︽ᠬᠡᠰᠢᠭᠲᠡᠨ ᠬᠤᠰᠢᠭᠤᠨ ᠤ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠶᠢᠨ ᠶᠠᠰᠤ ᠴᠢᠨᠠᠷ ᠢ ᠳᠡᠭᠡᠭᠰᠢᠯᠡᠭᠦᠯᠬᠦ ᠭᠤᠷᠪᠠᠨ ᠵᠢᠯ ᠤᠨ ᠠᠵᠢᠯᠯᠠᠭ᠎ᠠ ᠶᠢᠨ ᠲᠥᠯᠥᠪᠯᠡᠭᠡ ︵2023 ︱ 2025 ᠣᠨ︶ ᠶᠢᠨ ᠬᠡᠷᠡᠭᠵᠢᠭᠦᠯᠬᠦ ᠲᠥᠰᠥᠯ︾ ᠤᠨ ᠲᠥᠷᠥ ᠶᠢᠨ ᠪᠣᠳᠣᠯᠭ᠎ᠠ ᠶᠢᠨ ᠲᠠᠶᠢᠯᠤᠮᠵᠢ
ᠨᠡᠶᠢᠲᠡᠯᠡᠭᠰᠡᠨ ᠴᠠᠭ᠄
2024/4/8
    ᠨᠢᠭᠡ᠂ ᠪᠢᠴᠢᠭ ᠮᠠᠲ᠋ᠧᠷᠢᠶᠠᠯ ᠢ ᠨᠡᠶᠢᠲᠡᠯᠡᠭᠰᠡᠨ ᠠᠬᠤᠢ ᠪᠠᠶᠢᠳᠠᠯ ᠵᠢᠴᠢ ᠵᠣᠷᠢᠯᠭ᠎ᠠ          ︽ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠪᠠᠶᠢᠭᠤᠯᠤᠯᠲᠠ ᠶᠢᠨ ᠬᠡᠷᠡᠭᠵᠢᠭᠦᠯᠬᠦ ᠬᠥᠲᠥᠯᠪᠦᠷᠢ ︵2021︱2025 ᠣᠨ︶︾ ᠶᠢᠨ ᠵᠣᠷᠢᠭ ᠰᠠᠨᠠᠭ᠎ᠠ ᠶᠢ ᠭᠦᠨᠵᠡᠭᠡᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠮᠠᠨ ᠤ ᠬᠤᠰᠢᠭᠤᠨ ᠤ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠶᠢᠨ ᠶᠠᠰᠤ ᠴᠢᠨᠠᠷ ᠪᠠ ᠦᠷ᠎ᠡ ᠪᠦᠲᠦᠮᠵᠢ ᠶᠢ ᠪᠥᠬᠦ ᠲᠠᠯ᠎ᠠ ᠪᠠᠷ ᠳᠡᠭᠡᠭᠰᠢᠯᠡᠭᠦᠯᠬᠦ ᠶᠢᠨ ᠲᠥᠯᠥᠭᠡ᠂ ︽ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠶᠢᠨ ᠶᠠᠰᠤ ᠴᠢᠨᠠᠷ ᠢ ᠳᠡᠭᠡᠭᠰᠢᠯᠡᠭᠦᠯᠬᠦ ᠭᠤᠷᠪᠠᠨ ᠵᠢᠯ ᠤᠨ ᠠᠵᠢᠯᠯᠠᠭ᠎ᠠ ᠶᠢᠨ ᠲᠥᠯᠥᠪᠯᠡᠭᠡ ︵2023 ︱ 2025 ᠣᠨ︶ ᠶᠢ ᠳᠠᠷᠤᠮᠠᠯᠯᠠᠨ ᠲᠠᠷᠬᠠᠭᠠᠬᠤ ᠲᠤᠬᠠᠢ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠠᠯᠪᠠᠨ ᠲᠢᠩᠬᠢᠮ ᠤᠨ ᠮᠡᠳᠡᠭᠳᠡᠯ︾ ᠤᠨ ᠵᠣᠷᠢᠭ ᠰᠠᠨᠠᠭ᠎ᠠ ᠶᠢ ᠦᠨᠳᠦᠰᠦᠯᠡᠨ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ᠂ ᠤᠯᠠᠭᠠᠨᠬᠠᠳᠠ ᠬᠤᠲᠠ ᠶᠢᠨ ᠬᠠᠮᠢᠶ᠎ᠠ ᠪᠦᠬᠦᠢ ᠱᠠᠭᠠᠷᠳᠠᠯᠭ᠎ᠠ ᠪᠠ ᠪᠥᠬᠦ ᠬᠤᠰᠢᠭᠤᠨ ᠤ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠶᠢᠨ ᠠᠵᠢᠯ ᠤᠨ ᠪᠣᠳᠠᠲᠠᠢ ᠲᠠᠢ ᠤᠶᠠᠯᠳᠤᠭᠤᠯᠵᠤ᠂ ᠲᠣᠰ ᠲᠥᠰᠥᠯ ᠢ ᠲᠣᠭᠲᠠᠭᠠᠪᠠ᠃         ᠬᠤᠶᠠᠷ᠂ ᠭᠤᠣᠯᠳᠠᠯᠭ᠎ᠠ ᠲᠠᠢ ᠡᠭᠦᠷᠭᠡ          ︵ᠨᠢᠭᠡ︶ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠠᠵᠢᠯᠲᠠᠨ ᠤ ᠴᠢᠳᠠᠪᠤᠷᠢ ᠬᠡᠪ ᠴᠢᠨᠠᠷ ᠢ ᠪᠥᠬᠦ ᠲᠠᠯ᠎ᠠ ᠪᠠᠷ ᠳᠡᠭᠡᠭᠰᠢᠯᠡᠭᠦᠯᠦᠨ᠎ᠡ᠃      ︵ᠬᠤᠶᠠᠷ︶ ᠬᠠᠤᠯᠢ ᠶᠢ ᠴᠢᠩᠭ᠎ᠠ ᠵᠢᠷᠤᠮᠵᠢᠭᠤᠨ ᠲᠥᠪ ᠭᠤᠣᠯᠴᠢ ᠪᠣᠯᠪᠠᠰᠤᠨ ᠢᠶᠠᠷ ᠬᠡᠷᠡᠭᠵᠢᠭᠦᠯᠬᠦ ᠶᠢ ᠪᠦᠬᠦ ᠲᠠᠯ᠎ᠠ ᠪᠠᠷ ᠠᠬᠢᠭᠤᠯᠤᠨ᠎ᠠ᠃      ︵ᠭᠤᠷᠪᠠ︶ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠠᠵᠢᠯ ᠤᠨ ᠲᠣᠭᠲᠠᠯᠴᠠᠭ᠎ᠠ ᠶᠢ ᠪᠦᠷᠢᠨᠰᠢᠭᠦᠯᠦᠨ ᠲᠡᠭᠦᠯᠳᠡᠷᠵᠢᠭᠦᠯᠦᠨ᠎ᠡ᠃      ︵ᠳᠥᠷᠪᠡ︶ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠶᠢ ᠵᠣᠬᠢᠴᠠᠭᠤᠯᠤᠨ ᠬᠢᠨᠠᠯᠲᠠ ᠲᠠᠯᠪᠢᠬᠤ ᠠᠵᠢᠯ ᠤᠨ ᠲᠣᠭᠲᠠᠯᠴᠠᠭ᠎ᠠ ᠶᠢ ᠲᠦᠷᠭᠡᠳᠬᠡᠨ ᠪᠠᠶᠢᠭᠤᠯᠤᠨ᠎ᠠ᠃      ︵ᠲᠠᠪᠤ︶ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠪᠠ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠳᠤ ᠬᠢᠨᠠᠯᠲᠠ ᠲᠠᠯᠪᠢᠬᠤ ᠰᠢᠨᠵᠢᠯᠡᠬᠦ ᠤᠬᠠᠭᠠᠨ ᠮᠡᠷᠭᠡᠵᠢᠯ ᠤᠨ ᠪᠠᠲᠤᠯᠠᠭ᠎ᠠ ᠶᠢᠨ ᠲᠣᠭᠲᠠᠯᠴᠠᠭ᠎ᠠ ᠶᠢ ᠪᠦᠷᠢᠨᠰᠢᠭᠦᠯᠦᠨ᠎ᠡ᠃      ︵ᠵᠢᠷᠭᠤᠭ᠎ᠠ︶ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠶᠢᠨ ᠪᠠᠲᠤᠯᠠᠭ᠎ᠠ ᠶᠢᠨ ᠡᠷᠴᠢᠮ ᠢ ᠲᠠᠰᠤᠷᠠᠯᠲᠠ ᠦᠭᠡᠢ ᠴᠢᠩᠭᠠᠷᠠᠭᠤᠯᠤᠨ᠎ᠠ᠃
 
ᠢᠷᠡᠯᠲᠡ᠄ ᠬᠡᠰᠢᠭᠲᠡᠨ ᠬᠣᠰᠢᠭᠤᠨ ᠤ ᠠᠷᠠᠳ ᠤᠨ ᠵᠠᠰᠠᠭ ᠤᠨ ᠣᠷᠳᠣᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备09001939号