ᠬᠡᠰᠢᠭᠲᠡᠨ ᠬᠤᠰᠢᠭᠤ ᠣᠯᠠᠨ ᠠᠷᠭ᠎ᠠ ᠪᠠᠷ ᠭᠤᠷᠪᠠᠳᠤᠭᠠᠷ ᠤᠳᠠᠭᠠᠨ ᠤ ᠪᠦᠬᠦ ᠤᠯᠤᠰ ᠤᠨ ᠬᠥᠷᠥᠰᠥ ᠰᠢᠷᠣᠢ ᠎ ᠶᠢᠨ ᠨᠡᠶᠢᠳᠡᠮ ᠤᠨ ᠪᠠᠶᠢᠴᠠᠭᠠᠯᠲᠠ ᠶᠢᠨ ᠠᠵᠢᠯ ᠢ ᠠᠬᠢᠭᠤᠯᠵᠤ ᠪᠣᠢ
ᠨᠡᠶᠢᠲᠡᠯᠡᠭᠰᠡᠨ ᠴᠠᠭ᠄
2024/4/11
     ᠭᠤᠷᠪᠠᠳᠤᠭᠠᠷ ᠤᠳᠠᠭᠠᠨ ᠤ ᠪᠦᠬᠦ ᠤᠯᠤᠰ ᠤᠨ ᠬᠥᠷᠥᠰᠥ ᠰᠢᠷᠣᠢ ᠶᠢᠨ ᠨᠡᠶᠢᠳᠡᠮ ᠤᠨ ᠪᠠᠶᠢᠴᠠᠭᠠᠯᠲᠠ ᠶᠢᠨ ᠠᠵᠢᠯ ᠪᠣᠯ ᠬᠤᠶᠠᠳᠤᠭᠠᠷ ᠤᠳᠠᠭᠠᠨ ᠤ ᠪᠥᠬᠦ ᠤᠯᠤᠰ ᠤᠨ ᠬᠥᠷᠥᠰᠥ ᠰᠢᠷᠣᠢ ᠶᠢᠨ ᠨᠡᠶᠢᠳᠡᠮ ᠤᠨ ᠪᠠᠶᠢᠴᠠᠭᠠᠯᠲᠠ ᠶᠢᠨ ᠠᠵᠢᠯ ᠤᠨ 40 ᠭᠠᠷᠤᠢ ᠵᠢᠯ ᠤᠨ ᠳᠠᠷᠠᠭᠠᠬᠢ ᠪᠠᠰᠠ ᠨᠢᠭᠡᠨ ᠤᠳᠠᠭᠠᠨ ᠤ ᠪᠥᠬᠦ ᠲᠠᠯ᠎ᠠ ᠶᠢᠨ ᠴᠢᠨᠠᠷᠲᠠᠢ ᠪᠠᠶᠢᠴᠠᠭᠠᠯᠲᠠ ᠪᠣᠯᠣᠨ᠎ᠠ᠂ ᠬᠥᠷᠥᠰᠥ ᠰᠢᠷᠣᠢ ᠶᠢᠨ ᠶᠠᠰᠤ ᠴᠢᠨᠠᠷ ᠢ ᠪᠥᠬᠦ ᠲᠠᠯ᠎ᠠ ᠪᠠᠷ ᠪᠠᠶᠢᠴᠠᠭᠠᠨ ᠲᠣᠳᠣᠯᠠᠬᠤ᠂ ᠲᠠᠷᠢᠶᠠᠨ ᠭᠠᠵᠠᠷ ᠤᠨ ᠨᠥᠭᠡᠴᠡ ᠡᠬᠢ ᠪᠠᠶᠠᠯᠢᠭ ᠤᠨ ᠬᠥᠷᠥᠰᠥ ᠰᠢᠷᠣᠢ ᠶᠢᠨ ᠪᠠᠶᠢᠳᠠᠯ ᠢ ᠲᠣᠳᠣᠷᠬᠠᠢ ᠣᠶᠢᠯᠠᠭᠠᠬᠤ᠂ ᠬᠥᠷᠥᠰᠥ ᠰᠢᠷᠣᠢ ᠶᠢᠨ ᠡᠬᠢ ᠪᠠᠶᠠᠯᠢᠭ ᠤᠨ ᠬᠠᠮᠠᠭᠠᠯᠠᠯᠲᠠ ᠪᠠ ᠠᠰᠢᠭᠯᠠᠯᠲᠠ ᠶᠢᠨ ᠬᠢᠷᠢ ᠲᠦᠪᠰᠢᠨ ᠢ ᠳᠡᠭᠡᠭᠰᠢᠯᠡᠭᠦᠯᠬᠦ᠂ ᠲᠠᠷᠢᠶᠠᠯᠠᠩ ᠤᠨ ᠶᠡᠷᠦᠩᠬᠡᠶᠢᠯᠡᠭᠰᠡᠨ ᠦᠢᠯᠡᠳᠪᠦᠷᠢᠯᠡᠯ ᠤᠨ ᠴᠢᠳᠠᠪᠤᠷᠢ ᠶᠢ ᠳᠡᠭᠡᠭᠰᠢᠯᠡᠭᠦᠯᠬᠦ᠂ ᠲᠠᠷᠢᠶᠠᠨ ᠭᠠᠵᠠᠷ ᠤᠨ ᠶᠠᠰᠤ ᠴᠢᠨᠠᠷ ᠤᠨ ᠳᠡᠭᠡᠭᠰᠢᠯᠡᠯᠲᠡ ᠶᠢ ᠠᠬᠢᠭᠤᠯᠬᠤ ᠪᠠ ᠠᠮᠤ ᠪᠤᠳᠠᠭᠠᠨ ᠤ ᠠᠮᠤᠷ ᠲᠦᠪᠰᠢᠨ ᠢ ᠪᠠᠲᠤᠯᠠᠬᠤ ᠳᠤ ᠴᠢᠬᠤᠯᠠ ᠪᠠᠶᠢᠯᠳᠤᠬᠤ ᠪᠣᠳᠣᠯᠭ᠎ᠠ ᠶᠢᠨ ᠠᠴᠢ ᠬᠤᠯᠪᠣᠭᠳᠠᠯ ᠲᠠᠢ ᠶᠤᠮ᠃ ᠭᠤᠷᠪᠠᠳᠤᠭᠠᠷ ᠤᠳᠠᠭᠠᠨ ᠤ ᠪᠥᠬᠦ ᠤᠯᠤᠰ ᠤᠨ ᠬᠥᠷᠥᠰᠥ ᠰᠢᠷᠣᠢ ᠶᠢᠨ ᠨᠡᠶᠢᠳᠡᠮ ᠤᠨ ᠪᠠᠶᠢᠴᠠᠭᠠᠯᠲᠠ ᠶᠢᠨ ᠠᠵᠢᠯ ᠢ ᠥᠷᠨᠢᠭᠦᠯᠦᠭᠰᠡᠨ ᠠᠴᠠ ᠨᠠᠰᠢ᠂ ᠬᠡᠰᠢᠭᠲᠡᠨ ᠬᠤᠰᠢᠭᠤᠨ ᠤ ᠭᠤᠷᠪᠠᠳᠤᠭᠠᠷ ᠤᠳᠠᠭᠠᠨ ᠤ ᠨᠡᠶᠢᠳᠡᠮ ᠤᠨ ᠪᠠᠶᠢᠴᠠᠭᠠᠯᠲᠠ ᠶᠢᠨ ᠠᠵᠢᠯ ᠤᠨ ᠠᠯᠪᠠᠨ ᠭᠡᠷ ᠨᠢ ᠨᠠᠮ ᠵᠠᠰᠠᠭ ᠤᠨ ᠨᠢᠭᠡᠳᠦᠯᠲᠡᠢ ᠤᠳᠤᠷᠢᠳᠤᠯᠭ᠎ᠠ ᠶᠢ ᠪᠠᠷᠢᠮᠲᠠᠯᠠᠵᠤ᠂ ᠳᠡᠭᠡᠳᠦ ᠱᠠᠲᠤᠨ ᠤ ᠲᠣᠬᠢᠷᠠᠭᠤᠯᠤᠯᠲᠠ ᠪᠠᠶᠢᠷᠢᠯᠠᠭᠤᠯᠤᠯᠲᠠ ᠶᠢ ᠭᠦᠨᠵᠡᠭᠡᠢ ᠲᠤᠤᠱᠯᠠᠭᠤᠯᠵᠤ᠂ ᠥᠨᠳᠥᠷ ᠵᠣᠭᠰᠣᠴᠠ ᠪᠠᠷ ᠠᠬᠢᠭᠤᠯᠤᠨ᠂ ᠳᠡᠭᠡᠳᠦ ᠪᠠᠷᠢᠮᠵᠢᠶ᠎ᠠ ᠪᠠᠷ ᠱᠠᠭᠠᠷᠳᠠᠵᠤ᠂ ᠲᠣᠭᠲᠠᠭᠰᠠᠨ ᠬᠤᠭᠤᠴᠠᠭᠠᠨ ᠳᠤ ᠪᠥᠬᠦ ᠬᠤᠰᠢᠭᠤᠨ ᠤ ᠬᠥᠷᠥᠰᠥ ᠰᠢᠷᠣᠢ ᠶᠢᠨ ᠨᠡᠶᠢᠳᠡᠮ ᠤᠨ ᠪᠠᠶᠢᠴᠠᠭᠠᠯᠲᠠ ᠶᠢᠨ ᠠᠵᠢᠯ ᠢ ᠴᠢᠨᠠᠷᠯᠢᠭ ᠪᠡᠶᠡᠯᠡᠭᠦᠯᠬᠦ ᠶᠢ ᠦᠨᠡᠨ ᠬᠦ ᠪᠠᠲᠤᠯᠠᠭᠰᠠᠨ ᠪᠠᠶᠢᠨ᠎ᠠ᠃
     ᠨᠢᠭᠡ ᠳᠤ᠂ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠪᠠ᠃ ᠬᠤᠰᠢᠭᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠨᠢ ᠭᠤᠷᠪᠠᠳᠤᠭᠠᠷ ᠤᠳᠠᠭᠠᠨ ᠤ ᠨᠡᠶᠢᠳᠡᠮ ᠤᠨ ᠪᠠᠶᠢᠴᠠᠭᠠᠯᠲᠠ ᠶᠢᠨ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠬᠤᠪᠢᠶᠠᠨ ᠬᠠᠮᠢᠶᠠᠷᠴᠤ ᠪᠦᠬᠦᠢ ᠳᠡᠳ᠋ ᠬᠤᠰᠢᠭᠤᠨ ᠳᠠᠷᠤᠭ᠎ᠠ ᠪᠠᠷ ᠳᠤᠭᠤᠶᠢᠯᠠᠩ ᠤᠨ ᠳᠠᠷᠤᠭ᠎ᠠ ᠪᠣᠯᠭᠠᠭᠰᠠᠨ᠂ ᠬᠠᠮᠢᠶ᠎ᠠ ᠪᠦᠬᠦᠢ ᠰᠠᠯᠠᠭ᠎ᠠ ᠮᠥᠴᠢᠷ ᠢᠶᠠᠷ ᠪᠦᠷᠢᠯᠳᠦᠭᠦᠨ ᠪᠣᠯᠭᠠᠭᠰᠠᠨ ᠭᠤᠷᠪᠠᠳᠤᠭᠠᠷ ᠤᠳᠠᠭᠠᠨ ᠤ ᠪᠥᠬᠦ ᠤᠯᠤᠰ ᠤᠨ ᠬᠥᠷᠥᠰᠥ ᠰᠢᠷᠣᠢ ᠶᠢᠨ ᠨᠡᠶᠢᠳᠡᠮ ᠤᠨ ᠪᠠᠶᠢᠴᠠᠭᠠᠯᠲᠠ ᠶᠢᠨ ᠤᠳᠤᠷᠢᠳᠬᠤ ᠳᠤᠭᠤᠶᠢᠯᠠᠩ ᠢ ᠪᠠᠶᠢᠭᠤᠯᠬᠤ ᠶᠢᠨ ᠬᠠᠮᠲᠤ᠂ ᠤᠳᠤᠷᠢᠳᠬᠤ ᠳᠤᠭᠤᠶᠢᠯᠠᠩ ᠤᠨ ᠠᠯᠪᠠᠨ ᠭᠡᠷ ᠢ ᠵᠣᠬᠢᠶᠠᠨ ᠪᠠᠶᠢᠭᠤᠯᠵᠤ᠂ ᠬᠥᠷᠥᠰᠥ ᠰᠢᠷᠣᠢ ᠶᠢᠨ ᠨᠡᠶᠢᠳᠡᠮ ᠤᠨ ᠪᠠᠶᠢᠴᠠᠭᠠᠯᠲᠠ ᠶᠢᠨ ᠪᠣᠳᠠᠲᠠᠢ ᠠᠵᠢᠯ ᠪᠣᠯᠣᠨ ᠡᠳᠦᠷ ᠲᠤᠳᠤᠮ ᠤᠨ ᠬᠠᠮᠢᠶᠠᠷᠤᠯᠲᠠ ᠶᠢᠨ ᠠᠵᠢᠯ ᠢ ᠬᠠᠷᠢᠭᠤᠴᠠᠭᠤᠯᠤᠭᠰᠠᠨ ᠪᠠᠶᠢᠨ᠎ᠠ᠃      ᠬᠤᠶᠠᠷ ᠲᠤ᠂ ᠪᠡᠯᠡᠳᠬᠡᠯ ᠠᠵᠢᠯ ᠢ ᠰᠠᠶᠢᠲᠤᠷ ᠬᠢᠪᠡ᠃ ᠬᠡᠰᠢᠭᠲᠡᠨ ᠬᠤᠰᠢᠭᠤ ᠨᠢ ᠭᠤᠷᠪᠠᠳᠤᠭᠠᠷ ᠤᠳᠠᠭᠠᠨ ᠤ ᠪᠥᠬᠦ ᠤᠯᠤᠰ ᠤᠨ ᠬᠥᠷᠥᠰᠥ ᠰᠢᠷᠣᠢ ᠶᠢᠨ ᠨᠡᠶᠢᠳᠡᠮ ᠤᠨ ᠪᠠᠶᠢᠴᠠᠭᠠᠯᠲᠠ ᠶᠢᠨ ᠠᠵᠢᠯ ᠢ ᠤᠷᠤᠭᠰᠢᠲᠠᠢ ᠥᠷᠨᠢᠭᠦᠯᠬᠦ ᠶᠢᠨ ᠲᠥᠯᠥᠭᠡ᠂ ᠡᠮᠦᠨᠡᠬᠢ ᠬᠤᠭᠤᠴᠠᠭᠠᠨ ᠤ ᠡᠯ᠎ᠡ ᠲᠥᠷᠥᠯ ᠤᠨ ᠪᠡᠯᠡᠳᠬᠡᠯ ᠠᠵᠢᠯ ᠢ ᠰᠠᠶᠢᠲᠤᠷ ᠬᠢᠭᠰᠡᠨ ᠪᠠᠶᠢᠨ᠎ᠠ᠃ ᠬᠤᠰᠢᠭᠤᠨ ᠤ ᠲᠠᠰ ᠤᠨ ᠢᠵᠢ ᠪᠦᠷᠢᠳᠦᠭᠦᠯᠬᠦ ᠲᠤᠰᠬᠠᠢ ᠪᠡᠯᠡ ᠮᠥᠩᠭᠦ ᠶᠢ ᠤᠷᠢᠳᠴᠢᠯᠠᠨ ᠭᠤᠶᠤᠴᠢᠯᠠᠵᠤ᠂ ᠡᠳ᠋ ᠤᠨ ᠵᠠᠰᠠᠭ ᠤᠨ ᠰᠠᠯᠠᠭ᠎ᠠ ᠮᠥᠴᠢᠷ ᠤᠨ ᠱᠠᠭᠠᠷᠳᠠᠯᠭ᠎ᠠ ᠶᠣᠰᠣᠭᠠᠷ ᠡᠳ᠋ ᠤᠨ ᠵᠠᠰᠠᠭ ᠤᠨ ᠬᠢᠨᠠᠨ ᠵᠥᠪᠰᠢᠶᠡᠷᠡᠭᠦᠯᠬᠦ ᠭᠦᠢᠴᠡᠳᠬᠡᠯ ᠢ ᠪᠦᠷᠢᠨ ᠭᠦᠢᠴᠡᠳ ᠬᠢᠵᠦ᠂ ᠦᠯᠢᠭᠡᠷ ᠠᠪᠬᠤ ᠠᠵᠢᠯᠲᠠᠳ ᠤᠨ ᠮᠡᠷᠭᠡᠵᠢᠯ ᠤᠨ ᠪᠣᠯᠪᠠᠰᠤᠷᠠᠯ ᠪᠠ ᠲᠤᠬᠠᠢ ᠶᠢᠨ ᠭᠠᠵᠠᠷ ᠤᠨ ᠪᠣᠯᠪᠠᠰᠤᠷᠠᠯ ᠢ ᠴᠢᠩᠭᠠᠳᠬᠠᠵᠤ᠂ ᠳᠡᠭᠡᠳᠦ ᠱᠠᠲᠤᠨ ᠠᠴᠠ ᠵᠣᠬᠢᠶᠠᠨ ᠪᠠᠶᠢᠭᠤᠯᠤᠭᠰᠠᠨ ᠡᠯ᠎ᠡ ᠲᠥᠷᠥᠯ ᠤᠨ ᠪᠣᠯᠪᠠᠰᠤᠷᠠᠯ ᠳᠤ ᠨᠡᠶᠢᠳᠡ 24 ᠬᠥᠮᠥᠨ ᠤᠳᠠᠭ᠎ᠠ ᠣᠷᠣᠯᠴᠠᠵᠤ᠂ 12 ᠬᠡᠭᠡᠷ᠎ᠡ ᠶᠢᠨ ᠦᠯᠢᠭᠡᠷ ᠠᠪᠬᠤ ᠠᠩᠭᠢ ᠶᠢ ᠵᠣᠬᠢᠶᠠᠨ ᠪᠠᠶᠢᠭᠤᠯᠤᠭᠰᠠᠨ ᠪᠠᠶᠢᠨ᠎ᠠ᠃ ᠥᠯᠢᠭᠡᠷ ᠠᠪᠬᠤ ᠲᠥᠬᠦᠭᠡᠷᠦᠮᠵᠢ ᠶᠢ ᠪᠦᠷᠢᠳᠦᠭᠦᠯᠵᠦ᠂ ᠬᠡᠭᠡᠷ᠎ᠡ ᠶᠢᠨ ᠠᠵᠢᠯ ᠤᠨ ᠪᠠᠶᠢᠴᠠᠭᠠᠯᠲᠠ ᠪᠠ ᠥᠯᠢᠭᠡᠷ ᠠᠪᠬᠤ ᠮᠡᠷᠭᠡᠵᠢᠯ ᠤᠨ ᠵᠢᠷᠤᠮᠵᠢᠯ ᠤᠨ ᠱᠠᠭᠠᠷᠳᠠᠯᠭ᠎ᠠ ᠶᠣᠰᠣᠭᠠᠷ᠂ ᠬᠡᠭᠡᠷ᠎ᠡ ᠶᠢᠨ ᠠᠵᠢᠯ ᠤᠨ ᠪᠠᠶᠢᠴᠠᠭᠠᠯᠲᠠ ᠶᠢᠨ ᠮᠡᠳᠡᠭᠡ ᠵᠠᠩᠭᠢᠵᠢᠯᠲᠠ ᠶᠢᠨ ᠦᠵᠦᠭᠦᠷ᠂ ᠥᠯᠢᠭᠡᠷ ᠠᠪᠬᠤ ᠪᠠᠭᠠᠵᠢ᠂ ᠤᠭᠤᠲᠠ᠂ ᠬᠡᠮᠵᠢᠭᠦᠷᠯᠢᠭ᠂ ᠲᠤᠰᠠᠯᠠᠬᠤ ᠮᠠᠲ᠋ᠧᠷᠢᠶᠠᠯ ᠵᠡᠷᠭᠡ ᠥᠯᠢᠭᠡᠷ ᠠᠪᠬᠤ ᠲᠥᠬᠦᠭᠡᠷᠦᠮᠵᠢ ᠶᠢ ᠤᠷᠢᠳᠴᠢᠯᠠᠨ ᠪᠦᠷᠢᠳᠦᠭᠦᠯᠦᠭᠰᠡᠨ ᠪᠠᠶᠢᠨ᠎ᠠ᠃      ᠳᠡᠭᠡᠳᠦ ᠳᠣᠣᠷᠠᠳᠤ ᠱᠠᠲᠤᠨ ᠤ ᠬᠤᠯᠪᠤᠭᠠᠯᠠᠨ ᠬᠥᠳᠡᠯᠦᠯᠴᠡᠬᠦ ᠶᠢ ᠴᠢᠩᠭᠠᠳᠬᠠᠪᠠ᠃ ᠬᠡᠰᠢᠭᠲᠡᠨ ᠬᠤᠰᠢᠭᠤᠨ ᠤ ᠲᠠᠷᠢᠶᠠᠯᠠᠩ ᠮᠠᠯ ᠠᠵᠤ ᠠᠬᠤᠢ ᠶᠢᠨ ᠰᠠᠯᠠᠭ᠎ᠠ ᠮᠥᠴᠢᠷ ᠠᠴᠠ ᠬᠡᠭᠡᠷ᠎ᠡ ᠶᠢᠨ ᠠᠵᠢᠯ ᠤᠨ ᠪᠠᠶᠢᠴᠠᠭᠠᠯᠲᠠ ᠶᠢ ᠥᠷᠨᠢᠭᠦᠯᠵᠦ᠂ ᠡᠯ᠎ᠡ ᠰᠤᠮᠤ ᠰᠢᠶᠠᠩ ᠪᠠᠯᠭᠠᠰᠤ ᠨᠢ ᠢᠳᠡᠪᠬᠢᠲᠡᠢ ᠪᠠᠷ ᠵᠣᠯᠭᠠᠭᠤᠯᠤᠨ᠂ ᠲᠠᠷᠢᠶᠠᠯᠠᠬᠤ ᠡᠷᠦᠬᠡ ᠶᠢ ᠵᠣᠬᠢᠴᠠᠭᠤᠯᠵᠤ᠂ ᠠᠵᠢᠯ ᠤᠨ ᠶᠠᠪᠤᠴᠠ ᠳᠤ ᠢᠯᠡᠷᠡᠭᠰᠡᠨ ᠡᠯ᠎ᠡ ᠲᠥᠷᠥᠯ ᠤᠨ ᠠᠰᠠᠭᠤᠳᠠᠯ ᠢ ᠴᠠᠭ ᠲᠤᠬᠠᠢ ᠳᠤᠨᠢ ᠬᠠᠪᠰᠤᠷᠤᠨ ᠰᠢᠢᠳᠪᠦᠷᠢᠯᠡᠵᠦ᠂ ᠥᠯᠢᠭᠡᠷ ᠠᠪᠬᠤ ᠠᠵᠢᠯ ᠤᠨ ᠤᠷᠤᠭᠰᠢᠲᠠᠢ ᠶᠠᠪᠤᠭᠳᠠᠬᠤ ᠶᠢ ᠦᠨᠡᠨ ᠬᠦ ᠪᠠᠲᠤᠯᠠᠭᠰᠠᠨ ᠪᠠᠶᠢᠨ᠎ᠠ᠃ ᠡᠭᠦᠨ ᠤ ᠬᠠᠮᠲᠤ᠂ ᠤᠬᠠᠭᠤᠯᠤᠨ ᠵᠢᠯᠤᠭᠤᠳᠬᠤ ᠪᠠᠷ ᠳᠠᠮᠵᠢᠭᠤᠯᠵᠤ᠂ ᠣᠯᠠᠨ ᠲᠦᠮᠡᠨ ᠤ ᠭᠤᠷᠪᠠᠳᠤᠭᠠᠷ ᠤᠳᠠᠭᠠᠨ ᠤ ᠨᠡᠶᠢᠳᠡᠮ ᠤᠨ ᠪᠠᠶᠢᠴᠠᠭᠠᠯᠲᠠ ᠶᠢᠨ ᠠᠵᠢᠯ ᠤᠨ ᠲᠤᠬᠠᠢ ᠣᠶᠢᠯᠠᠭᠠᠯᠲᠠ ᠶᠢ ᠳᠡᠭᠡᠭᠰᠢᠯᠡᠭᠦᠯᠵᠦ᠂ ᠰᠠᠶᠢᠨ ᠰᠠᠶᠢᠬᠠᠨ ᠭᠠᠳᠠᠭᠠᠳᠤ ᠣᠷᠴᠢᠨ ᠲᠣᠭᠤᠷᠢᠨ ᠢ ᠪᠣᠶ ᠪᠣᠯᠭᠠᠵᠤ᠂ ᠬᠥᠷᠥᠰᠥ ᠰᠢᠷᠣᠢ ᠶᠢᠨ ᠨᠡᠶᠢᠳᠡᠮ ᠤᠨ ᠪᠠᠶᠢᠴᠠᠭᠠᠯᠲᠠ ᠶᠢᠨ ᠠᠵᠢᠯ ᠢ ᠴᠢᠨᠠᠷ ᠰᠠᠶᠢᠲᠠᠢ ᠪᠡᠶᠡᠯᠡᠭᠦᠯᠬᠦ ᠶᠢ ᠦᠨᠡᠨ ᠬᠦ ᠪᠠᠲᠤᠯᠠᠭᠰᠠᠨ ᠪᠠᠶᠢᠨ᠎ᠠ᠃
     ᠬᠡᠰᠢᠭᠲᠡᠨ ᠬᠤᠰᠢᠭᠤᠨ ᠤ ᠭᠤᠷᠪᠠᠳᠤᠭᠠᠷ ᠤᠳᠠᠭᠠᠨ ᠤ ᠪᠥᠬᠦ ᠤᠯᠤᠰ ᠤᠨ ᠬᠥᠷᠥᠰᠥ ᠰᠢᠷᠣᠢ ᠶᠢᠨ ᠨᠡᠶᠢᠳᠡᠮ ᠤᠨ ᠪᠠᠶᠢᠴᠠᠭᠠᠯᠲᠠ ᠶᠢᠨ ᠦᠯᠢᠭᠡᠷ ᠴᠡᠭ ᠨᠡᠶᠢᠲᠡ 2888 ᠪᠠᠶᠢᠵᠤ᠂ ᠡᠭᠦᠨ ᠳᠤ ᠣᠭᠲᠣᠯᠣᠭᠠᠰᠤ ᠶᠢᠨ ᠦᠯᠢᠭᠡᠷ 27᠂ ᠥᠩᠭᠡᠨ ᠳᠠᠪᠬᠤᠷᠭ᠎ᠠ ᠶᠢᠨ ᠦᠯᠢᠭᠡᠷ 2861᠂ ᠥᠩᠭᠡᠨ ᠳᠠᠪᠬᠤᠷᠭ᠎ᠠ ᠶᠢᠨ ᠦᠯᠢᠭᠡᠷ ᠳᠤᠮᠳᠠ ᠲᠠᠷᠢᠶᠠᠯᠠᠭ᠎ᠠ ᠶᠢᠨ ᠬᠦᠷᠢᠶᠡᠯᠡᠩ 2022᠂ ᠣᠶ ᠰᠢᠭᠤᠢ ᠡᠪᠡᠰᠦᠲᠦ ᠭᠠᠵᠠᠷ 839᠂ ᠣᠳᠣᠬᠠᠨ ᠪᠣᠯᠲᠠᠯ᠎ᠠ ᠨᠢᠭᠡᠨᠲᠡ 1075 ᠲᠠᠷᠢᠶᠠᠯᠠᠭ᠎ᠠ ᠶᠢᠨ ᠬᠦᠷᠢᠶᠡᠯᠡᠩ ᠤᠨ ᠥᠩᠭᠡᠨ ᠳᠠᠪᠬᠤᠷᠭ᠎ᠠ ᠶᠢᠨ ᠦᠯᠢᠭᠡᠷ ᠴᠤᠭᠯᠠᠭᠤᠯᠬᠤ ᠶᠢ ᠪᠡᠶᠡᠯᠡᠭᠦᠯᠦᠭᠰᠡᠨ ᠪᠠᠶᠢᠨ᠎ᠠ᠃ ᠲᠠᠷᠠᠭᠠᠴᠢ ᠶᠢᠨ ᠠᠯᠬᠤᠮ ᠳᠤ᠂ ᠬᠡᠰᠢᠭᠲᠡᠨ ᠬᠤᠰᠢᠭᠤ ᠨᠢ ᠴᠠᠭ ᠬᠤᠭᠤᠴᠠᠭ᠎ᠠ ᠶᠢᠨ ᠵᠠᠩᠭᠢᠯᠠᠭ᠎ᠠ ᠴᠡᠭ ᠪᠠ ᠥᠯᠢᠭᠡᠷ ᠴᠡᠭ ᠤᠨ ᠲᠥᠷᠥᠯ ᠬᠡᠯᠪᠡᠷᠢ ᠶᠢ ᠴᠢᠩᠭ᠎ᠠ ᠵᠢᠷᠤᠮᠯᠠᠵᠤ᠂ ᠠᠵᠢᠯ ᠤᠨ ᠬᠤᠭᠤᠴᠠᠭ᠎ᠠ ᠪᠠᠨ ᠵᠣᠬᠢᠰᠲᠠᠢ ᠲᠣᠬᠢᠷᠠᠭᠤᠯᠵᠤ᠂ ᠬᠡᠷᠡᠭᠵᠢᠭᠦᠯᠬᠦ ᠠᠷᠭ᠎ᠠ ᠵᠠᠮ ᠢᠶᠠᠨ ᠦᠷᠭᠦᠯᠵᠢᠯᠡᠨ ᠰᠢᠯᠢᠳᠡᠭᠵᠢᠭᠦᠯᠵᠦ᠂ ᠦᠷ᠎ᠡ ᠪᠦᠲᠦᠮᠵᠢ ᠪᠠᠨ ᠲᠠᠰᠤᠷᠠᠯᠲᠠ ᠦᠭᠡᠢ ᠳᠡᠭᠡᠭᠰᠢᠯᠡᠭᠦᠯᠵᠦ᠂ ᠡᠯ᠎ᠡ ᠲᠥᠷᠥᠯ ᠤᠨ ᠠᠵᠢᠯ ᠤᠨ ᠡᠭᠦᠷᠭᠡ ᠪᠠᠨ ᠴᠢᠨᠠᠷᠯᠢᠭ ᠪᠡᠶᠡᠯᠡᠭᠦᠯᠬᠦ ᠪᠠᠷ ᠪᠣᠢ᠃
 
ᠢᠷᠡᠯᠲᠡ᠄ ᠬᠡᠰᠢᠭᠲᠡᠨ ᠬᠣᠰᠢᠭᠤᠨ ᠤ ᠠᠷᠠᠳ ᠤᠨ ᠵᠠᠰᠠᠭ ᠤᠨ ᠣᠷᠳᠣᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备09001939号