ᠬᠡᠰᠢᠭᠲᠡᠨ ᠬᠤᠰᠢᠭᠤ 2024 ᠣᠨ ᠤ ᠢᠳᠡᠭᠡᠨ ᠤ ᠠᠮᠤᠷ ᠲᠦᠪᠰᠢᠨ ᠤ ᠠᠶᠤᠯ ᠲᠦᠭᠰᠢᠭᠦᠷᠢ ᠶᠢ ᠬᠠᠮᠲᠤᠷᠠᠨ ᠵᠥᠪᠳᠡᠯᠴᠡᠬᠦ ᠬᠤᠷᠠᠯ ᠢ ᠡᠷᠬᠢᠯᠡᠨ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/5/7
     4 ᠰᠠᠷ᠎ᠠ ᠶᠢᠨ 30᠎ ᠤ ᠡᠳᠦᠷ ᠤᠨ ᠦᠳᠡ ᠶᠢᠨ ᠬᠤᠶᠢᠨ᠎ᠠ᠂ ᠬᠡᠰᠢᠭᠲᠡᠨ ᠬᠤᠰᠢᠭᠤ 2024 ᠣᠨ ᠤ ᠢᠳᠡᠭᠡᠨ ᠤ ᠠᠮᠤᠷ ᠲᠦᠪᠰᠢᠨ ᠤ ᠠᠶᠤᠯ ᠲᠦᠭᠰᠢᠭᠦᠷᠢ ᠶᠢ ᠬᠠᠮᠲᠤᠷᠠᠨ ᠵᠥᠪᠳᠡᠯᠴᠡᠬᠦ ᠬᠤᠷᠠᠯ ᠢ ᠬᠤᠰᠢᠭᠤᠨ ᠤ ᠵᠠᠰᠠᠭ ᠤᠨ ᠣᠷᠳᠣᠨ ᠳᠤ ᠡᠷᠬᠢᠯᠡᠨ ᠬᠤᠷᠠᠯᠳᠤᠭᠤᠯᠪᠠ᠃ ᠬᠤᠷᠠᠯ ᠢ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠳᠡᠳ᠋ ᠳᠠᠷᠤᠭ᠎ᠠ᠂ ᠬᠤᠰᠢᠭᠤᠨ ᠤ ᠢᠳᠡᠭᠡᠨ ᠤ ᠵᠦᠢᠯ ᠪᠠ ᠡᠮ ᠤᠨ ᠵᠦᠢᠯ ᠤᠨ ᠠᠮᠤᠷ ᠲᠦᠪᠰᠢᠨ ᠤ ᠵᠥᠪᠯᠡᠯ ᠤᠨ ᠳᠡᠳ᠋ ᠡᠷᠬᠢᠯᠡᠭᠴᠢ ᠪᠠᠷᠰᠪᠠᠭᠠᠲᠤᠷ ᠡᠷᠭᠢᠯᠡᠵᠦ᠂ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠲᠠᠷᠤᠭ᠎ᠠ᠂ ᠬᠤᠰᠢᠭᠤᠨ ᠤ ᠢᠳᠡᠭᠡᠨ ᠤ ᠵᠦᠢᠯ ᠪᠠ ᠡᠮ ᠤᠨ ᠵᠦᠢᠯ ᠤᠨ ᠠᠮᠤᠷ ᠲᠦᠪᠰᠢᠨ ᠤ ᠵᠥᠪᠯᠡᠯ ᠤᠨ ᠡᠷᠬᠢᠯᠡᠭᠴᠢ ᠵᠠᠩ ᠴᠢ ᠬᠤᠷᠠᠯ ᠳᠤ ᠣᠷᠣᠯᠴᠠᠵᠤ ᠶᠠᠷᠢᠶ᠎ᠠ ᠲᠠᠯᠪᠢᠪᠠ᠃ ᠬᠤᠰᠢᠭᠤᠨ ᠤ ᠢᠳᠡᠭᠡᠨ ᠤᠨ ᠵᠦᠢᠯ ᠪᠠ ᠡᠮ ᠤᠨ ᠵᠦᠢᠯ ᠤᠨ ᠠᠮᠤᠷ ᠲᠦᠪᠰᠢᠨ ᠤ ᠵᠥᠪᠯᠡᠯ ᠤᠨ ᠪᠦᠷᠢᠯᠳᠦᠬᠦᠨ ᠨᠢᠭᠡᠴᠡ ᠶᠢᠨ ᠬᠠᠷᠢᠭᠤᠴᠠᠯᠭᠠᠲᠠᠨ᠂ ᠡᠯ᠎ᠡ ᠰᠤᠮᠤ ᠰᠢᠶᠠᠩ ᠪᠠᠯᠭᠠᠰᠤ᠂ ᠵᠡᠭᠡᠯᠢ ᠭᠤᠳᠤᠮᠵᠢ ᠶᠢᠨ ᠬᠠᠮᠢᠶᠠᠷᠤᠯᠲᠠ ᠶᠢᠨ ᠠᠯᠪᠠᠨ ᠭᠡᠷ ᠤᠨ ᠬᠠᠷᠢᠭᠤᠴᠠᠯᠭᠠᠲᠠᠨ ᠬᠤᠷᠠᠯ ᠳᠤ ᠣᠷᠣᠯᠴᠠᠪᠠ᠃
     ᠬᠤᠷᠠᠯ ᠠᠴᠠ 2023 ᠣᠨ ᠤ ᠪᠦᠬᠦ ᠬᠤᠰᠢᠭᠤᠨ ᠤ ᠢᠳᠡᠭᠡᠨ ᠤ ᠵᠦᠢᠯ ᠪᠠ ᠡᠮ ᠤᠨ ᠵᠦᠢᠯ ᠤᠨ ᠠᠮᠤᠷ ᠲᠦᠪᠰᠢᠨ ᠤ ᠠᠵᠢᠯ ᠢ ᠥᠷᠨᠢᠭᠦᠯᠦᠭᠰᠡᠨ ᠪᠠᠶᠢᠳᠠᠯ ᠢ ᠵᠠᠷᠯᠠᠨ ᠮᠡᠳᠡᠭᠳᠡᠵᠦ᠂ ᠢᠳᠡᠭᠡᠨ ᠤ ᠵᠦᠢᠯ ᠪᠠ ᠡᠮ ᠤᠨ ᠵᠦᠢᠯ ᠤᠨ ᠠᠮᠤᠷ ᠲᠦᠪᠰᠢᠨ ᠤ ᠵᠥᠪᠯᠡᠯ ᠤᠨ ᠡᠯ᠎ᠡ ᠪᠦᠷᠢᠯᠳᠦᠬᠦᠨ ᠨᠢᠭᠡᠴᠡ ᠣᠳᠣᠬᠠᠨ ᠤ ᠪᠦᠬᠦ ᠬᠤᠰᠢᠭᠤᠨ ᠤ ᠢᠳᠡᠭᠡᠨ ᠤ ᠵᠦᠢᠯ ᠤᠨ ᠠᠮᠤᠷ ᠲᠦᠪᠰᠢᠨ ᠤ ᠪᠠᠶᠢᠳᠠᠯ᠂ ᠰᠤᠭᠤᠴᠢᠨ ᠪᠠᠶᠢᠴᠠᠭᠠᠬᠤ ᠬᠢᠨᠠᠨ ᠪᠠᠶᠢᠴᠠᠭᠠᠬᠤ ᠳᠤᠮᠳᠠ ᠢᠯᠡᠷᠡᠭᠦᠯᠦᠭᠰᠡᠨ ᠠᠰᠠᠭᠤᠳᠠᠯ ᠪᠠ ᠳᠠᠯᠳᠠ ᠭᠡᠮ᠂ ᠶᠠᠷᠢᠶ᠎ᠠ ᠬᠡᠯᠡᠯᠴᠡᠭᠡ ᠶᠢᠨ ᠪᠠᠶᠢᠳᠠᠯ ᠤᠨ ᠬᠢᠨᠠᠯᠲᠠ᠂ ᠵᠠᠭᠠᠯᠳᠤᠯᠭ᠎ᠠ ᠢᠯᠡᠴᠢᠯᠡᠯ ᠵᠡᠷᠭᠡ ᠶᠢᠨ ᠲᠦᠭᠰᠢᠭᠦᠷᠢ ᠶᠢᠨ ᠲᠤᠬᠠᠢ ᠪᠦᠬᠦ ᠲᠠᠯ᠎ᠠ ᠪᠠᠷ ᠡᠮᠬᠢᠯᠡᠨ ᠰᠤᠳᠤᠯᠤᠨ ᠮᠠᠭᠠᠳᠯᠠᠵᠤ᠂ ᠲᠦᠭᠰᠢᠭᠦᠷᠢ ᠶᠢ ᠰᠡᠷᠭᠡᠶᠢᠯᠡᠨ ᠡᠵᠡᠮᠳᠡᠬᠦ ᠠᠷᠭ᠎ᠠ ᠪᠣᠳᠣᠯᠭ᠎ᠠ ᠪᠠ ᠠᠷᠭ᠎ᠠ ᠬᠡᠮᠵᠢᠶ᠎ᠡ ᠶᠢ ᠳᠤᠷᠠᠳᠪᠠ᠃      ᠬᠤᠷᠠᠯ ᠠᠴᠠ ᠱᠠᠭᠠᠷᠳᠠᠭᠰᠠᠨ ᠨᠢ᠂ ᠬᠤᠰᠢᠭᠤᠨ ᠤ ᠢᠳᠡᠭᠡᠨ ᠤ ᠵᠦᠢᠯ ᠪᠠ ᠡᠮ ᠤᠨ ᠵᠦᠢᠯ ᠤᠨ ᠠᠮᠤᠷ ᠲᠦᠪᠰᠢᠨ ᠤ ᠵᠥᠪᠯᠡᠯ ᠤᠨ ᠡᠯ᠎ᠡ ᠰᠠᠯᠠᠭ᠎ᠠ ᠮᠥᠴᠢᠷ ᠤᠨ ᠬᠢᠨ ᠢᠳᠡᠭᠡᠨ ᠤ ᠵᠦᠢᠯ ᠤᠨ ᠠᠮᠤᠷ ᠲᠦᠪᠰᠢᠨ ᠤ ᠲᠦᠭᠰᠢᠭᠦᠷᠢ ᠶᠢ ᠤᠷᠢᠳᠴᠢᠯᠠᠨ ᠰᠡᠷᠡᠮᠵᠢᠯᠡᠭᠦᠯᠵᠦ ᠰᠣᠯᠢᠯᠴᠠᠬᠤ ᠶᠢᠨ ᠴᠢᠬᠤᠯᠠ ᠴᠢᠨᠠᠷ᠂ ᠤᠷᠲᠤ ᠬᠤᠭᠤᠴᠠᠭᠠᠲᠤ ᠴᠢᠨᠠᠷ ᠢ ᠭᠦᠢᠴᠡᠳ ᠲᠠᠨᠢᠵᠤ᠂ ᠢᠳᠡᠭᠡᠨ ᠤ ᠵᠦᠢᠯ ᠤᠨ ᠠᠮᠤᠷ ᠲᠦᠪᠰᠢᠨ ᠤ ᠲᠦᠭᠰᠢᠭᠦᠷᠢ ᠶᠢ ᠬᠢᠨᠠᠬᠤ ᠠᠵᠢᠯ ᠢ ᠰᠠᠶᠢᠲᠤᠷ ᠬᠢᠬᠦ ᠬᠠᠷᠢᠭᠤᠴᠠᠯᠭᠠᠲᠤ ᠰᠡᠳᠬᠢᠯᠭᠡ ᠪᠠ ᠲᠤᠯᠭᠠᠮ᠎ᠠ ᠲᠥᠷᠥᠭᠳᠡᠯ ᠢᠶᠠᠨ ᠦᠨᠡᠨᠬᠦ ᠴᠢᠩᠭᠠᠳᠬᠠᠬᠤ ᠬᠡᠷᠡᠭᠲᠡᠢ᠃ ᠨᠢᠭᠡ ᠳᠤ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠬᠤ ᠬᠡᠷᠡᠭᠲᠡᠢ᠃ ᠬᠠᠮᠲᠤᠷᠠᠨ ᠵᠥᠪᠳᠡᠯᠴᠡᠵᠦ ᠮᠡᠳᠡᠭᠳᠡᠬᠦ᠂ ᠬᠤᠯᠪᠣᠭᠠᠯᠠᠨ ᠱᠠᠭᠠᠷᠳᠠᠨ ᠭᠦᠢᠴᠡᠳᠬᠡᠬᠦ᠂ ᠬᠠᠮᠵᠢᠯᠴᠠᠨ ᠴᠡᠭᠴᠡᠯᠡᠨ ᠵᠠᠰᠠᠬᠤ ᠠᠵᠢᠯ ᠤᠨ ᠵᠠᠭᠪᠤᠷ ᠢᠶᠠᠷ ᠳᠠᠮᠵᠢᠭᠤᠯᠵᠤ᠂ ᠢᠳᠡᠭᠡᠨ ᠤ ᠵᠦᠢᠯ ᠤᠨ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢᠨ ᠬᠠᠷᠢᠭᠤᠴᠠᠯᠭ᠎ᠠ ᠶᠢ ᠡᠷᠡᠰ ᠨᠠᠶᠢᠳᠠᠪᠤᠷᠢᠵᠢᠭᠤᠯᠵᠤ᠂ ᠠᠰᠠᠭᠤᠳᠠᠯ ᠢ ᠲᠠᠰᠤᠷᠠᠯᠲᠠ ᠦᠭᠡᠢ ᠢᠯᠡᠷᠡᠭᠦᠯᠦᠨ᠂ ᠰᠢᠢᠳᠪᠦᠷᠢᠯᠡᠬᠦ ᠳᠤᠮᠳᠠ ᠪᠦᠬᠦ ᠬᠤᠰᠢᠭᠤᠨ ᠤ ᠢᠳᠡᠭᠡᠨ ᠤ ᠵᠦᠢᠯ ᠤᠨ ᠠᠮᠤᠷ ᠲᠦᠪᠰᠢᠨ ᠤ ᠪᠠᠲᠤᠯᠠᠭ᠎ᠠ ᠶᠢᠨ ᠬᠢᠷᠢ ᠲᠦᠪᠰᠢᠨ ᠢ ᠳᠡᠭᠡᠭᠰᠢᠯᠡᠭᠦᠯᠬᠦ ᠬᠡᠷᠡᠭᠲᠡᠢ᠃ ᠬᠤᠶᠠᠷ ᠲᠤ᠂ ᠰᠠᠯᠠᠭ᠎ᠠ ᠮᠥᠴᠢᠷ ᠤᠨ ᠬᠠᠮᠵᠢᠯᠴᠠᠭ᠎ᠠ ᠶᠢ ᠴᠢᠩᠭᠠᠳᠬᠠᠬᠤ ᠬᠡᠷᠡᠭᠲᠡᠢ᠃ ᠬᠤᠰᠢᠭᠤᠨ ᠤ ᠢᠳᠡᠭᠡᠨ ᠤ ᠵᠦᠢᠯ ᠪᠠ ᠡᠮ ᠤᠨ ᠵᠦᠢᠯ ᠤᠨ ᠠᠮᠤᠷ ᠲᠦᠪᠰᠢᠨ ᠤ ᠠᠯᠪᠠᠨ ᠭᠡᠷ ᠨᠢ ᠨᠢᠭᠡᠳᠦᠯᠲᠡᠢ ᠲᠥᠯᠥᠪᠯᠡᠨ ᠵᠣᠬᠢᠴᠠᠭᠤᠯᠬᠤ ᠦᠢᠯᠡᠳᠦᠯ ᠢᠶᠠᠨ ᠭᠦᠢᠴᠡᠳ ᠪᠠᠳᠠᠷᠠᠭᠤᠯᠵᠤ᠂ ᠰᠠᠯᠠᠭ᠎ᠠ ᠮᠥᠴᠢᠷ ᠤᠨ ᠬᠤᠯᠪᠣᠭᠠᠯᠠᠨ ᠬᠥᠳᠡᠯᠦᠯᠴᠡᠬᠦ ᠵᠣᠬᠢᠴᠠᠮᠵᠢ ᠶᠢ ᠲᠡᠭᠦᠯᠳᠡᠷᠵᠢᠭᠦᠯᠬᠦ ᠬᠡᠷᠡᠭᠲᠡᠢ᠃ ᠡᠯ᠎ᠡ ᠪᠦᠷᠢᠯᠳᠦᠬᠦᠨ ᠨᠢᠭᠡᠴᠡ ᠨᠦᠭᠦᠳ ᠢᠳᠡᠭᠡᠨ ᠤ ᠵᠦᠢᠯ ᠪᠠ ᠡᠮ ᠤᠨ ᠵᠦᠢᠯ ᠤᠨ ᠠᠮᠤᠷ ᠲᠦᠪᠰᠢᠨ ᠤ ᠠᠯᠪᠠᠨ ᠭᠡᠷ ᠤᠨ ᠰᠣᠯᠢᠯᠴᠠᠭ᠎ᠠ ᠶᠢᠨ ᠲᠠᠪᠴᠠᠩ ᠢ ᠭᠦᠢᠴᠡᠳ ᠰᠠᠶᠢᠲᠤᠷ ᠠᠰᠢᠭᠯᠠᠵᠤ᠂ ᠠᠵᠢᠯ ᠢᠶᠠᠨ ᠬᠤᠪᠢᠶᠠᠷᠢᠯᠠᠨ ᠬᠠᠷᠢᠭᠤᠴᠠᠨ ᠨᠢᠭᠲᠠ ᠬᠠᠮᠵᠢᠯᠴᠠᠵᠤ᠂ ᠣᠷᠣᠨ ᠪᠦᠰᠡ ᠶᠢᠨ ᠴᠢᠨᠠᠷᠲᠠᠢ᠂ ᠪᠦᠯᠦᠭᠵᠢᠯ ᠤᠨ ᠴᠢᠨᠠᠷᠲᠠᠢ ᠬᠦᠨᠳᠦ ᠶᠡᠭᠡ ᠢᠳᠡᠭᠡᠨ ᠤ ᠵᠦᠢᠯ ᠤᠨ ᠠᠮᠤᠷ ᠲᠦᠪᠰᠢᠨ ᠤ ᠠᠳᠠᠯ ᠭᠠᠷᠬᠤ ᠦᠭᠡᠢ ᠪᠠᠶᠢᠬᠤ ᠬᠤᠷᠢᠭ᠎ᠠ ᠱᠤᠭᠤᠮ ᠢ ᠡᠷᠡᠰ ᠰᠠᠬᠢᠬᠤ ᠬᠡᠷᠡᠭᠲᠡᠢ᠃ ᠭᠤᠷᠪᠠ ᠳᠤ᠂ ᠨᠡᠶᠢᠭᠡᠮ ᠤᠨ ᠬᠠᠮᠲᠤ ᠪᠠᠷ ᠵᠠᠰᠠᠬᠤ ᠶᠢ ᠠᠬᠢᠭᠤᠯᠬᠤ ᠬᠡᠷᠡᠭᠲᠡᠢ᠃ ᠡᠯ᠎ᠡ ᠪᠦᠷᠢᠯᠳᠦᠬᠦᠨ ᠨᠢᠭᠡᠴᠡ ᠨᠦᠭᠦᠳ ᠰᠠᠨᠠᠭᠠᠴᠢᠯᠠᠭ᠎ᠠ ᠠᠴᠠ ᠪᠠᠨ ᠠᠰᠠᠭᠤᠳᠠᠯ ᠢ ᠢᠯᠡᠷᠡᠭᠦᠯᠵᠦ᠂ ᠣᠯᠠᠨ ᠲᠦᠮᠡᠨ ᠤ ᠠᠩᠬᠠᠷᠴᠤ ᠪᠠᠶᠢᠭ᠎ᠠ ᠢᠳᠡᠭᠡᠨ ᠤ ᠵᠦᠢᠯ ᠤᠨ ᠠᠮᠤᠷ ᠲᠦᠪᠰᠢᠨ ᠤ ᠠᠰᠠᠭᠤᠳᠠᠯ ᠵᠢᠴᠢ ᠰᠠᠨᠠᠯ ᠰᠠᠨᠠᠭᠤᠯᠭ᠎ᠠ ᠶᠢ ᠥᠷᠭᠡᠨ ᠢᠶᠠᠷ ᠴᠤᠭᠯᠠᠭᠤᠯᠵᠤ᠂ ︽ᠢᠳᠡᠭᠡᠨ ᠤ ᠵᠦᠢᠯ ᠤᠨ ᠠᠮᠤᠷ ᠲᠦᠪᠰᠢᠨ ᠤ ᠤᠬᠠᠭᠤᠯᠭ᠎ᠠ ᠶᠢᠨ ᠭᠠᠷᠠᠭ︾᠂ ︽ᠪᠦᠬᠦ ᠠᠷᠠᠳ ᠤᠨ ᠰᠢᠮ᠎ᠡ ᠲᠡᠵᠢᠭᠡᠯ ᠤᠨ ᠭᠠᠷᠠᠭ︾ ᠵᠡᠷᠭᠡ ᠠᠵᠢᠯᠯᠠᠭᠠᠨ ᠤ ᠲᠠᠪᠴᠠᠩ ᠢ ᠰᠠᠶᠢᠲᠤᠷ ᠬᠡᠷᠡᠭᠯᠡᠵᠦ᠂ ᠢᠳᠡᠭᠡᠨ ᠤ ᠵᠦᠢᠯ ᠤᠨ ᠠᠮᠤᠷ ᠲᠦᠪᠰᠢᠨ ᠤ ᠪᠠᠷᠢᠮᠵᠢᠶ᠎ᠠ ᠶᠢᠨ ᠲᠤᠬᠠᠢ ᠮᠡᠳᠡᠯᠭᠡ ᠪᠠ ᠬᠡᠷᠡᠭᠯᠡᠭᠡᠨ ᠤ ᠮᠡᠳᠡᠯᠭᠡ ᠶᠢ ᠣᠯᠠᠨ ᠬᠡᠯᠪᠡᠷᠢ ᠪᠠᠷ ᠲᠦᠭᠡᠮᠡᠯᠵᠢᠭᠦᠯᠵᠦ᠂ ᠣᠯᠠᠨ ᠲᠦᠮᠡᠨ ᠤ ᠣᠷᠣᠯᠴᠠᠬᠤ ᠬᠡᠮᠵᠢᠶ᠎ᠡ ᠶᠢ ᠲᠠᠰᠤᠷᠠᠯᠲᠠ ᠦᠭᠡᠢ ᠳᠡᠭᠡᠭᠰᠢᠯᠡᠭᠦᠯᠬᠦ ᠬᠡᠷᠡᠭᠲᠡᠢ ᠭᠡᠵᠡᠢ᠃
 
ᠢᠷᠡᠯᠲᠡ᠄ ᠬᠡᠰᠢᠭᠲᠡᠨ ᠬᠣᠰᠢᠭᠤᠨ ᠤ ᠠᠷᠠᠳ ᠤᠨ ᠵᠠᠰᠠᠭ ᠤᠨ ᠣᠷᠳᠣᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备09001939号