ᠬᠡᠰᠢᠭᠲᠡᠨ ᠬᠤᠰᠢᠭᠤᠨ ᠤ ᠠᠵᠤ ᠠᠬᠤᠢ ᠶᠢᠨ ᠬᠦᠴᠢᠷᠳᠡᠯ ᠪᠦᠬᠦᠢ ᠨᠠᠰᠤᠲᠠᠶᠢᠴᠤᠳ ᠤᠨ ᠴᠢᠳᠠᠪᠤᠷᠢ ᠶᠢ ᠦᠨᠡᠯᠡᠨ ᠵᠢᠱᠢᠭᠰᠡᠨ ᠦᠷ᠎ᠡ ᠳ᠋ᠦᠩ ᠢ ᠢᠯᠡ ᠨᠡᠶᠢᠲᠡᠯᠡᠬᠦ ᠲᠤᠬᠠᠢ ᠮᠡᠳᠡᠭᠳᠡᠯ
ᠨᠡᠶᠢᠲᠡᠯᠡᠭᠰᠡᠨ ᠴᠠᠭ᠄
2024/4/22
     ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠠᠯᠪᠠᠨ ᠲᠢᠩᠬᠢᠮ᠂ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠠᠯᠪᠠᠨ ᠲᠢᠩᠬᠢᠮ ᠤᠨ ︽ᠦᠨᠳᠦᠰᠦᠨ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠲᠣᠭᠲᠠᠯᠴᠠᠭ᠎ᠠ ᠶᠢᠨ ᠪᠠᠶᠢᠭᠤᠯᠤᠯᠲᠠ ᠶᠢ ᠠᠬᠢᠭᠤᠯᠬᠤ ᠲᠤᠬᠠᠢ ᠰᠠᠨᠠᠯ︾ ︵ᠲᠥᠪ ᠠᠯᠪᠠᠨ ᠲᠠᠷᠬᠠᠭᠠᠭᠰᠠᠨ ﹇2022 ﹈ 42 ᠳ᠋ᠤᠭᠠᠷ ᠲᠣᠭᠠᠲᠤ︶ ᠤᠨ ᠬᠤᠯᠪᠣᠭᠳᠠᠯ ᠪᠦᠬᠦᠢ ᠪᠢᠴᠢᠭ ᠮᠠᠲ᠋ᠧᠷᠢᠶᠠᠯ ᠤᠨ ᠬᠠᠮᠢᠶ᠎ᠠ ᠪᠦᠬᠦᠢ ᠲᠣᠭᠲᠠᠭᠠᠯ ᠢ ᠦᠨᠳᠦᠰᠦᠯᠡᠨ᠂ ᠠᠷᠠᠳ ᠤᠨ ᠶᠠᠪᠤᠳᠠᠯ ᠤᠨ ᠰᠠᠯᠠᠭ᠎ᠠ ᠮᠥᠴᠢᠷ ︵ᠭᠠᠴᠠᠭ᠎ᠠ ᠲᠣᠰᠬᠤᠨ᠂ ᠨᠡᠶᠢᠭᠡᠮ ᠲᠣᠭᠤᠷᠢᠭ ᠪᠠᠭᠲᠠᠨ᠎ᠠ︶ ᠨᠢ ᠲᠣᠰ ᠬᠠᠷᠢᠶ᠎ᠠ ᠣᠷᠣᠨ ᠤ ᠳᠣᠲᠣᠷ᠎ᠠ ᠲᠣᠰ ᠬᠠᠷᠢᠶ᠎ᠠ ᠣᠷᠣᠨ ᠤ ᠦᠨᠡᠯᠡᠨ ᠵᠢᠱᠢᠬᠦ ᠡᠲᠡᠭᠡᠳ ᠤᠨ ᠦᠨᠡᠯᠡᠨ ᠵᠢᠱᠢᠭᠰᠡᠨ ᠦᠷ᠎ᠡ ᠳ᠋ᠦᠩ ᠢ ᠢᠯᠡ ᠨᠡᠶᠢᠲᠡᠯᠡᠵᠦ᠂ ᠢᠯᠡ ᠨᠡᠶᠢᠲᠡᠯᠡᠬᠦ ᠬᠤᠭᠤᠴᠠᠭ᠎ᠠ ᠨᠢ 7 ᠡᠳᠦᠷ ᠠᠴᠠ ᠳᠤᠲᠠᠭᠤ ᠪᠠᠶᠢᠵᠤ ᠪᠣᠯᠬᠤ ᠦᠭᠡᠢ ᠭᠡᠵᠦ ᠱᠠᠭᠠᠷᠳᠠᠪᠠ᠃ ᠢᠯᠡ ᠨᠡᠶᠢᠲᠡᠯᠡᠯ ᠳᠤ ᠣᠨᠳᠣᠣ ᠰᠠᠨᠠᠯ ᠦᠭᠡᠢ ᠪᠠᠶᠢᠪᠠᠯ᠂ ᠰᠤᠪᠢᠯᠠᠯᠲᠠ ᠶᠢᠨ ᠨᠥᠬᠦᠪᠦᠷᠢ ᠬᠦᠷᠲᠡᠬᠦ ᠪᠠ ᠬᠠᠮᠢᠶ᠎ᠠ ᠪᠦᠬᠦᠢ ᠦᠢᠯᠡᠴᠢᠯᠡᠭᠡ ᠬᠦᠷᠲᠡᠬᠦ ᠡᠲᠡᠭᠡᠳ ᠪᠣᠯᠭᠠᠨ᠎ᠠ︔ ᠢᠯᠡ ᠨᠡᠶᠢᠲᠡᠯᠡᠯ ᠳᠤ ᠣᠨᠳᠣᠣ ᠰᠠᠨᠠᠯ ᠲᠠᠢ ᠪᠠᠶᠢᠪᠠᠯ᠂ ᠴᠠᠭ ᠲᠤᠬᠠᠢ ᠳᠤᠨᠢ ᠬᠦᠯᠢᠶᠡᠨ ᠠᠪᠴᠤ ᠰᠢᠢᠳᠪᠦᠷᠢᠯᠡᠬᠦ ᠶᠢᠨ ᠬᠠᠮᠲᠤ ᠬᠤᠯᠪᠣᠭᠳᠠᠯ ᠪᠦᠬᠦᠢ ᠳᠠᠬᠢᠨ ᠬᠢᠨᠠᠬᠤ ᠠᠵᠢᠯ ᠢ ᠬᠢᠨ᠎ᠡ᠃ ᠡᠳᠦᠭᠡ ᠪᠥᠬᠦ ᠬᠤᠰᠢᠭᠤᠨ ᠤ ᠠᠵᠤ ᠠᠬᠤᠢ ᠶᠢᠨ ᠬᠦᠴᠢᠷᠳᠡᠯ ᠪᠦᠬᠦᠢ ᠨᠠᠰᠤᠲᠠᠶᠢᠴᠤᠳ ᠤᠨ ᠴᠢᠳᠠᠪᠤᠷᠢ ᠶᠢ ᠦᠨᠡᠯᠡᠨ ᠵᠢᠱᠢᠭᠰᠡᠨ ᠦᠷ᠎ᠡ ᠳ᠋ᠦᠩ ᠢ ᠢᠯᠡ ᠨᠡᠶᠢᠲᠡᠯᠡᠪᠡ᠂ ᠢᠯᠡ ᠨᠡᠶᠢᠲᠡᠯᠡᠬᠦ ᠬᠤᠭᠤᠴᠠᠭ᠎ᠠ ᠨᠢ 7 ᠡᠳᠦᠷ᠂ 2024 ᠣᠨ ᠤ 4 ᠰᠠᠷ᠎ᠠ ᠶᠢᠨ 19 ᠤ ᠡᠳᠦᠷ ᠠᠴᠠ ᠡᠬᠢᠯᠡᠨ ᠢᠯᠡ ᠨᠡᠶᠢᠲᠡᠯᠡᠵᠦ᠂ ᠪᠠᠶᠠᠷ ᠳᠤᠷᠠᠰᠬᠠᠯ ᠤᠨ ᠡᠳᠦᠷ ᠪᠠ ᠠᠮᠠᠷᠠᠯᠲᠠ ᠶᠢᠨ ᠡᠳᠦᠷ ᠬᠠᠷᠭᠤᠪᠠᠯ ᠢᠯᠡ ᠨᠡᠶᠢᠲᠡᠯᠡᠬᠦ ᠬᠤᠭᠤᠴᠠᠭ᠎ᠠ ᠶᠢ ᠬᠠᠷᠠᠭᠠᠯᠵᠠᠭᠤᠯᠤᠨ ᠤᠷᠲᠤᠳᠬᠠᠨ᠎ᠠ᠃      ᠢᠯᠡ ᠨᠡᠶᠢᠲᠡᠯᠡᠭᠰᠡᠨ ᠦᠷ᠎ᠡ ᠳ᠋ᠦᠩ ᠳᠤ ᠣᠨᠳᠣᠣ ᠰᠠᠨᠠᠯ ᠲᠠᠢ ᠪᠠᠶᠢᠪᠠᠯ᠂ ᠪᠢᠴᠢᠭ ᠤᠨ ᠬᠡᠯᠪᠡᠷᠢ ᠪᠠᠷ᠂ ᠦᠨᠡᠨ ᠣᠪᠣᠭ ᠨᠡᠷ᠎ᠡ ᠪᠠ ᠬᠠᠷᠢᠯᠴᠠᠬᠤ ᠠᠷᠭ᠎ᠠ ᠬᠡᠯᠪᠡᠷᠢ ᠪᠠᠨ ᠳᠠᠭᠠᠯᠳᠤᠭᠤᠯᠤᠨ ᠢᠯᠡ ᠨᠡᠶᠢᠲᠡᠯᠡᠬᠦ ᠬᠤᠭᠤᠴᠠᠭ᠎ᠠ ᠳᠠᠭᠤᠰᠬᠤ  ᠠᠴᠠ ᠡᠮᠦᠨ᠎ᠡ ᠬᠡᠰᠢᠭᠲᠡᠨ ᠬᠤᠰᠢᠭᠤᠨ ᠤ ᠠᠷᠠᠳ ᠤᠨ ᠶᠠᠪᠤᠳᠠᠯ ᠤᠨ ᠲᠣᠪᠴᠢᠶ᠎ᠠ ᠶᠢᠨ ᠨᠡᠶᠢᠭᠡᠮ ᠤᠨ ᠠᠰᠠᠷᠠᠮᠵᠢ ᠬᠢᠭᠡᠳ ᠨᠡᠶᠢᠭᠡᠮ ᠤᠨ ᠬᠡᠷᠡᠭ ᠶᠠᠪᠤᠳᠠᠯ ᠤᠨ ᠲᠠᠰᠤᠭ ᠤᠨ 303 ᠲᠠᠰᠤᠭ ᠲᠤ ᠢᠯᠡᠭᠡᠬᠦ ᠪᠤᠶᠤ ᠰᠢᠭᠤᠳ ᠬᠦᠷᠭᠡᠨ᠎ᠡ᠂ ᠬᠠᠷᠢᠯᠴᠠᠬᠤ ᠤᠲᠠᠰᠤ 5227303᠃                ᠬᠡᠰᠢᠭᠲᠡᠨ ᠬᠤᠰᠢᠭᠤᠨ ᠤ ᠠᠷᠠᠳ ᠤᠨ ᠶᠠᠪᠤᠳᠠᠯ ᠤᠨ ᠲᠣᠪᠴᠢᠶ᠎ᠠ                2024 ᠣᠨ ᠤ 4 ᠰᠠᠷ᠎ᠠ ᠶᠢᠨ 18 ᠤ ᠡᠳᠦᠷ      ᠬᠡᠰᠢᠭᠲᠡᠨ ᠬᠤᠰᠢᠭᠤᠨ ᠤ ᠠᠵᠤ ᠠᠬᠤᠢ ᠶᠢᠨ ᠬᠦᠴᠢᠷᠳᠡᠯ ᠪᠦᠬᠦᠢ ᠨᠠᠰᠤᠲᠠᠶᠢᠴᠤᠳ ᠤᠨ ᠴᠢᠳᠠᠪᠤᠷᠢ ᠶᠢ ᠦᠨᠡᠯᠡᠨ ᠵᠢᠱᠢᠭᠰᠡᠨ ᠢᠯᠡ ᠨᠡᠶᠢᠲᠡᠯᠡᠬᠦ ᠨᠡᠷᠡᠰ
 
ᠢᠷᠡᠯᠲᠡ᠄ ᠬᠡᠰᠢᠭᠲᠡᠨ ᠬᠣᠰᠢᠭᠤᠨ ᠤ ᠠᠷᠠᠳ ᠤᠨ ᠵᠠᠰᠠᠭ ᠤᠨ ᠣᠷᠳᠣᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备09001939号