ᠮᠠᠨ ᠤ ᠤᠯᠤᠰ ᠲᠠᠷᠢᠶᠠᠴᠢᠳ ᠤᠨ ᠠᠩᠬᠠᠷᠴᠤ ᠪᠠᠶᠢᠭ᠎ᠠ ᠨᠢᠭᠡ ᠪᠦᠯᠦᠭ ᠠᠵᠢᠯ ᠶᠠᠪᠤᠳᠠᠯ ᠢ ᠬᠦᠴᠦ ᠪᠠᠨ ᠲᠥᠪᠯᠡᠷᠡᠭᠦᠯᠦᠨ ᠰᠠᠶᠢᠲᠤᠷ ᠬᠢᠬᠦ ᠪᠠᠷ ᠪᠤᠢ
ᠨᠡᠶᠢᠲᠡᠯᠡᠭᠰᠡᠨ ᠴᠠᠭ᠄
2024/3/2
     ᠥᠨᠥ ᠵᠢᠯ ᠤᠨ ᠲᠥᠪ ᠤᠨ ᠨᠢᠭᠡᠳᠦᠭᠡᠷ ᠲᠣᠭᠠᠲᠤ ᠪᠢᠴᠢᠭ ᠮᠠᠲ᠋ᠧᠷᠢᠶᠠᠯ ᠳᠤ᠂ ︽ᠮᠢᠩᠭᠠᠨ ᠲᠦᠮᠡ ᠶᠢᠨ ᠢᠨᠵᠧᠨᠧᠷᠢᠩ︾ ᠳᠤ ᠠᠭᠤᠯᠤᠭᠳᠠᠵᠤ ᠪᠠᠶᠢᠭ᠎ᠠ ᠬᠥᠭᠵᠢᠯᠲᠡ ᠶᠢᠨ ᠤᠬᠠᠭᠳᠠᠬᠤᠨ᠂ ᠠᠵᠢᠯ ᠤᠨ ᠠᠷᠭ᠎ᠠ ᠪᠠ ᠠᠬᠢᠭᠤᠯᠬᠤ ᠲᠣᠭᠲᠠᠴᠠ ᠶᠢ ᠰᠤᠷᠤᠯᠴᠠᠨ ᠬᠡᠷᠡᠭᠯᠡᠵᠦ᠂ ᠬᠥᠳᠡᠭᠡ ᠲᠣᠰᠬᠤᠨ ᠢ ᠪᠦᠬᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠶᠢ ᠰᠢᠨ᠎ᠡ ᠴᠠᠭ ᠦᠶ᠎ᠡ ᠰᠢᠨ᠎ᠡ ᠠᠶᠠᠨ ᠵᠠᠮ ᠤᠨ ︽ᠲᠠᠷᠢᠶᠠᠴᠢᠨ ᠬᠥᠳᠡᠭᠡ ᠠᠵᠤ ᠠᠬᠤᠢ ᠬᠥᠳᠡᠭᠡ ᠲᠣᠰᠬᠤᠨ︾ ᠤ ᠠᠵᠢᠯ ᠤᠨ ᠶᠡᠷᠦᠩᠬᠡᠢ ᠭᠠᠷᠳᠠᠴᠠ ᠪᠣᠯᠭᠠᠨ᠂ ᠠᠷᠠᠳ ᠲᠦᠮᠡᠨ ᠢᠶᠠᠷ ᠭᠤᠣᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠪᠠᠷᠢᠮᠲᠠᠯᠠᠵᠤ᠂ ᠰᠢᠨ᠎ᠡ ᠬᠥᠭᠵᠢᠯᠲᠡ ᠶᠢᠨ ᠤᠬᠠᠭᠳᠠᠬᠤᠨ ᠢ ᠪᠦᠷᠢᠨ ᠪᠦᠲᠦᠨ᠂ ᠵᠥᠪ ᠣᠨᠣᠪᠴᠢᠲᠠᠢ᠂ ᠪᠦᠬᠦ ᠲᠠᠯ᠎ᠠ ᠪᠠᠷ ᠲᠤᠭᠤᠰᠢᠯᠠᠭᠤᠯᠵᠤ᠂ ᠭᠠᠵᠠᠷ ᠣᠷᠣᠨ ᠤ ᠪᠠᠶᠢᠳᠠᠯ ᠳᠤ ᠨᠢ ᠲᠣᠬᠢᠷᠠᠭᠤᠯᠤᠨ᠂ ᠳᠦᠷᠦ ᠶᠢᠨ ᠪᠣᠳᠣᠯᠭ᠎ᠠ ᠶᠢ ᠳᠦᠷᠦᠯ ᠬᠤᠪᠢᠶᠠᠨ ᠬᠡᠷᠡᠭᠵᠢᠭᠦᠯᠵᠦ᠂ ᠠᠯᠬᠤᠮ ᠳᠠᠷᠠᠭᠠᠯᠠᠯ ᠲᠠᠢ ᠪᠠᠷ ᠣᠷᠣᠭᠰᠢᠯᠠᠨ᠂ ᠤᠷᠳᠤ ᠬᠤᠭᠤᠴᠠᠭ᠎ᠠ ᠪᠠᠷ ᠴᠢᠷᠮᠠᠶᠢᠨ ᠠᠵᠢᠯᠯᠠᠵᠤ᠂ ᠤᠯᠠᠨ ᠲᠦᠮᠡᠨ ᠳᠤ ᠮᠡᠳᠡᠷᠡᠭᠳᠡᠬᠦ‍ ᠨᠢᠭᠡ ᠪᠦᠯᠦᠭ ᠪᠣᠳᠠᠲᠤ ᠠᠵᠢᠯ ᠶᠠᠪᠤᠳᠠᠯ ᠬᠢᠬᠦ ᠶᠢ ᠬᠦᠴᠦᠨ ᠢᠶᠠᠨ ᠲᠥᠪᠯᠡᠷᠡᠭᠦᠯᠦᠨ ᠰᠠᠶᠢᠲᠤᠷ ᠠᠳᠬᠤᠵᠤ᠂ ᠮᠥᠨ ᠴᠢᠨᠠᠷ ᠤᠨ ᠠᠬᠢᠯᠲᠠ ᠲᠠᠢ᠂ ᠱᠠᠲᠤᠴᠢ ᠴᠢᠨᠠᠷᠲᠠᠢ ᠦᠷ᠎ᠡ ᠪᠦᠲᠦᠭᠡᠯ ᠢ ᠳᠠᠰᠤᠷᠠᠯᠳᠠ ᠦᠭᠡᠢ ᠣᠯᠬᠤ ᠬᠡᠷᠡᠭᠲᠡᠢ ᠭᠡᠵᠦ ᠳᠤᠷᠠᠳᠪᠠ᠃      ᠬᠡᠷᠬᠢᠨ ᠬᠦᠴᠦᠨ ᠢᠶᠠᠨ ᠲᠥᠪᠯᠡᠷᠡᠭᠦᠯᠵᠦ ᠪᠠᠶᠢᠭᠠᠳ ᠤᠯᠠᠨ ᠲᠦᠮᠡᠨ ᠳᠤ ᠮᠡᠳᠡᠷᠡᠭᠳᠡᠬᠦ‍ ᠨᠢᠭᠡ ᠪᠦᠯᠦᠭ ᠪᠣᠳᠠᠲᠤ ᠠᠵᠢᠯ ᠶᠠᠪᠤᠳᠠᠯ ᠬᠢᠬᠦ ᠶᠢ ᠰᠠᠶᠢᠲᠤᠷ ᠠᠳᠬᠤᠬᠤ ᠪᠤᠢ ︖      ᠲᠥᠪ ᠤᠨ ᠨᠢᠭᠡᠳᠦᠭᠡᠷ ᠲᠣᠭᠠᠲᠤ ᠪᠢᠴᠢᠭ ᠮᠠᠲ᠋ᠧᠷᠢᠶᠠᠯ ᠳᠤ᠂ ᠬᠥᠳᠡᠭᠡ ᠲᠣᠰᠬᠤᠨ ᠤ ᠰᠠᠭᠤᠷᠢ ᠪᠡᠯᠡᠳᠬᠡᠮᠵᠢ ᠶᠢᠨ ᠲᠤᠲᠠᠭᠳᠠᠯ ᠢ ᠨᠥᠬᠦᠪᠦᠷᠢᠯᠡᠬᠦ ᠶᠢ ᠠᠬᠢᠭᠤᠯᠤᠨ᠎ᠠ ᠭᠡᠵᠦ ᠲᠣᠳᠣᠷᠬᠠᠶᠢᠯᠠᠪᠠ᠃ ᠡᠯ᠎ᠡ ᠭᠠᠵᠠᠷ ᠤᠨ ᠪᠣᠳᠠᠲᠤ ᠪᠠᠶᠢᠳᠠᠯ ᠬᠢᠭᠡᠳ ᠲᠠᠷᠢᠶᠠᠴᠢᠳ ᠤᠨ ᠬᠡᠷᠡᠭᠴᠡᠭᠡᠨ ᠠᠴᠠ ᠭᠠᠷᠳᠠᠵᠤ᠂ ᠲᠦᠭᠡᠮᠡᠯ ᠬᠠᠷᠠᠭᠠᠯᠵᠠᠯ ᠢ ᠲᠦᠭᠡᠮᠡᠯᠵᠢᠭᠦᠯᠬᠦ ᠶᠠᠪᠤᠳᠠᠯ ᠢ ᠠᠳᠬᠤᠨ᠂ ᠨᠢᠭᠡ ᠵᠦᠢᠯ ᠢ ᠬᠢᠪᠡᠯ ᠨᠢᠭᠡ ᠵᠦᠢᠯ ᠢ ᠪᠦᠲᠦᠭᠡᠨ᠎ᠡ᠃      ᠲᠥᠪ ᠤᠨ ᠨᠢᠭᠡᠳᠦᠭᠡᠷ ᠲᠣᠭᠠᠲᠤ ᠪᠢᠴᠢᠭ ᠮᠠᠲ᠋ᠧᠷᠢᠶᠠᠯ ᠢ ᠲᠤᠭᠤᠷᠪᠢᠨ ᠪᠢᠴᠢᠬᠦ ᠳᠤᠭᠤᠶᠢᠯᠠᠩ ᠤᠨ ᠬᠤᠯᠪᠣᠭᠳᠠᠯ ᠪᠦᠬᠦᠢ ᠭᠡᠰᠢᠭᠦᠨ ᠤ ᠬᠡᠯᠡᠬᠦ ᠪᠠᠷ᠂ ᠵᠢᠱᠢᠶᠡᠯᠡᠪᠡᠯ᠂ ᠬᠥᠳᠡᠭᠡ ᠲᠣᠰᠬᠤᠨ ᠤ ᠤᠰᠤ ᠬᠠᠩᠭᠠᠬᠤ ᠢᠨᠵᠧᠨᠧᠷᠢᠩ ᠤᠨ ᠲᠣᠭᠲᠠᠯᠴᠠᠭ᠎ᠠ ᠶᠢ ᠲᠡᠭᠦᠯᠳᠡᠷᠵᠢᠭᠦᠯᠦᠨ᠎ᠡ᠂ ᠨᠥᠬᠦᠴᠡᠯ ᠲᠠᠢ ᠨᠢ ᠬᠤᠳᠠ ᠬᠦᠳᠡᠭᠡᠨ ᠤ ᠤᠰᠤᠨ ᠤ ᠬᠠᠩᠭᠠᠯᠲᠠ ᠶᠢ ᠨᠢᠭᠡ ᠴᠣᠭᠴᠠᠵᠢᠭᠤᠯᠬᠤ᠂ ᠲᠥᠪᠯᠡᠷᠡᠭᠦᠯᠦᠨ ᠤᠰᠤ ᠬᠠᠩᠭᠠᠬᠤ ᠶᠢ ᠬᠡᠪᠴᠢᠶᠡᠵᠢᠭᠦᠯᠬᠦ ᠪᠠᠨ ᠠᠬᠢᠭᠤᠯᠵᠤ᠂ ᠬᠠᠷᠠᠬᠠᠨ ᠨᠥᠬᠦᠴᠡᠯ ᠪᠦᠷᠢᠯᠳᠦᠭᠦᠯᠦᠭᠡ ᠦᠭᠡᠢ ᠨᠢ ᠪᠠᠭ᠎ᠠ ᠬᠡᠯᠪᠡᠷᠢ ᠶᠢᠨ ᠤᠰᠤ ᠬᠠᠩᠭᠠᠬᠤ ᠢᠨᠵᠧᠨᠧᠷᠢᠩ ᠤᠨ ᠵᠢᠷᠤᠮᠵᠢᠭᠰᠠᠨ ᠪᠦᠲᠦᠭᠡᠨ ᠪᠠᠶᠢᠭᠤᠯᠤᠯᠲᠠ ᠪᠠ ᠥᠭᠡᠷᠡᠴᠢᠯᠡᠯᠲᠡ ᠪᠠᠨ ᠴᠢᠩᠭᠠᠳᠬᠠᠵᠤ᠂ ᠲᠤᠰᠬᠠᠢ ᠮᠡᠷᠭᠡᠵᠢᠭᠰᠡᠨ ᠬᠠᠮᠢᠶᠠᠷᠤᠯᠲᠠ ᠬᠠᠮᠠᠭᠠᠯᠠᠯᠲᠠ ᠶᠢ ᠴᠢᠩᠭᠠᠳᠬᠠᠨ᠂ ᠬᠥᠳᠡᠭᠡ ᠲᠣᠰᠬᠤᠨ ᠤ ᠬᠠᠩᠭᠠᠬᠤ ᠤᠰᠤᠨ ᠤ ᠴᠢᠨᠠᠷ ᠢ ᠳᠡᠭᠡᠭᠰᠢᠯᠡᠭᠦᠯᠬᠦ ᠲᠤᠰᠬᠠᠢ ᠠᠵᠢᠯᠯᠠᠭ᠎ᠠ ᠶᠢ ᠭᠦᠨᠵᠡᠭᠡᠢ ᠬᠡᠷᠡᠭᠵᠢᠭᠦᠯᠦᠨ᠎ᠡ᠃ ᠬᠥᠳᠡᠭᠡ ᠲᠣᠰᠬᠤᠨ ᠤ ᠴᠠᠬᠢᠯᠭᠠᠨ ᠲᠣᠣᠷ ᠢ ᠪᠠᠬᠢᠵᠢᠭᠦᠯᠦᠨ ᠳᠡᠪᠰᠢᠭᠦᠯᠬᠦ ᠢᠨᠵᠧᠨᠧᠷᠢᠩ ᠢ ᠠᠬᠢᠭᠤᠯᠤᠨ᠎ᠠ᠃ ᠬᠥᠳᠡᠭᠡ ᠲᠣᠰᠬᠤᠨ ᠤ ᠲᠠᠷᠠᠬᠠᠢ ᠮᠠᠶ᠋ᠢᠭ ᠤᠨ ᠰᠢᠨ᠎ᠡ ᠡᠨᠧᠷᠭᠢ ᠶᠢᠨ ᠬᠥᠭᠵᠢᠯᠲᠡ ᠶᠢ ᠠᠬᠢᠭᠤᠯᠵᠤ᠂ ᠭᠤᠣᠯᠳᠠᠯᠭ᠎ᠠ ᠲᠠᠢ ᠭᠠᠴᠠᠭ᠎ᠠ ᠪᠠᠯᠭᠠᠰᠤᠨ ᠤ ᠰᠢᠨ᠎ᠡ ᠡᠨᠧᠷᠭᠢ ᠶᠢᠨ ᠮᠠᠰᠢᠨ ᠲᠡᠷᠭᠡᠨ ᠤ ᠴᠡᠨᠡᠭᠯᠡᠬᠦ ᠪᠠ ᠴᠡᠨᠡᠭ ᠰᠣᠯᠢᠬᠤ ᠪᠡᠯᠡᠳᠬᠡᠮᠵᠢ ᠶᠢ ᠲᠥᠯᠥᠪᠯᠡᠨ ᠪᠠᠶᠢᠭᠤᠯᠬᠤ ᠶᠢ ᠴᠢᠩᠭᠠᠳᠬᠠᠨ᠎ᠠ᠃ ︽ᠬᠥᠳᠡᠭᠡ ᠲᠣᠰᠬᠤᠨ ᠤ ᠳᠥᠷᠪᠡᠨ ᠰᠠᠶᠢᠨ ᠵᠠᠮ︾ ᠤᠨ ᠪᠦᠲᠦᠭᠡᠨ ᠪᠠᠶᠢᠭᠤᠯᠤᠯᠲᠠ ᠶᠢ ᠯᠠᠪᠳᠠᠭᠤᠨ ᠢᠶᠠᠷ ᠠᠬᠢᠭᠤᠯᠵᠤ᠂ ᠵᠠᠮ ᠬᠠᠷᠢᠯᠴᠠᠭᠠᠨ ᠤ ᠬᠠᠮᠢᠶᠠᠷᠤᠯᠲᠠ ᠪᠠ ᠠᠮᠤᠷ ᠲᠦᠪᠰᠢᠨ ᠤ ᠬᠠᠮᠠᠭᠠᠯᠠᠯᠲᠠ ᠶᠢᠨ ᠪᠡᠯᠡᠳᠬᠡᠮᠵᠢ ᠶᠢ ᠲᠡᠭᠦᠯᠳᠡᠷᠵᠢᠭᠦᠯᠦᠨ᠂ ᠬᠥᠳᠡᠭᠡ ᠲᠣᠰᠬᠤᠨ ᠤ ᠵᠠᠰᠠᠮᠠᠯ ᠵᠠᠮ ᠪᠠ ᠬᠦᠭᠦᠷᠭᠡᠨ ᠤ ︽ᠠᠶᠤᠯ ᠲᠦᠭᠰᠢᠭᠦᠷᠢ ᠶᠢ ᠠᠷᠢᠯᠭᠠᠬᠤ︾ ᠠᠵᠢᠯᠯᠠᠭ᠎ᠠ ᠶᠢ ᠲᠦᠷᠭᠡᠳᠬᠡᠨ ᠬᠡᠷᠡᠭᠵᠢᠭᠦᠯᠦᠨ᠎ᠡ᠃ ᠬᠥᠳᠡᠭᠡ ᠲᠣᠰᠬᠤᠨ ᠤ ᠨᠤᠷᠠᠬᠤ ᠠᠶᠤᠯᠲᠠᠢ ᠭᠡᠷ ᠪᠠᠶᠢᠰᠢᠩ ᠢ ᠥᠭᠡᠷᠡᠴᠢᠯᠡᠨ ᠪᠠᠷᠢᠬᠤ ᠪᠠ ᠬᠥᠳᠡᠭᠡ ᠲᠣᠰᠬᠤᠨ ᠤ ᠭᠠᠵᠠᠷ ᠬᠥᠳᠡᠯᠦᠯᠲᠡ ᠳᠤ ᠳᠠᠭᠠᠭᠠᠮᠠᠭᠠᠢ ᠭᠡᠷ ᠪᠠᠶᠢᠰᠢᠩ ᠤᠨ ᠥᠭᠡᠷᠡᠴᠢᠯᠡᠯᠲᠡ ᠶᠢ ᠦᠷᠭᠦᠯᠵᠢᠯᠡᠨ ᠬᠡᠷᠡᠭᠵᠢᠭᠦᠯᠵᠦ᠂ ᠬᠥᠳᠡᠭᠡ ᠲᠣᠰᠬᠤᠨ ᠤ ᠭᠡᠷ ᠪᠠᠶᠢᠰᠢᠩ ᠤᠨ ᠠᠮᠤᠷ ᠲᠦᠪᠰᠢᠨ ᠤ ᠭᠡᠮ ᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠭᠰᠠᠨ ᠦᠷ᠎ᠡ ᠪᠦᠲᠦᠮᠵᠢ ᠶᠢ ᠪᠠᠬᠢᠵᠢᠭᠦᠯᠦᠨ᠎ᠡ ᠭᠡᠵᠡᠢ᠃      ᠬᠥᠳᠡᠭᠡ ᠲᠣᠰᠬᠤᠨ ᠤ ᠣᠯᠠᠨ ᠨᠡᠶᠢᠲᠡ ᠶᠢᠨ ᠦᠢᠯᠡᠴᠢᠯᠡᠭᠡᠨ ᠤ ᠲᠣᠭᠲᠠᠯᠴᠠᠭ᠎ᠠ ᠶᠢ ᠲᠡᠭᠦᠯᠳᠡᠷᠵᠢᠭᠦᠯᠬᠦ ᠲᠠᠯ᠎ᠠ ᠪᠠᠷ᠂ ᠲᠥᠪ ᠤᠨ ᠨᠢᠭᠡᠳᠦᠭᠡᠷ ᠲᠣᠭᠠᠲᠤ ᠪᠢᠴᠢᠭ ᠮᠠᠲ᠋ᠧᠷᠢᠶᠠᠯ ᠳᠤ᠂ ᠣᠯᠠᠨ ᠨᠡᠶᠢᠲᠡ ᠶᠢᠨ ᠰᠤᠷᠭᠠᠨ ᠬᠥᠮᠦᠵᠢᠯ ᠤᠨ ᠦᠢᠯᠡᠴᠢᠯᠡᠭᠡᠨ ᠤ ᠬᠠᠩᠭᠠᠯᠭ᠎ᠠ ᠶᠢ ᠰᠢᠯᠢᠳᠡᠭᠵᠢᠭᠦᠯᠵᠦ᠂ ᠪᠠᠶᠢᠷᠢ ᠳᠤ ᠰᠠᠭᠤᠬᠤ ᠳᠦᠷᠢᠮᠲᠦ ᠰᠤᠷᠭᠠᠭᠤᠯᠢ ᠶᠢᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠨ᠂ ᠴᠢᠬᠤᠯᠠ ᠪᠦᠬᠦᠢ ᠬᠥᠳᠡᠭᠡ ᠲᠣᠰᠬᠤᠨ ᠤ ᠪᠠᠭ᠎ᠠ ᠬᠡᠪᠴᠢᠶᠡᠲᠦ ᠰᠤᠷᠭᠠᠭᠤᠯᠢ ᠶᠢ ᠰᠠᠶᠢᠲᠤᠷ ᠡᠷᠭᠢᠯᠡᠨ᠎ᠡ᠃ ᠰᠢᠶᠠᠨ ᠤ ᠬᠡᠪᠴᠢᠶᠡᠨ ᠤ ᠡᠩ ᠤᠨ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠬᠥᠭᠵᠢᠯᠲᠡ ᠶᠢ ᠳᠡᠭᠡᠭᠰᠢᠯᠡᠭᠦᠯᠬᠦ ᠠᠵᠢᠯᠯᠠᠭᠠᠨ ᠢ ᠬᠡᠷᠡᠭᠵᠢᠭᠦᠯᠦᠨ᠎ᠡ᠃ ᠰᠢᠶᠠᠩ ᠪᠠᠯᠭᠠᠰᠤᠨ ᠤ ᠡᠷᠡᠭᠦᠯ ᠬᠠᠮᠠᠭᠠᠯᠠᠯ ᠤᠨ ᠬᠤᠷᠢᠶ᠎ᠠ ᠪᠠ ᠲᠣᠰᠬᠤᠨ ᠤ ᠡᠷᠡᠭᠦᠯ ᠬᠠᠮᠠᠭᠠᠯᠠᠯ ᠤᠨ ᠲᠠᠰᠤᠭ ᠤᠨ ᠦᠢᠯᠡᠴᠢᠯᠡᠬᠦ ᠴᠢᠳᠠᠪᠤᠷᠢ ᠶᠢᠨ ᠪᠠᠶᠢᠭᠤᠯᠤᠯᠲᠠ ᠶᠢ ᠴᠢᠩᠭᠠᠳᠬᠠᠵᠤ᠂ ᠬᠥᠳᠡᠭᠡ ᠲᠣᠰᠬᠤᠨ ᠤ ᠡᠮᠴᠢ ᠨᠠᠷ ᠤᠨ ᠳᠣᠲᠣᠷᠠᠬᠢ ᠠᠵᠢᠯ ᠡᠷᠭᠢᠯᠡᠬᠦ ︵ᠲᠤᠰᠠᠯᠠᠭᠴᠢ︶ ᠡᠮᠴᠢ ᠶᠢᠨ ᠬᠢᠷᠢ ᠬᠡᠮ ᠢ ᠪᠦᠷᠢᠯᠳᠦᠭᠦᠯᠦᠭᠰᠡᠨ ᠠᠵᠢᠯᠲᠠᠨ ᠤ ᠬᠠᠷᠢᠴᠠᠯ ᠢ ᠲᠣᠭᠲᠠᠭᠤᠨ ᠢᠶᠠᠷ ᠳᠡᠭᠡᠭᠰᠢᠯᠡᠭᠦᠯᠦᠨ᠎ᠡ᠃ ᠬᠥᠳᠡᠭᠡ ᠲᠣᠰᠬᠤᠨ ᠤ ᠬᠠᠯᠳᠠᠪᠤᠷᠢᠲᠤ ᠡᠪᠡᠳᠴᠢᠨ ᠢ ᠰᠡᠷᠭᠡᠶᠢᠯᠡᠨ ᠬᠢᠵᠠᠭᠠᠷᠯᠠᠬᠤ ᠪᠠ ᠪᠠᠴᠢᠮ ᠪᠠᠶᠢᠳᠠᠯ ᠢ ᠠᠷᠭᠠᠴᠠᠭᠠᠨ ᠰᠢᠢᠳᠪᠦᠷᠢᠯᠡᠬᠦ ᠴᠢᠳᠠᠪᠤᠷᠢ ᠶᠢ ᠨᠢ ᠦᠷᠭᠦᠯᠵᠢᠯᠡᠨ ᠳᠡᠭᠡᠭᠰᠢᠯᠡᠭᠦᠯᠦᠨ᠎ᠡ ᠭᠡᠵᠦ ᠳᠤᠷᠠᠳᠴᠠᠢ᠃      ᠡᠨᠡ ᠵᠢᠯ ᠰᠢᠶᠠᠨ ᠤ ᠬᠡᠪᠴᠢᠶᠡᠨ ᠳᠠᠬᠢ ᠬᠥᠳᠡᠭᠡ ᠲᠣᠰᠬᠤᠨ ᠤ ᠡᠮ ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠳᠤ ᠬᠡᠷᠡᠭᠯᠡᠬᠦ ᠡᠮᠴᠢᠯᠡᠭᠡᠨ ᠤ ᠳᠠᠭᠠᠳᠬᠠᠯ ᠤᠨ ᠰᠠᠭᠤᠷᠢ ᠮᠦᠩᠭᠦᠨ ᠤ ᠬᠠᠷᠢᠴᠠᠯ ᠢ ᠠᠯᠬᠤᠮ ᠠᠯᠬᠤᠮ ᠢᠶᠠᠷ ᠨᠡᠮᠡᠭᠳᠡᠭᠦᠯᠵᠦ᠂ ᠲᠣᠰᠬᠤᠨ ᠤ ᠡᠷᠡᠭᠦᠯ ᠬᠠᠮᠠᠭᠠᠯᠠᠯ ᠤᠨ ᠲᠠᠰᠤᠭ ᠢ ᠡᠮᠴᠢᠯᠡᠭᠡᠨ ᠤ ᠳᠠᠭᠠᠳᠬᠠᠯ ᠤᠨ ᠲᠣᠭᠲᠠᠭᠰᠠᠨ ᠴᠡᠭ ᠤᠨ ᠬᠠᠮᠢᠶᠠᠷᠤᠯᠲᠠ ᠳᠤ ᠣᠷᠣᠭᠤᠯᠬᠤ ᠶᠢ ᠲᠦᠷᠭᠡᠳᠬᠡᠨ᠎ᠡ᠃ ᠬᠥᠳᠡᠭᠡ ᠲᠣᠰᠬᠤᠨ ᠤ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠲᠣᠭᠲᠠᠯᠴᠠᠭ᠎ᠠ ᠶᠢ ᠪᠦᠷᠢᠨᠰᠢᠭᠦᠯᠵᠦ᠂ ᠣᠷᠣᠨ ᠪᠦᠰᠡ ᠶᠢᠨ ᠴᠢᠨᠠᠷᠲᠠᠢ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠲᠥᠪ ᠤᠨ ᠪᠠᠶᠢᠭᠤᠯᠤᠯᠲᠠ ᠶᠢ ᠭᠠᠵᠠᠷ ᠣᠷᠣᠨ ᠤ ᠪᠠᠶᠢᠳᠠᠯ ᠳᠤ ᠨᠢ ᠲᠣᠬᠢᠷᠠᠭᠤᠯᠤᠨ ᠠᠬᠢᠭᠤᠯᠵᠤ᠂ ᠬᠥᠳᠡᠭᠡ ᠲᠣᠰᠬᠤᠨ ᠤ ᠨᠠᠰᠤᠲᠠᠶᠢᠴᠤᠳ ᠤᠨ ᠬᠤᠭᠤᠯᠠᠨ ᠤ ᠳᠡᠳᠬᠦᠮᠵᠢ ᠪᠠ ᠬᠠᠷᠢᠯᠴᠠᠨ ᠲᠤᠰᠠᠯᠠᠯᠴᠠᠬᠤ ᠦᠢᠯᠡᠴᠢᠯᠡᠭᠡ ᠶᠢ ᠵᠦ᠋ᠷᠢᠭᠵᠢᠭᠤᠯᠤᠨ᠎ᠠ᠃ ᠬᠤᠳᠠ ᠬᠥᠳᠡᠭᠡᠨ ᠤ ᠰᠠᠭᠤᠭᠠᠯᠢ ᠠᠷᠠᠳ ᠤᠨ ᠦᠨᠳᠦᠰᠦᠨ ᠨᠠᠰᠤᠵᠢᠯ ᠤᠨ ᠳᠠᠭᠠᠳᠬᠠᠯ ᠤᠨ ︽ᠢᠯᠡᠭᠦᠦ ᠲᠤᠰᠢᠶᠠᠪᠠᠯ ᠢᠯᠡᠭᠦᠦ ᠣᠯᠬᠤ᠂ ᠤᠳᠠᠭᠠᠨ ᠲᠤᠰᠢᠶᠠᠪᠠᠯ ᠢᠯᠡᠭᠦᠦ ᠣᠯᠬᠤ︾ ᠤᠷᠮᠠᠰᠢᠭᠤᠯᠬᠤ ᠲᠣᠭᠲᠠᠴᠠ ᠶᠢ ᠪᠦᠷᠢᠨᠰᠢᠭᠦᠯᠦᠨ᠎ᠡ᠃ ᠬᠥᠳᠡᠭᠡ ᠲᠣᠰᠬᠤᠨ ᠤ ᠦᠷᠡᠵᠢᠯ ᠤᠨ ᠳᠡᠮᠵᠢᠯᠭᠡ ᠪᠠ ᠨᠢᠯᠬ᠎ᠠ ᠬᠡᠦᠬᠡᠳ ᠢ ᠬᠠᠷᠠᠭᠠᠯᠵᠠᠨ ᠠᠰᠠᠷᠠᠬᠤ ᠦᠢᠯᠡᠴᠢᠯᠡᠭᠡ ᠶᠢ ᠴᠢᠩᠭᠠᠳᠬᠠᠵᠤ᠂ ᠨᠡᠭᠦᠳᠡᠯ ᠬᠡᠦᠬᠡᠳ᠂ ᠭᠡᠷ ᠢᠶᠠᠨ ᠰᠠᠬᠢᠵᠤ ᠬᠤᠴᠣᠷᠤᠭᠰᠠᠨ ᠬᠡᠦᠬᠡᠳ᠂ ᠡᠮᠡᠭᠲᠡᠶᠢᠴᠦᠳ᠂ ᠨᠠᠰᠤᠲᠠᠶᠢᠴᠤᠳ᠂ ᠵᠡᠮᠳᠡᠭᠴᠦᠳ ᠵᠡᠷᠭᠡ ᠬᠦᠮᠦᠰ ᠢ ᠬᠠᠯᠠᠮᠵᠢᠯᠠᠨ ᠬᠠᠶᠢᠷᠠᠯᠠᠬᠤ ᠦᠢᠯᠡᠴᠢᠯᠡᠭᠡ ᠶᠢ ᠰᠠᠶᠢᠲᠤᠷ ᠬᠢᠨ᠎ᠡ ᠭᠡᠵᠦ ᠲᠥᠪ ᠤᠨ ᠨᠢᠭᠡᠳᠦᠭᠡᠷ ᠲᠣᠭᠠᠲᠤ ᠪᠢᠴᠢᠭ ᠮᠠᠲ᠋ᠧᠷᠢᠶᠠᠯ ᠢ ᠲᠤᠭᠤᠷᠪᠢᠬᠤ ᠳᠤᠭᠤᠶᠢᠯᠠᠩ ᠤᠨ ᠬᠤᠯᠪᠣᠭᠳᠠᠯ ᠪᠦᠬᠦᠢ ᠭᠡᠰᠢᠭᠦᠨ ᠬᠡᠯᠡᠪᠡ᠃      ᠲᠥᠪ ᠤᠨ ᠨᠢᠭᠡᠳᠦᠭᠡᠷ ᠲᠣᠭᠠᠲᠤ ᠪᠢᠴᠢᠭ ᠮᠠᠲ᠋ᠧᠷᠢᠶᠠᠯ ᠢ ᠲᠤᠭᠤᠷᠪᠢᠬᠤ ᠳᠤᠭᠤᠶᠢᠯᠠᠩ ᠤᠨ ᠬᠤᠯᠪᠣᠭᠳᠠᠯ ᠪᠦᠬᠦᠢ ᠭᠡᠰᠢᠭᠦᠨ ᠢᠯᠡᠷᠬᠡᠶᠢᠯᠡᠬᠦ ᠳᠤ ᠪᠠᠨ᠂ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠬᠥᠳᠡᠭᠡ ᠲᠣᠰᠬᠤᠨ ᠤ ᠤᠰᠤ᠂ ᠴᠠᠬᠢᠯᠭᠠᠨ᠂ ᠵᠠᠮ᠂ ᠬᠡᠢ᠂ ᠭᠡᠷ ᠪᠠᠶᠢᠰᠢᠩ᠂ ᠮᠡᠳᠡᠭᠡ ᠵᠠᠩᠭᠢ ᠵᠡᠷᠭᠡ ᠰᠠᠭᠤᠷᠢ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠶᠢ ᠨᠢᠭᠡᠳᠦᠯᠲᠡᠢ ᠲᠥᠯᠥᠪᠯᠡᠨ ᠠᠬᠢᠭᠤᠯᠵᠤ᠂ ᠰᠤᠷᠭᠠᠨ ᠬᠥᠮᠦᠵᠢᠯ᠂ ᠡᠮ ᠡᠮᠨᠡᠯᠭᠡ᠂ ᠨᠠᠰᠤᠵᠢᠯ ᠤᠨ ᠠᠰᠠᠷᠠᠮᠵᠢ ᠵᠡᠷᠭᠡ ᠬᠥᠳᠡᠭᠡ ᠲᠣᠰᠬᠤᠨ ᠤ ᠤᠯᠠᠨ ᠨᠡᠶᠢᠲᠡ ᠶᠢᠨ ᠦᠢᠯᠡᠴᠢᠯᠡᠭᠡᠨ ᠤ ᠲᠣᠭᠲᠠᠯᠴᠠᠭ᠎ᠠ ᠶᠢ ᠲᠡᠭᠦᠯᠳᠡᠷᠰᠢᠭᠦᠯᠵᠦ᠂ ︽ᠪᠠᠶᠢᠬᠤ ᠡᠰᠡᠬᠦ︾ ᠶᠢ ᠤᠷᠢᠳ ᠢᠶᠠᠷ ᠰᠢᠢᠳᠪᠦᠷᠢᠯᠡᠵᠦ᠂ ︽ᠰᠠᠶᠢᠨ ᠡᠰᠡᠬᠦ︾ ᠶᠢ ᠳᠠᠷᠠᠭ᠎ᠠ ᠨᠢ ᠰᠢᠢᠳᠪᠦᠷᠢᠯᠡᠨ᠎ᠡ᠃ ᠬᠥᠳᠡᠭᠡ ᠲᠣᠰᠬᠤᠨ ᠤ ᠪᠦᠲᠦᠭᠡᠨ ᠪᠠᠶᠢᠭᠤᠯᠤᠯᠲᠠ ᠳᠤ ᠤᠯᠠᠮᠵᠢᠯᠠᠯᠲᠤ ᠠᠶᠢᠯ ᠲᠣᠰᠬᠤᠨ ᠪᠠ ᠬᠥᠳᠡᠭᠡ ᠲᠣᠰᠬᠤᠨ ᠤ ᠣᠨᠴᠠᠯᠢᠭ ᠳᠦᠷᠰᠦ ᠪᠠᠶᠢᠳᠠᠯ ᠢ ᠬᠠᠮᠠᠭᠠᠯᠠᠬᠤ ᠶᠢ ᠠᠩᠬᠠᠷᠬᠤ ᠬᠡᠷᠡᠭᠲᠡᠢ᠂ ᠬᠤᠲᠠ ᠪᠠᠯᠭᠠᠰᠤᠨ ᠤ ᠪᠦᠲᠦᠭᠡᠨ ᠪᠠᠶᠢᠭᠤᠯᠤᠯᠲᠠ ᠶᠢᠨ ᠬᠡᠪ ᠵᠠᠭᠪᠤᠷ ᠢ ᠲᠡᠷᠡ ᠬᠡᠪ ᠢᠶᠠᠷ ᠨᠢ ᠰᠣᠬᠤᠷ ᠪᠠᠯᠠᠢ ᠪᠠᠷ ᠨᠡᠭᠦᠯᠭᠡᠨ ᠬᠡᠷᠡᠭᠯᠡᠵᠦ᠂ ᠬᠥᠳᠡᠭᠡ ᠲᠣᠰᠬᠤᠨ ᠤ ᠬᠡᠪ ᠨᠠᠮᠪᠠ ᠶᠢ ᠠᠯᠳᠠᠭᠳᠠᠭᠤᠯᠵᠤ ᠪᠣᠯᠬᠤ ᠦᠭᠡᠢ ᠭᠡᠵᠡᠢ᠃      ︽ᠲᠠᠷᠢᠶᠠᠴᠢᠨ ᠬᠥᠳᠡᠭᠡ ᠠᠵᠤ ᠠᠬᠤᠢ ᠬᠥᠳᠡᠭᠡ ᠲᠣᠰᠬᠤᠨ︾ ᠤ ᠠᠵᠢᠯ ᠢ ᠰᠠᠶᠢᠨ ᠬᠢᠭᠰᠡᠨ ᠡᠰᠡᠬᠦ ᠶᠢᠨ ᠵᠠᠩᠭᠢᠯᠠᠭ᠎ᠠ ᠨᠢ ᠲᠠᠷᠢᠶᠠᠴᠢᠳ ᠤᠨ ᠪᠠᠶᠠᠷᠯᠠᠭᠰᠠᠨ ᠡᠰᠡᠬᠦ᠂ ᠰᠡᠳᠬᠢᠯ ᠬᠠᠨᠤᠭᠰᠠᠨ ᠡᠰᠡᠬᠦ ᠳᠤ ᠪᠠᠶᠢᠨ᠎ᠠ᠃ ᠬᠥᠳᠡᠭᠡ ᠲᠣᠰᠬᠤᠨ ᠢ ᠪᠦᠬᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ ᠳᠤ ᠡᠷᠬᠡᠪᠰᠢ ᠦᠨᠡᠨ ᠠᠴᠠ ᠵᠥᠪ ᠢ ᠡᠷᠢᠬᠦ᠂ ᠪᠣᠳᠠᠲᠤ ᠠᠵᠢᠯ ᠬᠢᠬᠦ᠂ ᠪᠣᠳᠠᠲᠤ ᠦᠷ᠎ᠡ ᠪᠦᠲᠦᠮᠵᠢ ᠶᠢ ᠡᠷᠬᠢᠮᠯᠡᠬᠦ ᠶᠢ ᠪᠠᠷᠢᠮᠲᠠᠯᠠᠨ᠂ ᠦᠨᠡᠨ ᠬᠦ ᠠᠷᠠᠳ ᠤᠨ ᠠᠮᠢᠳᠤᠷᠠᠯ ᠳᠤ ᠠᠰᠢᠭ ᠬᠦᠷᠲᠡᠭᠡᠵᠦ᠂ ᠠᠷᠠᠳ ᠤᠨ ᠰᠡᠳᠬᠢᠯ ᠢ ᠳᠤᠯᠠᠭᠠᠴᠠᠭᠤᠯᠵᠤ᠂ ᠦᠩᠭᠡᠨ ᠲᠠᠯ᠎ᠠ ᠶᠢᠨ ᠠᠵᠢᠯ ᠬᠢᠬᠦ ᠶᠢ ᠡᠷᠡᠰ ᠡᠰᠡᠷᠭᠦᠴᠡᠨ᠎ᠡ᠃ ᠪᠣᠳᠠᠲᠤ ᠠᠰᠢᠭ ᠬᠦᠷᠲᠡᠭᠡᠬᠦ ᠠᠵᠢᠯ ᠢ ᠢᠯᠡᠭᠦᠬᠡᠨ ᠬᠢᠵᠦ᠂ ᠲᠠᠷᠢᠶᠠᠴᠢᠳ ᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠣᠷᠣᠯᠴᠠᠬᠤ ᠢᠳᠡᠪᠬᠢᠵᠢᠯ ᠰᠠᠨᠠᠭᠠᠴᠢᠯᠠᠭᠠᠲᠤ ᠴᠢᠨᠠᠷ ᠪᠦᠲᠦᠭᠡᠯᠴᠢ ᠴᠢᠨᠠᠷ ᠢ ᠳᠠᠶᠢᠴᠢᠯᠠᠨ᠂ ᠲᠠᠷᠢᠶᠠᠴᠢᠳ ᠢ ᠦᠨᠡᠨ ᠬᠦ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠣᠷᠣᠯᠴᠠᠭᠴᠢ ᠪᠠ ᠠᠰᠢᠭ ᠬᠦᠷᠳᠡᠭᠴᠢ ᠪᠣᠯᠭᠠᠨ᠎ᠠ ᠭᠡᠵᠦ ᠲᠥᠪ ᠤᠨ ᠨᠢᠭᠡᠳᠦᠭᠡᠷ ᠲᠣᠭᠠᠲᠤ ᠪᠢᠴᠢᠭ ᠮᠠᠲ᠋ᠧᠷᠢᠶᠠᠯ ᠢ ᠲᠤᠭᠤᠷᠪᠢᠨ ᠪᠢᠴᠢᠬᠦ ᠳᠤᠭᠤᠶᠢᠯᠠᠩ ᠤᠨ ᠬᠤᠯᠪᠣᠭᠳᠠᠯ ᠪᠦᠬᠦᠢ ᠭᠡᠰᠢᠭᠦᠨ ᠬᠡᠯᠡᠪᠡ᠃
 
ᠢᠷᠡᠯᠲᠡ᠄ ᠥᠪᠥᠷ ᠮᠣᠩᠭᠣᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备09001939号