ᠬᠡᠰᠢᠭᠲᠡᠨ ᠬᠤᠰᠢᠭᠤᠨ ᠤ 2024 ᠣᠨ ᠤ ︽ᠦᠨᠳᠦᠰᠦᠲᠡᠨ ᠤ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠶᠢᠨ ᠰᠠᠷ᠎ᠠ︾᠎ ᠶᠢᠨ ᠡᠬᠢᠯᠡᠯᠲᠡ ᠶᠢᠨ ᠶᠣᠰᠣᠯᠠᠯ ᠶᠠᠪᠤᠭᠳᠠᠪᠠ
ᠨᠡᠶᠢᠲᠡᠯᠡᠭᠰᠡᠨ ᠴᠠᠭ᠄
2024/5/7
     ᠶᠡᠷᠦᠩᠬᠡᠢ ᠱᠦᠵᠢ ᠰᠢ ᠶᠢᠨ ᠫᠢᠩ ᠤᠨ ᠦᠨᠳᠦᠰᠦᠲᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠬᠤ ᠲᠤᠬᠠᠢ ᠴᠢᠬᠤᠯᠠ ᠦᠵᠡᠯ ᠰᠠᠨᠠᠭ᠎ᠠ ᠪᠣᠯᠤᠨ ᠥᠪᠥᠷ ᠮᠣᠩᠭᠤᠯ ᠳᠠᠬᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠨᠠᠮ ᠤᠨ ᠦᠨᠳᠦᠰᠦᠲᠡᠨ ᠤ ᠣᠨᠣᠯ ᠲᠥᠷᠥ ᠶᠢᠨ ᠪᠣᠳᠣᠯᠭ᠎ᠠ ᠪᠣᠯᠤᠨ ᠦᠨᠳᠦᠰᠦᠲᠡᠨ ᠤ ᠬᠠᠤᠯᠢ ᠲᠣᠭᠲᠠᠭᠠᠯ ᠤᠨ ᠤᠬᠠᠭᠤᠯᠭ᠎ᠠ ᠬᠥᠮᠦᠵᠢᠯ ᠢ ᠴᠢᠩᠭᠠᠳᠬᠠᠬᠤ ᠶᠢᠨ ᠲᠥᠯᠥᠭᠡ᠂ 4 ᠰᠠᠷ᠎ᠠ ᠶᠢᠨ 30᠎ ᠤ ᠡᠳᠦᠷ᠂ ᠬᠡᠰᠢᠭᠲᠡᠨ ᠬᠤᠰᠢᠭᠤᠨ ᠤ ᠨᠠᠮ ᠤᠨ ᠬᠤᠷᠢᠶ᠎ᠠ ᠶᠢᠨ ᠤᠬᠠᠭᠤᠯᠬᠤ ᠬᠡᠯᠲᠡᠰ᠂ ᠨᠢᠭᠡᠳᠦᠮᠡᠯ ᠹᠷᠣᠨᠲ ᠤᠨ ᠬᠡᠯᠲᠡᠰ᠂ ᠦᠨᠳᠦᠰᠦᠲᠡᠨ ᠤ ᠬᠡᠷᠡᠭ ᠡᠷᠬᠢᠯᠡᠬᠦ ᠵᠥᠪᠯᠡᠯ ᠵᠡᠷᠭᠡ ᠰᠠᠯᠠᠭ᠎ᠠ ᠮᠥᠴᠢᠷ ᠠᠴᠠ ᠭᠤᠣᠯᠯᠠᠨ ᠡᠷᠬᠢᠯᠡᠵᠦ᠂ ᠶᠢᠩᠴᠠᠩ ᠵᠡᠭᠡᠯᠢ ᠭᠤᠳᠤᠮᠵᠢ ᠶᠢᠨ ᠬᠠᠮᠢᠶᠠᠷᠤᠯᠲᠠ ᠶᠢᠨ ᠠᠯᠪᠠᠨ ᠭᠡᠷ ᠠᠴᠠ ᠳᠠᠭᠠᠭᠠᠴᠢᠯᠠᠨ ᠡᠷᠬᠢᠯᠡᠭᠰᠡᠨ ᠬᠡᠰᠢᠭᠲᠡᠨ ᠬᠤᠰᠢᠭᠤᠨ ᠤ 2024 ᠣᠨ ᠤ ︽ᠦᠨᠳᠦᠰᠦᠲᠡᠨ ᠤ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠶᠢᠨ ᠰᠠᠷ᠎ᠠ︾᠎ ᠶᠢᠨ ᠡᠬᠢᠯᠡᠯᠲᠡ ᠶᠢᠨ ᠶᠣᠰᠣᠯᠠᠯ ᠶᠢᠩᠴᠠᠩ ᠵᠡᠭᠡᠯᠢ ᠭᠤᠳᠤᠮᠵᠢ ᠶᠢᠨ ᠼᠦᠢ ᠶᠢᠩ ᠨᠡᠶᠢᠭᠡᠮ ᠲᠣᠭᠤᠷᠢᠭ ᠲᠤ ᠶᠠᠪᠤᠭᠳᠠᠪᠠ᠃ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠳᠡᠳ᠋ ᠳᠠᠷᠤᠭ᠎ᠠ ᠸᠠᠩ ᠪᠢᠨ ᠡᠬᠢᠯᠡᠯᠲᠡ ᠶᠢᠨ ᠶᠣᠰᠣᠯᠠᠯ ᠳᠡᠭᠡᠷ᠎ᠡ ᠪᠠᠶᠠᠷ ᠤᠨ ᠦᠭᠡ ᠬᠡᠯᠡᠵᠦ᠂ ᠬᠤᠰᠢᠭᠤᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠨᠢᠭᠡᠳᠦᠮᠡᠯ ᠹᠷᠣᠨᠲ ᠤᠨ ᠬᠡᠯᠲᠡᠰ ᠤᠨ ᠳᠠᠷᠤᠭ᠎ᠠ ᠪᠢᠯᠢᠭᠲᠦ ᠠᠵᠢᠯᠯᠠᠭᠠᠨ ᠡᠬᠢᠯᠡᠭᠰᠡᠨ ᠢ ᠵᠠᠷᠯᠠᠪᠠ᠃ ᠶᠢᠩᠴᠠᠩ ᠵᠡᠭᠡᠯᠢ ᠭᠤᠳᠤᠮᠵᠢ ᠶᠢᠨ ᠺᠠᠳ᠋ᠷ ᠠᠵᠢᠯᠲᠠᠨ᠂ ᠴᠥᠭᠡᠨ ᠲᠣᠭᠠᠲᠤ ᠦᠨᠳᠦᠰᠦᠲᠡᠨ ᠤ ᠲᠥᠯᠥᠭᠡᠯᠡᠭᠴᠢ᠂ ᠼᠦᠢ ᠶᠢᠩ ᠰᠤᠷᠭᠠᠭᠤᠯᠢ ᠶᠢᠨ ᠰᠤᠷᠤᠭᠴᠢ ᠪᠣᠯᠤᠨ ᠡᠯ᠎ᠡ ᠦᠨᠳᠦᠰᠦᠲᠡᠨ ᠤ ᠺᠠᠳ᠋ᠷ ᠣᠯᠠᠨ ᠲᠦᠮᠡᠨ ᠨᠡᠶᠢᠲᠡ 300 ᠭᠠᠷᠤᠢ ᠬᠥᠮᠦᠨ ᠶᠣᠰᠣᠯᠠᠯ ᠳᠤ ᠣᠷᠣᠯᠴᠠᠪᠠ᠃
