ᠡᠨᠡ ᠵᠢᠯ ᠠᠴᠠ ᠨᠠᠭᠠᠰᠢ᠂ ᠮᠠᠨ ᠤ ᠣᠷᠣᠨ ᠤᠯᠠᠮᠵᠢᠯᠠᠯᠲᠤ ᠠᠵᠤ ᠦᠢᠯᠡᠰ ᠢ ᠥᠭᠡᠷᠡᠴᠢᠯᠡᠨ ᠳᠡᠪᠰᠢᠭᠦᠯᠬᠦ᠂ | ᠰᠢᠨ᠎ᠡ ᠪᠠᠷ ᠪᠤᠢ ᠪᠣᠯᠣᠬᠰᠠᠨ ᠠᠵᠤ ᠦᠢᠯᠡᠰ ᠢ ᠪᠤᠶᠢᠵᠢᠭᠤᠯᠤᠨ ᠪᠤᠵᠠᠭᠠᠶᠢᠷᠠᠭᠤᠯᠬᠤ᠂ ᠢᠷᠡᠭᠡᠳᠦᠶ ᠶᠢᠨ ᠠᠵᠤ | ᠦᠢᠯᠡᠰ ᠤᠨ ᠰᠢᠨ᠎ᠡ ᠴᠢᠨᠠᠷ ᠪᠦᠬᠦᠢ ᠦᠢᠯᠡᠳᠪᠦᠷᠢᠯᠡᠯ ᠤᠨ ᠬᠦᠴᠦᠨ ᠢ ᠬᠦᠭᠵᠢᠭᠦᠯᠬᠦ ᠶᠢ ᠤᠷᠢᠳᠴᠢᠯᠠᠨ | ᠪᠠᠶᠢᠷᠢᠰᠢᠭᠤᠯᠬᠤ ᠶᠢᠨ ᠲᠣᠭᠤᠷᠢᠨ ᠳᠤ᠂ ᠠᠩᠬᠠᠳᠠᠭᠴᠢ ᠪᠦᠯᠦᠭ ᠤᠨ ᠡᠨᠧᠷᠭᠢ ᠨᠥᠭᠡᠴᠡᠯᠡᠬᠦ ᠪᠠ ᠰᠢᠨ᠎ᠡ ᠬᠡᠯᠪᠡᠷᠢ ᠶᠢᠨ | ᠴᠠᠬᠢᠯᠭᠠᠨ ᠬᠦᠴᠦᠨ ᠤ ᠰᠢᠰᠲ᠋ᠧᠮ᠂ ᠬᠤᠪᠣᠷ ᠰᠢᠷᠣᠶ᠂ ᠤᠨᠴᠠᠯᠢᠬᠳᠤ ᠰᠦ᠋ ᠶᠢᠨ ᠦᠢᠯᠡᠰ᠂ ᠤᠰᠤᠲᠥ᠋ᠷᠥᠭᠴᠢ | ᠡᠨᠧᠷᠭᠢ ᠪᠠ ᠠᠭᠠᠷ ᠣᠭᠲᠠᠷᠭᠤᠶ ᠶᠢᠨ ᠰᠤᠨᠳᠠᠯᠠᠭᠰᠠᠨ ᠬᠡᠮᠵᠢᠭᠦᠷ ᠢᠶᠠᠷ ᠬᠡᠮᠵᠢᠬᠦ ᠦᠨᠳᠦᠰᠦᠨ ᠪᠠᠷᠢᠮᠵᠢᠶᠠᠨ ᠤ ᠲᠣᠮᠣ | ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠣᠨᠤᠭ ᠲᠦᠭᠦᠭᠡᠷᠦᠮᠵᠢ ᠶᠢᠨ ︽4 + 1︾ ᠴᠡᠭ ᠪᠠᠶᠢᠷᠢ ᠶᠢᠨ | ᠪᠠᠶᠢᠷᠢᠰᠢᠭᠤᠯᠤᠯᠲᠠ ᠶᠢ ᠪᠣᠶ ᠪᠣᠯᠭᠠᠵᠤ᠂ ᠲᠡᠷᠢᠭᠦᠨ ᠲᠠᠰ ᠤᠨ ᠮᠡᠷᠭᠡᠵᠢᠯᠲᠡᠳ ᠤᠨ ᠪᠦᠯᠬᠦᠮ ᠢ ᠣᠷᠣᠭᠤᠯᠤᠨ | ᠠᠪᠴᠢᠷᠠᠵᠤ᠂ ᠵᠠᠷᠯᠠᠯ ᠬᠦᠯᠢᠶᠡᠵᠤ ᠬᠤᠰᠢᠭᠤᠷᠠᠨ ᠠᠵᠢᠯᠯᠠᠬᠤ᠂ ᠬᠠᠨᠳᠤᠯᠭ᠎ᠠ ᠲᠠᠢ ᠪᠠᠷ ᠨᠠᠶᠢᠳᠠᠬᠤ ᠵᠡᠷᠭᠡ ᠠᠷᠭ᠎ᠠ | ᠬᠡᠯᠪᠡᠷᠢ ᠪᠠᠷ 36 ᠵᠦᠢᠯ ᠤᠨ ᠴᠢᠬᠤᠯᠠ ᠶᠡᠭᠡ ᠰᠢᠪᠲᠤᠯᠤᠯᠲᠠ ᠶᠢᠨ ᠡᠭᠦᠷᠭᠡ ᠶᠢ ᠪᠦᠬᠦᠨ ᠢᠶᠠᠷ ᠨᠢ ᠡᠬᠢᠯᠡᠭᠦᠯᠵᠦ᠂ | ᠬᠡᠰᠡᠭ ᠴᠡᠭ ᠪᠠᠶᠢᠷᠢ ᠪᠠᠷ ᠪᠥᠬᠦ ᠣᠷᠣᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ | ᠴᠢᠳᠠᠪᠤᠷᠢ ᠶᠢᠨ ᠪᠦᠬᠦᠯᠢ ᠴᠣᠭᠴᠠ ᠪᠠᠷ ᠢᠶᠠᠨ ᠳᠡᠭᠡᠭᠰᠢᠯᠡᠬᠦ ᠶᠢ ᠨᠢ ᠳᠠᠶᠢᠴᠢᠯᠠᠵᠠᠢ᠃ ᠣᠲᠣ ᠪᠣᠯᠲᠠᠯ᠎ᠠ᠂ ᠰᠢᠨᠵᠢᠯᠡᠬᠦ | ᠤᠬᠠᠭᠠᠨ ᠲᠧᠭᠨᠢᠭ ᠮᠡᠷᠭᠡᠵᠢᠯ ᠤᠨ ︽ᠪᠦᠰᠡᠯᠡᠯᠲᠡ ᠰᠢᠪᠲᠤᠯᠬᠤ︾ ᠴᠡᠭ ᠪᠠᠶᠢᠷᠢ ᠶᠢᠨ 31 ᠲᠥᠷᠥᠯ ᠵᠦᠢᠯ ᠢ | ᠡᠬᠢᠯᠡᠨ ᠬᠡᠷᠡᠭᠵᠢᠭᠦᠯᠵᠦ᠂ ᠶᠡᠷᠦᠩᠬᠡᠶ ᠪᠠᠯᠠ ᠣᠷᠣᠭᠤᠯᠤᠯᠲᠠ ᠨᠢ ᠪᠠᠷᠤᠭ 26.77 ᠳ᠋ᠦᠩᠰᠢᠭᠤᠷ ᠲᠥᠭᠦᠷᠢᠭ ᠲᠤ | ᠬᠦᠷᠴᠡᠢ᠂ ᠡᠭᠦᠨ ᠳᠤ ᠥᠪᠡᠷᠲᠡᠭᠡᠨ ᠵᠠᠰᠠᠬᠤ ᠣᠷᠣᠨ ᠤ ᠲᠣᠰ ᠱᠠᠲᠤᠨ ᠤ ᠪᠡᠯᠡ ᠣᠷᠣᠭᠤᠯᠤᠯᠲᠠ 4.65 | ᠳ᠋ᠦᠩᠰᠢᠭᠤᠷ ᠲᠥᠭᠦᠷᠢᠭ ᠪᠠᠶᠢᠵᠤ᠂ ᠤᠯᠤᠰ ᠤᠨ ᠵᠠᠷᠤᠳᠠᠯ ᠤᠨ ᠳᠡᠮᠵᠢᠯᠭᠡ ᠶᠢ 0.8 ᠳ᠋ᠦᠩᠰᠢᠭᠤᠷ ᠲᠥᠭᠦᠷᠢᠭ | ᠣᠯᠵᠠᠢ᠂ ᠠᠶᠢᠮᠠᠭ ᠬᠤᠲᠠ ᠪᠠ ᠠᠵᠤ ᠠᠬᠤᠶᠢᠯᠠᠯ ᠤᠳ ᠢ ᠬᠥᠲᠥᠯᠦᠨ ᠵᠢᠯᠣᠭᠤᠳᠴᠤ ᠪᠠᠶᠢᠭᠠᠳ 21.32 | ᠳ᠋ᠦᠩᠰᠢᠭᠤᠷ ᠲᠥᠭᠦᠷᠢᠭ ᠤᠨ ᠪᠠᠯᠠ ᠣᠷᠤᠭᠤᠯᠤᠯᠪᠠ᠃ ︵ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠢᠩᠬᠢᠮ︶ |