︽5.1︾᠎ ᠠᠴᠠ ᠡᠮᠦᠨ᠎ᠡ 50%᠎ ᠶᠢᠨ ᠲᠦᠷᠭᠡᠨ ᠤ ᠵᠠᠰᠠᠮᠠᠯ ᠵᠠᠮ ᠤᠨ ᠬᠤᠷᠳᠤᠴᠠ ᠬᠢᠵᠠᠭᠠᠷᠯᠠᠬᠤ ᠶᠢ ᠰᠢᠯᠢᠳᠡᠭᠵᠢᠭᠦᠯᠦᠨ ᠲᠣᠬᠢᠷᠠᠭᠤᠯᠤᠨ᠎ᠠ ᠥᠪᠥᠷ ᠮᠣᠩᠭᠤᠯ ᠤᠨ ᠳᠡᠭᠡᠳᠦ ᠲᠠᠰ ᠤᠨ ᠵᠠᠰᠠᠮᠠᠯ ᠵᠠᠮ ︽ᠬᠤᠷᠳᠤᠴᠠ ᠪᠠᠨ ᠲᠦᠷᠭᠡᠳᠬᠡᠬᠦ︾ ᠴᠠᠭ ᠦᠶ᠎ᠡ ᠳᠤ ᠣᠷᠣᠨ᠎ᠠ
ᠨᠡᠶᠢᠲᠡᠯᠡᠭᠰᠡᠨ ᠴᠠᠭ᠄
2024/4/12
     4 ᠳ᠋ᠦ᠋ᠭᠡᠷ ᠰᠠᠷ᠎ᠠ ᠶᠢᠨ 10᠎ ᠤ ᠡᠳᠦᠷ᠂ ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ᠂ ᠥᠪᠡᠷᠲᠡᠭᠡᠨ ᠵᠠᠰᠠᠬᠤ ᠣᠷᠣᠨ ᠤ ᠳᠣᠲᠣᠭᠠᠳᠤ ᠶᠢ ᠬᠠᠮᠠᠭᠠᠯᠠᠬᠤ ᠲᠢᠩᠬᠢᠮ ᠬᠠᠮᠲᠤᠷᠠᠨ ᠪᠦᠬᠦ ᠣᠷᠣᠨ ᠤ ᠵᠠᠰᠠᠮᠠᠯ ᠵᠠᠮ ᠤᠨ ᠬᠤᠷᠳᠤᠴᠠ ᠬᠢᠵᠠᠭᠠᠷᠯᠠᠬᠤ ᠶᠢ ᠲᠣᠬᠢᠷᠠᠭᠤᠯᠬᠤ ᠵᠢᠴᠢ ᠠᠶᠠᠯᠠᠯ ᠤᠨ ᠦᠢᠯᠡᠴᠢᠯᠡᠭᠡ ᠶᠢ ᠰᠢᠯᠢᠳᠡᠭᠵᠢᠭᠦᠯᠬᠦ ᠠᠵᠢᠯ ᠤᠨ ᠪᠠᠶᠢᠷᠢᠯᠠᠭᠤᠯᠤᠯᠲᠠ ᠶᠢᠨ ᠸᠢᠳᠢᠣ᠋ ᠬᠤᠷᠠᠯ ᠬᠤᠷᠠᠯᠳᠤᠭᠤᠯᠵᠤ᠂ ᠬᠤᠶᠠᠷ ᠰᠠᠯᠠᠭ᠎ᠠ ᠮᠥᠴᠢᠷ ᠪᠥᠬᠦ ᠣᠷᠣᠨ ᠤ ᠳᠡᠭᠡᠳᠦ ᠲᠠᠰ ᠤᠨ ᠵᠠᠰᠠᠮᠠᠯ ᠵᠠᠮ ᠤᠨ ᠬᠤᠷᠳᠤᠴᠠ ᠬᠢᠵᠠᠭᠠᠷᠯᠠᠬᠤ ᠶᠢ ᠲᠣᠬᠢᠷᠠᠭᠤᠯᠬᠤ ᠠᠵᠢᠯ ᠢ ᠵᠢᠩᠬᠢᠨᠢ ᠪᠠᠷ ᠡᠬᠢᠯᠡᠭᠦᠯᠦᠨ᠂ ᠪᠥᠬᠦ ᠣᠷᠣᠨ ᠤ ᠬᠤᠷᠳᠤᠴᠠ ᠶᠢ 120 ᠺᠢᠯᠣᠮᠧᠳ᠋ᠷ / ᠴᠠᠭ ᠠᠴᠠ ᠳᠣᠣᠷ᠎ᠠ ᠪᠠᠷ ᠬᠢᠵᠠᠭᠠᠷᠯᠠᠬᠤ ᠲᠦᠷᠭᠡᠨ ᠤ ᠵᠠᠰᠠᠮᠠᠯ ᠵᠠᠮ᠂ ᠬᠤᠷᠳᠤᠴᠠ ᠶᠢ 80 ᠺᠢᠯᠣᠮᠧᠳ᠋ᠷ / ᠴᠠᠭ ᠠᠴᠠ ᠳᠣᠣᠷ᠎ᠠ ᠪᠠᠷ ᠬᠢᠵᠠᠭᠠᠷᠯᠠᠬᠤ ᠨᠢᠭᠡᠳᠦᠭᠡᠷ ᠳᠡᠰ ᠤᠨ ᠵᠠᠰᠠᠮᠠᠯ ᠵᠠᠮ ᠳᠤ ᠣᠷᠣᠨ ᠪᠦᠰᠡ᠂ ᠲᠡᠷᠭᠡᠨ ᠤ ᠬᠡᠯᠪᠡᠷᠢ᠂ ᠲᠡᠷᠭᠡᠨ ᠵᠠᠮ ᠬᠤᠪᠢᠶᠠᠨ ᠬᠤᠷᠳᠤᠴᠠ ᠬᠢᠵᠠᠭᠠᠷᠯᠠᠬᠤ ᠶᠢ ᠰᠢᠯᠢᠳᠡᠭᠵᠢᠭᠦᠯᠦᠨ ᠲᠣᠬᠢᠷᠠᠭᠤᠯᠬᠤ ᠠᠴᠠ ᠳᠡᠭᠡᠳᠦ ᠲᠠᠰ ᠤᠨ ᠵᠠᠰᠠᠮᠠᠯ ᠵᠠᠮ ︽ᠬᠤᠷᠳᠤᠴᠠ ᠪᠠᠨ ᠲᠦᠷᠭᠡᠳᠬᠡᠬᠦ︾ ᠴᠠᠭ ᠦᠶ᠎ᠡ ᠳᠤ ᠣᠷᠣᠨ᠎ᠠ ᠭᠡᠵᠡᠢ᠃      ᠪᠦᠬᠦ ᠣᠷᠣᠨ ᠤ ᠳᠡᠭᠡᠳᠦ ᠳᠡᠰ ᠤᠨ ᠵᠠᠰᠠᠮᠠᠯ ᠵᠠᠮ ᠤᠨ ᠬᠤᠷᠳᠤᠴᠠ ᠬᠢᠵᠠᠭᠠᠷᠯᠠᠬᠤ ᠶᠢ ᠲᠣᠬᠢᠷᠠᠭᠤᠯᠬᠤ ᠲᠤᠰᠬᠠᠢ ᠠᠵᠢᠯ ᠤᠨ ᠳᠤᠭᠤᠶᠢᠯᠠᠩ ᠨᠢ ᠲᠥᠷᠥᠯ ᠬᠤᠪᠢᠶᠠᠨ ᠠᠷᠭ᠎ᠠ ᠪᠣᠳᠣᠯᠭ᠎ᠠ ᠬᠡᠷᠡᠭᠵᠢᠭᠦᠯᠬᠦ᠂ ᠤᠷᠢᠳ ᠢᠶᠠᠷ ᠬᠢᠯᠪᠠᠷ ᠢ ᠨᠢ ᠳᠠᠷᠠᠭ᠎ᠠ ᠨᠢ ᠬᠦᠴᠢᠷᠲᠡᠢ ᠶᠢ ᠨᠢ ᠰᠢᠢᠳᠪᠦᠷᠢᠯᠡᠬᠦ᠂ ᠬᠤᠯᠠ ᠣᠶᠢᠷ᠎ᠠ ᠶᠢ ᠤᠶᠠᠯᠳᠤᠭᠤᠯᠬᠤ᠂ ᠠᠮᠤᠷ ᠲᠦᠪᠰᠢᠨ ᠢ ᠦᠨᠡᠨ ᠬᠦ ᠪᠠᠲᠤᠯᠠᠬᠤ ᠵᠠᠷᠴᠢᠮ ᠶᠣᠰᠣᠭᠠᠷ᠂ ᠬᠤᠷᠳᠤᠴᠠ ᠬᠢᠵᠠᠭᠠᠷᠯᠠᠬᠤ ᠶᠢ ᠲᠣᠬᠢᠷᠠᠭᠤᠯᠬᠤ᠂ ᠪᠡᠯᠡᠳᠬᠡᠮᠵᠢ ᠶᠢ ᠲᠡᠭᠦᠯᠳᠡᠷᠵᠢᠭᠦᠯᠬᠦ᠂ ᠬᠠᠤᠯᠢ ᠬᠡᠷᠡᠭᠵᠢᠭᠦᠯᠬᠦ ᠶᠢ ᠵᠢᠷᠤᠮᠵᠢᠭᠤᠯᠬᠤ ᠵᠡᠷᠭᠡ ᠠᠷᠭ᠎ᠠ ᠬᠡᠮᠵᠢᠶ᠎ᠡ ᠠᠪᠬᠤ ᠪᠠᠷ ᠳᠠᠮᠵᠢᠭᠤᠯᠤᠨ᠂ ᠳᠡᠭᠡᠳᠦ ᠲᠠᠰ ᠤᠨ ᠵᠠᠰᠠᠮᠠᠯ ᠵᠠᠮ ᠤᠨ ᠬᠤᠷᠳᠤᠴᠠ ᠬᠢᠵᠠᠭᠠᠷᠯᠠᠭᠰᠠᠨ ᠨᠢ ᠳᠣᠣᠷ᠎ᠠ᠂ ᠬᠤᠷᠳᠤᠴᠠ ᠬᠢᠵᠠᠭᠠᠷᠯᠠᠬᠤ ᠲᠡᠮᠳᠡᠭ ᠢ ᠪᠠᠶᠢᠷᠢᠯᠠᠭᠤᠯᠤᠭᠰᠠᠨ ᠨᠢ ᠵᠣᠬᠢᠰ ᠦᠭᠡᠢ ᠵᠡᠷᠭᠡ ᠠᠰᠠᠭᠤᠳᠠᠯ ᠢ ᠬᠦᠴᠦᠯᠡᠨ ᠰᠢᠢᠳᠪᠦᠷᠢᠯᠡᠵᠦ᠂ 2024 ᠣᠨ ᠤ ︽5.1︾᠎ ᠠᠴᠠ ᠡᠮᠦᠨ᠎ᠡ 50%᠎ ᠶᠢᠨ ᠲᠦᠷᠭᠡᠨ ᠤ ᠵᠠᠰᠠᠮᠠᠯ ᠵᠠᠮ ᠤᠨ ᠬᠤᠷᠳᠤᠴᠠ ᠬᠢᠵᠠᠭᠠᠷᠯᠠᠬᠤ ᠶᠢ ᠰᠢᠯᠢᠳᠡᠭᠵᠢᠭᠦᠯᠦᠨ ᠲᠣᠬᠢᠷᠠᠭᠤᠯᠬᠤ ᠪᠠᠷ ᠬᠦᠴᠦᠯᠡᠨ ᠴᠢᠷᠮᠠᠶᠢᠵᠤ᠂ 2025 ᠣᠨ ᠤ ᠰᠡᠭᠦᠯᠴᠢ ᠪᠠᠷ ᠨᠥᠬᠦᠴᠡᠯ ᠪᠦᠷᠢᠳᠦᠭᠦᠯᠦᠭᠰᠡᠨ ᠳᠡᠭᠡᠳᠦ ᠲᠠᠰ ᠤᠨ ᠵᠠᠰᠠᠮᠠᠯ ᠵᠠᠮ ᠤᠨ ᠬᠤᠷᠳᠤᠴᠠ ᠬᠢᠵᠠᠭᠠᠷᠯᠠᠬᠤ ᠳᠤ ᠲᠣᠬᠢᠷᠠᠭᠤᠯᠤᠯᠲᠠ ᠬᠢᠬᠦ ᠪᠦᠬᠦᠯᠢ ᠴᠣᠭᠴᠠ ᠶᠢᠨ ᠠᠵᠢᠯ ᠢ ᠪᠡᠶᠡᠯᠡᠭᠦᠯᠬᠦ ᠪᠣᠯᠣᠨ᠎ᠠ᠃      ︽ᠮᠡᠷᠭᠡᠵᠢᠯ ᠤᠨ ᠭᠦᠢᠴᠡᠳᠬᠡᠯ ᠲᠤᠭ᠎ᠠ ᠶᠢ ᠬᠠᠷᠭᠤᠭᠤᠯᠤᠨ ᠪᠠᠶᠢᠴᠠᠭᠠᠬᠤ ᠪᠠᠷ ᠳᠡᠮᠵᠢᠨ᠂ ᠣᠳᠣᠬᠠᠨ ᠳᠤ ᠪᠢᠳᠡ ᠲᠣᠬᠢᠷᠠᠭᠤᠯᠤᠯᠲᠠ ᠬᠢᠬᠦ ᠪᠠᠷ ᠪᠠᠶᠢᠭ᠎ᠠ ᠵᠠᠮ ᠤᠨ ᠬᠡᠰᠡᠭ ᠢ ᠠᠩᠬ᠎ᠠ ᠠᠯᠬᠤᠮ ᠲᠣᠭᠲᠠᠭᠠᠵᠠᠢ᠂ ᠵᠠᠮ ᠤᠨ ᠶᠠᠪᠤᠳᠠᠯ ᠤᠨ ᠬᠠᠤᠯᠢ ᠬᠡᠷᠡᠭᠵᠢᠭᠦᠯᠬᠦ᠂ ᠳᠣᠲᠣᠭᠠᠳᠤ ᠶᠢ ᠬᠠᠮᠠᠭᠠᠯᠠᠬᠤ ᠵᠠᠮ ᠬᠠᠷᠢᠯᠴᠠᠭᠠᠨ ᠤ ᠬᠠᠮᠢᠶᠠᠷᠤᠯᠲᠠ᠂ ᠡᠵᠡᠩᠨᠡᠯᠲᠡ ᠠᠷᠠᠴᠢᠯᠠᠯᠲᠠ ᠶᠢᠨ ᠨᠢᠭᠡᠴᠢ ᠨᠦᠭᠦᠳ ᠲᠣᠬᠢᠷᠠᠭᠤᠯᠤᠯᠲᠠ ᠬᠢᠬᠦ ᠪᠠᠷ ᠪᠠᠶᠢᠭ᠎ᠠ ᠵᠠᠮ ᠤᠨ ᠬᠡᠰᠡᠭ ᠢ ᠬᠡᠰᠡᠭ ᠳᠠᠷᠠᠭᠠᠯᠠᠨ ᠲᠤᠬᠠᠢ ᠶᠢᠨ ᠲᠠᠯᠠᠪᠤᠷ ᠲᠤ ᠨᠢ ᠬᠠᠷᠭᠤᠭᠤᠯᠤᠨ ᠪᠠᠶᠢᠴᠠᠭᠠᠵᠤ ᠪᠠᠶᠢᠨ᠎ᠠ᠂ ᠲᠤᠬᠠᠢ ᠶᠢᠨ ᠲᠠᠯᠠᠪᠤᠷ ᠲᠤ ᠨᠢ ᠬᠠᠷᠭᠤᠭᠤᠯᠤᠨ ᠪᠠᠶᠢᠴᠠᠭᠠᠭᠰᠠᠨ ᠤ ᠳᠠᠷᠠᠭ᠎ᠠ᠂ ᠬᠠᠮᠤᠭ ᠤᠨ ᠡᠴᠦᠰ ᠲᠤ ᠲᠣᠬᠢᠷᠠᠭᠤᠯᠤᠯᠲᠠ ᠬᠢᠬᠦ ᠵᠠᠮ ᠤᠨ ᠬᠡᠰᠡᠭ ᠢ ᠲᠣᠭᠲᠠᠭᠠᠨ᠎ᠠ᠃︾ ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ ᠤᠨ ᠬᠠᠮᠢᠶ᠎ᠠ ᠪᠦᠬᠦᠢ ᠬᠠᠷᠢᠭᠤᠴᠠᠯᠭᠠᠲᠠᠨ ᠤ ᠲᠠᠨᠢᠯᠴᠠᠭᠤᠯᠤᠭᠰᠠᠨ ᠢᠶᠠᠷ᠂ ᠵᠠᠮ ᠤᠨ ᠬᠡᠰᠡᠭ ᠲᠤ ᠲᠣᠬᠢᠷᠠᠭᠤᠯᠤᠯᠲᠠ ᠬᠢᠭᠰᠡᠨ ᠤ ᠳᠠᠷᠠᠭ᠎ᠠ ᠨᠡᠶᠢᠭᠡᠮ ᠨᠡᠶᠢᠲᠡ ᠳᠤ ᠵᠠᠷᠯᠠᠨ ᠮᠡᠳᠡᠭᠳᠡᠬᠦ ᠶᠢᠨ ᠬᠠᠮᠲᠤ ᠵᠠᠮ ᠬᠠᠷᠢᠯᠴᠠᠭ᠎ᠠ ᠲᠡᠭᠡᠭᠡᠪᠦᠷᠢ ᠶᠢᠨ ᠰᠠᠯᠠᠭ᠎ᠠ ᠮᠥᠴᠢᠷ ᠵᠠᠰᠠᠮᠠᠯ ᠵᠠᠮ ᠤᠨ ᠲᠡᠮᠳᠡᠭ ᠵᠢᠷᠤᠭᠠᠰᠤ ᠨᠤᠭᠤᠳ ᠲᠤ ᠲᠣᠬᠢᠷᠠᠭᠤᠯᠤᠯᠲᠠ ᠬᠢᠵᠦ᠂ ᠳᠣᠲᠣᠭᠠᠳᠤ ᠶᠢ ᠬᠠᠮᠠᠭᠠᠯᠠᠬᠤ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠰᠠᠯᠠᠭ᠎ᠠ ᠮᠥᠴᠢᠷ ᠬᠤᠷᠳᠤᠴᠠ ᠬᠢᠵᠠᠭᠠᠷᠯᠠᠬᠤ ᠰᠢᠰᠲ᠋ᠧᠮ ᠵᠢᠴᠢ ᠬᠤᠷᠳᠤᠴᠠ ᠶᠢ ᠬᠡᠮᠵᠢᠬᠦ ᠲᠥᠬᠦᠭᠡᠷᠦᠮᠵᠢ ᠳᠤ ᠵᠡᠷᠭᠡ ᠳᠤ ᠨᠢ ᠲᠣᠬᠢᠷᠠᠭᠤᠯᠤᠯᠲᠠ ᠬᠢᠨ᠎ᠡ ᠭᠡᠵᠡᠢ᠃      ᠡᠭᠦᠨ ᠠᠴᠠ ᠭᠠᠳᠠᠨ᠎ᠠ᠂ ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠰᠠᠯᠠᠭ᠎ᠠ ᠮᠥᠴᠢᠷ ᠪᠠᠰᠠ ᠵᠢᠭᠤᠯᠴᠢᠯᠠᠯ ᠤᠨ ᠦᠢᠯᠡᠴᠢᠯᠡᠭᠡᠨ ᠤ ᠪᠠᠲᠤᠯᠠᠭ᠎ᠠ ᠶᠢᠨ ᠲᠦᠪᠰᠢᠨ ᠢ ᠳᠡᠭᠡᠭᠰᠢᠯᠡᠭᠦᠯᠬᠦ᠂ ᠲᠣᠭᠤᠷᠢᠨ ᠵᠤᠭᠠᠴᠠᠬᠤ ᠲᠦᠷᠢᠶᠡᠰᠦᠨ ᠮᠠᠰᠢᠨ ᠲᠡᠷᠭᠡᠨ ᠤ ᠦᠢᠯᠡᠴᠢᠯᠡᠭᠡᠨ ᠤ ᠲᠣᠪᠤᠶᠢᠮ᠎ᠠ ᠠᠰᠠᠭᠤᠳᠠᠯ ᠢ ᠲᠤᠰᠬᠠᠢ ᠴᠡᠭᠴᠡᠯᠡᠨ ᠵᠠᠰᠠᠬᠤ᠂ ᠦᠲᠡᠭᠦᠰ ᠲᠤ ᠲᠣᠬᠢᠷᠠᠭᠤᠯᠤᠨ ᠰᠠᠭᠠᠳ ᠦᠭᠡᠶᠢᠵᠢᠭᠦᠯᠬᠦ ᠵᠠᠮ ᠬᠠᠷᠢᠯᠴᠠᠭᠠᠨ ᠤ ᠠᠶᠠᠯᠠᠯ ᠤᠨ ᠦᠢᠯᠡᠴᠢᠯᠡᠭᠡᠨ ᠤ ᠬᠡᠪᠴᠢᠶ᠎ᠡ ᠶᠢ ᠥᠷᠭᠡᠳᠬᠡᠨ ᠶᠠᠰᠤ ᠴᠢᠨᠠᠷ ᠢ ᠳᠡᠭᠡᠭᠰᠢᠯᠡᠭᠦᠯᠵᠦ ᠦᠷ᠎ᠡ ᠠᠰᠢᠭ ᠢ ᠨᠡᠮᠡᠭᠳᠡᠭᠦᠯᠬᠦ᠂ ᠲᠦᠷᠭᠡᠨ ᠤ ᠵᠠᠰᠠᠮᠠᠯ ᠵᠠᠮ ᠤᠨ ᠬᠡᠮᠵᠢᠶ᠎ᠡ ᠳᠠᠭᠠᠭᠠᠴᠠ ᠠᠴᠠ ᠬᠡᠲᠦᠷᠡᠭᠰᠡᠨ ᠢ ᠲᠤᠰᠬᠠᠢ ᠴᠡᠭᠴᠡᠯᠡᠨ ᠵᠠᠰᠠᠬᠤ ᠵᠡᠷᠭᠡ 7 ᠲᠤᠰᠬᠠᠢ ᠠᠵᠢᠯᠯᠠᠭ᠎ᠠ ᠦᠷᠨᠢᠭᠦᠯᠵᠦ᠂ ᠵᠠᠮ ᠬᠠᠷᠢᠯᠴᠠᠭ᠎ᠠ ᠲᠡᠭᠡᠭᠡᠪᠦᠷᠢ ᠶᠢᠨ ᠵᠠᠮ ᠤᠨ ᠪᠠᠶᠢᠳᠠᠯ ᠤᠨ ᠲᠦᠪᠰᠢᠨ᠂ ᠦᠢᠯᠡᠴᠢᠯᠡᠭᠡᠨ ᠤ ᠶᠠᠰᠤ ᠴᠢᠨᠠᠷ ᠵᠡᠷᠭᠡ ᠲᠠᠯ᠎ᠠ ᠪᠠᠷ ᠦᠨᠡᠨ ᠪᠣᠳᠠᠲᠠᠢ ᠦᠷ᠎ᠡ ᠪᠦᠲᠦᠮᠵᠢ ᠣᠯᠬᠤ ᠶᠢ ᠦᠨᠡᠨ ᠬᠦ ᠪᠠᠲᠤᠯᠠᠵᠤ᠂ ᠣᠯᠠᠨ ᠲᠦᠮᠡᠨ ᠤ ᠠᠶᠠᠯᠠᠯ ᠤᠨ ᠲᠥᠷᠥᠭᠳᠡᠯ ᠢ ᠲᠠᠰᠤᠷᠠᠯᠲᠠ ᠦᠭᠡᠢ ᠰᠢᠯᠢᠳᠡᠭᠵᠢᠭᠦᠯᠦᠨ᠎ᠡ᠃
 
ᠢᠷᠡᠯᠲᠡ᠄ ᠥᠪᠥᠷ ᠮᠣᠩᠭᠣᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备09001939号