     ᠠᠵᠢᠯᠯᠠᠭᠠᠨ ᠤ ᠠᠬᠤᠢ ᠲᠠᠯᠠᠪᠠᠢ ᠶᠢᠨ ᠠᠭᠤᠷ ᠠᠮᠢᠰᠬᠤᠯ ᠬᠥᠷ ᠬᠥᠭᠵᠢᠶᠡᠨᠲᠡᠢ ᠪᠠᠶᠢᠵᠤ᠂ ᠡᠯ᠎ᠡ ᠨᠢᠭᠡᠴᠡ ᠲᠤᠰ ᠪᠡᠶ᠎ᠡ ᠶᠢᠨ ᠠᠵᠢᠯ ᠤᠨ ᠡᠭᠦᠷᠭᠡ ᠴᠢᠳᠠᠪᠤᠷᠢ ᠲᠠᠢ ᠪᠠᠨ ᠤᠶᠠᠯᠳᠤᠭᠤᠯᠵᠤ᠂ ᠤᠬᠠᠭᠤᠯᠭ᠎ᠠ ᠶᠢᠨ ᠭᠤᠣᠯ ᠰᠡᠳᠦᠪ ᠲᠠᠢ ᠨᠢᠭᠲᠠ ᠠᠪᠴᠠᠯᠳᠤᠭᠤᠯᠵᠤ᠂ ᠤᠬᠠᠭᠤᠯᠭ᠎ᠠ ᠶᠢᠨ ᠪᠢᠴᠢᠯᠭᠡ ᠨᠡᠪᠲᠡᠷᠡᠭᠦᠯᠬᠦ᠂ ᠤᠬᠠᠭᠤᠯᠭ᠎ᠠ ᠶᠢᠨ ᠤᠷᠢᠶ᠎ᠠ ᠡᠯᠭᠦᠬᠦ᠂ ᠭᠠᠷ ᠤᠷᠠᠯᠠᠯ ᠤᠨ ᠪᠦᠲᠦᠭᠡᠭᠳᠡᠬᠦᠨ ᠤ ᠨᠢᠭᠦᠯᠡᠰᠦᠩᠭᠦᠢ ᠶᠢᠨ ᠰᠣᠯᠢᠯᠴᠠᠭ᠎ᠠ᠂ ᠤᠬᠠᠭᠤᠯᠭ᠎ᠠ ᠶᠢᠨ ᠮᠠᠲ᠋ᠧᠷᠢᠶᠠᠯ ᠪᠠ ᠤᠬᠠᠭᠤᠯᠭ᠎ᠠ ᠶᠢᠨ ᠡᠳ᠋ ᠪᠣᠳᠠᠰ ᠲᠠᠷᠬᠠᠭᠠᠬᠤ ᠵᠡᠷᠭᠡ ᠬᠡᠯᠪᠡᠷᠢ ᠪᠠᠷ ᠳᠠᠮᠵᠢᠭᠤᠯᠵᠤ᠂ ᠳᠥᠭᠦᠮ ᠣᠶᠢᠯᠠᠭᠠᠮᠵᠢᠲᠠᠢ ᠦᠭᠡ ᠶᠠᠷᠢᠶ᠎ᠠ ᠪᠠᠷ ᠨᠠᠮ ᠤᠨ ᠦᠨᠳᠦᠰᠦᠲᠡᠨ ᠤ ᠣᠨᠣᠯ ᠲᠥᠷᠥ ᠶᠢᠨ ᠪᠣᠳᠣᠯᠭ᠎ᠠ ᠪᠠ ᠬᠠᠤᠯᠢ ᠲᠣᠭᠲᠠᠭᠠᠯ᠂ ᠡᠮ ᠡᠮᠨᠡᠯᠭᠡ ᠶᠢᠨ ᠳᠠᠭᠠᠳᠬᠠᠯ ᠨᠡᠶᠢᠭᠡᠮ ᠤᠨ ᠪᠠᠲᠤᠯᠠᠭ᠎ᠠ᠂ ᠴᠠᠬᠢᠯᠭᠠᠨ ᠬᠤᠯᠪᠣᠭ᠎ᠠ ᠶᠢᠨ ᠮᠡᠬᠡᠯᠡᠯ ᠢ ᠡᠰᠡᠷᠭᠦᠴᠡᠬᠦ ᠵᠡᠷᠭᠡ ᠮᠡᠳᠡᠯᠭᠡ ᠶᠢ ᠤᠬᠠᠭᠤᠯᠵᠤ᠂ ᠰᠠᠭᠤᠭᠠᠯᠢ ᠠᠷᠠᠳ ᠤᠨ ᠳᠤᠷᠠᠳᠤᠭᠰᠠᠨ ᠠᠰᠠᠭᠤᠯᠲᠠ ᠳᠤ ᠬᠠᠷᠢᠭᠤᠯᠲᠠ ᠥᠭᠴᠦ᠂ ᠣᠯᠠᠨ ᠲᠦᠮᠡᠨ ᠤ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠵᠤ᠂ ᠦᠨᠳᠦᠰᠦᠲᠡᠨ ᠤ ᠲᠥᠷᠥ ᠶᠢᠨ ᠪᠣᠳᠣᠯᠭ᠎ᠠ ᠳᠠᠬᠢ ᠣᠶᠢᠯᠭᠠᠨ ᠮᠡᠳᠡᠬᠦ ᠬᠡᠮᠵᠢᠶ᠎ᠡ ᠶᠢ ᠳᠡᠭᠡᠭᠰᠢᠯᠡᠭᠦᠯᠵᠦ᠂ ᠦᠨᠳᠦᠰᠦᠲᠡᠨ ᠤ ᠪᠦᠯᠬᠦᠮᠳᠡᠯ ᠤᠨ ᠭᠦᠨ ᠵᠤᠵᠠᠭᠠᠨ ᠤᠬᠠᠭᠤᠯᠭ᠎ᠠ ᠶᠢᠨ ᠠᠭᠤᠷ ᠠᠮᠢᠰᠬᠤᠯ ᠢ ᠪᠣᠢ ᠪᠣᠯᠭᠠᠪᠠ᠃      ᠠᠵᠢᠯᠯᠠᠭᠠᠨ ᠳᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠭᠤᠣᠯ ᠰᠡᠳᠦᠪᠲᠦ ᠤᠷᠠᠨ ᠰᠠᠶᠢᠬᠠᠨ ᠤ ᠲᠣᠭᠯᠠᠯᠲᠠ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠤᠨ ᠬᠥᠮᠦᠵᠢᠯ ᠦᠢᠯᠡᠳᠦᠯᠭᠡ ᠶᠢᠨ ᠰᠠᠭᠤᠷᠢᠨ ᠭᠠᠵᠠᠷ ᠢ ᠲᠣᠭᠤᠷᠢᠨ ᠦᠵᠡᠬᠦ ᠵᠡᠷᠭᠡ ᠪᠠᠶᠠᠯᠢᠭ ᠠᠭᠤᠯᠭ᠎ᠠ ᠪᠠᠭᠲᠠᠪᠠ᠃
     ᠠᠵᠢᠯᠯᠠᠭᠠᠨ ᠳᠤ᠂ ᠨᠡᠶᠢᠲᠡ 600 ᠭᠠᠷᠤᠢ ᠬᠤᠪᠢ ᠤᠬᠠᠭᠤᠯᠭ᠎ᠠ ᠶᠢᠨ ᠮᠠᠲ᠋ᠧᠷᠢᠶᠠᠯ ᠢ ᠲᠠᠷᠬᠠᠭᠠᠵᠤ᠂ 600 ᠭᠠᠷᠤᠢ ᠬᠤᠪᠢ ᠤᠬᠠᠭᠤᠯᠭ᠎ᠠ ᠶᠢᠨ ᠡᠳ᠋ ᠪᠣᠳᠠᠰ ᠢ ᠲᠠᠷᠬᠠᠭᠠᠵᠤ᠂ 20 ᠬᠤᠪᠢ ᠬᠠᠤᠯᠢ ᠴᠠᠭᠠᠵᠠ ᠶᠢᠨ ᠵᠥᠪᠯᠡᠯᠭᠡ ᠥᠭᠴᠦ᠂ ᠦᠨᠳᠦᠰᠦᠲᠡᠨ ᠨᠦᠭᠦᠳ ᠤᠨ ᠣᠯᠠᠨ ᠲᠦᠮᠡᠨ ᠤ ᠦᠨᠳᠦᠰᠦᠲᠡᠨ ᠤ ᠪᠦᠯᠬᠦᠮᠳᠡᠯ ᠤᠨ ᠲᠤᠬᠠᠢ ᠲᠠᠨᠢᠯᠲᠠ ᠵᠢᠴᠢ ᠠᠳᠠᠯᠢ ᠪᠤᠰᠤ ᠦᠨᠳᠦᠰᠦᠲᠡᠨ ᠤ ᠰᠣᠶᠣᠯ ᠤᠨ ᠲᠤᠬᠠᠢ ᠣᠶᠢᠯᠠᠭᠠᠯᠲᠠ᠂ ᠬᠦᠨᠳᠦᠳᠬᠡᠯ ᠪᠠ ᠪᠠᠭ᠋ᠠᠷᠬᠠᠯ ᠢ ᠤᠯᠠᠮ ᠨᠢᠭᠡ ᠠᠯᠬᠤᠮ ᠴᠢᠩᠭᠠᠳᠬᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠬᠥᠮᠦᠵᠢᠯ ᠤᠨ ᠠᠵᠢᠯ ᠢ ᠭᠦᠨᠵᠡᠭᠡᠶᠢᠷᠡᠭᠦᠯᠦᠨ ᠪᠣᠳᠠᠲᠠᠶᠢᠵᠢᠭᠤᠯᠬᠤ ᠶᠢ ᠠᠬᠢᠭᠤᠯᠪᠠ᠃      ᠳᠠᠷᠠᠭᠠᠴᠢ ᠶᠢᠨ ᠠᠯᠬᠤᠮ ᠳᠤ᠂ ᠶᠢᠩᠴᠠᠩ ᠵᠡᠭᠡᠯᠢ ᠭᠤᠳᠤᠮᠵᠢ ᠶᠢᠨ ᠬᠢᠨ ᠤᠬᠠᠭᠤᠯᠭ᠎ᠠ ᠶᠢᠨ ᠠᠵᠢᠯ ᠤᠨ ᠠᠷᠭ᠎ᠠ ᠶᠢᠨ ᠲᠠᠯ᠎ᠠ ᠪᠠᠷ ᠤᠯᠠᠮ ᠴᠢᠨᠠᠭᠰᠢᠳᠠ ᠰᠢᠨ᠎ᠡ ᠶᠢ ᠡᠭᠦᠳᠴᠦ᠂ ᠦᠨᠳᠦᠰᠦᠲᠡᠨ ᠨᠦᠭᠦᠳ ᠤᠨ ᠬᠤᠭᠤᠷᠣᠨᠳᠣᠬᠢ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ ᠢ ᠴᠢᠩᠭᠠᠳᠬᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠣᠢ ᠪᠣᠯᠭᠠᠬᠤ ᠭᠤᠣᠯ ᠰᠢᠵᠢᠮ ᠲᠠᠢ ᠨᠢᠭᠲᠠ ᠤᠶᠠᠯᠳᠤᠭᠤᠯᠵᠤ᠂ ᠦᠨᠳᠦᠰᠦᠲᠡᠨ ᠨᠦᠭᠦᠳ ᠤᠨ ᠺᠠᠳ᠋ᠷ ᠣᠯᠠᠨ ᠲᠦᠮᠡᠨ ᠤ ᠦᠨᠳᠦᠰᠦᠲᠡᠨ ᠤ ᠪᠦᠯᠬᠦᠮᠳᠡᠯ ᠪᠣᠯᠤᠨ ᠨᠡᠶᠢᠭᠡᠮ ᠤᠨ ᠲᠣᠭᠲᠠᠭᠤᠨ ᠢ ᠬᠠᠮᠠᠭᠠᠯᠠᠬᠤ ᠤᠬᠠᠮᠰᠠᠷ ᠪᠣᠯᠤᠨ ᠬᠠᠷᠢᠭᠤᠴᠠᠯᠭᠠᠲᠤ ᠰᠡᠳᠬᠢᠯᠭᠡ ᠶᠢ ᠦᠨᠡᠨᠬᠦ ᠴᠢᠩᠭᠠᠳᠬᠠᠬᠤ ᠪᠣᠯᠣᠨ᠎ᠠ
 
ᠢᠷᠡᠯᠲᠡ᠄ ᠬᠡᠰᠢᠭᠲᠡᠨ ᠬᠣᠰᠢᠭᠤᠨ ᠤ ᠠᠷᠠᠳ ᠤᠨ ᠵᠠᠰᠠᠭ ᠤᠨ ᠣᠷᠳᠣᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备09001939号