ᠤᠯᠠᠭᠠᠨᠬᠠᠳᠠ ᠬᠤᠲᠠ ᠶᠢᠨ ︽1+12︾ ᠣᠳᠣ ᠦᠶ᠎ᠡ ᠶᠢᠨ ᠲᠠᠷᠢᠶᠠᠯᠠᠩ ᠤᠨ ᠵᠢᠱᠢᠶ᠎ᠡ ᠦᠵᠡᠭᠦᠯᠬᠦ | ᠬᠦᠷᠢᠶᠡᠯᠡᠩ ᠲᠣᠭᠤᠷᠢᠭ ᠢ ᠪᠦᠲᠦᠭᠡᠨ ᠪᠠᠶᠢᠭᠤᠯᠬᠤ ᠬᠥᠭᠵᠢᠯᠲᠡ ᠶᠢᠨ ᠰᠡᠳᠬᠢᠮᠵᠢ ᠶᠢ ᠦᠨᠳᠦᠰᠦᠯᠡᠨ᠂ ᠬᠡᠰᠢᠭᠲᠡᠨ | ᠬᠤᠰᠢᠭᠤ ᠨᠢ ᠲᠦᠮᠡᠨ ᠮᠦ ᠪᠤᠭᠤᠳᠠᠢ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠵᠢᠱᠢᠶ᠎ᠡ ᠦᠵᠡᠭᠦᠯᠬᠦ ᠬᠦᠷᠢᠶᠡᠯᠡᠩ | ᠲᠣᠭᠤᠷᠢᠭ ᠢ ᠪᠦᠲᠦᠭᠡᠨ ᠪᠠᠶᠢᠭᠤᠯᠬᠤ ᠡᠭᠦᠷᠭᠡ ᠶᠢ 2024 ᠣᠨ ᠤ ᠭᠤᠣᠯᠳᠠᠯᠭ᠎ᠠ ᠲᠠᠢ ᠠᠵᠢᠯ ᠪᠣᠯᠭᠠᠵᠤ᠂ ᠡᠷᠲᠡ | ᠲᠥᠯᠥᠪᠵᠢᠭᠦᠯᠵᠦ᠂ ᠡᠷᠲᠡ ᠪᠠᠶᠢᠷᠢᠯᠠᠭᠤᠯᠵᠤ᠂ ᠡᠷᠲᠡ ᠨᠠᠶᠢᠳᠠᠪᠤᠷᠢᠵᠢᠭᠤᠯᠵᠤ᠂ ᠬᠦᠷᠢᠶᠡᠯᠡᠩ ᠲᠣᠭᠤᠷᠢᠭ ᠤᠨ | ᠪᠦᠲᠦᠭᠡᠨ ᠪᠠᠶᠢᠭᠤᠯᠤᠯᠲᠠ ᠶᠢ ᠪᠦᠬᠦ ᠬᠦᠴᠦᠨ ᠢᠶᠠᠷ ᠢᠶᠠᠨ ᠠᠬᠢᠭᠤᠯᠵᠤ ᠪᠣᠢ᠃ ᠣᠳᠣᠬᠠᠨ ᠶᠠᠭ ᠬᠠᠪᠤᠷ ᠤᠨ | ᠲᠠᠷᠢᠶᠠᠯᠠᠭ᠎ᠠ ᠶᠢᠨ ᠵᠠᠩᠭᠢᠯᠠᠭ᠎ᠠ ᠶᠢᠨ ᠴᠠᠭ ᠲᠣᠬᠢᠶᠠᠯ ᠢ ᠠᠳᠬᠤᠵᠤ᠂ ᠬᠡᠰᠢᠭᠲᠡᠨ ᠬᠤᠰᠢᠭᠤᠨ ᠤ ᠲᠠᠷᠢᠶᠠᠯᠠᠩ ᠮᠠᠯ | ᠠᠵᠤ ᠠᠬᠤᠢ ᠶᠢᠨ ᠲᠣᠪᠴᠢᠶ᠎ᠠ ᠶᠢᠨ ᠲᠠᠷᠢᠶᠠᠯᠠᠩ ᠮᠠᠯ ᠠᠵᠤ ᠠᠬᠤᠢ ᠶᠢᠨ ᠮᠡᠷᠭᠡᠵᠢᠯ ᠢ ᠲᠦᠭᠡᠮᠡᠯᠵᠢᠭᠦᠯᠬᠦ ᠲᠥᠪ ᠤᠨ | ᠲᠠᠷᠢᠶᠠᠯᠠᠩ ᠤᠨ ᠮᠡᠷᠭᠡᠵᠢᠯ ᠤᠨ ᠠᠵᠢᠯᠲᠠᠳ ᠲᠠᠷᠢᠶᠠᠯᠠᠭ᠎ᠠ ᠶᠢᠨ ᠴᠠᠭ ᠢ ᠠᠮᠵᠢᠨ ᠪᠤᠭᠤᠳᠠᠢ ᠶᠢᠨ ᠰᠢᠨ᠎ᠡ ᠡᠭᠦᠯᠳᠡᠷ᠂ | ᠰᠢᠨ᠎ᠡ ᠮᠡᠷᠭᠡᠵᠢᠯ ᠢ ᠣᠷᠣᠭᠤᠯᠬᠤ᠂ ᠲᠤᠷᠰᠢᠬᠤ᠂ ᠵᠢᠱᠢᠶ᠎ᠡ ᠦᠵᠡᠭᠦᠯᠬᠦ᠂ ᠲᠦᠭᠡᠮᠡᠯᠵᠢᠭᠦᠯᠬᠦ ᠠᠵᠢᠯ ᠢ ᠰᠠᠶᠢᠲᠤᠷ ᠬᠢᠵᠦ | ᠂ ᠲᠠᠷᠢᠶᠠᠯᠠᠩ ᠤᠨ ᠦᠷ᠎ᠡ ᠠᠰᠢᠭ ᠤᠨ ᠨᠡᠮᠡᠭᠳᠡᠯ᠂ ᠲᠠᠷᠢᠶᠠᠴᠢᠳ ᠤᠨ ᠣᠷᠣᠯᠭ᠎ᠠ ᠶᠢᠨ ᠨᠡᠮᠡᠭᠳᠡᠯ ᠢ ᠠᠬᠢᠭᠤᠯᠬᠤ | ᠴᠢᠬᠤᠯᠠ ᠠᠷᠭ᠎ᠠ ᠬᠡᠮᠵᠢᠶ᠎ᠡ ᠪᠣᠯᠭᠠᠨ ᠴᠢᠩᠭ᠎ᠠ ᠪᠣᠳᠠᠲᠠᠢ ᠠᠳᠬᠤᠵᠤ᠂ ᠬᠡᠰᠢᠭᠲᠡᠨ ᠬᠤᠰᠢᠭᠤᠨ ᠤ ᠲᠠᠷᠢᠶᠠᠯᠠᠩ ᠤᠨ | ᠴᠢᠨᠠᠷ ᠰᠠᠶᠢᠲᠠᠢ ᠬᠥᠭᠵᠢᠯᠲᠡ ᠶᠢ ᠲᠠᠰᠤᠷᠠᠯᠲᠠ ᠥᠬᠡᠶ ᠠᠬᠢᠭᠤᠯᠵᠤ᠂ ᠠᠮᠤ ᠪᠤᠳᠠᠭ᠎ᠠ ᠶᠢᠨ ᠠᠮᠤᠷ ᠲᠦᠪᠰᠢᠨ ᠤ | ᠰᠠᠭᠤᠷᠢ ᠶᠢ ᠪᠦᠬᠦ ᠬᠦᠴᠦᠨ ᠢᠶᠠᠷ ᠢᠶᠠᠨ ᠪᠠᠬᠢᠵᠢᠭᠦᠯᠦᠭᠰᠡᠨ ᠪᠠᠶᠢᠨ᠎ᠠ᠃ | 4 ᠰᠠᠷ᠎ᠠ ᠶᠢᠨ 24 ᠤ ᠡᠳᠦᠷ ᠠᠴᠠ ᠡᠬᠢᠯᠡᠨ᠂ ᠪᠤᠭᠤᠳᠠᠢ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠵᠢᠱᠢᠶ᠎ᠡ | ᠦᠵᠡᠭᠦᠯᠬᠦ ᠬᠦᠷᠢᠶᠡᠯᠡᠩ ᠲᠣᠭᠤᠷᠢᠭ ᠤᠨ ᠲᠠᠷᠢᠬᠤ ᠠᠵᠢᠯ ᠢ ᠪᠦᠬᠦ ᠲᠠᠯ᠎ᠠ ᠪᠠᠷ ᠥᠷᠨᠢᠭᠦᠯᠵᠦ᠂ ᠬᠦᠷᠢᠶᠡᠯᠡᠩ | ᠲᠣᠭᠤᠷᠢᠭ ᠨᠢ ᠭᠤᠣᠯᠳᠠᠭᠤ ᠺᠧ ᠾᠧ 304᠂ ᠨᠢᠩ 2038 ᠵᠡᠷᠭᠡ ᠰᠢᠨ᠎ᠡ ᠡᠭᠦᠯᠳᠡᠷ ᠢ ᠲᠦᠭᠡᠮᠡᠯᠵᠢᠭᠦᠯᠵᠦ᠂ | ᠳᠡᠯᠡᠩ ᠤᠨ ᠬᠤᠶᠠᠷ ᠮᠥᠷ ᠢᠶᠠᠷ ᠰᠤᠪᠠᠭᠯᠠᠨ ᠲᠠᠷᠢᠬᠤ᠂ ︽ᠬᠤᠶᠠᠷ ᠢ ᠪᠠᠭᠠᠰᠬᠠᠨ ᠳᠥᠷᠪᠡ ᠶᠢ ᠨᠡᠮᠡᠭᠳᠡᠭᠦᠯᠬᠦ︾ ᠵᠡᠷᠭᠡ | ᠰᠢᠨ᠎ᠡ ᠮᠡᠷᠭᠡᠵᠢᠯ ᠢ ᠲᠦᠭᠡᠮᠡᠯᠵᠢᠭᠦᠯᠪᠡ︔ ᠪᠤᠭᠤᠳᠠᠢ ᠶᠢᠨ ᠲᠥᠷᠥᠯ ᠵᠦᠢᠯ ᠤᠨ ᠲᠤᠷᠰᠢᠯᠲᠠ᠂ ᠲᠠᠷᠢᠮᠠᠯ ᠤᠨ | ᠨᠢᠭᠲᠠᠴᠠ ᠶᠢᠨ ᠲᠤᠷᠰᠢᠯᠲᠠ᠂ ᠪᠤᠭᠤᠳᠠᠢ ᠶᠢᠨ ᠪᠣᠷᠳᠣᠭᠤᠷ ᠤᠨ ᠦᠢᠯᠡᠳᠦᠯ ᠤᠨ ᠲᠤᠷᠰᠢᠯᠲᠠ᠂ ᠰᠢᠨ᠎ᠡ ᠬᠡᠯᠪᠡᠷᠢ ᠶᠢᠨ | ᠪᠣᠷᠳᠣᠭᠤᠷ ᠢ ᠰᠢᠯᠢᠨ ᠰᠣᠩᠭᠤᠬᠤ ᠲᠤᠷᠰᠢᠯᠲᠠ᠂ ᠪᠣᠷᠳᠣᠭᠤᠷ ᠣᠷᠣᠭᠤᠯᠬᠤ ᠬᠡᠮᠵᠢᠶ᠎ᠡ ᠶᠢᠨ ᠲᠤᠷᠰᠢᠯᠲᠠ ᠵᠡᠷᠭᠡ ᠶᠢ | ᠥᠷᠨᠢᠭᠦᠯᠪᠡ︔ ᠯᠥᠩ ᠮᠠᠢ 35᠂ ᠺᠧ ᠴᠦᠨ 63 ᠵᠡᠷᠭᠡ 