ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ ᠤᠨ ᠮᠡᠳᠡᠭᠡ ᠶᠢ | ᠦᠨᠳᠦᠰᠦᠯᠡᠪᠡᠯ᠂ 8 ᠳ᠋ᠤᠭᠠᠷ ᠰᠠᠷ᠎ᠠ ᠶᠢᠨ 15 ᠤ ᠡᠳᠦᠷ ᠪᠣᠯᠲᠠᠯ᠎ᠠ᠂ ᠮᠠᠨ ᠤ ᠣᠷᠣᠨ ᠤ ᠬᠠᠷᠢᠶᠠᠨ ᠳᠠᠬᠢ G18 | ᠷᠦᠩ ᠴᠧᠩ ᠠᠴᠠ ᠦᠬᠠᠢ ᠬᠦᠷᠬᠦ ᠲᠦᠷᠭᠡᠨ ᠤ ᠵᠠᠮ᠂ G5511 ᠵᠡᠭᠦᠨᠰᠢ ᠪᠠᠷᠠᠭᠤᠨᠰᠢ ᠨᠡᠪᠲᠡᠷᠡᠬᠦ ᠶᠡᠭᠡ ᠵᠠᠮ᠂ | G12 ᠾᠦᠨ ᠴᠦᠨ ᠠᠴᠠ ᠤᠯᠠᠭᠠᠨᠬᠤᠲᠠ ᠬᠦᠷᠬᠦ ᠲᠦᠷᠭᠡᠨ ᠤ ᠵᠠᠮ ᠵᠡᠷᠭᠡ 9 ᠵᠣᠷᠪᠣᠰ ᠨᠡᠶᠢᠲᠡ 1546 | ᠺᠢᠯᠣᠮᠧᠳ᠋ᠷ ᠤᠨ ᠲᠦᠷᠭᠡᠨ ᠤ ᠵᠠᠮ ᠢᠶᠠᠷ ᠠᠶᠠᠯᠠᠬᠤ ᠵᠢᠵᠢᠭ ᠬᠡᠯᠪᠡᠷᠢ ᠶᠢᠨ ᠠᠶᠠᠨᠴᠢᠳ ᠤᠨ ᠮᠠᠰᠢᠨ ᠲᠡᠷᠭᠡᠨ ᠤ | ᠬᠤᠷᠳᠤᠴᠠ ᠶᠢ ᠳᠡᠭᠡᠭᠰᠢᠯᠡᠭᠦᠯᠵᠡᠢ᠃ ᠡᠭᠦᠨ ᠳᠤ 1001 ᠺᠢᠯᠣᠮᠧᠳ᠋ᠷ ᠤᠨ ᠵᠠᠮ ᠢ 120 ᠺᠢᠯᠣᠮᠧᠳ᠋ᠷ / ᠴᠠᠭ | ᠪᠣᠯᠭᠠᠨ ᠲᠣᠬᠢᠷᠠᠭᠤᠯᠵᠤ᠂ 545 ᠺᠢᠯᠣᠮᠧᠳ᠋ᠷ ᠤᠨ ᠵᠠᠮ ᠢ 110 ᠺᠢᠯᠣᠮᠧᠳ᠋ᠷ / ᠴᠠᠭ ᠪᠣᠯᠭᠠᠨ ᠲᠣᠬᠢᠷᠠᠭᠤᠯᠪᠠ᠃ | 4 ᠳ᠋ᠦᠭᠡᠷ ᠰᠠᠷ᠎ᠠ ᠶᠢᠨ ᠰᠢᠨᠡᠳ ᠢᠶᠠᠷ᠂ ᠥᠪᠥᠷ ᠮᠣᠩᠭᠤᠯ ᠪᠥᠬᠦ ᠣᠷᠣᠨ ᠤ ᠳᠡᠭᠡᠳᠦ ᠲᠠᠰ ᠤᠨ ᠵᠠᠰᠠᠮᠠᠯ | ᠵᠠᠮ ᠤᠨ ᠬᠤᠷᠳᠤᠴᠠ ᠶᠢᠨ ᠬᠢᠵᠠᠭᠠᠷᠯᠠᠯ ᠳᠤ ᠲᠣᠬᠢᠷᠠᠭᠤᠯᠤᠯᠲᠠ ᠬᠢᠬᠦ ᠠᠵᠢᠯ ᠢ ᠵᠢᠩᠬᠢᠨᠢ ᠪᠠᠷ ᠡᠬᠢᠯᠡᠭᠦᠯᠵᠦ᠂ ᠪᠥᠬᠦ | ᠣᠷᠣᠨ ᠤ 120 ᠺᠢᠯᠣᠮᠧᠳ᠋ᠷ / ᠴᠠᠭ ᠠᠴᠠ ᠳᠣᠣᠷ᠎ᠠ ᠬᠤᠷᠳᠤᠴᠠ ᠪᠠᠷ ᠬᠢᠵᠠᠭᠠᠷᠯᠠᠬᠤ ᠲᠦᠷᠭᠡᠨ ᠤ ᠵᠠᠮ ᠳᠤ ᠣᠷᠣᠨ | ᠪᠦᠰᠡ᠂ ᠲᠡᠷᠭᠡᠨ ᠤ ᠬᠡᠯᠪᠡᠷᠢ᠂ ᠲᠡᠷᠭᠡᠨ ᠤ ᠵᠠᠮ ᠬᠤᠪᠢᠶᠠᠨ ᠬᠤᠷᠳᠤᠴᠠ ᠶᠢᠨ ᠬᠢᠵᠠᠭᠠᠷᠯᠠᠯ ᠢ ᠠᠯᠬᠤᠮ ᠠᠯᠬᠤᠮ ᠢᠶᠠᠷ | ᠰᠢᠯᠢᠳᠡᠭᠵᠢᠭᠦᠯᠦᠨ ᠲᠣᠬᠢᠷᠠᠭᠤᠯᠪᠠ᠃ ᠨᠢᠭᠡᠳᠦᠭᠡᠷ ᠱᠠᠲᠤᠨ ᠤ ᠬᠤᠷᠳᠤᠴᠠ ᠶᠢᠨ ᠬᠢᠵᠠᠭᠠᠷᠯᠠᠯ ᠢ ᠲᠣᠬᠢᠷᠠᠭᠤᠯᠬᠤ | ᠠᠵᠢᠯ ᠢᠶᠠᠷ ᠳᠡᠮᠵᠢᠨ᠂ 4 ᠳ᠋ᠦᠭᠡᠷ ᠰᠠᠷ᠎ᠠ ᠶᠢᠨ 27 ᠤ ᠡᠳᠦᠷ ᠪᠣᠯᠲᠠᠯ᠎ᠠ᠂ ᠮᠠᠨ ᠤ ᠣᠷᠣᠨ ᠤ 120 ᠺᠢᠯᠣᠮᠧᠳ᠋ᠷ / | ᠴᠠᠭ ᠤᠨ ᠬᠤᠷᠳᠤᠴᠠ ᠪᠠᠷ ᠬᠢᠵᠠᠭᠠᠷᠯᠠᠵᠤ ᠠᠶᠠᠯᠠᠭᠤᠯᠤᠨ ᠬᠠᠮᠢᠶᠠᠷᠬᠤ ᠲᠦᠷᠭᠡᠨ ᠤ ᠵᠠᠮ 4600 ᠺᠢᠯᠣᠮᠧᠳ᠋ᠷ ᠢ | ᠳᠠᠪᠠᠵᠤ᠂ ᠪᠥᠬᠦ ᠣᠷᠣᠨ ᠤ ᠲᠦᠷᠭᠡᠨ ᠤ ᠵᠠᠮ ᠤᠨ ᠲᠡᠷᠭᠡ ᠨᠡᠪᠲᠡᠷᠡᠭᠰᠡᠨ ᠵᠠᠮ ᠤᠨ ᠣᠷᠳᠣ ᠶᠢᠨ 58% ᠶᠢ ᠡᠵᠡᠯᠡᠪᠡ | ᠃ | ᠪᠥᠬᠦ ᠣᠷᠣᠨ ᠤ ᠲᠦᠷᠭᠡᠨ ᠤ ᠵᠠᠮ ᠤᠨ ᠵᠠᠮ ᠨᠡᠪᠲᠡᠷᠡᠯᠭᠡ ᠶᠢᠨ ᠠᠰᠢᠭᠯᠠᠮᠵᠢ ᠪᠠ ᠦᠢᠯᠡᠴᠢᠯᠡᠭᠡᠨ ᠤ ᠬᠢᠷᠢ | ᠲᠦᠪᠰᠢᠨ ᠢᠶᠠᠨ ᠤᠯᠠᠮ ᠨᠢᠭᠡ ᠠᠯᠬᠤᠮ ᠳᠡᠭᠡᠭᠰᠢᠯᠡᠭᠦᠯᠬᠦ ᠶᠢᠨ ᠲᠤᠰᠠᠳᠠ᠂ ᠨᠢᠭᠡᠳᠦᠭᠡᠷ ᠱᠠᠲᠤᠨ ᠤ ᠬᠤᠷᠳᠤᠴᠠ ᠶᠢᠨ | ᠬᠢᠵᠠᠭᠠᠷᠯᠠᠯ ᠢ ᠲᠣᠬᠢᠷᠠᠭᠤᠯᠬᠤ ᠠᠵᠢᠯ ᠢᠶᠠᠨ ᠪᠡᠶᠡᠯᠡᠭᠦᠯᠦᠭᠰᠡᠨ ᠰᠠᠭᠤᠷᠢᠨ ᠳᠡᠭᠡᠷ᠎ᠡ᠂ ︽5 · 1︾ ᠤ ᠳᠠᠷᠠᠭ᠎ᠠ᠂ | ᠵᠢᠷᠤᠭ ᠲᠥᠯᠥᠪᠯᠡᠭᠡ ᠶᠢᠨ ᠮᠠᠲ᠋ᠧᠷᠢᠶᠠᠯ ᠢ ᠬᠠᠷᠭᠤᠭᠤᠯᠤᠨ ᠪᠠᠶᠢᠴᠠᠭᠠᠬᠤ᠂ ᠠᠬᠤᠢ ᠲᠠᠯᠠᠪᠠᠢ ᠳᠤ ᠨᠢ ᠪᠠᠶᠢᠴᠠᠭᠠᠯᠲᠠ | ᠬᠢᠬᠦ᠂ ᠠᠮᠤᠷ ᠲᠦᠪᠰᠢᠨ ᠢ ᠨᠢ ᠦᠨᠡᠯᠡᠨ ᠵᠢᠱᠢᠬᠦ ᠵᠡᠷᠭᠡ ᠶᠡᠷᠦᠩᠬᠡᠶᠢᠯᠡᠭᠰᠡᠨ ᠨᠤᠲᠠᠯᠠᠯᠲᠠ ᠬᠢᠬᠦ ᠪᠠᠷ ᠳᠡᠮᠵᠢᠨ᠂ | ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ᠂ ᠳᠣᠲᠣᠭᠠᠳᠤ ᠶᠢ ᠬᠠᠮᠠᠭᠠᠯᠠᠬᠤ | ᠲᠢᠩᠬᠢᠮ ᠬᠤᠶᠠᠳᠤᠭᠠᠷ ᠱᠠᠲᠤᠨ ᠤ ᠬᠤᠷᠳᠤᠴᠠ ᠶᠢᠨ ᠬᠢᠵᠠᠭᠠᠷᠯᠠᠯ ᠢ ᠲᠣᠬᠢᠷᠠᠭᠤᠯᠬᠤ ᠠᠵᠢᠯ ᠢᠶᠠᠨ ᠡᠬᠢᠯᠡᠨ | ᠬᠡᠷᠡᠭᠵᠢᠭᠦᠯᠪᠡ᠃ ᠲᠣᠬᠢᠷᠠᠭᠤᠯᠤᠯᠲᠠ ᠬᠢᠵᠦ ᠳᠠᠭᠤᠰᠤᠭᠰᠠᠨ ᠤ ᠳᠠᠷᠠᠭ᠎ᠠ᠂ 120 ᠺᠢᠯᠣᠮᠧᠳ᠋ᠷ / ᠴᠠᠭ ᠤᠨ | ᠬᠤᠷᠳᠤᠴᠠ ᠪᠠᠷ ᠬᠢᠵᠠᠭᠠᠷᠯᠠᠬᠤ ᠲᠦᠷᠭᠡᠨ ᠤ ᠵᠠᠮ ᠨᠢ ᠪᠥᠬᠦ ᠣᠷᠣᠨ ᠤ ᠲᠦᠷᠭᠡᠨ ᠤ ᠵᠠᠮ ᠤᠨ ᠲᠡᠷᠭᠡ ᠨᠡᠪᠲᠡᠷᠡᠭᠰᠡᠨ | ᠵᠠᠮ ᠤᠨ ᠣᠷᠳᠣ ᠶᠢᠨ 71% ᠶᠢ ᠡᠵᠡᠯᠡᠵᠦ᠂ 110 ᠺᠢᠯᠣᠮᠧᠳ᠋ᠷ / ᠴᠠᠭ ᠠᠴᠠ ᠳᠡᠭᠡᠭᠰᠢᠬᠢ ᠬᠤᠷᠳᠤᠴᠠ ᠪᠠᠷ | ᠬᠢᠵᠠᠭᠠᠷᠯᠠᠬᠤ ᠲᠦᠷᠭᠡᠨ ᠤ ᠵᠠᠮ ᠨᠢ 6000 ᠺᠢᠯᠣᠮᠧᠳ᠋ᠷ ᠢ ᠳᠠᠪᠠᠵᠤ᠂ 78% ᠠᠴᠠ ᠳᠡᠭᠡᠭᠰᠢᠬᠢ ᠶᠢ ᠡᠵᠡᠯᠡᠬᠦ | ᠪᠣᠯᠣᠨ᠎ᠠ᠃ | ᠲᠠᠷᠠᠭᠠᠴᠢ ᠶᠢᠨ ᠠᠯᠬᠤᠮ ᠳᠤ᠂ ᠮᠠᠨ ᠤ ᠣᠷᠣᠨ ᠵᠠᠰᠠᠮᠠᠯ ᠵᠠᠮ ᠤᠨ ᠬᠤᠷᠳᠤᠴᠠ ᠶᠢᠨ ᠬᠢᠵᠠᠭᠠᠷᠯᠠᠯ ᠢ | ᠲᠣᠬᠢᠷᠠᠭᠤᠯᠬᠤ ᠤᠯᠤᠰ ᠤᠨ ᠬᠠᠮᠢᠶ᠎ᠠ ᠪᠦᠬᠦᠢ ᠱᠠᠭᠠᠷᠳᠠᠯᠭ᠎ᠠ ᠶᠣᠰᠣᠭᠠᠷ᠂ ᠢᠨᠵᠧᠨᠧᠷᠢᠩ ᠤᠨ ᠠᠷᠭ᠎ᠠ ᠬᠡᠮᠵᠢᠶ᠎ᠡ ᠶᠢ | ᠲᠦᠷᠭᠡᠳᠬᠡᠨ ᠲᠡᠭᠦᠯᠳᠡᠷᠵᠢᠭᠦᠯᠵᠦ᠂ ᠦᠷ᠎ᠡ ᠳ᠋ᠦᠩ ᠤᠨ ᠦᠨᠡᠯᠡᠯᠲᠡ ᠶᠢ ᠲᠣᠭᠲᠠᠮᠠᠯ ᠬᠤᠭᠤᠴᠠᠭ᠎ᠠ ᠲᠠᠢ ᠪᠠᠷ | ᠦᠷᠨᠢᠭᠦᠯᠦᠨ᠂ ᠲᠡᠭᠡᠭᠡᠪᠦᠷᠢᠯᠡᠨ ᠡᠵᠡᠩᠨᠡᠬᠦ ᠵᠠᠰᠠᠮᠠᠯ ᠵᠠᠮ ᠤᠨ ᠠᠮᠤᠷ ᠲᠦᠪᠰᠢᠨ᠂ ᠳᠥᠭᠦᠮ ᠳᠥᠲᠡ᠂ ᠰᠠᠭᠠᠳ | ᠦᠭᠡᠢ ᠨᠡᠪᠲᠡᠷᠡᠬᠦ ᠶᠢ ᠦᠨᠡᠨ ᠬᠦ ᠪᠠᠲᠤᠯᠠᠵᠤ᠂ ᠠᠷᠠᠳ ᠣᠯᠠᠨ ᠤ ᠶᠠᠪᠤᠵᠤ ᠰᠠᠭᠤᠬᠤ ᠪᠡᠶᠡᠴᠢᠯᠡᠨ ᠣᠷᠣᠯᠴᠠᠭᠰᠠᠨ | ᠣᠶᠢᠯᠠᠭᠠᠯᠲᠠ ᠶᠢ ᠲᠠᠰᠤᠷᠠᠯᠲᠠ ᠦᠭᠡᠢ ᠳᠡᠭᠡᠭᠰᠢᠯᠡᠭᠦᠯᠦᠨ᠂ ᠡᠵᠡᠩᠨᠡᠨ ᠬᠤᠳᠠᠯᠳᠤᠭᠠᠯᠠᠬᠤ ᠣᠷᠴᠢᠨ ᠨᠦᠬᠦᠴᠡᠯ ᠢ | ᠰᠢᠯᠢᠳᠡᠭᠵᠢᠭᠦᠯᠬᠦ᠂ ᠵᠢᠭᠤᠯᠴᠢᠯᠠᠯ ᠤᠨ ᠬᠡᠷᠡᠭᠯᠡᠭᠡ ᠶᠢ ᠠᠬᠢᠭᠤᠯᠬᠤ᠂ ᠪᠠᠷᠠᠭᠠᠨ ᠤ ᠭᠦᠢᠯᠭᠡᠭᠡᠨ ᠤ ᠥᠪᠡᠷ ᠤᠨ | ᠥᠷᠲᠡᠭ ᠢ ᠪᠠᠭᠤᠷᠠᠭᠤᠯᠤᠨ ᠦᠷ᠎ᠡ ᠠᠰᠢᠭ ᠢ ᠨᠡᠮᠡᠭᠳᠡᠭᠦᠯᠬᠦ ᠳᠤ ᠵᠠᠮ ᠬᠠᠷᠢᠯᠴᠠᠭ᠎ᠠ ᠲᠡᠭᠡᠭᠡᠪᠦᠷᠢ ᠶᠢᠨ ᠪᠠᠲᠤᠯᠠᠭ᠎ᠠ | ᠬᠠᠩᠭᠠᠨ᠎ᠠ᠃ |