ᠦᠵᠡᠮᠵᠢ ᠶᠢᠨ ᠣᠷᠣᠨ ᠤ ︽ᠨᠢᠭᠡ ᠯᠡ ᠤᠳᠠᠭ᠎ᠠ ᠶᠢᠨ ᠴᠢᠨᠠᠷᠲᠠᠢ ᠬᠡᠷᠡᠭᠯᠡᠭᠡ︾᠎ ᠶᠢᠨ ᠬᠠᠴᠢᠨ ᠦᠵᠡᠭᠳᠡᠯ ᠢ ᠴᠡᠭᠴᠡᠯᠡᠶ᠎ᠡ
ᠨᠡᠶᠢᠲᠡᠯᠡᠭᠰᠡᠨ ᠴᠠᠭ᠄
2024/4/17
     ᠬᠠᠩᠰᠢ ᠶᠢᠨ ᠠᠮᠠᠷᠠᠯᠲᠠ ᠶᠢᠨ ᠬᠤᠭᠤᠴᠠᠭᠠᠨ ᠳᠤ ᠬᠡᠭᠡᠷ᠎ᠡ ᠵᠤᠭᠠᠴᠠᠨ ᠠᠭᠤᠯᠠ ᠠᠪᠠᠷᠢᠬᠤ᠂ ᠴᠡᠴᠡᠭ ᠰᠣᠨᠢᠷᠬᠠᠬᠤ ᠬᠥᠮᠥᠰ ᠣᠯᠠᠰᠢᠷᠠᠵᠤ᠂ ᠬᠠᠮᠢᠶ᠎ᠠ ᠪᠦᠬᠦᠢ ᠬᠠᠶᠢᠯᠲᠠ ᠴᠤ ᠳᠠᠭᠢᠨ ᠢᠶᠠᠷ ᠨᠡᠮᠡᠭᠳᠡᠵᠡᠢ᠃ ᠭᠡᠲᠡᠯ᠎ᠡ ᠴᠥᠭᠡᠨ ᠪᠤᠰᠤ ᠵᠢᠭᠤᠯᠴᠢᠯᠠᠬᠰᠠᠳ ᠵᠠᠷᠢᠮ ᠦᠵᠡᠮᠵᠢ ᠶᠢᠨ ᠣᠷᠣᠨ ᠳᠤ ᠨᠢᠭᠡ ᠯᠡ ᠤᠳᠠᠭ᠎ᠠ ᠲᠣᠭᠤᠷᠢᠭᠠᠳ ᠨᠢᠭᠡ ᠯᠡ ᠤᠳᠠᠭ᠎ᠠ ᠬᠤᠭᠤᠯᠠ ᠢᠳᠡᠭᠡᠳ ᠶᠠᠪᠤᠴᠢᠬᠠᠳᠠᠭ᠂ ᠲᠠᠭᠢᠵᠦ ᠢᠷᠡᠬᠦ ᠳᠤᠷ᠎ᠠ ᠦᠭᠡᠢ ᠪᠣᠯᠴᠢᠬᠠᠳᠠᠭ᠃ ᠣᠬᠤᠷ ᠬᠤᠭᠤᠴᠠᠭ᠎ᠠ ᠠᠴᠠ ᠦᠵᠡᠪᠡᠯ᠂ ᠵᠢᠭᠤᠯᠴᠢᠯᠠᠬᠰᠠᠳ ᠤᠨ ︽ᠨᠢᠭᠡ ᠯᠡ ᠤᠳᠠᠭ᠎ᠠ ᠶᠢᠨ ᠴᠢᠨᠠᠷᠲᠠᠢ ᠬᠡᠷᠡᠭᠯᠡᠭᠡ︾᠎ ᠨᠢ ᠦᠵᠡᠮᠵᠢ ᠶᠢᠨ ᠣᠷᠣᠨ ᠪᠠ ᠦᠵᠡᠮᠵᠢ ᠶᠢᠨ ᠣᠷᠣᠨ ᠤ ᠳᠣᠲᠣᠷᠠᠬᠢ ᠬᠤᠳᠠᠯᠳᠤᠭᠠᠴᠢᠳ ᠲᠤ ᠵᠣᠬᠢᠬᠤ ᠬᠡᠮᠵᠢᠶᠡᠨ ᠤ ᠠᠰᠢᠭ ᠬᠤᠨᠵᠢᠪᠤᠷᠢ ᠣᠯᠭᠤᠭᠰᠠᠨ ᠪᠤᠯᠪᠠᠴᠤ ᠣᠷᠳᠣ ᠬᠤᠭᠤᠴᠠᠭᠠᠨ ᠤ ᠬᠥᠭᠵᠢᠯᠲᠡ ᠠᠴᠠ ᠦᠵᠡᠪᠡᠯ᠂ ᠦᠵᠡᠮᠵᠢ ᠶᠢᠨ ᠣᠷᠣᠨ ᠤ ᠬᠥᠭᠵᠢᠯᠲᠡ ᠳᠤ ᠠᠰᠢᠭ ᠦᠭᠡᠢ᠂ ᠬᠤᠳᠠᠯᠳᠤᠭᠠᠴᠢᠳ ᠤᠨ ᠤᠷᠤᠯᠭ᠎ᠠ ᠨᠡᠮᠡᠭᠳᠡᠬᠦ ᠳᠤ ᠬᠦᠴᠢᠷᠳᠡᠯ ᠤᠴᠠᠷᠠᠭᠤᠯᠬᠤ ᠪᠣᠯᠣᠨ᠎ᠠ᠃      ᠬᠡᠳᠦᠶᠢᠪᠡᠷ ᠣᠶᠢᠷ᠎ᠠ ᠶᠢᠨ ᠵᠢᠯ ᠤᠳ ᠲᠤ ᠵᠢᠭᠤᠯᠴᠢᠯᠠᠯ ᠤᠨ ᠵᠠᠬ᠎ᠠ ᠳᠡᠯᠭᠡᠭᠦᠷ ᠤᠨ ᠬᠠᠩᠭᠠᠯᠭ᠎ᠠ ᠰᠢᠯᠢᠳᠡᠭᠵᠢᠵᠦ ᠪᠠᠶᠢᠭ᠎ᠠ ᠪᠤᠯᠪᠠᠴᠤ ᠵᠠᠷᠢᠮ ᠦᠵᠡᠮᠵᠢ ᠶᠢᠨ ᠣᠷᠣᠨ᠂ ᠦᠵᠡᠮᠵᠢ ᠶᠢᠨ ᠣᠷᠣᠨ ᠤ ᠬᠠᠩᠭᠠᠭᠰᠠᠨ ᠦᠢᠯᠡᠳᠬᠦᠨ᠂ ᠢᠵᠢ ᠪᠦᠷᠢᠳᠦᠭᠰᠡᠨ ᠦᠢᠯᠡᠴᠢᠯᠡᠭᠡ ᠳᠤ ᠮᠥᠨ ᠬᠦ ᠨᠡᠷ᠎ᠡ ᠨᠢᠳᠡᠷ ᠲᠡᠭᠡᠨ ᠥᠯᠥ ᠨᠡᠶᠢᠴᠡᠬᠦ᠂ ᠦᠨ᠎ᠡ ᠬᠠᠩᠰᠢ ᠨᠢ ᠭᠡᠲᠦ ᠥᠨᠳᠥᠷ ᠪᠠᠶᠢᠬᠤ ᠠᠰᠠᠭᠤᠳᠠᠯ ᠣᠷᠣᠰᠢᠵᠤ ᠪᠠᠶᠢᠨ᠎ᠠ᠃ ᠵᠠᠷᠢᠮ ᠬᠤᠳᠠᠯᠳᠤᠭᠠᠴᠢᠳ ᠵᠢᠭᠤᠯᠴᠢᠯᠠᠬᠰᠠᠳ ᠤᠨ ︽ᠵᠤᠭᠠᠴᠠᠯ ᠤᠨ ᠭᠠᠵᠠᠷ ᠢᠷᠡᠴᠢᠬᠡᠭᠰᠡᠨ ᠶᠤᠮ ᠴᠢᠨᠢ ᠶᠠᠭᠠᠬᠢᠯ᠎ᠠ ᠴᠤ ᠲᠣᠭᠤᠷᠢᠵᠤ ᠣᠶᠢᠯᠠᠭᠠᠭᠠᠳ ᠶᠠᠪᠤᠶ᠎ᠠ︾᠂ ︽ᠨᠢᠭᠡ ᠲᠣᠭᠤᠷᠢᠬᠤ ᠪᠠᠷ ᠭᠠᠷᠴᠤ ᠢᠷᠡᠬᠦ ᠴᠢᠨᠢ ᠲᠡᠶᠢᠮᠦ ᠠᠮᠤᠷ ᠶᠠᠪᠤᠳᠠᠯ ᠪᠢᠰᠢ᠂ ᠦᠨᠡᠲᠡᠢ ᠪᠣᠯᠪᠠᠯ ᠦᠨᠡᠲᠡᠢ᠂ ᠠᠪᠤᠴᠢᠬᠠᠶ᠎ᠠ ︾ ᠭᠡᠬᠦ ᠰᠡᠳᠬᠢᠴᠡ ᠶᠢ ᠠᠳᠬᠤᠵᠤ᠂ ᠲᠠᠸᠠᠷ ᠪᠣᠯᠣᠨ ᠦᠢᠯᠡᠴᠢᠯᠡᠭᠡᠨ ᠤ ᠴᠢᠨᠠᠷ ᠴᠢᠨᠰᠠᠭ᠎ᠠ ᠶᠢ ᠳᠡᠭᠡᠭᠰᠢᠯᠡᠭᠦᠯᠭᠦ ᠶᠢ ᠳᠡᠮᠡᠢ ᠬᠠᠮᠢᠶᠠᠷᠬᠤ ᠦᠭᠡᠢ ᠬᠠᠷᠢᠨ ᠢᠯᠡᠭᠦᠦ ᠬᠤᠳᠠᠯᠳᠤᠵᠤ ᠭᠠᠷᠭᠠᠬᠤ ᠶᠢ ᠯᠠ ᠠᠩᠬᠠᠷᠳᠠᠭ᠃ ᠡᠭᠦᠨ ᠠᠴᠠ ᠪᠣᠯᠵᠤ ᠮᠠᠰᠢ ᠣᠯᠠᠨ ᠵᠢᠭᠤᠯᠴᠢᠯᠠᠯ ᠤᠨ ᠦᠢᠯᠡᠳᠬᠦᠨ ᠪᠠ ᠦᠢᠯᠡᠴᠢᠯᠡᠭᠡ ᠨᠢ ︽ᠨᠢᠭᠡ ᠯᠡ ᠤᠳᠠᠭ᠎ᠠ ᠶᠢᠨ ᠴᠢᠨᠠᠷᠲᠠᠢ ᠬᠡᠷᠡᠭᠯᠡᠭᠡ︾ ᠪᠣᠯᠵᠤ᠂ ᠴᠥᠭᠡᠨ ᠪᠤᠰᠤ ᠬᠡᠷᠡᠭᠯᠡᠭᠴᠢᠳ ︽ᠨᠢᠭᠡ ᠤᠳᠠᠭ᠎ᠠ ᠲᠤᠷᠰᠢᠵᠤ ᠦᠵᠡᠪᠡᠯ ᠳᠠᠭᠢᠵᠤ ᠠᠪᠴᠤ ᠬᠡᠷᠡᠭᠯᠡᠶ᠎ᠡ ᠭᠡᠵᠦ ᠪᠤᠳᠤᠬᠤ ᠪᠠᠨ ᠪᠣᠯᠢᠴᠢᠬᠠᠨ᠎ᠠ︾ ᠭᠡᠵᠦ ᠬᠡᠯᠡᠵᠡᠭᠡᠵᠦ ᠪᠠᠶᠢᠨ᠎ᠠ᠃      ᠦᠵᠡᠮᠵᠢ ᠶᠢᠨ ᠣᠷᠣᠨ ᠤ ᠬᠡᠷᠡᠭᠯᠡᠭᠡ ᠪᠣᠯ ᠦᠵᠡᠮᠵᠢ ᠶᠢᠨ ᠣᠷᠣᠨ ᠤ ᠡᠷᠡᠭᠦᠯ ᠢᠶᠠᠷ ᠦᠷᠭᠦᠯᠵᠢᠯᠡᠨ ᠬᠥᠭᠵᠢᠬᠦ ᠶᠢᠨ ᠵᠠᠩᠭᠢᠯᠠᠭ᠎ᠠ ᠶᠢᠨ ᠬᠦᠴᠦᠨ ᠵᠦᠢᠯ ᠪᠠ ᠴᠢᠬᠤᠯᠠ ᠦᠨᠡᠯᠡᠬᠦ ᠪᠠᠷᠢᠮᠵᠢᠶ᠎ᠠ ᠮᠥᠨ᠂ ᠬᠡᠷᠪᠡ ᠦᠵᠡᠮᠵᠢ ᠶᠢᠨ ᠣᠷᠣᠨ ᠤ ᠳᠠᠭᠢᠨ ᠵᠢᠭᠤᠯᠴᠢᠯᠠᠬᠤ ᠨᠣᠷᠮ᠎ᠠ ᠨᠡᠯᠢᠶᠡᠳ ᠳᠣᠣᠷ᠎ᠠ ᠵᠡᠷᠭᠡ ᠪᠤᠰᠤᠳᠴᠢ ᠰᠢᠯᠲᠠᠭᠠᠨ ᠠᠴᠠ ᠪᠣᠯᠵᠤ ᠡᠵᠡᠩᠨᠡᠯᠲᠡ ᠶᠢᠨ ᠪᠠᠷᠢᠮᠵᠢᠶ᠎ᠠ ᠶᠢ ᠪᠠᠭᠤᠷᠠᠭᠤᠯᠬᠤ ᠳᠤ ᠭᠦᠷᠪᠡᠯ ᠪᠦᠭᠦ᠋ᠢᠯᠡ ᠦᠵᠡᠮᠵᠢ ᠶᠢᠨ ᠣᠷᠣᠨ ᠤ ᠵᠢᠭᠤᠯᠴᠢᠯᠠᠬᠰᠠᠳ ᠲᠤ ᠥᠭᠬᠦ ᠲᠥᠷᠥᠭᠳᠡᠯ ᠢ ᠨᠥᠯᠥᠭᠡᠯᠡᠵᠦ᠂ ᠡᠴᠦᠰ ᠲᠡᠭᠡᠨ ᠦᠵᠡᠮᠵᠢ ᠶᠢᠨ ᠣᠷᠣᠨ ᠤ ᠠᠰᠢᠭ ᠲᠤᠰᠠ ᠶᠢ ᠬᠤᠬᠢᠷᠠᠭᠤᠯᠬᠤ ᠨᠢ ᠯᠠᠪᠲᠠᠢ ᠶᠤᠮ᠃ ᠣᠳᠣᠬᠠᠨ ᠳᠤ᠂ ᠣᠯᠠᠩᠬᠢ ᠵᠢᠭᠤᠯᠴᠢᠯᠠᠯ ᠤᠨ ᠦᠵᠡᠮᠵᠢ ᠶᠢᠨ ᠣᠷᠣᠨ ᠤ ᠳᠠᠭᠢᠨ ᠵᠢᠭᠤᠯᠴᠢᠯᠠᠬᠤ ᠨᠣᠷᠮ᠎ᠠ ᠥᠨᠳᠥᠷ ᠪᠢᠰᠢ ᠪᠠᠶᠢᠨ᠎ᠠ᠂ ᠡᠨᠡ ᠨᠢ ᠨᠢᠭᠡ ᠬᠡᠮᠵᠢᠶᠡᠨ ᠳᠤ ᠦᠵᠡᠮᠵᠢ ᠶᠢᠨ ᠣᠷᠣᠨ ᠤ ᠴᠢᠨᠠᠷ ᠰᠠᠶᠢᠲᠠᠢ ᠬᠥᠭᠵᠢᠯᠲᠡ ᠶᠢᠨ ᠬᠥᠳᠡᠯᠭᠡᠬᠦ ᠬᠦᠴᠦᠨ ᠢ ᠬᠦᠷᠦᠯᠴᠡᠬᠦ ᠦᠭᠡᠢ ᠪᠤᠯᠭᠠᠵᠤ᠂ ︽ᠨᠢᠭᠡ ᠯᠡ ᠤᠳᠠᠭ᠎ᠠ ᠶᠢᠨ ᠴᠢᠨᠠᠷᠲᠠᠢ ᠬᠡᠷᠡᠭᠯᠡᠭᠡ︾ ᠶᠡᠭᠡ ᠳᠡᠯᠭᠡᠷᠡᠵᠦ ᠪᠠᠶᠢᠨ᠎ᠠ᠂ ᠭᠡᠪᠡᠴᠦ ᠡᠭᠦᠨ ᠤ ᠦᠨᠳᠦᠰᠦᠨ ᠰᠢᠯᠲᠠᠭᠠᠨ ᠨᠢ ᠮᠥᠨ ᠯᠡ ᠡᠵᠡᠩᠨᠡᠯᠲᠡ ᠬᠠᠮᠢᠶᠠᠷᠤᠯᠲᠠ ᠶᠢᠨ ᠴᠢᠳᠠᠪᠤᠷᠢ ᠠᠨᠠᠢ ᠪᠠᠶᠢᠬᠤ ᠳᠤ ᠣᠷᠣᠰᠢᠨ᠎ᠠ᠃      ᠵᠢᠭᠤᠯᠴᠢᠯᠠᠬᠰᠠᠳ ᠤᠨ ᠦᠵᠡᠮᠵᠢ ᠶᠢᠨ ᠣᠷᠣᠨ ᠳᠤ ᠠᠩᠬ᠎ᠠ ᠤᠳᠠᠭ᠎ᠠ ᠲᠣᠭᠤᠷᠢᠬᠤ ᠪᠠᠷ ᠬᠦᠷᠬᠦ ᠳᠤ ᠶᠡᠷᠦ ᠎ ᠨᠢ ᠰᠣᠨᠢᠭᠤᠴᠢ ᠰᠡᠳᠬᠢᠯ ᠢᠶᠠᠷ ᠳᠦᠭᠦᠷᠡᠩ᠂ ᠰᠢᠨ᠎ᠡ ᠰᠡᠪᠡᠭᠦᠨ ᠰᠡᠳᠬᠢᠭᠳᠡᠯ ᠲᠠᠢ ᠪᠠᠶᠢᠳᠠᠭ᠂ ᠭᠡᠪᠡᠴᠦ ᠨᠢᠭᠡ ᠤᠳᠠᠭ᠎ᠠ ᠣᠴᠢᠭᠰᠠᠨ ᠤ ᠳᠠᠷᠠᠭ᠎ᠠ ᠰᠣᠨᠢᠭᠤᠴᠢ ᠰᠡᠳᠬᠢᠯ ᠦᠭᠡᠢ ᠪᠣᠯᠵᠤ᠂ ᠰᠢᠨ᠎ᠡ ᠰᠡᠪᠡᠭᠦᠨ ᠰᠠᠨᠠᠭᠳᠠᠬᠤ ᠦᠭᠡᠢ ᠪᠣᠯᠵᠤ᠂ ᠬᠤᠶᠠᠳᠠᠭᠢ ᠤᠳᠠᠭ᠎ᠠ ᠲᠤᠷᠰᠢᠵᠤ ᠦᠵᠡᠬᠦ᠂ ᠳᠠᠭᠢᠨ ᠳᠠᠪᠲᠠᠨ ᠬᠡᠷᠡᠭᠯᠡᠭᠡ ᠬᠢᠬᠦ ᠪᠤᠳᠣᠯ ᠴᠤ ᠦᠭᠡᠢ ᠪᠤᠯᠳᠠᠭ ᠃ ᠵᠠᠷᠢᠮ ᠵᠢᠭᠤᠯᠴᠢᠯᠠᠯ ᠤᠨ ᠦᠢᠯᠡᠳᠬᠦᠨ ᠪᠤᠶᠤ ᠦᠢᠯᠡᠴᠢᠯᠡᠭᠡ ᠶᠢ ᠦᠵᠡᠬᠦ ᠳᠤ ᠶᠡᠭᠡ ᠬᠦᠷᠢᠶᠡᠯᠡᠯ ᠲᠠᠢ ᠰᠠᠨᠠᠭᠳᠠᠳᠠᠭ ᠴᠤ ᠬᠠᠭᠤᠴᠢᠨ ᠵᠣᠴᠢᠳ ᠢ ᠲᠠᠲᠠᠬᠤ ᠳᠤ ᠪᠡᠷᠬᠡ ᠪᠠᠶᠢᠳᠠᠭ᠃ ᠴᠥᠭᠡᠨ ᠪᠤᠰᠤ ᠦᠵᠡᠮᠵᠢ ᠶᠢᠨ ᠣᠷᠣᠨ ᠤ ᠡᠵᠡᠩᠨᠡᠭᠴᠢ ᠴᠦ ᠭᠠᠳᠠᠷ ᠣᠷᠣᠨ ᠤ ᠵᠢᠭᠤᠯᠴᠢᠯᠠᠬᠰᠠᠳ ᠲᠤ ︽ᠨᠢᠭᠡ ᠯᠡ ᠤᠳᠠᠭᠠᠨ ᠤ ᠮᠠᠶᠢᠮᠠᠢ︾᠎ ᠶᠢᠨ ᠰᠡᠳᠬᠢᠴᠡ ᠪᠠᠷ ᠬᠠᠨᠳᠤᠵᠤ ᠪᠠᠶᠢᠨ᠎ᠠ᠂ ᠡᠨᠡ ᠨᠢ ᠵᠢᠭᠤᠯᠴᠢᠯᠠᠯ ᠤᠨ ᠦᠵᠡᠮᠵᠢ ᠶᠢᠨ ᠣᠷᠣᠨ ᠤ ᠣᠷᠣᠰᠢᠨ ᠲᠣᠭᠲᠠᠨᠢᠬᠤ ᠪᠠ ᠪᠠᠳᠠᠷᠠᠨ ᠬᠥᠭᠵᠢᠬᠦ ᠳᠤ ᠶᠠᠷᠢᠶᠠᠨ ᠦᠭᠡᠢ ︽ᠲᠠᠭᠢᠶ᠎ᠠ ᠠᠯᠠᠵᠤ ᠥᠨᠳᠡᠭᠡ ᠶᠢ ᠨᠢ ᠠᠪᠬᠤ ᠶᠠᠪᠤᠳᠠᠯ︾ ᠪᠣᠯᠵᠤ ᠮᠠᠭᠤ ᠨᠥᠯᠥᠭᠡ ᠲᠠᠢ ᠶᠤᠮ᠃      ᠦᠨᠡᠨ ᠳᠡᠭᠡᠨ ᠦᠵᠡᠮᠵᠢ ᠶᠢᠨ ᠣᠷᠣᠨ ᠤ ︽ᠨᠢᠭᠡ ᠯᠡ ᠤᠳᠠᠭ᠎ᠠ ᠶᠢᠨ ᠴᠢᠨᠠᠷᠲᠠᠢ ᠬᠡᠷᠡᠭᠯᠡᠭᠡ︾᠎ ᠶᠢᠨ ᠦᠵᠡᠭᠳᠡᠯ ᠨᠢ ᠶᠠᠭ ᠵᠢᠭᠤᠯᠴᠢᠯᠠᠯ ᠤᠨ ᠬᠡᠷᠡᠭᠯᠡᠭᠡ ᠶᠢᠨ ᠨᠡᠮᠡᠭᠳᠡᠯ ᠢ ᠬᠢᠵᠠᠭᠠᠷᠯᠠᠬᠤ᠂ ᠵᠢᠭᠤᠯᠴᠢᠯᠠᠯ ᠤᠨ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠨᠥᠯᠥᠭᠡᠯᠡᠬᠦ ᠴᠢᠬᠤᠯᠠ ᠬᠦᠴᠦᠨ ᠵᠦᠢᠯ ᠪᠣᠯᠵᠤ ᠪᠠᠶᠢᠨ᠎ᠠ᠃ ᠭᠡᠬᠦ ᠳᠡᠭᠡᠨ ︽ᠨᠢᠭᠡ ᠯᠡ ᠤᠳᠠᠭᠠᠨ ᠤ ᠮᠠᠶᠢᠮᠠᠢ︾᠎ ᠶᠢᠨ ᠬᠠᠴᠢᠨ ᠣᠷᠴᠢᠯ ᠠᠴᠠ ᠮᠤᠯᠲᠤᠷᠠᠨ ᠭᠠᠷᠬᠤ ᠳᠤ ᠡᠷᠬᠡᠪᠰᠢ ᠬᠠᠩᠭᠠᠯᠭ᠎ᠠ ᠶᠢ ᠰᠠᠶᠢᠵᠢᠷᠠᠭᠤᠯᠬᠤ ᠠᠴᠠ ᠭᠠᠷᠳᠠᠬᠤ ᠬᠡᠷᠡᠭᠲᠡᠢ᠂ ᠡᠭᠦᠨ ᠳᠤ ᠦᠵᠡᠮᠵᠢ ᠶᠢᠨ ᠣᠷᠣᠨ ᠪᠠ ᠬᠤᠳᠠᠯᠳᠤᠭᠠᠴᠢᠳ ᠵᠢᠭᠤᠯᠴᠢᠯᠠᠬᠰᠠᠳ ᠤᠨ ᠬᠡᠷᠡᠭᠴᠡᠭᠡ ᠪᠠᠷ ᠤᠳᠤᠷᠢᠳᠤᠮᠵᠢ ᠪᠤᠯᠭᠠᠵᠤ᠂ ᠦᠢᠯᠡᠴᠢᠯᠡᠭᠡᠨ ᠤ ᠲᠠᠯ᠎ᠠ ᠪᠠᠷ ᠲᠤᠭ᠎ᠠ ᠬᠡᠮᠵᠢᠶ᠎ᠡ ᠠᠴᠠ ᠶᠠᠰᠤ ᠴᠢᠨᠠᠷ ᠭᠦᠷᠲᠡᠯ᠎ᠡ ᠴᠥᠮ ᠪᠣᠳᠠᠲᠠᠶᠢᠵᠢᠭᠤᠯᠬᠤ ᠬᠡᠷᠡᠭᠲᠡᠢ᠃ ᠦᠢᠯᠡᠴᠢᠯᠡᠭᠡ ᠨᠢ ᠵᠢᠭᠤᠯᠴᠢᠯᠠᠬᠰᠠᠳ ᠢ ᠤᠯᠠᠮ ᠬᠠᠨᠤᠮᠵᠢᠲᠠᠢ ᠪᠣᠯᠭᠠᠪᠠᠯ ᠦᠵᠡᠮᠵᠢ ᠶᠢᠨ ᠣᠷᠣᠨ ᠤ ᠨᠡᠷ᠎ᠡ ᠬᠦᠨᠳᠦ ᠶᠢ ᠤᠯᠠᠮ ᠰᠠᠶᠢᠨ ᠪᠤᠯᠭᠠᠵᠤ ᠴᠢᠳᠠᠨ᠎ᠠ᠃ ᠬᠡᠷᠪᠡ ᠦᠵᠡᠮᠵᠢ ᠶᠢᠨ ᠣᠷᠣᠨ ᠤ ᠡᠭᠦᠳᠡᠨ ᠪᠢᠯᠧᠲ ᠤᠨ ᠦᠨ᠎ᠡ ᠬᠠᠩᠰᠢ ᠨᠢ ᠲᠣᠬᠢᠷᠠᠮᠵᠢᠲᠠᠢ᠂ ᠦᠢᠯᠡᠴᠢᠯᠡᠭᠡ ᠰᠠᠶᠢᠨ ᠪᠠᠶᠢᠪᠠᠯ ᠵᠢᠭᠤᠯᠴᠢᠯᠠᠬᠰᠠᠳ ᠲᠠᠭᠢᠨ ᠢᠷᠡᠵᠦ ᠵᠤᠭᠠᠴᠠᠵᠤ ᠨᠢ ᠯᠠᠪᠲᠠᠢ᠃      ᠦᠵᠡᠮᠵᠢ ᠶᠢᠨ ᠣᠷᠣᠨ ᠤ ᠡᠵᠡᠩᠨᠡᠭᠴᠢ ᠪᠠ ᠬᠤᠳᠠᠯᠳᠤᠭᠠᠴᠢᠨ ᠭᠡᠰᠡᠨ ᠦᠭᠡᠢ ᠴᠥᠮ ︽ᠨᠢᠭᠡ ᠯᠡ ᠤᠳᠠᠭ᠎ᠠ ᠶᠢᠨ ᠴᠢᠨᠠᠷᠲᠠᠢ ᠬᠡᠷᠡᠭᠯᠡᠭᠡ︾᠎ ᠶᠢᠨ ᠠᠵᠠ ᠵᠠᠪᠰᠢᠶᠠᠨ ᠢ ᠡᠷᠢᠬᠦ ᠰᠡᠳᠬᠢᠴᠡ ᠪᠠᠨ ᠲᠠᠶᠠᠭᠳᠠᠵᠤ᠂ ᠲᠠᠸᠠᠷ ᠤᠨ ᠴᠢᠨᠠᠷ ᠪᠠ ᠦᠢᠯᠡᠴᠢᠯᠡᠭᠡᠨ ᠤ ᠲᠦᠪᠰᠢᠨ ᠢᠶᠠᠨ ᠳᠡᠭᠡᠭᠰᠢᠯᠡᠭᠦᠯᠭᠦ ᠪᠣᠯ ᠣᠷᠳᠣ ᠤᠳᠠᠭᠠᠨ ᠬᠥᠭᠵᠢᠯᠲᠡ ᠶᠢᠨ ᠠᠷᠭ᠎ᠠ ᠵᠠᠮ ᠮᠥᠨ᠃ ᠦᠵᠡᠮᠵᠢ ᠶᠢᠨ ᠣᠷᠣᠨ ᠤ ︽ᠨᠢᠭᠡ ᠯᠡ ᠤᠳᠠᠭ᠎ᠠ ᠶᠢᠨ ᠴᠢᠨᠠᠷᠲᠠᠢ ᠬᠡᠷᠡᠭᠯᠡᠭᠡ︾᠎ ᠶᠢᠨ ᠬᠠᠴᠢᠨ ᠦᠵᠡᠭᠳᠡᠯ ᠠᠴᠠ ᠮᠤᠯᠲᠤᠷᠠᠨ ᠭᠠᠷᠴᠤ᠂ ᠵᠢᠭᠤᠯᠴᠢᠯᠠᠯ ᠤᠨ ᠶᠠᠰᠤ ᠴᠢᠨᠠᠷ ᠢ ᠳᠡᠭᠡᠭᠰᠢᠯᠡᠭᠦᠯᠭᠦ ᠳᠤ ᠪᠠᠰᠠ ᠵᠢᠭᠤᠯᠴᠢᠯᠠᠯ ᠤᠨ ᠬᠠᠮᠢᠶᠠᠷᠤᠯᠲᠠ ᠶᠢᠨ ᠰᠠᠯᠠᠭ᠎ᠠ ᠮᠥᠴᠢᠷ ᠵᠢᠴᠢ ᠥᠷᠭᠡᠨ ᠣᠯᠠᠨ ᠵᠢᠭᠤᠯᠴᠢᠯᠠᠯ ᠤᠨ ᠬᠡᠷᠡᠭᠯᠡᠭᠴᠢᠳ ᠲᠠᠢ ᠬᠠᠮᠲᠤ ᠪᠠᠷ ᠴᠢᠷᠮᠠᠶᠢᠬᠤ ᠬᠡᠷᠡᠭᠲᠡᠢ᠃ ᠨᠢᠭᠡ ᠲᠠᠯ᠎ᠠ ᠪᠠᠷ᠂ ᠵᠢᠭᠤᠯᠴᠢᠯᠠᠯ ᠤᠨ ᠬᠠᠤᠯᠢ ᠴᠠᠭᠠᠵᠠ ᠳᠦᠷᠢᠮ ᠲᠣᠭᠲᠠᠭᠠᠯ ᠤᠨ ᠰᠢᠰᠲ᠋ᠧᠮ ᠤᠨ ᠪᠠᠶᠢᠭᠤᠯᠤᠯᠲᠠ ᠶᠢ ᠲᠡᠭᠦᠯᠳᠡᠷᠵᠢᠭᠦᠯᠬᠦ ᠠᠴᠠ ᠭᠠᠷᠳᠠᠵᠤ᠂ ᠵᠢᠭᠤᠯᠴᠢᠯᠠᠯ ᠤᠨ ᠵᠠᠬ᠎ᠠ ᠳᠡᠯᠭᠡᠭᠦᠷ ᠤᠨ ᠬᠠᠤᠯᠢ ᠪᠠᠷ ᠵᠠᠰᠠᠬᠤ ᠣᠷᠴᠢᠨ ᠨᠥᠬᠦᠴᠡᠯ ᠢ ᠲᠡᠭᠦᠯᠳᠡᠷᠵᠢᠭᠦᠯᠵᠦ᠂ ᠵᠢᠭᠤᠯᠴᠢᠯᠠᠯ ᠤᠨ ᠵᠠᠬ᠎ᠠ ᠳᠡᠯᠭᠡᠭᠦᠷ ᠤᠨ ᠡᠮᠬᠢ ᠵᠢᠷᠤᠮ ᠢ ᠬᠠᠮᠠᠭᠠᠯᠠᠨ᠂ ᠬᠡᠷᠡᠭᠯᠡᠭᠴᠢᠳ ᠤᠨ ᠵᠢᠭᠤᠯᠴᠢᠯᠠᠯ ᠤᠨ ᠡᠷᠬᠡ ᠠᠰᠢᠭ ᠢ ᠬᠠᠮᠠᠭᠠᠯᠠᠵᠤ᠂ ᠵᠢᠭᠤᠯᠴᠢᠯᠠᠭᠴᠢᠳ ᠢ ᠰᠠᠨᠠᠭ᠎ᠠ ᠠᠮᠤᠷ ᠬᠡᠷᠡᠭᠯᠡᠭᠡ ᠬᠢᠯᠭᠡᠬᠦ ᠭᠡᠷᠡᠭᠲᠡᠢ︔ ᠨᠥᠭᠦᠭᠡ ᠲᠠᠯ᠎ᠠ ᠪᠠᠷ᠂ ᠵᠢᠭᠤᠯᠴᠢᠯᠠᠯ ᠤᠨ ᠨᠠᠵᠠᠭᠠᠢ ᠥᠷᠢᠰᠦᠯᠳᠦᠭᠡᠨ ᠤ ᠵᠠᠭᠪᠤᠷ ᠠᠴᠠ ᠠᠩᠭᠢᠵᠢᠷᠠᠵᠤ᠂ ᠦᠵᠡᠮᠵᠢ ᠶᠢᠨ ᠣᠷᠣᠨ ᠤ ᠮᠡᠳᠡᠭᠡ ᠵᠠᠩᠭᠢ ᠶᠢᠨ ᠢᠯᠡ ᠲᠣᠳᠣ ᠶᠢᠨ ᠬᠡᠮᠵᠢᠶ᠎ᠡ ᠶᠢ ᠴᠢᠩᠭᠠᠳᠬᠠᠨ᠂ ᠭᠠᠳᠠᠷ ᠣᠷᠣᠨ ᠤ ᠵᠢᠭᠤᠯᠴᠢᠯᠠᠭᠴᠢ ᠬᠢᠭᠡᠳ ᠲᠣᠰ ᠭᠠᠵᠠᠷ ᠤᠨ ᠵᠢᠭᠤᠯᠴᠢᠯᠠᠯ ᠤᠨ ᠡᠵᠡᠩᠨᠡᠭᠴᠢ ᠶᠢᠨ ᠬᠤᠭᠤᠷᠣᠨᠳᠤ ᠣᠷᠣᠰᠢᠵᠤ ᠪᠠᠶᠢᠭ᠎ᠠ ᠮᠡᠳᠡᠭᠡ ᠵᠠᠩᠭᠢ ᠶᠢᠨ ᠲᠡᠩᠴᠡᠭᠦᠷᠢ ᠦᠭᠡᠢ ᠪᠠᠶᠢᠳᠠᠯ ᠢ ᠬᠤᠪᠢᠷᠠᠭᠤᠯᠵᠤ᠂ ᠵᠢᠭᠤᠯᠴᠢᠯᠠᠯ ᠤᠨ ᠦᠵᠡᠮᠵᠢ ᠶᠢᠨ ᠣᠷᠣᠨ ᠢ ︽ᠨᠢᠭᠡ ᠯᠡ ᠤᠳᠠᠭ᠎ᠠ ᠶᠢᠨ ᠴᠢᠨᠠᠷᠲᠠᠢ ᠬᠡᠷᠡᠭᠯᠡᠭᠡ︾᠎ ᠶᠢᠨ ᠬᠦᠴᠢᠷᠳᠡᠯ ᠠᠴᠠ ᠮᠤᠯᠲᠤᠷᠠᠨ ᠭᠠᠷᠬᠤ ᠬᠡᠷᠡᠭᠲᠡᠢ᠃
 
ᠢᠷᠡᠯᠲᠡ᠄ ᠳᠤᠮᠳᠠᠳᠤ ᠤᠯᠤᠰ ᠤᠨ ᠮᠣᠩᠭᠣᠯ ᠬᠡᠯᠡᠨ ᠦ ᠰᠣᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备09001939号