ᠪᠠᠶᠠᠨᠴᠠᠭᠠᠨ ᠪᠠᠭ᠎ᠠ ᠰᠤᠷᠭᠠᠭᠤᠯᠢ ᠶᠢᠨ ︽ᠠᠮᠢᠳᠤ ᠪᠤᠳᠠᠰ ᠤᠨ ᠵᠠᠭᠪᠤᠷ︾ ᠤᠨ ᠦᠵᠡᠭᠦᠯᠭᠡ ᠶᠢᠨ ᠭᠡᠷ
ᠨᠡᠶᠢᠲᠡᠯᠡᠭᠰᠡᠨ ᠴᠠᠭ᠄
2024/4/8
     ᠪᠠᠶᠠᠨᠴᠠᠭᠠᠨ ᠪᠠᠭ᠎ᠠ ᠰᠤᠷᠭᠠᠭᠤᠯᠢ ᠨᠢ 2023 ᠤᠨ ᠤ 6 ᠰᠠᠷ᠎ᠠ ᠠᠴᠠ ᠡᠬᠢᠯᠡᠨ ︽ᠠᠮᠢᠳᠤ ᠪᠤᠳᠠᠰ ᠤᠨ ᠵᠠᠭᠪᠤᠷ︾ ᠤᠨ ᠦᠵᠡᠬᠦᠯᠦᠯᠭᠡ ᠶᠢᠨ ᠭᠡᠷ ᠢ ᠲᠦᠰᠦᠪᠯᠡᠨ ᠪᠠᠶᠢᠭᠤᠯᠤᠭᠰᠠᠨ ᠪᠠᠶᠢᠨ᠎ᠠ᠃
     ᠲᠤᠰ ᠦᠵᠡᠭᠦᠯᠦᠯᠭᠡ ᠶᠢᠨ ᠭᠡᠷ ᠲᠤ ᠣᠯᠠᠨ ᠲᠥᠷᠥᠯ ᠤᠨ ᠤᠷᠭᠤᠮᠠᠯ ᠤᠨ ᠵᠠᠭᠪᠤᠷ᠂ ᠰᠢᠪᠠᠵᠢ ᠶᠢᠨ ᠵᠤᠭᠪᠤᠷ᠂ ᠬᠡᠬᠡᠷ᠎ᠡ ᠶᠢᠨ ᠠᠷᠢᠶᠠᠳᠠᠨ ᠵᠢᠭᠦᠷᠳᠡᠨ ᠤ ᠭᠡᠷᠡᠯ ᠵᠢᠷᠤᠭ ᠵᠡᠷᠭᠡ ᠶᠢ ᠳᠡᠯᠭᠡᠨ ᠦᠵᠡᠭᠦᠯᠵᠦ᠂ ᠡᠳᠡᠭᠡᠷ ᠵᠠᠭᠪᠤᠷ ᠢ ᠲᠤᠰᠬᠠᠢ ᠮᠡᠷᠭᠡᠵᠢᠯᠳᠡᠨ ᠢᠶᠠᠷ ᠬᠢᠨᠠᠨ ᠲᠤᠭᠳᠠᠭᠠᠯᠳᠠ ᠬᠢᠯᠭᠡᠵᠦ ᠲᠦᠷᠦᠯᠵᠢᠬᠦᠯᠦᠨ ᠳᠠᠩᠰᠠᠯᠠᠭᠰᠠᠨ ᠪᠠᠶᠢᠨ᠎ᠠ᠃      ᠰᠢᠪᠠᠵᠢ ᠶᠢᠨ ᠰᠤᠳᠤᠯᠭᠠᠳᠠᠨ ᠨᠦᠩᠨᠠᠶᠢᠵᠠᠪ ᠫᠷᠦᠹᠧᠰᠰᠤᠷ ᠤᠨ ᠰᠤᠷᠤᠭᠴᠢ᠂ ︽ᠤᠷᠤᠰ ᠮᠤᠩᠭᠤᠯ ᠳᠤᠮᠳᠠᠳᠤ ᠶᠢᠨ ᠬᠢᠯᠢ ᠳᠠᠬᠢ ᠮᠤᠩᠭᠤᠯ ᠤᠨ ᠦᠨᠳᠦᠷᠯᠢᠭ ᠤᠨ ᠴᠠᠷᠴᠠᠬᠠᠢ ᠶᠢᠨ ᠳᠡᠮᠳᠡᠭᠯᠡᠯ︾ ᠤᠨ ᠵᠣᠬᠢᠶᠠᠭᠴᠢ᠂ ᠳ᠋ᠤᠺᠲ᠋ᠤᠷ ᠨᠠᠷᠠᠰᠤ 15 ᠲᠦᠷᠦᠯ ᠤᠨ ᠴᠠᠷᠴᠠᠬᠠᠢ ᠶᠢᠨ ᠦᠯᠢᠭᠡᠷ ᠵᠠᠭᠪᠤᠷ ᠢ ᠲᠤᠰ ᠦᠵᠡᠭᠦᠯᠭᠡ ᠶᠢᠨ ᠭᠡᠷ ᠲᠤ ᠪᠡᠯᠡᠭᠯᠡᠵᠦ᠂ ᠳᠡᠯᠭᠡᠨ ᠦᠵᠡᠭᠦᠯᠦᠯᠭᠡ ᠶᠢᠨ ᠠᠭᠤᠯᠭ᠎ᠠ ᠪᠠ ᠬᠡᠯᠪᠡᠷᠢ ᠶᠢ ᠨᠡᠩ ᠪᠠᠶᠠᠯᠢᠭᠵᠢᠭᠤᠯᠤᠭᠰᠠᠨ ᠪᠠᠶᠢᠨ᠎ᠠ᠃
     ᠡᠳᠦᠭᠡ᠂ ᠪᠠᠶᠠᠨᠴᠠᠭᠠᠨ ᠪᠠᠭ᠎ᠠ ᠰᠤᠷᠭᠠᠭᠤᠯᠢ ᠶᠢᠨ ᠪᠠᠭᠰᠢ ᠰᠤᠷᠤᠭᠴᠢᠳ ᠦᠯᠢᠭᠡᠷ ᠵᠠᠭᠪᠤᠷ ᠴᠤᠭᠯᠠᠭᠤᠯᠬᠤ ᠠᠵᠢᠯ ᠢᠶᠠᠨ ᠦᠷᠭᠦᠯᠵᠢᠯᠡᠨ ᠥᠷᠨᠢᠭᠦᠯᠵᠦ᠂ ᠭᠡᠷ ᠤᠨ ᠠᠬᠠᠮᠠᠳ ᠪᠠ ᠨᠡᠶᠢᠭᠡᠮ ᠤᠨ ᠡᠯ᠎ᠡ ᠡᠳᠡᠭᠡᠳ ᠤᠨ ᠰᠠᠶᠢᠨ ᠦᠨᠡᠯᠡᠯᠲᠡ ᠶᠢ ᠣᠯᠵᠤ ᠪᠠᠶᠢᠨ᠎ᠠ᠃
 
ᠢᠷᠡᠯᠲᠡ᠄ ᠬᠡᠰᠢᠭᠲᠡᠨ ᠬᠣᠰᠢᠭᠤᠨ ᠤ ᠠᠷᠠᠳ ᠤᠨ ᠵᠠᠰᠠᠭ ᠤᠨ ᠣᠷᠳᠣᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备09001939号