12 ᠡᠭᠦᠯᠳᠡᠷ ᠤᠨ ᠵᠢᠱᠢᠶ᠎ᠡ ᠦᠵᠡᠭᠦᠯᠬᠦ᠂ | ᠬᠠᠭᠠᠯᠪᠤᠷᠢᠯᠠᠬᠤ ᠦᠭᠡᠢ ᠪᠠᠷ ᠲᠠᠷᠢᠬᠤ᠂ ᠨᠢᠰᠬᠡᠯ ᠢᠶᠠᠷ ᠡᠮ ᠰᠦᠷᠴᠢᠨ ᠡᠪᠡᠳᠴᠢᠨ ᠬᠤᠷᠣᠬᠠᠢ ᠶᠢ ᠰᠡᠷᠭᠡᠶᠢᠯᠡᠬᠦ ᠵᠡᠷᠭᠡ | 5 ᠮᠡᠷᠭᠡᠵᠢᠯ ᠢ ᠲᠦᠭᠡᠮᠡᠯᠵᠢᠭᠦᠯᠦᠭᠰᠡᠨ ᠪᠠᠶᠢᠨ᠎ᠠ᠃ | ᠬᠡᠰᠢᠭᠲᠡᠨ ᠬᠤᠰᠢᠭᠤᠨ ᠤ ᠪᠤᠭᠤᠳᠠᠢ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠵᠢᠱᠢᠶ᠎ᠡ ᠦᠵᠡᠭᠦᠯᠬᠦ | ᠬᠦᠷᠢᠶᠡᠯᠡᠩ ᠲᠣᠭᠤᠷᠢᠭ ᠨᠢ ᠲᠠᠷᠢᠮᠠᠯ ᠤᠨ ᠦᠢᠯᠡᠰ ᠤᠨ ᠭᠤᠣᠯᠳᠠᠯᠭ᠎ᠠ ᠲᠠᠢ ᠲᠥᠷᠥᠯ ᠵᠦᠢᠯ ᠳᠤ ᠲᠦᠰᠢᠭᠯᠡᠵᠦ᠂ | ᠬᠦᠴᠦᠨ ᠢᠶᠠᠨ ᠲᠥᠪᠯᠡᠷᠡᠭᠦᠯᠦᠨ᠂ ᠡᠬᠢ ᠪᠠᠶᠠᠯᠢᠭ ᠢ ᠴᠤᠭᠯᠠᠭᠤᠯᠤᠨ᠂ ᠮᠡᠷᠭᠡᠵᠢᠯ ᠢ ᠬᠤᠷᠠᠮᠳᠤᠭᠤᠯᠵᠤ᠂ ᠣᠳᠣ ᠶᠢᠨ | ᠪᠠᠶᠢᠭ᠎ᠠ ᠪᠣᠬᠢᠷᠲᠤᠯ ᠦᠭᠡᠢ ᠥᠨᠳᠥᠷ ᠤᠨᠠᠯᠲᠠ ᠪᠦᠬᠦᠢ ᠥᠨᠳᠥᠷ ᠦᠷ᠎ᠡ ᠠᠰᠢᠭ ᠪᠦᠬᠦᠢ ᠠᠵᠢᠯᠯᠠᠭ᠎ᠠ᠂ ᠬᠢᠮᠢ ᠶᠢᠨ | ᠪᠣᠷᠳᠣᠭᠤᠷ ᠤᠨ ᠬᠡᠮᠵᠢᠶ᠎ᠡ ᠶᠢ ᠪᠠᠭᠠᠰᠬᠠᠨ ᠦᠷ᠎ᠡ ᠠᠰᠢᠭ ᠢ ᠨᠡᠮᠡᠭᠳᠡᠭᠦᠯᠬᠦ᠂ ᠨᠢᠭᠡ ᠶᠢ ᠰᠦᠷᠴᠢᠵᠦ ᠭᠤᠷᠪᠠ ᠶᠢ | ᠰᠡᠷᠭᠡᠶᠢᠯᠡᠬᠦ ᠵᠡᠷᠭᠡ ᠲᠥᠷᠥᠯ ᠵᠦᠢᠯ ᠢ ᠡᠮᠬᠢᠳᠬᠡᠵᠦ᠂ ᠲᠥᠷᠥᠯ ᠵᠦᠢᠯ ᠤᠨ ᠶᠡᠷᠦᠩᠬᠡᠶᠢᠯᠡᠭᠰᠡᠨ ᠦᠷ᠎ᠡ ᠠᠰᠢᠭ ᠢ | ᠭᠦᠢᠴᠡᠳ ᠪᠠᠳᠠᠷᠠᠭᠤᠯᠤᠭᠰᠠᠨ ᠪᠠᠶᠢᠨ᠎ᠠ᠃ ᠰᠠᠶᠢᠨ ᠦᠷ᠎ᠡ᠂ ᠰᠠᠶᠢᠨ ᠠᠷᠭ᠎ᠠ᠂ ᠰᠠᠶᠢᠨ ᠲᠠᠷᠢᠶ᠎ᠠ᠂ ᠰᠠᠶᠢᠨ ᠲᠣᠬᠢᠶᠠᠯ᠂ | ᠰᠠᠶᠢᠨ ᠳᠦᠷᠢᠮ ᠢ ᠬᠠᠷᠢᠯᠴᠠᠨ ᠢᠵᠢ ᠪᠦᠷᠢᠳᠦᠭᠦᠯᠬᠦ ᠱᠠᠭᠠᠷᠳᠠᠯᠭ᠎ᠠ ᠶᠣᠰᠣᠭᠠᠷ᠂ ᠭᠠᠵᠠᠷ ᠰᠣᠩᠭᠤᠬᠤ᠂ | ᠨᠠᠷᠢᠯᠢᠭᠵᠢᠭᠤᠯᠤᠨ ᠬᠠᠭᠠᠯᠪᠤᠷᠢᠯᠠᠨ ᠲᠡᠭᠰᠢᠯᠡᠬᠦ ᠠᠵᠢᠯ ᠤᠨ ᠰᠠᠭᠤᠷᠢᠨ ᠳᠡᠭᠡᠷ᠎ᠡ᠂ ᠣᠳᠣ ᠶᠢᠨ ᠪᠠᠶᠢᠭ᠎ᠠ ᠲᠡᠷᠢᠭᠦᠨ ᠤ | ᠬᠡᠷᠡᠭᠯᠡᠭᠡᠨ ᠤ ᠮᠡᠷᠭᠡᠵᠢᠯ ᠢ ᠢᠵᠢ ᠪᠦᠷᠢᠳᠦᠭᠦᠯᠵᠦ᠂ ᠬᠡᠰᠢᠭᠲᠡᠨ ᠬᠤᠰᠢᠭᠤᠨ ᠳᠤ ᠲᠣᠬᠢᠷᠠᠬᠤ ᠥᠨᠳᠥᠷ ᠤᠨᠠᠯᠲᠠ | ᠪᠦᠬᠦᠢ ᠲᠠᠷᠢᠵᠤ ᠪᠤᠶᠢᠵᠢᠭᠤᠯᠬᠤ ᠮᠡᠷᠭᠡᠵᠢᠯ ᠤᠨ ᠲᠣᠭᠲᠠᠯᠴᠠᠭ᠎ᠠ ᠶᠢ ᠪᠠᠶᠢᠭᠤᠯᠵᠤ᠂ ᠣᠨᠴᠠᠯᠢᠭᠲᠤ ᠨᠡᠷᠡᠲᠦ ᠲᠡᠮᠳᠡᠭ ᠢ | ᠡᠭᠦᠳᠴᠦ᠂ ᠬᠡᠰᠢᠭᠲᠡᠨ ᠬᠤᠰᠢᠭᠤᠨ ᠤ ᠪᠤᠭᠤᠳᠠᠢ ᠶᠢᠨ ᠠᠵᠤ ᠦᠢᠯᠡᠰ ᠤᠨ ᠡᠷᠡᠭᠦᠯ ᠢᠶᠠᠷ ᠬᠥᠭᠵᠢᠬᠦ ᠶᠢ ᠠᠬᠢᠭᠤᠯᠵᠤ | ᠪᠣᠢ᠃ | | |