ᠬᠡᠰᠢᠭᠲᠡᠨ ᠬᠤᠰᠢᠭᠤᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡ ᠬᠢᠭᠡᠳ ᠲᠤᠭ᠎ᠠ ᠪᠠᠷᠢᠮᠲᠠ ᠶᠢᠨ ᠬᠠᠮᠢᠶᠠᠷᠤᠯᠲᠠ ᠶᠢᠨ ᠲᠣᠪᠴᠢᠶ᠎ᠠ ᠪᠠᠶᠢᠭᠤᠯᠤᠭᠳᠠᠪᠠ
ᠨᠡᠶᠢᠲᠡᠯᠡᠭᠰᠡᠨ ᠴᠠᠭ᠄
2024/4/10
     4 ᠰᠠᠷ᠎ᠠ ᠶᠢᠨ 8᠎ ᠤ ᠡᠳᠦᠷ ᠤᠨ ᠦᠳᠡ ᠶᠢᠨ ᠡᠮᠦᠨ᠎ᠡ᠂ ᠬᠡᠰᠢᠭᠲᠡᠨ ᠬᠤᠰᠢᠭᠤᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡ ᠬᠢᠭᠡᠳ ᠲᠤᠭ᠎ᠠ ᠪᠠᠷᠢᠮᠲᠠ ᠶᠢᠨ ᠬᠠᠮᠢᠶᠠᠷᠤᠯᠲᠠ ᠶᠢᠨ ᠲᠣᠪᠴᠢᠶ᠎ᠠ ᠵᠢᠩᠬᠢᠨᠢ ᠪᠠᠷ ᠪᠠᠶᠢᠭᠤᠯᠤᠭᠳᠠᠪᠠ᠃ ᠬᠤᠰᠢᠭᠤᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠪᠠᠶᠢᠩᠭᠤ ᠶᠢᠨ ᠳᠡᠳ᠋ ᠳᠠᠷᠤᠭ᠎ᠠ ᠶᠠᠨ ᠰᠢᠤᠸᠠᠢ ᠶᠧᠦ ᠫᠠᠶᠢᠰᠠ ᠰᠡᠬᠦᠬᠦ ᠶᠣᠰᠣᠯᠠᠯ ᠳᠤ ᠣᠷᠣᠯᠴᠠᠵᠤ ᠪᠠᠶᠠᠷ ᠤᠨ ᠦᠭᠡ ᠬᠡᠯᠡᠵᠡᠢ᠃
     ᠶᠠᠨ ᠰᠢᠤᠸᠠᠢ ᠶᠧᠦ ᠴᠢᠬᠤᠯᠠᠴᠢᠯᠠᠭᠰᠠᠨ ᠨᠢ᠂ ᠬᠤᠰᠢᠭᠤᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡ ᠬᠢᠭᠡᠳ ᠲᠤᠭ᠎ᠠ ᠪᠠᠷᠢᠮᠲᠠ ᠶᠢᠨ ᠬᠠᠮᠢᠶᠠᠷᠤᠯᠲᠠ ᠶᠢᠨ ᠲᠣᠪᠴᠢᠶ᠎ᠠ ᠶᠢ ᠪᠠᠶᠢᠭᠤᠯᠬᠤ ᠪᠣᠯ ᠪᠠᠶᠢᠭᠤᠯᠤᠮᠵᠢ ᠶᠢᠨ ᠥᠭᠡᠷᠡᠴᠢᠯᠡᠯᠲᠡ ᠶᠢ ᠲᠤᠤᠱᠯᠠᠭᠤᠯᠤᠨ ᠨᠠᠶᠢᠳᠠᠪᠤᠷᠢᠵᠢᠭᠤᠯᠬᠤ ᠳᠤ ᠵᠠᠪᠠᠯ ᠬᠡᠷᠡᠭᠵᠢᠭᠦᠯᠬᠦ ᠠᠷᠭ᠎ᠠ ᠬᠡᠮᠵᠢᠶ᠎ᠡ ᠮᠥᠨ᠂ ᠪᠥᠬᠦ ᠬᠤᠰᠢᠭᠤᠨ ᠤ ᠲᠤᠭ᠎ᠠ ᠪᠠᠷᠢᠮᠲᠠ ᠶᠢᠨ ᠬᠠᠮᠢᠶᠠᠷᠤᠯᠲᠠ ᠶᠢᠨ ᠪᠠᠶᠢᠭᠤᠯᠤᠮᠵᠢ ᠶᠢᠨ ᠥᠭᠡᠷᠡᠴᠢᠯᠡᠯᠲᠡ ᠶᠢᠨ ᠪᠡᠯᠭᠡ ᠲᠡᠮᠳᠡᠭ ᠪᠣᠯᠣᠭᠰᠠᠨ ᠠᠴᠢ ᠬᠤᠯᠪᠣᠭᠳᠠᠯ ᠲᠠᠢ ᠶᠡᠭᠡ ᠶᠠᠪᠤᠳᠠᠯ ᠮᠥᠨ᠃ ᠰᠢᠨ᠎ᠡ ᠡᠬᠢᠯᠡᠯ ᠰᠢᠨ᠎ᠡ ᠠᠶᠠᠯᠠᠯ ᠳᠤ᠂ ᠵᠠᠰᠠᠭ ᠤᠨ ᠶᠠᠪᠤᠳᠠᠯ ᠤᠨ ᠦᠢᠯᠡᠴᠢᠯᠡᠭᠡ ᠬᠢᠭᠡᠳ ᠲᠤᠭ᠎ᠠ ᠪᠠᠷᠢᠮᠲᠠ ᠶᠢᠨ ᠬᠠᠮᠢᠶᠠᠷᠤᠯᠲᠠ ᠶᠢᠨ ᠲᠣᠪᠴᠢᠶ᠎ᠠ ᠨᠢ ︽ᠲᠣᠭᠲᠠᠭᠤᠨ ᠤ ᠳᠤᠮᠳᠠ ᠤᠷᠤᠭᠰᠢᠯᠠᠬᠤ︾ ᠶᠡᠷᠦᠩᠬᠡᠢ ᠬᠦᠭ ᠠᠶᠠᠰ ᠢ ᠰᠠᠶᠢᠲᠤᠷ ᠠᠳᠬᠤᠵᠤ᠂ ᠡᠭᠦᠷᠭᠡ ᠴᠢᠳᠠᠪᠬᠢ ᠶᠢᠨ ᠰᠢᠯᠵᠢᠯᠲᠡ᠂ ᠡᠷᠬᠡ ᠬᠠᠷᠢᠭᠤᠴᠠᠯᠭ᠎ᠠ ᠶᠢᠨ ᠠᠭᠤᠰᠤᠯᠴᠠᠯ ᠢ ᠯᠠᠪᠳᠠᠭᠤᠨ ᠢᠶᠠᠷ ᠠᠬᠢᠭᠤᠯᠬᠤ ᠬᠡᠷᠡᠭᠲᠡᠢ᠃ ︽ᠲᠣᠭᠲᠠᠭᠤᠨ ᠤ ᠳᠤᠮᠳᠠ ᠲᠦᠷᠭᠡᠨ ᠤᠷᠤᠭᠰᠢᠯᠠᠵᠤ︾᠂ ᠲᠤᠭ᠎ᠠ ᠪᠠᠷᠢᠮᠲᠠ ᠶᠢᠨ ᠴᠢᠳᠠᠪᠬᠢ ᠪᠦᠬᠦᠢ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ︽ᠡᠭᠦᠯᠡᠨ ᠦᠵᠦᠭᠦᠷ ᠤᠨ ᠲᠦᠷᠭᠡᠨ ᠵᠠᠮ︾᠎ ᠢ ᠲᠦᠷᠭᠡᠨ ᠪᠠᠶᠢᠭᠤᠯᠵᠤ᠂ ︽ᠲᠤᠭ᠎ᠠ ᠪᠠᠷᠢᠮᠲᠠ ᠶᠢᠨ ᠦᠢᠯᠡᠳᠪᠦᠷᠢᠯᠡᠯ ᠤᠨ ᠬᠦᠴᠦᠨ︾᠎ ᠤ ᠴᠢᠨᠠᠷ ᠰᠠᠶᠢᠲᠠᠢ ᠬᠥᠭᠵᠢᠯᠲᠡ ᠶᠢ ᠪᠦᠬᠦ ᠲᠠᠯ᠎ᠠ ᠪᠠᠷ ᠠᠬᠢᠭᠤᠯᠬᠤ ᠬᠡᠷᠡᠭᠲᠡᠢ᠃ ︽ᠲᠣᠭᠲᠠᠭᠤᠨ ᠤ ᠳᠤᠮᠳᠠ ᠰᠢᠯᠢᠳᠡᠭ ᠢᠶᠠᠷ ᠤᠷᠤᠭᠰᠢᠯᠠᠵᠤ︾᠂ ᠠᠵᠤ ᠠᠬᠤᠶᠢᠯᠠᠯ ᠤᠯᠠᠠ ᠲᠦᠮᠡᠨ ᠳᠤ ᠠᠩᠬᠠᠷᠤᠯ ᠢᠶᠠᠨ ᠲᠥᠪᠯᠡᠷᠡᠭᠦᠯᠵᠦ᠂ ᠦᠨ᠎ᠡ ᠥᠷᠲᠡᠭ ᠲᠠᠢ᠂ ᠨᠡᠷ᠎ᠡ ᠠᠯᠳᠠᠷ ᠲᠠᠢ ᠤᠯᠠᠠ ᠲᠦᠮᠡᠨ ᠳᠤ ᠮᠡᠳᠡᠷᠡᠭᠳᠡᠭᠰᠡᠨ ᠣᠷᠣᠨ ᠪᠦᠰᠡ ᠶᠢᠨ ᠣᠨᠴᠠᠯᠢᠭᠲᠤ ᠦᠢᠯᠡᠴᠢᠯᠡᠭᠡᠨ ᠤ ᠲᠦᠷᠦᠯ ᠲᠡᠮᠳᠡᠭ ᠢ ᠪᠦᠬᠦ ᠬᠦᠴᠦᠨ ᠢᠶᠠᠷ ᠢᠶᠠᠨ ᠡᠭᠦᠳᠬᠦ ᠬᠡᠷᠡᠭᠲᠡᠢ ᠭᠡᠵᠡᠢ᠃
     ᠬᠡᠰᠢᠭᠲᠡᠨ ᠬᠤᠰᠢᠭᠤᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡ ᠬᠢᠭᠡᠳ ᠲᠤᠭ᠎ᠠ ᠪᠠᠷᠢᠮᠲᠠ ᠶᠢᠨ ᠬᠠᠮᠢᠶᠠᠷᠤᠯᠲᠠ ᠶᠢᠨ ᠲᠣᠪᠴᠢᠶ᠎ᠠ ᠨᠢ ᠵᠠᠰᠠᠭ ᠤᠨ ᠶᠠᠪᠤᠳᠠᠯ ᠤᠨ ᠦᠢᠯᠡᠴᠢᠯᠡᠭᠡ ᠪᠣᠯᠣᠨ ᠲᠣᠮᠣ ᠲᠤᠭ᠎ᠠ ᠪᠠᠷᠢᠮᠲᠠ ᠶᠢᠨ ᠬᠠᠮᠢᠶᠠᠷᠤᠯᠲᠠ ᠶᠢᠨ ᠪᠦᠲᠦᠮᠵᠢᠲᠡᠶ ᠤᠶᠠᠯᠳᠤᠯ ᠢ ᠴᠢᠷᠮᠠᠶᠢᠨ ᠠᠬᠢᠭᠤᠯᠵᠤ᠂ ᠬᠤᠣᠰ ᠬᠥᠳᠡᠯᠭᠡᠭᠦᠷ ᠢᠶᠠᠷ ᠤᠷᠤᠭᠰᠢᠯᠠᠵᠤ ᠂ ᠲᠥᠪᠯᠡᠷᠡᠭᠦᠯᠦᠭᠰᠡᠨ ᠥᠭᠡᠷᠡᠴᠢᠯᠡᠯᠲᠡ ᠶᠢᠨ ︽ᠳᠠᠭᠠᠭᠤᠯᠤᠭᠴᠢ︾ ᠪᠠ ᠲᠣᠭᠠᠴᠢᠯᠠᠭᠰᠠᠨ ᠬᠡᠯᠪᠡᠷᠢ ᠶᠢᠨ ᠬᠤᠪᠢᠷᠠᠭᠤᠯᠤᠯᠲᠠ ᠶᠢᠨ ︽ᠬᠤᠰᠢᠭᠤᠴᠢ︾ ᠪᠣᠯᠵᠤ᠂ ︽ᠵᠠᠰᠠᠭ ᠤᠨ ᠶᠠᠪᠤᠳᠠᠯ ᠤᠨ ᠦᠢᠯᠡᠴᠢᠯᠡᠭᠡ ᠪᠠ ᠲᠤᠭ᠎ᠠ ᠪᠠᠷᠢᠮᠲᠠ︾᠎ ᠶᠢ ᠠᠭᠤᠰᠤᠯᠴᠠᠭᠤᠯᠤᠭᠰᠠᠨ ᠴᠢᠳᠠᠪᠬᠢ ᠪᠦᠬᠦᠢ ᠬᠠᠮᠤᠭ ᠤᠨ ᠶᠡᠭᠡ ᠠᠮᠢᠵᠢᠷᠠᠯ ᠤᠨ ᠬᠦᠴᠦᠨ ᠢᠶᠠᠷ ᠠᠷᠠᠯᠵᠢᠶ᠎ᠠ ᠶᠢᠨ ᠣᠷᠴᠢᠨ ᠲᠣᠭᠤᠷᠢᠨ ᠢ ᠦᠷᠭᠦᠯᠵᠢᠯᠡᠨ ᠰᠢᠯᠢᠳᠡᠭᠵᠢᠭᠦᠯᠵᠦ᠂ ᠰᠢᠨ᠎ᠡ ᠵᠠᠮ ᠨᠡᠭᠡᠭᠡᠨ᠂ ᠳᠤᠮᠳᠠ ᠲᠦᠪᠰᠢᠨ ᠳᠤ ᠬᠦᠷᠬᠦ ᠲᠡᠭᠦᠯᠳᠡᠷ ᠵᠣᠷᠢᠭ ᠢᠶᠠᠷ᠂ ᠦᠨᠡᠨ ᠪᠣᠳᠠᠲᠠᠢ ᠠᠵᠢᠯᠯᠠᠨ᠂ ᠡᠮᠦᠨ᠎ᠡ ᠡᠩᠨᠡᠭᠡᠨ ᠳᠤ ᠣᠷᠣᠬᠤ ᠬᠠᠷᠢᠭᠤᠴᠠᠯᠭᠠᠲᠤ ᠰᠡᠳᠬᠢᠯ ᠢᠶᠠᠷ ᠵᠠᠰᠠᠭ ᠤᠨ ᠶᠠᠪᠤᠳᠠᠯ ᠤᠨ ᠦᠢᠯᠡᠴᠢᠯᠡᠭᠡ ᠪᠣᠯᠣᠨ ᠲᠤᠭ᠎ᠠ ᠪᠠᠷᠢᠮᠲᠠ ᠶᠢᠨ ᠬᠠᠮᠢᠶᠠᠷᠤᠯᠲᠠ ᠶᠢᠨ ᠰᠢᠨ᠎ᠡ ᠬᠠᠭᠤᠳᠠᠰᠤ ᠶᠢ ᠪᠦᠬᠦ ᠬᠦᠴᠦᠨ ᠢᠶᠠᠷ ᠢᠶᠠᠨ ᠪᠢᠴᠢᠭᠯᠡᠬᠦ ᠪᠣᠯᠣᠨ᠎ᠠ᠃
 
ᠢᠷᠡᠯᠲᠡ᠄ ᠬᠡᠰᠢᠭᠲᠡᠨ ᠬᠣᠰᠢᠭᠤᠨ ᠤ ᠠᠷᠠᠳ ᠤᠨ ᠵᠠᠰᠠᠭ ᠤᠨ ᠣᠷᠳᠣᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备09001939号