ᠥᠪᠥᠷ ᠮᠣᠩᠭᠤᠯ 3.71 ᠳ᠋ᠦᠩᠰᠢᠭᠤᠷ ᠲᠥᠭᠦᠷᠢᠭ ᠢᠶᠠᠷ ︽ᠬᠤᠶᠠᠷ ᠲᠥᠯᠥᠪᠯᠡᠭᠡ︾᠎ ᠶᠢᠨ ᠬᠡᠷᠡᠭᠵᠢᠭᠦᠯᠦᠯᠲᠡ ᠶᠢ ᠳᠡᠮᠵᠢᠪᠡ
ᠨᠡᠶᠢᠲᠡᠯᠡᠭᠰᠡᠨ ᠴᠠᠭ᠄
2024/8/21
     ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ ᠠᠴᠠ ᠣᠶᠢᠯᠠᠭᠠᠭᠰᠠᠨ ᠢᠶᠠᠷ᠄ 2024 ᠣᠨ ᠠᠴᠠ ᠨᠠᠭᠠᠰᠢ᠂ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠠᠴᠠ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠤᠨ ︽ᠭᠤᠷᠪᠠ ᠶᠢ ᠳᠡᠮᠵᠢᠵᠦ ᠨᠢᠭᠡ ᠶᠢ ᠲᠡᠳᠬᠦᠬᠦ︾ ᠲᠥᠯᠥᠪᠯᠡᠭᠡ ︵ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠢ ᠰᠣᠩᠭᠤᠨ ᠲᠣᠮᠢᠯᠠᠵᠤ ᠦᠨᠳᠦᠰᠦᠨ ᠱᠠᠲᠤᠨ ᠳᠤ ᠣᠴᠢᠭᠤᠯᠤᠨ ᠰᠤᠷᠭᠠᠨ ᠬᠥᠮᠦᠵᠢᠯ ᠢ ᠳᠡᠮᠵᠢᠬᠦ᠂ ᠲᠠᠷᠢᠶᠠᠯᠠᠩ ᠢ ᠳᠡᠮᠵᠢᠬᠦ᠂ ᠡᠮᠴᠢᠯᠡᠭᠡ ᠶᠢ ᠳᠡᠮᠵᠢᠬᠦ ᠪᠠ ᠬᠥᠳᠡᠭᠡ ᠲᠣᠰᠬᠤᠨ ᠢᠶᠠᠨ ᠬᠥᠭᠵᠢᠭᠦᠯᠦᠨ ᠮᠠᠨᠳᠤᠭᠤᠯᠬᠤ ᠶᠢ ᠬᠠᠪᠰᠤᠷᠤᠨ ᠲᠡᠳᠬᠦᠬᠦ ᠵᠡᠷᠭᠡ ᠦᠢᠯᠡᠴᠢᠯᠡᠭᠡᠨ ᠤ ᠨᠢᠭᠡ ᠵᠦᠢᠯ ᠤᠨ ᠲᠥᠷᠥ ᠶᠢᠨ ᠪᠣᠳᠣᠯᠭ᠎ᠠ︶᠎ ᠶᠢᠨ ᠨᠥᠬᠦᠪᠥᠷᠢ ᠶᠢᠨ ᠪᠠᠯᠠ ᠮᠥᠩᠭᠦ ᠶᠢ 1.67 ᠳ᠋ᠦᠩᠰᠢᠭᠤᠷ ᠲᠥᠭᠦᠷᠢᠭ᠂ ᠨᠡᠶᠢᠭᠡᠮ ᠲᠣᠭᠤᠷᠢᠭ ᠤᠨ ᠠᠷᠠᠳ ᠤᠨ ᠠᠮᠢᠳᠤᠷᠠᠯ ᠤᠨ ᠠᠵᠢᠯ ᠤᠨ ᠰᠠᠶᠢᠨ ᠳᠤᠷ᠎ᠠ ᠶᠢᠨ ᠦᠢᠯᠡᠴᠢᠯᠡᠭᠡᠨ ᠤ ᠲᠥᠯᠥᠪᠯᠡᠭᠡ ᠶᠢᠨ ᠨᠥᠬᠦᠪᠥᠷᠢ ᠶᠢᠨ ᠪᠠᠯᠠ ᠮᠥᠩᠭᠦ 2.04 ᠳ᠋ᠦᠩᠰᠢᠭᠤᠷ ᠲᠥᠭᠦᠷᠢᠭ ᠪᠠᠭᠤᠯᠭᠠᠵᠤ᠂ ︽ᠬᠤᠶᠠᠷ ᠲᠥᠯᠥᠪᠯᠡᠭᠡ︾᠎ ᠶᠢᠨ ᠠᠵᠢᠯ ᠳᠤ ᠣᠷᠣᠯᠴᠠᠵᠤ ᠪᠠᠶᠢᠭ᠎ᠠ ᠬᠥᠮᠦᠰ ᠲᠤ ᠴᠠᠭ ᠲᠤᠬᠠᠶ ᠳᠤ ᠨᠢ ᠲᠤᠭ᠎ᠠ ᠶᠣᠰᠣᠭᠠᠷ ᠠᠵᠢᠯ ᠠᠮᠢᠳᠤᠷᠠᠯ ᠤᠨ ᠨᠦᠬᠦᠪᠦᠷᠢ᠂ ᠠᠶᠢᠯ ᠡᠷᠦᠬᠡ ᠪᠠᠨ ᠳᠦᠪᠬᠢᠨᠡᠭᠦᠯᠬᠦ ᠰᠦᠢᠳᠭᠡᠯ ᠣᠯᠭᠤᠬᠤ ᠵᠢᠴᠢ ᠨᠡᠶᠢᠭᠡᠮ ᠤᠨ ᠳᠠᠭᠠᠳᠬᠠᠯ ᠲᠤᠰᠢᠶᠠᠬᠤ ᠶᠢ ᠨᠢ ᠪᠠᠲᠤᠯᠠᠪᠠ᠃ 2024 ᠣᠨ ᠤ 1 ᠳ᠋ᠦᠭᠡᠷ ᠰᠠᠷ᠎ᠠ ᠶᠢᠨ 1᠎ ᠤ ᠡᠳᠦᠷ ᠠᠴᠠ ᠡᠬᠢᠯᠡᠨ᠂ ᠥᠪᠡᠷᠲᠡᠭᠡᠨ ᠵᠠᠰᠠᠬᠤ ᠣᠷᠣᠨ ︽ᠬᠤᠶᠠᠷ ᠲᠥᠯᠥᠪᠯᠡᠭᠡ︾᠎ ᠳᠤ ᠣᠷᠣᠯᠴᠠᠭᠰᠠᠳ ᠤᠨ ᠠᠵᠢᠯ ᠠᠮᠢᠳᠤᠷᠠᠯ ᠤᠨ ᠨᠥᠬᠦᠪᠥᠷᠢ ᠶᠢ ᠬᠥᠮᠦᠨ ᠪᠦᠷᠢ ᠰᠠᠷ᠎ᠠ ᠳᠤ 3650 ᠲᠥᠭᠦᠷᠢᠭ ᠪᠣᠯᠲᠠᠯ᠎ᠠ ᠳᠡᠭᠡᠭᠰᠢᠯᠡᠭᠦᠯᠪᠡ᠃      ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶ᠎ᠠ ᠪᠣᠯᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠬᠠᠮᠢᠶ᠎ᠠ ᠪᠥᠬᠦᠶ ᠠᠵᠢᠯ ᠤᠨ ᠪᠠᠶᠢᠷᠢᠯᠠᠭᠤᠯᠤᠯᠲᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢᠨ ᠲᠤᠰᠠᠳᠠ᠂ 2024 ᠣᠨ ᠳᠤ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠲᠤ ︽ᠭᠤᠷᠪᠠ ᠶᠢ ᠳᠡᠮᠵᠢᠵᠦ ᠨᠢᠭᠡ ᠶᠢ ᠲᠡᠳᠬᠦᠬᠦ︾ ᠲᠥᠯᠥᠪᠯᠡᠭᠡ᠂ ᠨᠡᠶᠢᠭᠡᠮ ᠲᠣᠭᠤᠷᠢᠭ ᠤᠨ ᠠᠷᠠᠳ ᠤᠨ ᠠᠮᠢᠳᠤᠷᠠᠯ ᠤᠨ ᠠᠵᠢᠯ ᠤᠨ ᠰᠠᠶᠢᠨ ᠳᠤᠷ᠎ᠠ ᠶᠢᠨ ᠦᠢᠯᠡᠴᠢᠯᠡᠭᠡᠨ ᠤ ᠲᠥᠯᠥᠪᠯᠡᠭᠡ ᠶᠢᠨ ᠲᠥᠷᠥᠯ ᠵᠦᠢᠯ ᠢ ᠦᠷᠭᠦᠯᠵᠢᠯᠡᠨ ᠬᠡᠷᠡᠭᠵᠢᠭᠦᠯᠪᠡ᠃ 2024 ᠣᠨ ᠳᠤ᠂ ᠥᠪᠡᠷᠲᠡᠭᠡᠨ ᠵᠠᠰᠠᠬᠤ ᠣᠷᠣᠨ ︽ᠬᠤᠶᠠᠷ ᠲᠥᠯᠥᠪᠯᠡᠭᠡ︾᠎ ᠳᠤ ᠣᠷᠣᠯᠴᠠᠭᠰᠠᠳ ᠢ 7700 ᠬᠥᠮᠦᠨ ᠡᠯᠰᠡᠬᠦ ᠪᠠᠷ ᠲᠥᠯᠥᠪᠯᠡᠵᠦ᠂ ᠳᠡᠭᠡᠷ᠎ᠡ ᠵᠢᠯ ᠤᠨ ᠬᠢ ᠠᠴᠠ 200 ᠬᠥᠮᠦᠨ ᠨᠡᠮᠡᠭᠳᠡᠭᠦᠯᠪᠡ᠃ ᠡᠭᠦᠨ ᠳᠤ ︽ᠭᠤᠷᠪᠠ ᠶᠢ ᠳᠡᠮᠵᠢᠵᠦ ᠨᠢᠭᠡ ᠶᠢ ᠲᠡᠳᠬᠦᠬᠦ︾ ᠲᠥᠯᠥᠪᠯᠡᠭᠡ ᠳᠤ ᠣᠷᠣᠯᠴᠠᠭᠰᠠᠳ ᠢ 2700 ᠬᠥᠮᠦᠨ ᠡᠯᠰᠡᠵᠦ᠂ ᠨᠡᠶᠢᠭᠡᠮ ᠲᠣᠭᠤᠷᠢᠭ ᠤᠨ ᠠᠷᠠᠳ ᠤᠨ ᠠᠮᠢᠳᠤᠷᠠᠯ ᠤᠨ ᠠᠵᠢᠯ ᠤᠨ ᠰᠠᠶᠢᠨ ᠳᠤᠷ᠎ᠠ ᠶᠢᠨ ᠦᠢᠯᠡᠴᠢᠯᠡᠭᠡᠨ ᠳᠤ ᠣᠷᠣᠯᠴᠠᠭᠰᠠᠳ ᠢ 5000 ᠬᠥᠮᠦᠨ ᠡᠯᠰᠡᠬᠦ ᠪᠠᠷ ᠲᠥᠯᠥᠪᠯᠡᠵᠦ ᠪᠣᠶ᠃      ᠲᠠᠷᠠᠭᠠᠴᠢ ᠶᠢᠨ ᠠᠯᠬᠤᠮ ᠳᠤ᠂ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ ᠲᠤᠬᠠᠶᠢᠯᠠᠭᠰᠠᠨ ᠠᠵᠢᠯ ᠤᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠯᠦᠭᠡ ᠬᠠᠮᠲᠤᠷᠠᠨ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠵᠡᠷᠭᠡ ᠵᠠᠯᠠᠭᠤᠴᠤᠳ ᠤᠨ ᠠᠵᠢᠯ ᠣᠯᠵᠤ ᠦᠢᠯᠡᠰ ᠪᠤᠰᠬᠠᠬᠤ ᠠᠵᠢᠯ ᠢ ᠨᠠᠩ ᠲᠣᠪᠤᠶᠢᠮ᠎ᠠ ᠪᠠᠶᠢᠷᠢᠨ ᠳᠤ ᠲᠠᠯᠪᠢᠵᠤ᠂ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠵᠡᠷᠭᠡ ᠵᠠᠯᠠᠭᠤᠴᠤᠳ ᠤᠨ ᠠᠵᠢᠯ ᠣᠯᠵᠤ ᠦᠢᠯᠡᠰ ᠪᠤᠰᠬᠠᠬᠤ ᠶᠢ ᠠᠬᠢᠭᠤᠯᠬᠤ ᠲᠥᠷᠥ ᠶᠢᠨ ᠪᠣᠳᠣᠯᠭ᠎ᠠ ᠪᠠᠨ ᠲᠡᠭᠦᠯᠳᠡᠷᠵᠢᠭᠦᠯᠦᠨ᠂ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠤᠨ ᠠᠵᠢᠯ ᠤᠯᠬᠤ ᠠᠷᠭ᠎ᠠ ᠵᠠᠮ ᠢ ᠦᠷᠭᠦᠯᠵᠢᠯᠡᠨ ᠠᠭᠤᠳᠠᠯᠵᠤ ᠥᠷᠭᠡᠳᠬᠡᠨ᠂ ᠲᠥᠷᠥ ᠶᠢᠨ ᠪᠣᠳᠣᠯᠭ᠎ᠠ ᠶᠢᠨ ᠴᠢᠨᠠᠷᠲᠠᠶ ᠠᠵᠢᠯ ᠤᠨ ᠪᠠᠶᠢᠷᠢ ᠶᠢᠨ ᠠᠵᠢᠯ ᠣᠯᠭᠤᠬᠤ ᠦᠢᠯᠡᠳᠦᠯ ᠢ ᠨᠠᠩ ᠰᠠᠶᠢᠲᠤᠷ ᠪᠠᠳᠠᠷᠠᠭᠤᠯᠵᠤ᠂ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠵᠡᠷᠭᠡ ᠵᠠᠯᠠᠭᠤᠴᠤᠳ ᠤᠨ ᠲᠣᠭᠲᠠᠭᠤᠨ ᠢᠶᠠᠷ ᠠᠵᠢᠯ ᠤᠯᠬᠤ ᠶᠢ ᠦᠨᠡᠨ ᠬᠦ ᠪᠠᠲᠤᠯᠠᠬᠤ ᠪᠣᠯᠣᠨ᠎ᠠ᠃
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备09001939号