠯ ᠢ ᠬᠢᠨᠠᠨ ᠲᠣᠭᠲᠠᠭᠠᠬᠤ᠂ ᠦᠨᠡᠯᠡᠨ ᠵᠢᠱᠢᠬᠦ ᠪᠠᠷ ᠳᠠᠮᠵᠢᠭᠤᠯᠤᠨ ᠲᠤᠰᠬᠠᠢ ᠵᠠᠳᠠᠯᠤᠯᠲᠠ ᠬᠢᠬᠦ ᠪᠠ ᠢᠯᠭᠠᠨ ᠲᠣᠳᠣᠯᠠᠬᠤ ᠳᠦᠷᠢᠮ ᠢ ᠵᠢᠭᠠᠵᠤ ᠪᠣᠢ᠃      11. ︽ᠭᠤᠷᠪᠠᠨ ᠲᠣᠭᠲᠠᠭᠠᠯ︾᠂ 2015 ᠣᠨ ᠳᠤ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠠᠯᠪᠠᠨ ᠲᠢᠩᠬᠢᠮ᠂ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠠᠯᠪᠠᠨ ᠲᠢᠩᠬᠢᠮ᠂ ᠲᠥᠪ ᠤᠨ ᠤᠯᠤᠰ ᠲᠥᠷᠥ ᠬᠠᠤᠯᠢ ᠴᠠᠭᠠᠵᠠ ᠶᠢᠨ ᠵᠥᠪᠯᠡᠯ᠂ ︽ᠲᠠᠪᠤᠨ ᠶᠠᠮᠤᠨ ᠬᠤᠷᠢᠶ᠎ᠠ︾ ᠶᠢᠨ ᠤᠷᠢᠳ ᠬᠤᠵᠢᠳ ᠨᠡᠶᠢᠲᠡᠯᠡᠭᠰᠡᠨ ︽ᠤᠳᠤᠷᠢᠳᠬᠤ ᠺᠠᠳ᠋ᠷ ᠤᠨ ᠬᠠᠤᠯᠢ ᠴᠠᠭᠠᠵᠠ ᠶᠢᠨ ᠠᠵᠢᠯᠯᠠᠭᠠᠨ ᠳᠤ ᠭᠠᠷ ᠲᠦᠷᠦᠭᠰᠡᠨ᠂ ᠪᠣᠳᠠᠲᠠᠢ ᠬᠡᠷᠡᠭ ᠢ ᠰᠢᠢᠳᠪᠦᠷᠢᠯᠡᠬᠦ ᠳᠤ ᠭᠠᠷ ᠲᠦᠷᠦᠭᠰᠡᠨ ᠢ ᠲᠡᠮᠳᠡᠭᠯᠡᠬᠦ᠂ ᠵᠠᠷᠯᠠᠨ ᠨᠡᠶᠢᠲᠡᠯᠡᠬᠦ ᠪᠠ ᠬᠠᠷᠢᠭᠤᠴᠠᠯᠭ᠎ᠠ ᠨᠡᠬᠡᠮᠵᠢᠯᠡᠬᠦ ᠲᠣᠭᠲᠠᠭᠠᠯ︾ ︽ᠬᠠᠤᠯᠢ ᠴᠠᠭᠠᠵᠠ ᠶᠢᠨ ᠪᠠᠶᠢᠭᠤᠯᠤᠯᠭ᠎ᠠ ᠶᠢᠨ ᠳᠣᠲᠣᠭᠠᠳᠤ ᠶᠢᠨ ᠠᠵᠢᠯᠲᠠᠨ ᠤ ᠬᠡᠷᠡᠭ ᠢ ᠠᠰᠠᠭᠤᠵᠤ ᠯᠠᠪᠯᠠᠭᠰᠠᠨ ᠢ ᠲᠡᠮᠳᠡᠭᠯᠡᠬᠦ ᠪᠠ ᠬᠠᠷᠢᠭᠤᠴᠠᠯᠭ᠎ᠠ ᠨᠡᠬᠡᠮᠵᠢᠯᠡᠬᠦ ᠲᠣᠭᠲᠠᠭᠠᠯ︾ ︽ᠬᠠᠤᠯᠢ ᠴᠠᠭᠠᠵᠠ ᠶᠢᠨ ᠠᠵᠢᠯᠲᠠᠨ ᠤ ᠲᠤᠬᠠᠢ ᠶᠢᠨ ᠬᠥᠮᠥᠨ᠂ ᠬᠠᠤᠯᠢᠴᠢ᠂ ᠣᠨᠴᠠᠭᠠᠢ ᠬᠠᠷᠢᠴᠠᠭ᠎ᠠ ᠲᠠᠢ ᠬᠥᠮᠥᠨ᠂ ᠵᠠᠭᠤᠴᠢ ᠵᠣᠬᠢᠶᠠᠨ ᠪᠠᠶᠢᠭᠤᠯᠤᠯᠲᠠ ᠲᠠᠢ ᠬᠠᠷᠢᠯᠴᠠᠬᠤ ᠦᠢᠯᠡ ᠠᠵᠢᠯᠯᠠᠭ᠎ᠠ ᠶᠢ ᠤᠯᠠᠮ ᠨᠢᠭᠡ ᠠᠯᠬᠤᠮ ᠵᠢᠷᠤᠮᠵᠢᠭᠤᠯᠬᠤ ᠲᠤᠬᠠᠢ ᠲᠣᠭᠲᠠᠭᠠᠯ ᠤᠳ︾ ᠤᠨ ᠳᠥᠭᠦᠮ ᠨᠡᠷᠡᠶᠢᠳᠦᠯ ᠢ ︽ᠭᠤᠷᠪᠠᠨ ᠲᠣᠭᠲᠠᠭᠠᠯ︾ ᠭᠡᠨ᠎ᠡ᠃
 
ᠢᠷᠡᠯᠲᠡ᠄ ᠬᠡᠰᠢᠭᠲᠡᠨ ᠬᠣᠰᠢᠭᠤᠨ ᠤ ᠠᠷᠠᠳ ᠤᠨ ᠵᠠᠰᠠᠭ ᠤᠨ ᠣᠷᠳᠣᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备09001939号