︽ᠬᠡᠰᠢᠭᠲᠡᠨ ᠬᠤᠰᠢᠭᠤᠨ ᠤ ᠠᠶᠤᠯᠭᠦᠶ ᠦᠢᠯᠡᠳᠪᠦᠷᠢᠯᠡᠯ ᠤᠨ ᠦᠨᠳᠦᠰᠦᠨ ᠠᠴᠠ ᠨᠢ ᠵᠠᠰᠠᠬᠤ ᠪᠣᠭᠤᠮᠲᠠ ᠰᠢᠪᠲᠤᠯᠬᠤ ᠭᠤᠷᠪᠠᠨ ᠵᠢᠯ ᠤᠨ ᠠᠵᠢᠯᠯᠠᠭ᠎ᠠ ᠶᠢᠨ ᠲᠥᠰᠦᠯ ︵2024 - 2026 ᠣᠨ︶︾᠎ ᠶᠢᠨ ᠲᠥᠷᠥ ᠶᠢᠨ ᠪᠣᠳᠣᠯᠭ᠎ᠠ ᠶᠢᠨ ᠲᠠᠶᠢᠯᠤᠮᠵᠢ
ᠨᠡᠶᠢᠲᠡᠯᠡᠭᠰᠡᠨ ᠴᠠᠭ᠄
2024/5/2
     ᠨᠢᠭᠡ᠂ ᠲᠥᠰᠦᠯ ᠢ ᠲᠣᠭᠲᠠᠭᠠᠭᠰᠠᠨ ᠠᠬᠤᠶ ᠪᠠᠶᠢᠳᠠᠯ      ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠣᠯᠭᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠭᠤᠰᠢᠯᠠᠭᠤᠯᠵᠤ᠂ ᠠᠷᠠᠳ ᠲᠦᠮᠡᠨ ᠢ ᠳᠡᠭᠡᠳᠦᠯᠡᠨ᠂ ᠠᠮᠢ ᠨᠠᠰᠤ ᠶᠢ ᠳᠡᠭᠡᠳᠦᠯᠡᠬᠦ ᠶᠢ ᠪᠠᠷᠢᠮᠲᠠᠯᠠᠵᠤ᠂ ᠠᠮᠤᠷ ᠲᠦᠪᠰᠢᠨ ᠢ ᠲᠡᠷᠢᠭᠦᠨ ᠳᠤ ᠲᠠᠯᠪᠢᠨ᠂ ᠰᠡᠷᠭᠡᠶᠢᠯᠡᠬᠦ ᠪᠠᠷ ᠭᠤᠣᠯ ᠪᠣᠯᠭᠠᠬᠤ ᠶᠢ ᠪᠠᠷᠢᠮᠲᠠᠯᠠᠵᠤ᠂ ᠥᠩᠭᠡᠨ ᠲᠠᠯ᠎ᠠ ᠪᠠ ᠦᠨᠳᠦᠰᠦ ᠰᠤᠷᠪᠤᠯᠵᠢ ᠶᠢ ᠵᠡᠷᠭᠡᠪᠡᠷ ᠵᠠᠰᠠᠨ᠂ ᠦᠨᠳᠦᠰᠦ ᠠᠴᠠ ᠨᠢ ᠵᠠᠰᠠᠬᠤ ᠶᠢ ᠴᠢᠬᠤᠯᠠᠴᠢᠯᠠᠬᠤ ᠶᠢ ᠪᠠᠷᠢᠮᠲᠠᠯᠠᠵᠤ᠂ ᠠᠶᠤᠯᠭᠦᠢ ᠶᠢᠨ ᠣᠶᠢᠯᠠᠭᠠᠭᠳᠠᠬᠤᠨ᠂ ᠠᠶᠤᠯᠭᠦᠢ ᠶᠢᠨ ᠬᠠᠷᠢᠭᠤᠴᠠᠯᠭ᠎ᠠ᠂ ᠠᠶᠤᠯᠭᠦᠢ ᠶᠢᠨ ᠲᠥᠯᠥᠪᠵᠢᠭᠦᠯᠭᠡ᠂ ᠠᠶᠤᠯᠭᠦᠢ ᠶᠢᠨ ᠬᠠᠤᠯᠢ ᠵᠠᠰᠠᠯᠲᠠ᠂ ᠠᠶᠤᠯᠭᠦᠢ ᠶᠢᠨ ᠪᠠᠷᠢᠮᠵᠢᠶ᠎ᠠ᠂ ᠠᠶᠤᠯᠭᠦᠢ ᠶᠢᠨ ᠰᠢᠨᠵᠢᠯᠡᠭᠡ ᠮᠡᠷᠭᠡᠵᠢᠯ᠂ ᠠᠶᠤᠯᠭᠦᠢ ᠶᠢᠨ ᠢᠨᠵᠧᠨᠧᠷᠢᠩ᠂ ᠠᠶᠤᠯᠭᠦᠢ ᠶᠢᠨ ᠬᠡᠪ ᠴᠢᠨᠠᠷ ᠵᠡᠷᠭᠡ ᠲᠠᠯ᠎ᠠ ᠪᠠᠷ ᠳᠤᠲᠠᠭᠤᠳᠠᠯ ᠢᠶᠠᠨ ᠨᠥᠬᠦᠪᠦᠷᠢᠯᠡᠨ᠂ ᠪᠠᠭᠤᠷᠠᠢ ᠲᠠᠯ᠎ᠠ ᠪᠠᠨ ᠬᠦᠴᠦᠷᠬᠡᠭᠵᠢᠭᠦᠯᠵᠦ᠂ ᠠᠶᠤᠯ ᠲᠦᠭᠰᠢᠭᠦᠷᠢ ᠶᠢᠨ ᠳᠠᠯᠳᠠ ᠭᠡᠮ ᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠯᠠᠷᠠᠭᠤᠯᠬᠤ ᠶᠠᠰᠤ ᠴᠢᠨᠠᠷ ᠢ ᠦᠨᠡᠨᠬᠦ ᠳᠡᠭᠡᠭᠰᠢᠯᠡᠭᠦᠯᠵᠦ᠂ ᠠᠰᠠᠭᠤᠳᠠᠯ ᠢ ᠢᠯᠡᠷᠡᠭᠦᠯᠬᠦ ᠪᠠ ᠠᠰᠠᠭᠤᠳᠠᠯ ᠢ ᠰᠢᠢᠳᠪᠦᠷᠢᠯᠡᠬᠦ ᠴᠢᠩᠭ᠎ᠠ ᠬᠦᠰᠡᠯ ᠡᠷᠡᠮᠡᠯᠵᠡᠯ ᠪᠣᠯᠣᠨ ᠴᠢᠳᠠᠪᠤᠷᠢ ᠶᠢᠨ ᠬᠢᠷᠢ ᠲᠦᠪᠰᠢᠨ ᠢ ᠦᠨᠡᠨᠬᠦ ᠳᠡᠭᠡᠭᠰᠢᠯᠡᠭᠦᠯᠵᠦ᠂ ᠬᠦᠨᠳᠦ ᠶᠡᠭᠡ ᠠᠳᠡᠯ ᠤᠨ ᠳᠠᠯᠳᠠ ᠭᠡᠮ ᠢ ᠬᠥᠳᠡᠯᠦᠩᠭᠦᠢ ᠪᠠᠷ ᠠᠷᠢᠯᠭᠠᠬᠤ ᠶᠢ ᠠᠬᠢᠭᠤᠯᠵᠤ᠂ ᠮᠥᠨ ᠴᠢᠨᠠᠷ ᠤᠨ ᠠᠶᠤᠯᠭᠦᠢ ᠶᠢᠨ ᠬᠢᠷᠢ ᠲᠦᠪᠰᠢᠨ ᠢ ᠲᠠᠰᠤᠷᠠᠯᠲᠠ ᠦᠭᠡᠢ ᠳᠡᠭᠡᠭᠰᠢᠯᠡᠭᠦᠯᠵᠦ᠂ ᠠᠶᠤᠯᠭᠦᠢ ᠦᠢᠯᠡᠳᠪᠦᠷᠢᠯᠡᠯ ᠤᠨ ᠵᠠᠰᠠᠯᠲᠠ ᠶᠢᠨ ᠲᠣᠭᠲᠠᠯᠴᠠᠭ᠎ᠠ ᠪᠣᠯᠣᠨ ᠵᠠᠰᠠᠯᠲᠠ ᠶᠢᠨ ᠴᠢᠳᠠᠪᠤᠷᠢ ᠶᠢᠨ ᠣᠳᠣᠬᠢᠴᠢᠯᠠᠯᠲᠠ ᠶᠢ ᠲᠦᠷᠭᠡᠳᠬᠡᠨ ᠠᠬᠢᠭᠤᠯᠵᠤ᠂ ᠰᠢᠨ᠎ᠡ ᠴᠠᠭ ᠦᠶ᠎ᠡ ᠶᠢᠨ ᠬᠡᠰᠢᠭᠲᠡᠨ ᠬᠤᠰᠢᠭᠤᠨ ᠤ ᠪᠦᠲᠦᠭᠡᠨ ᠪᠠᠶᠢᠭᠤᠯᠤᠯᠲᠠ ᠶᠢᠨ ᠰᠢᠨ᠎ᠡ ᠪᠠᠶᠢᠳᠠᠯ ᠳᠤ ᠠᠮᠤᠷ ᠲᠦᠪᠰᠢᠨ ᠲᠣᠭᠲᠠᠭᠤᠨ ᠣᠷᠴᠢᠨ ᠲᠣᠭᠤᠷᠢᠨ ᠢ ᠪᠣᠶ ᠪᠣᠯᠭᠠᠬᠤ ᠶᠢᠨ ᠲᠥᠯᠥᠭᠡ᠂ ︽ᠬᠡᠰᠢᠭᠲᠡᠨ ᠬᠤᠰᠢᠭᠤᠨ ᠤ ᠠᠶᠤᠯᠭᠦᠢ ᠦᠢᠯᠡᠳᠪᠦᠷᠢᠯᠡᠯ ᠤᠨ ᠦᠨᠳᠦᠰᠦᠨ ᠠᠴᠠ ᠨᠢ ᠵᠠᠰᠠᠬᠤ ᠪᠣᠭᠤᠮᠲᠠ ᠰᠢᠪᠲᠤᠯᠬᠤ ᠭᠤᠷᠪᠠᠨ ᠵᠢᠯ ᠤᠨ ᠠᠵᠢᠯᠯᠠᠭ᠎ᠠ ᠶᠢᠨ ᠲᠥᠰᠥᠯ ︵2024 - 2026 ᠣᠨ︶︾᠎ ᠶᠢ ᠣᠨᠴᠠᠭᠠᠶᠢᠯᠠᠨ ᠲᠣᠭᠲᠠᠭᠠᠪᠠ᠃      ᠬᠤᠶᠠᠷ᠂ ᠲᠥᠰᠦᠯ ᠢ ᠲᠣᠭᠲᠠᠭᠠᠭᠰᠠᠨ ᠶᠠᠪᠤᠴᠠ      ᠬᠡᠰᠢᠭᠲᠡᠨ ᠬᠤᠰᠢᠭᠤᠨ ᠤ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠲᠣᠪᠴᠢᠶ᠎ᠠ ᠲᠥᠰᠦᠯ ᠢ ᠲᠤᠭᠤᠷᠪᠢᠬᠤ ᠲᠤᠰᠬᠠᠶ ᠠᠩᠭᠢ ᠪᠠᠶᠢᠭᠤᠯᠵᠤ᠂ ᠳᠡᠭᠡᠳᠦ ᠭᠤᠷᠪᠠᠨ ᠱᠠᠲᠤᠨ ᠤ ᠲᠥᠰᠦᠯ ᠤᠨ ᠱᠠᠭᠠᠷᠳᠠᠯᠭ᠎ᠠ ᠶᠢ ᠴᠢᠩᠭ᠎ᠠ ᠵᠢᠷᠤᠮᠯᠠᠵᠤ᠂ ᠮᠠᠨ ᠤ ᠬᠤᠰᠢᠭᠤᠨ ᠤ ᠠᠶᠤᠯᠭᠦᠶ ᠦᠢᠯᠡᠳᠪᠦᠷᠢᠯᠡᠯ ᠤᠨ ᠪᠣᠳᠠᠲᠤ ᠪᠠᠶᠢᠳᠠᠯ ᠲᠠᠢ ᠤᠶᠠᠯᠳᠤᠭᠤᠯᠵᠤ᠂ ︽ᠬᠡᠰᠢᠭᠲᠡᠨ ᠬᠤᠰᠢᠭᠤᠨ ᠤ ᠠᠶᠤᠯᠭᠦᠶ ᠦᠢᠯᠡᠳᠪᠦᠷᠢᠯᠡᠯ ᠤᠨ ᠦᠨᠳᠦᠰᠦᠨ ᠠᠴᠠ ᠨᠢ ᠵᠠᠰᠠᠬᠤ ᠪᠣᠭᠤᠮᠲᠠ ᠰᠢᠪᠲᠤᠯᠬᠤ ᠭᠤᠷᠪᠠᠨ ᠵᠢᠯ ᠤᠨ ᠠᠵᠢᠯᠯᠠᠭ᠎ᠠ ᠶᠢᠨ ᠲᠥᠰᠦᠯ ︵2024 - 2026 ᠣᠨ︶︾᠎ ᠢ ᠲᠣᠭᠲᠠᠭᠠᠵᠤ᠂ ᠡᠯ᠎ᠡ ᠬᠤᠯᠪᠣᠭᠳᠠᠯ ᠪᠥᠬᠦᠶ ᠨᠢᠭᠡᠴᠡ ᠶᠢᠨ ᠰᠠᠨᠠᠯ ᠢ ᠭᠦᠢᠴᠡᠳ ᠬᠤᠷᠢᠶᠠᠵᠤ᠂ ᠳᠠᠬᠢᠨ ᠳᠠᠪᠲᠠᠨ ᠵᠠᠰᠠᠪᠤᠷᠢ ᠣᠷᠣᠭᠤᠯᠤᠨ ᠲᠡᠭᠦᠯᠳᠡᠷᠵᠢᠭᠦᠯᠦᠭᠰᠡᠨ ᠤ ᠳᠠᠷᠠᠭ᠎ᠠ᠂ ᠬᠤᠰᠢᠭᠤᠨ ᠤ ᠵᠠᠰᠠᠭ ᠤᠨ ᠣᠷᠳᠣᠨ ᠤ ᠳᠥᠷᠪᠡᠳᠦᠭᠡᠷ ᠤᠳᠠᠭᠠᠨ ᠤ ᠪᠠᠶᠢᠩᠭᠤ ᠶᠢᠨ ᠬᠤᠷᠠᠯ ᠢᠶᠠᠷ ᠬᠢᠨᠠᠨ ᠵᠥᠪᠯᠡᠭᠦᠯᠦᠨ ᠪᠠᠲᠤᠯᠠᠭᠤᠯᠵᠤ᠂ 4 ᠰᠠᠷ᠎ᠠ ᠶᠢᠨ 7᠎ ᠤ ᠡᠳᠦᠷ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠠᠴᠠ ᠳᠠᠷᠤᠮᠠᠯᠯᠠᠨ ᠲᠠᠷᠬᠠᠭᠠᠪᠠ᠃      ᠭᠤᠷᠪᠠ᠂ ᠲᠥᠰᠦᠯ ᠤᠨ ᠭᠤᠣᠯ ᠠᠭᠤᠯᠭ᠎ᠠ      ︽ᠬᠡᠰᠢᠭᠲᠡᠨ ᠬᠤᠰᠢᠭᠤᠨ ᠤ ᠠᠶᠤᠯᠭᠦᠢ ᠦᠢᠯᠡᠳᠪᠦᠷᠢᠯᠡᠯ ᠤᠨ ᠦᠨᠳᠦᠰᠦᠨ ᠠᠴᠠ ᠨᠢ ᠵᠠᠰᠠᠬᠤ ᠪᠣᠭᠤᠮᠲᠠ ᠰᠢᠪᠲᠤᠯᠬᠤ ᠭᠤᠷᠪᠠᠨ ᠵᠢᠯ ᠤᠨ ᠠᠵᠢᠯᠯᠠᠭ᠎ᠠ ᠶᠢᠨ ᠲᠥᠰᠥᠯ ︵2024 — 2026 ᠣᠨ︶︾᠎ ᠨᠢ ᠤᠯᠤᠰ᠂ ᠥᠪᠡᠷᠲᠡᠭᠡᠨ ᠵᠠᠰᠠᠬᠤ ᠣᠷᠣᠨ᠂ ᠤᠯᠠᠭᠠᠨᠬᠠᠳᠠ ᠬᠤᠲᠠ ᠶᠢᠨ ᠲᠥᠰᠥᠯ ᠤᠨ ᠰᠠᠭᠤᠷᠢᠨ ᠳᠡᠭᠡᠷ᠎ᠡ᠂ 1 ᠲᠥᠷᠥᠯ ᠤᠨ ᠠᠵᠢᠯᠯᠠᠭ᠎ᠠ ᠶᠢ ᠨᠡᠮᠡᠵᠦ᠂ ᠠᠶᠤᠯᠭᠦᠢ ᠦᠢᠯᠡᠳᠪᠦᠷᠢᠯᠡᠯ ᠤᠨ ᠦᠨᠳᠦᠰᠦᠨ ᠠᠴᠠ ᠨᠢ ᠵᠠᠰᠠᠬᠤ ᠪᠣᠭᠤᠮᠲᠠ ᠰᠢᠪᠲᠤᠯᠬᠤ ᠭᠤᠷᠪᠠᠨ ᠵᠢᠯ ᠤᠨ ᠠᠵᠢᠯᠯᠠᠭ᠎ᠠ ᠶᠢᠨ ︽ᠠᠷᠪᠠᠨ ᠨᠢᠭᠡᠨ ᠶᠡᠭᠡ ᠠᠵᠢᠯᠯᠠᠭ᠎ᠠ︾᠎ ᠶᠢ ᠪᠦᠷᠢᠯᠳᠦᠭᠦᠯᠪᠡ᠃      ᠬᠡᠷᠡᠭᠵᠢᠭᠦᠯᠬᠦ ᠲᠥᠰᠦᠯ ᠨᠢ ᠶᠡᠷᠦᠩᠬᠡᠶ ᠱᠠᠭᠠᠷᠳᠠᠯᠭ᠎ᠠ᠂ ᠭᠤᠤᠯ ᠡᠭᠦᠷᠭᠡ᠂ ᠪᠠᠲᠤᠯᠠᠭ᠎ᠠ ᠶᠢᠨ ᠠᠷᠭ᠎ᠠ ᠬᠡᠮᠵᠢᠶ᠎ᠡ ᠵᠡᠷᠭᠡ ᠭᠤᠷᠪᠠᠨ ᠬᠡᠰᠡᠭ ᠢᠶᠠᠷ ᠪᠦᠷᠢᠯᠳᠦᠪᠡ᠃      ᠶᠡᠷᠦᠩᠬᠡᠶ ᠱᠠᠭᠠᠷᠳᠠᠯᠭ᠎ᠠ ᠶᠢᠨ ᠬᠡᠰᠡᠭ ᠲᠤ ᠵᠢᠯᠣᠭᠤᠳᠬᠤ ᠦᠵᠡᠯ ᠰᠠᠨᠠᠭ᠎ᠠ ᠪᠠ ᠠᠵᠢᠯ ᠤᠨ ᠬᠠᠷᠠᠯᠲᠠ ᠶᠢ ᠲᠣᠳᠣᠷᠬᠠᠶᠢᠯᠠᠵᠤ᠂ ᠠᠶᠤᠯᠭᠦᠢ ᠶᠢᠨ ᠣᠶᠢᠯᠠᠭᠠᠭᠳᠠᠬᠤᠨ᠂ ᠠᠶᠤᠯᠭᠦᠢ ᠶᠢᠨ ᠬᠠᠷᠢᠭᠤᠴᠠᠯᠭ᠎ᠠ᠂ ᠠᠶᠤᠯᠭᠦᠢ ᠶᠢᠨ ᠲᠥᠯᠥᠪᠵᠢᠭᠦᠯᠭᠡ᠂ ᠠᠶᠤᠯᠭᠦᠢ ᠶᠢᠨ ᠬᠠᠤᠯᠢ ᠵᠠᠰᠠᠯᠲᠠ᠂ ᠠᠶᠤᠯᠭᠦᠢ ᠶᠢᠨ ᠪᠠᠷᠢᠮᠵᠢᠶ᠎ᠠ᠂ ᠠᠶᠤᠯᠭᠦᠢ ᠶᠢᠨ ᠰᠢᠨᠵᠢᠯᠡᠭᠡ ᠮᠡᠷᠭᠡᠵᠢᠯ᠂ ᠠᠶᠤᠯᠭᠦᠢ ᠶᠢᠨ ᠢᠨᠵᠧᠨᠧᠷᠢᠩ᠂ ᠠᠶᠤᠯᠭᠦᠢ ᠶᠢᠨ ᠬᠡᠪ ᠴᠢᠨᠠᠷ ᠵᠡᠷᠭᠡ ᠲᠠᠯ᠎ᠠ ᠪᠠᠷ ᠳᠤᠲᠠᠭᠤᠳᠠᠯ ᠢᠶᠠᠨ ᠨᠥᠬᠦᠪᠦᠷᠢᠯᠡᠨ᠂ ᠪᠠᠭᠤᠷᠠᠢ ᠲᠠᠯ᠎ᠠ ᠪᠠᠨ ᠬᠦᠴᠦᠷᠬᠡᠭᠵᠢᠭᠦᠯᠦᠨ᠎ᠡ᠃ ᠠᠶᠤᠯᠭᠦᠶ ᠦᠢᠯᠡᠳᠪᠦᠷᠢᠯᠡᠯ ᠤᠨ ᠦᠨᠳᠦᠰᠦᠨ ᠠᠴᠠ ᠨᠢ ᠵᠠᠰᠠᠬᠤ ᠪᠣᠭᠤᠮᠲᠠ ᠰᠢᠪᠲᠤᠯᠬᠤ ᠭᠤᠷᠪᠠᠨ ᠵᠢᠯ ᠤᠨ ᠠᠵᠢᠯᠯᠠᠭ᠎ᠠ ᠶᠢ ᠥᠷᠨᠢᠭᠦᠯᠬᠦ ᠪᠠᠷ ᠳᠠᠮᠵᠢᠭᠤᠯᠵᠤ᠂ ᠠᠶᠤᠯᠭᠦᠶ ᠦᠢᠯᠡᠳᠪᠦᠷᠢᠯᠡᠯ ᠤᠨ ᠵᠠᠰᠠᠯᠲᠠ ᠶᠢᠨ ᠲᠣᠭᠲᠠᠯᠴᠠᠭ᠎ᠠ ᠪᠠ ᠵᠠᠰᠠᠯᠲᠠ ᠶᠢᠨ ᠴᠢᠳᠠᠪᠤᠷᠢ ᠶᠢᠨ ᠣᠳᠣᠬᠢᠴᠢᠯᠠᠯᠲᠠ ᠶᠢ ᠲᠦᠷᠭᠡᠳᠬᠡᠨ ᠠᠬᠢᠭᠤᠯᠵᠤ᠂ ᠪᠥᠬᠦ ᠬᠤᠰᠢᠭᠤᠨ ᠤ ᠮᠥᠨ ᠴᠢᠨᠠᠷ ᠤᠨ ᠠᠶᠤᠯᠭᠦᠢ ᠶᠢᠨ ᠬᠢᠷᠢ ᠲᠦᠪᠰᠢᠨ ᠢ ᠶᠡᠬᠡᠪᠡᠷ ᠳᠡᠭᠡᠭᠰᠢᠯᠡᠭᠦᠯᠬᠦ ᠶᠢ ᠠᠬᠢᠭᠤᠯᠤᠨ᠎ᠠ᠃      ᠭᠤᠣᠯ ᠡᠭᠦᠷᠭᠡ ᠳᠤ ᠠᠶᠤᠯᠭᠦᠢ ᠦᠢᠯᠡᠳᠪᠦᠷᠢᠯᠡᠯ ᠤᠨ ᠦᠨᠳᠦᠰᠦᠨ ᠠᠴᠠ ᠨᠢ ᠵᠠᠰᠠᠬᠤ ᠪᠣᠭᠤᠮᠲᠠ ᠰᠢᠪᠲᠤᠯᠬᠤ 11 ᠠᠵᠢᠯᠯᠠᠭ᠎ᠠ᠂ 36 ᠲᠥᠷᠥᠯ ᠤᠨ ᠪᠣᠳᠠᠲᠠᠢ ᠡᠭᠦᠷᠭᠡ ᠶᠢ ᠲᠣᠳᠣᠷᠬᠠᠶᠢᠯᠠᠪᠠ᠂ ᠲᠤᠬᠠᠶᠢᠯᠠᠪᠠᠯ ᠨᠠᠮ ᠵᠠᠰᠠᠭ ᠤᠨ ᠤᠳᠤᠷᠢᠳᠬᠤ ᠺᠠᠳ᠋ᠷ ᠤᠨ ᠠᠶᠤᠯᠭᠦᠢ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠪᠠ ᠠᠶᠤᠯᠭᠦᠢ ᠶᠢᠨ ᠬᠢᠨᠠᠯᠲᠠ ᠬᠠᠮᠢᠶᠠᠷᠤᠯᠲᠠ ᠶᠢᠨ ᠴᠢᠳᠠᠪᠤᠷᠢ ᠶᠢ ᠳᠡᠭᠡᠭᠰᠢᠯᠡᠭᠦᠯᠬᠦ ᠠᠵᠢᠯᠯᠠᠭ᠎ᠠ᠂ ᠪᠠᠴᠢᠮ ᠪᠠᠶᠢᠳᠠᠯ ᠢ ᠠᠷᠭᠠᠴᠠᠭᠠᠬᠤ ᠦᠨᠳᠦᠰᠦᠨ ᠴᠢᠳᠠᠪᠤᠷᠢ ᠶᠢ ᠳᠡᠭᠡᠭᠰᠢᠯᠡᠭᠦᠯᠬᠦ ᠠᠵᠢᠯᠯᠠᠭ᠎ᠠ᠂ ᠦᠢᠯᠡᠳᠪᠦᠷᠢᠯᠡᠯ ᠡᠵᠡᠩᠨᠡᠯᠲᠡ ᠶᠢᠨ ᠨᠢᠭᠡᠴᠡ ᠶᠢᠨ ᠭᠤᠣᠯ ᠬᠠᠷᠢᠭᠤᠴᠠᠯᠭᠠᠲᠠᠨ ᠤ ᠠᠶᠤᠯᠭᠦᠢ ᠶᠢᠨ ᠬᠥᠮᠦᠵᠢᠯ ᠪᠣᠯᠪᠠᠰᠤᠷᠠᠯ ᠤᠨ ᠠᠵᠢᠯᠯᠠᠭ᠎ᠠ᠂ ᠬᠦᠨᠳᠦ ᠶᠡᠭᠡ ᠠᠳᠡᠯ ᠤᠨ ᠳᠠᠯᠳᠠ ᠭᠡᠮ ᠢ ᠮᠠᠭᠠᠳᠯᠠᠨ ᠲᠣᠭᠲᠠᠭᠠᠬᠤ ᠪᠠᠷᠢᠮᠵᠢᠶ᠎ᠠ ᠶᠢᠨ ᠲᠣᠭᠲᠠᠯᠴᠠᠭ᠎ᠠ ᠶᠢ ᠳᠡᠭᠡᠭᠰᠢᠯᠡᠭᠦᠯᠬᠦ ᠠᠵᠢᠯᠯᠠᠭ᠎ᠠ᠂ ᠬᠦᠨᠳᠦ ᠶᠡᠭᠡ ᠠᠳᠡᠯ ᠤᠨ ᠳᠠᠯᠳᠠ ᠭᠡᠮ ᠢ ᠬᠥᠳᠡᠯᠦᠩᠭᠦᠢ ᠪᠠᠷ ᠠᠷᠢᠯᠭᠠᠬᠤ ᠠᠵᠢᠯᠯᠠᠭ᠎ᠠ᠂ ᠠᠶᠤᠯᠭᠦᠢ ᠶᠢᠨ ᠰᠢᠨᠵᠢᠯᠡᠭᠡ ᠮᠡᠷᠭᠡᠵᠢᠯ ᠤᠨ ᠲᠤᠯᠭᠠᠭᠤᠷᠢᠯᠠᠯ ᠪᠠ ᠢᠨᠵᠧᠨᠧᠷᠢᠩ ᠤᠨ ᠵᠠᠰᠠᠯᠲᠠ ᠶᠢᠨ ᠠᠵᠢᠯᠯᠠᠭ᠎ᠠ᠂ ᠦᠢᠯᠡᠳᠪᠦᠷᠢᠯᠡᠯ ᠡᠵᠡᠩᠨᠡᠯᠲᠡ ᠶᠢᠨ ᠨᠢᠭᠡᠴᠡ ᠶᠢᠨ ᠠᠵᠢᠯ ᠡᠷᠬᠢᠯᠡᠭᠰᠡᠳ ᠤᠨ ᠠᠶᠤᠯᠭᠦᠢ ᠶᠢᠨ ᠬᠡᠪ ᠴᠢᠨᠠᠷ ᠴᠢᠳᠠᠪᠤᠷᠢ ᠶᠢ ᠳᠡᠭᠡᠭᠰᠢᠯᠡᠭᠦᠯᠬᠦ ᠠᠵᠢᠯᠯᠠᠭ᠎ᠠ᠂ ᠦᠢᠯᠡᠳᠪᠦᠷᠢᠯᠡᠯ ᠡᠵᠡᠩᠨᠡᠯᠲᠡ ᠶᠢᠨ ᠨᠢᠭᠡᠴᠡ ᠶᠢᠨ ᠠᠵᠢᠯ ᠡᠷᠬᠢᠯᠡᠭᠰᠡᠳ ᠤᠨ ᠠᠶᠤᠯᠭᠦᠢ ᠶᠢᠨ ᠬᠠᠮᠢᠶᠠᠷᠤᠯᠲᠠ ᠶᠢᠨ ᠲᠣᠭᠲᠠᠯᠴᠠᠭ᠎ᠠ ᠶᠢᠨ ᠪᠠᠶᠢᠭᠤᠯᠤᠯᠲᠠ ᠶᠢᠨ ᠠᠵᠢᠯᠯᠠᠭ᠎ᠠ᠂ ᠭᠤᠣᠯᠳᠠᠯᠭ᠎ᠠ ᠲᠠᠢ ᠠᠵᠢᠯ ᠲᠦᠷᠦᠯ ᠤᠨ ᠬᠡᠪᠴᠢᠶᠡᠨ ᠳᠠᠬᠢ ᠲᠤᠰᠬᠠᠢ ᠵᠠᠰᠠᠯᠲᠠ ᠶᠢ ᠭᠦᠨᠵᠡᠭᠡᠶᠢᠷᠡᠭᠦᠯᠬᠦ ᠠᠵᠢᠯᠯᠠᠭ᠎ᠠ᠂ ᠠᠶᠤᠯᠭᠦᠢ ᠦᠢᠯᠡᠳᠪᠦᠷᠢᠯᠡᠯ ᠤᠨ ᠣᠨᠣᠪᠴᠢᠲᠠᠢ ᠪᠠᠷ ᠬᠠᠤᠯᠢ ᠬᠡᠷᠡᠭᠵᠢᠭᠦᠯᠬᠦ ᠪᠠ ᠬᠠᠪᠰᠤᠷᠤᠨ ᠲᠡᠳᠬᠦᠬᠦ ᠠᠵᠢᠯᠯᠠᠭ᠎ᠠ᠂ ᠪᠦᠬᠦ ᠠᠷᠠᠳ ᠤᠨ ᠠᠶᠤᠯᠭᠦᠢ ᠶᠢᠨ ᠬᠡᠪ ᠴᠢᠨᠠᠷ ᠢ ᠳᠡᠭᠡᠭᠰᠢᠯᠡᠭᠦᠯᠬᠦ ᠠᠵᠢᠯᠯᠠᠭ᠎ᠠ ᠵᠡᠷᠭᠡ᠃      ᠪᠠᠲᠤᠯᠠᠭ᠎ᠠ ᠶᠢᠨ ᠠᠷᠭ᠎ᠠ ᠬᠡᠮᠵᠢᠶ᠎ᠡ ᠶᠢᠨ ᠬᠡᠰᠡᠭ ᠲᠤ ᠵᠣᠬᠢᠶᠠᠨ ᠪᠠᠶᠢᠭᠤᠯᠤᠯᠲᠠ ᠶᠢᠨ ᠪᠠᠲᠤᠯᠠᠭ᠎ᠠ᠂ ᠵᠠᠷᠤᠳᠠᠯ ᠤᠨ ᠪᠠᠲᠤᠯᠠᠭ᠎ᠠ᠂ ᠠᠵᠢᠯᠲᠠᠨ ᠤ ᠪᠠᠲᠤᠯᠠᠭ᠎ᠠ᠂ ᠳᠦᠷᠢᠮ ᠤᠨ ᠪᠠᠲᠤᠯᠠᠭ᠎ᠠ᠂ ᠬᠠᠮᠵᠢᠯᠴᠠᠨ ᠤᠷᠮᠠᠰᠢᠭᠤᠯᠬᠤ ᠪᠠᠲᠤᠯᠠᠭ᠎ᠠ᠂ ᠱᠠᠭᠠᠷᠳᠠᠨ ᠵᠢᠯᠣᠭᠤᠳᠬᠤ ᠪᠠᠲᠤᠯᠠᠭ᠎ᠠ ᠶᠢ ᠴᠢᠩᠭᠠᠳᠬᠠᠵᠤ᠂ ᠠᠶᠤᠯᠭᠦᠢ ᠦᠢᠯᠡᠳᠪᠦᠷᠢᠯᠡᠯ ᠤᠨ ᠵᠥᠪᠯᠡᠯ ᠳᠤ ᠲᠦᠰᠢᠭᠯᠡᠨ ᠨᠢᠭᠡᠳᠦᠯᠲᠡᠢ ᠲᠥᠯᠥᠪᠵᠢᠭᠦᠯᠦᠨ ᠵᠢᠯᠣᠭᠤᠳᠬᠤ ᠪᠠ ᠱᠠᠭᠠᠷᠳᠠᠨ ᠪᠠᠶᠢᠴᠠᠭᠠᠬᠤ ᠶᠢ ᠴᠢᠩᠭᠠᠳᠬᠠᠵᠤ᠂ ᠠᠶᠤᠯᠭᠦᠢ ᠦᠢᠯᠡᠳᠪᠦᠷᠢᠯᠡᠯ ᠤᠨ ᠣᠷᠣᠭᠤᠯᠤᠯᠲᠠ ᠶᠢ ᠴᠢᠩᠭᠠᠳᠬᠠᠵᠤ᠂ ᠬᠠᠤᠯᠢ ᠪᠠᠷ ᠵᠠᠰᠠᠬᠤ ᠰᠡᠳᠬᠢᠬᠦᠢ ᠶᠢ ᠴᠢᠩᠭᠠᠳᠬᠠᠵᠤ᠂ ᠵᠥᠪ ᠴᠢᠭᠯᠡᠯ ᠢᠶᠠᠷ ᠤᠷᠮᠠᠰᠢᠭᠤᠯᠬᠤ ᠠᠷᠭ᠎ᠠ ᠪᠠᠷᠢᠯ ᠢ ᠰᠠᠶᠢᠲᠤᠷ ᠬᠡᠷᠡᠭᠯᠡᠵᠦ᠂ ᠬᠢᠨᠠᠨ ᠰᠢᠯᠭᠠᠬᠤ ᠲᠣᠭᠤᠷᠢᠨ ᠪᠠᠶᠢᠴᠠᠭᠠᠬᠤ᠂ ᠱᠠᠭᠠᠷᠳᠠᠨ ᠵᠢᠯᠣᠭᠤᠳᠬᠤ ᠱᠠᠭᠠᠷᠳᠠᠨ ᠰᠢᠢᠳᠪᠦᠷᠢᠯᠡᠬᠦ᠂ ᠬᠠᠷᠢᠭᠤᠴᠠᠯᠭ᠎ᠠ ᠶᠢᠨ ᠭᠡᠳᠡᠷᠭᠦ ᠪᠠᠶᠢᠴᠠᠭᠠᠯᠲᠠ ᠵᠡᠷᠭᠡ ᠵᠣᠬᠢᠴᠠᠮᠵᠢ ᠶᠢ ᠪᠦᠷᠢᠨᠰᠢᠭᠦᠯᠦᠨ ᠲᠡᠭᠦᠯᠳᠡᠷᠵᠢᠭᠦᠯᠵᠦ᠂ ᠭᠤᠷᠪᠠᠨ ᠵᠢᠯ ᠤᠨ ᠠᠵᠢᠯᠯᠠᠭ᠎ᠠ ᠶᠢᠨ ᠨᠠᠶᠢᠳᠠᠪᠤᠷᠢᠵᠢᠭᠤᠯᠤᠯᠲᠠ ᠶᠢ ᠠᠬᠢᠭᠤᠯᠬᠤ ᠬᠡᠷᠡᠭᠲᠡᠢ ᠭᠡᠵᠦ ᠱᠠᠭᠠᠷᠳᠠᠪᠠ᠃
 
ᠢᠷᠡᠯᠲᠡ᠄ ᠬᠡᠰᠢᠭᠲᠡᠨ ᠬᠣᠰᠢᠭᠤᠨ ᠤ ᠠᠷᠠᠳ ᠤᠨ ᠵᠠᠰᠠᠭ ᠤᠨ ᠣᠷᠳᠣᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备09001939号