︽ᠬᠡᠰᠢᠭᠲᠡᠨ ᠬᠤᠰᠢᠭᠤᠨ ᠤ ᠰᠠᠴᠤᠷᠠᠭ ᠤᠨ ᠠᠳᠡᠯ ᠤᠨ ᠪᠠᠴᠢᠮ ᠪᠠᠶᠢᠳᠠᠯ ᠢ ᠠᠷᠭᠠᠴᠠᠭᠠᠬᠤ ᠲᠥᠰᠥᠯ︾ ᠤᠨ ᠲᠥᠷᠥ ᠶᠢᠨ ᠪᠣᠳᠣᠯᠭ᠎ᠠ ᠶᠢᠨ ᠲᠠᠶᠢᠯᠤᠮᠵᠢ
ᠨᠡᠶᠢᠲᠡᠯᠡᠭᠰᠡᠨ ᠴᠠᠭ᠄
2024/4/15
     ᠨᠢᠭᠡ᠂ ︽ᠬᠡᠰᠢᠭᠲᠡᠨ ᠬᠤᠰᠢᠭᠤᠨ ᠤ ᠰᠠᠴᠤᠷᠠᠭ ᠤᠨ ᠠᠳᠡᠯ ᠤᠨ ᠪᠠᠴᠢᠮ ᠪᠠᠶᠢᠳᠠᠯ ᠢ ᠠᠷᠭᠠᠴᠠᠭᠠᠬᠤ ᠲᠥᠰᠥᠯ ︾ ᠢ ᠲᠤᠭᠤᠷᠪᠢᠭᠰᠠᠨ ᠵᠣᠷᠢᠯᠭ᠎ᠠ      ᠬᠡᠰᠢᠭᠲᠡᠨ ᠬᠤᠰᠢᠭᠤᠨ ᠤ ᠰᠠᠴᠤᠷᠠᠭ ᠤᠨ ᠠᠳᠡᠯ ᠤᠨ ᠪᠠᠴᠢᠮ ᠪᠠᠶᠢᠳᠠᠯ ᠢ ᠠᠷᠭᠠᠴᠠᠭᠠᠬᠤ ᠵᠣᠬᠢᠴᠠᠮᠵᠢ ᠶᠢ ᠪᠠᠶᠢᠭᠤᠯᠤᠨ ᠲᠡᠭᠦᠯᠳᠡᠷᠵᠢᠭᠦᠯᠵᠦ᠂ ᠰᠠᠴᠤᠷᠠᠭ ᠤᠨ ᠠᠳᠡᠯ ᠢ ᠰᠢᠨᠵᠢᠯᠡᠬᠦ ᠤᠬᠠᠭᠠᠨᠴᠢ ᠪᠠᠷ ᠥᠨᠳᠥᠷ ᠪᠦᠲᠦᠮᠵᠢᠲᠡᠶ ᠪᠠᠷ ᠠᠷᠭᠠᠴᠠᠭᠠᠬᠤ ᠶᠢᠨ ᠲᠤᠰᠠᠳᠠ᠂ ᠰᠠᠴᠤᠷᠠᠭ ᠤᠨ ᠠᠳᠡᠯ ᠠᠴᠠ ᠪᠣᠯᠤᠭᠰᠠᠨ ᠬᠤᠬᠢᠷᠠᠯ ᠪᠠ ᠨᠥᠯᠥᠭᠡ ᠶᠢ ᠬᠢᠵᠠᠭᠠᠷᠯᠠᠬᠤ᠂ ᠪᠠᠭᠠᠰᠬᠠᠬᠤ ᠪᠤᠶᠤ ᠠᠷᠢᠯᠭᠠᠵᠤ᠂ ᠣᠯᠠᠨ ᠨᠡᠶᠢᠲᠡ ᠵᠢᠴᠢ ᠠᠵᠢᠯ ᠡᠷᠬᠢᠯᠡᠭᠰᠡᠳ ᠤᠨ ᠠᠮᠤᠷ ᠲᠦᠪᠰᠢᠨ ᠪᠠ ᠡᠷᠡᠭᠦᠯ ᠮᠡᠨᠳᠦ ᠶᠢ ᠪᠠᠲᠤᠯᠠᠵᠤ᠂ ᠰᠠᠴᠤᠷᠠᠭ ᠤᠨ ᠣᠷᠴᠢᠨ ᠲᠣᠭᠤᠷᠢᠨ ᠤ ᠠᠮᠤᠷ ᠲᠦᠪᠰᠢᠨ ᠢ ᠬᠠᠮᠠᠭᠠᠯᠠᠨ᠎ᠠ᠃      ᠬᠤᠶᠠᠷ᠂ ︽ᠬᠡᠰᠢᠭᠲᠡᠨ ᠬᠤᠰᠢᠭᠤᠨ ᠤ ᠰᠠᠴᠤᠷᠠᠭ ᠤᠨ ᠠᠳᠡᠯ ᠤᠨ ᠪᠠᠴᠢᠮ ᠪᠠᠶᠢᠳᠠᠯ ᠢ ᠠᠷᠭᠠᠴᠠᠭᠠᠬᠤ ᠲᠥᠰᠥᠯ︾ ᠢ ᠲᠤᠭᠤᠷᠪᠢᠭᠰᠠᠨ ᠦᠨᠳᠦᠰᠦᠯᠡᠯ      ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠣᠷᠴᠢᠨ ᠲᠣᠭᠤᠷᠢᠨ ᠢ ᠬᠠᠮᠠᠭᠠᠯᠠᠬᠤ ᠬᠠᠤᠯᠢ︾ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠭᠡᠨᠡᠳᠲᠡ ᠶᠢᠨ ᠬᠡᠷᠡᠭ ᠢ ᠠᠷᠭᠠᠴᠠᠭᠠᠬᠤ ᠬᠠᠤᠯᠢ︾ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠴᠥᠮ᠎ᠡ ᠶᠢᠨ ᠠᠮᠤᠷ ᠲᠦᠪᠰᠢᠨ ᠤ ᠬᠠᠤᠯᠢ︾ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠰᠠᠴᠤᠷᠠᠮᠠᠬᠠᠢ ᠪᠣᠬᠢᠷᠲᠤᠯ ᠢ ᠰᠡᠷᠭᠡᠶᠢᠯᠡᠨ ᠵᠠᠰᠠᠬᠤ ᠬᠠᠤᠯᠢ︾ ︽ᠰᠠᠴᠤᠷᠠᠮᠠᠬᠠᠢ ᠢᠵᠢᠯ ᠪᠠᠶᠢᠷᠢᠲᠤ ᠡᠯᠧᠮᠧᠨ᠋ᠲ ᠬᠢᠭᠡᠳ ᠰᠠᠴᠤᠷᠠᠭ ᠤᠨ ᠲᠣᠨᠣᠭᠯᠠᠯ ᠤᠨ ᠠᠶᠤᠯᠭᠦᠢ ᠪᠠ ᠰᠡᠷᠭᠡᠶᠢᠯᠡᠨ ᠬᠠᠮᠠᠭᠠᠯᠠᠬᠤ ᠳᠦᠷᠢᠮ︾ ︵ᠲᠦᠷᠦ ᠶᠢᠨ ᠶᠠᠪᠤᠳᠠᠯ ᠤᠨ ᠬᠤᠷᠢᠶ᠎ᠠ ᠶᠢᠨ ᠵᠠᠷᠯᠢᠭ 449 ᠳ᠋ᠦ᠋ᠭᠡᠷ ᠲᠣᠭᠠᠲᠤ︶ ︽ᠰᠠᠴᠤᠷᠠᠮᠠᠬᠠᠢ ᠬᠠᠶᠠᠭᠳᠠᠮᠠᠯ ᠪᠣᠳᠠᠰ ᠤᠨ ᠠᠶᠤᠯᠭᠦᠢ ᠶᠢᠨ ᠬᠠᠮᠢᠶᠠᠷᠤᠯᠲᠠ ᠶᠢᠨ ᠳᠦᠷᠢᠮ︾ ︵ᠲᠦᠷᠦ ᠶᠢᠨ ᠶᠠᠪᠤᠳᠠᠯ ᠤᠨ ᠬᠤᠷᠢᠶ᠎ᠠ ᠶᠢᠨ 612 ᠳ᠋ᠤᠭᠠᠷ ᠵᠠᠷᠯᠢᠭ︶ ︽ᠰᠠᠴᠤᠷᠠᠮᠠᠬᠠᠢ ᠡᠳ᠋ ᠪᠣᠳᠠᠰ ᠤᠨ ᠲᠡᠭᠡᠭᠡᠪᠦᠷᠢ ᠶᠢᠨ ᠠᠶᠤᠯᠭᠦᠢ ᠶᠢᠨ ᠬᠠᠮᠢᠶᠠᠷᠤᠯᠲᠠ ᠶᠢᠨ ᠳᠦᠷᠢᠮ︾ ︵ᠲᠦᠷᠦ ᠶᠢᠨ ᠶᠠᠪᠤᠳᠠᠯ ᠤᠨ ᠬᠤᠷᠢᠶ᠎ᠠ ᠶᠢᠨ ᠵᠠᠷᠯᠢᠭ 562 ᠳ᠋ᠤᠭᠠᠷ ᠲᠣᠭᠠᠲᠤ︶ ︽ᠭᠡᠨᠡᠳᠲᠡ ᠶᠢᠨ ᠬᠡᠷᠡᠭ ᠤᠨ ᠪᠠᠴᠢᠮ ᠪᠠᠶᠢᠳᠠᠯ ᠢ ᠠᠷᠭᠠᠴᠠᠭᠠᠬᠤ ᠲᠥᠰᠥᠯ ᠤᠨ ᠬᠠᠮᠢᠶᠠᠷᠤᠯᠲᠠ ᠶᠢᠨ ᠠᠷᠭ᠎ᠠ︾ ︵ᠲᠦᠷᠦ ᠠᠯᠪᠠᠨ ᠲᠠᠷᠬᠠᠭᠠᠭᠰᠠᠨ ﹇2013﹈ 101 ᠳ᠋ᠦ᠋ᠭᠡᠷ ᠲᠣᠭᠠᠲᠤ︶ ︽ᠰᠠᠴᠤᠷᠠᠮᠠᠬᠠᠢ ᠢᠵᠢᠯ ᠪᠠᠶᠢᠷᠢᠲᠤ ᠡᠯᠧᠮᠧᠨ᠋ᠲ ᠬᠢᠭᠡᠳ ᠰᠠᠴᠤᠷᠠᠭ ᠤᠨ ᠲᠣᠨᠣᠭᠯᠠᠯ ᠤᠨ ᠠᠶᠤᠯᠭᠦᠢ ᠪᠠ ᠰᠡᠷᠭᠡᠶᠢᠯᠡᠨ ᠬᠠᠮᠠᠭᠠᠯᠠᠬᠤ ᠬᠠᠮᠢᠶᠠᠷᠤᠯᠲᠠ ᠶᠢᠨ ᠠᠷᠭ᠎ᠠ︾ ︵ᠣᠷᠴᠢᠨ ᠲᠣᠭᠤᠷᠢᠨ ᠤ ᠬᠠᠮᠠᠭᠠᠯᠠᠯᠲᠠ ᠶᠢᠨ ᠶᠠᠮᠤᠨ ᠤ ᠵᠠᠷᠯᠢᠭ 18 ᠳ᠋ᠤᠭᠠᠷ ᠲᠣᠭᠠᠲᠤ︶ ︽ᠢᠶᠤᠨᠵᠢᠭᠰᠠᠨ ᠰᠠᠴᠤᠷᠠᠭ ᠤᠨ ᠰᠡᠷᠭᠡᠶᠢᠯᠡᠯᠲᠡ ᠬᠠᠮᠠᠭᠠᠯᠠᠯᠲᠠ ᠪᠠ ᠰᠠᠴᠤᠷᠠᠭ ᠡᠭᠦᠰᠬᠡᠭᠴᠢ ᠶᠢᠨ ᠠᠶᠤᠯᠭᠦᠢ ᠶᠢᠨ ᠦᠨᠳᠦᠰᠦᠨ ᠪᠠᠷᠢᠮᠵᠢᠶ᠎ᠠ︾ ︵GB18871 — 2002︶ ︽ᠤᠯᠤᠰ ᠤᠨ ᠣᠷᠴᠢᠨ ᠲᠣᠭᠤᠷᠢᠨ ᠤ ᠭᠡᠨᠡᠳᠲᠡ ᠶᠢᠨ ᠬᠡᠷᠡᠭ ᠤᠨ ᠪᠠᠴᠢᠮ ᠪᠠᠶᠢᠳᠠᠯ ᠢ ᠠᠷᠭᠠᠴᠠᠭᠠᠬᠤ ᠲᠥᠰᠥᠯ︾ ︵ᠲᠥᠷᠥ ᠠᠯᠪᠠᠨ ᠪᠢᠴᠢᠭ ﹇2014﹈ 119 ᠳ᠋ᠦ᠋ᠭᠡᠷ ᠲᠣᠭᠠᠲᠤ︶ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠭᠡᠨᠡᠳᠲᠡ ᠶᠢᠨ ᠬᠡᠷᠡᠭ ᠤᠨ ᠪᠠᠴᠢᠮ ᠪᠠᠶᠢᠳᠠᠯ ᠢ ᠠᠷᠭᠠᠴᠠᠭᠠᠬᠤ ᠶᠡᠷᠦᠩᠬᠡᠢ ᠲᠥᠰᠥᠯ︾ ︵ᠥᠪᠥᠷ ᠵᠠᠰᠠᠭ ᠲᠠᠷᠬᠠᠭᠠᠭᠰᠠᠨ ﹇2021﹈ 11 ᠳ᠋ᠦ᠋ᠭᠡᠷ ᠲᠣᠭᠠᠲᠤ︶ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠷᠴᠢᠨ ᠲᠣᠭᠤᠷᠢᠨ ᠤ ᠭᠡᠨᠡᠳᠲᠡ ᠶᠢᠨ ᠬᠡᠷᠡᠭ ᠤᠨ ᠪᠠᠴᠢᠮ ᠪᠠᠶᠢᠳᠠᠯ ᠢ ᠠᠷᠭᠠᠴᠠᠭᠠᠬᠤ ᠲᠥᠰᠥᠯ ︵2022 ᠬᠡᠪᠯᠡᠯ︶︾ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠠᠴᠤᠷᠠᠭ ᠤᠨ ᠠᠳᠡᠯ ᠤᠨ ᠪᠠᠴᠢᠮ ᠪᠠᠶᠢᠳᠠᠯ ᠢ ᠠᠷᠭᠠᠴᠠᠭᠠᠬᠤ ᠲᠥᠰᠥᠯ︾ ︵ᠥᠪᠥᠷ ᠵᠠᠰᠠᠭ ᠠᠯᠪᠠᠨ ᠲᠠᠷᠬᠠᠭᠠᠭᠰᠠᠨ ﹇2023﹈ 5 ᠳ᠋ᠤᠭᠠᠷ ᠲᠣᠭᠠᠲᠤ︶ ︽ᠥᠪᠥᠷ ᠮᠣᠩᠭᠤᠯ ᠤᠨ ᠠᠮᠢ ᠠᠬᠤᠢ ᠶᠢᠨ ᠣᠷᠴᠢᠨ ᠲᠣᠭᠤᠷᠢᠨ ᠤ ᠲᠢᠩᠬᠢᠮ ᠤᠨ ᠰᠠᠴᠤᠷᠠᠭ ᠤᠨ ᠠᠳᠡᠯ ᠤᠨ ᠪᠠᠴᠢᠮ ᠪᠠᠶᠢᠳᠠᠯ ᠢ ᠠᠷᠭᠠᠴᠠᠭᠠᠬᠤ ᠲᠥᠰᠥᠯ ︵2021 ᠬᠡᠪᠯᠡᠯ︶︾ ︽ᠤᠯᠠᠭᠠᠨᠬᠠᠳᠠ ᠬᠤᠲᠠ ᠶᠢᠨ ᠭᠡᠨᠡᠳᠲᠡ ᠶᠢᠨ ᠣᠷᠴᠢᠨ ᠲᠣᠭᠤᠷᠢᠨ ᠤ ᠬᠡᠷᠡᠭ ᠤᠨ ᠪᠠᠴᠢᠮ ᠪᠠᠶᠢᠳᠠᠯ ᠢ ᠠᠷᠭᠠᠴᠠᠭᠠᠬᠤ ᠲᠥᠰᠥᠯ ︵2023 ᠵᠠᠰᠠᠪᠤᠷᠢ ᠣᠷᠣᠭᠤᠯᠤᠭᠰᠠᠨ ᠬᠡᠪᠯᠡᠯ︶︾ ︽ᠤᠯᠠᠭᠠᠨᠬᠠᠳᠠ ᠬᠤᠲᠠ ᠶᠢᠨ ᠰᠠᠴᠤᠷᠠᠭ ᠤᠨ ᠠᠳᠡᠯ ᠤᠨ ᠪᠠᠴᠢᠮ ᠪᠠᠶᠢᠳᠠᠯ ᠢ ᠠᠷᠭᠠᠴᠠᠭᠠᠬᠤ ᠲᠥᠰᠥᠯ︾ ︵ᠤᠯᠠᠭᠠᠨᠬᠠᠳᠠ ᠵᠠᠰᠠᠭ ᠠᠯᠪᠠᠨ ᠲᠠᠷᠬᠠᠭᠠᠭᠰᠠᠨ ﹇2023﹈ 55 ᠳ᠋ᠤᠭᠠᠷ ᠲᠣᠭᠠᠲᠤ︶ ᠵᠡᠷᠭᠡ ᠬᠠᠤᠯᠢ ᠲᠣᠭᠲᠠᠭᠠᠯ ᠵᠢᠴᠢ ᠬᠤᠯᠪᠣᠭᠳᠠᠯ ᠪᠦᠬᠦᠢ ᠳᠦᠷᠢᠮ ᠤᠨ ᠲᠣᠭᠲᠠᠭᠠᠯ᠃      ᠭᠤᠷᠪᠠ᠂ ︽ᠬᠡᠰᠢᠭᠲᠡᠨ ᠬᠤᠰᠢᠭᠤᠨ ᠤ ᠰᠠᠴᠤᠷᠠᠭ ᠤᠨ ᠠᠳᠡᠯ ᠤᠨ ᠪᠠᠴᠢᠮ ᠪᠠᠶᠢᠳᠠᠯ ᠢ ᠠᠷᠭᠠᠴᠠᠭᠠᠬᠤ ᠲᠥᠰᠥᠯ︾ ᠢ ᠲᠤᠭᠤᠷᠪᠢᠭᠰᠠᠨ ᠵᠠᠷᠴᠢᠮ      ᠲᠤᠰ ᠲᠥᠰᠥᠯ ᠳᠤ ︽ᠬᠥᠮᠥᠨ ᠢᠶᠠᠷ ᠦᠨᠳᠦᠰᠦ ᠪᠣᠯᠭᠠᠬᠤ᠂ ᠠᠮᠢ ᠨᠠᠰᠤ ᠶᠢ ᠳᠡᠭᠡᠳᠦᠯᠡᠬᠦ᠂ ᠤᠷᠢᠳᠴᠢᠯᠠᠨ ᠰᠡᠷᠭᠡᠶᠢᠯᠡᠬᠦ ᠪᠠᠷ ᠭᠤᠣᠯ ᠪᠣᠯᠭᠠᠬᠤ᠂ ᠰᠤᠯᠠᠷᠠᠭᠤᠯᠤᠯ ᠦᠭᠡᠢ ᠪᠠᠶᠢᠩᠭᠤ ᠪᠡᠯᠡᠳᠬᠡᠬᠦ᠂ ᠲᠦᠷᠭᠡᠨ ᠲᠤᠰᠬᠠᠬᠤ᠂ ᠰᠢᠨᠵᠢᠯᠡᠬᠦ ᠤᠬᠠᠭᠠᠨᠴᠢ ᠪᠠᠷ ᠰᠢᠢᠳᠪᠦᠷᠢᠯᠡᠬᠦ᠂ ᠨᠢᠭᠡᠳᠦᠯᠲᠡᠢ ᠤᠳᠤᠷᠢᠳᠬᠤ᠂ ᠱᠠᠲᠤ ᠬᠤᠪᠢᠶᠠᠨ ᠬᠠᠷᠢᠭᠤ ᠲᠤᠰᠬᠠᠬᠤ᠂ ᠬᠠᠷᠢᠶ᠎ᠠ ᠭᠠᠵᠠᠷ ᠢᠶᠠᠷ ᠭᠤᠣᠯ ᠪᠣᠯᠭᠠᠬᠤ᠂ ᠵᠣᠬᠢᠴᠠᠭᠤᠯᠤᠨ ᠬᠠᠮᠲᠤᠷᠠᠨ ᠬᠥᠳᠡᠯᠦᠯᠴᠡᠬᠦ᠂ ᠡᠬᠢ ᠪᠠᠶᠠᠯᠢᠭ ᠢ ᠨᠢᠭᠡᠳᠦᠯᠲᠡᠢ ᠲᠥᠯᠥᠪᠯᠡᠬᠦ᠂ ᠬᠦᠴᠦᠲᠡᠢ ᠪᠠᠲᠤᠯᠠᠬᠤ︾ ᠠᠵᠢᠯ ᠤᠨ ᠵᠠᠷᠴᠢᠮ ᠢ ᠪᠠᠷᠢᠮᠲᠠᠯᠠᠨ᠎ᠠ᠃      ᠳᠥᠷᠪᠡ᠂ ︽ᠬᠡᠰᠢᠭᠲᠡᠨ ᠬᠤᠰᠢᠭᠤᠨ ᠤ ᠰᠠᠴᠤᠷᠠᠭ ᠤᠨ ᠠᠳᠡᠯ ᠤᠨ ᠪᠠᠴᠢᠮ ᠪᠠᠶᠢᠳᠠᠯ ᠢ ᠠᠷᠭᠠᠴᠠᠭᠠᠬᠤ ᠲᠥᠰᠥᠯ︾ ᠤᠨ ᠬᠡᠪᠴᠢᠶ᠎ᠡ      ᠲᠣᠰ ᠲᠥᠰᠥᠯ ᠢ ᠬᠡᠰᠢᠭᠲᠡᠨ ᠬᠤᠰᠢᠭᠤᠨ ᠤ ᠵᠠᠰᠠᠭ ᠵᠠᠬᠢᠷᠭᠠᠨ ᠤ ᠣᠷᠣᠨ ᠤ ᠳᠣᠲᠣᠷᠠᠬᠢ ᠰᠠᠴᠤᠷᠠᠭ ᠤᠨ ᠠᠳᠡᠯ ᠢ ᠠᠷᠭᠠᠴᠠᠭᠠᠬᠤ ᠠᠵᠢᠯ ᠳᠤ ᠬᠡᠷᠡᠭᠯᠡᠨ᠎ᠡ᠃ ᠲᠤᠰ ᠲᠥᠰᠥᠯ ᠳᠠᠬᠢ ᠰᠠᠴᠤᠷᠠᠭ ᠤᠨ ᠠᠳᠡᠯ ᠭᠡᠳᠡᠭ ᠨᠢ ᠭᠤᠣᠯᠳᠠᠭᠤ ᠴᠥᠮ᠎ᠡ ᠶᠢᠨ ᠠᠳᠡᠯ ᠠᠴᠠ ᠭᠠᠳᠠᠨ᠎ᠠ᠂ ᠰᠠᠴᠤᠷᠠᠭ ᠡᠭᠦᠰᠬᠡᠭᠴᠢ ᠭᠡᠭᠡᠭᠳᠡᠭᠰᠡᠨ᠂ ᠬᠤᠯᠠᠭᠠᠶᠢᠯᠠᠭᠳᠠᠭᠰᠠᠨ᠂ ᠡᠵᠡᠮᠳᠡᠯ ᠢᠶᠠᠨ ᠠᠯᠳᠠᠭᠰᠠᠨ᠂ ᠡᠰᠡᠬᠦᠯ᠎ᠡ ᠰᠠᠴᠤᠷᠠᠮᠠᠬᠠᠢ ᠪᠣᠳᠠᠰ ᠪᠠ ᠰᠠᠴᠤᠷᠠᠭ ᠤᠨ ᠲᠣᠨᠣᠭᠯᠠᠯ ᠡᠵᠡᠮᠳᠡᠯ ᠢᠶᠠᠨ ᠠᠯᠳᠠᠭᠰᠠᠨ ᠠᠴᠠ ᠪᠣᠯᠵᠤ ᠬᠥᠮᠥᠰ ᠲᠤ ᠰᠠᠨᠠᠭᠠᠨ ᠳᠤ ᠦᠭᠡᠢ ᠬᠡᠪ ᠤᠨ ᠪᠤᠰᠤ ᠲᠤᠰᠬᠠᠯ ᠢ ᠤᠴᠠᠷᠠᠭᠤᠯᠤᠭᠰᠠᠨ᠂ ᠡᠰᠡᠬᠦᠯ᠎ᠡ ᠣᠷᠴᠢᠨ ᠲᠣᠭᠤᠷᠢᠨ ᠤ ᠰᠠᠴᠤᠷᠠᠮᠠᠬᠠᠢ ᠪᠣᠬᠢᠷᠲᠤᠯ ᠢ ᠡᠭᠦᠰᠬᠡᠭᠰᠡᠨ ᠬᠡᠷᠡᠭ ᠢ ᠵᠢᠭᠠᠵᠤ ᠪᠠᠶᠢᠨ᠎ᠠ᠃ ᠡᠭᠦᠨ ᠳᠤ ᠭᠤᠣᠯᠳᠠᠭᠤ᠄      ︵1︶ ᠴᠥᠮ᠎ᠡ ᠶᠢᠨ ᠮᠡᠷᠭᠡᠵᠢᠯ ᠢ ᠠᠰᠢᠭᠯᠠᠬᠤ ᠶᠠᠪᠤᠴᠠ ᠳᠤ ᠡᠭᠦᠰᠦᠭᠰᠡᠨ ᠰᠠᠴᠤᠷᠠᠭ ᠤᠨ ᠠᠳᠡᠯ︔      ︵2︶ ᠰᠠᠴᠤᠷᠠᠮᠠᠬᠠᠢ ᠪᠣᠳᠠᠰ ᠢ ᠲᠡᠭᠡᠭᠡᠪᠦᠷᠢᠯᠡᠬᠦ ᠶᠠᠪᠤᠴᠠ ᠳᠤ ᠡᠭᠦᠰᠦᠭᠰᠡᠨ ᠰᠠᠴᠤᠷᠠᠭ ᠤᠨ ᠠᠳᠡᠯ︔      ︵3︶ ᠬᠡᠰᠢᠭᠲᠡᠨ ᠬᠤᠰᠢᠭᠤᠨ ᠤ ᠠᠮᠢ ᠠᠬᠤᠢ ᠶᠢᠨ ᠣᠷᠴᠢᠨ ᠲᠣᠭᠤᠷᠢᠨ ᠳᠤ ᠰᠠᠴᠤᠷᠠᠭ ᠤᠨ ᠨᠥᠯᠥᠭᠡ ᠤᠴᠠᠷᠠᠭᠤᠯᠵᠤ ᠮᠡᠳᠡᠬᠦ ᠬᠤᠰᠢᠭᠤᠨ ᠤ ᠭᠠᠳᠠᠨᠠᠬᠢ ᠰᠠᠴᠤᠷᠠᠭ ᠤᠨ ᠠᠳᠡᠯ︔      ︵4︶ ᠴᠥᠮ᠎ᠡ ᠳᠤ ᠬᠤᠯᠪᠣᠭᠳᠠᠭᠰᠠᠨ ᠰᠠᠨᠰᠠᠷ ᠤᠨ ᠨᠢᠰᠦᠭᠦᠷ ᠬᠡᠰᠢᠭᠲᠡᠨ ᠬᠤᠰᠢᠭᠤᠨ ᠤ ᠬᠢᠯᠢ ᠳᠤ ᠤᠨᠠᠵᠤ ᠠᠮᠢ ᠠᠬᠤᠢ ᠶᠢᠨ ᠣᠷᠴᠢᠨ ᠲᠣᠭᠤᠷᠢᠨ ᠤ ᠰᠠᠴᠤᠷᠠᠮᠠᠬᠠᠢ ᠪᠣᠬᠢᠷᠲᠤᠯ ᠢ ᠡᠭᠦᠰᠬᠡᠭᠰᠡᠨ ᠠᠳᠡᠯ︔      ︵5︶ ᠬᠦᠨᠳᠦ ᠨᠣᠴᠢᠲᠠᠢ ᠪᠠᠶᠢᠭᠠᠯᠢ ᠶᠢᠨ ᠭᠠᠮᠰᠢᠭ ᠵᠢᠴᠢ ᠪᠤᠰᠤᠳ ᠪᠠᠶᠢᠳᠠᠯ ᠠᠴᠠ ᠪᠣᠯᠤᠭᠰᠠᠨ ᠡᠭᠦᠰᠦᠮᠡᠯ ᠰᠠᠴᠤᠷᠠᠭ ᠤᠨ ᠠᠳᠡᠯ᠃      ᠲᠠᠪᠤ᠂ ︽ᠬᠡᠰᠢᠭᠲᠡᠨ ᠬᠤᠰᠢᠭᠤᠨ ᠤ ᠰᠠᠴᠤᠷᠠᠭ ᠤᠨ ᠠᠳᠡᠯ ᠤᠨ ᠪᠠᠴᠢᠮ ᠪᠠᠶᠢᠳᠠᠯ ᠢ ᠠᠷᠭᠠᠴᠠᠭᠠᠬᠤ ᠲᠥᠰᠥᠯ ︾ ᠤᠨ ᠪᠦᠲᠦᠴᠡ ᠵᠢᠴᠢ ᠭᠤᠣᠯ ᠠᠭᠤᠯᠭ᠎ᠠ      ᠲᠤᠰ ᠲᠥᠰᠥᠯ ᠢ ᠠᠷᠪᠠᠨ ᠬᠡᠰᠡᠭ ᠬᠤᠪᠢᠶᠠᠪᠠ︔      ᠨᠢᠭᠡᠳᠦᠭᠡᠷ ᠬᠡᠰᠡᠭ᠂ ᠶᠡᠷᠦᠩᠬᠡᠢ ᠳᠦᠷᠢᠮ᠃ ᠲᠤᠭᠤᠷᠪᠢᠭᠰᠠᠨ ᠵᠣᠷᠢᠯᠭ᠎ᠠ᠂ ᠲᠤᠭᠤᠷᠪᠢᠭᠰᠠᠨ ᠦᠨᠳᠦᠰᠦᠯᠡᠯ᠂ ᠠᠵᠢᠯ ᠤᠨ ᠵᠠᠷᠴᠢᠮ ᠪᠠ ᠬᠡᠷᠡᠭᠯᠡᠬᠦ ᠬᠡᠪᠴᠢᠶ᠎ᠡ ᠶᠢ ᠲᠣᠳᠣᠷᠬᠠᠶᠢᠯᠠᠪᠠ᠃      ᠬᠤᠶᠠᠳᠤᠭᠠᠷ ᠬᠡᠰᠡᠭ᠂ ᠰᠠᠴᠤᠷᠠᠭ ᠤᠨ ᠠᠳᠡᠯ ᠢ ᠲᠡᠰ ᠬᠤᠪᠢᠶᠠᠬᠤ᠃ ᠰᠠᠴᠤᠷᠠᠭ ᠤᠨ ᠠᠳᠡᠯ ᠤᠨ ᠲᠡᠰ ᠬᠤᠪᠢᠶᠠᠬᠤ ᠪᠠᠶᠢᠳᠠᠯ ᠢ ᠲᠣᠳᠣᠷᠬᠠᠶᠢᠯᠠᠪᠠ᠃      ᠭᠤᠷᠪᠠᠳᠤᠭᠠᠷ ᠬᠡᠰᠡᠭ᠂ ᠵᠣᠬᠢᠶᠠᠨ ᠪᠠᠶᠢᠭᠤᠯᠵᠤ ᠵᠢᠯᠤᠭᠤᠳᠬᠤ ᠲᠣᠭᠲᠠᠯᠴᠠᠭ᠎ᠠ᠃ ᠬᠤᠰᠢᠭᠤᠨ ᠤ ᠰᠠᠴᠤᠷᠠᠭ ᠤᠨ ᠠᠳᠡᠯ ᠤᠨ ᠪᠠᠴᠢᠮ ᠪᠠᠶᠢᠳᠠᠯ ᠢ ᠠᠷᠭᠠᠴᠠᠭᠠᠬᠤ ᠵᠣᠬᠢᠶᠠᠨ ᠪᠠᠶᠢᠭᠤᠯᠵᠤ ᠵᠢᠯᠤᠭᠤᠳᠬᠤ ᠪᠠᠶᠢᠭᠤᠯᠤᠮᠵᠢ᠂ ᠬᠤᠰᠢᠭᠤᠨ ᠤ ᠰᠠᠴᠤᠷᠠᠭ ᠤᠨ ᠠᠳᠡᠯ ᠤᠨ ᠪᠠᠴᠢᠮ ᠪᠠᠶᠢᠳᠠᠯ ᠢ ᠠᠷᠭᠠᠴᠠᠭᠠᠬᠤ ᠠᠯᠪᠠᠨ ᠭᠡᠷ᠂ ᠬᠤᠰᠢᠭᠤᠨ ᠤ ᠰᠠᠴᠤᠷᠠᠭ ᠤᠨ ᠠᠳᠡᠯ ᠤᠨ ᠪᠠᠴᠢᠮ ᠪᠠᠶᠢᠳᠠᠯ ᠢ ᠠᠷᠭᠠᠴᠠᠭᠠᠬᠤ ᠠᠵᠢᠯ ᠤᠨ ᠳᠤᠭᠤᠶᠢᠯᠠᠩ ᠤᠨ ᠪᠦᠷᠢᠯᠳᠦᠭᠦᠨ ᠵᠢᠴᠢ ᠲᠤᠰᠢᠶᠠᠯ ᠬᠠᠷᠢᠭᠤᠴᠠᠯᠭ᠎ᠠ ᠶᠢ ᠲᠣᠳᠣᠷᠬᠠᠶᠢᠯᠠᠪᠠ︔ ᠲᠤᠬᠠᠢ ᠶᠢᠨ ᠲᠠᠯᠠᠪᠤᠷ ᠤᠨ ᠵᠢᠯᠤᠭᠤᠳᠬᠤ ᠪᠠᠶᠢᠭᠤᠯᠤᠮᠵᠢ ᠶᠢ ᠪᠠᠶᠢᠭᠤᠯᠬᠤ ᠨᠥᠬᠦᠴᠡᠯ ᠵᠢᠴᠢ ᠬᠠᠮᠢᠶ᠎ᠠ ᠪᠦᠬᠦᠢ ᠱᠠᠭᠠᠷᠳᠠᠯᠭ᠎ᠠ ᠶᠢ ᠲᠣᠳᠣᠷᠬᠠᠶᠢᠯᠠᠪᠠ︔ ᠴᠥᠮ᠎ᠡ ᠶᠢᠨ ᠮᠡᠷᠭᠡᠵᠢᠯ ᠢ ᠠᠰᠢᠭᠯᠠᠬᠤ ᠨᠢᠭᠡᠴᠡ ᠶᠢᠨ ᠲᠤᠰᠢᠶᠠᠯ ᠬᠠᠷᠢᠭᠤᠴᠠᠯᠭ᠎ᠠ ᠶᠢ ᠲᠣᠳᠣᠷᠬᠠᠶᠢᠯᠠᠪᠠ᠃      ᠳᠥᠷᠪᠡᠳᠦᠭᠡᠷ ᠬᠡᠰᠡᠭ᠂ ᠠᠶᠤᠯ ᠲᠦᠭᠰᠢᠭᠦᠷᠢ ᠶᠢ ᠰᠡᠷᠭᠡᠶᠢᠯᠡᠨ ᠡᠵᠡᠮᠳᠡᠬᠦ᠂ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠬᠦ ᠪᠠ ᠮᠡᠳᠡᠭᠡ ᠵᠠᠩᠭᠢ ᠶᠢᠨ ᠮᠡᠳᠡᠭᠦᠯᠦᠯᠲᠡ᠃ ᠰᠠᠴᠤᠷᠠᠭ ᠤᠨ ᠠᠳᠡᠯ ᠢ ᠰᠡᠷᠭᠡᠶᠢᠯᠡᠨ ᠠᠷᠭᠠᠴᠠᠭᠠᠬᠤ ᠠᠵᠢᠯᠯᠠᠭᠠᠨ ᠤ ᠵᠣᠬᠢᠴᠠᠮᠵᠢ ᠶᠢ ᠪᠠᠶᠢᠭᠤᠯᠵᠤ᠂ ᠮᠡᠳᠡᠭᠡ ᠵᠠᠩᠭᠢ ᠶᠢᠨ ᠮᠡᠳᠡᠭᠦᠯᠦᠯᠲᠡ ᠶᠢᠨ ᠮᠡᠳᠡᠭᠦᠯᠬᠦ ᠠᠯᠬᠤᠮ ᠳᠠᠷᠠᠭᠠᠯᠠᠯ᠂ ᠮᠡᠳᠡᠭᠦᠯᠬᠦ ᠠᠭᠤᠯᠭ᠎ᠠ ᠶᠢ ᠲᠣᠭᠲᠠᠭᠠᠪᠠ᠃      ᠲᠠᠪᠤᠳᠤᠭᠠᠷ ᠬᠡᠰᠡᠭ᠂ ᠪᠠᠴᠢᠮ ᠪᠠᠶᠢᠳᠠᠯ ᠢ ᠠᠷᠭᠠᠴᠠᠭᠠᠬᠤ ᠬᠠᠷᠢᠭᠤ ᠲᠤᠰᠬᠠᠯ᠃ ᠠᠳᠠᠯᠢ ᠪᠤᠰᠤ ᠲᠠᠰ ᠤᠨ ᠰᠠᠴᠤᠷᠠᠭ ᠤᠨ ᠠᠳᠡᠯ ᠡᠭᠦᠰᠬᠦ ᠦᠶᠡᠰ ᠤᠨ ᠬᠠᠷᠢᠭᠤ ᠲᠤᠰᠬᠠᠯ ᠤᠨ ᠲᠠᠰ ᠵᠢᠴᠢ ᠬᠠᠷᠢᠭᠤ ᠲᠤᠰᠬᠠᠯ ᠤᠨ ᠠᠵᠢᠯᠯᠠᠭ᠎ᠠ ᠶᠢ ᠲᠣᠳᠣᠷᠬᠠᠶᠢᠯᠠᠪᠠ᠃      ᠵᠢᠷᠭᠤᠳᠤᠭᠠᠷ ᠬᠡᠰᠡᠭ᠂ ᠬᠠᠷᠢᠭᠤ ᠲᠤᠰᠬᠠᠯ ᠢ ᠳᠠᠭᠤᠰᠬᠠᠬᠤ᠃ ᠬᠠᠷᠢᠭᠤ ᠲᠤᠰᠬᠠᠯ ᠢ ᠳᠠᠭᠤᠰᠬᠠᠬᠤ ᠨᠥᠬᠦᠴᠡᠯ᠂ ᠬᠠᠷᠢᠭᠤ ᠲᠤᠰᠬᠠᠯ ᠢ ᠳᠠᠭᠤᠰᠬᠠᠬᠤ ᠠᠯᠬᠤᠮ ᠳᠠᠷᠠᠭᠠᠯᠠᠯ ᠢ ᠲᠣᠭᠲᠠᠭᠠᠪᠠ᠃      ᠳᠣᠯᠣᠳᠤᠭᠠᠷ ᠬᠡᠰᠡᠭ᠂ ᠰᠡᠭᠦᠯᠴᠢ ᠶᠢᠨ ᠬᠤᠭᠤᠴᠠᠭᠠᠨ ᠤ ᠰᠢᠢᠳᠪᠦᠷᠢᠯᠡᠯᠲᠡ᠃ ᠪᠠᠴᠢᠮ ᠪᠠᠶᠢᠳᠠᠯ ᠢ ᠠᠷᠭᠠᠴᠠᠭᠠᠬᠤ ᠪᠠᠶᠢᠳᠠᠯ ᠳᠠᠭᠤᠰᠤᠭᠰᠠᠨ ᠤ ᠳᠠᠷᠠᠭᠠᠬᠢ ᠬᠤᠶᠢᠲᠤᠬᠢ ᠶᠠᠪᠤᠳᠠᠯ ᠢ ᠰᠢᠢᠳᠪᠦᠷᠢᠯᠡᠬᠦ᠂ ᠪᠠᠶᠢᠴᠠᠭᠠᠯᠲᠠ ᠬᠢᠬᠦ ᠪᠠ ᠦᠨᠡᠯᠡᠨ ᠵᠢᠱᠢᠬᠦ᠂ ᠳ᠋ᠦᠩᠨᠡᠨ ᠮᠡᠳᠡᠭᠦᠯᠬᠦ ᠶᠢᠨ ᠬᠠᠮᠢᠶ᠎ᠠ ᠪᠦᠬᠦᠢ ᠱᠠᠭᠠᠷᠳᠠᠯᠭ᠎ᠠ ᠶᠢ ᠳᠤᠷᠠᠳᠪᠠ᠃      ᠨᠠᠢᠮᠠᠳᠤᠭᠠᠷ ᠬᠡᠰᠡᠭ᠂ ᠪᠠᠴᠢᠮ ᠪᠠᠶᠢᠳᠠᠯ ᠢ ᠠᠷᠭᠠᠴᠠᠭᠠᠬᠤ ᠪᠡᠯᠡᠳᠬᠡᠯ ᠪᠠ ᠪᠠᠲᠤᠯᠠᠭ᠎ᠠ ᠶᠢᠨ ᠠᠷᠭ᠎ᠠ ᠬᠡᠮᠵᠢᠶ᠎ᠡ᠃ ᠡᠩᠨᠡᠭᠡ᠂ ᠮᠡᠷᠭᠡᠵᠢᠯ᠂ ᠪᠡᠯᠡ ᠮᠥᠩᠭᠦ᠂ ᠡᠳ᠋ ᠪᠣᠳᠠᠰ ᠲᠣᠨᠣᠭᠯᠠᠯ᠂ ᠵᠠᠮ ᠬᠠᠷᠢᠯᠴᠠᠭ᠎ᠠ ᠪᠠ ᠲᠡᠭᠡᠭᠡᠪᠦᠷᠢ ᠵᠡᠷᠭᠡ ᠶᠢᠨ ᠪᠠᠲᠤᠯᠠᠭ᠎ᠠ ᠶᠢᠨ ᠱᠠᠭᠠᠷᠳᠠᠯᠭ᠎ᠠ ᠶᠢ ᠳᠤᠷᠠᠳᠪᠠ᠃      ᠶᠢᠰᠦᠳᠦᠭᠡᠷ ᠬᠡᠰᠡᠭ᠂ ᠪᠠᠴᠢᠮ ᠪᠠᠶᠢᠳᠠᠯ ᠢ ᠠᠷᠭᠠᠴᠠᠭᠠᠬᠤ ᠴᠢᠳᠠᠪᠤᠷᠢ ᠶᠢᠨ ᠬᠡᠪ ᠤᠨ ᠪᠠᠷᠢᠮᠲᠠᠯᠠᠯ᠃ ᠤᠬᠠᠭᠤᠯᠭ᠎ᠠ ᠬᠥᠮᠦᠵᠢᠯ᠂ ᠪᠣᠯᠪᠠᠰᠤᠷᠠᠭᠤᠯᠤᠯ ᠪᠠ ᠰᠣᠷᠢᠯᠲᠠ᠂ ᠪᠠᠴᠢᠮ ᠪᠠᠶᠢᠳᠠᠯ ᠢ ᠠᠷᠭᠠᠴᠠᠭᠠᠬᠤ ᠵᠢᠵᠢᠭᠦᠷ ᠰᠠᠬᠢᠯᠭ᠎ᠠ ᠵᠡᠷᠭᠡ ᠬᠠᠮᠢᠶ᠎ᠠ ᠪᠦᠬᠦᠢ ᠠᠭᠤᠯᠭ᠎ᠠ ᠶᠢ ᠲᠣᠭᠲᠠᠭᠠᠪᠠ᠃      ᠠᠷᠪᠠᠳᠤᠭᠠᠷ ᠬᠡᠰᠡᠭ᠂ ᠳᠠᠭᠠᠯᠳᠤᠭᠤᠯᠤᠭᠰᠠᠨ ᠳᠦᠷᠢᠮ᠃ ᠱᠠᠩᠨᠠᠯ ᠬᠥᠬᠢᠭᠦᠯᠦᠯ ᠪᠠ ᠬᠠᠷᠢᠭᠤᠴᠠᠯᠭ᠎ᠠ᠂ ᠲᠥᠰᠥᠯ ᠤᠨ ᠬᠠᠮᠢᠶᠠᠷᠤᠯᠲᠠ᠂ ᠲᠠᠶᠢᠯᠪᠤᠷᠢᠯᠠᠯᠲᠠ ᠵᠢᠴᠢ ᠬᠡᠷᠡᠭᠵᠢᠭᠦᠯᠦᠯᠲᠡ᠂ ᠨᠡᠷ᠎ᠡ ᠲᠣᠮᠢᠶ᠎ᠠ ᠶᠢᠨ ᠲᠠᠶᠢᠯᠪᠤᠷᠢᠯᠠᠯᠲᠠ ᠵᠡᠷᠭᠡ ᠠᠭᠤᠯᠭ᠎ᠠ ᠶᠢ ᠪᠠᠭᠲᠠᠭᠠᠪᠠ᠃
 
ᠢᠷᠡᠯᠲᠡ᠄ ᠬᠡᠰᠢᠭᠲᠡᠨ ᠬᠣᠰᠢᠭᠤᠨ ᠤ ᠠᠷᠠᠳ ᠤᠨ ᠵᠠᠰᠠᠭ ᠤᠨ ᠣᠷᠳᠣᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备09001939号