ᠳᠤᠮᠳᠠᠳᠤ ᠤᠯᠤᠰ ᠤᠨ ᠪᠡᠶ᠎ᠡ ᠶᠢᠨ ᠲᠠᠮᠢᠷ ᠤᠨ ᠲᠥᠯᠥᠭᠡᠯᠡᠭᠴᠢᠳ ᠤᠨ ᠪᠦᠯᠭᠦᠮ ᠳᠤ᠄ | 33 ᠳ᠋ᠤᠭᠠᠷ ᠬᠤᠭᠤᠴᠠᠭᠠᠨ ᠤ ᠵᠣᠨ ᠤ ᠤᠯᠠᠷᠢᠯ ᠤᠨ ᠣᠯᠢᠮᠫᠢᠺ ᠤᠨ ᠲᠠᠮᠢᠷ ᠤᠨ ᠴᠤᠭᠯᠠᠭᠠᠨ ᠳᠤ᠂ ᠮᠠᠨ ᠤ | ᠤᠯᠤᠰ ᠤᠨ ᠲᠠᠮᠢᠷᠴᠢᠳ ᠰᠢᠷᠭᠠᠭᠤ ᠬᠠᠲᠠᠭᠤᠵᠢᠯᠲᠠᠢ ᠲᠡᠮᠡᠴᠡᠵᠦ᠂ ᠲᠡᠷᠢᠭᠦᠨ ᠳᠤ ᠣᠷᠣᠬᠤ ᠪᠠᠷ ᠡᠷᠡᠯᠬᠡᠭᠯᠡᠨ ᠴᠢᠷᠮᠠᠶᠢᠵᠤ᠂ | ᠡᠭᠦᠷᠭᠡ ᠬᠠᠷᠢᠭᠤᠴᠠᠯᠭ᠎ᠠ ᠪᠠᠨ ᠥᠯᠥ ᠬᠥᠰᠡᠷᠳᠡᠭᠦᠯᠵᠦ᠂ 40 ᠠᠯᠲᠠᠨ ᠮᠧᠳᠠᠯ᠂ 27 ᠮᠥᠩᠭᠦᠨ ᠮᠧᠳᠠᠯ᠂ 24 ᠬᠦᠷᠡᠯ | ᠮᠧᠳᠠᠯ ᠣᠯᠵᠤ᠂ ᠲᠠᠮᠢᠷ ᠤᠨ ᠬᠥᠳᠡᠯᠭᠡᠭᠡᠨ ᠤ ᠬᠢᠷᠢ ᠪᠦᠲᠦᠮᠵᠢ ᠪᠠ ᠣᠶᠤᠨ ᠤ ᠪᠣᠯᠪᠠᠰᠤᠨ ᠤ ᠬᠤᠣᠰ ᠡᠯᠪᠡᠭ | ᠬᠤᠷᠢᠶᠠᠯᠲᠠ ᠶᠢ ᠪᠡᠶᠡᠯᠡᠭᠦᠯᠵᠦ᠂ ᠡᠬᠡ ᠤᠯᠤᠰ ᠪᠠ ᠠᠷᠠᠳ ᠲᠦᠮᠡᠨ ᠳᠡᠭᠡᠨ ᠢᠷᠠᠭᠤ ᠠᠯᠳᠠᠷ ᠠᠪᠴᠢᠷᠠᠭᠰᠠᠨ ᠪᠠᠶᠢᠨ᠎ᠠ᠃ | ᠨᠠᠮ ᠤᠨ ᠲᠥᠪ ᠬᠤᠷᠢᠶ᠎ᠠ ᠪᠣᠯᠣᠨ ᠳᠦᠷᠦ ᠶᠢᠨ ᠶᠠᠪᠤᠳᠠᠯ ᠤᠨ ᠬᠤᠷᠢᠶ᠎ᠠ ᠲᠠ ᠨᠠᠷ ᠲᠤ ᠬᠠᠯᠠᠭᠤᠨ ᠪᠠᠶᠠᠷ ᠬᠦᠷᠭᠡᠬᠦ ᠶᠢᠨ | ᠬᠠᠮᠲᠤ ᠳᠣᠲᠣᠨᠣ ᠪᠠᠷ ᠲᠣᠬᠤᠨᠢᠭᠤᠯᠵᠤ ᠪᠠᠶᠢᠨ᠎ᠠ ︕ | ᠲᠤᠰ ᠬᠤᠭᠤᠴᠠᠭᠠᠨ ᠤ ᠣᠯᠢᠮᠫᠢᠺ ᠤᠨ ᠲᠠᠮᠢᠷ ᠤᠨ ᠴᠤᠭᠯᠠᠭᠠᠨ ᠳᠤ᠂ ᠲᠠ ᠨᠠᠷ ᠢᠮᠠᠭᠲᠠ ᠨᠠᠮ ᠪᠠ ᠠᠷᠠᠳ | ᠲᠦᠮᠡᠨ ᠤ ᠬᠦᠰᠡᠯ ᠨᠠᠶᠢᠳᠠᠯᠭ᠎ᠠ ᠶᠢ ᠪᠠᠲᠤ ᠴᠡᠭᠡᠵᠢᠯᠡᠵᠦ᠂ ᠳᠤᠮᠳᠠᠳᠤ ᠶᠢᠨ ᠪᠡᠶ᠎ᠡ ᠶᠢᠨ ᠲᠠᠮᠢᠷ ᠤᠨ ᠵᠣᠷᠢᠭ ᠰᠠᠨᠠᠭ᠎ᠠ ᠪᠠ | ᠣᠯᠢᠮᠫᠢᠺ ᠤᠨ ᠵᠣᠷᠢᠭ ᠰᠠᠨᠠᠭ᠎ᠠ ᠶᠢ ᠶᠡᠭᠡ ᠪᠠᠷ ᠪᠠᠳᠠᠷᠠᠭᠤᠯᠤᠨ᠂ ᠶᠣᠰᠣ ᠰᠤᠷᠲᠠᠬᠤᠨ ᠤ ᠠᠯᠲᠠᠨ ᠮᠧᠳᠠᠯ᠂ ᠬᠡᠪ ᠨᠠᠮᠪᠠ ᠶᠢᠨ | ᠠᠯᠲᠠᠨ ᠮᠧᠳᠠᠯ᠂ ᠴᠡᠪᠡᠷ ᠠᠷᠢᠭᠤᠨ ᠤ ᠠᠯᠲᠠᠨ ᠮᠧᠳᠠᠯ ᠣᠯᠬᠤ ᠶᠢ ᠪᠠᠷᠢᠮᠲᠠᠯᠠᠵᠤ᠂ ᠴᠤᠭ ᠪᠠᠳᠠᠷᠠᠩᠭᠤᠢ ᠲᠡᠮᠡᠴᠡᠯ ᠤᠨ | ᠵᠣᠷᠢᠭ᠂ ᠡᠷᠡᠰ ᠬᠠᠲᠠᠭᠤ ᠬᠡᠪ ᠰᠤᠷᠲᠠᠯ᠂ ᠬᠡᠲᠦ᠋ᠢᠳᠦᠭᠰᠡᠨ ᠤᠷ᠎ᠠ ᠴᠢᠳᠠᠪᠤᠷᠢ ᠪᠠᠷ ᠢᠶᠠᠨ ᠳᠤᠮᠳᠠᠳᠤ ᠤᠯᠤᠰ ᠤᠨ ᠪᠡᠶ᠎ᠡ ᠶᠢᠨ | ᠲᠠᠮᠢᠷ ᠤᠨ ᠵᠢᠪᠬᠤᠭ᠎ᠠ ᠲᠡᠭᠦᠯᠳᠡᠷ ᠡᠷᠡᠯᠬᠡᠭᠯᠡᠨ ᠤᠷᠤᠭᠰᠢᠯᠠᠬᠤ ᠴᠣ᠋ ᠰᠢᠨ᠎ᠡ ᠬᠠᠭᠤᠳᠠᠰᠤ ᠶᠢ ᠪᠢᠴᠢᠭᠯᠡᠵᠦ᠂ ᠪᠡᠶ᠎ᠡ ᠶᠢᠨ | ᠲᠠᠮᠢᠷ ᠤᠨ ᠹᠷᠣᠨᠲ ᠤᠨ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ᠂ ᠡᠷᠡᠯᠬᠡᠭᠯᠡᠨ ᠤᠷᠤᠭᠰᠢᠯᠠᠬᠤ ᠴᠠᠭ ᠦᠶ᠎ᠡ ᠶᠢᠨ | ᠳᠦᠷᠰᠦ ᠪᠠᠶᠢᠳᠠᠯ ᠢ ᠢᠯᠡᠷᠡᠭᠦᠯᠪᠡ᠃ ᠲᠠ ᠨᠠᠷ ︽ᠨᠡᠩ ᠲᠦᠷᠭᠡᠨ᠂ ᠨᠡᠩ ᠥᠨᠳᠥᠷ᠂ ᠨᠡᠩ ᠬᠦᠴᠦᠷᠬᠡᠭ — ᠨᠡᠩ | ᠪᠦᠯᠬᠦᠮᠳᠡᠯ ᠲᠠᠢ︾ ᠣᠯᠢᠮᠫᠢᠺ ᠤᠨ ᠰᠡᠴᠡᠯᠡᠯ ᠢ ᠢᠳᠡᠪᠬᠢᠲᠡᠢ ᠦᠢᠯᠡᠳᠦᠯᠭᠡᠵᠢᠭᠦᠯᠵᠦ᠂ ᠳᠡᠯᠡᠬᠡᠢ ᠶᠢᠨ ᠡᠯ᠎ᠡ ᠤᠯᠤᠰ ᠡᠯ᠎ᠡ | ᠭᠠᠵᠠᠷ ᠣᠷᠣᠨ ᠤ ᠲᠠᠮᠢᠷᠴᠢᠳ ᠲᠠᠢ ᠡᠷᠬᠡ ᠲᠡᠭᠰᠢ ᠪᠠᠷ ᠥᠷᠢᠰᠦᠯᠳᠦᠵᠦ᠂ ᠨᠥᠭᠦᠷᠰᠡᠭ ᠢᠶᠠᠷ ᠰᠣᠯᠢᠯᠴᠠᠵᠤ᠂ ᠤᠷ᠎ᠠ | ᠴᠢᠳᠠᠪᠤᠷᠢ ᠪᠠᠨ ᠨᠡᠮᠡᠭᠳᠡᠭᠦᠯᠵᠦ᠂ ᠨᠥᠬᠦᠷᠯᠡᠯ ᠢᠶᠠᠨ ᠵᠤᠵᠠᠭᠠᠳᠬᠠᠵᠤ᠂ ᠳᠡᠯᠡᠬᠡᠢ ᠳ᠋ᠠᠬᠢᠨ ᠳᠤ ᠳᠤᠮᠳᠠᠳᠤ ᠤᠯᠤᠰ ᠤᠨ ᠬᠦᠴᠦᠨ | ᠴᠢᠳᠠᠯ ᠪᠣᠯᠣᠨ ᠳᠤᠮᠳᠠᠳᠤ ᠤᠯᠤᠰ ᠤᠨ ᠳᠦᠷᠢ ᠲᠥᠷᠬᠦ ᠶᠢ ᠭᠠᠶᠢᠬᠠᠭᠤᠯᠵᠤ᠂ ᠳᠤᠮᠳᠠᠳᠤ ᠤᠯᠤᠰ ᠤᠨ ᠲᠠᠭᠤᠨ ᠪᠣᠯᠣᠨ | ᠳᠤᠮᠳᠠᠳᠤ ᠤᠯᠤᠰ ᠤᠨ ᠵᠣᠷᠢᠭ ᠰᠠᠨᠠᠭ᠎ᠠ ᠶᠢ ᠤᠯᠠᠮᠵᠢᠯᠠᠪᠠ᠃ ᠲᠠ ᠨᠠᠷ ᠤᠨ ᠣᠯᠣᠭᠰᠠᠨ ᠰᠢᠯᠢᠳᠡᠭ ᠬᠢᠷᠢ ᠪᠦᠲᠦᠮᠵᠢ ᠪᠠ | ᠭᠠᠷᠮᠠᠭᠠᠢ ᠢᠯᠡᠷᠡᠯ ᠤᠯᠤᠰ ᠤᠨ ᠳᠣᠲᠣᠭᠠᠳᠤ ᠭᠠᠳᠠᠭᠠᠳᠤ ᠶᠢᠨ ᠳᠤᠮᠳᠠᠳᠤ ᠶᠢᠨ ᠬᠥᠪᠡᠭᠦᠳ ᠥᠬᠢᠳ ᠤᠨ ᠡᠬᠡ ᠣᠷᠣᠨᠴᠢ | ᠬᠠᠯᠠᠭᠤᠨ ᠰᠡᠳᠬᠢᠯᠭᠡ ᠶᠢ ᠤᠯᠠᠮ ᠬᠥᠭᠵᠢᠭᠡᠵᠦ᠂ ᠦᠨᠳᠦᠰᠦᠲᠡᠨ ᠤ ᠵᠣᠷᠢᠭ ᠰᠠᠨᠠᠭ᠎ᠠ ᠶᠢ ᠤᠯᠠᠮ ᠬᠥᠭᠵᠢᠭᠡᠨ᠂ ᠡᠷᠡᠯᠬᠡᠭᠯᠡᠨ | ᠤᠷᠤᠭᠰᠢᠯᠠᠬᠤ ᠬᠦᠴᠦᠨ ᠢ ᠤᠯᠠᠮ ᠨᠢᠭᠲᠠᠷᠠᠭᠤᠯᠤᠭᠰᠠᠨ ᠶᠤᠮ᠃ | ᠲᠠ ᠨᠠᠷ ᠤᠨ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ | ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠤᠯᠭᠠᠬᠤ ᠶᠢ ᠪᠠᠷᠢᠮᠲᠠᠯᠠᠵᠤ᠂ ᠨᠠᠮ ᠤᠨ ᠬᠤᠷᠢᠳᠤᠭᠠᠷ ᠶᠡᠭᠡ ᠬᠤᠷᠠᠯ | ᠪᠣᠯᠣᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠬᠤᠶᠠᠳᠤᠭᠠᠷ᠂ ᠭᠤᠷᠪᠠᠳᠤᠭᠠᠷ ᠪᠦᠭᠦᠳᠠ ᠬᠤᠷᠠᠯ ᠤᠨ ᠵᠣᠷᠢᠭ | ᠰᠠᠨᠠᠭ᠎ᠠ ᠶᠢ ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠪᠡᠶ᠎ᠡ ᠶᠢᠨ ᠲᠠᠮᠢᠷ ᠤᠨ ᠬᠦᠴᠦᠷᠬᠡᠭ ᠤᠯᠤᠰ ᠢ | ᠪᠦᠲᠦᠭᠡᠨ ᠪᠠᠶᠢᠭᠤᠯᠬᠤ ᠬᠠᠷᠠᠯᠲᠠ ᠶᠢ ᠣᠨᠢᠯᠠᠵᠤ᠂ ᠤᠯᠤᠰ ᠣᠷᠣᠨ ᠳᠠᠭᠠᠨ ᠢᠷᠠᠭᠤ ᠠᠯᠳᠠᠷ ᠣᠯᠭᠤᠬᠤ ᠡᠭᠦᠷᠭᠡ | ᠬᠠᠷᠢᠭᠤᠴᠠᠯᠭ᠎ᠠ ᠪᠠᠨ ᠪᠠᠲᠤ ᠴᠡᠭᠡᠵᠢᠯᠡᠵᠦ᠂ ᠥᠷᠢᠰᠦᠯᠳᠦᠭᠡᠨᠲᠦ ᠪᠡᠶ᠎ᠡ ᠶᠢᠨ ᠲᠠᠮᠢᠷ ᠤᠨ ᠰᠢᠨ᠎ᠡ ᠨᠣᠶᠠᠨ ᠤᠷᠭᠢᠯ ᠳᠤ | ᠲᠠᠰᠤᠷᠠᠯᠳᠠ ᠦᠭᠡᠢ ᠠᠪᠠᠷᠢᠵᠤ᠂ ᠤᠯᠠᠨ ᠲᠦᠮᠡᠨᠴᠢ ᠪᠡᠶ᠎ᠡ ᠶᠢᠨ ᠲᠠᠮᠢᠷ᠂ ᠵᠠᠯᠠᠭᠤᠴᠤᠳ ᠪᠠᠭᠠᠴᠤᠳ ᠤᠨ ᠪᠡᠶ᠎ᠡ ᠶᠢᠨ | ᠲᠠᠮᠢᠷ ᠤᠨ ᠥᠷᠨᠢᠭᠦᠨ ᠬᠥᠭᠵᠢᠯᠲᠡ ᠶᠢ ᠲᠠᠶᠢᠴᠢᠯᠠᠵᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠪᠠᠷ | ᠬᠦᠴᠦᠷᠬᠡᠭ ᠤᠯᠤᠰ ᠤᠨ ᠪᠦᠲᠦᠭᠡᠨ ᠪᠠᠶᠢᠭᠤᠯᠤᠯᠲᠠ᠂ ᠦᠨᠳᠦᠰᠦᠲᠡᠨ ᠤ ᠰᠡᠷᠭᠦᠨ ᠮᠠᠨᠳᠤᠯᠲᠠ ᠶᠢᠨ ᠠᠭᠤᠤ ᠦᠢᠯᠡᠰ ᠢ | ᠪᠦᠭᠦ ᠲᠠᠯ᠎ᠠ ᠪᠠᠷ ᠠᠬᠢᠭᠤᠯᠬᠤ ᠳᠤ ᠰᠢᠨ᠎ᠡ ᠬᠤᠪᠢ ᠨᠡᠮᠡᠷᠢ ᠦᠵᠡᠭᠦᠯᠭᠦ ᠶᠢ ᠬᠦᠰᠡᠵᠦ ᠪᠠᠶᠢᠨ᠎ᠠ᠃ ᠡᠬᠡ ᠤᠯᠤᠰ ᠪᠣᠯᠣᠨ | ᠠᠷᠠᠳ ᠲᠦᠮᠡᠨ ᠴᠢᠨᠢ ᠲᠠ ᠨᠠᠷ ᠤᠨ ᠢᠯᠠᠯᠲᠠ ᠲᠠᠢ ᠪᠠᠷ ᠪᠤᠴᠠᠵᠤ ᠢᠷᠡᠬᠦ ᠶᠢ ᠬᠦᠰᠡᠨ ᠬᠦᠯᠢᠶᠡᠵᠦ ᠪᠠᠶᠢᠨ᠎ᠠ ︕ | | ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ | ᠲᠥᠷᠥ ᠶᠢᠨ ᠶᠠᠪᠤᠳᠠᠯ ᠤᠨ ᠬᠤᠷᠢᠶ᠎ᠠ | 2024 ᠣᠨ ᠤ 8 ᠰᠠᠷ᠎ᠠ ᠶᠢᠨ 11 ᠤ ᠡᠳᠦᠷ |