ᠪᠠᠶᠠᠨᠴᠠᠭᠠᠨ ᠪᠠᠭ᠎ᠠ ᠰᠤᠷᠭᠠᠭᠤᠯᠢ ᠶᠢᠨ ︽ᠠᠮᠢᠳᠤ ᠪᠤᠳᠠᠰ ᠤᠨ ᠵᠠᠭᠪᠤᠷ︾᠎ ᠤᠨ ᠦᠵᠡᠭᠦᠯᠭᠡ ᠶᠢᠨ ᠭᠡᠷ
ᠨᠡᠶᠢᠲᠡᠯᠡᠭᠰᠡᠨ ᠴᠠᠭ᠄
2024/4/8
     ᠪᠠᠶᠠᠨᠴᠠᠭᠠᠨ ᠪᠠᠭ᠎ᠠ ᠰᠤᠷᠭᠠᠭᠤᠯᠢ ᠨᠢ 2023 ᠤᠨ ᠤ 6 ᠰᠠᠷ᠎ᠠ ᠠᠴᠠ ᠡᠬᠢᠯᠡᠨ ︽ᠠᠮᠢᠳᠤ ᠪᠤᠳᠠᠰ ᠤᠨ ᠵᠠᠭᠪᠤᠷ︾᠎ ᠤᠨ ᠦᠵᠡᠬᠦᠯᠦᠯᠭᠡ ᠶᠢᠨ ᠭᠡᠷ ᠢ ᠲᠦᠰᠦᠪᠯᠡᠨ ᠪᠠᠶᠢᠭᠤᠯᠤᠭᠰᠠᠨ ᠪᠠᠶᠢᠨ᠎ᠠ᠃
     ᠲᠤᠰ ᠦᠵᠡᠭᠦᠯᠦᠯᠭᠡ ᠶᠢᠨ ᠭᠡᠷ ᠲᠤ ᠣᠯᠠᠨ ᠲᠥᠷᠥᠯ ᠤᠨ ᠤᠷᠭᠤᠮᠠᠯ ᠤᠨ ᠵᠠᠭᠪᠤᠷ᠂ ᠰᠢᠪᠠᠵᠢ ᠶᠢᠨ ᠵᠤᠭᠪᠤᠷ᠂ ᠬᠡᠬᠡᠷ᠎ᠡ ᠶᠢᠨ ᠠᠷᠢᠶᠠᠳᠠᠨ ᠵᠢᠭᠦᠷᠳᠡᠨ ᠤ ᠭᠡᠷᠡᠯ ᠵᠢᠷᠤᠭ ᠵᠡᠷᠭᠡ ᠶᠢ ᠳᠡᠯᠭᠡᠨ ᠦᠵᠡᠭᠦᠯᠵᠦ᠂ ᠡᠳᠡᠭᠡᠷ ᠵᠠᠭᠪᠤᠷ ᠢ ᠲᠤᠰᠬᠠᠢ ᠮᠡᠷᠭᠡᠵᠢᠯᠳᠡᠨ ᠢᠶᠠᠷ ᠬᠢᠨᠠᠨ ᠲᠤᠭᠳᠠᠭᠠᠯᠳᠠ ᠬᠢᠯᠭᠡᠵᠦ ᠲᠦᠷᠦᠯᠵᠢᠬᠦᠯᠦᠨ ᠳᠠᠩᠰᠠᠯᠠᠭᠰᠠᠨ ᠪᠠᠶᠢᠨ᠎ᠠ᠃      ᠰᠢᠪᠠᠵᠢ ᠶᠢᠨ ᠰᠤᠳᠤᠯᠭᠠᠳᠠᠨ ᠨᠦᠩᠨᠠᠶᠢᠵᠠᠪ ᠫᠷᠦᠹᠧᠰᠰᠤᠷ ᠤᠨ ᠰᠤᠷᠤᠭᠴᠢ᠂ ︽ᠤᠷᠤᠰ ᠮᠤᠩᠭᠤᠯ ᠳᠤᠮᠳᠠᠳᠤ ᠶᠢᠨ ᠬᠢᠯᠢ ᠳᠠᠬᠢ ᠮᠤᠩᠭᠤᠯ ᠤᠨ ᠦᠨᠳᠦᠷᠯᠢᠭ ᠤᠨ ᠴᠠᠷᠴᠠᠬᠠᠢ ᠶᠢᠨ ᠳᠡᠮᠳᠡᠭᠯᠡᠯ︾᠎ ᠤᠨ ᠵᠣᠬᠢᠶᠠᠭᠴᠢ᠂ ᠳ᠋ᠤᠺᠲ᠋ᠤᠷ ᠨᠠᠷᠠᠰᠤ 15 ᠲᠦᠷᠦᠯ ᠤᠨ ᠴᠠᠷᠴᠠᠬᠠᠢ ᠶᠢᠨ ᠦᠯᠢᠭᠡᠷ ᠵᠠᠭᠪᠤᠷ ᠢ ᠲᠤᠰ ᠦᠵᠡᠭᠦᠯᠭᠡ ᠶᠢᠨ ᠭᠡᠷ ᠲᠤ ᠪᠡᠯᠡᠭᠯᠡᠵᠦ᠂ ᠳᠡᠯᠭᠡᠨ ᠦᠵᠡᠭᠦᠯᠦᠯᠭᠡ ᠶᠢᠨ ᠠᠭᠤᠯᠭ᠎ᠠ ᠪᠠ ᠬᠡᠯᠪᠡᠷᠢ ᠶᠢ ᠨᠡᠩ ᠪᠠᠶᠠᠯᠢᠭᠵᠢᠭᠤᠯᠤᠭᠰᠠᠨ ᠪᠠᠶᠢᠨ᠎ᠠ᠃
     ᠡᠳᠦᠭᠡ᠂ ᠪᠠᠶᠠᠨᠴᠠᠭᠠᠨ ᠪᠠᠭ᠎ᠠ ᠰᠤᠷᠭᠠᠭᠤᠯᠢ ᠶᠢᠨ ᠪᠠᠭᠰᠢ ᠰᠤᠷᠤᠭᠴᠢᠳ ᠦᠯᠢᠭᠡᠷ ᠵᠠᠭᠪᠤᠷ ᠴᠤᠭᠯᠠᠭᠤᠯᠬᠤ ᠠᠵᠢᠯ ᠢᠶᠠᠨ ᠦᠷᠭᠦᠯᠵᠢᠯᠡᠨ ᠥᠷᠨᠢᠭᠦᠯᠵᠦ᠂ ᠭᠡᠷ ᠤᠨ ᠠᠬᠠᠮᠠᠳ ᠪᠠ ᠨᠡᠶᠢᠭᠡᠮ ᠤᠨ ᠡᠯ᠎ᠡ ᠡᠳᠡᠭᠡᠳ ᠤᠨ ᠰᠠᠶᠢᠨ ᠦᠨᠡᠯᠡᠯᠲᠡ ᠶᠢ ᠣᠯᠵᠤ ᠪᠠᠶᠢᠨ᠎ᠠ᠃
 
ᠢᠷᠡᠯᠲᠡ᠄ ᠬᠡᠰᠢᠭᠲᠡᠨ ᠬᠣᠰᠢᠭᠤᠨ ᠤ ᠠᠷᠠᠳ ᠤᠨ ᠵᠠᠰᠠᠭ ᠤᠨ ᠣᠷᠳᠣᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备09001939号