ᠥᠪᠥᠷ ᠮᠣᠩᠭᠤᠯ ᠤᠨ ᠲᠠᠷᠢᠶᠠᠯᠠᠩ ᠮᠠᠯ ᠠᠵᠤ ᠠᠬᠤᠢ ᠶᠢᠨ ᠰᠢᠨᠵᠢᠯᠡᠬᠦ ᠤᠬᠠᠭᠠᠨ ᠤ ᠬᠦᠷᠢᠶᠡᠯᠡᠩ ᠤᠨ ᠪᠠᠶᠢᠴᠠᠭᠠᠨ ᠰᠤᠳᠤᠯᠬᠤ ᠳᠤᠭᠤᠶᠢᠯᠠᠩ ᠬᠡᠰᠢᠭᠲᠡᠨ ᠬᠤᠰᠢᠭᠤᠨ ᠳᠤ ᠭᠦᠨᠵᠡᠭᠡᠶᠢᠷᠡᠨ ᠪᠠᠶᠢᠴᠠᠭᠠᠨ ᠰᠤᠳᠤᠯᠤᠯᠲᠠ ᠬᠢᠪᠡ
ᠨᠡᠶᠢᠲᠡᠯᠡᠭᠰᠡᠨ ᠴᠠᠭ᠄
2024/4/30
     4 ᠰᠠᠷ᠎ᠠ ᠶᠢᠨ 28᠎ ᠤ ᠡᠳᠦᠷ᠂ ᠥᠪᠥᠷ ᠮᠣᠩᠭᠤᠯ ᠤᠨ ᠲᠠᠷᠢᠶᠠᠯᠠᠩ ᠮᠠᠯ ᠠᠵᠤ ᠠᠬᠤᠢ ᠶᠢᠨ ᠰᠢᠨᠵᠢᠯᠡᠬᠦ ᠤᠬᠠᠭᠠᠨ ᠤ ᠬᠦᠷᠢᠶᠡᠯᠡᠩ ᠤᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ ᠰᠦᠨ ᠭᠦᠸᠧ ᠴᠢᠦᠸᠡᠨ᠂ ᠨᠠᠮ ᠤᠨ ᠤᠳᠤᠷᠢᠳᠬᠤ ᠳᠤᠭᠤᠶᠢᠯᠠᠩ ᠤᠨ ᠭᠡᠰᠢᠭᠦᠨ᠂ ᠳᠡᠳ᠋ ᠳᠠᠷᠤᠭ᠎ᠠ ᠰᠦᠨ ᠬᠠᠢ ᠵᠧᠦ᠂ ᠠᠯᠪᠠᠨ ᠭᠡᠷ ᠤᠨ ᠳᠡᠳ᠋ ᠡᠷᠬᠢᠯᠡᠭᠴᠢ ᠶᠠᠩ ᠶᠠᠨ ᠶᠠᠨ᠂ ᠦᠷ᠎ᠡ ᠪᠦᠲᠦᠭᠡᠯ ᠢ ᠬᠤᠪᠢᠷᠠᠭᠤᠯᠬᠤ ᠭᠠᠵᠠᠷ ᠤᠨ ᠳᠡᠳ᠋ ᠳᠠᠷᠤᠭ᠎ᠠ ᠪᠦᠦ ᠹᠧᠩ ᠶᠢᠩ᠂ ᠶᠡᠷᠦᠩᠬᠡᠶᠢᠯᠡᠭᠰᠡᠨ ᠲᠤᠷᠰᠢᠯᠲᠠ ᠶᠢᠨ ᠵᠢᠱᠢᠶ᠎ᠡ ᠦᠵᠡᠭᠦᠯᠬᠦ ᠲᠥᠪ ᠤᠨ ᠳᠡᠳ᠋ ᠡᠷᠬᠢᠯᠡᠭᠴᠢ ᠵᠠᠩ ᠰᠢᠩ ᠹᠦ᠋ ᠨᠡᠷ ᠬᠡᠰᠢᠭᠲᠡᠨ ᠬᠤᠰᠢᠭᠤᠨ ᠳᠤ ᠢᠷᠡᠵᠦ ᠪᠠᠶᠢᠴᠠᠭᠠᠨ ᠰᠤᠳᠤᠯᠤᠯᠲᠠ ᠬᠢᠵᠦ᠂ ᠬᠦᠷᠢᠶᠡᠯᠡᠩ ᠬᠤᠰᠢᠭᠤ ᠬᠠᠮᠲᠤ ᠪᠠᠷ ᠪᠠᠶᠢᠭᠤᠯᠬᠤ ᠲᠤᠰᠬᠠᠢ ᠮᠡᠷᠭᠡᠵᠢᠯᠲᠡᠨ ᠤ ᠠᠵᠢᠯ ᠤᠨ ᠥᠷᠲᠡᠭᠡ ᠶᠢᠨ ᠬᠠᠮᠲᠤᠷᠠᠯᠴᠠᠭ᠎ᠠ ᠶᠢᠨ ᠭᠡᠷ᠎ᠡ ᠳᠤ ᠭᠠᠷ ᠤᠨ ᠦᠰᠦᠭ ᠵᠢᠷᠤᠪᠠ᠃      ᠪᠠᠶᠢᠴᠠᠭᠠᠨ ᠰᠤᠳᠤᠯᠬᠤ ᠳᠤᠭᠤᠶᠢᠯᠠᠩ ᠤᠷᠢᠳ ᠬᠤᠵᠢᠳ ᠬᠡᠰᠢᠭᠲᠡᠨ ᠬᠤᠰᠢᠭᠤᠨ ᠤ ᠪᠠᠶᠠᠨᠴᠠᠭᠠᠨ ᠰᠤᠮᠤᠨ ᠤ ᠡᠪᠡᠰᠦᠨ ᠤ ᠠᠵᠤ ᠦᠢᠯᠡᠰ ᠤᠨ ᠬᠦᠷᠢᠶᠡᠯᠡᠩ᠂ ᠬᠠᠮᠲᠤ ᠪᠠᠷ ᠡᠳ᠋ᠯᠡᠬᠦ ᠲᠡᠵᠢᠭᠡᠯ ᠪᠣᠷᠳᠤᠭ᠎ᠠ ᠶᠢᠨ ᠥᠷᠲᠡᠭᠡ᠂ ᠠᠮᠢᠲᠠᠨ ᠤ ᠡᠮᠨᠡᠯᠭᠡ ᠶᠢᠨ ᠬᠤᠷᠢᠶ᠎ᠠ᠂ ᠥᠪᠥᠷ ᠮᠣᠩᠭᠤᠯ ᠤᠨ ᠲᠠᠯ᠎ᠠ ᠨᠤᠲᠤᠭ ᠤᠨ ᠶᠢᠨ ᠹᠧᠩ ᠮᠠᠯ ᠠᠵᠤ ᠠᠬᠤᠢ ᠶᠢᠨ ᠬᠢᠵᠠᠭᠠᠷᠲᠤ ᠺᠣᠮᠫᠠᠨᠢ ᠳᠤ ᠪᠠᠶᠢᠴᠠᠭᠠᠨ ᠰᠤᠳᠤᠯᠤᠯᠲᠠ ᠬᠢᠵᠦ᠂ ᠲᠥᠷᠥᠯ ᠵᠦᠢᠯ ᠤᠨ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠢ ᠬᠤᠪᠢᠷᠠᠭᠤᠯᠤᠨ ᠵᠢᠱᠢᠶ᠎ᠡ ᠦᠵᠡᠭᠦᠯᠬᠦ᠂ ᠣᠳᠣ ᠦᠶ᠎ᠡ ᠶᠢᠨ ᠲᠠᠷᠢᠶᠠᠯᠠᠩ ᠮᠠᠯ ᠠᠵᠤ ᠠᠬᠤᠢ ᠶᠢᠨ ᠪᠦᠲᠦᠭᠡᠨ ᠪᠠᠶᠢᠭᠤᠯᠤᠯᠲᠠ ᠶᠢ ᠠᠬᠢᠭᠤᠯᠬᠤ ᠲᠠᠯ᠎ᠠ ᠪᠠᠷ ᠬᠢ ᠠᠵᠢᠯ ᠤᠨ ᠦᠷ᠎ᠡ ᠪᠦᠲᠦᠮᠵᠢ ᠶᠢ ᠲᠤᠬᠠᠢ ᠶᠢᠨ ᠭᠠᠵᠠᠷ ᠲᠤᠨᠢ ᠪᠠᠶᠢᠴᠠᠭᠠᠨ ᠦᠵᠡᠵᠦ᠂ ᠲᠥᠷᠥᠯ ᠵᠦᠢᠯ ᠤᠨ ᠬᠠᠷᠢᠭᠤᠴᠠᠯᠭᠠᠲᠠᠨ ᠲᠠᠢ ᠰᠠᠨᠠᠯ ᠢᠶᠠᠨ ᠰᠣᠯᠢᠯᠴᠠᠵᠤ᠂ ᠲᠥᠷᠥᠯ ᠵᠦᠢᠯ ᠤᠨ ᠬᠥᠭᠵᠢᠯᠲᠡ ᠶᠢᠨ ᠪᠠᠶᠢᠳᠠᠯ ᠢ ᠨᠠᠷᠢᠨ ᠣᠶᠢᠯᠠᠭᠠᠪᠠ᠃      ᠪᠠᠶᠢᠴᠠᠭᠠᠨ ᠰᠤᠳᠤᠯᠤᠯᠲᠠ ᠶᠢᠨ ᠳᠠᠷᠠᠭ᠎ᠠ᠂ ᠶᠠᠷᠢᠯᠴᠠᠬᠤ ᠬᠤᠷᠠᠯ ᠢ ᠡᠷᠬᠢᠯᠡᠨ ᠬᠤᠷᠠᠯᠳᠤᠭᠤᠯᠵᠤ᠂ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠳᠠᠷᠤᠭ᠎ᠠ ᠵᠠᠩ ᠴᠢ᠂ ᠬᠤᠰᠢᠭᠤᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠪᠠᠶᠢᠩᠭᠤ ᠶᠢᠨ ᠳᠡᠳ᠋ ᠳᠠᠷᠤᠭ᠎ᠠ ᠶᠠᠨ ᠰᠢᠦᠸᠡᠢ ᠶᠧᠦ᠂ ᠬᠤᠰᠢᠭᠤᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠳᠡᠳ᠋ ᠳᠠᠷᠤᠭ᠎ᠠ ᠦ᠋ ᠾᠥᠩ ᠢᠦᠢ ᠶᠠᠷᠢᠯᠴᠠᠬᠤ ᠬᠤᠷᠠᠯ ᠳᠤ ᠣᠷᠣᠯᠴᠠᠪᠠ᠃ ᠬᠤᠷᠠᠯ ᠳᠡᠭᠡᠷ᠎ᠡ᠂ ᠬᠤᠰᠢᠭᠤᠨ ᠤ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ ᠶᠢᠨ ᠳᠠᠷᠤᠭ᠎ᠠ ᠯᠢᠦ ᠦ᠋ ᠯᠢ ᠪᠦᠬᠦ ᠬᠤᠰᠢᠭᠤᠨ ᠤ ᠲᠠᠷᠢᠶᠠᠯᠠᠩ ᠮᠠᠯ ᠠᠵᠤ ᠠᠬᠤᠢ ᠶᠢᠨ ᠠᠵᠢᠯ ᠤᠨ ᠲᠤᠬᠠᠢ ᠬᠠᠷᠢᠭᠤ ᠮᠡᠳᠡᠭᠦᠯᠦᠯᠲᠡ ᠬᠢᠵᠦ᠂ ᠣᠳᠣᠬᠠᠨ ᠤ ᠮᠠᠨ ᠤ ᠬᠤᠰᠢᠭᠤᠨ ᠤ ᠲᠠᠷᠢᠶᠠᠯᠠᠩ ᠮᠠᠯ ᠠᠵᠤ ᠠᠬᠤᠢ ᠶᠢᠨ ᠬᠥᠭᠵᠢᠯᠲᠡ ᠶᠢᠨ ᠳᠤᠮᠳᠠ ᠲᠤᠯᠭᠠᠷᠠᠵᠤ ᠪᠦᠬᠦᠢ ᠬᠢᠵᠠᠭᠠᠷᠯᠠᠯ ᠠᠰᠠᠭᠤᠳᠠᠯ ᠤᠨ ᠲᠤᠬᠠᠢ ᠲᠣᠪᠴᠢ ᠲᠣᠳᠣᠷᠬᠠᠶᠢᠯᠠᠯᠲᠠ ᠬᠢᠪᠡ᠃      ᠰᠦᠨ ᠭᠦᠸᠧ ᠴᠢᠦᠸᠡᠨ ᠢᠯᠡᠷᠬᠡᠶᠢᠯᠡᠭᠰᠡᠨ ᠨᠢ᠂ ᠬᠡᠰᠢᠭᠲᠡᠨ ᠬᠤᠰᠢᠭᠤ ᠨᠢ ᠲᠠᠷᠢᠶᠠᠯᠠᠩ ᠮᠠᠯ ᠠᠵᠤ ᠠᠬᠤᠢ ᠶᠢᠨ ᠬᠥᠭᠵᠢᠯᠲᠡ ᠶᠢᠨ ᠠᠷᠭ᠎ᠠ ᠬᠡᠯᠪᠡᠷᠢ ᠪᠠᠨ ᠬᠤᠪᠢᠷᠠᠭᠤᠯᠵᠤ᠂ ᠲᠠᠷᠢᠶᠠᠯᠠᠩ ᠮᠠᠯ ᠠᠵᠤ ᠠᠬᠤᠢ ᠶᠢᠨ ᠦᠢᠯᠡᠰ ᠲᠠᠷᠢᠶᠠᠯᠠᠬᠤ ᠮᠠᠯᠵᠢᠬᠤ ᠣᠷᠣᠨ ᠤ ᠠᠵᠤ ᠠᠬᠤᠢ ᠶᠢᠨ ᠦᠷᠭᠦᠯᠵᠢᠯᠡᠨ ᠬᠥᠭᠵᠢᠬᠦ ᠶᠢ ᠠᠬᠢᠭᠤᠯᠬᠤ ᠲᠠᠯ᠎ᠠ ᠪᠠᠷ ᠬᠢ ᠠᠵᠢᠯ ᠨᠢ ᠱᠠᠲᠤᠴᠢ ᠴᠢᠨᠠᠷᠲᠠᠢ ᠦᠷ᠎ᠡ ᠪᠦᠲᠦᠭᠡᠯ ᠣᠯᠣᠭᠰᠠᠨ ᠪᠠᠶᠢᠨ᠎ᠠ᠂ ᠲᠤᠰ ᠤᠳᠠᠭᠠᠨ ᠤ ᠪᠠᠶᠢᠴᠠᠭᠠᠨ ᠰᠤᠳᠤᠯᠤᠯᠲᠠ ᠨᠢ ᠬᠡᠰᠢᠭᠲᠡᠨ ᠬᠤᠰᠢᠭᠤᠨ ᠤ ᠬᠥᠭᠵᠢᠯᠲᠡ ᠶᠢᠨ ᠳᠤᠮᠳᠠ ᠣᠷᠣᠰᠢᠵᠤ ᠪᠠᠶᠢᠭ᠎ᠠ ᠲᠦᠭᠵᠢᠷᠡᠯ᠂ ᠬᠦᠴᠢᠷᠳᠡᠯ ᠢ ᠣᠶᠢᠯᠠᠭᠠᠵᠤ᠂ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠶᠢᠨ ᠰᠢᠨᠵᠢᠯᠡᠬᠦ ᠤᠬᠠᠭᠠᠨ ᠤ ᠬᠦᠷᠢᠶᠡᠯᠡᠩ ᠨᠢ ᠰᠢᠨᠵᠢᠯᠡᠬᠦ ᠤᠬᠠᠭᠠᠨ ᠤ ᠰᠤᠳᠤᠯᠭᠠᠨ ᠤ ᠨᠢᠭᠡᠴᠡ ᠶᠢᠨ ᠲᠤᠰᠬᠠᠢ ᠮᠡᠷᠭᠡᠵᠢᠯ ᠤᠨ ᠳᠠᠪᠠᠭᠤᠯᠢᠭ ᠲᠠᠯ᠎ᠠ ᠪᠠᠨ ᠭᠦᠢᠴᠡᠳ ᠪᠠᠳᠠᠷᠠᠭᠤᠯᠵᠤ᠂ ᠬᠡᠰᠢᠭᠲᠡᠨ ᠬᠤᠰᠢᠭᠤᠨ ᠤ ᠲᠠᠷᠢᠶᠠᠯᠠᠩ ᠮᠠᠯ ᠠᠵᠤ ᠠᠬᠤᠢ ᠶᠢᠨ ᠬᠥᠭᠵᠢᠯᠲᠡ ᠳᠤ ᠰᠢᠨᠵᠢᠯᠡᠬᠦ ᠤᠬᠠᠭᠠᠨ ᠮᠡᠷᠭᠡᠵᠢᠯ ᠤᠨ ᠰᠠᠶᠢᠨ ᠲᠤᠯᠭᠠᠭᠤᠷᠢᠯᠠᠯ ᠪᠣᠯᠣᠭᠰᠠᠨ ᠪᠠᠶᠢᠨ᠎ᠠ ᠭᠡᠵᠡᠢ᠃ ᠰᠦᠨ ᠭᠦᠸᠧ ᠴᠢᠦᠸᠡᠨ ᠴᠢᠬᠤᠯᠠᠴᠢᠯᠠᠭᠰᠠᠨ ᠨᠢ᠂ ᠢᠷᠡᠭᠡᠳᠦᠢ ᠳᠤ ᠲᠠᠷᠢᠶᠠᠯᠠᠩ ᠮᠠᠯ ᠠᠵᠤ ᠠᠬᠤᠢ ᠶᠢᠨ ᠰᠢᠨᠵᠢᠯᠡᠬᠦ ᠤᠬᠠᠭᠠᠨ ᠤ ᠬᠦᠷᠢᠶᠡᠯᠡᠩ ᠨᠢ ︽ᠲᠠᠪᠤᠨ ᠨᠢᠭᠡ ᠲᠣᠭᠲᠠᠯᠴᠠᠭ᠎ᠠ︾ ᠶᠣᠰᠣᠭᠠᠷ ᠬᠠᠮᠲᠤᠷᠠᠯᠴᠠᠭ᠎ᠠ ᠶᠢᠨ ᠬᠠᠷᠢᠴᠠᠭ᠎ᠠ ᠪᠠᠶᠢᠭᠤᠯᠵᠤ᠂ ᠨᠢᠭᠡ ᠲᠠᠪᠴᠠᠩ ᠢ ᠴᠣᠭᠴᠠᠯᠠᠨ᠂ ᠨᠢᠭᠡ ᠡᠩᠨᠡᠭᠡ ᠶᠢ ᠲᠣᠮᠢᠯᠠᠨ᠂ ᠨᠢᠭᠡ ᠪᠦᠯᠦᠭ ᠲᠥᠷᠥᠯ ᠵᠦᠢᠯ ᠢ ᠨᠠᠶᠢᠳᠠᠪᠤᠷᠢᠵᠢᠭᠤᠯᠤᠨ᠂ ᠨᠢᠭᠡ ᠪᠦᠯᠦᠭ ᠦᠷ᠎ᠡ ᠪᠦᠲᠦᠭᠡᠯ ᠭᠠᠷᠭᠠᠵᠤ᠂ ᠬᠡᠰᠢᠭᠲᠡᠨ ᠬᠤᠰᠢᠭᠤᠨ ᠤ ᠬᠥᠭᠵᠢᠯᠲᠡ ᠶᠢᠨ ᠬᠡᠷᠡᠭᠴᠡᠭᠡ ᠳᠤ ᠦᠨᠡᠨᠬᠦ ᠠᠩᠬᠠᠷᠤᠯ ᠢᠶᠠᠨ ᠲᠥᠪᠯᠡᠷᠡᠭᠦᠯᠵᠦ᠂ ᠬᠤᠶᠠᠷ ᠲᠠᠯ᠎ᠠ ᠶᠢᠨ ᠬᠠᠮᠲᠤᠷᠠᠯᠴᠠᠭ᠎ᠠ ᠶᠢᠨ ᠪᠠᠶᠢᠩᠭᠤᠵᠢᠭᠰᠠᠨ ᠵᠣᠬᠢᠴᠠᠮᠵᠢ ᠶᠢ ᠲᠠᠰᠤᠷᠠᠯᠲᠠ ᠥᠬᠡᠶ ᠪᠠᠬᠢᠵᠢᠭᠦᠯᠦᠨ᠎ᠡ ᠭᠡᠵᠢ᠃      ᠵᠠᠩ ᠴᠢ ᠵᠢᠭᠠᠨ ᠭᠠᠷᠭᠠᠭᠰᠠᠨ ᠨᠢ᠂ ᠥᠪᠥᠷ ᠮᠣᠩᠭᠤᠯ ᠤᠨ ᠲᠠᠷᠢᠶᠠᠯᠠᠩ ᠮᠠᠯ ᠠᠵᠤ ᠠᠬᠤᠢ ᠶᠢᠨ ᠰᠢᠨᠵᠢᠯᠡᠬᠦ ᠤᠬᠠᠭᠠᠨ ᠤ ᠬᠦᠷᠢᠶᠡᠯᠡᠩ ᠡᠨᠡᠬᠦ ᠰᠢᠨᠵᠢᠯᠡᠬᠦ ᠤᠬᠠᠭᠠᠨ ᠮᠡᠷᠭᠡᠵᠢᠯ ᠤᠨ ︽ᠥᠭᠭᠢᠶᠡᠮᠦᠷ ᠬᠤᠷ᠎ᠠ︾᠎ ᠶᠢ ᠬᠦᠷᠭᠡᠭᠰᠡᠨ ᠳᠤ ᠣᠨᠴᠠᠭᠠᠶᠢᠯᠠᠨ ᠲᠠᠯᠠᠷᠬᠠᠵᠤ ᠪᠠᠶᠢᠨ᠎ᠠ᠂ ᠣᠶᠢᠷ᠎ᠠ ᠶᠢᠨ ᠵᠢᠯ ᠳᠤ ᠬᠡᠰᠢᠭᠲᠡᠨ ᠬᠤᠰᠢᠭᠤ ᠨᠢ ᠰᠢᠨᠵᠢᠯᠡᠬᠦ ᠤᠬᠠᠭᠠᠨ ᠮᠡᠷᠭᠡᠵᠢᠯ ᠤᠨ ᠲᠠᠷᠢᠶᠠᠯᠠᠩ ᠮᠠᠯ ᠠᠵᠤ ᠠᠬᠤᠢ ᠶᠢᠨ ᠠᠵᠤ ᠦᠢᠯᠡᠰ ᠤᠨ ᠳᠤᠮᠳᠠᠬᠢ ᠴᠢᠬᠤᠯᠠ ᠪᠠᠶᠢᠷᠢ ᠰᠠᠭᠤᠷᠢ ᠶᠢ ᠭᠦᠢᠴᠡᠳ ᠲᠠᠨᠢᠵᠤ᠂ ᠰᠢᠨᠵᠢᠯᠡᠬᠦ ᠤᠬᠠᠭᠠᠨ ᠮᠡᠷᠭᠡᠵᠢᠯ ᠤᠨ ᠬᠦᠴᠦᠨ ᠢ ᠪᠠᠳᠠᠷᠠᠭᠤᠯᠵᠤ᠂ ᠡᠪᠡᠰᠦᠨ ᠤ ᠠᠵᠤ ᠦᠢᠯᠡᠰ ᠤᠨ ᠬᠦᠷᠢᠶᠡᠯᠡᠩ᠂ ᠬᠠᠮᠲᠤ ᠪᠠᠷ ᠡᠳ᠋ᠯᠡᠬᠦ ᠲᠡᠵᠢᠭᠡᠯ ᠪᠣᠷᠳᠤᠭ᠎ᠠ ᠶᠢᠨ ᠥᠷᠲᠡᠭᠡ᠂ ᠠᠮᠢᠲᠠᠨ ᠤ ᠡᠮᠨᠡᠯᠭᠡ ᠶᠢᠨ ᠬᠤᠷᠢᠶ᠎ᠠ᠂ ᠬᠦᠪᠦᠷᠡᠯ ᠰᠢᠯᠵᠢᠭᠦᠯᠬᠦ ᠵᠡᠷᠭᠡ ᠲᠥᠷᠥᠯ ᠵᠦᠢᠯ ᠢ ᠭᠤᠣᠯᠳᠠᠯᠭ᠎ᠠ ᠲᠠᠢ ᠬᠡᠷᠡᠭᠵᠢᠭᠦᠯᠦᠭᠰᠡᠨ ᠪᠠᠶᠢᠨ᠎ᠠ᠃ ᠳᠠᠷᠠᠭᠠᠴᠢ ᠶᠢᠨ ᠠᠯᠬᠤᠮ ᠳᠤ᠂ ᠪᠦᠬᠦ ᠬᠤᠰᠢᠭᠤᠨ ᠤ ᠲᠤᠰᠬᠠᠢ ᠮᠡᠷᠭᠡᠵᠢᠯᠲᠡᠨ ᠤ ᠠᠵᠢᠯ ᠤᠨ ᠥᠷᠲᠡᠭᠡ ᠶᠢ ᠭᠦᠢᠴᠡᠳ ᠠᠰᠢᠭᠯᠠᠨ ᠲᠠᠷᠢᠶᠠᠯᠠᠩ ᠮᠠᠯ ᠠᠵᠤ ᠠᠬᠤᠢ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠠᠵᠢᠯ ᠢ ᠰᠠᠶᠢᠲᠤᠷ ᠬᠢᠵᠦ᠂ ᠦᠨᠡᠨᠬᠦ ︽ᠲᠠᠪᠤᠨ ᠨᠢᠭᠡ ᠲᠣᠭᠲᠠᠯᠴᠠᠭ᠎ᠠ︾ ᠶᠣᠰᠣᠭᠠᠷ ᠦᠷ᠎ᠡ ᠪᠦᠲᠦᠭᠡᠯ ᠢᠶᠠᠨ ᠬᠤᠪᠢᠷᠠᠭᠤᠯᠬᠤ ᠠᠵᠢᠯ ᠢ ᠰᠠᠶᠢᠲᠤᠷ ᠬᠢᠨ᠎ᠡ ᠭᠡᠵᠡᠢ᠃      ᠬᠤᠶᠠᠷ ᠲᠠᠯ᠎ᠠ ᠪᠠᠷ ᠲᠤᠰ ᠤᠳᠠᠭᠠᠨ ᠤ ᠪᠠᠶᠢᠴᠠᠭᠠᠨ ᠰᠤᠳᠤᠯᠤᠯᠲᠠ ᠶᠢᠨ ᠪᠠᠶᠢᠳᠠᠯ ᠪᠠ ᠬᠠᠮᠲᠤ ᠪᠠᠷ ᠪᠠᠶᠢᠭᠤᠯᠬᠤ ᠲᠤᠰᠬᠠᠢ ᠮᠡᠷᠭᠡᠵᠢᠯᠲᠡᠨ ᠤ ᠠᠵᠢᠯ ᠤᠨ ᠥᠷᠲᠡᠭᠡ ᠶᠢᠨ ᠬᠠᠮᠲᠤᠷᠠᠯᠴᠠᠭ᠎ᠠ ᠶᠢᠨ ᠵᠦᠢᠯᠡᠰ ᠤᠨ ᠲᠤᠬᠠᠢ ᠰᠠᠨᠠᠯ ᠢᠶᠠᠨ ᠭᠦᠨᠵᠡᠭᠡᠢ ᠰᠣᠯᠢᠯᠴᠠᠨ ᠭᠡᠷ᠎ᠡ ᠲᠣᠭᠲᠠᠵᠤ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠶᠢᠨ ᠰᠢᠨᠵᠢᠯᠡᠬᠦ ᠤᠬᠠᠭᠠᠨ ᠤ ᠬᠦᠷᠢᠶᠡᠯᠡᠩ ᠤᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ ᠰᠦᠨ ᠭᠦᠸᠧ ᠴᠢᠦᠸᠡᠨ ᠪᠣᠯᠤᠨ ᠬᠡᠰᠢᠭᠲᠡᠨ ᠬᠤᠰᠢᠭᠤᠨ ᠤ ᠨᠠᠮ ᠤᠨ ᠬᠤᠷᠢᠶ᠎ᠠ ᠶᠢᠨ ᠲᠡᠳ᠋ ᠱᠦᠵᠢ᠂ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠳᠠᠷᠤᠭ᠎ᠠ ᠵᠠᠩ ᠴᠢ ᠬᠠᠮᠲᠤ ᠪᠠᠷ ᠲᠤᠰᠬᠠᠢ ᠮᠡᠷᠭᠡᠵᠢᠯᠲᠡᠨ ᠤ ᠠᠵᠢᠯ ᠤᠨ ᠥᠷᠲᠡᠭᠡ ᠶᠢᠨ ᠫᠠᠶᠢᠰᠠ ᠶᠢ ᠰᠡᠬᠦᠪᠡ᠃      ᠬᠤᠰᠢᠭᠤᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠪᠠᠶᠢᠩᠭᠤ ᠶᠢᠨ ᠳᠡᠳ᠋ ᠳᠠᠷᠤᠭ᠎ᠠ ᠶᠠᠨ ᠰᠢᠦᠸᠡᠢ ᠶᠧᠦ᠂ ᠬᠤᠰᠢᠭᠤᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠳᠡᠳ᠋ ᠳᠠᠷᠤᠭ᠎ᠠ ᠡᠤ ᠾᠥᠩ ᠢᠦᠢ᠂ ᠬᠤᠰᠢᠭᠤᠨ ᠤ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ ᠶᠢᠨ ᠳᠠᠷᠤᠭ᠎ᠠ ᠯᠢᠦ ᠦ᠋ ᠯᠢ ᠵᠢᠴᠢ ᠬᠠᠮᠢᠶ᠎ᠠ ᠪᠦᠬᠦᠢ ᠣᠷᠣᠨ ᠨᠤᠲᠤᠭ ᠤᠨ ᠤᠳᠤᠷᠢᠳᠤᠯᠭ᠎ᠠ ᠪᠠᠷ᠎ᠠ ᠪᠣᠯᠵᠤ ᠪᠠᠶᠢᠴᠠᠭᠠᠨ ᠰᠤᠳᠤᠯᠤᠯᠲᠠ ᠬᠢᠪᠡ᠃
 
ᠢᠷᠡᠯᠲᠡ᠄ ᠬᠡᠰᠢᠭᠲᠡᠨ ᠬᠣᠰᠢᠭᠤᠨ ᠤ ᠠᠷᠠᠳ ᠤᠨ ᠵᠠᠰᠠᠭ ᠤᠨ ᠣᠷᠳᠣᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备09001939号