︽2024 ᠣᠨ ᠤ ᠬᠡᠰᠢᠭᠲᠡᠨ ᠬᠤᠰᠢᠭᠤᠨ ᠤ ᠨᠡᠭᠦᠷᠡᠰᠦᠨ ᠤ ᠪᠤᠰᠤ ᠠᠭᠤᠷᠬᠠᠢ ᠶᠢᠨ ᠠᠵᠤ ᠠᠬᠤᠶᠢᠯᠠᠯ ᠤᠨ ᠠᠵᠢᠯ ᠦᠢᠯᠡᠳᠪᠦᠷᠢᠯᠡᠯ ᠢᠶᠠᠨ ᠰᠡᠷᠭᠦᠭᠡᠬᠦ ᠠᠵᠢᠯ ᠤᠨ ᠲᠥᠰᠥᠯ︾ ᠤᠨ ᠲᠥᠷᠥ ᠶᠢᠨ ᠪᠣᠳᠣᠯᠭ᠎ᠠ ᠶᠢᠨ ᠲᠠᠶᠢᠯᠤᠮᠵᠢ
ᠨᠡᠶᠢᠲᠡᠯᠡᠭᠰᠡᠨ ᠴᠠᠭ᠄
2024/4/10
     ᠨᠢᠭᠡ᠂ ᠵᠢᠯᠤᠭᠤᠳᠬᠤ ᠦᠵᠡᠯ ᠰᠠᠨᠠᠭ᠎ᠠ          ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠵᠤ᠂ ᠤᠯᠤᠰ᠂ ᠥᠪᠡᠷᠲᠡᠭᠡᠨ ᠵᠠᠰᠠᠬᠤ ᠣᠷᠣᠨ᠂ ᠬᠤᠲᠠ ᠶᠢᠨ ᠠᠶᠤᠯᠭᠦᠢ ᠦᠢᠯᠡᠳᠪᠦᠷᠢᠯᠡᠯ ᠤᠨ ᠬᠤᠷᠠᠯ ᠤᠨ ᠵᠣᠷᠢᠭ ᠰᠠᠨᠠᠭ᠎ᠠ ᠶᠢ ᠬᠢᠨᠠᠮᠠᠭᠠᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠠᠷᠠᠳ ᠲᠦᠮᠡᠨ ᠢ ᠳᠡᠭᠡᠳᠦᠯᠡᠬᠦ᠂ ᠠᠮᠢ ᠨᠠᠰᠤ ᠶᠢ ᠳᠡᠭᠡᠳᠦᠯᠡᠬᠦ ᠶᠢ ᠪᠠᠷᠢᠮᠲᠠᠯᠠᠵᠤ᠂ ᠠᠮᠤᠷ ᠲᠦᠪᠰᠢᠨ ᠪᠠ ᠬᠥᠭᠵᠢᠯᠲᠡ ᠶᠢ ᠨᠢᠭᠡᠳᠦᠯᠲᠡᠢ ᠲᠥᠯᠥᠪᠯᠡᠵᠦ᠂ ᠨᠡᠭᠦᠷᠡᠰᠦᠨ ᠤ ᠪᠤᠰᠤ ᠠᠭᠤᠷᠬᠠᠢ ᠶᠢᠨ ᠠᠵᠢᠯ ᠦᠢᠯᠡᠳᠪᠦᠷᠢᠯᠡᠯ ᠢᠶᠠᠨ ᠰᠡᠷᠭᠦᠭᠡᠬᠦ ᠬᠢᠨᠠᠨ ᠬᠠᠮᠢᠶᠠᠷᠤᠯᠲᠠ ᠶᠢ ᠴᠢᠩᠭ᠎ᠠ ᠠᠳᠬᠤᠬᠤ ᠪᠠᠷ ᠭᠠᠷᠳᠠᠴᠠ ᠪᠣᠯᠭᠠᠵᠤ᠂ ᠭᠤᠣᠯ ᠴᠣᠭᠴᠠ ᠶᠢᠨ ᠬᠠᠷᠢᠭᠤᠴᠠᠯᠭ᠎ᠠ ᠶᠢ ᠭᠦᠨᠵᠡᠭᠡᠢ ᠨᠠᠶᠢᠳᠠᠪᠤᠷᠢᠵᠢᠭᠤᠯᠬᠤ ᠪᠠᠷ ᠭᠤᠣᠯ ᠰᠢᠵᠢᠮ ᠪᠣᠯᠭᠠᠵᠤ᠂ ᠬᠢᠨᠠᠨ ᠬᠠᠮᠢᠶᠠᠷᠤᠯᠲᠠ ᠬᠠᠤᠯᠢ ᠬᠡᠷᠡᠭᠵᠢᠭᠦᠯᠦᠯᠲᠡ ᠶᠢ ᠴᠢᠩᠳᠠᠯᠠᠬᠤ ᠪᠠᠷ ᠪᠠᠲᠤᠯᠠᠭ᠎ᠠ ᠪᠣᠯᠭᠠᠵᠤ᠂ ᠬᠠᠤᠯᠢ ᠲᠣᠭᠲᠠᠭᠠᠯ ᠶᠣᠰᠣᠭᠠᠷ᠂ ᠪᠠᠷᠢᠮᠵᠢᠶ᠎ᠠ ᠲᠠᠢ ᠬᠠᠷᠭᠤᠭᠤᠯᠤᠨ ᠬᠦᠰᠦᠨᠦᠭ ᠲᠠᠢ ᠬᠠᠷᠭᠤᠭᠤᠯᠵᠤ᠂ ᠬᠠᠤᠯᠢ ᠶᠢ ᠴᠢᠩᠭ᠎ᠠ ᠬᠡᠷᠡᠭᠵᠢᠭᠦᠯᠬᠦ᠂ ᠬᠠᠤᠯᠢ ᠶᠣᠰᠣᠭᠠᠷ ᠠᠭᠤᠷᠬᠠᠢ ᠶᠢ ᠵᠠᠰᠠᠬᠤ ᠠᠵᠢᠯ ᠤᠨ ᠠᠭᠤᠷ ᠠᠮᠢᠰᠬᠤᠯ ᠢ ᠪᠣᠶ ᠪᠣᠯᠭᠠᠵᠤ᠂ ᠠᠭᠤᠷᠬᠠᠢ ᠶᠢᠨ ︽ᠠᠳᠡᠭᠳᠡᠯ ᠦᠭᠡᠢ᠂ ᠦᠬᠦᠯ ᠦᠭᠡᠢ︾ ᠬᠠᠷᠠᠯᠲᠠ ᠶᠢ ᠴᠢᠷᠮᠠᠶᠢᠨ ᠪᠡᠶᠡᠯᠡᠭᠦᠯᠵᠦ᠂ ᠪᠥᠬᠦ ᠵᠢᠯ ᠤᠨ ᠨᠡᠭᠦᠷᠡᠰᠦᠨ ᠤ ᠪᠤᠰᠤ ᠠᠭᠤᠷᠬᠠᠢ ᠶᠢᠨ ᠠᠶᠤᠯᠭᠦᠢ ᠦᠢᠯᠡᠳᠪᠦᠷᠢᠯᠡᠯ ᠤᠨ ᠠᠵᠢᠯ ᠤᠨ ᠰᠠᠶᠢᠨ ᠡᠬᠢᠯᠡᠯᠲᠡ᠂ ᠲᠣᠭᠲᠠᠭᠤᠨ ᠬᠥᠭᠵᠢᠯᠲᠡ ᠳᠤ ᠪᠠᠲᠤ ᠪᠠᠬᠢ ᠰᠠᠭᠤᠷᠢ ᠶᠢ ᠲᠠᠯᠪᠢᠬᠤ ᠬᠡᠷᠡᠭᠲᠡᠢ᠃          ᠬᠤᠶᠠᠷ᠂ ᠬᠡᠷᠡᠭᠯᠡᠬᠦ ᠬᠡᠪᠴᠢᠶ᠎ᠡ          ᠪᠦᠷᠢᠨ ᠭᠦᠢᠴᠡᠳ ᠬᠦᠴᠦᠨ ᠪᠦᠬᠦᠢ ᠭᠡᠷᠡᠴᠢ᠂ ᠦᠨᠡᠮᠯᠡᠯ ᠵᠢᠴᠢ ᠬᠢᠨᠠᠨ ᠵᠥᠪᠰᠢᠶᠡᠷᠡᠬᠦ ᠭᠠᠷᠳᠠᠮ ᠲᠠᠢ ᠦᠢᠯᠡᠳᠪᠦᠷᠢᠯᠡᠯ ᠢᠶᠠᠨ ᠰᠡᠷᠭᠦᠭᠡᠬᠦ᠂ ᠪᠦᠲᠦᠭᠡᠨ ᠪᠠᠶᠢᠭᠤᠯᠬᠤ ᠪᠠᠷ ᠭᠤᠶᠤᠴᠢᠯᠠᠭᠰᠠᠨ ᠨᠡᠭᠦᠷᠡᠰᠦᠨ ᠤ ᠪᠤᠰᠤ ᠠᠭᠤᠷᠬᠠᠢ ᠂ ᠦᠯᠡᠳᠡᠭᠳᠡᠯ ᠬᠦᠳᠡᠷ ᠤᠨ ᠬᠥᠮᠥᠷᠭᠡ᠂ ᠪᠦᠷᠢᠨ ᠭᠦᠢᠴᠡᠳ ᠬᠦᠴᠦᠨ ᠪᠦᠬᠦᠢ ᠭᠡᠷᠡᠴᠢ᠂ ᠦᠨᠡᠮᠯᠡᠯ ᠲᠠᠢ ᠬᠠᠶᠢᠬᠤ ᠢᠨᠵᠧᠨᠧᠷᠢᠩ᠃          ᠭᠤᠷᠪᠠ᠂ ᠠᠵᠢᠯ ᠦᠢᠯᠡᠳᠪᠦᠷᠢᠯᠡᠯ ᠢᠶᠠᠨ ᠰᠡᠷᠭᠦᠭᠡᠬᠦ ᠲᠡᠰ ᠳᠠᠷᠠᠭᠠᠯᠠᠯ          ︵ᠨᠢᠭᠡ︶ ᠭᠤᠣᠯ ᠴᠣᠭᠴᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠵᠤ᠂ ᠠᠵᠢᠯ ᠦᠢᠯᠡᠳᠪᠦᠷᠢᠯᠡᠯ ᠢᠶᠠᠨ ᠰᠡᠷᠭᠦᠭᠡᠬᠦ ᠪᠡᠯᠡᠳᠬᠡᠯ ᠠᠵᠢᠯ ᠢ ᠰᠠᠶᠢᠲᠤᠷ ᠬᠢᠨ᠎ᠡ      1. ᠠᠵᠢᠯ ᠦᠢᠯᠡᠳᠪᠦᠷᠢᠯᠡᠯ ᠢᠶᠠᠨ ᠰᠡᠷᠭᠦᠭᠡᠬᠦ ᠲᠥᠰᠥᠯ ᠢ ᠲᠣᠭᠲᠠᠭᠠᠨ᠎ᠠ᠃      2. ᠵᠠᠩᠭᠢᠯᠠᠭ᠎ᠠ ᠶᠢᠨ ᠠᠵᠢᠯ ᠤᠨ ᠪᠠᠶᠢᠷᠢ ᠶᠢᠨ ᠠᠵᠢᠯᠲᠠᠨ ᠠᠵᠢᠯ ᠤᠨ ᠪᠠᠶᠢᠷᠢ ᠳᠤ ᠪᠠᠨ ᠪᠦᠷᠢᠨ ᠭᠦᠢᠴᠡᠳ ᠭᠠᠷᠤᠭᠰᠠᠨ ᠪᠠᠶᠢᠬᠤ ᠬᠡᠷᠡᠭᠲᠡᠢ᠃      3. ᠠᠶᠤᠯᠭᠦᠢ ᠶᠢᠨ ᠬᠥᠮᠦᠵᠢᠯ ᠪᠣᠯᠪᠠᠰᠤᠷᠠᠭᠤᠯᠤᠯ ᠢ ᠥᠷᠨᠢᠭᠦᠯᠦᠨ᠎ᠡ᠃      4. ᠠᠶᠤᠯᠭᠦᠢ ᠶᠢᠨ ᠲᠦᠭᠰᠢᠭᠦᠷᠢ ᠶᠢ ᠰᠤᠳᠤᠯᠤᠨ ᠮᠠᠭᠠᠳᠯᠠᠵᠤ ᠵᠠᠳᠠᠯᠤᠨ᠎ᠠ᠃      5. ᠠᠶᠤᠯᠭᠦᠢ ᠶᠢᠨ ᠳᠠᠯᠳᠠ ᠬᠡᠮ ᠢ ᠵᠢᠭᠰᠠᠭᠠᠨ ᠪᠠᠶᠢᠴᠠᠭᠠᠨ᠎ᠠ᠃      6. ᠲᠤᠬᠠᠢ ᠶᠢᠨ ᠲᠠᠯᠠᠪᠤᠷ ᠲᠤ ᠴᠢᠩᠭ᠎ᠠ ᠰᠢᠯᠭᠠᠨ ᠬᠤᠷᠢᠶᠠᠨ᠎ᠠ᠃      ︵ᠬᠤᠶᠠᠷ︶ ᠬᠢᠨᠠᠯᠲᠠ ᠬᠠᠮᠢᠶᠠᠷᠤᠯᠲᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠵᠤ᠂ ᠬᠢᠨᠠᠨ ᠬᠠᠷᠭᠤᠭᠤᠯᠬᠤ ᠠᠵᠢᠯ ᠢ ᠰᠠᠶᠢᠲᠤᠷ ᠬᠢᠨ᠎ᠡ      1. ᠬᠡᠯᠪᠡᠷᠢ ᠶᠢᠨ ᠬᠢᠨᠠᠨ ᠪᠠᠶᠢᠴᠠᠭᠠᠯᠲᠠ᠃      2. ᠲᠤᠬᠠᠢ ᠶᠢᠨ ᠲᠠᠯᠠᠪᠤᠷ ᠤᠨ ᠬᠢᠨᠠᠨ ᠬᠠᠷᠭᠤᠭᠤᠯᠤᠯᠲᠠ᠃      3. ᠬᠤᠰᠢᠭᠤᠨ ᠤ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠲᠣᠪᠴᠢᠶ᠎ᠠ ᠶᠢᠨ ᠬᠡᠯᠪᠡᠷᠢ ᠶᠢᠨ ᠬᠢᠨᠠᠨ ᠪᠠᠶᠢᠴᠠᠭᠠᠯᠲᠠ ᠪᠠ ᠲᠤᠬᠠᠢ ᠶᠢᠨ ᠲᠠᠯᠠᠪᠤᠷ ᠤᠨ ᠬᠢᠨᠠᠨ ᠬᠠᠷᠭᠤᠭᠤᠯᠤᠯᠲᠠ ᠳᠤ ᠬᠢᠷᠢ ᠲᠡᠩᠴᠡᠭᠰᠡᠨ ᠤ ᠳᠠᠷᠠᠭ᠎ᠠ᠂ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠭᠤᠣᠯ ᠤᠳᠤᠷᠢᠳᠤᠯᠭ᠎ᠠ ᠳᠤ ᠮᠡᠳᠡᠭᠦᠯᠦᠨ ᠬᠢᠨᠠᠨ ᠲᠣᠭᠲᠠᠭᠠᠯᠭᠠᠵᠤ᠂ ᠬᠤᠰᠢᠭᠤᠨ ᠤ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠲᠣᠪᠴᠢᠶ᠎ᠠ ᠠᠴᠠ ︽ᠳᠡᠯᠪᠡᠴᠢᠬᠦ ᠪᠣᠳᠠᠰ ᠬᠠᠩᠭᠠᠬᠤ ᠶᠢ ᠵᠥᠪᠰᠢᠶᠡᠷᠡᠭᠰᠡᠨ ᠮᠡᠳᠡᠭᠳᠡᠯ ᠤᠨ ᠬᠠᠭᠤᠳᠠᠰᠤ︾ ᠪᠤᠶᠤ ︽ᠴᠠᠬᠢᠯᠭᠠᠨ ᠬᠠᠩᠭᠠᠬᠤ ᠶᠢ ᠵᠥᠪᠰᠢᠶᠡᠷᠡᠭᠰᠡᠨ ᠮᠡᠳᠡᠭᠳᠡᠯ ᠤᠨ ᠪᠢᠴᠢᠭ︾ ᠭᠠᠷᠭᠠᠵᠤ᠂ ᠠᠵᠤ ᠠᠬᠤᠶᠢᠯᠠᠯ ᠤᠨ ᠠᠵᠢᠯ ᠦᠢᠯᠡᠳᠪᠦᠷᠢᠯᠡᠯ ᠢᠶᠠᠨ ᠰᠡᠷᠭᠦᠭᠡᠬᠦ ᠶᠢ ᠵᠥᠪᠰᠢᠶᠡᠷᠡᠨ᠎ᠡ᠃          ᠳᠥᠷᠪᠡ᠂ ᠠᠵᠢᠯ ᠦᠢᠯᠡᠳᠪᠦᠷᠢᠯᠡᠯ ᠢᠶᠠᠨ ᠰᠡᠷᠭᠦᠭᠡᠬᠦ ᠪᠠᠷᠢᠮᠵᠢᠶ᠎ᠠ          ᠬᠤᠰᠢᠭᠤᠨ ᠤ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠲᠣᠪᠴᠢᠶ᠎ᠠ ᠬᠠᠮᠢᠶ᠎ᠠ ᠪᠦᠬᠦᠢ ᠬᠠᠤᠯᠢ ᠲᠣᠭᠲᠠᠭᠠᠯ᠂ ᠪᠠᠷᠢᠮᠵᠢᠶ᠎ᠠ ᠳᠦᠷᠢᠮᠵᠢᠯ ᠪᠣᠯᠣᠨ ᠳᠡᠭᠡᠳᠦ ᠱᠠᠲᠤᠨ ᠤ ᠬᠠᠮᠢᠶ᠎ᠠ ᠪᠦᠬᠦᠢ ᠪᠢᠴᠢᠭ ᠮᠠᠲ᠋ᠧᠷᠢᠶᠠᠯ ᠤᠨ ᠱᠠᠭᠠᠷᠳᠠᠯᠭ᠎ᠠ ᠶᠣᠰᠣᠭᠠᠷ ᠠᠵᠢᠯ ᠦᠢᠯᠡᠳᠪᠦᠷᠢᠯᠡᠯ ᠢᠶᠠᠨ ᠰᠡᠷᠭᠦᠭᠡᠬᠦ ᠠᠵᠢᠯ ᠢ ᠨᠠᠷᠢᠨ ᠬᠢᠨᠠᠮᠠᠭᠠᠢ ᠵᠣᠬᠢᠶᠠᠨ ᠪᠠᠶᠢᠭᠤᠯᠤᠨ᠎ᠠ᠃ ᠳᠣᠣᠷᠠᠬᠢ ᠪᠠᠶᠢᠳᠠᠯ ᠳᠤ ᠠᠵᠤ ᠠᠬᠤᠶᠢᠯᠠᠯ ᠠᠵᠢᠯ ᠦᠢᠯᠡᠳᠪᠦᠷᠢᠯᠡᠯ ᠢᠶᠠᠨ ᠰᠡᠷᠭᠦᠭᠡᠵᠦ ᠪᠣᠯᠬᠤ ᠦᠭᠡᠢ᠄      1. ᠡᠵᠡᠩᠨᠡᠯᠲᠡ ᠶᠢᠨ ᠦᠨᠡᠮᠯᠡᠯ᠂ ᠠᠭᠤᠷᠬᠠᠢ ᠮᠠᠯᠲᠠᠬᠤ ᠵᠥᠪᠰᠢᠶᠡᠷᠡᠯ ᠤᠨ ᠦᠨᠡᠮᠯᠡᠯ᠂ ᠠᠶᠤᠯᠭᠦᠢ ᠦᠢᠯᠡᠳᠪᠦᠷᠢᠯᠡᠯ ᠤᠨ ᠵᠥᠪᠰᠢᠶᠡᠷᠡᠯ ᠤᠨ ᠦᠨᠡᠮᠯᠡᠯ ︵ᠬᠢᠨᠠᠨ ᠵᠥᠪᠰᠢᠶᠡᠷᠡᠭᠦᠯᠬᠦ ᠭᠠᠷ ᠭᠦᠢᠴᠡᠳᠬᠡᠯ ᠪᠤᠶᠤ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠴᠣᠬᠤᠯᠠᠪᠤᠷᠢ︶ ᠨᠢ ᠭᠦᠢᠴᠡᠳ ᠪᠤᠰᠤ ᠪᠤᠶᠤ ᠬᠦᠴᠦᠨ ᠦᠭᠡᠢ ᠪᠣᠯᠤᠭᠰᠠᠨ      2. ᠠᠶᠤᠯᠭᠦᠢ ᠶᠢᠨ ᠬᠠᠮᠢᠶᠠᠷᠤᠯᠲᠠ ᠶᠢᠨ ᠪᠠᠶᠢᠭᠤᠯᠤᠮᠵᠢ ᠨᠢ ᠲᠡᠭᠦᠯᠳᠡᠷ ᠪᠤᠰᠤ᠂ ︽ᠲᠠᠪᠤᠨ ᠲᠤᠰᠢᠶᠠᠯᠲᠤ ᠠᠭᠤᠷᠬᠠᠢ ᠶᠢᠨ ᠳᠠᠷᠤᠭ᠎ᠠ︾ ᠪᠠ ᠮᠡᠷᠭᠡᠵᠢᠯ ᠤᠨ ᠬᠠᠮᠢᠶᠠᠷᠤᠯᠲᠠ ᠶᠢᠨ ᠠᠵᠢᠯᠲᠠᠨ ᠨᠢ ᠭᠦᠢᠴᠡᠳ ᠪᠤᠰᠤ ᠪᠤᠶᠤ ᠠᠵᠢᠯ ᠤᠨ ᠪᠠᠶᠢᠷᠢ ᠳᠤ ᠭᠠᠷᠴᠤ ᠠᠶᠤᠯᠭᠦᠢ ᠦᠢᠯᠡᠳᠪᠦᠷᠢᠯᠡᠯ ᠤᠨ ᠲᠤᠰᠢᠶᠠᠯ ᠬᠠᠷᠢᠭᠤᠴᠠᠯᠭ᠎ᠠ ᠪᠠᠨ ᠥᠯᠥ ᠭᠦᠢᠴᠡᠳᠬᠡᠵᠦ ᠳᠡᠶᠢᠯᠬᠦ᠂ ᠣᠨᠴᠠ ᠲᠦᠷᠦᠯ ᠤᠨ ᠠᠵᠢᠯ ᠤᠨ ᠱᠠᠭᠠᠷᠳᠠᠯᠭ᠎ᠠ ᠶᠢ ᠥᠯᠥ ᠬᠠᠩᠭᠠᠵᠤ ᠳᠡᠶᠢᠯᠬᠦ︔      3. ᠲᠤᠬᠠᠶᠢᠯᠠᠭᠰᠠᠨ ᠠᠵᠢᠯᠲᠠᠳ ᠨᠢ ᠠᠶᠤᠯᠭᠦᠢ ᠶᠢᠨ ᠪᠣᠯᠪᠠᠰᠤᠷᠠᠯ ᠳᠤ ᠥᠯᠥ ᠬᠢᠷᠢ ᠲᠡᠩᠴᠡᠭᠰᠡᠨ︔      4. ᠨᠡᠭᠦᠷᠡᠰᠦᠨ ᠤ ᠪᠤᠰᠤ ᠭᠠᠵᠠᠷ ᠳᠣᠣᠷᠠᠬᠢ ᠠᠭᠤᠷᠬᠠᠢ ᠶᠢᠨ ᠳᠠᠯᠳᠠ ᠭᠡᠮ ᠠᠴᠠ ᠪᠣᠯᠤᠭᠰᠠᠨ ᠬᠦᠴᠦᠨ ᠵᠦᠢᠯ ᠢ ᠨᠡᠶᠢᠳᠡᠮ ᠪᠠᠶᠢᠴᠠᠭᠠᠨ ᠵᠠᠰᠠᠬᠤ ᠠᠵᠢᠯ ᠢ ᠥᠷᠨᠢᠭᠦᠯᠦᠭᠰᠡᠨ ᠦᠭᠡᠢ︔      5. ᠬᠦᠨᠳᠦ ᠶᠡᠭᠡ ᠠᠳᠡᠯ ᠤᠨ ᠲᠠᠯᠳᠠ ᠭᠡᠮ ᠣᠷᠣᠰᠢᠵᠤ ᠪᠠᠶᠢᠬᠤ︔      6. ︽ᠨᠡᠭᠦᠷᠡᠰᠦᠨ ᠤ ᠪᠤᠰᠤ ᠠᠭᠤᠷᠬᠠᠢ ᠶᠢᠨ ᠠᠵᠤ ᠠᠬᠤᠶᠢᠯᠠᠯ ᠤᠨ ᠠᠶᠤᠯᠭᠦᠢ ᠦᠢᠯᠡᠳᠪᠦᠷᠢᠯᠡᠯ ᠤᠨ ᠵᠥᠪᠰᠢᠶᠡᠷᠡᠯ ᠤᠨ ᠦᠨᠡᠮᠯᠡᠯ ᠢ ᠬᠡᠷᠡᠭᠵᠢᠭᠦᠯᠬᠦ ᠠᠷᠭ᠎ᠠ︾ ᠳᠤ ᠲᠣᠭᠲᠠᠭᠠᠭᠰᠠᠨ ᠠᠶᠤᠯᠭᠦᠢ ᠦᠢᠯᠡᠳᠪᠦᠷᠢᠯᠡᠯ ᠤᠨ ᠨᠥᠬᠦᠴᠡᠯ ᠢ ᠪᠦᠷᠢᠯᠳᠦᠭᠦᠯᠦᠭᠰᠡᠨ ᠦᠭᠡᠢ︔      7. ᠭᠠᠳᠠᠭᠰᠢ ᠳᠠᠭᠠᠭᠠᠴᠢᠯᠠᠭᠤᠯᠬᠤ ᠢᠨᠵᠧᠨᠧᠷᠢᠩ ᠨᠢ ︽ᠨᠡᠭᠦᠷᠡᠰᠦᠨ ᠤ ᠪᠤᠰᠤ ᠠᠭᠤᠷᠬᠠᠢ ᠶᠢ ᠭᠠᠳᠠᠭᠰᠢ ᠳᠠᠭᠠᠭᠠᠴᠢᠯᠠᠭᠤᠯᠬᠤ ᠢᠨᠵᠧᠨᠧᠷᠢᠩ ᠤᠨ ᠠᠶᠤᠯᠭᠦᠢ ᠶᠢᠨ ᠬᠠᠮᠢᠶᠠᠷᠤᠯᠲᠠ ᠶᠢᠨ ᠲᠥᠷ ᠬᠡᠷᠡᠭᠵᠢᠭᠦᠯᠬᠦ ᠠᠷᠭ᠎ᠠ︾ ︵ᠤᠤᠯ ᠤᠨ ᠤᠯᠤᠰ ᠤᠨ ᠠᠶᠤᠯᠭᠦᠢ ᠦᠢᠯᠡᠳᠪᠦᠷᠢᠯᠡᠯ ᠤᠨ ᠬᠢᠨᠠᠨ ᠬᠠᠮᠢᠶᠠᠷᠤᠯᠲᠠ ᠶᠢᠨ ᠶᠡᠷᠦᠩᠬᠡᠢ ᠲᠣᠪᠴᠢᠶ᠎ᠠ ᠶᠢᠨ ᠵᠠᠷᠯᠢᠭ 62 ᠳ᠋ᠤᠭᠠᠷ ᠲᠣᠭᠠᠲᠤ︶ ᠪᠣᠯᠣᠨ ︽ᠲᠡᠮᠦᠷᠯᠢᠭ ᠤᠨ ᠪᠤᠰᠤ ᠭᠠᠵᠠᠷ ᠳᠣᠣᠷᠠᠬᠢ ᠠᠭᠤᠷᠬᠠᠢ ᠶᠢᠨ ᠭᠠᠳᠠᠭᠰᠢ ᠳᠠᠭᠠᠭᠠᠴᠢᠯᠠᠭᠤᠯᠬᠤ ᠢᠨᠵᠧᠨᠧᠷᠢᠩ ᠤᠨ ᠠᠶᠤᠯᠭᠦᠢ ᠶᠢᠨ ᠬᠠᠮᠢᠶᠠᠷᠤᠯᠲᠠ ᠶᠢ ᠴᠢᠩᠭᠠᠳᠬᠠᠬᠤ ᠲᠤᠬᠠᠢ ᠤᠯᠤᠰ ᠤᠨ ᠠᠭᠤᠷᠬᠠᠢ ᠶᠢᠨ ᠠᠶᠤᠯᠭᠦᠢ ᠶᠢ ᠬᠢᠨᠠᠨ ᠪᠠᠶᠢᠴᠠᠭᠠᠬᠤ ᠲᠣᠪᠴᠢᠶ᠎ᠠ ᠶᠢᠨ ᠲᠣᠭᠲᠠᠭᠠᠯ ᠤᠳ︾ ︵ᠠᠭᠤᠷᠬᠠᠢ ᠠᠶᠤᠯᠭᠦᠢ ﹇2021﹈ 55 ᠳ᠋ᠤᠭᠠᠷ ᠲᠣᠭᠠᠲᠤ︶ ᠲᠤ ᠥᠯᠥ ᠨᠡᠶᠢᠴᠡᠬᠦ᠃          ᠲᠠᠪᠤ᠂ ᠠᠵᠢᠯ ᠤᠨ ᠱᠠᠭᠠᠷᠳᠠᠯᠭ᠎ᠠ          ︵ᠨᠢᠭᠡ︶ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠨ᠎ᠠ᠃      ︵ᠬᠤᠶᠠᠷ︶ ᠭᠤᠣᠯ ᠴᠣᠭᠴᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠤᠨ᠎ᠠ᠃      ︵ᠭᠤᠷᠪᠠ︶ ᠬᠢᠨᠠᠨ ᠪᠠᠶᠢᠴᠠᠭᠠᠯᠲᠠ ᠶᠢ ᠴᠢᠩᠳᠠᠯᠠᠨ᠎ᠠ᠃
 
ᠢᠷᠡᠯᠲᠡ᠄ ᠬᠡᠰᠢᠭᠲᠡᠨ ᠬᠣᠰᠢᠭᠤᠨ ᠤ ᠠᠷᠠᠳ ᠤᠨ ᠵᠠᠰᠠᠭ ᠤᠨ ᠣᠷᠳᠣᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备09001939号