︽ᠵᠠᠰᠠᠭ ᠤᠨ ᠣᠷᠳᠣᠨ ᠤ ᠠᠵᠢᠯ ᠤᠨ ᠢᠯᠡᠳᠬᠡᠯ︾ ᠤᠨ ᠨᠡᠷᠡᠰ ᠤᠨ ᠲᠠᠶᠢᠯᠪᠤᠷᠢ
ᠨᠡᠶᠢᠲᠡᠯᠡᠭᠰᠡᠨ ᠴᠠᠭ᠄
2024/2/2
     ᠬᠤᠶᠠᠷ ᠶᠡᠭᠡ ᠶᠠᠪᠤᠳᠠᠯ᠄ ᠶᠡᠷᠦᠩᠬᠡᠢ ᠱᠦᠵᠢ ᠠᠴᠠ ᠥᠪᠥᠷ ᠮᠣᠩᠭᠤᠯ ᠳᠤ ᠲᠤᠰᠢᠶᠠᠭᠰᠠᠨ ᠲᠠᠪᠤᠨ ᠶᠡᠭᠡ ᠡᠭᠦᠷᠭᠡ ᠶᠢ ᠴᠢᠷᠮᠠᠶᠢᠨ ᠪᠡᠶᠡᠯᠡᠭᠦᠯᠦᠨ᠎ᠡ︔ ︽ᠵᠢᠱᠢᠶᠡᠴᠢ ᠥᠪᠡᠷᠲᠡᠭᠡᠨ ᠵᠠᠰᠠᠬᠤ ᠣᠷᠣᠨ︾ ᠢ ᠪᠥᠬᠦ ᠲᠠᠯ᠎ᠠ ᠪᠠᠷ ᠪᠦᠲᠦᠭᠡᠨ ᠪᠠᠶᠢᠭᠤᠯᠤᠨ᠎ᠠ᠃      ᠲᠠᠪᠤᠨ ᠶᠡᠭᠡ ᠡᠭᠦᠷᠭᠡ᠄ ᠥᠪᠥᠷ ᠮᠣᠩᠭᠤᠯ ᠢ ᠮᠠᠨ ᠤ ᠤᠯᠤᠰ ᠤᠨ ᠤᠮᠠᠷᠠᠲᠤ ᠶᠢᠨ ᠴᠢᠬᠤᠯᠠ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ᠂ ᠡᠬᠡ ᠤᠯᠤᠰ ᠤᠨ ᠤᠮᠠᠷᠠᠲᠤ ᠶᠢᠨ ᠠᠮᠤᠷ ᠲᠦᠪᠰᠢᠨ ᠲᠣᠭᠲᠠᠭᠤᠨ ᠤ ᠬᠠᠯᠬᠠᠪᠴᠢ᠂ ᠤᠯᠤᠰ ᠤᠨ ᠴᠢᠬᠤᠯᠠ ᠡᠨᠧᠷᠭᠢ ᠪᠠ ᠪᠠᠶᠢᠯᠳᠤᠬᠤ ᠪᠣᠳᠣᠯᠭ᠎ᠠ ᠶᠢᠨ ᠡᠬᠢ ᠪᠠᠶᠠᠯᠢᠭ ᠤᠨ ᠰᠠᠭᠤᠷᠢᠨ ᠭᠠᠵᠠᠷ᠂ ᠤᠯᠤᠰ ᠤᠨ ᠴᠢᠬᠤᠯᠠ ᠮᠠᠯ ᠲᠠᠷᠢᠶᠠᠯᠠᠩ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ᠦᠢᠯᠡᠳᠪᠦᠷᠢᠯᠡᠯ ᠤᠨ ᠰᠠᠭᠤᠷᠢᠨ ᠭᠠᠵᠠᠷ᠂ ᠤᠯᠤᠰ ᠤᠨ ᠤᠮᠠᠷᠠᠰᠢ ᠨᠡᠭᠡᠭᠡᠯᠲᠡ ᠬᠢᠬᠦ ᠴᠢᠬᠤᠯᠠ ᠪᠠᠬᠢᠯᠡᠯᠲᠡ ᠪᠣᠯᠭᠠᠨ ᠪᠦᠲᠦᠭᠡᠨ ᠪᠠᠶᠢᠭᠤᠯᠤᠨ᠎ᠠ᠃      ᠳᠦᠷᠪᠡᠨ ᠵᠦᠢᠯ ᠤᠨ ᠪᠤᠭᠤᠳᠠᠢ᠄ ᠨᠣᠶᠢᠯ ᠪᠤᠭᠤᠳᠠᠢ᠂ ᠨᠣᠬᠠᠢ ᠶᠢᠨ ᠬᠤᠰᠢᠭᠤ᠂ ᠰᠠᠭᠠᠭ᠂ ᠪᠤᠭᠤᠳᠠᠢ᠃      ᠮᠢᠩᠭᠠᠨ ᠳ᠋ᠦᠩᠰᠢᠭᠤᠷ ᠤᠨ ᠤᠶᠢᠯᠡᠳᠭᠦᠨ ᠤ ᠦᠷᠳᠡᠭ ᠪᠦᠬᠦᠢ 2 ᠠᠵᠤ ᠦᠢᠯᠡᠰ ᠤᠨ ᠴᠤᠭᠯᠠᠷᠠᠯ᠄ ᠰᠢᠨ᠎ᠡ ᠡᠨᠧᠷᠭᠢ ᠬᠢᠭᠡᠳ ᠬᠢᠮᠢ ᠶᠢᠨ ᠠᠵᠤ ᠦᠢᠯᠡᠳᠪᠦᠷᠢ ᠠᠪᠴᠠᠯᠳᠤᠭᠰᠠᠨ ᠠᠵᠤ ᠦᠢᠯᠡᠰ ᠤᠨ ᠮᠢᠩᠭᠠᠨ ᠳ᠋ᠦᠩᠰᠢᠭᠤᠷ ᠦᠢᠯᠡᠳᠬᠦᠨ ᠤ ᠦᠷᠳᠡᠭ ᠪᠦᠬᠦᠢ ᠴᠤᠭᠯᠠᠷᠠᠯ᠂ ᠠᠭᠤᠷᠬᠠᠢ ᠶᠢᠨ ᠭᠠᠷᠤᠯᠲᠠ ᠲᠡᠮᠦᠷᠯᠢᠭ ᠪᠣᠯᠪᠠᠰᠤᠷᠠᠭᠤᠯᠬᠤ ᠮᠢᠩᠭᠠᠨ ᠳ᠋ᠦᠩᠰᠢᠭᠤᠷ ᠦᠢᠯᠡᠳᠬᠦᠨ ᠤ ᠦᠷᠳᠡᠭ ᠪᠦᠬᠦᠢ ᠴᠤᠭᠯᠠᠷᠠᠯ᠃      ᠮᠢᠩᠭᠠᠨ ᠲᠦᠮᠡᠨ ᠢᠨᠵᠧᠨᠧᠷᠢᠩ᠄ ︽ᠮᠢᠩᠭᠠᠨ ᠲᠣᠰᠬᠤᠨ ᠢᠶᠠᠷ ᠵᠢᠱᠢᠶ᠎ᠡ ᠦᠵᠡᠭᠦᠯᠵᠦ᠂ ᠲᠦᠮᠡᠨ ᠲᠣᠰᠬᠤᠨ ᠢ ᠴᠡᠭᠴᠡᠯᠡᠨ ᠵᠠᠰᠠᠬᠤ︾ ᠢᠨᠵᠧᠨᠧᠷᠢᠩ ᠢ ᠵᠢᠭᠠᠵᠤ ᠪᠣᠢ᠂ ᠵᠧᠵᠢᠶᠠᠩ ᠤᠨ ︽ᠬᠥᠬᠡᠮᠳᠦᠭ ᠨᠣᠭᠤᠭᠠᠨ ᠠᠭᠤᠯᠠ ᠤᠰᠤ ᠪᠣᠯ ᠳᠠᠷᠤᠢ ᠠᠯᠳᠠ ᠮᠥᠩᠭᠦᠨ ᠠᠭᠤᠯᠠ ᠮᠥᠨ︾ ᠬᠡᠮᠡᠬᠦ ᠣᠶᠢᠯᠠᠭᠠᠭᠳᠠᠬᠤᠨ ᠤ ᠦᠨᠳᠦᠰᠦᠨ ᠱᠠᠲᠤᠨ ᠤ ᠬᠥᠳᠡᠭᠡ ᠲᠣᠰᠬᠤᠨ ᠳᠠᠬᠢ ᠠᠮᠵᠢᠯᠲᠠ ᠲᠠᠢ ᠦᠢᠯᠡᠳᠦᠯᠭᠡ ᠪᠣᠯᠣᠨ᠎ᠠ᠃      ᠭᠤᠷᠪᠠᠨ ᠣᠷᠣᠨ ᠭᠤᠷᠪᠠᠨ ᠱᠤᠭᠤᠮ᠄ ᠬᠤᠲᠠ ᠪᠠᠯᠭᠠᠰᠤ ᠶᠢᠨ ᠣᠷᠣᠨ ᠵᠠᠢ᠂ ᠲᠠᠷᠢᠶᠠᠯᠠᠩ ᠤᠨ ᠣᠷᠣᠨ ᠵᠠᠢ᠂ ᠠᠮᠢ ᠠᠬᠤᠢ ᠶᠢᠨ ᠣᠷᠣᠨ ᠵᠠᠢ ᠵᠡᠷᠭᠡ ᠭᠤᠷᠪᠠᠨ ᠵᠦᠢᠯ ᠤᠨ ᠲᠥᠷᠥᠯ ᠬᠡᠯᠪᠡᠷᠢ ᠶᠢᠨ ᠣᠷᠣᠨ ᠵᠠᠢ ᠶᠢᠨ ᠬᠠᠷᠠᠭᠠᠯᠵᠠᠭᠰᠠᠨ ᠣᠷᠣᠨ ᠪᠦᠰᠡ ᠵᠢᠴᠢ ᠲᠣᠰ ᠲᠣᠰ ᠬᠤᠪᠢᠶᠠᠷᠢᠯᠠᠨ ᠲᠣᠭᠲᠠᠭᠠᠭᠰᠠᠨ ᠬᠤᠲᠠ ᠪᠠᠯᠭᠠᠰᠤ ᠶᠢᠨ ᠨᠡᠭᠡᠭᠡᠨ ᠬᠥᠭᠵᠢᠭᠦᠯᠬᠦ ᠵᠠᠭᠠᠭ ᠬᠢᠵᠠᠭᠠᠷ᠂ ᠡᠭᠦᠷᠢᠳᠡ ᠶᠢᠨ ᠦᠨᠳᠦᠰᠦᠨ ᠲᠠᠷᠢᠶᠠᠨ ᠭᠠᠵᠠᠷ ᠤᠨ ᠬᠠᠮᠠᠭᠠᠯᠠᠯᠲᠠ ᠶᠢᠨ ᠤᠯᠠᠭᠠᠨ ᠱᠤᠭᠤᠮ᠂ ᠠᠮᠢ ᠠᠬᠤᠢ ᠶᠢᠨ ᠬᠠᠮᠠᠭᠠᠯᠠᠯᠲᠠ ᠶᠢᠨ ᠤᠯᠠᠭᠠᠨ ᠱᠤᠭᠤᠮ ᠵᠡᠷᠭᠡ ᠭᠤᠷᠪᠠᠨ ᠡᠵᠡᠮᠳᠡᠬᠦ ᠱᠤᠭᠤᠮ᠃      ︽2+8+13︾ ᠲᠦᠷ ᠴᠠᠭ ᠤᠨ ᠠᠵᠢᠯ ᠤᠨ ᠵᠠᠬ᠎ᠠ ᠳᠡᠯᠭᠡᠭᠦᠷ ᠤᠨ ᠰᠢᠰᠲ᠋ᠧᠮ᠄ ᠬᠤᠰᠢᠭᠤᠨ ᠤ ᠲᠠᠰ ᠤᠨ ᠲᠦᠷ ᠴᠠᠭ ᠤᠨ ᠠᠵᠢᠯ ᠤᠨ ᠵᠠᠬ᠎ᠠ ᠳᠡᠯᠭᠡᠭᠦᠷ 2᠂ ᠲᠦᠷ ᠴᠠᠭ ᠤᠨ ᠠᠵᠢᠯ ᠤᠨ ᠥᠷᠲᠡᠭᠡ 8᠂ ᠠᠵᠢᠯ ᠣᠯᠭᠤᠯᠲᠠ ᠶᠢᠨ ᠦᠢᠯᠡᠴᠢᠯᠡᠭᠡᠨ ᠤ ᠥᠷᠲᠡᠭᠡ 13᠃      ︽2+11+N︾ ᠡᠮᠴᠢᠯᠡᠭᠡᠨ ᠤ ᠬᠠᠮᠲᠤ ᠶᠢᠨ ᠴᠣᠭᠴᠠ ᠶᠢᠨ ᠵᠠᠭᠪᠤᠷ᠄ ᠬᠤᠰᠢᠭᠤᠨ ᠤ ᠠᠷᠠᠳ ᠤᠨ ᠡᠮᠨᠡᠯᠭᠡ ᠶᠢᠨ ᠬᠤᠷᠢᠶ᠎ᠠ᠂ ᠬᠤᠰᠢᠭᠤᠨ ᠤ ᠬᠢᠲᠠᠳ ᠮᠣᠩᠭᠤᠯ ᠡᠮᠨᠡᠯᠭᠡ ᠶᠢᠨ ᠬᠤᠷᠢᠶ᠎ᠠ ᠶᠢᠨ ᠠᠯᠪᠠᠨ ᠠᠴᠠ ᠪᠠᠶᠢᠭᠤᠯᠤᠭᠰᠠᠨ 2 ᠡᠮᠨᠡᠯᠭᠡ ᠶᠢᠨ ᠬᠤᠷᠢᠶ᠎ᠠ ᠲᠣᠯᠣᠭᠠᠶᠢᠯᠠᠵᠤ᠂ 11 ᠰᠢᠶᠠᠩ ᠪᠠᠯᠭᠠᠰᠤᠨ ᠤ ᠡᠷᠡᠭᠦᠯ ᠬᠠᠮᠠᠭᠠᠯᠠᠯ ᠤᠨ ᠬᠤᠷᠢᠶ᠎ᠠ ᠨᠢ ᠲᠣᠰ ᠲᠣᠰ ᠲᠣᠯᠣᠭᠠᠶᠢᠯᠠᠭᠰᠠᠨ ᠡᠮᠨᠡᠯᠭᠡ ᠶᠢᠨ ᠬᠤᠷᠢᠶ᠎ᠠ ᠲᠠᠢ ᠡᠮᠴᠢᠯᠡᠭᠡᠨ ᠤ ᠬᠠᠮᠲᠤ ᠶᠢᠨ ᠴᠣᠭᠴᠠ ᠶᠢᠨ ᠲᠣᠣᠷᠵᠢᠯ᠂ ᠬᠠᠷᠢᠶ᠎ᠠ ᠭᠠᠴᠠᠭ᠎ᠠ ᠲᠣᠰᠬᠤᠨ ᠤ ᠡᠷᠡᠭᠦᠯ ᠬᠠᠮᠠᠭᠠᠯᠠᠯ ᠤᠨ ᠲᠠᠰᠤᠭ ᠢ ᠪᠦᠷᠢᠯᠳᠦᠭᠦᠯᠦᠨ᠎ᠡ᠃      ︽3+N︾ ᠠᠵᠢᠯ ᠤᠨ ᠵᠣᠬᠢᠴᠠᠮᠵᠢ᠄ ᠰᠢᠭᠦᠬᠦ ᠬᠤᠷᠢᠶ᠎ᠠ᠂ ᠳᠣᠲᠣᠭᠠᠳᠤ ᠶᠢ ᠬᠠᠮᠠᠭᠠᠯᠠᠬᠤ ᠲᠣᠪᠴᠢᠶ᠎ᠠ᠂ ᠬᠠᠤᠯᠢ ᠴᠠᠭᠠᠵᠠ ᠶᠢᠨ ᠲᠣᠪᠴᠢᠶ᠎ᠠ + ᠬᠡᠷᠡᠭ ᠲᠤ ᠬᠤᠯᠪᠣᠭᠳᠠᠭᠰᠠᠨ ᠨᠢᠭᠡᠴᠡ ᠬᠠᠮᠵᠢᠯᠴᠠᠨ ᠵᠠᠰᠠᠭ ᠤᠨ ᠣᠷᠳᠣᠨ ᠳᠤ ᠬᠤᠯᠪᠣᠭᠳᠠᠭᠰᠠᠨ ᠵᠢᠭᠤᠷᠠᠭᠠᠨ ᠢ ᠰᠢᠢᠳᠪᠦᠷᠢᠯᠡᠬᠦ ᠠᠵᠢᠯ ᠤᠨ ᠵᠣᠬᠢᠴᠠᠮᠵᠢ᠃      ᠨᠢᠭᠡ ᠲᠣᠭᠤᠷᠢᠭ ᠨᠢᠭᠡ ᠪᠦᠰᠡ᠄ ᠪᠣᠬᠢᠷᠲᠤᠯ ᠦᠭᠡᠢ ᠬᠡᠯᠪᠡᠷᠢ ᠶᠢ ᠬᠤᠪᠢᠷᠠᠭᠤᠯᠬᠤ ᠵᠢᠱᠢᠶ᠎ᠡ ᠦᠵᠡᠭᠦᠯᠬᠦ ᠲᠣᠭᠤᠷᠢᠭ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠵᠢᠱᠢᠶ᠎ᠡ ᠦᠵᠡᠭᠦᠯᠬᠦ ᠪᠦᠰᠡ᠃      ᠬᠤᠶᠠᠷ ᠣᠷᠣᠨ ᠬᠤᠶᠠᠷ ᠪᠦᠰᠡ᠄ ᠬᠤᠩᠭᠤ ᠶᠢᠨ ᠲᠡᠮᠦᠷ ᠴᠠᠭᠠᠨ ᠲᠤᠭᠤᠯᠭ᠎ᠠ ᠪᠠᠷ ᠭᠤᠣᠯᠯᠠᠭᠰᠠᠨ ᠲᠡᠮᠦᠷᠯᠢᠭ ᠤᠨ ᠲᠥᠪᠯᠡᠷᠡᠭᠰᠡᠨ ᠠᠭᠤᠷᠬᠠᠢ ᠶᠢᠨ ᠣᠷᠣᠨ᠂ ᠢᠦᠢ ᠵᠧᠦ ᠳ᠋ᠢ ᠶᠢᠨ ᠣᠯᠠᠨ ᠲᠡᠮᠦᠷᠯᠢᠭ ᠤᠨ ᠴᠠᠭᠠᠷᠢᠭ ᠬᠡᠯᠪᠡᠷᠢᠲᠦ ᠲᠥᠪᠯᠡᠷᠡᠭᠰᠡᠨ ᠠᠭᠤᠷᠬᠠᠢ ᠶᠢᠨ ᠣᠷᠣᠨ᠂ ᠬᠠᠷ᠎ᠠ ᠴᠢᠯᠠᠭᠤᠲᠤ ︱ ᠳᠠᠷᠢᠨᠳᠠᠪᠠᠭ᠎ᠠ ᠶᠢᠨ ᠮᠥᠩᠭᠦ ᠬᠠᠷ᠎ᠠ ᠲᠤᠭᠤᠯᠭ᠎ᠠ ᠴᠠᠶᠢᠷ ᠢᠶᠠᠷ ᠭᠤᠣᠯᠯᠠᠭᠰᠠᠨ ᠲᠡᠮᠦᠷᠯᠢᠭ ᠤᠨ ᠲᠥᠪᠯᠡᠷᠡᠭᠰᠡᠨ ᠠᠭᠤᠷᠬᠠᠢ ᠶᠢᠨ ᠣᠷᠣᠨ᠂ ᠬᠤᠩ ᠱᠠᠨᠽᠢ ᠶᠢᠨ ᠾᠧ ᠱᠧᠩ ᠶᠤᠸᠠᠨ ︱ ᠰᠢᠨ ᠺᠠᠢ ᠳ᠋ᠢ ᠶᠢᠨ ᠶᠧᠦ ᠹᠠᠩ ᠰᠢ ᠶᠢᠨ ᠮᠤᠯᠢᠪᠳᠧᠨ ᠦᠷᠡᠨ ᠢᠶᠠᠷ ᠭᠤᠣᠯᠯᠠᠭᠰᠠᠨ ᠲᠡᠮᠦᠷᠯᠢᠭ ᠤᠨ ᠲᠥᠪᠯᠡᠷᠡᠭᠰᠡᠨ ᠠᠭᠤᠷᠬᠠᠢ ᠶᠢᠨ ᠣᠷᠣᠨ᠃      ᠲᠠᠪᠤᠨ ᠨᠣᠷᠮ᠎ᠠ᠄ ᠲᠥᠷᠥᠯ ᠵᠦᠢᠯ ᠤᠨ ᠳᠠᠩᠰᠠᠯᠠᠭᠤᠯᠤᠭᠰᠠᠨ ᠨᠣᠷᠮ᠎ᠠ᠂ ᠠᠵᠢᠯ ᠡᠬᠢᠯᠡᠭᠦᠯᠦᠭᠰᠡᠨ ᠨᠣᠷᠮ᠎ᠠ᠂ ᠠᠵᠢᠯ ᠳᠠᠭᠤᠰᠬᠠᠭᠰᠠᠨ ᠨᠣᠷᠮ᠎ᠠ᠂ ᠠᠰᠢᠭᠯᠠᠯᠲᠠ ᠳᠤ ᠣᠷᠣᠭᠤᠯᠤᠭᠰᠠᠨ ᠨᠣᠷᠮ᠎ᠠ᠂ ᠦᠷ᠎ᠡ ᠪᠦᠲᠦᠮᠵᠢ ᠶᠢᠨ ᠪᠠᠷᠢᠮᠵᠢᠶ᠎ᠠ ᠳᠤ ᠭᠦᠷᠦᠭᠰᠡᠨ ᠨᠣᠷᠮ᠎ᠠ᠃      ᠤᠰᠤᠨ ᠤ ᠡᠬᠢ ᠪᠠᠶᠠᠯᠢᠭ ᠢᠶᠠᠷ ᠳᠥᠷᠪᠡ ᠶᠢ ᠲᠣᠭᠲᠠᠭᠠᠬᠤ᠄ ᠤᠰᠤ ᠪᠠᠷ ᠬᠤᠳᠠ ᠶᠢ ᠲᠣᠭᠲᠠᠭᠠᠬᠤ᠂ ᠤᠰᠤ ᠪᠠᠷ ᠭᠠᠵᠠᠷ ᠢ ᠲᠣᠭᠲᠠᠭᠠᠬᠤ᠂ ᠤᠰᠤ ᠪᠠᠷ ᠬᠥᠮᠥᠨ ᠢ ᠲᠣᠭᠲᠠᠭᠠᠬᠤ᠂ ᠤᠰᠤ ᠪᠠᠷ ᠬᠤᠷᠢᠶᠠᠯᠲᠠ ᠶᠢ ᠲᠣᠭᠲᠠᠭᠠᠬᠤ᠃      ᠭᠤᠷᠪᠠᠨ ᠬᠠᠮᠢᠶᠠᠷᠤᠯᠲᠠ ᠭᠤᠷᠪᠠᠨ ᠡᠷᠬᠡᠪᠰᠢ᠄ ᠠᠵᠢᠯ ᠲᠦᠷᠦᠯ ᠤᠨ ᠬᠠᠮᠢᠶᠠᠷᠤᠯᠲᠠ ᠳᠤ ᠡᠷᠬᠡᠪᠰᠢ ᠠᠮᠦᠷ ᠲᠦᠪᠰᠢᠨ ᠤ ᠬᠠᠮᠢᠶᠠᠷᠤᠯᠲᠠ ᠪᠠᠶᠢᠬᠤ᠂ ᠲᠤᠬᠠᠶᠢᠯᠠᠭᠰᠠᠨ ᠠᠵᠢᠯ ᠤᠨ ᠬᠠᠮᠢᠶᠠᠷᠤᠯᠲᠠ ᠳᠤ ᠡᠷᠬᠡᠪᠰᠢ ᠠᠮᠦᠷ ᠲᠦᠪᠰᠢᠨ  ᠤ ᠬᠠᠮᠢᠶᠠᠷᠤᠯᠲᠠ ᠪᠠᠶᠢᠬᠤ᠂ ᠦᠢᠯᠡᠳᠪᠦᠷᠢᠯᠡᠯ ᠡᠵᠡᠩᠨᠡᠯᠲᠡ ᠬᠠᠮᠢᠶᠠᠷᠤᠯᠲᠠ ᠳᠤ ᠡᠷᠬᠡᠪᠰᠢ ᠠᠮᠦᠷ ᠲᠦᠪᠰᠢᠨ ᠤ ᠬᠠᠮᠢᠶᠠᠷᠤᠯᠲᠠ ᠪᠠᠶᠢᠬᠤ᠃      ᠭᠤᠷᠪᠠᠨ ᠲᠥᠪ᠂ ᠬᠤᠶᠠᠷ ᠰᠠᠭᠤᠷᠢᠨ ᠭᠠᠵᠠᠷ᠄ ᠪᠠᠴᠢᠮ ᠪᠠᠶᠢᠳᠠᠯ ᠢ ᠠᠷᠭᠠᠴᠠᠭᠠᠨ ᠭᠠᠮᠰᠢᠭ ᠠᠴᠠ ᠠᠪᠤᠷᠠᠬᠤ ᠡᠳ᠋ ᠪᠣᠳᠠᠰ ᠢ ᠨᠥᠭᠡᠴᠡᠯᠡᠬᠦ ᠲᠥᠪ᠂ ᠪᠠᠴᠢᠮ ᠪᠠᠶᠢᠳᠠᠯ ᠢ ᠠᠷᠭᠠᠴᠠᠭᠠᠨ ᠠᠪᠤᠷᠠᠨ ᠲᠤᠰᠠᠯᠠᠬᠤ ᠵᠢᠯᠤᠭᠤᠳᠬᠤ ᠲᠥᠪ᠂ ᠠᠮᠢ ᠨᠠᠰᠤᠨ ᠤ ᠠᠮᠤᠷ ᠲᠦᠪᠰᠢᠨ ᠢ ᠪᠡᠶᠡᠴᠢᠯᠡᠨ ᠮᠡᠳᠡᠷᠡᠬᠦ ᠲᠥᠪ︔ ᠠᠶᠤᠯᠭᠦᠢ ᠦᠢᠯᠡᠳᠪᠦᠷᠢᠯᠡᠯ ᠤᠨ ᠬᠥᠮᠦᠵᠢᠯ ᠪᠣᠯᠪᠠᠰᠤᠷᠠᠭᠤᠯᠤᠯ ᠤᠨ ᠰᠠᠭᠤᠷᠢᠨ ᠭᠠᠵᠠᠷ᠂ ᠪᠠᠴᠢᠮ ᠪᠠᠶᠢᠳᠠᠯ ᠢ ᠠᠷᠭᠠᠴᠠᠭᠠᠨ ᠠᠪᠤᠷᠠᠨ ᠲᠤᠰᠠᠯᠠᠬᠤ ᠳᠠᠳᠤᠯᠭ᠎ᠠ ᠪᠣᠯᠪᠠᠰᠤᠷᠠᠭᠤᠯᠤᠯ ᠤᠨ ᠰᠠᠭᠤᠷᠢᠨ ᠭᠠᠵᠠᠷ᠃      ᠭᠤᠷᠪᠠᠨ ᠣᠯᠠᠨ᠂ ᠭᠤᠷᠪᠠᠨ ᠴᠥᠭᠡᠨ᠂ ᠭᠤᠷᠪᠠᠨ ᠤᠳᠠᠭᠠᠨ᠄ ᠬᠤᠷᠠᠯ ᠣᠯᠠᠨ᠂ ᠠᠵᠢᠯᠯᠠᠭᠠᠨ ᠣᠯᠠᠨ᠂ ᠭᠠᠳᠠᠭᠰᠢ ᠭᠠᠷᠬᠤ ᠨᠢ ᠣᠯᠠᠨ︔ ᠪᠠᠶᠢᠴᠠᠭᠠᠨ ᠰᠤᠳᠤᠯᠤᠯᠲᠠ ᠶᠢᠨ ᠮᠡᠳᠡᠭᠦᠯᠦᠯᠲᠡ ᠴᠥᠭᠡᠨ᠂ ᠠᠵᠢᠯ ᠤᠨ ᠰᠡᠳᠬᠢᠮᠵᠢ ᠴᠥᠭᠡᠨ᠂ ᠪᠣᠳᠠᠲᠠᠢ ᠠᠰᠠᠭᠤᠳᠠᠯ ᠢ ᠰᠢᠢᠳᠪᠦᠷᠢᠯᠡᠭᠰᠡᠨ ᠨᠢ ᠴᠥᠭᠡᠨ︔ ᠰᠢᠢᠳᠪᠦᠷᠢᠲᠦ ᠪᠣᠳᠣᠯᠭ᠎ᠠ ᠲᠣᠭᠲᠠᠭᠠᠬᠤ ᠨᠢ ᠤᠳᠠᠭᠠᠨ᠂ ᠠᠵᠢᠯᠯᠠᠭ᠎ᠠ ᠨᠢ ᠤᠳᠠᠭᠠᠨ᠂ ᠦᠷ᠎ᠡ ᠳ᠋ᠦᠩ ᠭᠠᠷᠬᠤ ᠨᠢ ᠤᠳᠠᠭᠠᠨ᠃
 
ᠢᠷᠡᠯᠲᠡ᠄ ᠬᠡᠰᠢᠭᠲᠡᠨ ᠬᠣᠰᠢᠭᠤᠨ ᠤ ᠠᠷᠠᠳ ᠤᠨ ᠵᠠᠰᠠᠭ ᠤᠨ ᠣᠷᠳᠣᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备09001939号