8 ᠰᠠᠷ᠎ᠠ ᠶᠢᠨ 20 ᠤ ᠡᠳᠦᠷ᠂ ᠬᠤᠶᠠᠳᠤᠭᠠᠷ ᠬᠤᠭᠤᠴᠠᠭᠠᠨ ᠤ ᠤᠯᠤᠰ ᠤᠨ ᠤᠮᠠᠷᠠᠰᠢ ᠨᠡᠭᠡᠭᠡᠯᠲᠡ ᠬᠢᠬᠦ | ᠠᠵᠤ ᠠᠬᠤᠢ ᠠᠷᠠᠯᠵᠢᠶᠠᠨ ᠤ ᠵᠥᠪᠳᠡᠯᠴᠡᠬᠦ ᠬᠤᠷᠠᠯ᠂ ᠤᠯᠤᠰ ᠤᠨ ᠤᠮᠠᠷᠠᠰᠢ ᠨᠡᠭᠡᠭᠡᠯᠲᠡ ᠬᠢᠬᠦ ᠴᠢᠬᠤᠯᠠ | ᠪᠠᠬᠢᠯᠡᠯᠲᠡ ᠶᠢᠨ ᠤᠶᠤᠨ ᠤ ᠬᠥᠮᠥᠷᠭᠡ ᠶᠢᠨ ᠶᠠᠷᠢᠶᠠᠨ ᠤ ᠲᠠᠪᠴᠠᠩ ᠤᠨ 2024 ᠣᠨ ᠤ ᠬᠤᠷᠠᠯ ᠭᠦᠭᠡᠬᠤᠲᠠ ᠳᠤ | ᠡᠬᠢᠯᠡᠪᠡ᠃ ᠤᠷᠤᠰ᠂ ᠮᠣᠩᠭᠤᠯ ᠤᠯᠤᠰ᠂ ᠠᠩᠭ᠍ᠯᠢ᠂ ᠭᠧᠷᠮᠠᠨ᠂ ᠺᠤᠷᠢᠶᠠ᠂ ᠶᠠᠫᠤᠨ ᠵᠡᠷᠭᠡ ᠤᠯᠤᠰ ᠠᠴᠠ | ᠬᠦᠷᠦᠯᠴᠡᠨ ᠢᠷᠡᠭᠰᠡᠨ ᠭᠠᠳᠠᠭᠠᠳᠤ ᠶᠢᠨ ᠵᠣᠴᠢᠨ᠂ ᠤᠯᠤᠰ ᠤᠨ ᠬᠤᠯᠪᠣᠭᠳᠠᠯ ᠪᠦᠬᠦᠢ ᠶᠠᠮᠤᠨ ᠵᠥᠪᠯᠡᠯ ᠪᠣᠯᠣᠨ | ᠬᠤᠯᠪᠣᠭᠳᠠᠯ ᠪᠦᠬᠦᠢ ᠮᠤᠵᠢ ᠥᠪᠡᠷᠲᠡᠭᠡᠨ ᠵᠠᠰᠠᠬᠤ ᠣᠷᠣᠨ ᠤ ᠲᠥᠯᠥᠭᠡᠯᠡᠭᠴᠢ᠂ ᠬᠤᠯᠪᠣᠭᠳᠠᠯ ᠪᠦᠬᠦᠢ ᠰᠢᠨᠵᠢᠯᠡᠬᠦ | ᠤᠬᠠᠭᠠᠨ ᠤ ᠰᠤᠳᠤᠯᠭᠠᠨ ᠤ ᠪᠠᠶᠢᠭᠤᠯᠤᠮᠵᠢ ᠪᠣᠯᠣᠨ ᠶᠡᠭᠡ ᠳᠡᠭᠡᠳᠦ ᠰᠤᠷᠭᠠᠭᠤᠯᠢ ᠶᠢᠨ ᠲᠤᠰᠬᠠᠢ ᠮᠡᠷᠭᠡᠵᠢᠯᠲᠡᠨ | ᠡᠷᠳᠡᠮᠲᠡᠨ 300 ᠰᠢᠬᠠᠮ ᠬᠥᠮᠥᠨ ᠨᠢᠭᠡ ᠲᠠᠩᠬᠢᠮ ᠳᠤ ᠴᠤᠭᠯᠠᠷᠠᠵᠤ᠂ ᠨᠡᠭᠡᠭᠡᠯᠲᠡ ᠬᠢᠬᠦ ᠪᠠ ᠬᠠᠮᠲᠤᠷᠠᠯᠴᠠᠭ᠎ᠠ ᠬᠢᠬᠦ | ᠲᠤᠬᠠᠢ ᠬᠠᠮᠲᠤ ᠪᠠᠷ ᠶᠠᠷᠢᠯᠴᠠᠪᠠ᠃ | ᠪᠦᠭᠦ ᠤᠯᠤᠰ ᠤᠨ ᠤᠯᠤᠰ ᠲᠦᠷᠦ ᠶᠢᠨ ᠵᠥᠪᠯᠡᠯᠭᠡᠨ ᠤ ᠪᠠᠶᠢᠩᠭᠤ ᠶᠢᠨ ᠭᠡᠰᠢᠭᠦᠨ᠂ ᠠᠵᠤ ᠠᠬᠤᠢ ᠶᠢᠨ | ᠵᠥᠪᠯᠡᠯ ᠤᠨ ᠳᠡᠳ᠋ ᠡᠷᠭᠢᠯᠡᠭᠴᠢ ᠮᠠ ᠵᠢᠶᠠᠨ ᠲᠠᠩ ᠣᠷᠣᠯᠴᠠᠬᠰᠠᠨ ᠪᠥᠭᠡᠳ ᠭᠤᠣᠯ ᠵᠤᠷᠢᠯᠳᠠᠳᠤ ᠶᠠᠷᠢᠶ᠎ᠠ ᠢᠯᠡᠳᠬᠡᠯ | ᠬᠢᠪᠡ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠱᠦᠵᠢ ᠰᠦᠨ ᠱᠤᠤ ᠴᠧᠩ ᠤᠨ | ᠨᠠᠶᠢᠳᠠᠯᠭ᠎ᠠ ᠪᠠᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠳᠡᠳ᠋ ᠱᠦᠵᠢ᠂ ᠥᠪᠡᠷᠲᠡᠭᠡᠨ ᠵᠠᠰᠠᠬᠤ | ᠣᠷᠣᠨ ᠤ ᠠᠷᠠᠳ ᠤᠨ ᠵᠠᠰᠠᠭ ᠤᠨ ᠣᠷᠳᠣᠨ ᠤ ᠲᠡᠷᠢᠭᠦᠯᠡᠭᠴᠢ ᠸᠠᠩ ᠯᠢ ᠰᠢᠶᠠ ᠪᠠᠶᠠᠷ ᠤᠨ ᠦᠭᠡ ᠬᠡᠯᠡᠪᠡ᠃ | ᠮᠣᠩᠭᠤᠯ ᠤᠯᠤᠰ ᠤᠨ ᠬᠦᠨᠡᠰᠦ ᠬᠥᠳᠡᠭᠡ ᠠᠵᠤ ᠠᠬᠤᠢ ᠬᠥᠩᠭᠡᠨ ᠠᠵᠤ ᠦᠢᠯᠡᠳᠪᠦᠷᠢ ᠶᠢᠨ ᠶᠠᠮᠤᠨ ᠤ ᠲᠥᠷᠥ ᠶᠢᠨ | ᠶᠠᠪᠤᠳᠠᠯ ᠤᠨ ᠨᠠᠷᠢᠨ ᠪᠢᠴᠢᠭᠡᠴᠢ ᠲ᠊ · ᠵᠠᠮᠪᠠᠯᠰᠡᠷᠡᠩ᠂ ᠣᠷᠣᠰ ᠤᠨ ᠬᠤᠶᠢᠲᠤ ᠪᠠᠶᠢᠭᠠᠯ ᠬᠢᠯᠢ ᠬᠢᠵᠠᠭᠠᠷ ᠣᠷᠣᠨ ᠤ | ᠵᠠᠰᠠᠭ ᠤᠨ ᠣᠷᠳᠣᠨ ᠤ ᠨᠢᠭᠡᠳᠦᠭᠡᠷ ᠳᠡᠳ᠋ ᠲᠡᠷᠢᠭᠦᠯᠡᠭᠴᠢ ᠵᠠᠰᠠᠭ ᠵᠠᠬᠢᠷᠭᠠᠨ ᠤ ᠳᠠᠷᠤᠭ᠎ᠠ ᠶᠢᠨ ᠠᠯᠪᠠᠨ ᠲᠢᠩᠬᠢᠮ ᠤᠨ | ᠡᠷᠭᠢᠯᠡᠭᠴᠢ ᠮᠢᠯᠬᠠᠶ᠋ᠢᠳᠠᠯᠤᠹ · ᠮᠠ᠊ · ᠹᠠ᠂ ᠳᠤᠮᠳᠠᠳᠤ ᠤᠯᠤᠰ ᠤᠨ ᠣᠯᠠᠨ ᠤᠯᠤᠰ ᠤᠨ ᠠᠵᠤ ᠠᠬᠤᠢ ᠶᠢᠨ | ᠰᠣᠯᠢᠯᠴᠠᠭᠠᠨ ᠤ ᠲᠥᠪ ᠤᠨ ᠪᠠᠶᠢᠩᠭᠤ ᠶᠢᠨ ᠳᠡᠳ᠋ ᠬᠡᠷᠡᠭ ᠡᠷᠭᠢᠯᠡᠭᠴᠢᠳ ᠤᠨ ᠳᠠᠷᠤᠭ᠎ᠠ ᠵᠠᠩ ᠰᠢᠶᠣᠣ ᠴᠢᠶᠠᠩ | ᠪᠠᠶᠠᠷ ᠤᠨ ᠦᠭᠡ ᠬᠡᠯᠡᠪᠡ᠃ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠳᠡᠳ᠋ | ᠲᠡᠷᠢᠭᠦᠯᠡᠭᠴᠢ ᠶᠠᠩ ᠶᠢᠨ ᠡᠭᠢᠯᠡᠯᠲᠡ ᠶᠢᠨ ᠶᠣᠰᠣᠯᠠᠯ ᠢ ᠡᠷᠭᠢᠯᠡᠪᠡ᠃ | ᠥᠪᠡᠷᠲᠡᠭᠡᠨ ᠵᠠᠰᠠᠬᠤ ᠣᠷᠣᠨ ᠤ ᠤᠯᠤᠰ ᠲᠦᠷᠦ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠶᠠᠩ ᠵᠢᠶᠧ | ᠣᠷᠣᠯᠴᠠᠵᠠᠢ᠃ | ᠸᠠᠩ ᠯᠢ ᠰᠢᠶᠠ᠂ ᠶᠡᠷᠦᠩᠬᠡᠢ ᠱᠦᠵᠢ ᠰᠢ ᠶᠢᠨ ᠫᠢᠩ ᠥᠪᠥᠷ ᠮᠣᠩᠭᠤᠯ ᠤᠨ ᠭᠠᠳᠠᠭᠠᠳᠤ ᠨᠡᠭᠡᠭᠡᠯᠲᠡ ᠶᠢᠨ | ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠬᠦᠨᠳᠦ ᠬᠦᠰᠡᠯ ᠨᠠᠶᠢᠳᠠᠯᠭ᠎ᠠ ᠲᠠᠯᠪᠢᠵᠤ᠂ ᠪᠢᠳᠡᠨ ᠢ ᠤᠯᠤᠰ ᠤᠨ | ᠤᠮᠠᠷᠠᠰᠢ ᠨᠡᠭᠡᠭᠡᠯᠲᠡ ᠬᠢᠬᠦ ᠴᠢᠬᠤᠯᠠ ᠪᠠᠬᠢᠯᠡᠯᠲᠡ ᠶᠢ ᠴᠣᠭᠴᠠᠯᠠᠬᠤ ᠬᠡᠷᠡᠭᠲᠡᠢ ᠭᠡᠵᠦ ᠱᠠᠭᠠᠷᠳᠠᠪᠠ᠃ ᠨᠠᠮ ᠤᠨ | ᠬᠤᠷᠢᠳᠤᠭᠠᠷ ᠬᠤᠭᠤᠴᠠᠭᠠᠨ ᠤ ᠲᠥᠪ ᠬᠤᠷᠢᠶ᠎ᠠ ᠶᠢᠨ ᠭᠤᠷᠪᠠᠳᠤᠭᠠᠷ ᠪᠦᠭᠦᠳᠡ ᠬᠤᠷᠠᠯ ᠠᠴᠠ ᠥᠨᠳᠥᠷ ᠲᠦᠪᠰᠢᠨ | ᠪᠦᠬᠦᠢ ᠭᠠᠳᠠᠭᠠᠳᠤ ᠨᠡᠭᠡᠭᠡᠯᠲᠡ ᠶᠢ ᠠᠬᠢᠭᠤᠯᠬᠤ ᠲᠣᠭᠤᠷᠢᠨ ᠳᠤ ᠴᠢᠬᠤᠯᠠ ᠶᠡᠭᠡ ᠥᠭᠡᠷᠡᠴᠢᠯᠡᠯᠲᠡ ᠶᠢᠨ ᠠᠷᠭ᠎ᠠ | ᠬᠡᠮᠵᠢᠶ᠎ᠡ ᠶᠢ ᠳᠤᠷᠠᠳᠴᠤ᠂ ᠥᠪᠥᠷ ᠮᠣᠩᠭᠤᠯ ᠳᠤ ᠴᠢᠬᠤᠯᠠ ᠶᠡᠭᠡ ᠠᠵᠠ ᠲᠣᠭᠢᠶᠠᠯ ᠠᠪᠴᠢᠷᠠᠪᠠ᠃ ᠥᠪᠥᠷ | ᠮᠣᠩᠭᠤᠯ ᠤᠨ ᠥᠩᠭᠡ ᠦᠵᠡᠮᠵᠢ ᠰᠦᠷᠯᠢᠭ ᠰᠠᠶᠢᠬᠠᠨ᠂ ᠡᠳ᠋ ᠭᠠᠷᠤᠯᠲᠠ ᠡᠯᠪᠡᠭ ᠪᠠᠶᠠᠯᠢᠭ᠂ ᠳᠣᠲᠣᠭᠠᠳᠤ | ᠭᠠᠳᠠᠭᠠᠳᠤ ᠲᠠᠢ ᠬᠤᠯᠪᠣᠯᠳᠤᠨ ᠨᠡᠪᠲᠡᠷᠡᠯᠴᠡᠵᠦ᠂ ᠬᠥᠭᠵᠢᠯᠲᠡ ᠥᠷᠨᠢᠭᠦᠨ ᠪᠠᠶᠢᠨ᠎ᠠ᠂ ᠣᠯᠠᠨ ᠤ ᠥᠪᠥᠷ | ᠮᠣᠩᠭᠤᠯ ᠤᠨ ᠥᠨᠳᠥᠷ ᠲᠦᠪᠰᠢᠨ ᠪᠦᠬᠦᠢ ᠨᠡᠭᠡᠭᠡᠯᠲᠡ᠂ ᠴᠢᠨᠠᠷ ᠰᠠᠶᠢᠲᠠᠢ ᠬᠥᠭᠵᠢᠯᠲᠡ ᠳᠤ ᠣᠶᠤᠨ ᠤᠬᠠᠭᠠᠨ | ᠬᠦᠴᠦᠨ ᠴᠢᠳᠠᠯ ᠢᠶᠠᠨ ᠡᠷᠭᠦᠬᠦ ᠶᠢ ᠬᠦᠰᠡᠵᠦ ᠪᠠᠶᠢᠨ᠎ᠠ᠂ ᠡᠯ᠎ᠡ ᠡᠲᠡᠭᠡᠳ ᠤᠨ ᠨᠠᠶᠢᠵᠠ ᠨᠠᠷ ᠤᠨ ᠥᠪᠥᠷ ᠮᠣᠩᠭᠤᠯ ᠳᠤ | ᠢᠷᠡᠵᠦ᠂ ᠥᠪᠥᠷ ᠮᠣᠩᠭᠤᠯ ᠢ ᠣᠶᠢᠯᠠᠭᠠᠨ᠂ ᠥᠪᠥᠷ ᠮᠣᠩᠭᠤᠯ ᠳᠤ ᠪᠡᠯᠡ ᠣᠷᠣᠭᠤᠯᠵᠤ᠂ ᠡᠨᠡ ᠬᠦ ᠬᠠᠯᠠᠭᠤᠨ | ᠬᠥᠷᠥᠰᠥᠨ ᠳᠡᠭᠡᠷ᠎ᠡ ᠠᠵᠢᠯ ᠦᠢᠯᠡᠰ ᠢᠶᠠᠨ ᠪᠦᠲᠦᠭᠡᠵᠦ᠂ ᠥᠷᠲᠡᠭ ᠢᠶᠠᠨ ᠪᠡᠶᠡᠯᠡᠭᠦᠯᠦᠨ᠂ ᠢᠷᠡᠭᠡᠳᠦᠢ ᠶᠢᠨ ᠬᠦᠰᠡᠯ | ᠵᠡᠭᠦᠳᠦ ᠪᠠᠨ ᠲᠡᠷᠭᠡᠯᠰᠢᠭᠦᠯᠬᠦ ᠶᠢ ᠴᠢᠩ ᠰᠡᠳᠬᠢᠯ ᠠᠴᠠ ᠪᠠᠨ ᠤᠷᠢᠵᠤ ᠪᠠᠶᠢᠨ᠎ᠠ᠃ ᠥᠪᠥᠷ ᠮᠣᠩᠭᠤᠯ ᠤᠨ ᠬᠢᠨ | ᠥᠭᠡᠷᠡᠴᠢᠯᠡᠯᠲᠡ ᠶᠢ ᠤᠯᠠᠮ ᠨᠢᠭᠡ ᠠᠯᠬᠤᠮ ᠪᠦᠭᠦ ᠲᠠᠯ᠎ᠠ ᠪᠠᠷ ᠭᠦᠨᠵᠡᠭᠡᠶᠢᠷᠡᠭᠦᠯᠵᠦ᠂ ᠤᠯᠤᠰ ᠤᠨ ᠴᠢᠯᠦᠭᠡᠲᠦ | ᠠᠷᠠᠯᠵᠢᠶᠠᠨ ᠤ ᠲᠤᠷᠰᠢᠯᠲᠠ ᠶᠢᠨ ᠣᠷᠣᠨ ᠢ ᠢᠳᠡᠪᠬᠢᠲᠡᠢ ᠡᠭᠦᠳᠦᠨ ᠪᠠᠶᠢᠭᠤᠯᠵᠤ᠂ ᠲᠡᠷᠢᠭᠦᠨ ᠤ ᠬᠤᠳᠠᠯᠳᠤᠭ᠎ᠠ | ᠡᠷᠭᠢᠯᠡᠭᠦ ᠣᠷᠴᠢᠨ ᠨᠥᠬᠦᠴᠡᠯ ᠢ ᠦᠷᠭᠦᠯᠵᠢᠯᠡᠨ ᠪᠤᠶ ᠪᠤᠯᠭᠠᠵᠤ᠂ ᠤᠯᠤᠰ ᠤᠨ ᠳᠣᠲᠣᠭᠠᠳᠤ ᠭᠠᠳᠠᠭᠠᠳᠤ᠂ ᠣᠷᠣᠨ ᠤ | ᠳᠣᠲᠣᠨ᠎ᠠ ᠭᠠᠳᠠᠨᠠᠬᠢ ᠡᠯ᠎ᠡ ᠲᠥᠷᠥᠯ ᠤᠨ ᠡᠵᠡᠩᠨᠡᠯᠲᠡ ᠶᠢᠨ ᠭᠤᠣᠯ ᠴᠣᠭᠴᠠ ᠳᠤ ᠰᠢᠯᠢᠳᠡᠭ ᠦᠢᠯᠡᠴᠢᠯᠡᠭᠡ | ᠬᠠᠩᠭᠠᠵᠤ᠂ ᠬᠠᠮᠲᠤ ᠪᠠᠷ ᠠᠰᠢᠭ ᠭᠦᠷᠳᠡᠭᠦ ᠬᠥᠭᠵᠢᠯᠲᠡ ᠶᠢᠨ ᠰᠢᠨ᠎ᠡ ᠪᠠᠶᠢᠷᠢᠰᠢᠯ ᠢ ᠭᠠᠷ ᠬᠤᠯᠪᠣᠨ ᠪᠠᠶᠢᠭᠤᠯᠵᠤ᠂ | ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠥᠪᠥᠷ ᠮᠣᠩᠭᠤᠯ ᠤᠨ ᠰᠢᠨ᠎ᠡ ᠬᠠᠭᠤᠳᠠᠰᠤ ᠶᠢ | ᠬᠠᠮᠲᠤ ᠪᠠᠷ ᠪᠢᠴᠢᠭᠯᠡᠶ᠎ᠡ ᠭᠡᠪᠡ᠃ | ᠡᠭᠢᠯᠡᠯᠲᠡ ᠶᠢᠨ ᠶᠣᠰᠣᠯᠠᠯ ᠳᠡᠭᠡᠷ᠎ᠡ᠂ 128 ᠠᠵᠤ ᠠᠬᠤᠢ ᠠᠷᠠᠯᠵᠢᠶᠠᠨ ᠤ ᠬᠠᠮᠲᠤᠷᠠᠯᠴᠠᠭᠠᠨ ᠤ ᠲᠥᠷᠥᠯ | ᠵᠦᠢᠯ ᠳᠤ ᠭᠠᠷ ᠤᠨ ᠥᠰᠥᠭ ᠵᠢᠷᠤᠵᠤ᠂ ᠬᠥᠯᠥᠨ ᠪᠤᠶᠢᠷ ᠬᠤᠲᠠ ᠪᠣᠯᠣᠨ ᠮᠣᠩᠭᠤᠯ ᠤᠯᠤᠰ ᠤᠨ ᠳᠣᠷᠣᠨᠠᠲᠤ | ᠠᠶᠢᠮᠠᠭ᠂ ᠬᠢᠩᠭᠠᠨ ᠠᠶᠢᠮᠠᠭ ᠪᠣᠯᠣᠨ ᠮᠣᠩᠭᠤᠯ ᠤᠯᠤᠰ ᠤᠨ ᠳᠣᠷᠣᠨᠠᠲᠤ ᠠᠶᠢᠮᠠᠭ ᠪᠣᠯᠣᠨ ᠲᠥᠪ ᠠᠶᠢᠮᠠᠭ᠂ ᠠᠯᠠᠱᠠ | ᠠᠶᠢᠮᠠᠭ ᠪᠣᠯᠣᠨ ᠮᠣᠩᠭᠤᠯ ᠤᠯᠤᠰ ᠤᠨ ᠥᠪᠦᠷᠬᠠᠩᠭᠠᠶ ᠠᠶᠢᠮᠠᠭ ᠨᠥᠭᠦᠷᠰᠡᠭ ᠬᠤᠲᠠ ᠶᠢᠨ ᠬᠠᠷᠢᠴᠠᠭ᠎ᠠ ᠪᠠᠶᠢᠭᠤᠯᠪᠠ᠃ | ᠬᠤᠷᠠᠯ ᠤᠨ ᠬᠤᠭᠤᠴᠠᠭᠠᠨ ᠳᠤ ᠪᠠᠰᠠ ︽ᠨᠢᠭᠡ ᠪᠦᠰᠡ ᠨᠢᠭᠡ ᠵᠠᠮ︾ ᠤᠨ ᠭᠠᠳᠠᠭᠠᠳᠤ ᠤᠷᠤᠭᠤᠯᠤᠯᠲᠠ | ᠭᠠᠷᠭᠠᠯᠲᠠ ᠶᠢᠨ ᠠᠷᠠᠯᠵᠢᠶ᠎ᠠ ᠪᠣᠯᠣᠨ ᠪᠡᠯᠡ ᠣᠷᠣᠭᠤᠯᠤᠯᠲᠠ ᠶᠢᠨ ᠵᠥᠪᠳᠡᠯᠴᠡᠭᠡᠷ ᠤᠨ ᠬᠤᠷᠠᠯ᠂ ᠳᠤᠮᠳᠠᠳᠤ ᠮᠣᠩᠭᠤᠯ | ᠣᠷᠣᠰ ᠤᠨ ᠪᠡᠯᠡ ᠣᠷᠣᠭᠤᠯᠤᠯᠲᠠ ᠠᠷᠠᠯᠵᠢᠶᠠᠨ ᠤ ᠬᠠᠮᠲᠤᠷᠠᠯᠴᠠᠭ᠎ᠠ ᠶᠢᠨ ᠲᠠᠨᠢᠯᠴᠠᠭᠤᠯᠭ᠎ᠠ ᠶᠢᠨ ᠬᠤᠷᠠᠯ᠂ ᠪᠣᠬᠢᠷᠳᠤᠯ | ᠦᠭᠡᠢ ᠳᠤᠮᠳᠠᠳᠤ ᠤᠯᠤᠰ · ᠡᠨᠧᠷᠭᠢ ᠶᠢᠨ ᠠᠵᠤ ᠦᠢᠯᠡᠰ ᠤᠨ ᠲᠥᠷᠥᠯ ᠵᠦᠢᠯ ᠢ ᠵᠣᠯᠭᠠᠭᠤᠯᠬᠤ ᠬᠤᠷᠠᠯ ᠵᠡᠷᠭᠡ | ᠠᠵᠢᠯᠯᠠᠭ᠎ᠠ ᠶᠢ ᠡᠷᠭᠢᠯᠡᠭᠦ ᠪᠣᠯᠣᠨ᠎ᠠ᠃ |